ᠬᠦᠬᠡᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠨᠢ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠲᠤᠬᠠᠶ | ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ | ᠬᠤᠷᠢᠶᠠᠨ ᠤ ᠬᠠᠮᠢᠶ᠎ᠠ ᠪᠦᠬᠦᠢ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ | ᠪᠠᠨ ᠭᠦᠶᠴᠡᠳᠬᠡᠬᠦ ᠶᠠᠪᠤᠴᠠ ᠳᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ | ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ ᠨᠢ᠄ | ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ ᠴᠠᠭᠠᠵᠠ | ᠬᠠᠤᠯᠢ ᠳᠦᠷᠢᠮ ᠪᠠ ᠦᠨᠳᠦᠰᠦᠨ ᠳᠦᠷᠢᠮ ᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ | ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠪᠦᠬᠦ ᠬᠤᠲᠠ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠵᠠᠷ ᠣᠷᠣᠨ ᠤ ᠬᠠᠤᠯᠢ ᠳᠦᠷᠢᠮ᠂ ᠵᠠᠰᠠᠭ ᠤᠨ ᠣᠷᠳᠣᠨ ᠤ | ᠳᠦᠷᠢᠮ ᠲᠣᠭᠲᠠᠭᠠᠯ ᠤᠨ ᠲᠥᠰᠥᠯ ᠢ ᠬᠠᠷᠢᠭᠤᠴᠠᠨ ᠲᠤᠭᠤᠷᠪᠢᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠬᠤᠲᠠ ᠶᠢᠨ ᠭᠤᠣᠯᠳᠠᠯᠭ᠎ᠠ | ᠲᠠᠢ ᠣᠷᠣᠨ ᠪᠦᠰᠡ᠂ ᠰᠠᠪᠠ ᠭᠠᠵᠠᠷ᠂ ᠤᠤᠭᠤᠬᠤ ᠤᠰᠤᠨ ᠤ ᠰᠤᠷᠪᠤᠯᠵᠢ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠲᠥᠯᠥᠪᠵᠢᠭᠦᠯᠭᠡ ᠪᠠ | ᠴᠢᠳᠠᠮᠵᠢ ᠶᠢᠨ ᠣᠷᠣᠨ ᠤ ᠬᠤᠪᠢᠶᠠᠷᠢᠯᠠᠯ ᠢ ᠨᠠᠶᠢᠷᠠᠭᠤᠯᠤᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠪᠦᠬᠦ ᠬᠤᠲᠠ ᠶᠢᠨ ᠠᠮᠢ ᠠᠬᠤᠢ | ᠣᠷᠴᠢᠨ ᠲᠣᠭᠤᠷᠢᠨ ᠤ ᠭᠠᠵᠠᠷ ᠣᠷᠣᠨ ᠤ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠲᠣᠭᠲᠠᠭᠠᠨ᠎ᠠ᠃ | ︵ᠬᠤᠶᠠᠷ︶ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠ ᠬᠢᠨᠠᠯᠲᠠ ᠲᠠᠯᠪᠢᠨ ᠬᠠᠮᠢᠶᠠᠷᠬᠤ ᠶᠢ | ᠬᠠᠷᠢᠭᠤᠴᠠᠨ᠎ᠠ᠃ ᠪᠦᠬᠦ ᠬᠤᠲᠠ ᠶᠢᠨ ᠣᠷᠴᠢᠨ ᠲᠣᠭᠤᠷᠢᠨ ᠢ ᠪᠣᠬᠢᠷᠲᠤᠭᠤᠯᠤᠭᠰᠠᠨ ᠬᠡᠷᠡᠭ ᠪᠠ ᠠᠮᠢ ᠠᠬᠤᠢ ᠢ ᠡᠪᠳᠡᠭᠰᠡᠨ ᠬᠡᠷᠡᠭ ᠢ ᠪᠠᠶᠢᠴᠠᠭᠠᠨ | ᠰᠢᠢᠳᠪᠦᠷᠢᠯᠡᠬᠦ ᠶᠢ ᠲᠣᠯᠣᠭᠠᠶᠢᠯᠠᠨ ᠵᠣᠬᠢᠴᠠᠭᠤᠯᠵᠤ᠂ ᠪᠦᠬᠦ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠭᠡᠨᠡᠳᠲᠡ ᠶᠢᠨ ᠬᠡᠷᠡᠭ ᠢ ᠠᠷᠭᠠᠴᠠᠭᠠᠬᠤ᠂ | ᠰᠡᠷᠡᠮᠵᠢᠯᠡᠭᠦᠯᠬᠦ ᠠᠵᠢᠯ ᠢ ᠵᠢᠯᠣᠭᠤᠳᠤᠨ ᠵᠣᠬᠢᠴᠠᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠤᠬᠢᠷᠠᠯ ᠢ ᠲᠦᠯᠦᠬᠦ ᠳᠥᠷᠢᠮ ᠢ ᠲᠣᠯᠣᠭᠠᠶᠢᠯᠠᠨ | ᠵᠢᠯᠣᠭᠤᠳᠤᠨ ᠬᠡᠷᠡᠭᠵᠢᠭᠦᠯᠵᠦ᠂ ᠬᠠᠮᠢᠶ᠎ᠠ ᠪᠦᠬᠦᠢ ᠣᠷᠣᠨ ᠪᠦᠰᠡ ᠠᠯᠤᠰᠯᠠᠭᠰᠠᠨ ᠣᠷᠴᠢᠨ ᠲᠣᠭᠤᠷᠢᠨ ᠤ ᠪᠣᠬᠢᠷᠲᠤᠯ ᠤᠨ ᠵᠢᠭᠤᠷᠠᠯᠳᠤᠭᠠᠨ ᠢ ᠵᠣᠬᠢᠴᠠᠭᠤᠯᠤᠨ | ᠰᠢᠢᠳᠪᠦᠷᠢᠯᠡᠵᠦ᠂ ᠪᠦᠬᠦ ᠬᠤᠲᠠ ᠶᠢᠨ ᠣᠷᠣᠨ ᠪᠦᠰᠡ᠂ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ | ᠨᠢᠭᠡᠳᠦᠯᠲᠡᠢ ᠲᠥᠯᠥᠪᠯᠡᠨ ᠵᠣᠬᠢᠴᠠᠭᠤᠯᠤᠨ᠎ᠠ᠃ | ︵ᠭᠤᠷᠪᠠ︶ ᠭᠠᠳᠠᠭᠰᠢᠯᠠᠭᠤᠯᠤᠯᠲᠠ ᠶᠢ ᠪᠠᠭᠠᠰᠬᠠᠬᠤ ᠬᠠᠷᠠᠯᠲᠠ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠨ ᠬᠢᠨᠠᠯᠲᠠ ᠲᠠᠯᠪᠢᠨ ᠬᠠᠮᠢᠶᠠᠷᠤᠨ᠎ᠠ᠃ ᠪᠦᠬᠦ | ᠬᠤᠲᠠ ᠶᠢᠨ ᠡᠯ᠎ᠡ ᠵᠦᠢᠯ ᠤᠨ ᠪᠣᠬᠢᠷᠲᠤᠯ ᠪᠣᠳᠠᠰ ᠭᠠᠳᠠᠭᠰᠢᠯᠠᠭᠤᠯᠬᠤ ᠶᠢ ᠶᠡᠷᠦᠩᠬᠡᠢ ᠬᠡᠮᠵᠢᠶ᠎ᠡ ᠪᠠᠷ ᠡᠵᠡᠮᠳᠡᠬᠦ᠂ ᠪᠣᠬᠢᠷᠲᠤᠯ ᠢ ᠭᠠᠳᠠᠭᠰᠢᠯᠠᠭᠤᠯᠬᠤ | ᠵᠥᠪᠰᠢᠶᠡᠷᠡᠯ ᠤᠨ ᠦᠨᠡᠮᠯᠡᠯ ᠤᠨ ᠳᠦᠷᠢᠮ ᠢ ᠵᠣᠬᠢᠶᠠᠨ ᠪᠠᠶᠢᠭᠤᠯᠤᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠠᠭᠠᠷ ᠮᠠᠨᠳᠠᠯ᠂ ᠤᠰᠤ | ᠵᠡᠷᠭᠡ ᠶᠢᠨ ᠪᠣᠬᠢᠷᠲᠤᠯ ᠢ ᠰᠢᠩᠭᠡᠭᠡᠬᠦ ᠴᠢᠳᠠᠪᠤᠷᠢ ᠶᠢ ᠲᠣᠭᠲᠠᠭᠠᠵᠤ᠂ ᠪᠦᠬᠦ ᠬᠤᠲᠠ ᠶᠢᠨ ᠶᠡᠷᠦᠩᠬᠡᠢ ᠬᠡᠮᠵᠢᠶ᠎ᠡ ᠪᠠᠷ ᠡᠵᠡᠮᠳᠡᠬᠦ ᠶᠢ ᠬᠡᠷᠡᠭᠵᠢᠭᠦᠯᠬᠦ ᠪᠣᠬᠢᠷᠲᠤᠯ | ᠪᠣᠳᠠᠰ ᠤᠨ ᠡᠵᠡᠮᠳᠡᠬᠦ ᠭᠦᠢᠴᠡᠳᠬᠡᠯ ᠲᠤᠭ᠎ᠠ ᠶᠢ ᠳᠤᠷᠠᠳᠴᠤ᠂ ᠡᠯ᠎ᠡ ᠬᠤᠰᠢᠭᠤ ᠰᠢᠶᠠᠨ ᠲᠣᠭᠤᠷᠢᠭ ᠤᠨ ᠪᠣᠬᠢᠷᠲᠤᠯ ᠪᠣᠳᠠᠰ ᠭᠠᠳᠠᠭᠰᠢᠯᠠᠭᠤᠯᠬᠤ ᠶᠢ ᠪᠠᠭᠠᠰᠬᠠᠬᠤ | ᠡᠭᠦᠷᠭᠡ ᠶᠢᠨ ᠪᠡᠶᠡᠯᠡᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠠᠯᠲᠠ ᠶᠢᠨ | ᠬᠠᠷᠢᠭᠤᠴᠠᠯᠭ᠎ᠠ ᠶᠢᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠳᠥᠷᠪᠡ︶ ᠠᠮᠢ ᠠᠬᠤᠢ ᠶᠢᠨ ᠣᠷᠴᠢᠨ ᠲᠣᠭᠤᠷᠢᠨ ᠤ ᠬᠦᠷᠢᠶ᠎ᠡ ᠴᠠᠷᠠᠭ᠎ᠠ ᠶᠢᠨ ᠥᠯᠥ ᠬᠥᠳᠡᠯᠬᠦ ᠬᠥᠷᠥᠩᠭᠡ ᠶᠢᠨ ᠪᠡᠯᠡ ᠣᠷᠣᠭᠤᠯᠤᠯᠲᠠ ᠶᠢᠨ | ᠬᠡᠪᠴᠢᠶᠡᠵᠢᠯ ᠪᠠ ᠴᠢᠭᠯᠡᠯ᠂ ᠡᠳ᠋ ᠤᠨ ᠵᠠᠰᠠᠭ ᠤᠨ ᠴᠢᠨᠠᠷᠲᠠᠢ ᠪᠡᠯᠡ ᠮᠥᠩᠭᠦ ᠶᠢᠨ ᠲᠣᠬᠢᠷᠠᠭᠤᠯᠤᠯᠲᠠ ᠶᠢᠨ ᠰᠠᠨᠠᠯ ᠢ ᠬᠠᠷᠢᠭᠤᠴᠠᠨ ᠳᠤᠷᠠᠳᠴᠤ᠂ ᠡᠷᠬᠡ | ᠮᠡᠳᠡᠯ ᠤᠨ ᠲᠣᠭᠲᠠᠭᠠᠯ ᠶᠣᠰᠣᠭᠠᠷ ᠪᠦᠬᠦ ᠬᠤᠲᠠ ᠶᠢᠨ ᠲᠥᠯᠥᠪᠵᠢᠭᠦᠯᠭᠡ ᠳᠣᠲᠣᠷᠠᠬᠢ ᠪᠠ ᠣᠨ ᠤ ᠲᠥᠯᠥᠪᠯᠡᠭᠡ ᠶᠢᠨ ᠬᠡᠪᠴᠢᠶᠡᠨ ᠳᠣᠲᠣᠷᠠᠬᠢ ᠥᠯᠥ ᠬᠥᠳᠡᠯᠬᠦ | ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠨ᠂ ᠬᠢᠨᠠᠨ ᠬᠠᠷᠭᠤᠭᠤᠯᠵᠤ᠂ ᠪᠦᠬᠦ ᠬᠤᠲᠠ ᠶᠢᠨ ᠣᠷᠴᠢᠯ ᠠᠵᠤ ᠠᠬᠤᠢ | ᠪᠠ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠤ ᠦᠢᠯᠡᠰ ᠤᠨ ᠬᠥᠭᠵᠢᠯᠲᠡ ᠶᠢ ᠵᠢᠯᠣᠭᠤᠳᠤᠨ ᠲᠦᠯᠬᠢᠨ ᠠᠬᠢᠭᠤᠯᠬᠤ ᠳᠤ ᠣᠷᠣᠯᠴᠠᠨ᠎ᠠ᠃ | ︵ᠲᠠᠪᠤ︶ ᠣᠷᠴᠢᠨ ᠲᠣᠭᠤᠷᠢᠨ ᠤ ᠪᠣᠬᠢᠷᠲᠤᠯ ᠤᠨ ᠰᠡᠷᠭᠡᠶᠢᠯᠡᠯᠲᠡ ᠵᠠᠰᠠᠯᠲᠠ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠪᠦᠬᠦ ᠬᠤᠲᠠ ᠶᠢᠨ | ᠠᠭᠠᠷ ᠮᠠᠨᠳᠠᠯ᠂ ᠤᠰᠤ᠂ ᠬᠥᠷᠥᠰᠥ ᠰᠢᠷᠣᠢ᠂ ᠱᠤᠤᠭᠢᠶ᠎ᠠ ᠳᠠᠭᠤᠨ᠂ ᠭᠡᠷᠡᠯ᠂ ᠦᠮᠡᠬᠡᠢ ᠦᠨᠦᠷ᠂ ᠬᠠᠶᠠᠭᠳᠠᠮᠠᠯ ᠬᠠᠲᠠᠭᠤ ᠪᠡᠶᠡᠲᠦ᠂ ᠬᠢᠮᠢ ᠶᠢᠨ ᠪᠣᠳᠠᠰ᠂ | ᠮᠠᠰᠢᠨᠲᠤ ᠲᠡᠷᠭᠡ ᠵᠡᠷᠭᠡ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠮᠢᠶᠠᠷᠤᠯᠲᠠ ᠶᠢᠨ ᠳᠦᠷᠢᠮ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ | ᠬᠡᠷᠡᠭᠵᠢᠭᠦᠯᠦᠨ᠎ᠡ᠃ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠬᠤᠲᠠ ᠶᠢᠨ ᠤᠤᠭᠤᠬᠤ ᠤᠰᠤᠨ ᠤ ᠰᠤᠷᠪᠤᠯᠵᠢ ᠭᠠᠵᠠᠷ ᠤᠨ ᠠᠮᠢ ᠠᠬᠤᠢ ᠶᠢᠨ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠬᠢᠨᠠᠯᠲᠠ ᠲᠠᠯᠪᠢᠨ ᠬᠠᠮᠢᠶᠠᠷᠴᠤ᠂ ᠬᠤᠲᠠ ᠬᠥᠳᠡᠭᠡ ᠶᠢᠨ ᠠᠮᠢ ᠠᠬᠤᠢ ᠶᠢᠨ ᠣᠷᠴᠢᠨ ᠲᠣᠭᠤᠷᠢᠨ ᠢ | ᠶᠡᠷᠦᠩᠬᠡᠶᠢᠯᠡᠨ ᠵᠠᠰᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠲᠠᠷᠢᠶᠠᠯᠠᠩ ᠤᠨ ᠲᠠᠷᠠᠬᠠᠢ ᠡᠬᠢᠲᠦ ᠪᠣᠬᠢᠷᠲᠤᠯ ᠢ ᠵᠠᠰᠠᠬᠤ ᠠᠵᠢᠯ ᠢ ᠬᠢᠨᠠᠯᠲᠠ ᠲᠠᠯᠪᠢᠨ | ᠵᠢᠯᠣᠭᠤᠳᠤᠨ᠎ᠠ᠃ ᠣᠷᠣᠨ ᠪᠦᠰᠡ ᠶᠢᠨ ᠠᠭᠠᠷ ᠮᠠᠨᠳᠠᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠬᠢᠨᠠᠯᠲᠠ ᠲᠠᠯᠪᠢᠨ ᠵᠢᠯᠣᠭᠤᠳᠴᠤ᠂ ᠣᠷᠣᠨ | ᠪᠦᠰᠡ ᠶᠢᠨ ᠠᠭᠠᠷ ᠮᠠᠨᠳᠠᠯ ᠤᠨ ᠪᠣᠬᠢᠷᠲᠤᠯ ᠢ ᠬᠤᠯᠪᠣᠭᠠᠯᠠᠨ ᠰᠡᠷᠭᠡᠶᠢᠯᠡᠬᠦ ᠬᠤᠯᠪᠣᠭᠠᠯᠠᠨ ᠡᠵᠡᠮᠳᠡᠬᠦ ᠬᠠᠮᠲᠤᠷᠠᠯᠴᠠᠭ᠎ᠠ ᠶᠢᠨ ᠲᠣᠭᠲᠠᠴᠠ ᠶᠢ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ | ︵ᠵᠢᠷᠭᠤᠭ᠎ᠠ︶ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠡᠷᠭᠦᠭᠡᠬᠦ ᠠᠵᠢᠯ ᠢ ᠵᠢᠯᠣᠭᠤᠳᠤᠨ ᠵᠣᠬᠢᠴᠠᠭᠤᠯᠵᠤ ᠬᠢᠨᠠᠯᠲᠠ ᠲᠠᠯᠪᠢᠨ᠎ᠠ᠃ | ᠪᠦᠬᠦ ᠬᠤᠲᠠ ᠶᠢᠨ ᠠᠮᠢ ᠠᠬᠤᠢ ᠶᠢᠨ ᠬᠠᠮᠠᠭᠠᠯᠠᠯᠲᠠ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠵᠤ᠂ ᠠᠮᠢ ᠠᠬᠤᠢ ᠶᠢᠨ ᠣᠷᠴᠢᠨ | ᠲᠣᠭᠤᠷᠢᠨ ᠳᠤ ᠨᠥᠯᠥᠭᠡ ᠲᠠᠢ ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠠᠵᠢᠯᠯᠠᠭ᠎ᠠ᠂ ᠴᠢᠬᠤᠯᠠ ᠠᠮᠢ ᠠᠬᠤᠢ ᠶᠢᠨ ᠣᠷᠴᠢᠨ ᠲᠣᠭᠤᠷᠢᠨ ᠤ | ᠪᠦᠲᠦᠭᠡᠨ ᠪᠠᠶᠢᠭᠤᠯᠤᠯᠲᠠ ᠪᠠ ᠠᠮᠢ ᠠᠬᠤᠢ ᠶᠢ ᠡᠪᠳᠡᠭᠰᠡᠨ ᠢ ᠰᠡᠷᠭᠦᠭᠡᠬᠦ ᠠᠵᠢᠯ ᠳᠤ ᠬᠢᠨᠠᠯᠲᠠ ᠲᠠᠯᠪᠢᠨ᠎ᠠ᠃ ᠪᠦᠬᠦ ᠬᠤᠲᠠ ᠶᠢᠨ ᠡᠯ᠎ᠡ ᠵᠦᠢᠯ ᠤᠨ | ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ︵ᠣᠷᠣᠨ︶ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠶᠢᠨ ᠳᠦᠷᠢᠮ ᠢ ᠵᠣᠬᠢᠶᠠᠨ | ᠪᠠᠶᠢᠭᠤᠯᠤᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠠᠤᠯᠢ ᠬᠡᠷᠡᠭᠵᠢᠭᠦᠯᠦᠨ᠎ᠡ᠃ ᠪᠦᠬᠦ ᠬᠤᠲᠠ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ | ᠬᠠᠮᠠᠭᠠᠯᠠᠯᠲᠠ᠂ ᠨᠤᠭᠤ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠡᠯᠡᠰᠦᠷᠬᠡᠭᠵᠢᠬᠦ ᠶᠢ ᠰᠡᠷᠭᠡᠶᠢᠯᠡᠨ ᠵᠠᠰᠠᠬᠤ ᠵᠡᠷᠭᠡ ᠠᠵᠢᠯ ᠳᠤ | ᠬᠢᠨᠠᠯᠲᠠ ᠲᠠᠯᠪᠢᠨ᠎ᠠ᠃ ᠬᠥᠳᠡᠭᠡ ᠲᠣᠰᠬᠤᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠵᠢᠯᠣᠭᠤᠳᠤᠨ ᠵᠣᠬᠢᠴᠠᠭᠤᠯᠬᠤ ᠪᠠ ᠬᠢᠨᠠᠯᠲᠠ | ᠲᠠᠯᠪᠢᠵᠤ᠂ ᠠᠮᠢᠳᠤ ᠪᠣᠳᠠᠰ ᠤᠨ ᠮᠡᠷᠭᠡᠵᠢᠯ ᠤᠨ ᠣᠷᠴᠢᠨ ᠲᠣᠭᠤᠷᠢᠨ ᠤ ᠠᠶᠤᠯᠭᠦᠢ ᠳᠤ ᠬᠢᠨᠠᠯᠲᠠ ᠲᠠᠯᠪᠢᠵᠤ᠂ ᠠᠮᠢᠳᠤ ᠪᠣᠳᠠᠰ ᠤᠨ ᠲᠥᠷᠥᠯ ᠵᠦᠢᠯ ︵ | ᠤᠳᠤᠮᠯᠠᠯ ᠤᠨ ᠡᠬᠢ ᠪᠠᠶᠠᠯᠢᠭ ᠪᠠᠭᠲᠠᠨ᠎ᠠ︶ ᠤᠨ ᠠᠵᠢᠯ ᠳᠤ ᠲᠣᠯᠣᠭᠠᠶᠢᠯᠠᠨ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ᠂ ᠠᠮᠢᠳᠤ | ᠪᠣᠳᠠᠰ ᠤᠨ ᠤᠳᠤᠮᠯᠠᠯ ᠤᠨ ᠡᠬᠢ ᠪᠠᠶᠠᠯᠢᠭ ᠤᠨ ᠬᠠᠮᠠᠭᠠᠯᠠᠯᠲᠠ᠂ ᠠᠮᠢᠳᠤ ᠪᠣᠳᠠᠰ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠠᠵᠢᠯ ᠢ ᠵᠣᠬᠢᠶᠠᠨ ᠪᠠᠶᠢᠭᠤᠯᠤᠨ | ᠥᠷᠨᠢᠭᠦᠯᠵᠦ᠂ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠶᠢᠨ ᠠᠵᠢᠯ ᠳᠤ ᠣᠷᠣᠯᠴᠠᠨ᠎ᠠ᠃ | ︵ᠳᠣᠯᠤᠭ᠎ᠠ︶ ᠴᠥᠮ᠎ᠡ ᠬᠢᠭᠡᠳ ᠰᠠᠴᠤᠷᠠᠭ ᠤᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠪᠦᠬᠦ ᠬᠤᠲᠠ ᠶᠢᠨ ᠬᠤᠯᠪᠣᠭᠳᠠᠯ | ᠪᠦᠬᠦᠢ ᠲᠥᠷᠦ ᠶᠢᠨ ᠪᠣᠳᠣᠯᠭ᠎ᠠ ᠶᠢᠨ ᠲᠥᠯᠥᠪᠵᠢᠭᠦᠯᠭᠡ᠂ ᠪᠠᠷᠢᠮᠵᠢᠶ᠎ᠠ ᠶᠢ ᠲᠤᠭᠤᠷᠪᠢᠨ ᠲᠣᠭᠲᠠᠭᠠᠵᠤ᠂ ᠴᠥᠮ᠎ᠡ ᠬᠢᠭᠡᠳ ᠰᠠᠴᠤᠷᠠᠭ ᠤᠨ ᠠᠶᠤᠯᠭᠦᠢ ᠶᠢᠨ | ᠠᠵᠢᠯ ᠢ ᠵᠣᠬᠢᠴᠠᠭᠤᠯᠬᠤ ᠲᠣᠭᠲᠠᠴᠠ ᠶᠢᠨ ᠬᠠᠮᠢᠶ᠎ᠠ ᠪᠦᠬᠦᠢ ᠠᠵᠢᠯ ᠢ ᠲᠦᠷᠦᠭᠦᠯᠡᠨ ᠬᠠᠷᠢᠭᠤᠴᠠᠵᠤ᠂ ᠴᠥᠮ᠎ᠡ ᠶᠢᠨ ᠠᠳᠡᠯ ᠤᠨ ᠪᠠᠴᠢᠮ ᠪᠠᠶᠢᠳᠠᠯ ᠢ | ᠠᠷᠭᠠᠴᠠᠭᠠᠨ ᠰᠢᠢᠳᠪᠦᠷᠢᠯᠡᠬᠦ ᠳᠤ ᠣᠷᠣᠯᠴᠠᠵᠤ᠂ ᠰᠠᠴᠤᠷᠠᠭ ᠤᠨ ᠣᠷᠴᠢᠨ ᠲᠣᠭᠤᠷᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ | ᠠᠵᠢᠯ ᠢ ᠬᠠᠷᠢᠭᠤᠴᠠᠨ᠎ᠠ᠃ ᠴᠥᠮ᠎ᠡ ᠶᠢᠨ ᠪᠡᠯᠡᠳᠬᠡᠮᠵᠢ ᠪᠣᠯᠤᠨ ᠰᠠᠴᠤᠷᠠᠭ ᠡᠭᠦᠰᠭᠡᠭᠴᠢ ᠶᠢᠨ ᠠᠶᠤᠯᠭᠦᠢ ᠶᠢ ᠬᠢᠨᠠᠨ ᠬᠠᠮᠢᠶᠠᠷᠴᠤ᠂ ᠴᠥᠮ᠎ᠡ ᠶᠢᠨ ᠪᠡᠯᠡᠳᠬᠡᠮᠵᠢ᠂ | ᠴᠥᠮ᠎ᠡ ᠶᠢᠨ ᠮᠡᠷᠭᠡᠵᠢᠯ ᠤᠨ ᠬᠡᠷᠡᠭᠯᠡᠯᠲᠡ᠂ ᠴᠠᠬᠢᠯᠭᠠᠨ ᠰᠣᠷᠢᠨᠵᠢᠨ ᠰᠠᠴᠤᠷᠠᠭ᠂ ᠳᠠᠭᠠᠯᠳᠤᠭᠰᠠᠨ ᠰᠠᠴᠤᠷᠠᠭ ᠴᠢᠨᠠᠷᠲᠠᠶ ᠠᠭᠤᠷᠬᠠᠢ ᠶᠢᠨ ᠭᠠᠷᠤᠯᠲᠠ ᠶᠢᠨ ᠡᠬᠢ | ᠪᠠᠶᠠᠯᠢᠭ ᠢ ᠨᠡᠭᠡᠭᠡᠨ ᠠᠰᠢᠭᠯᠠᠬᠤ ᠳᠤᠮᠳᠠᠬᠢ ᠪᠣᠬᠢᠷᠲᠤᠯ ᠢ ᠰᠡᠷᠭᠡᠶᠢᠯᠡᠨ ᠵᠠᠰᠠᠬᠤ ᠶᠢ ᠬᠢᠨᠠᠯᠲᠠ ᠲᠠᠯᠪᠢᠨ ᠬᠠᠮᠢᠶᠠᠷᠤᠨ᠎ᠠ᠃ | ︵ᠨᠠᠢᠮᠠ︶ ᠠᠮᠢ ᠠᠬᠤᠢ ᠶᠢᠨ ᠣᠷᠴᠢᠨ ᠲᠣᠭᠤᠷᠢᠨ ᠤ ᠤᠷᠤᠬᠤ ᠶᠢ ᠵᠦᠪᠰᠢᠶᠡᠷᠡᠬᠦ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠬᠤᠲᠠ ᠶᠢᠨ | ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ ᠪᠦᠬᠦ ᠬᠤᠲᠠ ᠶᠢᠨ ᠠᠵᠤ ᠠᠬᠤᠢ ᠪᠠ ᠮᠡᠷᠭᠡᠵᠢᠯ ᠤᠨ ᠲᠥᠷᠥ ᠶᠢᠨ ᠪᠣᠳᠣᠯᠭ᠎ᠠ᠂ | ᠬᠥᠭᠵᠢᠯᠲᠡ ᠶᠢᠨ ᠲᠥᠯᠥᠪᠵᠢᠭᠦᠯᠭᠡ ᠵᠢᠴᠢ ᠠᠵᠤ ᠠᠬᠤᠢ ᠶᠢᠨ ᠨᠡᠭᠡᠭᠡᠨ ᠠᠰᠢᠭᠯᠠᠬᠤ ᠲᠥᠯᠥᠪᠯᠡᠭᠡ ᠳᠤ ᠣᠷᠴᠢᠨ ᠲᠣᠭᠤᠷᠢᠨ ᠤ ᠨᠥᠯᠥᠭᠡ ᠶᠢᠨ ᠦᠨᠡᠯᠡᠯᠲᠡ | ᠬᠢᠨ᠎ᠡ᠃ ᠪᠦᠬᠦ ᠬᠤᠲᠠ ᠶᠢᠨ ᠨᠡᠭᠡᠭᠡᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠣᠷᠣᠨ ᠪᠦᠰᠡ᠂ ᠲᠥᠯᠥᠪᠵᠢᠭᠦᠯᠭᠡ᠂ ᠲᠥᠷᠥᠯ ᠵᠦᠢᠯ ᠤᠨ | ᠣᠷᠴᠢᠨ ᠲᠣᠭᠤᠷᠢᠨ ᠳᠠᠬᠢ ᠨᠥᠯᠥᠭᠡ ᠶᠢᠨ ᠦᠨᠡᠯᠡᠯᠲᠡ ᠶᠢᠨ ᠪᠢᠴᠢᠭ ᠢ ᠲᠣᠭᠲᠠᠭᠠᠯ ᠶᠣᠰᠣᠭᠠᠷ ᠬᠢᠨᠠᠨ ᠵᠥᠪᠰᠢᠶᠡᠷᠡᠬᠦ ᠪᠤᠶᠤ ᠬᠢᠨᠠᠨ ᠪᠠᠶᠢᠴᠠᠭᠠᠨ᠎ᠠ᠃ ᠪᠦᠬᠦ | ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠤᠷᠤᠬᠤ ᠶᠢ ᠵᠦᠪᠰᠢᠶᠡᠷᠡᠬᠦ ᠨᠠᠷᠢᠨ ᠬᠠᠭᠤᠳᠠᠰᠤ ᠶᠢ ᠲᠤᠭᠤᠷᠪᠢᠨ ᠲᠣᠭᠲᠠᠭᠠᠬᠤ ᠶᠢᠨ ᠬᠠᠮᠲᠤ | ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠮᠢ ᠠᠬᠤᠢ ᠣᠷᠴᠢᠨ ᠲᠣᠭᠤᠷᠢᠨ ᠤ ᠬᠦᠷᠢᠶ᠎ᠡ ᠴᠠᠷᠠᠭ᠎ᠠ ᠳᠤ ᠬᠠᠮᠢᠶ᠎ᠠ ᠲᠠᠢ ᠵᠠᠰᠠᠭ ᠵᠠᠬᠢᠷᠭᠠᠨ ᠤ ᠵᠥᠪᠰᠢᠶᠡᠷᠡᠯ ᠤᠨ | ᠵᠦᠢᠯᠡᠰ ᠢ ᠳᠠᠭᠠᠭᠠᠨ ᠭᠦᠢᠴᠡᠳᠬᠡᠨ᠎ᠡ᠃ | ︵ᠶᠢᠰᠦ︶ ᠠᠮᠢ ᠠᠬᠤᠢ ᠶᠢᠨ ᠣᠷᠴᠢᠨ ᠲᠣᠭᠤᠷᠢᠨ ᠤ ᠬᠢᠨᠠᠨ ᠬᠡᠮᠵᠢᠯᠲᠡ ᠶᠢᠨ ᠠᠵᠢᠯ ᠢ ᠬᠠᠷᠢᠭᠤᠴᠠᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ | ᠬᠠᠮᠲᠤᠷᠠᠨ ᠪᠦᠬᠦ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ ᠬᠡᠮᠵᠢᠬᠦ ᠥᠷᠲᠡᠭᠡ ᠶᠢᠨ ᠲᠣᠬᠢᠷᠠᠭᠤᠯᠤᠯᠲᠠ ᠶᠢ ᠨᠢᠭᠡᠳᠦᠯᠲᠡᠢ | ᠲᠥᠯᠥᠪᠵᠢᠭᠦᠯᠦᠨ᠂ ᠪᠦᠬᠦ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠤᠨ ᠬᠢᠨᠠᠨ ᠬᠡᠮᠵᠢᠯᠲᠡ ᠪᠣᠬᠢᠷᠲᠤᠯ ᠤᠨ ᠰᠤᠷᠪᠤᠯᠵᠢ ᠶᠢᠨ | ᠬᠢᠨᠠᠯᠲᠠ ᠶᠢᠨ ᠴᠢᠨᠠᠷᠲᠠᠢ ᠬᠢᠨᠠᠨ ᠬᠡᠮᠵᠢᠯᠲᠡ᠂ ᠪᠠᠴᠢᠮ ᠪᠠᠶᠢᠳᠠᠯ ᠢ ᠠᠷᠭᠠᠴᠠᠭᠠᠬᠤ ᠶᠢᠨ ᠬᠢᠨᠠᠨ ᠬᠡᠮᠵᠢᠯᠲᠡ᠂ ᠬᠠᠤᠯᠢ ᠬᠡᠷᠡᠭᠵᠢᠭᠦᠯᠬᠦ ᠶᠢᠨ ᠬᠢᠨᠠᠨ ᠬᠡᠮᠵᠢᠯᠲᠡ | ᠵᠡᠷᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠤᠨ ᠪᠠᠶᠢᠳᠠᠯ ᠳᠤ | ᠪᠠᠶᠢᠴᠠᠭᠠᠯᠲᠠ ᠦᠨᠡᠯᠡᠯᠲᠡ᠂ ᠰᠡᠷᠡᠮᠵᠢᠯᠡᠯ ᠵᠢᠱᠢᠯᠲᠡ ᠬᠢᠬᠦ ᠶᠢ ᠵᠣᠬᠢᠶᠠᠨ ᠪᠠᠶᠢᠭᠤᠯᠵᠤ᠂ ᠪᠦᠬᠦ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠬᠢᠨᠠᠨ | ᠬᠡᠮᠵᠢᠯᠲᠡ ᠶᠢᠨ ᠰᠦᠯᠵᠢᠶ᠎ᠡ ᠪᠣᠯᠣᠨ ᠠᠮᠢ ᠠᠬᠤᠢ ᠶᠢᠨ ᠣᠷᠴᠢᠨ ᠲᠣᠭᠤᠷᠢᠨ ᠤ ᠮᠡᠳᠡᠭᠡ ᠵᠠᠩᠭᠢ ᠶᠢᠨ ᠰᠦᠯᠵᠢᠶ᠎ᠡ ᠶᠢ ᠵᠣᠬᠢᠶᠠᠨ ᠪᠠᠶᠢᠭᠤᠯᠤᠨ ᠪᠦᠲᠦᠭᠡᠨ | ᠪᠠᠶᠢᠭᠤᠯᠵᠤ ᠬᠠᠮᠢᠶᠠᠷᠤᠨ᠎ᠠ᠃ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠵᠠᠷᠯᠠᠬᠤ ᠳᠦᠷᠢᠮ ᠢ ᠪᠠᠶᠢᠭᠤᠯᠤᠨ ᠬᠡᠷᠡᠭᠵᠢᠭᠦᠯᠵᠦ᠂ ᠪᠦᠬᠦ | ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠴᠢᠨᠠᠷᠲᠠᠢ ᠮᠡᠳᠡᠭᠦᠯᠦᠯᠲᠡ ᠪᠠ ᠪᠦᠬᠦ ᠬᠤᠲᠠ ᠶᠢᠨ ᠠᠮᠢ ᠠᠬᠤᠢ ᠶᠢᠨ ᠣᠷᠴᠢᠨ | ᠲᠣᠭᠤᠷᠢᠨ ᠤ ᠮᠡᠳᠡᠭᠡ ᠵᠠᠩᠭᠢ ᠶᠢ ᠨᠢᠭᠡᠳᠦᠯᠲᠡᠢ ᠨᠡᠶᠢᠲᠡᠯᠡᠨ᠎ᠡ᠃ | ︵ᠠᠷᠪᠠ︶ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠠᠵᠢᠯ ᠢ ᠬᠠᠷᠢᠭᠤᠴᠠᠨ᠎ᠠ᠃ ᠪᠦᠬᠦ ᠬᠤᠲᠠ ᠶᠢᠨ ᠠᠭᠤᠷ ᠠᠮᠢᠰᠬᠤᠯ ᠤᠨ | ᠬᠤᠪᠢᠷᠠᠯᠲᠠ ᠶᠢ ᠠᠷᠭᠠᠴᠠᠭᠠᠬᠤ ᠵᠢᠴᠢ ᠬᠦᠯᠡᠮᠵᠢ ᠶᠢᠨ ᠬᠡᠢ ᠪᠡᠶᠡᠲᠦ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠴᠢᠬᠤᠯᠠ ᠶᠡᠭᠡ ᠪᠠᠶᠢᠯᠳᠤᠬᠤ ᠪᠣᠳᠣᠯᠭ᠎ᠠ᠂ | ᠲᠥᠯᠥᠪᠵᠢᠭᠦᠯᠭᠡ ᠪᠠ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠣᠭᠲᠠᠭᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠶᠢᠨ | ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠬᠠᠮᠢᠶ᠎ᠠ ᠪᠦᠬᠦᠢ ᠠᠵᠢᠯ ᠢ ᠨᠠᠶᠢᠳᠠᠪᠤᠷᠢᠵᠢᠭᠤᠯᠵᠤ᠂ ᠠᠭᠤᠷ ᠠᠮᠢᠰᠬᠤᠯ ᠤᠨ ᠬᠤᠪᠢᠷᠠᠯᠲᠠ ᠶᠢ | ᠠᠷᠭᠠᠴᠠᠭᠠᠬᠤ ᠣᠯᠠᠨ ᠤᠯᠤᠰ ᠤᠨ ᠬᠠᠮᠲᠤᠷᠠᠯᠴᠠᠭ᠎ᠠ ᠪᠠ ᠴᠢᠳᠠᠪᠤᠷᠢ ᠶᠢᠨ ᠪᠠᠶᠢᠭᠤᠯᠤᠯᠲᠠ ᠶᠢ ᠵᠣᠬᠢᠴᠠᠭᠤᠯᠤᠨ ᠥᠷᠨᠢᠭᠦᠯᠦᠨ᠎ᠡ᠃ | ︵ᠠᠷᠪᠠᠨ ᠨᠢᠭᠡ︶ ᠪᠦᠬᠦ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ | ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠬᠥᠬᠡᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ | ᠂ ᠪᠦᠬᠦ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠡᠷᠬᠡ | ᠮᠡᠳᠡᠯ ᠤᠨ ᠶᠣᠰᠣᠭᠠᠷ ᠡᠯ᠎ᠡ ᠬᠤᠰᠢᠭᠤ ᠰᠢᠶᠠᠨ ᠲᠣᠭᠤᠷᠢᠭ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠲᠥᠪ ᠤᠨ᠂ ᠥᠪᠡᠷᠲᠡᠭᠡᠨ ᠵᠠᠰᠠᠬᠤ ᠣᠷᠣᠨ ᠤ | ᠂ ᠬᠥᠬᠡᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ ᠬᠠᠮᠢᠶᠠᠷᠤᠨ᠎ᠠ᠃ | ︵ᠠᠷᠪᠠᠨ ᠬᠤᠶᠠᠷ︶ ᠪᠦᠬᠦ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠳᠤ ᠬᠢᠨᠠᠯᠲᠠ ᠲᠠᠯᠪᠢᠨ ᠬᠠᠤᠯᠢ ᠬᠡᠷᠡᠭᠵᠢᠭᠦᠯᠬᠦ ᠶᠢ ᠨᠢᠭᠡᠳᠦᠯᠲᠡᠢ | ᠬᠠᠷᠢᠭᠤᠴᠠᠨ᠎ᠠ᠃ ᠪᠦᠬᠦ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠦᠨ ᠪᠠᠶᠢᠴᠠᠭᠠᠯᠲᠠ ᠬᠢᠬᠦ ᠠᠵᠢᠯᠯᠠᠭ᠎ᠠ ᠶᠢ | ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠪᠦᠬᠦ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠬᠠᠤᠯᠢ ᠶᠢ ᠵᠥᠷᠢᠴᠡᠭᠰᠡᠨ ᠠᠰᠠᠭᠤᠳᠠᠯ ᠢ ᠪᠠᠶᠢᠴᠠᠭᠠᠨ | ᠰᠢᠢᠳᠪᠦᠷᠢᠯᠡᠨ᠎ᠡ᠃ ᠪᠦᠬᠦ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠷᠦᠩᠬᠡᠢ ᠬᠠᠤᠯᠢ ᠬᠡᠷᠡᠭᠵᠢᠭᠦᠯᠦᠯᠲᠡ ᠶᠢᠨ ᠡᠩᠨᠡᠭᠡ ᠶᠢᠨ | ᠪᠠᠶᠢᠭᠤᠯᠤᠯᠲᠠ ᠪᠠ ᠲᠤᠬᠠᠶᠢᠯᠠᠭᠰᠠᠨ ᠠᠵᠢᠯ ᠢ ᠵᠢᠯᠣᠭᠤᠳᠤᠨ᠎ᠠ᠃ | ︵ᠠᠷᠪᠠᠨ ᠭᠤᠷᠪᠠ︶ ᠠᠮᠢ ᠠᠬᠤᠢ ᠣᠷᠴᠢᠨ ᠲᠣᠭᠤᠷᠢᠨ ᠤ ᠤᠬᠠᠭᠤᠯᠭ᠎ᠠ ᠰᠤᠷᠲᠠᠯᠴᠢᠯᠠᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ | ᠵᠣᠬᠢᠴᠠᠭᠤᠯᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠣᠯᠠᠨ ᠲᠦᠮᠡᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠳᠤ ᠣᠷᠣᠯᠴᠠᠬᠤ ᠶᠢ | ᠲᠦᠯᠬᠢᠨ ᠠᠬᠢᠭᠤᠯᠤᠨ᠎ᠠ᠃ ᠪᠦᠬᠦ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠮᠡᠷᠭᠡᠵᠢᠯ ᠤᠨ ᠠᠵᠢᠯ ᠢ ᠥᠷᠨᠢᠭᠦᠯᠦᠨ᠂ ᠪᠦᠬᠦ ᠬᠤᠲᠠ ᠶᠢᠨ ᠠᠮᠢ | ᠠᠬᠤᠢ ᠣᠷᠴᠢᠨ ᠲᠣᠭᠤᠷᠢᠨ ᠤ ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠢᠨᠵᠧᠨᠧᠷᠢᠩ ᠢᠶᠠᠷ ᠵᠢᠱᠢᠶ᠎ᠡ ᠦᠵᠡᠭᠦᠯᠬᠦ ᠶᠢ ᠵᠣᠬᠢᠶᠠᠨ ᠪᠠᠶᠢᠭᠤᠯᠵᠤ᠂ | ᠠᠮᠢ ᠠᠬᠤᠢ ᠣᠷᠴᠢᠨ ᠲᠣᠭᠤᠷᠢᠨ ᠤ ᠮᠡᠷᠭᠡᠵᠢᠯ ᠤᠨ ᠬᠠᠮᠢᠶᠠᠷᠤᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ | ︵ᠠᠷᠪᠠᠨ ᠳᠥᠷᠪᠡ︶ ᠠᠮᠢ ᠠᠬᠤᠢ ᠣᠷᠴᠢᠨ ᠲᠣᠭᠤᠷᠢᠨ ᠤ ᠣᠯᠠᠨ ᠤᠯᠤᠰ ᠤᠨ ᠬᠠᠮᠳᠤᠷᠠᠯᠴᠠᠭ᠎ᠠ ᠰᠣᠯᠢᠯᠴᠠᠭ᠎ᠠ ᠶᠢ ᠥᠷᠨᠢᠭᠦᠯᠵᠦ᠂ ᠣᠯᠠᠨ | ᠤᠯᠤᠰ ᠤᠨ ᠠᠮᠢ ᠠᠬᠤᠢ ᠣᠷᠴᠢᠨ ᠲᠣᠭᠤᠷᠢᠨ ᠤ ᠬᠠᠮᠲᠤᠷᠠᠯᠴᠠᠭ᠎ᠠ ᠳᠠᠬᠢ ᠬᠥᠬᠡᠬᠤᠲᠠ ᠲᠠᠢ ᠬᠠᠮᠢᠶ᠎ᠠ ᠲᠠᠢ ᠠᠰᠠᠭᠤᠳᠠᠯ ᠤᠨ ᠰᠠᠨᠠᠭᠤᠯᠭ᠎ᠠ ᠶᠢ ᠰᠤᠳᠤᠯᠤᠨ | ᠳᠤᠷᠠᠳᠤᠨ᠎ᠠ᠃ | ︵ᠠᠷᠪᠠᠨ ᠲᠠᠪᠤ︶ ᠲᠤᠰ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠶᠣᠰᠣᠭᠠᠷ ᠬᠠᠮᠢᠶ᠎ᠠ ᠪᠦᠬᠦᠢ ᠡᠭᠦᠷᠭᠡ | ᠬᠠᠷᠢᠭᠤᠴᠠᠯᠭ᠎ᠠ ᠶᠢ ᠭᠦᠢᠴᠡᠳᠬᠡᠨ᠎ᠡ᠃ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠠᠬᠢ ᠠᠶᠤᠯᠭᠦᠢ ᠦᠢᠯᠡᠳᠪᠦᠷᠢᠯᠡᠯ᠂ ᠡᠷᠬᠢᠯᠡᠭᠰᠡᠨ ᠠᠵᠢᠯ ᠤᠨ ᠡᠷᠡᠭᠦᠯ ᠮᠡᠨᠳᠦ | ᠵᠡᠷᠭᠡ ᠠᠵᠢᠯ ᠢ ᠬᠠᠷᠢᠭᠤᠴᠠᠨ᠎ᠠ᠃ | ︵ᠠᠷᠪᠠᠨ ᠵᠢᠷᠭᠤᠭ᠎ᠠ︶ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠪᠠ ᠬᠤᠲᠠ ᠶᠢᠨ ᠨᠠᠮ ᠤᠨ ᠬᠤᠷᠢᠶ᠎ᠠ᠂ | ᠬᠤᠲᠠ ᠶᠢᠨ ᠵᠠᠰᠠᠭ ᠤᠨ ᠣᠷᠳᠣᠨ ᠠᠴᠠ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ |