ᠨᠢᠭᠡ᠂ ᠪᠦᠬᠦ ᠬᠤᠲᠠ ᠶᠢᠨ ᠠᠷᠠᠳ ᠤᠨ ᠶᠠᠪᠤᠳᠠᠯ ᠤᠨ ᠦᠢᠯᠡᠰ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ ᠶᠢ ᠲᠤᠭᠤᠷᠪᠢᠵᠤ᠂ | ᠠᠷᠠᠳ ᠤᠨ ᠶᠠᠪᠤᠳᠠᠯ ᠤᠨ ᠠᠵᠢᠯ ᠲᠥᠷᠥᠯ ᠤᠨ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠷᠠᠳ ᠤᠨ ᠶᠠᠪᠤᠳᠠᠯ ᠤᠨ ᠣᠷᠣᠨ ᠨᠤᠲᠤᠭ ᠤᠨ | ᠪᠠᠷᠢᠮᠵᠢᠶ᠎ᠠ ᠶᠢ ᠲᠣᠭᠲᠠᠭᠠᠨ᠎ᠠ᠃ | ᠬᠤᠶᠠᠷ᠂ ᠪᠦᠬᠦ ᠬᠤᠲᠠ ᠶᠢᠨ ᠨᠡᠶᠢᠭᠡᠮ ᠤᠨ ᠪᠦᠯᠬᠦᠮ᠂ ᠰᠠᠭᠤᠷᠢ ᠮᠥᠩᠭᠦᠨ ᠤ ᠨᠡᠶᠢᠭᠡᠮᠯᠢᠭ᠂ ᠨᠡᠶᠢᠭᠡᠮ ᠤᠨ ᠦᠢᠯᠡᠴᠢᠯᠡᠭᠡᠨ ᠤ ᠪᠠᠶᠢᠭᠤᠯᠤᠮᠵᠢ ᠵᠡᠷᠭᠡ | ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠪᠠ ᠬᠠᠮᠢᠶᠠᠷᠤᠯᠲᠠ ᠶᠢᠨ ᠠᠷᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ | ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠬᠠᠤᠯᠢ ᠶᠣᠰᠣᠭᠠᠷ ᠬᠠᠮᠢᠶᠠᠷᠬᠤ ᠪᠠ ᠬᠠᠤᠯᠢ ᠬᠡᠷᠡᠭᠵᠢᠭᠦᠯᠦᠨ ᠬᠢᠨᠠᠯᠲᠠ | ᠲᠠᠯᠪᠢᠨ᠎ᠠ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠵᠢᠯᠣᠭᠤᠳᠴᠤ᠂ ᠬᠤᠲᠠ ᠶᠢᠨ ᠲᠣᠰ ᠱᠠᠲᠤᠨ ᠤ ᠳᠠᠩᠰᠠᠯᠠᠨ | ᠬᠠᠮᠢᠶᠠᠷᠬᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ | ᠭᠤᠷᠪᠠ᠂ ᠪᠦᠬᠦ ᠬᠤᠲᠠ ᠶᠢᠨ ᠨᠡᠶᠢᠭᠡᠮ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠪᠣᠯᠤᠨ ᠪᠠᠷᠢᠮᠵᠢᠶ᠎ᠠ ᠶᠢ ᠲᠤᠭᠤᠷᠪᠢᠵᠤ᠂ ᠨᠡᠶᠢᠭᠡᠮ ᠤᠨ | ᠠᠪᠤᠷᠠᠨ ᠲᠤᠰᠠᠯᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ | ᠂ ᠣᠨᠴᠠ ᠬᠦᠴᠢᠷᠳᠡᠯᠲᠡᠶ ᠬᠥᠮᠦᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ᠂ ᠲᠦᠷ ᠴᠠᠭ ᠠᠪᠤᠷᠠᠨ ᠲᠤᠰᠠᠯᠠᠬᠤ᠂ ᠠᠮᠢᠳᠤᠷᠠᠯ ᠨᠢ ᠪᠠᠲᠤᠯᠠᠭ᠎ᠠ ᠦᠭᠡᠢ | ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠥᠮᠦᠰ ᠢ ᠠᠪᠤᠷᠠᠨ ᠲᠤᠰᠠᠯᠠᠬᠤ ᠠᠵᠢᠯ ᠢ ᠬᠠᠷᠢᠭᠤᠴᠠᠨ᠎ᠠ᠃ | ᠳᠥᠷᠪᠡ᠂ ᠪᠦᠬᠦ ᠬᠤᠲᠠ ᠶᠢᠨ ᠬᠤᠲᠠ ᠬᠥᠳᠡᠭᠡ ᠶᠢᠨ ᠦᠨᠳᠦᠰᠦᠨ ᠱᠠᠲᠤᠨ ᠤ ᠣᠯᠠᠨ ᠲᠦᠮᠡᠨ ᠤ ᠥᠪᠡᠷᠲᠡᠭᠡᠨ ᠵᠠᠰᠠᠬᠤ ᠪᠠᠶᠢᠭᠤᠯᠤᠯᠲᠠ ᠪᠠ ᠨᠡᠶᠢᠭᠡᠮ | ᠲᠣᠭᠤᠷᠢᠭ ᠤᠨ ᠵᠠᠰᠠᠯᠲᠠ ᠶᠢᠨ ᠲᠥᠷᠦ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠵᠠᠰᠠᠯᠲᠠ ᠶᠢᠨ | ᠰᠢᠰᠲ᠋ᠧᠮ ᠤᠨ ᠵᠠᠰᠠᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠵᠢᠯᠣᠭᠤᠳᠴᠤ᠂ ᠬᠤᠲᠠ ᠬᠥᠳᠡᠭᠡ ᠶᠢᠨ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ | ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠬᠤ ᠰᠠᠨᠠᠭᠤᠯᠭ᠎ᠠ ᠳᠤᠷᠠᠳᠴᠤ᠂ ᠦᠨᠳᠦᠰᠦᠨ ᠱᠠᠲᠤᠨ ᠤ ᠠᠷᠠᠳᠴᠢᠯᠠᠭᠰᠠᠨ ᠤᠯᠤᠰ ᠲᠥᠷᠦ ᠶᠢᠨ | ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ | ᠲᠠᠪᠤ᠂ ᠵᠠᠰᠠᠭ ᠵᠠᠬᠢᠷᠭᠠᠨ ᠤ ᠬᠤᠪᠢᠶᠠᠷᠢᠯᠠᠯ᠂ ᠵᠠᠰᠠᠭ ᠵᠠᠬᠢᠷᠭᠠᠨ ᠤ ᠣᠷᠣᠨ ᠪᠦᠰᠡ ᠶᠢᠨ ᠵᠠᠭᠠᠭ ᠱᠤᠭᠤᠮ ᠤᠨ ᠬᠠᠮᠢᠶᠠᠷᠤᠯᠲᠠ ᠪᠣᠯᠤᠨ ᠭᠠᠵᠠᠷ ᠤᠨ | ᠨᠡᠷᠡᠶᠢᠳᠦᠯ ᠤᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢ ᠲᠤᠭᠤᠷᠪᠢᠨ ᠲᠣᠭᠲᠠᠭᠠᠵᠤ᠂ ᠪᠦᠬᠦ ᠬᠤᠲᠠ ᠶᠢᠨ ᠵᠠᠰᠠᠭ ᠵᠠᠬᠢᠷᠭᠠᠨ ᠤ | ᠬᠤᠪᠢᠶᠠᠷᠢᠯᠠᠯ ᠤᠨ ᠬᠤᠪᠢᠷᠠᠯᠲᠠ ᠶᠢ ᠬᠢᠨᠠᠨ ᠬᠠᠷᠭᠤᠭᠤᠯᠬᠤ ᠪᠠ ᠭᠤᠶᠤᠴᠢᠯᠠᠨ ᠮᠡᠳᠡᠭᠦᠯᠬᠦ ᠠᠵᠢᠯ ᠢ ᠡᠭᠦᠷᠭᠡᠯᠡᠵᠦ᠂ ᠵᠠᠰᠠᠭ ᠵᠠᠬᠢᠷᠭᠠᠨ ᠤ ᠣᠷᠣᠨ ᠪᠦᠰᠡ ᠶᠢᠨ | ᠵᠠᠭᠠᠭ ᠱᠤᠭᠤᠮ ᠢ ᠬᠠᠶᠢᠨ ᠲᠣᠭᠲᠠᠭᠠᠬᠤ ᠪᠠ ᠬᠠᠮᠢᠶᠠᠷᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ | ᠶᠣᠰᠣᠭᠠᠷ ᠭᠠᠵᠠᠷ ᠤᠨ ᠨᠡᠷᠡᠶᠢᠳᠦᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ᠵᠢᠷᠭᠤᠭ᠎ᠠ᠂ ᠤᠷᠤᠭ ᠤᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠤᠷᠤᠭ ᠬᠤᠷᠢᠮ ᠤᠨ ᠵᠠᠩ ᠦᠢᠯᠡ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ | ᠳᠣᠯᠤᠭ᠎ᠠ᠂ ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ᠂ ᠦᠢᠯᠡᠴᠢᠯᠡᠭᠡᠨ ᠤ ᠵᠢᠷᠤᠮᠵᠢᠯ ᠢ ᠲᠤᠭᠤᠷᠪᠢᠨ ᠲᠣᠭᠲᠠᠭᠠᠬᠤ ᠶᠢᠨ | ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ | ᠨᠠᠢᠮᠠ᠂ ᠪᠥᠬᠦ ᠬᠤᠲᠠ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠰᠢᠮᠳᠠᠭᠤᠯᠤᠨ | ᠵᠢᠯᠣᠭᠤᠳᠬᠤ ᠶᠢᠨ ᠬᠠᠮᠲᠤ ᠬᠢᠨᠠᠯᠲᠠ ᠲᠠᠯᠪᠢᠨ ᠬᠠᠮᠢᠶᠠᠷᠴᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ | ᠲᠥᠯᠥᠪᠵᠢᠭᠦᠯᠭᠡ᠂ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ | ᠨᠠᠰᠤᠲᠠᠶᠢᠴᠤᠳ ᠤᠨ ᠠᠰᠠᠷᠠᠮᠵᠢ ᠪᠠ ᠣᠨᠴᠠᠭᠠᠢ ᠬᠦᠴᠢᠷᠳᠡᠯᠲᠡᠶ ᠨᠠᠰᠤᠲᠠᠶᠢᠴᠤᠳ ᠢ ᠠᠪᠤᠷᠠᠨ ᠲᠤᠰᠠᠯᠠᠬᠤ ᠠᠵᠢᠯ ᠢ ᠡᠭᠦᠷᠭᠡᠯᠡᠨ᠎ᠡ᠃ | ᠶᠢᠰᠦ᠂ ᠪᠦᠬᠦ ᠬᠤᠲᠠ ᠶᠢᠨ ᠵᠡᠮᠳᠡᠭᠴᠦᠳ ᠤᠨ ᠡᠷᠬᠡ ᠠᠰᠢᠭ ᠢ ᠬᠠᠮᠠᠭᠠᠯᠠᠬᠤ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ | ᠵᠡᠮᠳᠡᠭᠴᠦᠳ ᠤᠨ ᠠᠰᠠᠷᠠᠮᠵᠢ ᠶᠢᠨ ᠳᠦᠷᠢᠮ ᠤᠨ ᠪᠠᠶᠢᠭᠤᠯᠤᠯᠲᠠ ᠪᠣᠯᠤᠨ ᠡᠷᠡᠭᠦᠯᠵᠢᠯ ᠤᠨ ᠲᠤᠰᠠᠯᠠᠬᠤ ᠪᠠᠭᠠᠵᠢ ᠬᠡᠷᠡᠭᠰᠡᠯ ᠤᠨ ᠠᠵᠤ ᠦᠢᠯᠡᠰ ᠤᠨ | ᠬᠥᠭᠵᠢᠯᠲᠡ ᠶᠢ ᠨᠢᠭᠡᠳᠦᠯᠲᠡᠶ ᠲᠥᠯᠥᠪᠯᠡᠨ ᠲᠦᠯᠬᠢᠨ ᠠᠬᠢᠭᠤᠯᠤᠨ᠎ᠠ᠃ | ᠠᠷᠪᠠ᠂ ᠬᠡᠤᠬᠡᠳ ᠤᠨ ᠠᠰᠠᠷᠠᠮᠵᠢ᠂ ᠥᠨᠥᠴᠢᠨ ᠭᠤᠯᠣᠭᠳᠠᠭᠰᠠᠨ ᠬᠡᠤᠬᠡᠳ ᠤᠨ ᠪᠠᠲᠤᠯᠠᠭ᠎ᠠ᠂ ᠬᠡᠤᠬᠡᠳ ᠢ ᠡᠷᠭᠦᠨ ᠲᠡᠵᠢᠭᠡᠬᠦ᠂ ᠬᠡᠤᠬᠡᠳ ᠢ ᠠᠪᠤᠷᠠᠨ | ᠲᠤᠰᠠᠯᠠᠵᠤ ᠬᠠᠮᠠᠭᠠᠯᠠᠬᠤ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢ ᠲᠤᠭᠤᠷᠪᠢᠨ ᠲᠣᠭᠲᠠᠭᠠᠵᠤ᠂ ᠬᠥᠳᠡᠭᠡ ᠲᠣᠰᠬᠤᠨ ᠤ ᠭᠡᠷ ᠲᠡᠭᠡᠨ ᠬᠤᠴᠣᠷᠤᠭᠰᠠᠨ | ᠬᠡᠤᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠰᠢᠰᠲ᠋ᠧᠮᠵᠢ ᠪᠣᠯᠤᠨ ᠬᠦᠴᠢᠷᠳᠡᠯ ᠳᠤ ᠲᠤᠯᠭᠠᠷᠠᠭᠰᠠᠨ ᠬᠡᠤᠬᠡᠳ ᠤᠨ ᠪᠠᠲᠤᠯᠠᠭ᠎ᠠ ᠶᠢᠨ ᠳᠦᠷᠢᠮ ᠢ | ᠪᠦᠷᠢᠨᠰᠢᠭᠦᠯᠦᠨ᠎ᠡ᠃ | ᠠᠷᠪᠠᠨ ᠨᠢᠭᠡ᠂ ᠪᠤᠶᠠᠨ ᠤ ᠦᠢᠯᠡᠰ ᠤᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠵᠤ᠂ | ᠨᠡᠶᠢᠭᠡᠮ ᠤᠨ ᠲᠤᠰᠠᠯᠠᠮᠵᠢ ᠶᠢᠨ ᠠᠵᠢᠯ ᠢ ᠵᠢᠯᠣᠭᠤᠳᠤᠨ᠂ ᠠᠰᠠᠷᠠᠮᠵᠢ ᠶᠢᠨ ᠰᠤᠭᠤᠯᠤᠭ᠎ᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ᠠᠷᠪᠠᠨ ᠬᠤᠶᠠᠷ᠂ ᠨᠡᠶᠢᠭᠡᠮ ᠤᠨ ᠠᠵᠢᠯ᠂ ᠰᠠᠶᠢᠨ ᠳᠤᠷ᠎ᠠ ᠶᠢᠨ ᠦᠢᠯᠡᠴᠢᠯᠡᠭᠡ ᠶᠢᠨ ᠲᠥᠷᠥ ᠶᠢᠨ ᠪᠣᠳᠣᠯᠭ᠎ᠠ ᠪᠣᠯᠤᠨ ᠪᠠᠷᠢᠮᠵᠢᠶ᠎ᠠ ᠶᠢ ᠲᠤᠭᠤᠷᠪᠢᠨ | ᠲᠣᠭᠲᠠᠭᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠨᠡᠶᠢᠭᠡᠮ ᠤᠨ ᠠᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠪᠣᠯᠤᠨ | ᠰᠠᠶᠢᠨ ᠳᠤᠷᠠᠴᠤᠳ ᠤᠨ ᠡᠩᠨᠡᠭᠡ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ | ᠠᠷᠪᠠᠨ ᠭᠤᠷᠪᠠ᠂ ᠲᠣᠰ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠶᠣᠰᠣᠭᠠᠷ ᠬᠠᠮᠢᠶ᠎ᠠ ᠪᠦᠬᠦᠢ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠨ᠎ᠡ᠃ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠠᠬᠢ ᠠᠶᠤᠯ ᠦᠭᠡᠢ ᠦᠢᠯᠡᠳᠪᠦᠷᠢᠯᠡᠯ᠂ ᠡᠷᠬᠢᠯᠡᠭᠰᠡᠨ ᠠᠵᠢᠯ ᠤᠨ ᠡᠷᠡᠭᠦᠯ | ᠮᠡᠨᠳᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ᠃ | ᠠᠷᠪᠠᠨ ᠳᠥᠷᠪᠡ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ |