ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2019/3/4
      ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠪᠣᠯᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠪᠦᠬᠦ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ᠂ ᠲᠥᠷᠦ ᠶᠢᠨ ᠪᠣᠳᠣᠯᠭ᠎ᠠ᠂ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠬᠢᠨᠠᠨ ᠪᠠᠶᠢᠴᠠᠭᠠᠨ᠎ᠠ᠃       ︵ᠬᠤᠶᠠᠷ︶ ᠪᠦᠬᠦ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠲᠥᠯᠥᠪᠵᠢᠭᠦᠯᠭᠡ᠂ ᠲᠥᠷᠦ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠴᠢᠳᠠᠪᠤᠷᠢᠲᠠᠨ ᠬᠥᠮᠦᠵᠢᠭᠦᠯᠬᠦ᠂ ᠤᠷᠢᠬᠤ᠂ ᠬᠡᠷᠡᠭᠯᠡᠬᠦ᠂ ᠦᠨᠡᠯᠡᠬᠦ᠂ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠨ᠎ᠠ᠃ ᠪᠦᠬᠦ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ  ᠤᠨ ᠬᠥᠭᠵᠢᠯᠲᠡ ᠶᠢᠨ ᠲᠥᠯᠥᠪᠵᠢᠭᠦᠯᠭᠡ ᠪᠠ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠤᠨ ᠬᠥᠭᠵᠢᠯᠲᠡ᠂ ᠬᠥᠮᠦᠨ ᠤ ᠬᠦᠴᠦᠨ ᠤ ᠡᠬᠢ ᠪᠠᠶᠠᠯᠢᠭ ᠤᠨ ᠰᠢᠯᠵᠢᠯᠲᠡ ᠶᠢᠨ ᠲᠥᠷᠦ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ ᠂ ᠬᠥᠮᠦᠨ ᠤ ᠬᠦᠴᠦᠨ ᠤ ᠡᠬᠢ ᠪᠠᠶᠠᠯᠢᠭ ᠤᠨ ᠵᠦᠢ ᠵᠣᠬᠢᠰᠲᠠᠢ ᠰᠢᠯᠵᠢᠯᠲᠡ᠂ ᠪᠦᠲᠦᠮᠵᠢᠲᠡᠢ ᠲᠣᠬᠢᠷᠠᠭᠤᠯᠤᠯᠲᠠ ᠶᠢ ᠠᠬᠢᠭᠤᠯᠤᠨ᠎ᠠ᠃       ︵ᠭᠤᠷᠪᠠ  ︶ ᠪᠦᠬᠦ ᠬᠤᠲᠠ ᠶᠢᠨ ᠬᠤᠲᠠ ᠬᠥᠳᠡᠭᠡ ᠶᠢᠨ ᠠᠵᠢᠯ ᠣᠯᠭᠤᠯᠲᠠ ᠶᠢᠨ ᠬᠥᠭᠵᠢᠯᠲᠡ ᠶᠢ ᠨᠢᠭᠡᠳᠦᠯᠲᠡᠢ  ᠲᠥᠯᠥᠪᠯᠡᠬᠦ ᠲᠥᠯᠥᠪᠵᠢᠭᠦᠯᠭᠡ᠂ ᠲᠥᠷᠦ ᠶᠢᠨ ᠪᠣᠳᠣᠯᠭ᠎ᠠ ᠶᠢ ᠲᠤᠭᠤᠷᠪᠢᠵᠤ᠂ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠬᠤᠲᠠ ᠬᠥᠳᠡᠭᠡ ᠶᠢᠨ ᠬᠥᠳᠡᠯᠮᠦᠷᠢᠴᠢᠳ ᠲᠤ ᠬᠠᠨᠳᠤᠭᠤᠯᠤᠭᠰᠠᠨ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠳᠦᠷᠢᠮ ᠢ ᠨᠢᠭᠡᠳᠦᠯᠲᠡᠶ ᠲᠥᠯᠥᠪᠯᠡᠨ ᠪᠠᠶᠢᠭᠤᠯᠵᠤ᠂ ᠠᠵᠢᠯ ᠣᠯᠭᠤᠯᠲᠠ ᠶᠢ ᠲᠤᠰᠠᠯᠠᠬᠤ ᠳᠦᠷᠢᠮ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ  ᠲᠤ ᠠᠵᠢᠯ ᠣᠯᠭᠤᠬᠤ ᠲᠥᠷᠥ ᠶᠢᠨ ᠪᠣᠳᠣᠯᠭ᠎ᠠ ᠶᠢ ᠲᠦᠷᠦᠭᠦᠯᠡᠨ ᠲᠣᠭᠲᠠᠭᠠᠨ᠎ᠠ᠃       ︵ᠳᠥᠷᠪᠡ︶ ᠬᠤᠲᠠ ᠬᠥᠳᠡᠭᠡ ᠶᠢ ᠬᠠᠮᠤᠷᠤᠭᠰᠠᠨ ᠣᠯᠠᠨ ᠲᠡᠰ ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮᠵᠢ ᠶᠢ ᠪᠠᠶᠢᠭᠤᠯᠬᠤ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠪᠦᠬᠦ ᠬᠤᠲᠠ ᠶᠢᠨ ᠨᠠᠰᠤᠵᠢᠯ ᠤᠨ ᠠᠰᠠᠷᠠᠮᠵᠢ᠂ ᠠᠵᠢᠯ ᠠᠯᠳᠠᠯᠲᠠ᠂ ᠠᠵᠢᠯ ᠠᠴᠠ ᠪᠣᠯᠤᠭᠰᠠᠨ ᠭᠡᠮᠲᠦᠯ ᠵᠡᠷᠭᠡ ᠨᠡᠶᠢᠭᠡᠮ ᠤᠨ ᠳᠠᠭᠠᠳᠬᠠᠯ ᠵᠢᠴᠢ ᠨᠥᠬᠦᠪᠥᠷᠢ ᠳᠠᠭᠠᠳᠬᠠᠯ ᠤᠨ ᠲᠥᠷᠦ ᠶᠢᠨ ᠪᠣᠳᠣᠯᠭ᠎ᠠ ᠪᠠ ᠪᠠᠷᠢᠮᠵᠢᠶ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠨᠠᠰᠤᠵᠢᠯ ᠤᠨ ᠠᠰᠠᠷᠠᠮᠵᠢ᠂ ᠠᠵᠢᠯ ᠠᠯᠳᠠᠯᠲᠠ᠂ ᠠᠵᠢᠯ ᠠᠴᠠ ᠪᠣᠯᠤᠭᠰᠠᠨ ᠭᠡᠮᠲᠦᠯ ᠵᠡᠷᠭᠡ ᠨᠡᠶᠢᠭᠡᠮ ᠤᠨ ᠳᠠᠭᠠᠳᠬᠠᠯ ᠵᠢᠴᠢ ᠨᠥᠬᠦᠪᠥᠷᠢ ᠳᠠᠭᠠᠳᠬᠠᠯ ᠤᠨ ᠰᠠᠭᠤᠷᠢ ᠮᠥᠩᠭᠦ ᠶᠢᠨ ᠬᠠᠮᠢᠶᠠᠷᠤᠯᠲᠠ ᠪᠠ ᠬᠢᠨᠠᠯᠲᠠ ᠲᠠᠯᠪᠢᠬᠤ ᠳᠦᠷᠢᠮ ᠢ ᠲᠤᠭᠤᠷᠪᠢᠨ ᠲᠣᠭᠲᠠᠭᠠᠵᠤ᠂ ᠪᠦᠬᠦ ᠬᠤᠲᠠ ᠶᠢᠨ ᠬᠠᠮᠢᠶ᠎ᠠ ᠪᠦᠬᠦᠢ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠲᠥᠰᠦᠪ ᠪᠠ ᠲᠥᠰᠦᠪ  ᠤᠨ ᠭᠦᠢᠴᠡᠳᠬᠡᠯ ᠤᠨ ᠲᠥᠰᠦᠯ ᠢ ᠨᠠᠶᠢᠷᠠᠭᠤᠯᠤᠨ ᠵᠣᠬᠢᠶᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠬᠡᠷᠡᠭᠵᠢᠭᠦᠯᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠶᠣᠰᠣᠭᠠᠷ ᠨᠢᠭᠡᠳᠦᠯᠲᠡᠶ ᠨᠡᠶᠢᠭᠡᠮ ᠤᠨ ᠳᠠᠭᠠᠳᠬᠠᠯ ᠤᠨ ᠣᠯᠠᠨ ᠨᠡᠶᠢᠲᠡ ᠶᠢᠨ ᠦᠶᠯᠡᠴᠢᠯᠡᠭᠡᠨ ᠤ ᠲᠠᠪᠴᠠᠩ ᠢ ᠪᠠᠶᠢᠭᠤᠯᠤᠨ᠎ᠠ᠃       ︵ᠲᠠᠪᠤ︶ ᠪᠦᠬᠦ ᠬᠤᠲᠠ ᠶᠢᠨ ᠠᠵᠢᠯ ᠣᠯᠭᠤᠯᠲᠠ᠂ ᠠᠵᠢᠯ ᠠᠯᠳᠠᠯᠲᠠ ᠪᠠ ᠬᠤᠯᠪᠣᠭᠳᠠᠯ ᠪᠦᠬᠦᠢ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ  ᠶᠢ ᠤᠷᠢᠳᠴᠢᠯᠠᠨ ᠵᠢᠱᠢᠵᠦ ᠤᠷᠢᠳᠴᠢᠯᠠᠨ ᠰᠡᠷᠡᠮᠵᠢᠯᠡᠭᠦᠯᠬᠦ ᠵᠢᠴᠢ ᠮᠡᠳᠡᠭᠡ ᠵᠠᠩᠭᠢ ᠪᠠᠷ ᠬᠥᠲᠥᠯᠥᠨ ᠵᠢᠯᠣᠭᠤᠳᠬᠤ ᠶᠢ ᠬᠠᠷᠢᠭᠤᠴᠠᠵᠤ᠂ ᠠᠷᠭᠠᠴᠠᠭᠠᠬᠤ ᠪᠡᠯᠡᠳᠬᠡᠯ ᠲᠥᠰᠦᠯ ᠢ ᠲᠤᠭᠤᠷᠪᠢᠨ ᠲᠣᠭᠲᠠᠭᠠᠵᠤ᠂ ᠤᠷᠢᠳᠴᠢᠯᠠᠨ ᠰᠡᠷᠭᠡᠶᠢᠯᠡᠬᠦ᠂ ᠲᠣᠬᠢᠷᠠᠭᠤᠯᠬᠤ ᠪᠠ ᠬᠢᠵᠠᠭᠠᠷᠯᠠᠬᠤ ᠶᠢ ᠬᠡᠷᠡᠭᠵᠢᠭᠦᠯᠵᠦ᠂ ᠠᠵᠢᠯ ᠣᠯᠭᠤᠯᠲᠠ  ᠶᠢᠨ ᠪᠠᠶᠢᠳᠠᠯ ᠤᠨ ᠲᠣᠭᠲᠠᠭᠤᠨ ᠪᠠᠶᠢᠬᠤ ᠪᠠ ᠬᠤᠯᠪᠣᠭᠳᠠᠯ ᠪᠦᠬᠦᠢ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ ᠵᠠᠷᠤᠯᠭ᠎ᠠ ᠶᠡᠷᠦᠩᠬᠡᠶ ᠳᠡᠭᠡᠨ ᠲᠡᠩᠴᠡᠭᠦᠷᠢ ᠲᠠᠢ ᠪᠠᠶᠢᠬᠤ ᠶᠢ ᠪᠠᠲᠤᠯᠠᠨ᠎ᠠ᠃       ︵ᠵᠢᠷᠭᠤᠭ᠎ᠠ︶ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠡᠶᠡᠳᠡᠭᠦᠯᠦᠨ ᠬᠥᠨᠳᠡᠯᠡᠨ ᠠᠴᠠ ᠲᠠᠰᠤᠯᠬᠤ ᠳᠦᠷᠢᠮ ᠪᠣᠯᠤᠨ ᠬᠥᠳᠡᠯᠮᠦᠷᠢ ᠶᠢᠨ ᠬᠠᠷᠢᠴᠠᠭ᠎ᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠬᠥᠳᠡᠯᠮᠦᠷᠢ ᠶᠢᠨ ᠬᠠᠷᠢᠴᠠᠭ᠎ᠠ ᠶᠢ ᠵᠥᠪᠳᠡᠯᠴᠡᠨ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠠᠵᠢᠯᠲᠠᠨ ᠠᠵᠢᠯᠴᠢᠨ ᠤ ᠠᠵᠢᠯᠯᠠᠬᠤ ᠴᠠᠭ᠂ ᠠᠮᠠᠷᠠᠯᠲᠠ ᠪᠠ ᠠᠮᠠᠷᠠᠯᠲᠠ ᠶᠢᠨ ᠴᠢᠯᠥᠭᠡ᠂ ᠠᠮᠠᠷᠠᠯᠲᠠ ᠶᠢᠨ ᠳᠦᠷᠢᠮ ᠪᠠ ᠬᠡᠦᠭᠡᠳ ᠠᠵᠢᠯᠴᠢᠨ᠂ ᠡᠮᠡᠭᠲᠡᠢ ᠠᠵᠢᠯᠴᠢᠨ ᠵᠢᠴᠢ ᠨᠠᠰᠤᠨ ᠳᠤ ᠬᠦᠷᠦᠭᠡᠳᠦᠢ ᠠᠵᠢᠯᠴᠢᠨ ᠢ ᠬᠠᠤᠯᠢ ᠪᠤᠰᠤ ᠪᠠᠷ ᠬᠡᠷᠡᠭᠯᠡᠬᠦ ᠶᠢ ᠦᠭᠡᠶᠢᠰᠬᠡᠬᠦ ᠣᠨᠴᠠᠭᠠᠢ ᠬᠥᠳᠡᠯᠮᠦᠷᠢ ᠶᠢᠨ ᠬᠠᠮᠠᠭᠠᠯᠠᠯᠲᠠ ᠶᠢᠨ ᠲᠥᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠥᠳᠡᠯᠮᠦᠷᠢᠴᠢᠳ ᠤᠨ ᠡᠷᠬᠡ ᠪᠠᠨ ᠬᠠᠮᠠᠭᠠᠯᠠᠬᠤ ᠠᠵᠢᠯ ᠢ ᠵᠣᠬᠢᠴᠠᠭᠤᠯᠤᠨ᠂ ᠬᠦᠨᠳᠦ ᠨᠣᠴᠢᠲᠠᠢ ᠬᠡᠷᠡᠭ ᠢ ᠬᠠᠤᠯᠢ ᠶᠣᠰᠣᠭᠠᠷ ᠪᠠᠶᠢᠴᠠᠭᠠᠨ ᠰᠢᠶᠳᠪᠦᠷᠢᠯᠡᠨ᠎ᠡ᠃       ︵ᠳᠣᠯᠤᠭ᠎ᠠ︶ ᠮᠡᠷᠭᠡᠵᠢᠯ ᠤᠨ ᠴᠣᠯᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠢ ᠲᠦᠷᠦᠭᠦᠯᠡᠨ ᠠᠬᠢᠭᠤᠯᠵᠤ᠂ ᠪᠦᠬᠦ ᠬᠤᠲᠠ ᠶᠢᠨ ᠲᠤᠰᠬᠠᠶ ᠮᠡᠷᠭᠡᠵᠢᠯ ᠤᠨ ᠠᠵᠢᠯᠲᠠᠨ ᠤ ᠬᠠᠮᠢᠶᠠᠷᠤᠯᠲᠠ᠂ ᠦᠷᠭᠦᠯᠵᠢᠯᠡᠭᠰᠡᠨ ᠰᠤᠷᠭᠠᠨ ᠬᠥᠮᠦᠵᠢᠯ ᠪᠠ ᠠᠬᠠᠯᠠᠭᠴᠢ ᠳ᠋ᠣᠺᠲ᠋ᠣᠷ ᠤᠨ ᠬᠠᠮᠢᠶᠠᠷᠤᠯᠲᠠ ᠵᠡᠷᠭᠡ ᠲᠥᠷᠥ ᠶᠢᠨ ᠪᠣᠳᠣᠯᠭ᠎ᠠ ᠶᠢ ᠲᠤᠭᠤᠷᠪᠢᠵᠤ᠂ ᠦᠨᠳᠦᠷ ᠳᠡᠰ ᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠰᠢᠯᠢᠨ ᠰᠣᠩᠭᠤᠬᠤ ᠪᠠ ᠬᠥᠮᠦᠵᠢᠭᠦᠯᠬᠦ ᠠᠵᠢᠯ ᠢ ᠬᠠᠷᠢᠭᠤᠴᠠᠵᠤ᠂ ᠤᠯᠤᠰ ︵ᠬᠢᠯᠢ︶ ᠤᠨ ᠭᠠᠳᠠᠨᠠᠬᠢ ᠲᠤᠰᠬᠠᠶ ᠮᠡᠷᠭᠡᠵᠢᠯᠲᠡᠨ᠂ ᠭᠠᠳᠠᠭᠠᠳᠤ ᠳᠤ ᠰᠤᠷᠤᠯᠴᠠᠭᠴᠢ ᠶᠢ ᠮᠠᠨ ᠤ ᠬᠤᠲᠠ ︵ᠬᠤᠲᠠ ᠳᠤ ᠪᠠᠨ ᠪᠤᠴᠠᠵᠤ︶ ᠳᠤ ᠲᠡᠳᠡᠨ ᠠᠪᠴᠢᠷᠠᠬᠤ ᠠᠵᠢᠯ ᠤᠨ ᠲᠥᠷᠥ ᠶᠢᠨ ᠪᠣᠳᠣᠯᠭ᠎ᠠ ᠶᠢ ᠲᠤᠭᠤᠷᠪᠢᠨ᠎ᠠ᠃ ᠲᠣᠭᠲᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠬᠡᠰᠡᠭ ᠭᠠᠳᠠᠭᠠᠳᠤ ᠶᠢᠨ ᠬᠥᠮᠦᠨ ᠤ ᠳᠤᠮᠳᠠᠳᠤ ᠳᠤ ᠢᠷᠡᠵᠦ ᠠᠵᠢᠯᠯᠠᠬᠤ ᠬᠠᠮᠢᠶ᠎ᠠ ᠪᠦᠬᠦᠢ ᠶᠠᠪᠤᠳᠠᠯ ᠢ ᠬᠠᠷᠢᠭᠤᠴᠠᠨ᠎ᠠ᠃ ᠮᠡᠷᠭᠡᠵᠢᠯ ᠴᠢᠳᠠᠪᠤᠷᠢ ᠶᠢᠨ ᠴᠢᠳᠠᠪᠤᠷᠢᠲᠠᠨ ᠬᠥᠮᠦᠵᠢᠭᠦᠯᠬᠦ᠂ ᠦᠨᠡᠯᠡᠬᠦ᠂ ᠬᠡᠷᠡᠭᠯᠡᠬᠦ ᠪᠠ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠵᠢᠯ ᠮᠡᠷᠭᠡᠵᠢᠯ ᠤᠨ ᠬᠢᠷᠢ ᠭᠡᠮ ᠤᠨ ᠳᠦᠷᠢᠮ ᠢ ᠨᠠᠶᠢᠳᠠᠪᠤᠷᠢᠵᠢᠭᠤᠯᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠠᠵᠢᠯ ᠮᠡᠷᠭᠡᠵᠢᠯ ᠤᠨ ᠴᠢᠳᠠᠪᠤᠷᠢ ᠶᠢᠨ ᠣᠯᠠᠨ ᠡᠰᠢᠵᠢᠭᠰᠡᠨ ᠦᠨᠡᠯᠡᠯᠲᠡ ᠶᠢᠨ ᠲᠣᠭᠲᠠᠴᠠ ᠶᠢ ᠪᠠᠶᠢᠭᠤᠯᠤᠨ᠎ᠠ᠃ ᠨᠠᠰᠤᠨ ᠲᠤᠷᠰᠢᠳᠠ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃       ︵ᠨᠠᠶᠮᠠ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠬᠤᠲᠠ ᠶᠢᠨ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠶᠠᠪᠤᠳᠠᠯ  ᠤᠨ ᠳᠦᠷᠢᠮ ᠤᠨ ᠥᠭᠡᠷᠡᠴᠢᠯᠡᠯᠲᠡ ᠶᠢ ᠵᠢᠯᠣᠭᠤᠳᠤᠨ᠎ᠠ᠃ ᠠᠵᠢᠯ ᠦᠢᠯᠡᠰ ᠤᠨ ᠨᠢᠭᠡᠴᠢ ᠶᠢᠨ ᠠᠵᠢᠯ ᠤᠨ ᠪᠠᠶᠢᠷᠢ ᠲᠣᠬᠢᠷᠠᠭᠤᠯᠬᠤ᠂ ᠢᠯᠡ ᠪᠠᠷ ᠤᠷᠢᠬᠤ᠂ ᠤᠷᠢᠵᠤ ᠬᠡᠷᠡᠭᠯᠡᠬᠦ ᠭᠡᠷ᠎ᠡ ᠵᠡᠷᠭᠡ ᠠᠵᠢᠯᠲᠠᠨ ᠤ ᠶᠠᠪᠤᠳᠠᠯ ᠤᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠠᠵᠢᠯ ᠢ ᠳᠠᠭᠠᠭᠠᠨ ᠭᠦᠶᠴᠡᠳᠬᠡᠬᠦ ᠶᠢ ᠬᠠᠷᠢᠭᠤᠴᠠᠨ᠎ᠠ᠃ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠪᠣᠯᠤᠨ ᠪᠠᠶᠢᠭᠤᠯᠭ᠎ᠠ ᠶᠢᠨ ᠦᠶᠯᠡᠴᠢᠯᠡᠭᠡᠨ ᠤ ᠠᠵᠢᠯᠲᠠᠨ ᠤ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠨ᠎ᠠ᠃      ︵ᠶᠢᠰᠦ︶ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠡᠷ᠎ᠡ ᠪᠠᠷ ᠥᠷᠨᠢᠭᠦᠯᠦᠭᠰᠡᠨ ᠠᠳᠠᠯᠢᠳᠬᠠᠨ ᠰᠢᠯᠭᠠᠷᠠᠭᠤᠯᠵᠤ ᠪᠠᠷᠢᠮᠵᠢᠶ᠎ᠠ ᠳᠤ ᠬᠦᠷᠦᠭᠦᠯᠦᠨ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠶᠢ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠥᠷᠨᠢᠭᠦᠯᠦᠭᠰᠡᠨ ᠠᠳᠠᠯᠢᠳᠬᠠᠨ ᠰᠢᠯᠭᠠᠷᠠᠭᠤᠯᠵᠤ ᠪᠠᠷᠢᠮᠵᠢᠶ᠎ᠠ ᠳᠤ ᠬᠦᠷᠦᠭᠦᠯᠦᠨ ᠬᠥᠬᠢᠭᠦᠯᠦᠨ ᠰᠠᠶᠢᠰᠢᠶᠠᠬᠤ ᠲᠥᠷᠥᠯ ᠵᠦᠢᠯ ᠤᠨ ᠬᠠᠮᠢᠶ᠎ᠠ ᠪᠦᠬᠦᠢ ᠠᠵᠢᠯ ᠢ ᠳᠠᠭᠠᠭᠠᠨ ᠭᠦᠢᠴᠡᠳᠬᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠬᠤᠲᠠ ᠶᠢᠨ ᠠᠳᠠᠯᠢᠳᠬᠠᠨ ᠰᠢᠯᠭᠠᠷᠠᠭᠤᠯᠵᠤ ᠪᠠᠷᠢᠮᠵᠢᠶ᠎ᠠ ᠳᠤ ᠬᠦᠷᠦᠭᠦᠯᠦᠨ ᠬᠥᠬᠢᠭᠦᠯᠦᠨ ᠰᠠᠶᠢᠰᠢᠶᠠᠬᠤ ᠠᠵᠢᠯ ᠢ ᠡᠭᠦᠷᠭᠡᠯᠡᠨ᠎ᠡ᠃       ︵ᠠᠷᠪᠠ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠬᠤᠲᠠ ᠶᠢᠨ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠴᠠᠯᠢᠩ  ᠤᠨ ᠣᠷᠣᠯᠭ᠎ᠠ ᠶᠢᠨ ᠬᠤᠪᠢᠶᠠᠷᠢᠯᠠᠯᠲᠠ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠴᠠᠯᠢᠩ ᠢ ᠲᠣᠭᠲᠠᠭᠠᠬᠤ᠂ ᠬᠡᠪ ᠤᠨ ᠥᠰᠦᠯᠲᠡ ᠪᠠ ᠴᠠᠯᠢᠩ ᠥᠭᠬᠦ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠪᠦᠬᠦ ᠬᠤᠲᠠ ᠶᠢᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠠᠰᠠᠷᠠᠮᠵᠢ ᠪᠠ ᠠᠵᠢᠯ ᠠᠴᠠ ᠪᠠᠨ ᠠᠮᠠᠷᠠᠭᠰᠠᠳ ᠪᠠᠭᠤᠭᠰᠠᠳ ᠤᠨ ᠲᠥᠷᠦ ᠶᠢᠨ ᠪᠣᠳᠣᠯᠭ᠎ᠠ  ᠶᠢ ᠲᠤᠭᠤᠷᠪᠢᠨ ᠲᠣᠭᠲᠠᠭᠠᠨ᠎ᠠ᠃       ︵ᠠᠷᠪᠠᠨ ᠨᠢᠭᠡ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠦᠴᠦ ᠶᠠᠪᠤᠭᠴᠢ ᠮᠠᠯᠴᠢᠨ ᠲᠠᠷᠢᠶᠠᠴᠢᠨ ᠤ ᠠᠵᠢᠯ ᠤᠨ ᠶᠡᠷᠦᠩᠬᠡᠶᠢᠯᠡᠭᠰᠡᠨ ᠴᠢᠨᠠᠷᠲᠠᠶ ᠲᠥᠷᠥ ᠶᠢᠨ ᠪᠣᠳᠣᠯᠭ᠎ᠠ ᠪᠣᠯᠤᠨ ᠲᠥᠯᠥᠪᠵᠢᠭᠦᠯᠭᠡ ᠶᠢ ᠲᠣᠭᠲᠠᠭᠠᠵᠤ᠂ ᠬᠦᠴᠦ ᠶᠠᠪᠤᠭᠴᠢ ᠮᠠᠯᠴᠢᠨ ᠲᠠᠷᠢᠶᠠᠴᠢᠨ ᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠲᠦᠯᠬᠢᠨ ᠠᠬᠢᠭᠤᠯᠵᠤ᠂ ᠭᠤᠤᠯᠳᠠᠯᠭ᠎ᠠ ᠲᠠᠢ ᠬᠦᠴᠢᠷ ᠠᠰᠠᠭᠤᠳᠠᠯ ᠢ ᠵᠣᠬᠢᠴᠠᠭᠤᠯᠤᠨ ᠰᠢᠶᠳᠪᠦᠷᠢᠯᠡᠵᠦ᠂ ᠬᠦᠴᠦ ᠶᠠᠪᠤᠭᠴᠢ ᠮᠠᠯᠴᠢᠨ ᠲᠠᠷᠢᠶᠠᠴᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃      ︵ᠠᠷᠪᠠᠨ ᠬᠤᠶᠠᠷ︶ ᠲᠤᠰ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠶᠣᠰᠣᠭᠠᠷ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢ ᠭᠦᠶᠴᠡᠳᠬᠡᠨ᠎ᠡ᠃ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠠᠬᠢ ᠠᠶᠤᠯ ᠦᠭᠡᠢ ᠦᠶᠯᠡᠳᠪᠦᠷᠢᠯᠡᠯ᠂ ᠡᠷᠬᠢᠯᠡᠭᠰᠡᠨ ᠠᠵᠢᠯ ᠤᠨ ᠡᠷᠡᠭᠦᠯ ᠮᠡᠨᠳᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ᠃      ︵ᠠᠷᠪᠠᠨ ᠭᠤᠷᠪᠠ︶ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ ᠃  
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ