ᠬᠥᠬᠡᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠨᠢ ᠪᠠᠶᠢᠭᠠᠯᠢ ᠶᠢᠨ ᠡᠬᠢ ᠪᠠᠶᠠᠯᠢᠭ ᠤᠨ ᠠᠵᠢᠯ ᠤᠨ ᠲᠤᠬᠠᠶ ᠨᠠᠮ ᠤᠨ ᠲᠥᠪ | ᠬᠤᠷᠢᠶᠠᠨ ᠤ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠬᠠᠮᠢᠶ᠎ᠠ | ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠢᠳᠠᠪᠤᠷᠢᠵᠢᠭᠤᠯᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ | ᠶᠠᠪᠤᠴᠠ ᠳᠤ ᠪᠠᠶᠢᠭᠠᠯᠢ ᠶᠢᠨ ᠡᠬᠢ ᠪᠠᠶᠠᠯᠢᠭ ᠤᠨ ᠠᠵᠢᠯ ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ | ᠭᠤᠣᠯ ᠡᠭᠦᠷᠭᠡ ᠬᠠᠷᠢᠭᠤᠴᠠᠯᠭ᠎ᠠ ᠭᠡᠪᠡᠯ᠄ | ︵ᠨᠢᠭᠡ︶ ᠬᠥᠷᠥᠰᠥ ᠰᠢᠷᠣᠶ᠂ ᠠᠭᠤᠷᠬᠠᠢ ᠶᠢᠨ ᠭᠠᠷᠤᠯᠲᠠ᠂ ᠣᠢ ᠰᠢᠭᠤᠶ᠂ ᠨᠤᠲᠤᠭ ᠪᠡᠯᠴᠢᠭᠡᠷ᠂ ᠨᠤᠭᠤ ᠭᠠᠵᠠᠷ᠂ ᠤᠰᠤ ᠵᠡᠷᠭᠡ ᠪᠠᠶᠢᠭᠠᠯᠢ ᠶᠢᠨ | ᠡᠬᠢ ᠪᠠᠶᠠᠯᠢᠭ ᠡᠳ᠋ ᠬᠥᠷᠥᠩᠭᠡ ᠶᠢᠨ ᠥᠮᠴᠢᠯᠡᠭᠴᠢ ᠶᠢᠨ ᠡᠭᠦᠷᠭᠡ ᠬᠠᠷᠢᠭᠤᠴᠠᠯᠭ᠎ᠠ ᠪᠠ ᠪᠤᠢ ᠪᠦᠬᠦᠢ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ | ᠬᠡᠷᠡᠭᠴᠡᠭᠡ ᠶᠢ ᠵᠠᠬᠢᠷᠤᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ᠃ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠰᠠᠯᠠᠭ᠎ᠠ | ᠮᠦᠴᠢᠷ ᠤᠨ ᠳᠦᠷᠢᠮ ᠲᠣᠭᠲᠠᠭᠠᠯ ᠢ ᠲᠤᠭᠤᠰᠢᠯᠠᠭᠤᠯᠤᠨ ᠨᠠᠢᠳᠠᠪᠤᠷᠢᠵᠢᠭᠤᠯᠵᠦ᠂ ᠪᠠᠶᠢᠭᠠᠯᠢ ᠶᠢᠨ ᠡᠬᠢ ᠪᠠᠶᠠᠯᠢᠭ᠂ ᠤᠯᠤᠰ ᠤᠨ ᠨᠤᠲᠤᠭ ᠳᠡᠪᠢᠰᠬᠡᠷ ᠤᠨ | ᠣᠷᠣᠨ ᠵᠠᠶ ᠶᠢᠨ ᠲᠥᠯᠥᠪᠵᠢᠭᠦᠯᠭᠡ ᠪᠠ ᠬᠡᠮᠵᠢᠨ ᠵᠢᠷᠤᠬᠤ ᠵᠡᠷᠭᠡ ᠬᠠᠮᠢᠶ᠎ᠠ ᠪᠦᠬᠦᠢ ᠳᠦᠷᠢᠮ ᠢ ᠲᠤᠭᠤᠷᠪᠢᠨ᠎ᠡ᠃ | ︵ᠬᠤᠶᠠᠷ︶ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠬᠤ᠂ ᠬᠢᠨᠠᠨ ᠬᠡᠮᠵᠢᠬᠦ᠂ ᠥᠨᠡᠯᠡᠨ ᠵᠢᠱᠢᠬᠦ ᠶᠢ ᠬᠠᠷᠢᠭᠤᠴᠠᠨ᠎ᠠ᠃ ᠤᠯᠤᠰ ᠤᠨ ᠲᠣᠭᠲᠠᠭᠠᠭᠰᠠᠨ | ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠬᠤ᠂ ᠬᠢᠨᠠᠨ ᠬᠡᠮᠵᠢᠬᠦ᠂ ᠥᠨᠡᠯᠡᠨ ᠵᠢᠱᠢᠬᠦ ᠭᠦᠢᠴᠡᠳᠬᠡᠯ ᠲᠤᠭ᠎ᠠ ᠶᠢᠨ ᠰᠢᠰᠲ᠋ᠧᠮᠵᠢ ᠪᠣᠯᠤᠨ ᠲᠤᠭ᠎ᠠ ᠪᠦᠷᠢᠳᠬᠡᠯ ᠤᠨ | ᠪᠠᠷᠢᠮᠵᠢᠶ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠵᠢᠷᠤᠮᠵᠢᠭᠰᠠᠨ ᠪᠦᠬᠦ ᠣᠷᠣᠨ ᠤ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠬᠤ᠂ | ᠬᠢᠨᠠᠨ ᠬᠡᠮᠵᠢᠬᠦ᠂ ᠥᠨᠡᠯᠡᠨ ᠵᠢᠱᠢᠬᠦ ᠳᠦᠷᠢᠮ ᠢ ᠬᠡᠷᠡᠭᠵᠢᠭᠦᠯᠦᠨ᠎ᠡ᠃ ᠪᠠᠶᠢᠭᠠᠯᠢ ᠶᠢᠨ ᠡᠬᠢ ᠪᠠᠶᠠᠯᠢᠭ ᠤᠨ ᠰᠠᠭᠤᠷᠢ ᠪᠠᠶᠢᠴᠠᠭᠠᠯᠲᠠ᠂ ᠲᠤᠰᠬᠠᠶ ᠪᠠᠶᠢᠴᠠᠭᠠᠯᠲᠠ ᠪᠠ | ᠬᠢᠨᠠᠨ ᠬᠡᠮᠵᠢᠯᠲᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠯᠲᠠ ᠬᠢᠵᠦ ᠬᠢᠨᠠᠨ ᠬᠡᠮᠵᠢᠵᠦ ᠥᠨᠡᠯᠡᠨ ᠵᠢᠱᠢᠭᠰᠡᠨ | ᠦᠷ᠎ᠡ ᠪᠦᠲᠦᠭᠡᠯ ᠤᠨ ᠬᠢᠨᠠᠯᠲᠠ ᠬᠠᠮᠢᠶᠠᠷᠤᠯᠲᠠ ᠪᠠ ᠮᠡᠳᠡᠭᠡ ᠵᠠᠩᠭᠢ ᠶᠢᠨ ᠨᠡᠶᠢᠲᠡᠯᠡᠯ ᠢ ᠬᠠᠷᠢᠭᠤᠴᠠᠨ᠎ᠠ᠃ ᠡᠯ᠎ᠡ ᠬᠤᠰᠢᠭᠤ ᠰᠢᠶᠠᠨ ᠲᠣᠭᠤᠷᠢᠭ ᠢ ᠵᠢᠯᠣᠭᠤᠳᠤᠨ | ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠬᠤ᠂ ᠬᠢᠨᠠᠨ ᠬᠡᠮᠵᠢᠬᠦ᠂ ᠥᠨᠡᠯᠡᠨ ᠵᠢᠱᠢᠬᠦ ᠠᠵᠢᠯ ᠢ ᠥᠷᠨᠢᠭᠦᠯᠦᠨ᠎ᠡ᠃ | ︵ᠭᠤᠷᠪᠠ︶ ᠪᠠᠶᠢᠭᠠᠯᠢ ᠶᠢᠨ ᠡᠬᠢ ᠪᠠᠶᠠᠯᠢᠭ ᠤᠨ ᠥᠮᠴᠢᠯᠡᠬᠦ ᠡᠷᠬᠡ ᠶᠢ ᠨᠢᠭᠡᠳᠦᠯᠲᠡᠶ ᠨᠤᠲᠠᠯᠠᠨ ᠳᠠᠩᠰᠠᠯᠠᠬᠤ ᠠᠵᠢᠯ ᠢ ᠬᠠᠷᠢᠭᠤᠴᠠᠨ᠎ᠠ᠃ ᠤᠯᠤᠰ᠂ | ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠡᠯ᠎ᠡ ᠲᠥᠷᠥᠯ ᠤᠨ ᠪᠠᠶᠢᠭᠠᠯᠢ ᠶᠢᠨ ᠡᠬᠢ ᠪᠠᠶᠠᠯᠢᠭ ᠪᠠ ᠥᠯᠥ ᠬᠥᠳᠡᠯᠬᠦ ᠬᠥᠷᠥᠩᠭᠡ ᠶᠢᠨ ᠥᠮᠴᠢᠯᠡᠬᠦ | ᠡᠷᠬᠡ ᠶᠢ ᠨᠢᠭᠡᠳᠦᠯᠲᠡᠶ ᠨᠤᠲᠠᠯᠠᠨ ᠳᠠᠩᠰᠠᠯᠠᠬᠤ᠂ ᠡᠷᠬᠡ ᠶᠢᠨ ᠬᠠᠷᠢᠶᠠᠯᠠᠯ ᠢ ᠪᠠᠶᠢᠴᠠᠭᠠᠬᠤ᠂ ᠥᠯᠥ ᠬᠥᠳᠡᠯᠬᠦ ᠬᠥᠷᠥᠩᠭᠡ ᠶᠢ ᠬᠡᠮᠵᠢᠨ ᠵᠢᠷᠤᠬᠤ᠂ | ᠮᠠᠷᠭᠤᠯᠳᠤᠭᠠᠨ ᠢ ᠵᠣᠬᠢᠴᠠᠭᠤᠯᠤᠨ ᠰᠢᠢᠳᠪᠦᠷᠢᠯᠡᠬᠦ᠂ ᠦᠷ᠎ᠡ ᠪᠦᠲᠦᠭᠡᠯ ᠢ ᠬᠡᠷᠡᠭᠯᠡᠬᠦ ᠳᠦᠷᠢᠮ᠂ ᠪᠠᠷᠢᠮᠵᠢᠶ᠎ᠠ᠂ ᠵᠢᠷᠤᠮᠵᠢᠯ ᠢ ᠵᠣᠬᠢᠶᠠᠨ ᠪᠠᠶᠢᠭᠤᠯᠤᠨ | ᠨᠠᠶᠢᠳᠠᠪᠤᠷᠢᠵᠢᠭᠤᠯᠤᠨ᠎ᠠ᠃ ᠪᠦᠬᠦ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠪᠠ ᠦᠯᠦ ᠬᠥᠳᠡᠯᠬᠦ ᠬᠥᠷᠥᠩᠭᠡ ᠶᠢ ᠳᠠᠩᠰᠠᠯᠠᠬᠤ ᠮᠡᠳᠡᠭᠡ ᠵᠠᠩᠭᠢ ᠶᠢᠨ | ᠬᠠᠮᠢᠶᠠᠷᠤᠯᠲᠠ ᠶᠢᠨ ᠰᠠᠭᠤᠷᠢ ᠲᠠᠪᠴᠠᠩ ᠢ ᠪᠠᠶᠢᠭᠤᠯᠤᠨ ᠪᠦᠷᠢᠨᠰᠢᠭᠦᠯᠦᠨ᠎ᠡ᠃ ᠪᠠᠶᠢᠭᠠᠯᠢ ᠶᠢᠨ ᠡᠬᠢ ᠪᠠᠶᠠᠯᠢᠭ ᠪᠠ ᠥᠯᠥ ᠬᠥᠳᠡᠯᠬᠦ ᠬᠥᠷᠥᠩᠭᠡ ᠶᠢ ᠳᠠᠩᠰᠠᠯᠠᠨ | ᠲᠡᠮᠳᠡᠭᠯᠡᠭᠰᠡᠨ ᠮᠠᠲ᠋ᠧᠷᠢᠶᠠᠯ ᠢ ᠴᠤᠭᠯᠠᠭᠤᠯᠬᠤ᠂ ᠡᠮᠬᠢᠯᠡᠬᠦ᠂ ᠬᠠᠮᠲᠤ ᠪᠠᠷ ᠬᠦᠷᠲᠡᠬᠦ᠂ ᠬᠤᠷᠢᠶᠠᠩᠭᠤᠶᠢᠯᠠᠨ ᠲᠤᠰᠢᠶᠠᠵᠤ ᠬᠠᠮᠢᠶᠠᠷᠬᠤ ᠵᠡᠷᠭᠡ ᠶᠢ ᠬᠠᠷᠢᠭᠤᠴᠠᠵᠤ᠂ | ᠬᠤᠲᠠ ᠶᠢᠨ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠪᠠ ᠥᠯᠥ ᠬᠥᠳᠡᠯᠬᠦ ᠬᠥᠷᠥᠩᠭᠡ ᠶᠢᠨ ᠡᠷᠬᠡ ᠶᠢ ᠨᠤᠲᠠᠯᠠᠨ ᠳᠠᠩᠰᠠᠯᠠᠬᠤ ᠠᠵᠢᠯ ᠢ ᠬᠠᠷᠢᠭᠤᠴᠠᠨ᠎ᠠ᠃ | ᠬᠤᠰᠢᠭᠤ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠪᠠ ᠥᠯᠥ ᠬᠥᠳᠡᠯᠬᠦ ᠬᠥᠷᠥᠩᠭᠡ ᠶᠢᠨ ᠡᠷᠬᠡ ᠶᠢ ᠨᠤᠲᠠᠯᠠᠨ ᠳᠠᠩᠰᠠᠯᠠᠬᠤ ᠠᠵᠢᠯ ᠢ ᠵᠢᠯᠣᠭᠤᠳᠬᠤ ᠪᠠ | ᠬᠢᠨᠠᠯᠲᠠ ᠲᠠᠯᠪᠢᠨ᠎ᠠ᠃ | ︵ᠳᠥᠷᠪᠡ︶ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢ ᠲᠥᠯᠥᠪᠦᠷᠢ ᠲᠠᠢ ᠬᠡᠷᠡᠭᠯᠡᠬᠦ ᠠᠵᠢᠯ ᠢ ᠬᠠᠷᠢᠭᠤᠴᠠᠨ᠎ᠠ᠃ ᠤᠯᠤᠰ ᠤᠨ | ᠲᠣᠭᠲᠠᠭᠠᠭᠰᠠᠨ ᠪᠦᠬᠦ ᠢᠷᠭᠡᠳ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠪᠦᠷᠢᠳᠬᠡᠯ ᠤᠨ ᠳᠦᠷᠢᠮ ᠶᠣᠰᠣᠭᠠᠷ᠂ ᠪᠦᠬᠦ ᠬᠤᠲᠠ ᠶᠢᠨ ᠪᠦᠬᠦ | ᠢᠷᠭᠡᠳ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠲᠣᠭᠠᠴᠠᠭ᠎ᠠ ᠬᠢᠬᠦ ᠶᠢ ᠬᠠᠷᠢᠭᠤᠴᠠᠨ᠎ᠠ᠃ ᠪᠦᠬᠦ ᠢᠷᠭᠡᠳ ᠤᠨ ᠪᠠᠶᠢᠭᠠᠯᠢ ᠶᠢᠨ ᠡᠬᠢ | ᠪᠠᠶᠠᠯᠢᠭ ᠤᠨ ᠡᠳ᠋ ᠬᠥᠷᠥᠩᠭᠡ ᠶᠢᠨ ᠥᠷᠢ ᠶᠢᠨ ᠬᠦᠰᠦᠨᠦᠭᠲᠦ ᠶᠢ ᠨᠠᠶᠢᠷᠠᠭᠤᠯᠤᠨ ᠵᠣᠬᠢᠶᠠᠵᠤ᠂ ᠬᠢᠨᠠᠨ ᠰᠢᠯᠭᠠᠬᠤ ᠪᠠᠷᠢᠮᠵᠢᠶ᠎ᠠ ᠶᠢ ᠲᠣᠭᠲᠠᠭᠠᠨ᠎ᠠ᠃ ᠪᠦᠬᠦ | ᠢᠷᠭᠡᠳ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢ ᠰᠢᠯᠵᠢᠭᠦᠯᠦᠨ ᠥᠭᠬᠦ᠂ ᠬᠤᠳᠠᠯᠳᠤᠭᠠᠯᠠᠬᠤ᠂ ᠲᠦᠷᠢᠶᠡᠰᠦᠯᠡᠭᠦᠯᠬᠦ᠂ ᠦᠨ᠎ᠡ ᠪᠣᠳᠣᠨ ᠪᠠᠯᠠ | ᠣᠷᠣᠭᠤᠯᠬᠤ ᠪᠠ ᠭᠠᠵᠠᠷ ᠰᠢᠷᠣᠶ ᠨᠥᠭᠡᠴᠡᠯᠡᠬᠦ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠦᠬᠦ ᠢᠷᠭᠡᠳ ᠤᠨ ᠪᠠᠶᠢᠭᠠᠯᠢ ᠶᠢᠨ ᠡᠬᠢ | ᠪᠠᠶᠠᠯᠢᠭ ᠤᠨ ᠡᠳ᠋ ᠬᠥᠷᠥᠩᠭᠡ ᠶᠢ ᠵᠦᠢ ᠵᠣᠬᠢᠰᠲᠠᠢ ᠲᠣᠬᠢᠷᠠᠭᠤᠯᠤᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠥᠷᠲᠡᠭ ᠢ ᠦᠨᠡᠯᠡᠨ ᠵᠢᠱᠢᠬᠦ | ᠬᠠᠮᠢᠶᠠᠷᠤᠯᠲᠠ ᠶᠢ ᠬᠠᠷᠢᠭᠤᠴᠠᠵᠤ᠂ ᠬᠠᠮᠢᠶ᠎ᠠ ᠪᠦᠬᠦᠢ ᠡᠳ᠋ ᠬᠥᠷᠥᠩᠭᠡ ᠶᠢᠨ ᠠᠰᠢᠭ ᠣᠯᠵᠠᠪᠤᠷᠢ ᠶᠢ ᠬᠠᠤᠯᠢ ᠶᠣᠰᠣᠭᠠᠷ ᠬᠤᠷᠢᠶᠠᠨ ᠠᠪᠤᠨ᠎ᠠ᠃ | ︵ᠲᠠᠪᠤ︶ ᠪᠠᠶᠢᠭᠠᠯᠢ ᠶᠢᠨ ᠡᠬᠢ ᠪᠠᠶᠠᠯᠢᠭ ᠢ ᠵᠦᠶ ᠵᠣᠬᠢᠰᠲᠠᠶ ᠪᠠᠷ ᠨᠡᠭᠡᠭᠡᠨ ᠠᠰᠢᠭᠯᠠᠬᠤ ᠶᠢ ᠬᠠᠷᠢᠭᠤᠴᠠᠨ᠎ᠠ᠃ ᠪᠠᠶᠢᠭᠠᠯᠢ ᠶᠢᠨ ᠡᠬᠢ ᠪᠠᠶᠠᠯᠢᠭ ᠤᠨ | ᠬᠥᠭᠵᠢᠯᠲᠡ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠵᠤ᠂ ᠤᠯᠤᠰ ᠤᠨ ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ | ᠠᠰᠢᠭᠯᠠᠬᠤ ᠪᠠᠷᠢᠮᠵᠢᠶ᠎ᠠ ᠶᠢ ᠨᠠᠶᠢᠳᠠᠪᠤᠷᠢᠵᠢᠭᠤᠯᠤᠨ᠂ ᠵᠠᠰᠠᠭ ᠤᠨ ᠣᠷᠳᠣᠨ ᠤ ᠢᠯᠡ ᠨᠡᠶᠢᠲᠡᠯᠡᠬᠦ ᠪᠠᠶᠢᠭᠠᠯᠢ ᠶᠢᠨ ᠡᠬᠢ ᠪᠠᠶᠠᠯᠢᠭ ᠤᠨ ᠦᠨ᠎ᠡ ᠬᠠᠩᠰᠢ ᠶᠢᠨ | ᠰᠢᠰᠲ᠋ᠧᠮᠵᠢ ᠶᠢ ᠪᠠᠶᠢᠭᠤᠯᠵᠤ᠂ ᠪᠠᠶᠢᠭᠠᠯᠢ ᠶᠢᠨ ᠡᠬᠢ ᠪᠠᠶᠠᠯᠢᠭ ᠢ ᠳᠡᠰ ᠬᠤᠪᠢᠶᠠᠨ ᠵᠡᠷᠭᠡ ᠲᠣᠭᠲᠠᠭᠠᠨ ᠦᠨ᠎ᠡ ᠬᠠᠩᠰᠢ ᠶᠢ ᠦᠨᠡᠯᠡᠨ ᠵᠢᠱᠢᠬᠦ ᠶᠢ ᠵᠣᠬᠢᠶᠠᠨ | ᠪᠠᠶᠢᠭᠤᠯᠤᠨ ᠥᠷᠨᠢᠭᠦᠯᠵᠦ᠂ ᠪᠠᠶᠢᠭᠠᠯᠢ ᠶᠢᠨ ᠡᠬᠢ ᠪᠠᠶᠠᠯᠢᠭ ᠤᠨ ᠠᠰᠢᠭᠯᠠᠯᠲᠠ ᠶᠢᠨ ᠦᠨᠡᠯᠡᠨ ᠰᠢᠯᠭᠠᠬᠤ ᠠᠵᠢᠯ ᠢ ᠥᠷᠨᠢᠭᠦᠯᠦᠨ᠂ ᠠᠷᠪᠢᠲᠠᠶ ᠪᠥᠭᠡᠳ | ᠡᠷᠴᠢᠮᠲᠡᠢ ᠠᠰᠢᠭᠯᠠᠬᠤ ᠶᠢ ᠵᠢᠯᠣᠭᠤᠳᠤᠨ᠎ᠠ᠃ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠶ ᠶᠢᠨ ᠬᠠᠩᠭᠠᠯᠭ᠎ᠠ ᠶᠢ | ᠵᠢᠯᠣᠭᠤᠳᠬᠤ᠂ ᠬᠠᠮᠢᠶᠠᠷᠬᠤ ᠪᠠ ᠬᠢᠨᠠᠯᠲᠠ ᠲᠠᠯᠪᠢᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ | ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠬᠤᠷᠸ᠎ᠠ ᠲᠣᠬᠢᠷᠠᠭᠤᠯᠤᠯ ᠡᠵᠡᠮᠳᠡᠯ᠂ ᠣᠷᠣᠨ ᠪᠦᠰᠡ ᠶᠢᠨ ᠵᠣᠬᠢᠴᠠᠭᠤᠯᠭ᠎ᠠ ᠪᠠ ᠬᠤᠲᠠ ᠬᠥᠳᠡᠭᠡ ᠶᠢᠨ | ᠨᠢᠭᠡᠳᠦᠯᠲᠡᠶ ᠲᠥᠯᠥᠪᠵᠢᠭᠦᠯᠭᠡ ᠳᠤ ᠬᠤᠯᠪᠣᠭᠳᠠᠬᠤ ᠲᠥᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠰᠤᠳᠤᠯᠤᠨ᠎ᠠ᠃ | ︵ᠵᠢᠷᠭᠤᠭ᠎ᠠ︶ ᠪᠠᠶᠢᠭᠠᠯᠢ ᠶᠢᠨ ᠡᠬᠢ ᠪᠠᠶᠠᠯᠢᠭ ᠤᠨ ᠣᠷᠣᠨ ᠵᠠᠶ ᠶᠢᠨ ᠲᠥᠯᠥᠪᠵᠢᠭᠦᠯᠭᠡ ᠶᠢᠨ ᠰᠢᠰᠲ᠋ᠧᠮᠵᠢ ᠪᠠᠶᠢᠭᠤᠯᠬᠤ ᠶᠢ ᠬᠠᠷᠢᠭᠤᠴᠠᠬᠤ ᠶᠢᠨ ᠬᠠᠮᠲᠤ | ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠭᠤᠤᠯ ᠴᠣᠭᠴᠠ ᠶᠢᠨ ᠴᠢᠳᠠᠮᠵᠢᠲᠤ ᠣᠷᠣᠨ ᠤ ᠪᠠᠶᠢᠯᠳᠤᠬᠤ ᠪᠣᠳᠣᠯᠭ᠎ᠠ ᠪᠠ ᠳᠦᠷᠢᠮ ᠢ ᠲᠦᠯᠬᠢᠨ ᠠᠬᠢᠭᠤᠯᠵᠤ᠂ | ᠤᠯᠤᠰ ᠤᠨ ᠭᠠᠵᠠᠷ ᠰᠢᠷᠣᠶ ᠶᠢᠨ ᠣᠷᠣᠨ ᠵᠠᠢ ᠶᠢ ᠲᠥᠯᠥᠪᠵᠢᠭᠦᠯᠬᠦ᠂ ᠨᠠᠷᠢᠯᠢᠭ ᠲᠥᠯᠥᠪᠵᠢᠭᠦᠯᠬᠦ᠂ ᠵᠣᠬᠢᠶᠠᠨ ᠪᠠᠶᠢᠭᠤᠯᠤᠨ ᠨᠠᠶᠢᠷᠠᠭᠤᠯᠬᠤ᠂ ᠵᠠᠰᠠᠪᠤᠷᠢ | ᠣᠷᠤᠭᠤᠯᠬᠤ ᠪᠠ ᠲᠣᠬᠢᠷᠠᠭᠤᠯᠤᠯᠲᠠ ᠬᠢᠬᠦ ᠬᠠᠮᠢᠶ᠎ᠠ ᠪᠦᠬᠦᠢ ᠲᠤᠰᠬᠠᠶ ᠵᠦᠢᠯ ᠤᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠬᠤ ᠶᠢᠨ ᠬᠠᠮᠲᠤ | ᠬᠢᠨᠠᠯᠲᠠ ᠲᠠᠯᠪᠢᠨ ᠬᠡᠷᠡᠭᠵᠢᠭᠦᠯᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠵᠣᠬᠢᠶᠠᠨ ᠪᠠᠶᠢᠭᠤᠯᠤᠭᠰᠠᠨ ᠡᠯ᠎ᠡ ᠲᠥᠷᠥᠯ ᠤᠨ ᠲᠤᠰᠬᠠᠶ ᠵᠦᠢᠯ ᠤᠨ | ᠲᠥᠯᠥᠪᠵᠢᠭᠦᠯᠭᠡ ᠶᠢ ᠵᠢᠭᠠᠨ ᠵᠢᠯᠣᠭᠤᠳᠬᠤ ᠪᠠ ᠨᠠᠶᠢᠷᠠᠭᠤᠯᠤᠨ ᠵᠣᠬᠢᠶᠠᠬᠤ ᠳᠤ ᠣᠷᠣᠯᠴᠠᠨ᠎ᠠ᠃ ᠬᠤᠰᠢᠭᠤ ᠰᠢᠶᠠᠨ ᠤ ᠤᠯᠤᠰ ᠤᠨ ᠭᠠᠵᠠᠷ ᠰᠢᠷᠣᠶ ᠶᠢᠨ | ᠣᠷᠣᠨ ᠵᠠᠶ ᠶᠢᠨ ᠲᠥᠯᠥᠪᠵᠢᠭᠦᠯᠭᠡ ᠪᠣᠯᠤᠨ ᠬᠠᠮᠢᠶ᠎ᠠ ᠪᠦᠬᠦᠢ ᠲᠤᠰᠬᠠᠶ ᠵᠦᠢᠯ ᠤᠨ ᠲᠥᠯᠥᠪᠵᠢᠭᠦᠯᠭᠡ᠂ ᠨᠠᠷᠢᠯᠢᠭ ᠲᠥᠯᠥᠪᠵᠢᠭᠦᠯᠭᠡ ᠶᠢ ᠨᠠᠶᠢᠷᠠᠭᠤᠯᠤᠨ | ᠵᠣᠬᠢᠶᠠᠬᠤ᠂ ᠬᠢᠨᠠᠨ ᠪᠠᠶᠢᠴᠠᠭᠠᠬᠤ᠂ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠵᠢᠯᠣᠭᠤᠳᠤᠨ᠎ᠠ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢ | ᠨᠡᠭᠡᠭᠡᠨ ᠠᠰᠢᠭᠯᠠᠬᠤ ᠳᠤ ᠵᠣᠬᠢᠴᠠᠬᠤ ᠴᠢᠨᠠᠷᠲᠠᠶ ᠦᠨᠡᠯᠡᠯᠲᠡ ᠬᠢᠵᠦ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢ ᠬᠢᠨᠠᠨ | ᠬᠡᠮᠵᠢᠬᠦ᠂ ᠦᠨᠡᠯᠡᠨ ᠵᠢᠱᠢᠬᠦ ᠪᠠ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮᠵᠢ ᠶᠢ ᠪᠠᠶᠢᠭᠤᠯᠤᠨ᠎ᠠ᠃ ᠠᠮᠢ ᠠᠬᠤᠢ ᠶᠢᠨ ᠬᠠᠮᠠᠭᠠᠯᠠᠯᠲᠠ ᠶᠢᠨ ᠬᠤᠷᠢᠭ᠎ᠠ ᠱᠤᠭᠤᠮ᠂ | ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ᠂ ᠬᠤᠲᠠ ᠪᠠᠯᠭᠠᠰᠤᠨ ᠤ ᠨᠡᠭᠡᠭᠡᠨ ᠬᠥᠭᠵᠢᠭᠦᠯᠬᠦ ᠵᠠᠭᠠᠭ ᠬᠢᠵᠠᠭᠠᠷ ᠵᠡᠷᠭᠡ ᠬᠢᠵᠠᠭᠠᠷᠯᠠᠬᠤ ᠱᠤᠭᠤᠮ ᠢ ᠵᠣᠬᠢᠶᠠᠨ | ᠪᠠᠶᠢᠭᠤᠯᠤᠨ ᠵᠠᠭᠠᠭᠯᠠᠨ ᠲᠣᠭᠲᠠᠭᠠᠵᠤ᠂ ᠡᠨᠧᠷᠬᠢ ᠠᠷᠪᠢᠯᠠᠨ ᠣᠷᠴᠢᠨ ᠠᠬᠤᠶ ᠶᠢ ᠬᠠᠮᠠᠭᠠᠯᠠᠬᠤ ᠦᠢᠯᠡᠳᠪᠦᠷᠢᠯᠡᠯ᠂ ᠠᠮᠢᠳᠤᠷᠠᠯ᠂ ᠠᠮᠢ ᠠᠬᠤᠢ ᠶᠢᠨ ᠣᠷᠣᠨ | ᠵᠠᠶ ᠶᠢᠨ ᠪᠠᠶᠢᠷᠢᠰᠢᠯ ᠢ ᠪᠠᠶᠢᠭᠤᠯᠤᠨ᠎ᠠ᠃ ᠪᠦᠬᠦ ᠬᠤᠲᠠ ᠶᠢᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠬᠡᠷᠡᠭᠯᠡᠯᠲᠡ ᠶᠢ ᠵᠠᠬᠢᠷᠤᠨ ᠬᠠᠮᠢᠶᠠᠷᠬᠤ | ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠲᠥᠷᠦ ᠶᠢᠨ ᠪᠣᠳᠣᠯᠭ᠎ᠠ ᠶᠢ ᠰᠤᠳᠤᠯᠤᠨ ᠲᠤᠭᠤᠷᠪᠢᠬᠤ ᠶᠢᠨ ᠬᠠᠮᠲᠤ | ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠭᠠᠵᠠᠷ ᠰᠢᠷᠣᠶ ᠵᠡᠷᠭᠡ ᠪᠠᠶᠢᠭᠠᠯᠢ ᠶᠢᠨ ᠡᠬᠢ ᠪᠠᠶᠠᠯᠢᠭ ᠤᠨ ᠠᠰᠢᠭᠯᠠᠯᠲᠠ ᠶᠢᠨ ᠣᠨ ᠤ ᠲᠥᠯᠥᠪᠯᠡᠭᠡ ᠶᠢ ᠵᠣᠬᠢᠶᠠᠨ | ᠪᠠᠶᠢᠭᠤᠯᠤᠨ ᠲᠤᠭᠤᠷᠪᠢᠨ ᠲᠣᠭᠲᠠᠭᠠᠬᠤ ᠪᠥᠭᠡᠳ ᠬᠡᠷᠡᠭᠵᠢᠭᠦᠯᠦᠨ᠎ᠡ᠃ ᠭᠠᠵᠠᠷ ᠰᠢᠷᠣᠶ ᠵᠡᠷᠭᠡ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ | ᠬᠡᠷᠡᠭᠴᠡᠭᠡ ᠶᠢ ᠰᠢᠯᠵᠢᠭᠦᠯᠦᠨ ᠬᠡᠷᠡᠭᠯᠡᠬᠦ ᠠᠵᠢᠯ ᠢ ᠵᠣᠬᠢᠶᠠᠨ ᠪᠠᠶᠢᠭᠤᠯᠤᠨ᠎ᠠ᠃ ᠭᠠᠵᠠᠷ ᠰᠢᠷᠣᠶ ᠲᠠᠲᠠᠪᠤᠷᠢᠯᠠᠨ ᠬᠤᠷᠢᠶᠠᠵᠦ ᠲᠠᠲᠠᠪᠤᠷᠢᠯᠠᠨ ᠬᠡᠷᠡᠭᠯᠡᠬᠦ | ᠬᠠᠮᠢᠶᠠᠷᠤᠯᠲᠠ ᠶᠢ ᠵᠣᠬᠢᠶᠠᠨ ᠪᠠᠶᠢᠭᠤᠯᠵᠤ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ᠂ | ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠵᠥᠪᠰᠢᠶᠡᠷᠡᠭᠰᠡᠨ ᠭᠠᠵᠠᠷ ᠰᠢᠷᠣᠶ ᠶᠢ ᠰᠢᠯᠵᠢᠭᠦᠯᠦᠨ ᠬᠡᠷᠡᠭᠯᠡᠬᠦ᠂ ᠲᠠᠲᠠᠪᠤᠷᠢᠯᠠᠨ ᠬᠤᠷᠢᠶᠠᠵᠦ | ᠲᠠᠲᠠᠪᠤᠷᠢᠯᠠᠨ ᠬᠡᠷᠡᠭᠯᠡᠬᠦ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ | ︵ᠳᠣᠯᠤᠭ᠎ᠠ︶ ᠬᠤᠲᠠ ᠶᠢᠨ ᠲᠥᠯᠥᠪᠵᠢᠭᠦᠯᠭᠡ ᠶᠢᠨ ᠣᠷᠣᠨ ᠤ ᠬᠡᠪᠴᠢᠶᠡᠨ ᠳᠣᠲᠣᠷᠠᠬᠢ ᠡᠯ᠎ᠡ ᠲᠥᠷᠥᠯ ᠤᠨ ᠪᠦᠲᠦᠭᠡᠨ ᠪᠠᠶᠢᠭᠤᠯᠤᠯᠲᠠ ᠶᠢᠨ | ᠪᠠᠷᠢᠯᠭ᠎ᠠ ᠶᠢᠨ ᠲᠥᠯᠥᠪᠵᠢᠭᠦᠯᠭᠡ ᠶᠢ ᠬᠢᠨᠠᠨ ᠵᠥᠪᠰᠢᠶᠡᠷᠡᠬᠦ ᠪᠠ ᠲᠥᠯᠥᠪᠵᠢᠭᠦᠯᠭᠡ ᠶᠢ ᠬᠠᠮᠢᠶᠠᠷᠬᠤ ᠠᠵᠢᠯ ᠢ ᠬᠠᠷᠢᠭᠤᠴᠠᠵᠤ᠂ ᠲᠥᠯᠥᠪᠵᠢᠭᠦᠯᠭᠡ ᠶᠢᠨ ᠵᠢᠷᠤᠭᠯᠠᠨ | ᠲᠥᠯᠥᠪᠯᠡᠬᠦ ᠨᠢᠭᠡᠴᠢ ᠶᠢᠨ ᠠᠵᠢᠯ ᠲᠥᠷᠥᠯ ᠤᠨ ᠬᠠᠮᠢᠶᠠᠷᠤᠯᠲᠠ ᠶᠢ ᠬᠠᠷᠢᠭᠤᠴᠠᠨ᠎ᠠ᠃ | ︵ᠨᠠᠢᠮᠠ︶ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠠᠮᠢ ᠠᠬᠤᠢ ᠶᠢᠨ ᠰᠡᠷᠭᠦᠭᠡᠯᠲᠡ ᠶᠢ ᠨᠢᠭᠡᠳᠦᠯᠲᠡᠶ ᠲᠥᠯᠥᠪᠯᠡᠬᠦ ᠶᠢ ᠬᠠᠷᠢᠭᠤᠴᠠᠨ᠎ᠠ᠃ | ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠠᠮᠢ ᠠᠬᠤᠶ ᠶᠢ ᠰᠡᠷᠭᠦᠭᠡᠬᠦ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ | ᠵᠣᠬᠢᠶᠠᠬᠤ ᠶᠢᠨ ᠬᠠᠮᠲᠤ ᠠᠮᠢ ᠠᠬᠤᠶ ᠶᠢ ᠰᠡᠷᠭᠦᠭᠡᠬᠦ ᠬᠤᠯᠪᠣᠭᠳᠠᠯ ᠪᠦᠬᠦᠢ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠦᠨ᠎ᠡ᠃ ᠵᠠᠰᠠᠭ ᠤᠨ ᠣᠷᠳᠣᠨ ᠠᠴᠠ | ᠪᠡᠯᠡ ᠣᠷᠣᠭᠤᠯᠤᠭᠰᠠᠨ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢ ᠶᠡᠷᠦᠩᠬᠡᠶᠢᠯᠡᠨ ᠴᠡᠭᠴᠡᠯᠡᠨ ᠵᠠᠰᠠᠬᠤ᠂ ᠭᠠᠵᠠᠷ ᠰᠢᠷᠣᠶ ᠶᠢ ᠡᠮᠬᠢᠯᠡᠨ ᠲᠢᠭᠯᠡᠵᠦ ᠳᠠᠬᠢᠨ | ᠬᠠᠭᠠᠯᠪᠤᠷᠢᠯᠠᠬᠤ᠂ ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠠᠵᠢᠯ ᠢ ᠵᠣᠬᠢᠶᠠᠨ ᠪᠠᠶᠢᠭᠤᠯᠤᠨ᠎ᠠ᠃ ᠠᠮᠢ ᠠᠬᠤᠢ ᠶᠢᠨ | ᠬᠠᠮᠠᠭᠠᠯᠠᠯᠲᠠ ᠶᠢᠨ ᠨᠥᠬᠦᠪᠥᠷᠢ ᠥᠭᠬᠦ ᠳᠦᠷᠢᠮ ᠢ ᠪᠠᠶᠢᠭᠤᠯᠤᠨ ᠬᠡᠷᠡᠭᠵᠢᠭᠦᠯᠵᠦ᠂ ᠨᠡᠶᠢᠭᠡᠮ ᠤᠨ ᠪᠡᠯᠡ ᠮᠥᠩᠭᠦ ᠶᠢ ᠵᠦᠶ ᠵᠣᠬᠢᠰᠲᠠᠶ ᠠᠰᠢᠭᠯᠠ ᠠᠮᠢ ᠠᠬᠤᠶ ᠶᠢ | ᠵᠠᠰᠠᠨ ᠰᠡᠷᠭᠦᠭᠡᠬᠦ ᠲᠥᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠭᠲᠠᠭᠠᠵᠤ᠂ ᠴᠢᠬᠤᠯᠠ ᠶᠡᠭᠡ ᠪᠡᠯᠡᠳᠬᠡᠯ ᠲᠦᠷᠥᠯ ᠵᠦᠢᠯ ᠢ ᠳᠤᠷᠠᠳᠤᠨ ᠭᠠᠷᠭᠠᠨ᠎ᠠ᠃ | ︵ᠶᠢᠰᠦ︶ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠲᠠᠷᠢᠶᠠᠨ | ᠭᠠᠵᠠᠷ ᠢ ᠬᠠᠮᠠᠭᠠᠯᠠᠬᠤ ᠲᠥᠷᠥ ᠶᠢᠨ ᠪᠣᠳᠣᠯᠭ᠎ᠠ ᠶᠢ ᠲᠦᠷᠦᠭᠦᠯᠡᠨ ᠬᠡᠷᠡᠭᠵᠢᠭᠦᠯᠵᠦ᠂ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ᠂ ᠶᠠᠰᠤ ᠴᠢᠨᠠᠷ᠂ ᠠᠮᠢ | ᠠᠬᠤᠢ ᠶᠢᠨ ᠬᠠᠮᠠᠭᠠᠯᠠᠯᠲᠠ ᠶᠢ ᠬᠠᠷᠢᠭᠤᠴᠠᠨ᠎ᠠ᠃ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢᠨ ᠬᠠᠷᠠᠯᠲᠠ ᠶᠢ ᠬᠢᠨᠠᠨ ᠰᠢᠯᠭᠠᠬᠤ ᠪᠠ ᠡᠭᠦᠷᠢᠳᠡ ᠶᠢᠨ | ᠦᠨᠳᠦᠰᠦᠨ ᠲᠠᠷᠢᠶᠠᠨ ᠭᠠᠵᠠᠷ ᠢ ᠣᠨᠴᠠᠭᠠᠢ ᠬᠠᠮᠠᠭᠠᠯᠠᠬᠤ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ | ᠲᠡᠩᠴᠡᠭᠦᠷᠢᠰᠢᠭᠦᠯᠬᠦ ᠳᠦᠷᠢᠮ ᠢ ᠪᠦᠷᠢᠨᠰᠢᠭᠦᠯᠵᠦ᠂ ᠲᠠᠷᠢᠶᠠᠨ ᠭᠠᠵᠠᠷ ᠢ ᠡᠵᠡᠯᠡᠨ ᠬᠡᠷᠡᠭᠯᠡᠭᠰᠡᠨ ᠨᠥᠬᠦᠪᠥᠷᠢ ᠶᠢᠨ ᠳᠦᠷᠢᠮ ᠢ ᠬᠡᠷᠡᠭᠵᠢᠭᠦᠯᠵᠦ ᠪᠠᠶᠢᠭ᠎ᠠ | ᠪᠠᠶᠢᠳᠠᠯ ᠳᠤ ᠬᠢᠨᠠᠯᠲᠠ ᠲᠠᠯᠪᠢᠨ᠎ᠠ᠃ | ︵ᠠᠷᠪᠠ︶ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠨ᠎ᠠ᠃ ᠬᠤᠲᠠ ᠶᠢᠨ | ᠱᠠᠲᠤᠨ ᠤ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠲᠥᠷᠥᠯ ᠵᠦᠢᠯ ᠢ ᠬᠠᠮᠢᠶᠠᠷᠤᠨ᠎ᠠ᠃ ᠪᠦᠬᠦ ᠬᠤᠲᠠ ᠶᠢᠨ ᠦᠨᠳᠦᠰᠦᠨ ᠴᠢᠨᠠᠷᠲᠠᠢ᠂ ᠨᠡᠶᠢᠲᠡ ᠶᠢᠨ | ᠠᠰᠠᠷᠠᠮᠵᠢ ᠶᠢᠨ ᠴᠢᠨᠠᠷᠲᠠᠢ ᠭᠠᠵᠠᠷ ᠰᠢᠨᠵᠢᠯᠡᠭᠡᠨ ᠤ ᠪᠠᠶᠢᠴᠠᠭᠠᠯᠲᠠ ᠪᠠ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠭᠠᠵᠠᠷ ᠰᠢᠨᠵᠢᠯᠡᠭᠡ ᠠᠭᠤᠷᠬᠠᠢ ᠶᠢᠨ | ᠭᠠᠷᠤᠯᠲᠠ ᠶᠢ ᠬᠠᠶᠢᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ ᠭᠠᠵᠠᠷ ᠵᠦᠢ ᠶᠢᠨ ᠭᠠᠮᠰᠢᠭ ᠢ ᠰᠡᠷᠭᠡᠶᠢᠯᠡᠬᠦ ᠪᠠ ᠵᠠᠰᠠᠬᠤ ᠶᠢ ᠬᠠᠷᠢᠭᠤᠴᠠᠵᠤ᠂ ᠭᠠᠵᠠᠷ | ᠳᠣᠤᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠵᠢᠴᠢ ᠲᠡᠭᠦᠨ ᠠᠴᠠ ᠪᠣᠯᠤᠭᠰᠠᠨ ᠭᠠᠵᠠᠷ ᠤᠨ ᠭᠠᠳᠠᠷᠭᠤ ᠳᠣᠷᠣᠭᠰᠢ ᠰᠠᠭᠤᠬᠤ ᠵᠡᠷᠭᠡ ᠭᠠᠵᠠᠷ ᠵᠦᠢ ᠶᠢᠨ | ᠠᠰᠠᠭᠤᠳᠠᠯ ᠢ ᠬᠢᠨᠠᠨ ᠬᠠᠮᠢᠶᠠᠷᠤᠨ᠎ᠠ᠃ ᠡᠷᠲᠡᠨ ᠤ ᠠᠮᠢᠳᠤ ᠪᠣᠳᠠᠰ ᠤᠨ ᠴᠢᠯᠠᠭᠤᠵᠢᠮᠠᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ | ︵ᠠᠷᠪᠠᠨ ᠨᠢᠭᠡ︶ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠲᠥᠯᠥᠪᠵᠢᠭᠦᠯᠭᠡ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢᠨ | ᠨᠠᠶᠢᠳᠠᠪᠤᠷᠢᠵᠢᠭᠤᠯᠤᠯᠲᠠ ᠶᠢ ᠬᠠᠷᠢᠭᠤᠴᠠᠵᠤ᠂ ᠭᠠᠵᠠᠷ ᠵᠦᠢ ᠶᠢᠨ ᠭᠠᠮᠰᠢᠭ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ | ᠵᠣᠬᠢᠶᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠭᠠᠵᠠᠷ ᠵᠦᠢ ᠶᠢᠨ ᠭᠠᠮᠰᠢᠭ ᠢ ᠪᠠᠶᠢᠴᠠᠭᠠᠨ ᠦᠨᠡᠯᠡᠬᠦ ᠵᠢᠴᠢ ᠳᠠᠯᠳᠠ ᠭᠡᠮ ᠤᠨ ᠨᠡᠶᠢᠳᠡᠮ | ᠪᠠᠶᠢᠴᠠᠭᠠᠯᠲᠠ᠂ ᠨᠠᠷᠢᠨ ᠪᠠᠶᠢᠴᠠᠭᠠᠯᠲᠠ᠂ ᠵᠢᠭᠰᠠᠭᠠᠨ ᠪᠠᠶᠢᠴᠠᠭᠠᠯᠲᠠ ᠶᠢ ᠵᠣᠬᠢᠴᠠᠭᠤᠯᠬᠤ ᠪᠠ ᠬᠢᠨᠠᠯᠲᠠ ᠲᠠᠯᠪᠢᠬᠤ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ | ᠣᠯᠠᠨ ᠢᠶᠠᠷ ᠢᠶᠠᠨ ᠬᠡᠮᠵᠢᠵᠦ ᠣᠯᠠᠨ ᠢᠶᠠᠷ ᠢᠶᠠᠨ ᠰᠡᠷᠭᠡᠶᠢᠯᠡᠬᠦ᠂ ᠲᠤᠰᠬᠠᠶ ᠬᠢᠨᠠᠨ ᠬᠡᠮᠵᠢᠬᠦ ᠪᠠ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠵᠡᠷᠭᠡ ᠠᠵᠢᠯ | ᠥᠷᠨᠢᠭᠦᠯᠬᠦ ᠶᠢ ᠵᠢᠯᠣᠭᠤᠳᠤᠨ᠂ ᠭᠠᠵᠠᠷ ᠵᠦᠢ ᠶᠢᠨ ᠭᠠᠮᠰᠢᠭ ᠤᠨ ᠪᠠᠷᠢᠯᠭ᠎ᠠ ᠶᠢ ᠴᠡᠭᠴᠡᠯᠡᠨ ᠵᠠᠰᠠᠬᠤ ᠠᠵᠢᠯ ᠢ ᠵᠢᠯᠣᠭᠤᠳᠤᠨ ᠥᠷᠨᠢᠭᠦᠯᠦᠨ᠎ᠡ᠃ ᠭᠠᠵᠠᠷ | ᠵᠦᠢ ᠶᠢᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠮᠡᠷᠭᠡᠵᠢᠯ ᠤᠨ ᠲᠤᠯᠭᠠᠭᠤᠷᠢᠯᠠᠬᠤ ᠠᠵᠢᠯ ᠢ ᠡᠭᠦᠷᠭᠡᠯᠡᠨ᠎ᠡ᠃ | ︵ᠠᠷᠪᠠᠨ ᠬᠤᠶᠠᠷ︶ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠠᠭᠤᠷᠬᠠᠢ ᠶᠢᠨ | ᠭᠠᠷᠤᠯᠲᠠ ᠶᠢᠨ ᠡᠬᠢ ᠪᠠᠶᠠᠯᠢᠭ ᠤᠨ ᠬᠠᠮᠢᠶᠠᠷᠤᠯᠲᠠ ᠵᠢᠴᠢ ᠳᠠᠷᠤᠵᠤ ᠪᠦᠲᠡᠭᠡᠭᠰᠡᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠢᠨᠠᠨ ᠬᠠᠷᠭᠤᠭᠤᠯᠬᠤ | ᠠᠵᠢᠯ ᠢ ᠬᠠᠷᠢᠭᠤᠴᠠᠨ᠎ᠠ᠃ ᠪᠦᠬᠦ ᠬᠤᠲᠠ ᠶᠢᠨ ᠠᠭᠤᠷᠬᠠᠢ ᠶᠢᠨ ᠡᠷᠬᠡ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ | ᠬᠠᠮᠲᠤᠷᠠᠨ ᠬᠠᠮᠠᠭᠠᠯᠠᠯᠲᠠ ᠶᠢᠨ ᠴᠢᠨᠠᠷᠲᠠᠶ ᠨᠡᠭᠡᠭᠡᠨ ᠮᠠᠯᠲᠠᠬᠤ ᠣᠨᠴᠠ ᠲᠣᠭᠲᠠᠭᠰᠠᠨ ᠠᠭᠤᠷᠬᠠᠢ ᠶᠢᠨ ᠲᠥᠷᠥᠯ᠂ ᠳᠠᠪᠠᠭᠤᠯᠢᠭ ᠠᠭᠤᠷᠬᠠᠢ ᠶᠢᠨ ᠭᠠᠷᠤᠯᠲᠠ ᠶᠢ | ᠲᠤᠬᠢᠷᠠᠭᠤᠯᠤᠨ ᠡᠵᠡᠮᠳᠡᠬᠦ ᠵᠢᠴᠢ ᠬᠠᠮᠢᠶ᠎ᠠ ᠪᠦᠬᠦᠢ ᠠᠵᠢᠯ ᠢ ᠨᠠᠶᠢᠳᠠᠪᠤᠷᠢᠵᠢᠭᠤᠯᠤᠨ᠎ᠠ᠃ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠵᠦᠶ ᠵᠣᠬᠢᠰᠲᠠᠶ | ᠠᠰᠢᠭᠯᠠᠬᠤ ᠪᠠ ᠬᠠᠮᠠᠭᠠᠯᠠᠬᠤ ᠳᠤ ᠬᠢᠨᠠᠯᠲᠠ ᠲᠠᠯᠪᠢᠨ ᠵᠢᠯᠣᠭᠤᠳᠤᠨ᠎ᠠ᠃ | ︵ᠠᠷᠪᠠᠨ ᠭᠤᠷᠪᠠ︶ ᠬᠡᠮᠵᠢᠨ ᠵᠢᠷᠤᠬᠤ ᠭᠠᠵᠠᠷ ᠵᠦᠶ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠦᠨᠳᠦᠰᠦᠨ ᠬᠡᠮᠵᠢᠨ | ᠵᠢᠷᠤᠬᠤ ᠪᠠ ᠬᠡᠮᠵᠢᠨ ᠵᠢᠷᠤᠬᠤ ᠠᠵᠢᠯ ᠲᠥᠷᠥᠯ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠬᠡᠮᠵᠢᠨ ᠵᠢᠷᠤᠬᠤ ᠬᠢᠷᠢ ᠴᠢᠳᠠᠪᠤᠷᠢ ᠬᠢᠷᠢ ᠬᠡᠮ ᠬᠢᠭᠡᠳ | ᠢᠲᠡᠭᠡᠮᠵᠢ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠪᠦᠬᠦ ᠬᠤᠲᠠ ᠶᠢᠨ ᠭᠠᠵᠠᠷ ᠵᠦᠢ ᠶᠢᠨ ᠮᠡᠳᠡᠭᠡ ᠵᠠᠩᠬᠢ ᠶᠢᠨ ᠠᠶᠤᠯ ᠦᠭᠡᠢ ᠪᠠ ᠵᠠᠬ᠎ᠠ ᠳᠡᠯᠭᠡᠭᠦᠷ ᠤᠨ | ᠡᠮᠬᠢ ᠳᠢᠭᠯᠢᠮ ᠢ ᠬᠢᠨᠠᠨ ᠬᠠᠮᠢᠶᠠᠷᠤᠨ᠎ᠠ᠃ ᠭᠠᠵᠠᠷ ᠵᠦᠶ ᠶᠢᠨ ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠬᠠᠮᠢᠶᠠᠷᠤᠯᠲᠠ ᠶᠢ ᠬᠠᠷᠢᠭᠤᠴᠠᠨ᠎ᠠ᠃ | ᠬᠡᠮᠵᠢᠯᠲᠡ ᠶᠢᠨ ᠲᠡᠮᠳᠡᠭ ᠤᠨ ᠬᠠᠮᠠᠭᠠᠯᠠᠯᠲᠠ ᠶᠢ ᠬᠠᠷᠢᠭᠤᠴᠠᠨ᠎ᠠ᠃ | ︵ᠠᠷᠪᠠᠨ ᠳᠥᠷᠪᠡ︶ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢ ᠠᠬᠢᠭᠤᠯᠤᠨ᠎ᠠ᠃ | ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ ᠬᠥᠭᠵᠢᠬᠦ ᠪᠠ ᠴᠢᠳᠠᠪᠤᠷᠢᠲᠠᠨ ᠢ ᠬᠥᠮᠦᠵᠢᠭᠦᠯᠬᠦ | ᠪᠠᠶᠢᠯᠳᠤᠬᠤ ᠪᠣᠳᠣᠯᠭ᠎ᠠ᠂ ᠲᠥᠯᠥᠪᠵᠢᠭᠦᠯᠭᠡ ᠪᠠ ᠲᠥᠯᠥᠪᠯᠡᠭᠡ ᠶᠢ ᠲᠣᠭᠲᠠᠭᠠᠨ ᠬᠡᠷᠡᠭᠵᠢᠭᠦᠯᠦᠨ᠎ᠡ᠃ ᠮᠡᠷᠭᠡᠵᠢᠯ ᠤᠨ ᠪᠠᠷᠢᠮᠵᠢᠶ᠎ᠠ᠂ ᠳᠦᠷᠢᠮ ᠤᠨ ᠵᠢᠷᠤᠮᠵᠢᠯ ᠢ | ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠢᠨᠵᠧᠨᠧᠷᠢᠩ ᠵᠢᠴᠢ ᠰᠢᠨ᠎ᠡ ᠶᠢ ᠡᠭᠦᠳᠬᠦ | ᠴᠢᠳᠠᠪᠤᠷᠢ ᠶᠢᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠠᠶᠢᠭᠠᠯᠢ ᠶᠢᠨ ᠡᠬᠢ ᠪᠠᠶᠠᠯᠢᠭ ᠤᠨ ᠮᠡᠳᠡᠭᠡ ᠵᠠᠩᠬᠢᠴᠢᠯᠠᠯᠲᠠ ᠪᠠ ᠮᠡᠳᠡᠭᠡ | ᠵᠠᠩᠭᠢ ᠶᠢᠨ ᠮᠠᠲ᠋ᠧᠷᠢᠶᠠᠯ ᠤᠨ ᠣᠯᠠᠨ ᠨᠡᠶᠢᠲᠡ ᠶᠢᠨ ᠦᠢᠯᠡᠴᠢᠯᠡᠭᠡ ᠶᠢ ᠲᠦᠯᠬᠢᠨ ᠠᠬᠢᠭᠤᠯᠤᠨ᠎ᠠ᠃ | ︵ᠠᠷᠪᠠᠨ ᠲᠠᠪᠤ︶ ᠪᠠᠶᠢᠭᠠᠯᠢ ᠶᠢᠨ ᠡᠬᠢ ᠪᠠᠶᠠᠯᠢᠭ ᠪᠠ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠲᠤᠬᠠᠶ ᠤᠯᠤᠰ᠂ | ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠴᠢᠭᠯᠡᠯᠲᠡ ᠲᠥᠷᠥ ᠶᠢᠨ ᠪᠣᠳᠣᠯᠭ᠎ᠠ᠂ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠬᠠᠤᠯᠢ | ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠰᠢᠮᠳᠠᠭᠤᠯᠤᠨ ᠪᠠᠶᠢᠴᠠᠭᠠᠭᠰᠠᠨ ᠰᠠᠨᠠᠯ ᠢ ᠨᠠᠶᠢᠳᠠᠪᠤᠷᠢᠵᠢᠭᠤᠯᠤᠨ᠎ᠠ᠃ ᠪᠠᠶᠢᠭᠠᠯᠢ ᠶᠢᠨ | ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠵᠢᠴᠢ ᠬᠡᠮᠵᠢᠨ ᠵᠢᠷᠤᠬᠤ ᠠᠵᠢᠯ ᠤᠨ | ᠬᠠᠤᠯᠢ ᠠᠴᠠ ᠵᠥᠷᠢᠴᠡᠭᠰᠡᠨ ᠬᠦᠨᠳᠦ ᠶᠡᠭᠡ ᠬᠡᠷᠡᠭ ᠢ ᠪᠠᠶᠢᠴᠠᠭᠠᠨ ᠰᠢᠢᠳᠪᠦᠷᠢᠯᠡᠨ᠎ᠡ᠃ ᠬᠤᠰᠢᠭᠤ ᠰᠢᠶᠠᠨ ᠤ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠠᠵᠢᠯ ᠢ ᠵᠢᠯᠣᠭᠤᠳᠤᠨ᠎ᠠ᠃ ᠡᠷᠬᠡ ᠣᠯᠭᠤᠬᠤ ᠨᠠᠶᠢᠳᠠᠯᠭ᠎ᠠ ᠶᠢ ᠦᠨᠳᠦᠰᠦᠯᠡᠨ ᠣᠷᠣᠨ ᠨᠤᠲᠤᠭ ᠤᠨ ᠵᠠᠰᠠᠭ ᠤᠨ ᠣᠷᠳᠣᠨ ᠤ ᠪᠠᠶᠢᠭᠠᠯᠢ ᠶᠢᠨ | ᠡᠬᠢ ᠪᠠᠶᠠᠯᠢᠭ ᠪᠠ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠵᠦ | ᠪᠠᠶᠢᠭ᠎ᠠ ᠪᠠᠶᠢᠳᠠᠯ ᠢ ᠬᠢᠨᠠᠨ ᠪᠠᠶᠢᠴᠠᠭᠠᠨ᠎ᠠ᠃ | ︵ᠠᠷᠪᠠᠨ ᠵᠢᠷᠭᠤᠭ᠎ᠠ︶ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠳᠤᠮᠳᠠ ᠠᠶᠤᠯ ᠦᠭᠡᠢ ᠦᠢᠯᠡᠳᠪᠦᠷᠢᠯᠡᠯ ᠤᠨ ᠠᠵᠢᠯ ᠢ | ᠨᠢᠭᠡᠳᠦᠯᠲᠡᠶ ᠲᠥᠯᠥᠪᠯᠡᠨ ᠪᠣᠳᠣᠯᠬᠢᠯᠠᠬᠤ ᠶᠢ ᠬᠠᠷᠢᠭᠤᠴᠠᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠠᠵᠢᠯ ᠲᠥᠷᠥᠯ ᠤᠨ ᠬᠠᠮᠢᠶ᠎ᠠ ᠪᠦᠬᠦᠢ ᠠᠶᠤᠯ ᠦᠭᠡᠢ | ᠦᠢᠯᠡᠳᠪᠦᠷᠢᠯᠡᠯ ᠤᠨ ᠠᠵᠢᠯ ᠢ ᠡᠭᠦᠷᠭᠡᠯᠡᠨ᠎ᠡ᠃ | ︵ᠠᠷᠪᠠᠨ ᠳᠣᠯᠤᠭ᠎ᠠ︶ ᠬᠤᠲᠠ ᠶᠢᠨ ᠣᠢ ᠰᠢᠭᠤᠶ ᠪᠣᠯᠤᠨ ᠨᠤᠲᠤᠭ ᠪᠡᠯᠴᠢᠭᠡᠷ ᠤᠨ ᠲᠣᠪᠴᠢᠶ᠎ᠠ ᠶᠢ ᠨᠢᠭᠡᠳᠦᠯᠲᠡᠶ ᠬᠠᠮᠢᠶᠠᠷᠴᠤ ᠵᠣᠬᠢᠴᠠᠭᠤᠯᠤᠨ᠎ᠠ᠃ | ︵ᠠᠷᠪᠠᠨ ᠨᠠᠢᠮᠠ︶ ᠲᠤᠰ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠶᠣᠰᠣᠭᠠᠷ ᠬᠠᠮᠢᠶ᠎ᠠ ᠪᠦᠬᠦᠢ ᠡᠭᠦᠷᠭᠡ | ᠬᠠᠷᠢᠭᠤᠴᠠᠯᠭ᠎ᠠ ᠶᠢ ᠭᠦᠢᠴᠡᠳᠬᠡᠨ᠎ᠡ᠃ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠠᠬᠢ ᠠᠶᠤᠯ ᠦᠭᠡᠢ ᠦᠢᠯᠡᠳᠪᠦᠷᠢᠯᠡᠯ᠂ ᠡᠷᠬᠢᠯᠡᠭᠰᠡᠨ ᠠᠵᠢᠯ ᠤᠨ ᠡᠷᠡᠭᠦᠯ | ᠮᠡᠨᠳᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ᠃ | ︵ᠠᠷᠪᠠ ᠶᠢᠰᠦ︶ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠠ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ | ᠪᠠᠶᠠᠯᠢᠭ ᠤᠨ ᠲᠢᠩᠬᠢᠮ ᠠᠴᠠ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ |