ᠬᠥᠬᠡᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠨᠢ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ ᠪᠣᠳᠣᠯᠭ᠎ᠠ ᠪᠠ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠬᠠᠮᠢᠶ᠎ᠠ ᠪᠦᠬᠦᠢ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠶᠠᠪᠤᠴᠠ ᠳᠤ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠠᠵᠢᠯ ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠣᠯ ᠡᠭᠦᠷᠭᠡ | ᠬᠠᠷᠢᠭᠤᠴᠠᠯᠭ᠎ᠠ ᠨᠢ᠄ | ︵ᠨᠢᠭᠡ︶ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠠᠬᠢ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ | ᠬᠤᠯᠪᠣᠭᠳᠠᠬᠤ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠲᠥᠰᠦᠯ ᠢ ᠲᠤᠭᠤᠷᠪᠢᠨ ᠪᠢᠴᠢᠵᠦ᠂ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠶᠡᠭᠡ ᠠᠰᠠᠭᠤᠳᠠᠯ ᠤᠨ ᠲᠤᠬᠠᠶ ᠲᠥᠷᠦ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠤᠨ | ᠭᠠᠷᠭᠠᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠥᠷᠦ ᠶᠢᠨ ᠪᠣᠳᠣᠯᠭ᠎ᠠ ᠳᠦᠷᠢᠮ ᠢ ᠨᠠᠶᠢᠳᠠᠪᠤᠷᠢᠵᠢᠭᠤᠯᠤᠨ᠂ | ᠪᠦᠬᠦ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ | ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠡᠷᠡᠭᠵᠢᠭᠦᠯᠦᠨ᠎ᠡ᠃ | ︵ᠬᠤᠶᠠᠷ︶ ᠣᠷᠣᠨ ᠰᠠᠭᠤᠴᠠ ᠶᠢᠨ ᠳᠦᠷᠢᠮ ᠤᠨ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ᠂ ᠣᠯᠠᠨ ᠭᠤᠤᠯ | ᠴᠣᠭᠴᠠ ᠠᠴᠠ ᠬᠠᠩᠭᠠᠭᠰᠠᠨ᠂ ᠣᠯᠠᠨ ᠠᠷᠭ᠎ᠠ ᠵᠠᠮ ᠢᠶᠠᠷ ᠪᠠᠲᠤᠯᠠᠭᠰᠠᠨ᠂ ᠲᠦᠷᠢᠶᠡᠰᠦᠯᠡᠬᠦ ᠪᠠ ᠪᠣᠷᠣᠯᠠᠭᠤᠯᠬᠤ ᠶᠢ ᠬᠠᠮᠲᠤᠷᠠᠭᠤᠯᠤᠭᠰᠠᠨ ᠣᠷᠣᠨ ᠰᠠᠭᠤᠴᠠ | ᠶᠢᠨ ᠳᠦᠷᠢᠮ ᠢ ᠪᠠᠶᠢᠭᠤᠯᠤᠨ᠎ᠠ᠃ ᠬᠤᠲᠠ ᠪᠠᠯᠭᠠᠰᠤ ᠶᠢᠨ ᠣᠷᠣᠨ ᠰᠠᠭᠤᠴᠠ ᠶᠢᠨ ᠪᠠᠲᠤᠯᠠᠭ᠎ᠠ ᠶᠢᠨ ᠠᠵᠢᠯ ᠢ ᠬᠠᠷᠢᠭᠤᠴᠠᠬᠤ ᠶᠢᠨ ᠬᠠᠮᠲᠤ ᠵᠢᠯᠣᠭᠤᠳᠴᠤ᠂ | ᠬᠤᠲᠠ ᠪᠠᠯᠭᠠᠰᠤ ᠶᠢᠨ ᠣᠷᠣᠨ ᠰᠠᠭᠤᠴᠠ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠬᠤ ᠶᠢᠨ ᠬᠠᠮᠲᠤ ᠬᠢᠨᠠᠯᠲᠠ ᠲᠠᠯᠪᠢᠨ | ᠬᠡᠷᠡᠭᠵᠢᠭᠦᠯᠦᠨ᠎ᠡ᠃ | ︵ᠭᠤᠷᠪᠠ︶ ᠭᠡᠷ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠣᠯᠤᠨ ᠭᠡᠷ ᠭᠠᠵᠠᠷ ᠬᠥᠷᠥᠩᠭᠡ ᠶᠢᠨ ᠦᠢᠯᠡᠰ ᠤᠨ | ᠬᠥᠭᠵᠢᠯᠲᠡ ᠶᠢᠨ ᠠᠵᠢᠯ ᠢ ᠡᠭᠦᠷᠭᠡᠯᠡᠨ᠎ᠡ᠃ ᠭᠡᠷ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠲᠣᠬᠢᠷᠠᠭᠤᠯᠤᠯ ᠡᠵᠡᠮᠳᠡᠯ ᠤᠨ | ᠲᠥᠷᠦ ᠶᠢᠨ ᠪᠣᠳᠣᠯᠭ᠎ᠠ᠂ ᠳᠦᠷᠢᠮ ᠲᠣᠭᠲᠠᠭᠠᠯ ᠢ ᠲᠤᠭᠤᠰᠢᠯᠠᠭᠤᠯᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠭᠡᠷ ᠭᠠᠵᠠᠷ ᠬᠥᠷᠥᠩᠭᠡ ᠶᠢᠨ | ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠪᠣᠯᠤᠨ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ᠎ᠠ᠃ ᠭᠡᠷ ᠭᠠᠵᠠᠷ ᠬᠥᠷᠥᠩᠭᠡ | ᠶᠢᠨ ᠨᠡᠭᠡᠭᠡᠯᠲᠡ᠂ ᠭᠡᠷ ᠪᠠᠶᠢᠰᠢᠩ ᠤᠨ ᠡᠷᠬᠡ ᠶᠢᠨ ᠬᠠᠷᠢᠶ᠎ᠠ ᠶᠢᠨ ᠬᠠᠮᠢᠶᠠᠷᠤᠯᠲᠠ᠂ ᠭᠡᠷ ᠪᠠᠶᠢᠰᠢᠩ ᠤᠨ ᠲᠦᠷᠢᠶᠡᠰᠦᠯᠡᠯ᠂ ᠭᠡᠷ ᠪᠠᠶᠢᠰᠢᠩ ᠤᠨ ᠲᠠᠯᠠᠪᠠᠢ ᠶᠢᠨ | ᠬᠠᠮᠢᠶᠠᠷᠤᠯᠲᠠ᠂ ᠭᠠᠵᠠᠷ ᠬᠥᠷᠥᠩᠭᠡ ᠶᠢᠨ ᠦᠨ᠎ᠡ ᠶᠢᠨ ᠵᠢᠱᠢᠯᠲᠡ᠂ ᠭᠡᠷ ᠪᠠᠶᠢᠰᠢᠩ ᠲᠠᠲᠠᠪᠤᠷᠢᠯᠠᠬᠤ ᠳᠦᠷᠢᠮ ᠲᠣᠭᠲᠠᠭᠠᠯ ᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠭᠡᠷ ᠪᠠᠶᠢᠰᠢᠩ ᠤᠨ ᠥᠮᠴᠢᠯᠡᠬᠦ ᠡᠷᠬᠡ ᠶᠢᠨ ᠬᠠᠮᠢᠶᠠᠷᠤᠯᠲᠠ ᠶᠢᠨ ᠠᠵᠢᠯ ᠢ | ᠵᠢᠯᠣᠭᠤᠳᠤᠨ ᠬᠢᠨᠠᠯᠲᠠ ᠲᠠᠯᠪᠢᠵᠤ᠂ ᠭᠡᠷ ᠪᠠᠶᠢᠰᠢᠩ ᠳᠠᠩᠰᠠᠯᠠᠬᠤ ᠠᠵᠢᠯ ᠢ ᠬᠠᠮᠵᠢᠯᠴᠠᠨ ᠵᠢᠯᠣᠭᠤᠳᠤᠨ᠎ᠠ᠃ ᠠᠳᠠᠯ ᠠᠬᠤᠢ ᠶᠢᠨ ᠬᠠᠮᠢᠶᠠᠷᠤᠯᠲᠠ ᠳᠠᠬᠢ ᠣᠷᠣᠨ | ᠰᠠᠭᠤᠴᠠ ᠶᠢ ᠲᠤᠰᠬᠠᠶᠢᠯᠠᠨ ᠰᠡᠯᠪᠢᠨ ᠵᠠᠰᠠᠬᠤ ᠪᠠᠯᠠ ᠮᠥᠩᠭᠦ᠂ ᠣᠷᠣᠨ ᠰᠠᠭᠤᠴᠠ ᠶᠢᠨ ᠠᠳᠠᠯ ᠠᠬᠤᠢ ᠶᠢᠨ ᠨᠡᠶᠢᠲᠡ ᠶᠢᠨ ᠣᠷᠣᠨ ᠪᠠᠶᠢᠷᠢ ᠳᠠᠬᠢ ᠨᠡᠶᠢᠲᠡ ᠶᠢᠨ | ᠲᠣᠨᠤᠭ ᠲᠥᠬᠦᠭᠡᠷᠦᠮᠵᠢ ᠶᠢᠨ ᠪᠠᠲᠤᠯᠠᠨ ᠵᠠᠰᠠᠬᠤ ᠮᠥᠩᠭᠦ ᠶᠢ ᠳᠠᠩᠰᠠᠯᠠᠬᠤ᠂ ᠲᠤᠰᠢᠶᠠᠨ ᠬᠠᠳᠠᠭᠠᠯᠠᠬᠤ ᠵᠢᠴᠢ ᠬᠡᠷᠡᠭᠯᠡᠵᠦ ᠬᠠᠮᠢᠶᠠᠷᠬᠤ ᠠᠵᠢᠯ ᠢ ᠬᠠᠷᠢᠭᠤᠴᠠᠨ᠎ᠠ᠃ | | ︵ᠳᠥᠷᠪᠡ︶ ᠤᠯᠤᠰ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠬᠢᠭᠡᠳ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ | ᠪᠦᠬᠦᠢ ᠣᠷᠣᠨ ᠨᠤᠲᠤᠭ ᠤᠨ ᠪᠠᠷᠢᠮᠵᠢᠶ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠪᠠᠷᠢᠯᠭ᠎ᠠ ᠶᠢᠨ ᠦᠨ᠎ᠡ ᠶᠢᠨ ᠬᠠᠮᠢᠶᠠᠷᠤᠯᠲᠠ ᠶᠢᠨ ᠳᠦᠷᠢᠮ ᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠦᠨ᠎ᠡ ᠶᠢᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠡᠯ᠎ᠡ | ᠲᠥᠷᠥᠯ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢᠨ ᠲᠣᠭᠲᠠᠭᠰᠠᠨ ᠨᠣᠷᠮ᠎ᠠ ᠪᠠ ᠪᠠᠷᠢᠯᠭ᠎ᠠ ᠶᠢᠨ ᠦᠨ᠎ᠡ ᠶᠢ ᠦᠨᠡᠯᠡᠨ ᠵᠢᠱᠢᠯᠲᠡ ᠶᠢᠨ | ᠬᠡᠷᠡᠭᠵᠢᠭᠦᠯᠦᠯᠲᠡ ᠶᠢ ᠬᠢᠨᠠᠯᠲᠠ ᠲᠠᠯᠪᠢᠨ ᠵᠢᠯᠣᠭᠤᠳᠤᠨ᠎ᠠ᠃ ᠲᠣᠰ ᠭᠠᠵᠠᠷ ᠣᠷᠣᠨ ᠤ ᠪᠠᠨ ᠪᠠᠷᠢᠯᠭ᠎ᠠ ᠶᠢᠨ ᠦᠨ᠎ᠡ ᠶᠢᠨ ᠮᠡᠳᠡᠭᠡ ᠵᠠᠩᠭᠢ ᠶᠢ ᠵᠣᠬᠢᠶᠠᠨ | ᠪᠠᠶᠢᠭᠤᠯᠤᠨ ᠨᠡᠶᠢᠲᠡᠯᠡᠨ᠎ᠡ᠃ | ︵ᠲᠠᠪᠤ︶ ᠪᠠᠷᠢᠯᠭ᠎ᠠ ᠶᠢᠨ ᠵᠠᠬ᠎ᠠ ᠳᠡᠯᠭᠡᠭᠦᠷ ᠢ ᠬᠢᠨᠠᠯᠲᠠ ᠲᠠᠯᠪᠢᠨ ᠬᠠᠮᠢᠶᠠᠷᠴᠣ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠦᠢᠯᠡ ᠠᠵᠢᠯᠯᠠᠭ᠎ᠠ ᠶᠢ | ᠵᠢᠷᠤᠮᠵᠢᠭᠤᠯᠤᠨ᠎ᠠ᠃ ᠪᠠᠷᠢᠯᠭ᠎ᠠ ᠶᠢᠨ ᠵᠠᠬ᠎ᠠ ᠳᠡᠯᠭᠡᠭᠦᠷ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠪᠣᠯᠤᠨ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ | ᠶᠢᠨ ᠳᠦᠷᠢᠮ ᠲᠣᠭᠲᠠᠭᠠᠯ ᠢ ᠵᠢᠷᠤᠮᠵᠢᠭᠤᠯᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠪᠠᠷᠢᠯᠭ᠎ᠠ ᠶᠢᠨ ᠦᠶᠯᠡᠰ᠂ ᠬᠠᠶᠢᠨ ᠪᠠᠶᠢᠴᠠᠭᠠᠵᠤ ᠵᠢᠷᠤᠭᠯᠠᠨ | ᠲᠥᠯᠥᠪᠯᠡᠬᠦ ᠦᠶᠯᠡᠰ᠂ ᠪᠠᠷᠢᠯᠭ᠎ᠠ ᠬᠢᠨᠠᠨ ᠰᠢᠯᠭᠠᠬᠤ ᠶᠢ ᠠᠰᠠᠭᠤᠨ ᠯᠠᠪᠯᠠᠬᠤ ᠦᠢᠯᠡᠰ ᠤᠨ ᠠᠵᠢᠯ ᠲᠥᠷᠥᠯ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ᠂ | ᠤᠷᠲᠤᠪᠲᠤᠷ ᠪᠠ ᠤᠷᠲᠤ ᠬᠤᠭᠤᠴᠠᠭᠠᠨ ᠤ ᠲᠥᠯᠥᠪᠵᠢᠭᠦᠯᠭᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠵᠦ᠂ | ᠬᠠᠮᠢᠶ᠎ᠠ ᠪᠦᠬᠦᠢ ᠠᠵᠤ ᠠᠬᠤᠶᠢᠯᠠᠯ᠂ ᠨᠢᠭᠡᠴᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠭᠡᠷ ᠪᠠᠶᠢᠰᠢᠩ ᠢ ᠵᠠᠰᠠᠵᠤ ᠴᠢᠮᠡᠭᠯᠡᠬᠦ ᠦᠢᠯᠡᠰ ᠢ ᠬᠠᠮᠢᠶᠠᠷᠬᠤ | ᠪᠠ ᠵᠢᠯᠣᠭᠤᠳᠤᠨ᠎ᠠ᠃ ᠭᠡᠷ ᠪᠠᠶᠢᠰᠢᠩ ᠪᠠᠷᠢᠬᠤ ᠪᠠ ᠬᠤᠲᠠ ᠶᠢᠨ ᠪᠠᠷᠢᠯᠭ᠎ᠠ ᠶᠢᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠶᠢᠨ ᠬᠢᠨᠠᠯᠲᠠ | ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠠᠷᠢᠯᠭ᠎ᠠ ᠶᠢᠨ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠭᠠᠳᠠᠭᠰᠢ ᠳᠠᠭᠠᠭᠠᠴᠢᠯᠠᠭᠤᠯᠬᠤ᠂ | ᠪᠠᠷᠢᠯᠭ᠎ᠠ ᠶᠢᠨ ᠬᠥᠳᠡᠯᠮᠦᠷᠢ ᠦᠶᠯᠡᠴᠢᠯᠡᠭᠡᠨ ᠤ ᠬᠤᠷᠰᠢᠯᠴᠠᠭ᠎ᠠ ᠳᠤ ᠣᠷᠣᠯᠴᠠᠭᠤᠯᠤᠨ᠎ᠠ᠃ | ︵ᠵᠢᠷᠭᠤᠭ᠎ᠠ︶ ᠬᠢᠨᠠᠨ ᠬᠠᠮᠢᠶᠠᠷᠬᠤ ᠡᠷᠬᠡ ᠮᠡᠳᠡᠯ ᠤᠨ ᠶᠣᠰᠣᠭᠠᠷ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠪᠠᠷᠢᠯᠭ᠎ᠠ ᠪᠠᠷᠢᠬᠤ ᠵᠥᠪᠰᠢᠶᠡᠷᠡᠯ | ᠣᠯᠤᠭᠰᠠᠨ ᠭᠡᠷ ᠪᠠᠶᠢᠰᠢᠩ ᠤᠨ ᠪᠠᠷᠢᠯᠭ᠎ᠠ ᠬᠢᠭᠡᠳ ᠪᠠᠷᠢᠯᠭ᠎ᠠ ᠶᠢᠨ ᠶᠠᠰᠤ ᠴᠢᠨᠠᠷ᠂ ᠠᠶᠤᠯ ᠥᠬᠡᠶ ᠦᠢᠯᠡᠳᠪᠦᠷᠢᠯᠡᠯ ᠢ ᠬᠢᠨᠠᠨ ᠬᠠᠮᠢᠶᠠᠷᠬᠤ ᠬᠠᠷᠢᠭᠤᠴᠠᠯᠭ᠎ᠠ ᠶᠢ | ᠡᠭᠦᠷᠭᠡᠯᠡᠨ᠎ᠡ᠃ ᠪᠠᠷᠢᠯᠭ᠎ᠠ ᠳᠠᠭᠤᠰᠤᠭᠰᠠᠨ ᠢ ᠰᠢᠯᠭᠠᠨ ᠠᠪᠴᠤ ᠳᠠᠩᠰᠠᠯᠠᠬᠤ ᠠᠵᠢᠯ ᠢ ᠬᠠᠷᠢᠭᠤᠴᠠᠬᠤ ᠪᠠ ᠵᠢᠯᠣᠭᠤᠳᠤᠨ᠎ᠠ᠃ ᠳᠡᠭᠡᠳᠦ ᠱᠠᠲᠤᠨ ᠤ ᠰᠠᠯᠠᠭ᠎ᠠ | ᠮᠥᠴᠢᠷ ᠢ ᠬᠠᠪᠰᠤᠷᠤᠨ ᠬᠠᠮᠢᠶ᠎ᠠ ᠪᠦᠬᠦᠢ ᠮᠡᠷᠭᠡᠵᠢᠯ ᠤᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠪᠠᠷᠢᠯᠭ᠎ᠠ | ᠶᠢᠨ ᠶᠠᠰᠤ ᠴᠢᠨᠠᠷ᠂ ᠠᠶᠤᠯ ᠦᠭᠡᠢ ᠶᠢᠨ ᠬᠦᠨᠳᠦ ᠶᠡᠭᠡ ᠠᠳᠡᠯ ᠢ ᠪᠠᠶᠢᠴᠠᠭᠠᠨ ᠰᠢᠢᠳᠪᠦᠷᠢᠯᠡᠬᠦ ᠳᠤ ᠣᠷᠣᠯᠴᠠᠨ᠎ᠠ᠃ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ | ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠬᠤ ᠶᠢ ᠵᠢᠯᠣᠭᠤᠳᠤᠨ ᠬᠢᠨᠠᠯᠲᠠ ᠲᠠᠯᠪᠢᠨ᠎ᠠ᠃ ᠰᠤᠯᠠ ᠰᠠᠪᠠᠯᠠᠬᠤ ᠱᠦᠶᠨᠢ ᠶᠢᠨ ᠠᠵᠤ | ᠦᠢᠯᠡᠰ ᠤᠨ ᠬᠥᠭᠵᠢᠯᠲᠡ ᠶᠢ ᠵᠢᠯᠣᠭᠤᠳᠤᠨ᠎ᠠ᠃ | ︵ᠳᠣᠯᠤᠭ᠎ᠠ︶ ᠬᠤᠲᠠ ᠶᠢᠨ ᠬᠠᠶᠢᠨ ᠪᠠᠶᠢᠴᠠᠭᠠᠬᠤ᠂ ᠬᠤᠲᠠ ᠶᠢᠨ ᠪᠠᠷᠢᠯᠭ᠎ᠠ ᠶᠢᠨ ᠬᠡᠮᠵᠢᠯᠲᠡ ᠪᠣᠯᠤᠨ ᠬᠤᠲᠠ ᠶᠢᠨ ᠱᠤᠭᠤᠮᠠᠯ ᠱᠤᠭᠤᠬᠤ ᠠᠵᠢᠯ ᠢ | ᠵᠢᠯᠣᠭᠤᠳᠤᠨ ᠬᠡᠷᠡᠭᠵᠢᠭᠦᠯᠦᠨ᠎ᠡ᠃ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠬᠤᠲᠠ ᠶᠢᠨ ᠭᠠᠵᠠᠷ ᠳᠣᠤᠷᠠᠬᠢ ᠣᠷᠣᠨ ᠵᠠᠶ ᠶᠢ ᠨᠡᠭᠡᠭᠡᠨ ᠠᠰᠢᠭᠯᠠᠬᠤ | ᠠᠵᠢᠯ ᠢ ᠰᠠᠶᠢᠲᠤᠷ ᠬᠢᠨ᠎ᠡ᠃ ᠬᠤᠲᠠ ᠶᠢ ᠵᠠᠰᠠᠨ ᠰᠡᠯᠪᠢᠬᠦ ᠪᠠ ᠠᠮᠢ ᠠᠬᠤᠶ ᠶᠢ ᠵᠠᠰᠠᠨ ᠰᠡᠷᠭᠦᠭᠡᠬᠦ ᠲᠥᠷᠥ ᠶᠢᠨ ᠪᠣᠳᠣᠯᠭ᠎ᠠ ᠪᠠ ᠳᠦᠷᠢᠮ ᠢ ᠵᠢᠯᠣᠭᠤᠳᠤᠨ | ᠬᠡᠷᠡᠭᠵᠢᠭᠦᠯᠬᠦ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠲᠡᠦᠬᠡ ᠶᠢᠨ ᠳᠤᠷᠠᠰᠬᠠᠯᠲᠤ ᠵᠦᠶᠯ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠠᠢ | ᠬᠠᠮᠲᠤᠷᠠᠨ ᠲᠡᠦᠬᠡ ᠰᠣᠶᠣᠯ ᠤᠨ ᠨᠡᠷᠡᠲᠦ ᠬᠤᠲᠠ ︵ᠪᠠᠯᠭᠠᠰᠤ᠂ ᠲᠣᠰᠬᠤᠨ︶ ᠶᠢ ᠬᠠᠮᠠᠭᠠᠯᠠᠬᠤ ᠪᠠ ᠬᠢᠨᠠᠵᠤ ᠬᠠᠮᠢᠶᠠᠷᠬᠤ ᠠᠵᠢᠯ ᠢ ᠬᠠᠷᠢᠭᠤᠴᠠᠨ᠎ᠠ᠃ | ︵ᠨᠠᠶᠮᠠ︶ ᠬᠤᠲᠠ ᠶᠢᠨ ᠪᠦᠲᠦᠭᠡᠨ ᠪᠠᠶᠢᠭᠤᠯᠤᠯᠲᠠ ᠪᠣᠯᠤᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ ᠬᠡᠷᠡᠭᠵᠢᠭᠦᠯᠦᠨ᠎ᠡ᠃ ᠬᠤᠲᠠ ᠶᠢᠨ | ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠪᠣᠯᠤᠨ ᠳᠦᠷᠢᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ | ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠬᠤᠲᠠ ᠶᠢᠨ ᠪᠦᠲᠦᠭᠡᠨ ᠪᠠᠶᠢᠭᠤᠯᠤᠯᠲᠠ ᠪᠣᠯᠤᠨ ᠬᠤᠲᠠ ᠶᠢᠨ ᠨᠡᠶᠢᠲᠡ ᠶᠢᠨ ᠬᠡᠷᠡᠭᠯᠡᠭᠡᠨ ᠤ ᠳᠤᠮᠳᠠ ᠤᠷᠲᠤ | ᠬᠤᠭᠤᠴᠠᠭᠠᠨ ᠤ ᠬᠥᠭᠵᠢᠯᠲᠡ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ | ᠬᠤᠲᠠ ᠶᠢᠨ ᠨᠡᠶᠢᠲᠡ ᠶᠢᠨ ᠬᠡᠷᠡᠭᠯᠡᠭᠡᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠣᠯᠤᠨ ᠠᠵᠢᠯᠯᠠᠭᠠᠨ ᠤ ᠠᠶᠤᠯ ᠦᠭᠡᠢ ᠶᠢᠨ ᠬᠠᠮᠢᠶᠠᠷᠤᠯᠲᠠ ᠶᠢᠨ | ᠠᠵᠢᠯ ᠢ ᠬᠠᠷᠢᠭᠤᠴᠠᠨ ᠵᠢᠯᠣᠭᠤᠳᠤᠨ᠎ᠠ᠃ ᠬᠤᠲᠠ ᠶᠢᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠪᠦᠲᠦᠭᠡᠨ ᠪᠠᠶᠢᠭᠤᠯᠤᠯᠲᠠ ᠪᠣᠯᠣᠨ ᠬᠠᠮᠢᠶᠠᠷᠤᠯᠲᠠ ᠶᠢᠨ | ᠠᠵᠢᠯ ᠢ ᠬᠠᠷᠢᠭᠤᠴᠠᠨ᠎ᠠ᠃ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ︵ᠶᠢᠰᠦ︶ ᠲᠣᠰᠬᠤᠨ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ ᠵᠢᠵᠢᠭ ᠬᠤᠲᠠ ᠪᠠᠯᠭᠠᠰᠤ ᠪᠣᠯᠤᠨ ᠠᠶᠢᠯ | ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠲᠥᠷᠥ ᠶᠢᠨ ᠪᠣᠳᠣᠯᠭ᠎ᠠ᠂ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠰᠢᠯᠠᠭᠤᠯᠬᠤ ᠶᠢᠨ ᠬᠠᠮᠲᠤ | ᠵᠢᠯᠣᠭᠤᠳᠤᠨ ᠬᠡᠷᠡᠭᠵᠢᠭᠦᠯᠦᠨ᠎ᠡ᠃ ᠪᠦᠬᠦ ᠬᠤᠲᠠ ᠶᠢᠨ ᠬᠥᠳᠡᠭᠡ ᠲᠣᠰᠬᠤᠨ ᠤ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠪᠠ ᠨᠤᠷᠠᠬᠤ ᠠᠶᠤᠯᠲᠠᠶ | ᠭᠡᠷ ᠪᠠᠶᠢᠰᠢᠩ ᠢ ᠥᠭᠡᠷᠡᠴᠢᠯᠡᠨ ᠵᠠᠰᠠᠬᠤ ᠠᠵᠢᠯ ᠢ ᠵᠢᠯᠣᠭᠤᠳᠤᠨ᠎ᠠ᠃ ᠪᠦᠬᠦ ᠬᠤᠲᠠ ᠶᠢᠨ ᠭᠤᠣᠯᠳᠠᠯᠭ᠎ᠠ ᠲᠠᠢ ᠪᠠᠯᠭᠠᠰᠤᠨ ᠤ ᠪᠦᠲᠦᠭᠡᠨ ᠪᠠᠶᠢᠭᠤᠯᠤᠯᠲᠠ ᠪᠠ | ᠤᠯᠠᠮᠵᠢᠯᠠᠯᠲᠤ ᠠᠶᠢᠯ ᠲᠣᠰᠬᠤᠨ᠂ ᠤᠯᠠᠮᠵᠢᠯᠠᠯᠲᠤ ᠪᠠᠷᠢᠯᠭ᠎ᠠ ᠶᠢ ᠬᠠᠮᠠᠭᠠᠯᠠᠨ ᠬᠥᠭᠵᠢᠭᠦᠯᠬᠦ ᠠᠵᠢᠯ ᠢ ᠵᠢᠯᠣᠭᠤᠳᠤᠨ᠎ᠠ᠃ | ︵ᠠᠷᠪᠠ︶ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠬᠤᠲᠠ ᠪᠠᠯᠭᠠᠰᠤ ᠶᠢᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠵᠢᠯ ᠢ | ᠵᠢᠯᠣᠭᠤᠳᠤᠨ᠎ᠠ᠃ ᠪᠠᠷᠢᠯᠭ᠎ᠠ ᠶᠢᠨ ᠡᠨᠧᠷᠭᠢ ᠠᠷᠪᠢᠯᠠᠬᠤ᠂ ᠬᠤᠲᠠ ᠪᠠᠯᠭᠠᠰᠤ ᠶᠢᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠠ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠂ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠪᠣᠬᠢᠷᠲᠤᠯ ᠦᠭᠡᠢ ᠪᠠᠷᠢᠯᠭ᠎ᠠ᠂ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ | ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠢ | ᠬᠥᠭᠵᠢᠭᠦᠯᠬᠦ ᠠᠵᠢᠯ ᠢ ᠵᠢᠯᠣᠭᠤᠳᠤᠨ᠎ᠠ᠃ ᠪᠠᠷᠢᠯᠭ᠎ᠠ ᠶᠢᠨ ᠡᠨᠧᠷᠭᠢ ᠠᠷᠪᠢᠯᠠᠬᠤ ᠴᠢᠬᠤᠯᠠ ᠶᠡᠭᠡ ᠲᠥᠷᠥᠯ ᠵᠦᠶᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ | ᠤᠨ ᠴᠢᠬᠤᠯᠠ ᠶᠡᠭᠡ ᠲᠥᠷᠥᠯ ᠵᠦᠶᠯ ᠤᠨ ᠰᠢᠪᠲᠤᠯᠤᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠤᠨ | ᠳᠡᠯᠭᠡᠷᠡᠭᠦᠯᠬᠦ ᠶᠢ ᠵᠢᠯᠣᠭᠤᠳᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠠᠷᠪᠠᠨ ᠨᠢᠭᠡ︶ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ᠪᠥᠬᠦ ᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠷᠥ ᠶᠢᠨ ᠪᠣᠳᠣᠯᠭ᠎ᠠ᠂ ᠬᠥᠭᠵᠢᠯᠲᠡ ᠶᠢᠨ | ᠲᠥᠯᠥᠪᠵᠢᠭᠦᠯᠭᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠣᠷᠣᠨ ᠰᠠᠭᠤᠴᠠ ᠶᠢᠨ ᠨᠡᠶᠢᠲᠡ | ᠶᠢᠨ ᠬᠤᠷᠠᠮᠳᠤᠭᠤᠯᠭ᠎ᠠ ᠶᠢᠨ ᠮᠥᠩᠭᠦ ᠶᠢ ᠲᠤᠰᠢᠶᠠᠨ ᠬᠠᠳᠠᠭᠠᠯᠠᠭᠤᠯᠬᠤ᠂ ᠬᠡᠷᠡᠭᠯᠡᠬᠦ᠂ ᠬᠠᠮᠢᠶᠠᠷᠬᠤ ᠪᠠ ᠬᠢᠨᠠᠯᠲᠠ ᠲᠠᠯᠪᠢᠬᠤ ᠳᠦᠷᠢᠮ ᠢ ᠲᠣᠭᠲᠠᠭᠠᠨ᠎ᠠ᠃ ᠪᠦᠬᠦ | ᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠯᠭ᠎ᠠ ᠶᠢᠨ ᠮᠥᠩᠭᠦ ᠪᠠ ᠪᠤᠰᠤᠳ ᠣᠷᠣᠨ ᠰᠠᠭᠤᠴᠠ ᠶᠢᠨ ᠪᠡᠯᠡ ᠮᠥᠩᠭᠦ ᠶᠢᠨ ᠬᠠᠮᠢᠶᠠᠷᠤᠯᠲᠠ᠂ | ᠬᠡᠷᠡᠭᠯᠡᠯᠲᠡ ᠪᠠ ᠠᠮᠤᠷ ᠲᠦᠪᠰᠢᠨ ᠳᠤ ᠬᠢᠨᠠᠯᠲᠠ ᠲᠠᠯᠪᠢᠨ᠎ᠠ᠃ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠮᠡᠳᠡᠭᠡ ᠵᠠᠩᠭᠢ | ᠶᠢᠨ ᠰᠢᠰᠲ᠋ᠧᠮ ᠢ ᠬᠠᠮᠢᠶᠠᠷᠤᠨ᠎ᠠ᠃ | ︵ᠠᠷᠪᠠᠨ ᠬᠤᠶᠠᠷ︶ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠴᠢᠳᠠᠪᠤᠷᠢᠲᠠᠨ ᠤ ᠡᠩᠨᠡᠭᠡᠨ ᠤ | ᠪᠠᠶᠢᠭᠤᠯᠤᠯᠲᠠ ᠶᠢ ᠬᠠᠷᠢᠭᠤᠴᠠᠵᠤ᠂ ᠭᠠᠳᠠᠭᠠᠳᠤ ᠯᠤᠭ᠎ᠠ ᠶᠢᠨ ᠰᠣᠯᠢᠯᠴᠠᠭ᠎ᠠ ᠬᠢᠭᠡᠳ ᠬᠠᠮᠲᠤᠷᠠᠯᠴᠠᠭ᠎ᠠ ᠶᠢ ᠥᠷᠨᠢᠭᠦᠯᠦᠨ᠎ᠡ᠃ | ︵ᠠᠷᠪᠠᠨ ᠭᠤᠷᠪᠠ︶ ᠲᠤᠰ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠶᠣᠰᠣᠭᠠᠷ ᠬᠠᠮᠢᠶ᠎ᠠ ᠪᠦᠬᠦᠢ ᠡᠭᠦᠷᠭᠡ | ᠬᠠᠷᠢᠭᠤᠴᠠᠯᠭ᠎ᠠ ᠶᠢ ᠭᠦᠶᠴᠡᠳᠬᠡᠨ᠎ᠡ᠃ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠠᠬᠢ ᠠᠶᠤᠯ ᠦᠭᠡᠢ ᠦᠶᠯᠡᠳᠪᠦᠷᠢᠯᠡᠯ᠂ ᠡᠷᠬᠢᠯᠡᠭᠰᠡᠨ ᠠᠵᠢᠯ ᠤᠨ ᠡᠷᠡᠭᠦᠯ | ᠮᠡᠨᠳᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ᠃ | ︵ᠠᠷᠪᠠᠨ ᠳᠥᠷᠪᠡᠨ︶ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ | ᠪᠡᠶᠡᠯᠡᠭᠦᠯᠦᠨ᠎ᠡ᠃ |