ᠬᠠᠤᠯᠢ ᠴᠠᠭᠠᠵᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2019/3/4
ᠤᠳᠤᠷᠢᠳᠤᠯᠭ᠎ᠠ ᠶᠢᠨ ᠨᠠᠮᠲᠠᠷ᠄      ᠱᠢ ᠰᠢᠦᠸᠢ ᠵᠢᠶᠦ᠋ᠨ᠂ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ᠂ ᠬᠤᠲᠠ ᠶᠢᠨ ᠠᠯᠪᠠᠳᠠᠯᠭ᠎ᠠ ᠪᠠᠷ ᠲᠤᠰᠠᠭᠠᠷᠯᠠᠵᠤ ᠬᠤᠣᠷ ᠲᠠᠲᠠᠬᠤ ᠶᠢ ᠵᠣᠭᠰᠣᠭᠠᠬᠤ ᠭᠠᠵᠠᠷ ᠤᠨ ᠨᠢᠭᠡᠳᠦᠭᠡᠷ ᠤᠯᠤᠰ ᠲᠥᠷᠥ ᠶᠢᠨ ᠭᠡᠰᠢᠭᠦᠨ᠃ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠶᠢᠨ ᠪᠦᠬᠦ ᠲᠠᠯ᠎ᠠ ᠶᠢᠨ ᠠᠵᠢᠯ ᠢ ᠡᠷᠬᠢᠯᠡᠨ᠎ᠡ᠃ᠪᠠᠶᠢᠭᠤᠯᠭ᠎ᠠ ᠶᠢᠨ ᠲᠠᠨᠢᠯᠴᠠᠭᠤᠯᠭ᠎ᠠ᠄      ᠬᠥᠬᠡᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠪᠣᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠮᠥᠨ᠂ ᠵᠢᠩᠬᠢᠨᠢ ᠭᠠᠵᠠᠷ ᠤᠨ ᠲᠠᠰ ᠲᠠᠢ᠃      ᠬᠥᠬᠡᠬᠤᠲᠠ ᠶᠢᠨ ᠨᠠᠮ ᠤᠨ ᠬᠤᠷᠢᠶ᠎ᠠ ᠶᠢᠨ ᠬᠠᠤᠯᠢ ᠶᠣᠰᠣᠭᠠᠷ ᠬᠤᠲᠠ ᠪᠠᠨ ᠵᠠᠰᠠᠬᠤ ᠬᠤᠷᠢᠶ᠎ᠠ ᠶᠢᠨ ᠠᠯᠪᠠᠨ ᠭᠡᠷ ︵ᠳᠣᠷᠣᠭᠰᠢ ᠬᠤᠲᠠ ᠶᠢᠨ ᠨᠠᠮ ᠤᠨ ᠬᠤᠷᠢᠶ᠎ᠠ ᠶᠢᠨ ᠬᠠᠤᠯᠢ ᠶᠣᠰᠣᠭᠠᠷ ᠬᠤᠲᠠ ᠶᠢ ᠵᠠᠰᠠᠬᠤ ᠠᠯᠪᠠᠨ ᠭᠡᠷ ᠭᠡᠵᠦ ᠳᠥᠭᠦᠮᠴᠢᠯᠡᠨ᠎ᠡ︶ ᠢ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠳᠤ ᠲᠣᠬᠢᠷᠠᠭᠤᠯᠵᠤ᠂ ᠬᠤᠷᠢᠶ᠎ᠠ ᠶᠢᠨ ᠰᠢᠭᠤᠳ ᠤᠳᠤᠷᠢᠳᠤᠯᠭ᠎ᠠ ᠶᠢ ᠭᠥᠯᠢᠶᠡᠨ᠂ ᠬᠤᠷᠢᠶ᠎ᠠ ᠶᠢᠨ ᠪᠣᠳᠠᠲᠠᠢ ᠠᠵᠢᠯ ᠢ ᠡᠭᠦᠷᠭᠡᠯᠡᠵᠦ᠂ ᠪᠥᠬᠦ ᠲᠠᠯ᠎ᠠ ᠪᠠᠷ ᠬᠠᠤᠯᠢ ᠶᠣᠰᠣᠭᠠᠷ ᠬᠤᠲᠠ ᠪᠠᠨ ᠵᠠᠰᠠᠬᠤ ᠴᠢᠬᠤᠯᠠ ᠶᠡᠭᠡ ᠠᠰᠠᠭᠤᠳᠠᠯ ᠤᠨ ᠲᠥᠷᠥ ᠶᠢᠨ ᠪᠣᠳᠣᠯᠭ᠎ᠠ ᠶᠢᠨ ᠰᠤᠳᠤᠯᠭᠠᠨ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠯᠪᠣᠭᠳᠠᠯ ᠪᠦᠬᠦᠢ ᠲᠠᠯ᠎ᠠ ᠶᠢᠨ ᠬᠢᠨ ᠤ ᠵᠥᠪᠯᠡᠯ ᠤᠨ ᠲᠣᠭᠲᠠᠭᠠᠭᠰᠠᠨ ᠵᠦᠢᠯᠡᠰ᠂ ᠠᠵᠢᠯ ᠤᠨ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠵᠡᠷᠭᠡ ᠶᠢ ᠨᠠᠶᠢᠳᠠᠪᠤᠷᠢᠵᠢᠭᠤᠯᠬᠤ ᠶᠢ ᠵᠣᠬᠢᠴᠠᠭᠤᠯᠤᠨ ᠰᠢᠮᠳᠠᠭᠤᠯᠤᠨ᠎ᠠ᠃ ᠬᠤᠲᠠ ᠶᠢᠨ ᠨᠠᠮ ᠤᠨ ᠬᠤᠷᠢᠶ᠎ᠠ ᠶᠢᠨ ᠬᠠᠤᠯᠢ ᠶᠣᠰᠣᠭᠠᠷ ᠬᠤᠲᠠ ᠶᠢ ᠵᠠᠰᠠᠬᠤ ᠨᠠᠷᠢᠨ ᠪᠢᠴᠢᠭ ᠤᠨ ᠰᠠᠯᠠᠭ᠎ᠠ ᠲᠣᠬᠢᠷᠠᠭᠤᠯᠵᠤ᠂ ᠬᠤᠲᠠ ᠶᠢᠨ ᠨᠠᠮ ᠤᠨ ᠬᠤᠷᠢᠶ᠎ᠠ ᠶᠢᠨ ᠬᠠᠤᠯᠢ ᠶᠣᠰᠣᠭᠠᠷ ᠬᠤᠲᠠ ᠶᠢ ᠵᠠᠰᠠᠬᠤ ᠠᠯᠪᠠᠨ ᠭᠡᠷ ᠤᠨ ᠡᠳᠦᠷ ᠲᠤᠲᠤᠮ ᠤᠨ ᠬᠡᠷᠡᠭ ᠶᠠᠪᠤᠳᠠᠯ ᠢ ᠰᠢᠢᠳᠪᠦᠷᠢᠯᠡᠨ᠎ᠡ᠃ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠶᠢᠨ ᠳᠣᠲᠣᠭᠠᠳᠤ ᠶᠢᠨ ᠪᠠᠶᠢᠭᠤᠯᠤᠮᠵᠢ ᠨᠢ ᠠᠵᠢᠯ ᠤᠨ ᠬᠡᠷᠡᠭᠴᠡᠭᠡ ᠪᠠᠨ ᠦᠨᠳᠦᠰᠦᠯᠡᠨ ᠬᠤᠲᠠ ᠶᠢᠨ ᠨᠠᠮ ᠤᠨ ᠬᠤᠷᠢᠶ᠎ᠠ ᠶᠢᠨ ᠬᠠᠤᠯᠢ ᠶᠣᠰᠣᠭᠠᠷ ᠬᠤᠲᠠ ᠪᠠᠨ ᠵᠠᠰᠠᠬᠤ ᠠᠯᠪᠠᠨ ᠭᠡᠷ ᠤᠨ ᠬᠠᠮᠢᠶ᠎ᠠ ᠪᠦᠬᠦᠢ ᠠᠵᠢᠯ ᠢ ᠡᠭᠦᠷᠭᠡᠯᠡᠵᠦ᠂ ᠬᠤᠲᠠ ᠶᠢᠨ ᠨᠠᠮ ᠤᠨ ᠬᠤᠷᠢᠶ᠎ᠠ ᠶᠢᠨ ᠬᠠᠤᠯᠢ ᠶᠣᠰᠣᠭᠠᠷ ᠬᠤᠲᠠ ᠪᠠᠨ ᠵᠠᠰᠠᠬᠤ ᠠᠯᠪᠠᠨ ᠭᠡᠷ ᠤᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠬᠦᠯᠢᠶᠡᠨ᠎ᠡ᠃ᠭᠤᠣᠯ ᠡᠭᠦᠷᠭᠡ ᠲᠤᠰᠢᠶᠠᠯ᠄      ︵ᠨᠢᠭᠡ︶ ᠪᠥᠬᠦ ᠲᠠᠯ᠎ᠠ ᠪᠠᠷ ᠬᠠᠤᠯᠢ ᠶᠣᠰᠣᠭᠠᠷ ᠬᠤᠲᠠ ᠶᠢ ᠵᠠᠰᠠᠬᠤ ᠴᠢᠬᠤᠯᠠ ᠶᠡᠭᠡ ᠠᠰᠠᠭᠤᠳᠠᠯ ᠤᠨ ᠲᠥᠷᠥ ᠶᠢᠨ ᠪᠣᠳᠣᠯᠭ᠎ᠠ ᠶᠢᠨ ᠰᠤᠳᠤᠯᠭᠠᠨ ᠢ ᠡᠭᠦᠷᠭᠡᠯᠡᠵᠦ᠂ ᠬᠤᠯᠪᠣᠭᠳᠠᠯ ᠪᠦᠬᠦᠢ ᠲᠠᠯ᠎ᠠ ᠶᠢᠨ ᠬᠢᠨ ᠢ ᠵᠣᠬᠢᠴᠠᠭᠤᠯᠤᠨ ᠪᠥᠬᠦ ᠲᠠᠯ᠎ᠠ ᠪᠠᠷ ᠬᠠᠤᠯᠢ ᠶᠣᠰᠣᠭᠠᠷ ᠬᠤᠲᠠ ᠶᠢ ᠵᠠᠰᠠᠬᠤ ᠳᠤᠮᠳᠠ ᠣᠷᠳᠣ ᠬᠤᠭᠤᠴᠠᠭᠠᠨ ᠤ ᠲᠥᠯᠦᠪᠵᠢᠭᠦᠯᠭᠡ ᠶᠢᠨ ᠰᠠᠨᠠᠭᠤᠯᠭ᠎ᠠ ᠳᠤᠷᠠᠳᠴᠤ᠂ ᠬᠤᠯᠪᠣᠭᠳᠠᠯ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠰᠢᠮᠳᠠᠭᠤᠯᠤᠨ ᠪᠠᠶᠢᠴᠠᠭᠠᠬᠤ ᠠᠵᠢᠯ ᠢ ᠬᠠᠷᠢᠭᠤᠴᠠᠨ᠎ᠠ᠃      ︵ᠬᠤᠶᠠᠷ︶ ᠬᠠᠤᠯᠢ ᠲᠣᠭᠲᠠᠭᠠᠬᠤ ᠠᠵᠢᠯ ᠢ ᠨᠢᠭᠡᠳᠦᠯᠲᠡᠢ ᠲᠥᠯᠥᠪᠵᠢᠭᠦᠯᠬᠦ ᠬᠠᠷᠢᠭᠤᠴᠠᠯᠭ᠎ᠠ ᠶᠢ ᠡᠭᠦᠷᠭᠡᠯᠡᠨ᠎ᠡ᠃ ᠬᠤᠯᠪᠣᠭᠳᠠᠯ ᠪᠦᠬᠦᠢ ᠲᠠᠯ᠎ᠠ ᠶᠢᠨ  ᠬᠢᠨ ᠲᠠᠢ ᠵᠣᠬᠢᠴᠠᠭᠤᠯᠤᠨ ᠬᠠᠤᠯᠢ ᠲᠣᠭᠲᠠᠭᠠᠬᠤ ᠲᠥᠯᠦᠪᠵᠢᠭᠦᠯᠭᠡ ᠪᠠ ᠬᠠᠤᠯᠢ ᠲᠣᠭᠲᠠᠭᠠᠬᠤ ᠠᠵᠢᠯ ᠤᠨ ᠣᠨ ᠤ ᠲᠥᠯᠥᠪᠯᠡᠭᠡ ᠶᠢᠨ ᠲᠤᠬᠠᠢ ᠰᠠᠨᠠᠭᠤᠯᠭ᠎ᠠ ᠳᠤᠷᠠᠳᠴᠤ᠂ ᠡᠯ᠎ᠡ ᠰᠠᠯᠠᠭ᠎ᠠ ᠮᠥᠴᠢᠷ ᠤᠨ ᠬᠠᠤᠯᠢ ᠲᠣᠭᠲᠠᠭᠠᠬᠤ ᠠᠵᠢᠯ ᠤᠨ ᠲᠥᠯᠥᠪᠯᠡᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠠᠷᠢᠭᠤᠴᠠᠨ ᠮᠥᠷᠳᠡᠨ ᠣᠶᠢᠯᠠᠭᠠᠵᠤ᠂ ᠵᠣᠬᠢᠶᠠᠨ ᠪᠠᠶᠢᠭᠤᠯᠵᠤ ᠵᠣᠬᠢᠴᠠᠭᠤᠯᠬᠤ ᠪᠠ ᠰᠢᠮᠳᠠᠭᠤᠯᠤᠨ ᠵᠢᠯᠤᠭᠤᠳᠬᠤ ᠪᠠᠨ ᠴᠢᠩᠭᠠᠳᠬᠠᠵᠤ᠂ ᠬᠠᠤᠯᠢ ᠲᠣᠭᠲᠠᠭᠠᠬᠤ ᠪᠠ ᠥᠭᠡᠷᠡᠴᠢᠯᠡᠯᠲᠡ ᠶᠢᠨ ᠰᠢᠢᠳᠪᠦᠷᠢᠲᠦ ᠪᠣᠳᠣᠯᠭ᠎ᠠ ᠶᠢ ᠵᠣᠯᠭᠠᠯᠳᠤᠭᠤᠯᠬᠤ ᠰᠠᠨᠠᠯ᠂ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠤᠨ᠎ᠠ᠃      ︵ᠭᠤᠷᠪᠠ︶ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠪᠣᠯᠣᠨ ᠵᠠᠰᠠᠭ ᠤᠨ ᠣᠷᠳᠣᠨ ᠤ ᠳᠦᠷᠢᠮ ᠲᠣᠭᠲᠠᠭᠠᠯ ᠤᠨ ᠲᠥᠰᠥᠯ ᠢ ᠲᠤᠭᠤᠷᠪᠢᠨ ᠪᠢᠴᠢᠬᠦ ᠪᠤᠶᠤ ᠵᠣᠬᠢᠶᠠᠨ ᠪᠠᠶᠢᠭᠤᠯᠤᠨ ᠲᠤᠭᠤᠷᠪᠢᠨ ᠪᠢᠴᠢᠬᠦ ᠶᠢ ᠬᠠᠷᠢᠭᠤᠴᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠬᠦᠷᠭᠡᠬᠦ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠲᠥᠰᠥᠯ ᠢ ᠬᠢᠨᠠᠨ ᠪᠠᠶᠢᠴᠠᠭᠠᠬᠤ ᠠᠵᠢᠯ ᠢ ᠳᠠᠭᠠᠭᠠᠨ ᠬᠢᠨ᠎ᠡ᠃ ᠬᠠᠤᠯᠢ ᠲᠣᠭᠲᠠᠭᠠᠬᠤ ᠶᠢ ᠵᠣᠬᠢᠴᠠᠭᠤᠯᠬᠤ ᠠᠵᠢᠯ ᠢ ᠬᠠᠷᠢᠭᠤᠴᠠᠨ᠎ᠠ᠃      ︵ᠳᠥᠷᠪᠡ︶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠲᠠᠶᠢᠯᠪᠤᠷᠢᠯᠠᠬᠤ᠂ ᠬᠠᠤᠯᠢ ᠲᠣᠭᠲᠠᠭᠠᠭᠰᠠᠨ ᠤ ᠳᠠᠷᠠᠭᠠᠬᠢ ᠦᠨᠡᠯᠡᠨ ᠵᠢᠱᠢᠬᠦ ᠠᠵᠢᠯ ᠢ ᠳᠠᠭᠠᠭᠠᠨ ᠬᠢᠨ᠎ᠡ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠠᠤᠯᠢ ᠴᠠᠭᠠᠵᠠ᠂ ᠬᠠᠤᠯᠢ ᠳᠦᠷᠢᠮ᠂ ᠳᠦᠷᠢᠮ ᠲᠣᠭᠲᠠᠭᠠᠯ ᠢ ᠬᠡᠷᠡᠭᠵᠢᠭᠦᠯᠬᠦ ᠶᠠᠪᠤᠴᠠ ᠳᠠᠬᠢ ᠬᠤᠯᠪᠣᠭᠳᠠᠯ ᠪᠦᠬᠦᠢ ᠮᠠᠷᠭᠤᠯᠳᠤᠭᠠᠨ ᠪᠠ ᠠᠰᠠᠭᠤᠳᠠᠯ ᠢ ᠬᠠᠷᠢᠭᠤᠴᠠᠵᠤ ᠵᠣᠬᠢᠴᠠᠭᠤᠯᠤᠨ᠎ᠠ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠴᠡᠪᠡᠷᠯᠡᠬᠦ᠂ ᠨᠠᠶᠢᠷᠠᠭᠤᠯᠬᠤ ᠠᠵᠢᠯ ᠢ ᠳᠠᠭᠠᠭᠠᠨ ᠬᠢᠨ᠎ᠡ᠃      ︵ᠲᠠᠪᠤ︶ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠠᠷᠢᠭᠤᠴᠠᠯᠭ᠎ᠠ ᠶᠢ ᠡᠭᠦᠷᠭᠡᠯᠡᠨ᠎ᠡ ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠠᠤᠯᠢ ᠶᠣᠰᠣᠭᠠᠷ ᠵᠠᠰᠠᠭ ᠪᠠᠷᠢᠬᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ᠪᠥᠬᠦ ᠬᠤᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠶᠡᠷᠦᠩᠬᠡᠶᠢᠯᠡᠨ ᠵᠣᠬᠢᠴᠠᠭᠤᠯᠬᠤ ᠶᠢ ᠬᠠᠷᠢᠭᠤᠴᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ ᠠᠬᠢᠭᠤᠯᠬᠤ ᠬᠠᠮᠢᠶ᠎ᠠ ᠪᠦᠬᠦᠢ ᠠᠵᠢᠯ ᠢ ᠡᠭᠦᠷᠭᠡᠯᠡᠵᠦ᠂ ᠴᠢᠩᠭ᠎ᠠ ᠵᠢᠷᠤᠮᠵᠢᠯ ᠲᠠᠢ ᠲᠥᠪ ᠭᠤᠥᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠠᠬᠢᠭᠤᠯᠤᠨ᠎ᠠ᠃ ᠪᠥᠬᠦ ᠬᠤᠲᠠ ᠶᠢᠨ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠵᠢᠯᠣᠭᠤᠳᠤᠨ ᠬᠢᠨᠠᠯᠲᠠ ᠲᠠᠯᠪᠢᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠ ᠵᠠᠷᠭᠤ ᠬᠦᠯᠢᠶᠡᠬᠦ ᠬᠡᠷᠡᠭ ᠢ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃      ︵ᠵᠢᠷᠭᠤᠭ᠎ᠠ︶ ᠬᠠᠤᠯᠢᠵᠢᠯ ᠤᠨ ᠨᠡᠶᠢᠭᠡᠮ ᠤᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠬᠦ ᠬᠠᠷᠢᠭᠤᠴᠠᠯᠭ᠎ᠠ ᠶᠢ ᠡᠭᠦᠷᠭᠡᠯᠡᠨ᠎ᠡ᠃ ᠪᠥᠬᠦ ᠬᠤᠲᠠ ᠶᠢᠨ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠠᠷᠠᠳ ᠲᠦᠮᠡᠨ ᠤ ᠬᠠᠤᠯᠢ ᠪᠠᠷ ᠵᠠᠰᠠᠬᠤ ᠪᠠᠶᠢᠭᠤᠯᠤᠯᠲᠠ ᠳᠤ ᠣᠷᠣᠯᠴᠠᠬᠤ ᠪᠠ ᠲᠡᠭᠦᠨ ᠢ ᠠᠬᠢᠭᠤᠯᠬᠤ ᠶᠢ ᠲᠦᠯᠬᠢᠨ ᠠᠬᠢᠭᠤᠯᠤᠨ᠎ᠠ᠃ ᠪᠦᠬᠦ ᠬᠤᠲᠠ ᠶᠢᠨ ᠬᠠᠤᠯᠢ ᠶᠣᠰᠣᠭᠠᠷ ᠵᠠᠰᠠᠬᠤ ᠪᠠ ᠬᠠᠤᠯᠢ ᠳᠦᠷᠢᠮ ᠢ ᠡᠭᠦᠳᠦᠨ ᠪᠠᠶᠢᠭᠤᠯᠬᠤ ᠠᠵᠢᠯ ᠢ ᠵᠢᠯᠣᠭᠤᠳᠤᠨ᠎ᠠ᠃ ᠡᠶᠡᠳᠡᠭᠦᠯᠬᠦ ᠠᠵᠢᠯ ᠪᠠ ᠠᠷᠠᠳ ᠤᠨ ᠬᠠᠪᠰᠤᠷᠤᠨ ᠰᠢᠭᠦᠭᠴᠢ᠂ ᠠᠷᠠᠳ ᠤᠨ ᠬᠢᠨᠠᠯᠲᠠ ᠲᠠᠯᠪᠢᠭᠴᠢ ᠶᠢ ᠰᠣᠩᠭᠤᠨ ᠲᠣᠮᠢᠯᠠᠬᠤ ᠬᠠᠮᠢᠶᠠᠷᠤᠯᠲᠠ ᠶᠢᠨ ᠠᠵᠢᠯ ᠢ ᠵᠢᠯᠤᠭᠤᠳᠴᠤ᠂ ᠬᠠᠤᠯᠢ ᠴᠠᠭᠠᠵᠠ ᠶᠢᠨ ᠭᠠᠵᠠᠷ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃      ︵ᠳᠣᠯᠤᠭ᠎ᠠ︶ ᠪᠥᠬᠦ ᠬᠤᠲᠠ ᠶᠢᠨ ᠨᠡᠶᠢᠭᠡᠮ ᠲᠣᠭᠤᠷᠢᠭ ᠤᠨ ᠵᠠᠯᠠᠷᠠᠭᠤᠯᠭ᠎ᠠ ᠶᠢᠨ ᠠᠵᠢᠯ ᠢ ᠵᠢᠯᠣᠭᠤᠳᠴᠤ ᠬᠠᠮᠢᠶᠠᠷᠤᠨ᠎ᠠ᠃ ᠪᠦᠬᠦ ᠬᠤᠳᠠ ᠶᠢᠨ ᠡᠷᠡᠭᠦᠦ ᠶᠢᠨ ᠬᠤᠭᠤᠴᠠᠭ᠎ᠠ ᠨᠢ ᠳᠠᠭᠤᠰᠴᠤ ᠰᠤᠯᠠᠯᠠᠭᠳᠠᠭᠰᠠᠨ ᠬᠥᠮᠥᠰ ᠢ ᠬᠠᠪᠰᠤᠷᠤᠨ ᠬᠥᠮᠥᠵᠢᠭᠦᠯᠵᠦ ᠲᠥᠪᠬᠢᠨᠡᠭᠦᠯᠬᠦ ᠠᠵᠢᠯ ᠢ ᠵᠢᠯᠣᠭᠤᠳᠤᠨ᠎ᠠ᠃      ︵ᠨᠠᠢᠮᠠ︶ ᠪᠥᠬᠦ ᠬᠤᠳᠠ ᠶᠢᠨ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠵᠦ᠂ ᠬᠤᠳᠠ ᠬᠥᠳᠡᠭᠡ᠂ ᠣᠷᠣᠨ ᠪᠦᠰᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠨ ᠪᠠᠶᠢᠷᠢᠯᠠᠭᠤᠯᠤᠨ᠎ᠠ᠃ ᠪᠥᠬᠦ ᠬᠤᠲᠠ ᠶᠢᠨ ᠬᠠᠤᠯᠢ ᠴᠠᠭᠠᠵᠠ ᠶᠢᠨ ᠵᠥᠪᠯᠡᠭᠴᠢ ᠬᠠᠤᠯᠢᠴᠢ᠂ ᠬᠠᠤᠯᠢ ᠴᠠᠭᠠᠵᠠ ᠶᠢᠨ ᠲᠤᠰᠠᠯᠠᠮᠵᠢ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ᠂ ᠠᠯᠪᠠᠨ ᠭᠡᠷᠡᠴᠢᠯᠡᠭᠡ᠂ ᠬᠥᠨᠳᠡᠯᠡᠨ ᠠᠴᠠ ᠲᠠᠰᠤᠯᠬᠤ ᠪᠠ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ᠬᠤᠲᠠ ᠶᠢᠨ ᠬᠠᠤᠯᠢ ᠴᠠᠭᠠᠵᠠ ᠶᠢᠨ ᠮᠡᠷᠭᠡᠵᠢᠯᠲᠡᠨ ᠤ ᠬᠥᠮᠥᠷᠭᠡ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢ ᠰᠣᠩᠭᠤᠨ ᠤᠷᠢᠬᠤ᠂ ᠵᠣᠬᠢᠶᠠᠨ ᠪᠠᠶᠢᠭᠤᠯᠬᠤ᠂ ᠬᠠᠮᠢᠶᠠᠷᠬᠤ ᠠᠵᠢᠯ ᠢ ᠡᠭᠦᠷᠭᠡᠯᠡᠨ᠎ᠡ᠃      ︵ᠶᠢᠰᠦ︶ ᠤᠯᠤᠰ ᠤᠨ ᠨᠢᠭᠡᠳᠦᠯᠲᠡᠢ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠢᠷᠢ ᠬᠡᠮ ᠤᠨ ᠰᠢᠯᠭᠠᠯᠲᠠ ᠶᠢᠨ ᠬᠥᠬᠡᠬᠤᠲᠠ ᠶᠢᠨ ᠰᠢᠯᠭᠠᠯᠲᠠ ᠶᠢᠨ ᠲᠣᠭᠤᠷᠢᠭ ᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃ ᠪᠦᠬᠦ ᠬᠤᠲᠠ ᠶᠢᠨ ᠤᠯᠤᠰ ᠤᠨ ᠨᠢᠭᠡᠳᠦᠯᠲᠡᠢ ᠬᠠᠤᠯᠢ ᠴᠠᠭᠠᠵᠠ ᠶᠢᠨ ᠬᠢᠷᠢ ᠬᠡᠮ ᠪᠠ ᠦᠨᠡᠮᠯᠡᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠥᠬᠦ ᠬᠤᠲᠠ ᠶᠢᠨ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠠᠵᠢᠯᠲᠠᠨ ᠤ ᠠᠵᠢᠯ ᠳᠤ ᠣᠷᠣᠬᠤ ᠠᠴᠠ ᠡᠮᠦᠨᠡᠬᠢ ᠪᠣᠯᠪᠠᠰᠤᠷᠠᠭᠤᠯᠤᠯ ᠢ ᠲᠥᠯᠥᠪᠵᠢᠭᠦᠯᠬᠦ ᠪᠠ ᠵᠢᠯᠤᠭᠤᠳᠬᠤ ᠶᠢ ᠬᠠᠷᠢᠭᠤᠴᠠᠨ᠎ᠠ᠃      ︵ᠠᠷᠪᠠ︶ ᠪᠥᠬᠦ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠫᠤᠤ ᠵᠡᠪᠰᠡᠭ᠂ ᠳᠠᠷᠢ ᠰᠤᠮᠤ᠂ ᠬᠤᠪᠴᠠᠰᠤ ᠬᠤᠨᠠᠷ ᠪᠠ ᠴᠠᠭᠳᠠᠭᠠᠨ ᠤ ᠲᠡᠷᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠪᠥᠬᠦ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠡᠳ᠋ ᠤᠨ ᠶᠠᠪᠤᠳᠠᠯ᠂ ᠲᠣᠨᠤᠭ ᠵᠡᠪᠰᠡᠭᠯᠡᠯ᠂ ᠪᠡᠯᠡᠳᠬᠡᠮᠵᠢ᠂ ᠲᠠᠯᠠᠪᠤᠷ ᠭᠠᠵᠠᠷ ᠵᠡᠷᠭᠡ ᠪᠠᠲᠤᠯᠠᠭ᠎ᠠ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃      ︵ᠠᠷᠪᠠᠨ ᠨᠢᠭᠡ︶ ᠪᠥᠬᠦ ᠬᠤᠲᠠ ᠶᠢᠨ ᠬᠠᠤᠯᠢ ᠪᠠᠷ ᠵᠠᠰᠠᠬᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠬᠠᠮᠢᠶ᠎ᠠ ᠪᠦᠬᠦᠢ ᠠᠵᠢᠯ ᠢ ᠲᠥᠯᠥᠪᠵᠢᠭᠦᠯᠵᠦ᠂ ᠵᠣᠬᠢᠴᠠᠭᠤᠯᠵᠤ᠂ ᠵᠢᠯᠤᠭᠤᠳᠴᠤ᠂ ᠪᠥᠬᠦ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠡᠩᠨᠡᠭᠡ ᠶᠢᠨ ᠪᠠᠶᠢᠭᠤᠯᠤᠯᠲᠠ ᠶᠢ ᠵᠢᠯᠣᠭᠤᠳᠤᠨ ᠬᠢᠨᠠᠯᠲᠠ ᠲᠠᠯᠪᠢᠨ᠎ᠠ᠃ ᠪᠦᠬᠦ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠴᠠᠭᠳᠠᠭᠠᠨ ᠤ ᠶᠠᠪᠤᠳᠠᠯ ᠤᠨ ᠬᠠᠮᠢᠶᠠᠷᠤᠯᠲᠠ ᠪᠠ ᠴᠠᠭᠳᠠᠭᠠᠨ ᠤ ᠶᠠᠪᠤᠳᠠᠯ ᠢ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ ᠡᠯ᠎ᠡ ᠬᠤᠰᠢᠭᠤ ᠰᠢᠶᠠᠨ ᠲᠣᠭᠤᠷᠢᠭ ᠢ ᠬᠠᠪᠰᠤᠷᠤᠨ ᠬᠠᠤᠯᠢ ᠴᠠᠭᠠᠵᠠ ᠶᠢᠨ ᠲᠣᠪᠴᠢᠶ᠎ᠠ ᠶᠢᠨ ᠤᠳᠤᠷᠢᠳᠬᠤ ᠺᠠᠳ᠋ᠷ ᠢ ᠬᠠᠮᠢᠶᠠᠷᠤᠨ᠎ᠠ᠃      ︵ᠠᠷᠪᠠᠨ ᠬᠤᠶᠠᠷ︶ ᠪᠥᠬᠦ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠮᠡᠳᠡᠭᠡ ᠵᠠᠩᠭᠢᠵᠢᠯᠲᠠ ᠶᠢᠨ ᠠᠵᠢᠯ ᠢ ᠲᠥᠯᠥᠪᠵᠢᠭᠦᠯᠵᠦ᠂ ᠬᠡᠷᠡᠭᠵᠢᠭᠦᠯᠵᠦ᠂ ᠵᠢᠯᠣᠭᠤᠳᠤᠨ᠎ᠠ᠃      ︵ᠠᠷᠪᠠᠨ ᠭᠤᠷᠪᠠ︶ ᠬᠥᠬᠡᠬᠤᠲᠠ ᠶᠢᠨ ᠠᠯᠪᠠᠳᠠᠯᠭ᠎ᠠ ᠪᠠᠷ ᠲᠤᠰᠠᠭᠠᠷᠯᠠᠵᠤ ᠬᠤᠣᠷ ᠲᠠᠲᠠᠬᠤ ᠶᠢ ᠵᠣᠭᠰᠤᠭᠠᠬᠤ ᠭᠠᠵᠠᠷ ᠢ ᠬᠠᠮᠢᠶᠠᠷᠤᠨ᠎ᠠ᠃      ︵ᠠᠷᠪᠠᠨ ᠳᠥᠷᠪᠡ︶ ᠲᠣᠰ ᠰᠠᠯᠠᠭ᠎ᠠ ᠮᠥᠴᠢᠷ ᠤᠨ ᠢᠶᠠᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠶᠣᠰᠣᠭᠠᠷ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠎ᠡ᠃ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠠᠶᠤᠯᠭᠦᠢ ᠦᠢᠯᠡᠳᠪᠦᠷᠢᠯᠡᠯ᠂ ᠠᠵᠢᠯ ᠮᠡᠷᠭᠡᠵᠢᠯ ᠤᠨ ᠡᠷᠡᠭᠦᠯ ᠮᠡᠨᠳᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ᠃      ︵ᠠᠷᠪᠠᠨ ᠲᠠᠪᠤ︶ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ᠳᠣᠲᠣᠭᠠᠳᠤ ᠶᠢᠨ ᠪᠠᠶᠢᠭᠤᠯᠭ᠎ᠠ᠄      ︵ᠨᠢᠭᠡ︶ ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠤᠨ ᠠᠵᠢᠯᠯᠠᠭᠠᠨ ᠢ ᠬᠠᠷᠢᠭᠤᠴᠠᠨ᠎ᠠ᠃ ᠮᠡᠳᠡᠭᠡ ᠵᠠᠩᠭᠢ᠂ ᠠᠶᠤᠯᠭᠦᠢ᠂ ᠨᠢᠭᠤᠴᠠ ᠶᠢ ᠬᠠᠮᠠᠭᠠᠯᠠᠬᠤ᠂ ᠵᠠᠬᠢᠳᠠᠯ ᠰᠣᠷᠪᠤᠯᠵᠢᠯᠠᠭ᠎ᠠ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠮᠡᠳᠡᠭᠡ ᠵᠠᠩᠭᠢᠴᠢᠯᠠᠯᠲᠠ᠂ ᠰᠣᠨᠢᠨ ᠮᠡᠳᠡᠭᠡᠨ ᠤ ᠤᠬᠠᠭᠤᠯᠭ᠎ᠠ ᠵᠡᠷᠭᠡ ᠠᠵᠢᠯ ᠢ ᠡᠭᠦᠷᠭᠡᠯᠡᠨ᠎ᠡ᠃ ᠪᠦᠬᠦ ᠬᠤᠳᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠭᠤᠣᠯᠳᠠᠯᠭ᠎ᠠ ᠲᠠᠢ ᠲᠤᠬᠠᠶᠢᠯᠠᠭᠰᠠᠨ ᠠᠵᠢᠯ ᠤᠨ ᠶᠡᠷᠦᠩᠬᠡᠶᠢᠯᠡᠭᠰᠡᠨ ᠬᠢᠨᠠᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃      ︵ᠬᠤᠶᠠᠷ︶ ᠬᠠᠤᠯᠢᠵᠢᠯ ᠤᠨ ᠪᠠᠶᠢᠴᠠᠭᠠᠨ ᠰᠤᠳᠤᠯᠬᠤ ᠰᠠᠯᠠᠭ᠎ᠠ᠃ ᠪᠥᠬᠦ ᠲᠠᠯ᠎ᠠ ᠪᠠᠷ ᠬᠠᠤᠯᠢ ᠶᠣᠰᠣᠭᠠᠷ ᠬᠤᠲᠠ ᠶᠢ ᠵᠠᠰᠠᠬᠤ ᠣᠨᠣᠯ ᠬᠢᠭᠡᠳ ᠦᠢᠯᠡᠳᠦᠯᠭᠡ ᠶᠢᠨ ᠪᠠᠶᠢᠴᠠᠭᠠᠨ ᠰᠤᠳᠤᠯᠤᠯᠲᠠ ᠶᠢᠨ ᠠᠵᠢᠯ ᠢ ᠥᠷᠨᠢᠭᠦᠯᠵᠦ᠂ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠪᠥᠬᠦ ᠲᠠᠯ᠎ᠠ ᠪᠠᠷ ᠬᠠᠤᠯᠢ ᠶᠣᠰᠣᠭᠠᠷ ᠬᠤᠲᠠ ᠶᠢ ᠵᠠᠰᠠᠬᠤ ᠠᠵᠢᠯ ᠤᠨ ᠲᠥᠯᠦᠪᠵᠢᠭᠦᠯᠭᠡ ᠶᠢᠨ ᠰᠠᠨᠠᠭᠤᠯᠭ᠎ᠠ ᠶᠢ ᠵᠣᠬᠢᠴᠠᠭᠤᠯᠬᠤ ᠠᠵᠢᠯ ᠢ ᠳᠠᠭᠠᠭᠠᠨ ᠭᠦᠢᠴᠡᠳᠬᠡᠨ᠎ᠡ᠃ ᠬᠠᠤᠯᠢ ᠲᠣᠭᠲᠠᠭᠠᠬᠤ ᠲᠥᠯᠦᠪᠵᠢᠭᠦᠯᠭᠡ ᠪᠠ ᠬᠠᠤᠯᠢ ᠲᠣᠭᠲᠠᠭᠠᠬᠤ ᠣᠨ ᠤ ᠲᠥᠯᠥᠪᠯᠡᠭᠡ ᠶᠢᠨ ᠰᠠᠨᠠᠭᠤᠯᠭ᠎ᠠ ᠶᠢ ᠵᠣᠬᠢᠴᠠᠭᠤᠯᠬᠤ ᠠᠵᠢᠯ ᠢ ᠳᠠᠭᠠᠭᠠᠨ ᠬᠢᠵᠦ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠠᠤᠯᠢ ᠲᠣᠭᠲᠠᠭᠠᠬᠤ ᠠᠵᠢᠯ ᠤᠨ ᠣᠨ ᠤ ᠲᠥᠯᠥᠪᠯᠡᠭᠡ ᠶᠢᠨ ᠰᠠᠨᠠᠭᠤᠯᠭ᠎ᠠ ᠶᠢ ᠵᠣᠬᠢᠶᠠᠨ ᠪᠠᠶᠢᠭᠤᠯᠵᠤ ᠲᠤᠭᠤᠷᠪᠢᠨ ᠲᠣᠭᠲᠠᠭᠠᠨ᠎ᠠ᠃ ᠪᠦᠬᠦ ᠲᠠᠯ᠎ᠠ ᠪᠠᠷ ᠬᠠᠤᠯᠢ ᠶᠣᠰᠣᠭᠠᠷ ᠬᠤᠳᠠ ᠶᠢ ᠵᠠᠰᠠᠬᠤ ᠬᠤᠯᠪᠣᠭᠳᠠᠯ ᠪᠦᠬᠦᠢ ᠴᠢᠬᠤᠯᠠ ᠪᠢᠴᠢᠭ ᠮᠠᠲ᠋ᠧᠷᠢᠶᠠᠯ ᠢ ᠵᠣᠬᠢᠶᠠᠨ ᠪᠠᠶᠢᠭᠤᠯᠤᠨ ᠲᠣᠭᠤᠷᠪᠢᠨ᠎ᠠ᠃ ᠬᠠᠤᠯᠢᠵᠢᠯ ᠤᠨ ᠵᠠᠰᠠᠭ ᠤᠨ ᠣᠷᠳᠣᠨ ᠢ ᠪᠠᠶᠢᠭᠤᠯᠬᠤ᠂ ᠬᠠᠤᠯᠢ ᠶᠣᠰᠣᠭᠠᠷ ᠵᠠᠰᠠᠭ ᠪᠠᠷᠢᠬᠤ ᠶᠢ ᠲᠦᠯᠬᠢᠨ ᠠᠬᠢᠭᠤᠯᠬᠤ ᠰᠠᠨᠠᠯ ᠪᠠ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠤᠨ᠎ᠠ᠃ ᠨᠡᠶᠢᠭᠡᠮ ᠠᠴᠠ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠵᠠᠰᠠᠭ ᠤᠨ ᠣᠷᠳᠣᠨ ᠤ ᠳᠦᠷᠢᠮ ᠲᠣᠭᠲᠠᠭᠠᠯ ᠲᠣᠭᠲᠠᠭᠠᠬᠤ ᠲᠥᠷᠥᠯ ᠵᠦᠢᠯ ᠤᠨ ᠰᠠᠨᠠᠭᠤᠯᠭ᠎ᠠ ᠶᠢ ᠴᠤᠭᠯᠠᠭᠤᠯᠬᠤ ᠬᠤᠯᠪᠣᠭᠳᠠᠯ ᠪᠦᠬᠦᠢ ᠠᠵᠢᠯ ᠢ ᠬᠠᠷᠢᠭᠤᠴᠠᠨ᠎ᠠ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠨᠠᠶᠢᠷᠠᠭᠤᠯᠤᠨ ᠪᠢᠴᠢᠬᠦ ᠠᠵᠢᠯ ᠢ ᠬᠠᠷᠢᠭᠤᠴᠠᠵᠤ᠂ ᠵᠠᠰᠠᠭ ᠤᠨ ᠣᠷᠳᠣᠨ ᠤ ᠳᠦᠷᠢᠮ ᠲᠣᠭᠲᠠᠭᠠᠯ ᠤᠨ ᠡᠮᠬᠢᠳᠬᠡᠯ ᠤᠨ ᠵᠢᠩᠬᠢᠨᠢ ᠬᠡᠪᠯᠡᠯ ᠢ ᠨᠠᠶᠢᠷᠠᠭᠤᠯᠤᠨ ᠬᠡᠪᠯᠡᠨ᠎ᠡ᠃ ᠪᠦᠬᠦ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠤᠷᠲᠤᠪᠲᠤᠷ ᠪᠠ ᠤᠷᠲᠤ ᠬᠤᠭᠤᠴᠠᠭᠠᠨ ᠤ ᠲᠥᠯᠦᠪᠵᠢᠭᠦᠯᠭᠡ᠂ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠬᠠᠷᠢᠭᠤᠴᠠᠨ ᠲᠣᠭᠲᠠᠭᠠᠨ᠎ᠠ᠃ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠥᠭᠡᠷᠡᠴᠢᠯᠡᠯᠲᠡ ᠪᠠ ᠰᠤᠳᠤᠯᠭᠠᠨ ᠤ ᠠᠵᠢᠯ ᠢ ᠬᠠᠷᠢᠭᠤᠴᠠᠨ ᠠᠬᠢᠭᠤᠯᠤᠨ᠎ᠠ᠃      ︵ᠭᠤᠷᠪᠠ︶ ᠲᠣᠨᠤᠭ ᠵᠡᠪᠰᠡᠭᠯᠡᠯ ᠡᠳ᠋ ᠤᠨ ᠶᠠᠪᠤᠳᠠᠯ ᠪᠠᠲᠤᠯᠠᠭ᠎ᠠ ᠶᠢᠨ ᠰᠠᠯᠠᠭ᠎ᠠ᠃ ᠪᠦᠬᠦ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠡᠳ᠋ ᠤᠨ ᠶᠠᠪᠤᠳᠠᠯ᠂ ᠡᠳ᠋ ᠪᠣᠳᠠᠰ ᠲᠣᠨᠤᠭ ᠵᠡᠪᠰᠡᠭᠯᠡᠯ ᠪᠠ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ ᠪᠥᠬᠦ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠲᠤᠰᠠᠯᠠᠮᠵᠢ ᠶᠢᠨ ᠲᠤᠰᠬᠠᠢ ᠵᠣᠭᠤᠰ ᠪᠠ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢ ᠬᠡᠷᠡᠭᠯᠡᠬᠦ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ᠪᠥᠬᠦ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠫᠤᠤ ᠵᠡᠪᠰᠡᠭ᠂ ᠳᠠᠷᠢ ᠰᠤᠮᠤ᠂ ᠬᠤᠪᠴᠠᠰᠤ ᠬᠤᠨᠠᠷ ᠪᠠ ᠴᠠᠭᠳᠠᠭᠠᠨ ᠤ ᠲᠡᠷᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠵᠢᠴᠢ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ ᠲᠥᠰᠥᠪ ᠪᠠ ᠲᠥᠰᠥᠪ ᠤᠨ ᠭᠦᠢᠴᠡᠳᠬᠡᠯ᠂ ᠡᠳ᠋ ᠤᠨ ᠶᠠᠪᠤᠳᠠᠯ ᠤᠨ ᠬᠠᠮᠢᠶᠠᠷᠤᠯᠲᠠ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ᠂ ᠬᠢᠨᠠᠨ ᠪᠣᠳᠣᠯᠲᠠ ᠪᠠ ᠵᠠᠰᠠᠭ ᠤᠨ ᠣᠷᠳᠣᠨ ᠤ ᠬᠤᠳᠠᠯᠳᠤᠨ ᠠᠪᠬᠤ ᠵᠡᠷᠭᠡ ᠠᠵᠢᠯ ᠢ ᠬᠠᠷᠢᠭᠤᠴᠠᠵᠤ᠂ ᠰᠢᠭᠤᠳ ᠬᠠᠷᠢᠶ᠎ᠠ ᠬᠤᠣᠷ ᠲᠠᠲᠠᠬᠤ ᠶᠢ ᠵᠣᠭᠰᠤᠭᠠᠬᠤ ᠰᠢᠰᠲ᠋ᠧᠮ ᠤᠨ ᠲᠣᠨᠤᠭ ᠵᠡᠪᠰᠡᠭᠯᠡᠯ ᠡᠳ᠋ ᠤᠨ ᠶᠠᠪᠤᠳᠠᠯ ᠪᠠᠲᠤᠯᠠᠭ᠎ᠠ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠵᠢᠯᠣᠭᠤᠳᠤᠨ᠎ᠠ᠃      ︵ᠳᠥᠷᠪᠡ︶ ᠬᠠᠤᠯᠢᠵᠢᠯ ᠬᠢᠨᠠᠨ ᠪᠠᠶᠢᠴᠠᠭᠠᠬᠤ ᠰᠠᠯᠠᠭ᠎ᠠ᠃ ᠪᠥᠬᠦ ᠲᠠᠯ᠎ᠠ ᠪᠠᠷ ᠬᠠᠤᠯᠢ ᠶᠣᠰᠣᠭᠠᠷ ᠬᠤᠲᠠ ᠶᠢ ᠵᠠᠰᠠᠬᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠣᠨ ᠤ ᠰᠢᠮᠳᠠᠭᠤᠯᠤᠨ ᠪᠠᠶᠢᠴᠠᠭᠠᠬᠤ ᠠᠵᠢᠯ ᠤᠨ ᠲᠥᠯᠥᠪᠯᠡᠭᠡ ᠪᠠ ᠰᠢᠯᠭᠠᠨ ᠬᠢᠨᠠᠬᠤ ᠭᠦᠢᠴᠡᠳᠬᠡᠯ ᠲᠤᠭ᠎ᠠ ᠶᠢ ᠲᠣᠭᠲᠠᠭᠠᠬᠤ ᠶᠢ ᠬᠠᠷᠢᠭᠤᠴᠠᠵᠤ᠂ ᠴᠢᠬᠤᠯᠠ ᠶᠡᠭᠡ ᠲᠤᠰᠬᠠᠢ ᠵᠦᠢᠯ ᠤᠨ ᠰᠢᠮᠳᠠᠭᠤᠯᠤᠨ ᠪᠠᠶᠢᠴᠠᠭᠠᠬᠤ ᠪᠠ ᠣᠨ ᠤ ᠰᠢᠯᠭᠠᠨ ᠬᠢᠨᠠᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠢᠮᠳᠠᠭᠤᠯᠤᠨ ᠪᠠᠶᠢᠴᠠᠭᠠᠬᠤ᠂ ᠰᠢᠯᠭᠠᠨ ᠬᠢᠨᠠᠬᠤ ᠰᠠᠨᠠᠯ ᠪᠠ ᠬᠠᠷᠢᠭᠤᠴᠠᠯᠭ᠎ᠠ ᠬᠡᠯᠡᠯᠴᠡᠬᠦ ᠰᠠᠨᠠᠭᠤᠯᠭ᠎ᠠ ᠶᠢ ᠳᠤᠷᠠᠳᠤᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠠᠤᠯᠢ ᠪᠠᠷ ᠵᠠᠰᠠᠬᠤ ᠠᠵᠢᠯ ᠤᠨ ᠴᠢᠬᠤᠯᠠ ᠲᠣᠭᠲᠠᠭᠠᠯ ᠪᠠ ᠲᠥᠰᠥᠯ ᠤᠨ ᠳᠠᠩᠰᠠᠯᠠᠯᠲᠠ ᠶᠢ ᠬᠦᠯᠢᠶᠡᠨ ᠠᠪᠤᠨ᠎ᠠ᠃      ︵ᠲᠠᠪᠤ︶ ᠬᠠᠤᠯᠢ ᠲᠣᠭᠲᠠᠭᠠᠬᠤ ᠰᠠᠯᠠᠭ᠎ᠠ᠃ ᠬᠤᠲᠠ ᠶᠢᠨ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠬᠢᠭᠡᠳ ᠬᠠᠮᠢᠶᠠᠷᠤᠯᠲᠠ᠂ ᠣᠷᠴᠢᠨ ᠲᠣᠭᠤᠷᠢᠨ ᠤ ᠬᠠᠮᠠᠭᠠᠯᠠᠯᠲᠠ᠂ ᠲᠡᠦᠬᠡ ᠰᠣᠶᠣᠯ ᠵᠡᠷᠭᠡ ᠲᠠᠯ᠎ᠠ ᠶᠢᠨ ᠬᠠᠤᠯᠢ ᠲᠣᠭᠲᠠᠭᠠᠬᠤ ᠠᠵᠢᠯ ᠢ ᠬᠠᠷᠢᠭᠤᠴᠠᠵᠤ᠂ ᠬᠠᠷᠠᠭᠠᠯᠵᠠᠬᠤ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠵᠠᠰᠠᠭ ᠤᠨ ᠣᠷᠳᠣᠨ ᠤ ᠳᠦᠷᠢᠮ ᠲᠣᠭᠲᠠᠭᠠᠯ ᠤᠨ ᠲᠥᠰᠥᠯ ᠢ ᠵᠣᠬᠢᠶᠠᠨ ᠪᠠᠶᠢᠭᠤᠯᠤᠨ ᠲᠤᠭᠤᠷᠪᠢᠬᠤ᠂ ᠬᠢᠨᠠᠨ ᠪᠠᠶᠢᠴᠠᠭᠠᠬᠤ ᠪᠠ ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠲᠠᠶᠢᠯᠪᠤᠷᠢᠯᠠᠬᠤ᠂ ᠪᠣᠳᠠᠲᠠᠢ ᠬᠡᠷᠡᠭᠯᠡᠬᠦ ᠠᠰᠠᠭᠤᠳᠠᠯ ᠳᠤ ᠬᠠᠷᠢᠭᠤᠯᠲᠠ ᠥᠭᠬᠦ ᠠᠵᠢᠯ ᠢ ᠡᠭᠦᠷᠭᠡᠯᠡᠨ᠎ᠡ᠃ ᠬᠠᠮᠢᠶ᠎ᠠ ᠪᠦᠬᠦᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠪᠠ ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠲᠠᠶᠢᠯᠪᠤᠷᠢᠯᠠᠬᠤ᠂ ᠪᠣᠳᠠᠲᠠᠢ ᠬᠡᠷᠡᠭᠯᠡᠬᠦ ᠠᠰᠠᠭᠤᠳᠠᠯ ᠳᠤ ᠬᠠᠷᠢᠭᠤᠯᠲᠠ ᠥᠭᠬᠦ ᠠᠵᠢᠯ ᠢ ᠬᠠᠷᠢᠭᠤᠴᠠᠨ᠎ᠠ᠃ ᠬᠤᠯᠪᠣᠭᠳᠠᠯ ᠪᠦᠬᠦᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠪᠠ ᠵᠠᠰᠠᠭ ᠤᠨ ᠣᠷᠳᠣᠨ ᠤ ᠳᠦᠷᠢᠮ ᠲᠣᠭᠲᠠᠭᠠᠯ ᠤᠨ ᠬᠠᠤᠯᠢ ᠲᠣᠭᠲᠠᠭᠠᠭᠰᠠᠨ ᠤ ᠳᠠᠷᠠᠭᠠᠬᠢ ᠦᠨᠡᠯᠡᠨ ᠵᠢᠱᠢᠯᠲᠡ ᠶᠢ ᠬᠠᠷᠢᠭᠤᠴᠠᠨ᠎ᠠ᠃ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠥᠰᠥᠯ ᠤᠨ ᠰᠠᠨᠠᠯ ᠬᠤᠷᠢᠶᠠᠬᠤ ᠠᠵᠢᠯ ᠢ ᠳᠠᠭᠠᠭᠠᠨ ᠭᠦᠢᠴᠡᠳᠬᠡᠨ᠎ᠡ᠃      ︵ᠵᠢᠷᠭᠤᠭ᠎ᠠ︶ ᠨᠡᠶᠢᠭᠡᠮ ᠲᠣᠭᠤᠷᠢᠭ ᠤᠨ ᠵᠠᠯᠠᠷᠠᠭᠤᠯᠭ᠎ᠠ ᠶᠢᠨ ᠬᠠᠮᠢᠶᠠᠷᠤᠯᠲᠠ ᠶᠢᠨ ᠰᠠᠯᠠᠭ᠎ᠠ ︵ᠨᠡᠶᠢᠭᠡᠮ ᠲᠣᠭᠤᠷᠢᠭ ᠤᠨ ᠵᠠᠯᠠᠷᠠᠭᠤᠯᠭ᠎ᠠ ᠶᠢᠨ ᠬᠠᠮᠢᠶᠠᠷᠤᠯᠲᠠ ᠶᠢᠨ ᠰᠠᠯᠪᠤᠷᠢ ᠠᠩᠭᠢ︶᠃ ᠪᠥᠬᠦ ᠬᠤᠲᠠ ᠶᠢᠨ ᠨᠡᠶᠢᠭᠡᠮ ᠲᠣᠭᠤᠷᠢᠭ ᠤᠨ ᠵᠠᠯᠠᠷᠠᠭᠤᠯᠭ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠠᠵᠢᠯ ᠳᠤ ᠬᠢᠨᠠᠯᠲᠠ ᠲᠠᠯᠪᠢᠵᠤ ᠪᠠᠶᠢᠴᠠᠭᠠᠨ᠎ᠠ᠃ ᠨᠡᠶᠢᠭᠡᠮ ᠲᠣᠭᠤᠷᠢᠭ ᠤᠨ ᠵᠠᠯᠠᠷᠠᠭᠤᠯᠬᠤ ᠡᠲᠡᠭᠡᠳ ᠤᠨ ᠡᠷᠡᠭᠦᠦ ᠰᠢᠳᠬᠡᠯ ᠢ ᠭᠦᠢᠴᠡᠳᠬᠡᠬᠦ᠂ ᠬᠠᠮᠢᠶᠠᠷᠴᠤ ᠬᠥᠮᠥᠵᠢᠭᠦᠯᠬᠦ ᠪᠠ ᠬᠠᠪᠰᠤᠷᠤᠨ ᠲᠡᠳᠬᠦᠬᠦ ᠠᠵᠢᠯ ᠢ ᠵᠢᠭᠠᠨ ᠵᠢᠯᠤᠭᠤᠳᠴᠤ᠂ ᠲᠡᠭᠦᠨ ᠳᠤ ᠬᠢᠨᠠᠯᠲᠠ ᠲᠠᠯᠪᠢᠨ᠎ᠠ᠃ ᠨᠡᠶᠢᠭᠡᠮ ᠤᠨ ᠬᠦᠴᠦᠨ ᠪᠠ ᠰᠠᠶᠢᠨ ᠳᠤᠷ᠎ᠠ ᠶᠢᠨ ᠦᠢᠯᠡᠴᠢᠯᠡᠭᠴᠢ ᠶᠢ ᠵᠢᠯᠣᠭᠤᠳᠴᠤ ᠨᠡᠶᠢᠭᠡᠮ ᠲᠣᠭᠤᠷᠢᠭ ᠤᠨ ᠵᠠᠯᠠᠷᠠᠭᠤᠯᠭ᠎ᠠ ᠶᠢᠨ ᠠᠵᠢᠯ ᠳᠤ ᠣᠷᠣᠯᠴᠠᠭᠤᠯᠤᠨ᠎ᠠ᠃      ︵ᠳᠣᠯᠤᠭ᠎ᠠ︶ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠ ᠵᠠᠷᠭᠤ ᠬᠦᠯᠢᠶᠡᠬᠦ ᠰᠠᠯᠠᠭ᠎ᠠ᠃ ᠪᠦᠬᠦ ᠬᠤᠲᠠ ᠶᠢᠨ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠ ᠵᠠᠷᠭᠤ ᠬᠦᠯᠢᠶᠡᠬᠦ ᠬᠡᠷᠡᠭ ᠢ ᠬᠠᠷᠢᠭᠤᠴᠠᠨ ᠰᠢᠢᠳᠪᠦᠷᠢᠯᠡᠨ᠎ᠡ᠃ ᠪᠦᠬᠦ ᠬᠤᠲᠠ ᠶᠢᠨ ᠬᠥᠨᠳᠡᠯᠡᠨ ᠠᠴᠠ ᠲᠠᠰᠤᠯᠬᠤ ᠠᠵᠢᠯ ᠢ ᠵᠢᠯᠤᠭᠤᠳᠴᠤ᠂ ᠬᠠᠮᠢᠶᠠᠷᠴᠤ᠂ ᠬᠢᠨᠠᠵᠤ᠂ ᠬᠤᠲᠠ ᠶᠢᠨ ᠬᠥᠨᠳᠡᠯᠡᠨ ᠠᠴᠠ ᠲᠠᠰᠤᠯᠬᠤ ᠨᠡᠷᠡᠰ ᠤᠨ ᠳᠡᠪᠲᠡᠷ ᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠨᠡᠶᠢᠲᠡᠯᠡᠨ᠎ᠡ᠃      ︵ᠨᠠᠢᠮᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠵᠣᠬᠢᠴᠠᠭᠤᠯᠤᠨ ᠬᠢᠨᠠᠯᠲᠠ ᠲᠠᠯᠪᠢᠬᠤ ᠰᠠᠯᠠᠭ᠎ᠠ᠃ ᠪᠦᠬᠦ ᠬᠤᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠵᠢᠯᠣᠭᠤᠳᠤᠨ ᠬᠢᠨᠠᠯᠲᠠ ᠲᠠᠯᠪᠢᠵᠤ᠂ ᠴᠢᠩᠭ᠎ᠠ ᠵᠢᠷᠤᠮᠵᠢᠭᠤᠨ ᠲᠥᠪ ᠭᠤᠥᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠠᠬᠢᠭᠤᠯᠤᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠨᠡᠶᠢᠳᠡᠮ ᠴᠢᠨᠠᠷᠲᠠᠢ ᠴᠢᠬᠤᠯᠠ ᠴᠢᠨᠠᠷᠲᠠᠢ ᠠᠰᠠᠭᠤᠳᠠᠯ ᠢ ᠬᠠᠷᠢᠭᠤᠴᠠᠨ ᠵᠣᠬᠢᠴᠠᠭᠤᠯᠤᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ ᠪᠣᠯᠣᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠠᠵᠢᠯᠲᠠᠨ ᠤ ᠬᠢᠷᠢ ᠬᠡᠮ ᠢ ᠬᠢᠨᠠᠨ ᠬᠠᠷᠭᠤᠭᠤᠯᠬᠤ ᠪᠠ ᠦᠨᠡᠮᠯᠡᠯ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠬᠦ ᠶᠢ ᠬᠠᠷᠢᠭᠤᠴᠠᠨ᠎ᠠ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ ᠬᠠᠤᠯᠢ ᠪᠠᠷ ᠵᠠᠰᠠᠬᠤ ᠶᠢ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠳᠠᠩᠰᠠᠯᠠᠵᠤ ᠬᠢᠨᠠᠨ ᠪᠠᠶᠢᠴᠠᠭᠠᠬᠤ ᠪᠠ ᠴᠡᠪᠡᠷᠯᠡᠬᠦ ᠠᠵᠢᠯ ᠢ ᠬᠠᠷᠢᠭᠤᠴᠠᠨ᠎ᠠ᠃      ︵ᠶᠢᠰᠦ︶ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠪᠠ ᠬᠠᠤᠯᠢ ᠶᠣᠰᠣᠭᠠᠷ ᠵᠠᠰᠠᠬᠤ ᠰᠠᠯᠠᠭ᠎ᠠ᠃ ᠪᠥᠬᠦ ᠬᠤᠲᠠ ᠶᠢᠨ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠲᠥᠯᠦᠪᠵᠢᠭᠦᠯᠭᠡ ᠶᠢ ᠬᠠᠷᠢᠭᠤᠴᠠᠨ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ︾ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ ᠠᠵᠢᠯ ᠢ ᠵᠢᠯᠣᠭᠤᠳᠤᠨ ᠲᠡᠭᠦᠨ ᠳᠤ ᠬᠢᠨᠠᠯᠲᠠ ᠲᠠᠯᠪᠢᠵᠤ᠂ ᠪᠦᠬᠦ ᠠᠷᠠᠳ ᠢᠶᠠᠷ ᠬᠠᠤᠯᠢ ᠮᠡᠳᠡᠬᠦ ᠶᠢ ᠠᠬᠢᠭᠤᠯᠤᠨ᠎ᠠ᠃ ᠪᠦᠬᠦ ᠬᠤᠳᠠ ᠶᠢᠨ ᠤᠯᠤᠰ ᠤᠨ ᠠᠵᠢᠯᠲᠠᠨ ᠤ ᠬᠠᠤᠯᠢ ᠶᠢ ᠰᠤᠷᠴᠤ ᠬᠠᠤᠯᠢ ᠶᠢ ᠬᠡᠷᠡᠭᠯᠡᠬᠦ ᠠᠵᠢᠯ ᠢ ᠵᠢᠯᠣᠭᠤᠳᠤᠨ ᠲᠡᠭᠦᠨ ᠳᠤ ᠬᠢᠨᠠᠯᠲᠠ ᠲᠠᠯᠪᠢᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠠᠵᠢᠯ ᠲᠥᠷᠥᠯ ᠤᠨ ᠬᠠᠤᠯᠢ ᠶᠣᠰᠣᠭᠠᠷ ᠵᠠᠰᠠᠬᠤ ᠪᠠ ᠬᠠᠤᠯᠢ ᠪᠠᠷ ᠵᠠᠰᠠᠬᠤ ᠶᠢ ᠡᠭᠦᠳᠦᠨ ᠪᠠᠶᠢᠭᠤᠯᠬᠤ ᠠᠵᠢᠯ ᠢ ᠵᠢᠯᠣᠭᠤᠳᠤᠨ᠎ᠠ᠃ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠰᠣᠶᠣᠯ ᠤᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃      ︵ᠠᠷᠪᠠ︶ ᠠᠷᠠᠳ ᠲᠦᠮᠡᠨ ᠤ ᠣᠷᠣᠯᠴᠠᠯᠭ᠎ᠠ ᠬᠢᠭᠡᠳ ᠬᠠᠤᠯᠢᠵᠢᠯ ᠢ ᠠᠬᠢᠭᠤᠯᠬᠤ ᠰᠠᠯᠠᠭ᠎ᠠ᠃ ᠪᠦᠬᠦ ᠬᠤᠳᠠ ᠶᠢᠨ ᠠᠷᠠᠳ ᠤᠯᠠᠨ ᠤ ᠬᠠᠤᠯᠢᠵᠢᠯ ᠤᠨ ᠪᠠᠶᠢᠭᠤᠯᠤᠯᠲᠠ ᠳᠤ ᠣᠷᠣᠯᠴᠠᠬᠤ᠂ ᠲᠡᠭᠦᠨ ᠢ ᠠᠬᠢᠭᠤᠯᠬᠤ᠂ ᠲᠡᠭᠦᠨ ᠳᠤ ᠬᠢᠨᠠᠯᠲᠠ ᠲᠠᠯᠪᠢᠬᠤ ᠳᠦᠷᠢᠮ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠬᠠᠷᠢᠭᠤᠴᠠᠨ᠎ᠠ᠃ ᠠᠷᠠᠳ ᠤᠨ ᠪᠦᠯᠬᠦᠮ᠂ ᠤᠯᠠᠨ ᠲᠦᠮᠡᠨ ᠤ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠤᠯᠢ ᠪᠠᠷ ᠵᠠᠰᠠᠬᠤ ᠨᠡᠶᠢᠭᠡᠮ ᠤᠨ ᠪᠠᠶᠢᠭᠤᠯᠤᠯᠲᠠ ᠶᠢᠨ ᠠᠵᠢᠯ ᠳᠤ ᠣᠷᠣᠯᠴᠠᠬᠤ ᠪᠠ ᠲᠡᠭᠦᠨ ᠢ ᠳᠡᠮᠵᠢᠬᠦ ᠶᠢ ᠵᠢᠯᠣᠭᠤᠳᠤᠨ᠎ᠠ᠃ ᠪᠦᠬᠦ ᠬᠤᠳᠠ ᠶᠢᠨ ᠬᠠᠤᠯᠢ ᠴᠠᠭᠠᠵᠠ ᠶᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠵᠢᠯᠣᠭᠤᠳᠤᠨ ᠠᠬᠢᠭᠤᠯᠤᠨ᠎ᠠ᠃ ᠪᠦᠬᠦ ᠬᠤᠲᠠ ᠶᠢᠨ ᠠᠷᠠᠳ ᠤᠨ ᠡᠶᠡᠳᠡᠭᠦᠯᠬᠦ᠂ ᠵᠠᠰᠠᠭ ᠵᠠᠬᠢᠷᠭᠠᠨ ᠤ ᠡᠶᠡᠳᠡᠭᠦᠯᠬᠦ ᠪᠠ ᠠᠵᠢᠯ ᠲᠥᠷᠥᠯ ᠤᠨ ᠴᠢᠨᠠᠷᠲᠠᠢ ᠲᠤᠰᠬᠠᠢ ᠮᠡᠷᠭᠡᠵᠢᠯ ᠤᠨ ᠴᠢᠨᠠᠷᠲᠠᠢ ᠡᠶᠡᠳᠡᠭᠦᠯᠬᠦ ᠠᠵᠢᠯ ᠢ ᠵᠢᠯᠣᠭᠤᠳᠤᠨ᠎ᠠ᠃ ᠬᠤᠲᠠ ᠶᠢᠨ ᠠᠷᠠᠳ ᠤᠨ ᠡᠶᠡᠳᠡᠭᠦᠯᠭᠡ ᠶᠢᠨ ᠨᠡᠶᠢᠭᠡᠮᠯᠢᠭ ᠵᠡᠷᠭᠡ ᠠᠵᠢᠯ ᠲᠥᠷᠥᠯ ᠤᠨ ᠨᠡᠶᠢᠭᠡᠮᠯᠢᠭ ᠤᠨ ᠠᠵᠢᠯ ᠢ ᠵᠢᠯᠣᠭᠤᠳᠤᠨ᠎ᠠ᠃ ᠪᠦᠬᠦ ᠬᠤᠲᠠ ᠶᠢᠨ ᠠᠷᠠᠳ ᠤᠨ ᠬᠠᠪᠰᠤᠷᠤᠨ ᠰᠢᠭᠦᠭᠴᠢ᠂ ᠠᠷᠠᠳ ᠤᠨ ᠬᠢᠨᠠᠯᠲᠠ ᠲᠠᠯᠪᠢᠭᠴᠢ ᠶᠢ ᠰᠣᠩᠭᠤᠨ ᠲᠣᠮᠢᠯᠠᠬᠤ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ ᠃ ᠪᠥᠬᠦ ᠬᠤᠲᠠ ᠶᠢᠨ ᠬᠠᠪᠰᠤᠷᠤᠨ ᠬᠥᠮᠥᠵᠢᠭᠦᠯᠵᠦ ᠲᠥᠪᠬᠢᠨᠡᠭᠦᠯᠬᠦ ᠠᠵᠢᠯ ᠢ ᠵᠢᠯᠣᠭᠤᠳᠤᠨ᠎ᠠ᠃      ︵ᠠᠷᠪᠠᠨ ᠨᠢᠭᠡ︶ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠰᠠᠯᠠᠭ᠎ᠠ᠃ ᠪᠥᠬᠦ ᠬᠤᠲᠠ ᠶᠢᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮᠵᠢ ᠪᠠ ᠲᠠᠪᠴᠠᠩ ᠤᠨ ᠪᠠᠶᠢᠭᠤᠯᠤᠯᠲᠠ ᠶᠢᠨ ᠠᠵᠢᠯ ᠢ ᠲᠥᠯᠥᠪᠵᠢᠭᠦᠯᠦᠨ ᠠᠬᠢᠭᠤᠯᠬᠤ ᠶᠢ ᠬᠠᠷᠢᠭᠤᠴᠠᠨ᠎ᠠ᠃ ᠪᠦᠬᠦ ᠬᠤᠲᠠ ᠶᠢᠨ ᠬᠠᠤᠯᠢ ᠴᠠᠭᠠᠵᠠ ᠶᠢᠨ ᠲᠤᠰᠠᠯᠠᠮᠵᠢ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ᠂ ᠠᠯᠪᠠᠨ ᠭᠡᠷᠡᠴᠢᠯᠡᠭᠡ ᠶᠢᠨ ᠠᠵᠢᠯ ᠢ ᠵᠢᠯᠤᠭᠤᠳᠴᠤ᠂ ᠬᠠᠮᠢᠶᠠᠷᠴᠤ᠂ ᠬᠢᠨᠠᠯᠲᠠ ᠲᠠᠯᠪᠢᠨ᠎ᠠ᠃ ᠬᠤᠲᠠ ᠶᠢᠨ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ᠂ ᠠᠯᠪᠠᠨ ᠭᠡᠷᠡᠴᠢᠯᠡᠭᠡ ᠶᠢᠨ ᠨᠡᠷᠡᠰ ᠤᠨ ᠳᠡᠪᠲᠡᠷ ᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠨᠡᠶᠢᠲᠡᠯᠡᠨ᠎ᠡ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠢ ᠵᠢᠯᠣᠭᠤᠳᠤᠨ᠎ᠠ᠃ ᠬᠤᠲᠠ ᠶᠢᠨ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠨᠡᠶᠢᠭᠡᠮᠯᠢᠭ᠂ ᠠᠯᠪᠠᠨ ᠭᠡᠷᠡᠴᠢᠯᠡᠭᠡ ᠶᠢᠨ ᠨᠡᠶᠢᠭᠡᠮᠯᠢᠭ ᠵᠡᠷᠭᠡ ᠠᠵᠢᠯ ᠲᠥᠷᠥᠯ ᠤᠨ ᠨᠡᠶᠢᠭᠡᠮᠯᠢᠭ ᠤᠨ ᠠᠵᠢᠯ ᠢ ᠵᠢᠯᠣᠭᠤᠳᠤᠨ᠎ᠠ᠃      ︵ᠠᠷᠪᠠᠨ ᠬᠤᠶᠠᠷ︶ ᠬᠠᠤᠯᠢᠴᠢ ᠶᠢᠨ ᠠᠵᠢᠯ ᠤᠨ ᠰᠠᠯᠠᠭ᠎ᠠ᠃ ᠪᠦᠬᠦ ᠬᠤᠳᠠ ᠶᠢᠨ ᠬᠠᠤᠯᠢᠴᠢ ᠶᠢᠨ ᠠᠵᠢᠯ ᠢ ᠵᠢᠯᠣᠭᠤᠳᠤᠨ ᠲᠡᠭᠦᠨ ᠳᠤ ᠬᠢᠨᠠᠯᠲᠠ ᠲᠠᠯᠪᠢᠨ᠎ᠠ᠃ ᠪᠥᠬᠦ ᠬᠤᠲᠠ ᠶᠢᠨ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠵᠢᠴᠢ ᠬᠠᠤᠯᠢᠴᠢ ᠶᠢᠨ ᠠᠵᠢᠯ ᠡᠷᠭᠢᠯᠡᠬᠦ ᠬᠢᠷᠢ ᠬᠡᠮ ᠢ ᠠᠩᠬ᠎ᠠ ᠦᠨᠡᠯᠡᠵᠦ ᠳᠡᠭᠡᠭᠰᠢ ᠮᠡᠳᠡᠭᠦᠯᠬᠦ ᠪᠠ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠬᠠᠤᠯᠢ ᠴᠠᠭᠠᠵᠠ ᠶᠢᠨ ᠵᠥᠪᠯᠡᠭᠴᠢ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠲᠤᠰᠬᠠᠢ ᠮᠡᠷᠭᠡᠵᠢᠯᠲᠡᠨ ᠤ ᠬᠥᠮᠥᠷᠭᠡ᠂ ᠬᠠᠤᠯᠢ ᠴᠠᠭᠠᠵᠠ ᠶᠢᠨ ᠵᠥᠪᠯᠡᠭᠴᠢ ᠶᠢ ᠰᠣᠩᠭᠤᠨ ᠤᠷᠢᠬᠤ᠂ ᠵᠣᠬᠢᠶᠠᠨ ᠪᠠᠶᠢᠭᠤᠯᠬᠤ᠂ ᠬᠠᠮᠢᠶᠠᠷᠬᠤ ᠠᠵᠢᠯ ᠢ ᠬᠠᠷᠢᠭᠤᠴᠠᠨ᠎ᠠ᠃ ᠠᠯᠪᠠᠨ ᠲᠤᠰᠢᠶᠠᠯᠲᠤ ᠬᠠᠤᠯᠢᠴᠢ᠂ ᠺᠣᠮᠫᠠᠨᠢ ᠶᠢᠨ ᠬᠠᠤᠯᠢᠴᠢ ᠪᠠ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯᠲᠠᠨ ᠢ ᠵᠢᠯᠣᠭᠤᠳᠤᠨ᠎ᠠ᠃ ᠬᠤᠲᠠ ᠶᠢᠨ ᠬᠠᠤᠯᠢᠴᠢ ᠶᠢᠨ ᠨᠡᠶᠢᠭᠡᠮᠯᠢᠭ᠂ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯᠲᠠᠨ ᠤ ᠨᠡᠶᠢᠭᠡᠮᠯᠢᠭ ᠤᠨ ᠠᠵᠢᠯ ᠢ ᠵᠢᠯᠣᠭᠤᠳᠤᠨ᠎ᠠ᠃      ︵ᠠᠷᠪᠠᠨ ᠭᠤᠷᠪᠠ︶ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠢᠷᠢ ᠬᠡᠮ ᠤᠨ ᠬᠠᠮᠢᠶᠠᠷᠤᠯᠲᠠ ᠶᠢᠨ ᠰᠠᠯᠠᠭ᠎ᠠ᠃ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠢᠷᠢ ᠬᠡᠮ ᠤᠨ ᠤᠯᠤᠰ ᠤᠨ ᠨᠢᠭᠡᠳᠦᠯᠲᠡᠢ ᠰᠢᠯᠭᠠᠯᠲᠠ ᠶᠢᠨ ᠬᠥᠬᠡᠬᠤᠲᠠ ᠶᠢᠨ ᠰᠢᠯᠭᠠᠯᠲᠠ ᠶᠢᠨ ᠲᠣᠭᠤᠷᠢᠭ ᠤᠨ ᠵᠣᠬᠢᠶᠠᠨ ᠪᠠᠶᠢᠭᠤᠯᠤᠨ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃ ᠪᠥᠬᠦ ᠬᠤᠲᠠ ᠶᠢᠨ ᠤᠯᠤᠰ ᠤᠨ ᠨᠢᠭᠡᠳᠦᠯᠲᠡᠢ ᠬᠠᠤᠯᠢ ᠴᠠᠭᠠᠵᠠ ᠶᠢᠨ ᠬᠢᠷᠢ ᠬᠡᠮ ᠢ ᠬᠢᠨᠠᠨ ᠬᠠᠷᠭᠤᠭᠤᠯᠬᠤ ᠪᠠ ᠬᠢᠷᠢ ᠬᠡᠮ ᠤᠨ ᠦᠨᠡᠮᠯᠡᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠥᠬᠦ ᠬᠤᠲᠠ ᠶᠢᠨ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠠᠵᠢᠯᠲᠠᠨ ᠤ ᠠᠵᠢᠯ ᠳᠤ ᠣᠷᠣᠬᠤ ᠠᠴᠠ ᠡᠮᠦᠨᠡᠬᠢ ᠪᠣᠯᠪᠠᠰᠤᠷᠠᠭᠤᠯᠤᠯ ᠤᠨ ᠲᠥᠯᠦᠪᠵᠢᠭᠦᠯᠭᠡ ᠶᠢ ᠬᠠᠷᠢᠭᠤᠴᠠᠨ ᠵᠣᠬᠢᠶᠠᠨ ᠪᠠᠶᠢᠭᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      ︵ᠠᠷᠪᠠᠨ ᠳᠥᠷᠪᠡ︶ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠡ ᠵᠠᠩᠭᠢᠵᠢᠯᠲᠠ ᠶᠢᠨ ᠰᠠᠯᠠᠭ᠎ᠠ᠃ ᠪᠦᠬᠦ ᠬᠤᠳᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠶᠡᠷᠦᠩᠬᠡᠢ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠥᠬᠦ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠮᠡᠳᠡᠭᠡ ᠵᠠᠩᠭᠢᠵᠢᠯᠲᠠ ᠶᠢᠨ ᠰᠢᠰᠲ᠋ᠧᠮ᠂ ᠵᠥᠭᠡᠯᠡᠨ ᠲᠣᠨᠤᠭ᠂ ᠲᠠᠪᠴᠠᠩ ᠤᠨ ᠵᠢᠷᠤᠭ ᠲᠥᠯᠥᠪᠯᠡᠭᠡ᠂ ᠰᠤᠳᠤᠯᠤᠨ ᠨᠡᠭᠡᠭᠡᠬᠦ᠂ ᠪᠦᠲᠦᠭᠡᠨ ᠪᠠᠶᠢᠭᠤᠯᠤᠯᠲᠠ᠂ ᠬᠡᠷᠡᠭᠯᠡᠯᠲᠡ ᠪᠠ ᠬᠠᠮᠠᠭᠠᠯᠠᠯᠲᠠ ᠶᠢᠨ ᠠᠵᠢᠯ ᠢ ᠵᠢᠯᠣᠭᠤᠳᠤᠨ᠎ᠠ᠃ ᠪᠥᠬᠦ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠤᠯᠭ᠎ᠠ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠰᠢᠢᠳᠪᠦᠷᠢᠯᠡᠬᠦ ᠪᠠ ᠶᠡᠷᠦᠩᠬᠡᠶᠢᠯᠡᠨ ᠵᠣᠬᠢᠴᠠᠭᠤᠯᠵᠤ ᠲᠣᠬᠢᠷᠠᠭᠤᠯᠬᠤ ᠠᠵᠢᠯ ᠢ ᠡᠭᠦᠷᠭᠡᠯᠡᠨ᠎ᠡ᠃ ᠠᠯᠪᠠᠳᠠᠯᠭ᠎ᠠ ᠪᠠᠷ ᠲᠤᠰᠠᠭᠠᠷᠯᠠᠵᠤ ᠬᠤᠣᠷ ᠲᠠᠲᠠᠬᠤ ᠶᠢ ᠵᠣᠭᠰᠣᠭᠠᠬᠤ ᠭᠠᠵᠠᠷ ᠤᠨ ᠠᠮᠤᠷ ᠲᠦᠪᠰᠢᠨ ᠤ ᠰᠡᠷᠭᠡᠶᠢᠯᠡᠯᠲᠡ ᠪᠠ ᠬᠢᠨᠠᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃      ︵ᠠᠷᠪᠠᠨ ᠲᠠᠪᠤ︶ ᠤᠯᠤᠰ ᠲᠦᠷᠦ ᠴᠠᠭᠳᠠᠭᠠᠨ ᠤ ᠶᠠᠪᠤᠳᠠᠯ ᠤᠨ ᠬᠡᠯᠲᠡᠰ᠃ ᠪᠥᠬᠦ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠡᠩᠨᠡᠭᠡ ᠶᠢᠨ ᠪᠠᠶᠢᠭᠤᠯᠤᠯᠲᠠ ᠶᠢᠨ ᠠᠵᠢᠯ ᠤᠨ ᠬᠥᠭᠵᠢᠯᠲᠡ ᠶᠢᠨ ᠲᠥᠯᠦᠪᠵᠢᠭᠦᠯᠭᠡ ᠪᠠ ᠲᠥᠯᠥᠪᠯᠡᠭᠡ ᠶᠢ ᠰᠤᠳᠤᠯᠤᠨ ᠲᠣᠭᠲᠠᠭᠠᠵᠤ᠂ ᠪᠥᠬᠦ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠡᠩᠨᠡᠭᠡ ᠶᠢᠨ ᠪᠠᠶᠢᠭᠤᠯᠤᠯᠲᠠ ᠶᠢ ᠵᠢᠯᠣᠭᠤᠳᠤᠨ᠎ᠠ᠃ ᠪᠠᠶᠢᠭᠤᠯᠭ᠎ᠠ ᠪᠠ ᠬᠠᠷᠢᠶ᠎ᠠ ᠨᠢᠭᠡᠴᠡ ᠶᠢᠨ ᠢᠶᠠᠨ ᠠᠵᠢᠯᠲᠠᠨ ᠤ ᠶᠠᠪᠤᠳᠠᠯ᠂ ᠴᠠᠯᠢᠩ ᠬᠠᠷᠠᠭᠠᠯᠵᠠᠯ᠂ ᠪᠠᠶᠢᠭᠤᠯᠤᠮᠵᠢ ᠶᠢᠨ ᠣᠷᠣᠨ ᠲᠤᠭ᠎ᠠ᠂ ᠴᠠᠭᠳᠠᠭᠠᠨ ᠤ ᠶᠠᠪᠤᠳᠠᠯ ᠤᠨ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ᠎ᠠ᠃ ᠬᠤᠰᠢᠭᠤ ᠰᠢᠶᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠶᠢᠨ ᠬᠠᠮᠵᠢᠯᠴᠠᠨ ᠬᠠᠮᠢᠶᠠᠷᠬᠤ ᠺᠠᠳ᠋ᠷ ᠢ ᠰᠢᠯᠭᠠᠨ ᠬᠢᠨᠠᠬᠤ ᠠᠵᠢᠯ ᠢ ᠬᠠᠷᠢᠭᠤᠴᠠᠬᠤ ᠶᠢᠨ ᠬᠠᠮᠲᠤ ᠲᠣᠮᠢᠯᠠᠬᠤ ᠪᠠᠭᠤᠯᠭᠠᠬᠤ᠂ ᠰᠣᠯᠢᠯᠴᠠᠬᠤ ᠰᠠᠨᠠᠯ ᠳᠤᠷᠠᠳᠤᠨ᠎ᠠ᠃ ᠪᠦᠬᠦ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠡᠩᠨᠡᠭᠡ ᠶᠢᠨ ᠬᠥᠮᠦᠵᠢᠯ ᠪᠣᠯᠪᠠᠰᠤᠷᠠᠯ ᠤᠨ ᠠᠵᠢᠯ ᠢ ᠵᠢᠯᠤᠭᠤᠳᠴᠤ᠂ ᠪᠣᠯᠪᠠᠰᠤᠷᠠᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠵᠢᠯᠣᠭᠤᠳᠤᠨ᠎ᠠ᠃ ᠪᠥᠬᠦ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠰᠢᠯᠢᠳᠡᠭ ᠢ ᠰᠢᠯᠭᠠᠷᠠᠭᠤᠯᠵᠤ ᠲᠡᠷᠢᠭᠦᠨ ᠤ ᠬᠢ ᠶᠢ ᠡᠭᠦᠳᠬᠦ᠂ ᠬᠥᠬᠢᠭᠦᠯᠦᠨ ᠱᠠᠩᠨᠠᠬᠤ ᠠᠵᠢᠯ ᠢ ᠡᠭᠦᠷᠭᠡᠯᠡᠨ᠎ᠡ᠃ ᠪᠦᠬᠦ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠳᠣᠲᠣᠭᠠᠳᠤ ᠶᠢᠨ ᠤᠬᠠᠭᠤᠯᠭ᠎ᠠ ᠶᠢᠨ ᠠᠵᠢᠯ ᠢ ᠡᠭᠦᠷᠭᠡᠯᠡᠨ᠎ᠡ᠃       ︵ᠠᠷᠪᠠᠨ ᠵᠢᠷᠭᠤᠭ᠎ᠠ︶ ᠴᠠᠭᠳᠠᠭᠠᠨ ᠤ ᠶᠠᠪᠤᠳᠠᠯ ᠢ ᠰᠢᠮᠳᠠᠭᠤᠯᠤᠨ ᠪᠠᠶᠢᠴᠠᠭᠠᠬᠤ ᠰᠠᠯᠠᠭ᠎ᠠ᠃ ᠪᠦᠬᠦ ᠬᠤᠳᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠴᠠᠭᠳᠠᠭᠠᠨ ᠤ ᠶᠠᠪᠤᠳᠠᠯ ᠢ ᠬᠢᠨᠠᠨ ᠪᠠᠶᠢᠴᠠᠭᠠᠬᠤ ᠠᠵᠢᠯ ᠤᠨ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠦᠬᠦ ᠬᠤᠳᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠷᠠᠳ ᠤᠨ ᠴᠠᠭᠳᠠᠭ᠎ᠠ ᠶᠢᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠ ᠰᠠᠬᠢᠯᠭ᠎ᠠ ᠪᠠᠲᠤ ᠶᠢ ᠵᠢᠷᠤᠮᠯᠠᠭᠰᠠᠨ ᠪᠠᠶᠢᠳᠠᠯ ᠢ ᠵᠢᠯᠣᠭᠤᠳᠤᠨ ᠬᠢᠨᠠᠯᠲᠠ ᠲᠠᠯᠪᠢᠵᠤ᠂ ᠪᠦᠬᠦ ᠬᠤᠳᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠵᠢᠴᠢ ᠠᠷᠠᠳ ᠤᠨ ᠴᠠᠭᠳᠠᠭ᠎ᠠ ᠶᠢᠨ ᠵᠦᠢ ᠶᠣᠰᠣᠨ ᠤ ᠬᠠᠤᠯᠢ ᠬᠡᠷᠡᠭᠵᠢᠭᠦᠯᠬᠦ ᠡᠷᠬᠡ ᠶᠢ ᠬᠠᠷᠢᠭᠤᠴᠠᠵᠤ ᠬᠠᠮᠠᠭᠠᠯᠠᠨ᠎ᠠ᠃      ︵ᠠᠷᠪᠠᠨ ᠲᠤᠯᠤᠭ᠎ᠠ︶ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠠᠯᠪᠠᠨ ᠭᠡᠷ᠃ ᠪᠥᠬᠦ ᠬᠤᠲᠠ ᠶᠢᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠠᠵᠢᠯ ᠢ ᠵᠢᠯᠣᠭᠤᠳᠤᠨ᠎ᠠ᠃ ᠬᠤᠲᠠ ᠶᠢᠨ ᠲᠤᠰ ᠱᠠᠲᠤᠨ ᠠᠴᠠ ᠬᠠᠮᠢᠶᠠᠷᠴᠤ ᠪᠠᠶᠢᠭ᠎ᠠ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃      ︵ᠠᠷᠪᠠᠨ ᠨᠠᠢᠮᠠ︶ ᠪᠠᠶᠢᠭᠤᠯᠤᠯᠭ᠎ᠠ ᠶᠢᠨ ᠨᠠᠮ ᠤᠨ ᠬᠤᠷᠢᠶ᠎ᠠ᠃ ᠲᠣᠪᠴᠢᠶ᠎ᠠ ᠶᠢᠨ ᠪᠠᠶᠢᠭᠤᠯᠭ᠎ᠠ ᠵᠢᠴᠢ ᠬᠠᠷᠢᠶ᠎ᠠ ᠨᠢᠭᠡᠴᠡ ᠶᠢᠨ ᠨᠠᠮ ᠤᠨ ᠪᠠᠶᠢᠭᠤᠯᠤᠯᠲᠠ᠂ ᠰᠠᠬᠢᠯᠭ᠎ᠠ ᠪᠠᠲᠤ ᠪᠠᠶᠢᠴᠠᠭᠠᠬᠤ᠂ ᠣᠯᠠᠨ ᠲᠦᠮᠡᠨ ᠤ ᠪᠦᠯᠬᠦᠮ ᠵᠡᠷᠭᠡ ᠠᠵᠢᠯ ᠢ ᠬᠠᠷᠢᠭᠤᠴᠠᠨ᠎ᠠ᠃ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠰᠢ ᠯᠥᠸᠧ ᠹᠧᠩ ᠵᠡᠭᠡᠯᠢ ᠶᠢᠨ 98 ᠨᠣᠮᠧᠷᠤᠲᠠᠰᠤ᠄ 0471-6649669ᠠᠵᠢᠯᠯᠠᠬᠤ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨ᠎ᠡ 9:00-12:00,ᠦᠳᠡ ᠶᠢᠨ ᠬᠤᠶᠢᠨ᠎ᠠ 1:30-5:00ᠬᠠᠷᠢᠭᠤᠴᠠᠯᠭᠠᠲᠠᠨ᠄ ᠱᠢ ᠰᠢᠦᠸᠢ ᠵᠢᠶᠦ᠋ᠨ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ