ᠤᠳᠤᠷᠢᠳᠤᠯᠭ᠎ᠠ ᠶᠢᠨ ᠨᠠᠮᠲᠠᠷ | | ᠨᠢᠦ ᠹᠠᠩ ᠽᠧ᠂ ᠡᠷᠡᠭᠲᠡᠢ᠂ ᠬᠢᠲᠠᠳ ᠦᠨᠳᠦᠰᠦᠲᠡᠨ᠂ 1967 ᠣᠨ ᠤ 10 ᠳ᠋ᠤᠭᠠᠷ ᠰᠠᠷ᠎ᠠ ᠳᠤ ᠲᠥᠷᠥᠵᠡᠢ᠂ ᠠᠰᠫᠢᠷᠠᠨᠲ ᠤᠨ ᠰᠤᠷᠤᠯᠭ᠎ᠠ ᠶᠢᠨ | ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠳᠣ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ | ᠨᠠᠮ ᠤᠨ ᠬᠤᠷᠢᠶ᠎ᠠ ᠶᠢᠨ ᠭᠡᠰᠢᠭᠦᠨ᠂ ᠬᠦᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ | ᠬᠤᠲᠠ ᠶᠢᠨ ᠳᠡᠳ᠋ ᠳᠠᠷᠤᠭ᠎ᠠ᠂ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠲᠣᠪᠴᠢᠶᠠᠨ ᠳᠠᠷᠤᠭ᠎ᠠ᠂ | ᠬᠢᠨᠠᠨ ᠪᠠᠶᠢᠴᠠᠭᠠᠬᠤ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠣᠢ᠃ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠪᠦᠬᠦ ᠲᠠᠯ᠎ᠠ ᠶᠢᠨ | ᠠᠵᠢᠯ ᠢ ᠡᠷᠬᠢᠯᠡᠨ᠎ᠡ᠃ ᠰᠠᠶᠢᠬᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠲᠠᠢ ᠬᠠᠷᠢᠯᠴᠠᠨ᠎ᠠ᠃ | | | | ᠪᠠᠶᠢᠭᠤᠯᠭ᠎ᠠ ᠶᠢᠨ ᠲᠠᠨᠢᠯᠴᠠᠭᠤᠯᠭ᠎ᠠ | | ︵ᠨᠢᠭᠡ︶ ᠨᠠᠮ ᠪᠠ ᠤᠯᠤᠰ ᠤᠨ ᠳᠣᠲᠣᠭᠠᠳᠤ ᠶᠢ ᠬᠠᠮᠠᠭᠠᠯᠠᠬᠤ ᠠᠵᠢᠯ ᠤᠨ ᠴᠢᠭᠯᠡᠯᠲᠡ᠂ ᠲᠥᠷᠦ ᠶᠢᠨ ᠪᠣᠳᠣᠯᠭ᠎ᠠ ᠶᠢ ᠲᠤᠭᠤᠰᠢᠯᠠᠭᠤᠯᠤᠨ | ᠬᠡᠷᠡᠭᠵᠢᠭᠦᠯᠵᠦ᠂ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠠᠵᠢᠯ ᠤᠨ ᠵᠢᠷᠤᠮᠵᠢᠯ ᠤᠨ ᠴᠢᠨᠠᠷᠲᠠᠶ ᠮᠠᠲ᠋ᠧᠷᠢᠶᠠᠯ ᠢ ᠰᠤᠳᠤᠯᠤᠨ ᠲᠣᠭᠲᠠᠭᠠᠨ᠎ᠠ︔ ᠪᠦᠬᠦ | ᠬᠤᠲᠠ ᠶᠢᠨ ᠳᠣᠲᠣᠭᠠᠳᠤ ᠶᠢ ᠬᠠᠮᠠᠭᠠᠯᠠᠬᠤ ᠠᠵᠢᠯ ᠢ ᠪᠠᠶᠢᠷᠢᠯᠠᠭᠤᠯᠵᠤ᠂ ᠵᠢᠯᠣᠭᠤᠳᠴᠤ᠂ ᠬᠢᠨᠠᠯᠲᠠ ᠲᠠᠯᠪᠢᠨ᠎ᠠ᠃ | ︵ᠬᠤᠶᠠᠷ︶ ᠪᠦᠬᠦ ᠬᠤᠳᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠲᠤᠷᠰᠢᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠵᠤ᠂ | ᠵᠢᠯᠤᠭᠤᠳᠴᠤ᠂ ᠪᠦᠬᠦ ᠬᠤᠳᠠ ᠶᠢᠨ ᠬᠡᠪᠴᠢᠶᠡᠨ ᠳᠠᠬᠢ ᠬᠦᠨᠳᠦ ᠶᠡᠭᠡ ᠨᠥᠯᠥᠭᠡ ᠲᠠᠢ ᠶᠠᠯᠠᠲᠤ ᠬᠡᠷᠡᠭ ᠢ ᠲᠤᠷᠰᠢᠨ ᠪᠠᠶᠢᠴᠠᠭᠠᠵᠤ ᠰᠢᠢᠳᠪᠦᠷᠢᠯᠡᠬᠦ ᠶᠢ | ᠬᠠᠷᠢᠭᠤᠴᠠᠵᠤ᠂ ᠪᠦᠬᠦ ᠬᠤᠳᠠ ᠶᠢᠨ ᠬᠦᠨᠳᠦ ᠶᠡᠭᠡ ᠡᠷᠡᠭᠦᠦ ᠶᠢᠨ ᠶᠠᠯᠠᠲᠤ ᠬᠡᠷᠡᠭ ᠢ ᠲᠤᠷᠰᠢᠨ ᠪᠠᠶᠢᠴᠠᠭᠠᠵᠤ ᠰᠢᠢᠳᠪᠦᠷᠢᠯᠡᠬᠦ ᠶᠢ ᠵᠣᠬᠢᠴᠠᠭᠤᠯᠤᠨ᠎ᠠ᠃ ᠪᠥᠬᠦ | ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠢᠳᠡᠭᠡᠨ ᠪᠠ ᠡᠮ ᠤᠨ ᠵᠦᠢᠯ᠂ ᠠᠮᠢ ᠠᠬᠤᠢ ᠶᠢᠨ ᠣᠷᠴᠢᠨ ᠲᠣᠭᠤᠷᠢᠨ᠂ ᠠᠮᠢᠳᠤ ᠪᠣᠳᠠᠰ ᠤᠨ | ᠠᠶᠤᠯᠭᠦᠢ᠂ ᠣᠶ ᠰᠢᠭᠤᠢ ᠪᠠ ᠨᠤᠲᠤᠭ ᠪᠡᠯᠴᠢᠭᠡᠷ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠵᠡᠷᠭᠡ ᠬᠦᠷᠢᠶᠡᠨ ᠳᠠᠬᠢ ᠶᠠᠯᠠᠲᠤ ᠬᠡᠷᠡᠭ ᠢ ᠲᠠᠩᠨᠠᠨ | ᠰᠢᠢᠳᠪᠦᠷᠢᠯᠡᠨ᠎ᠡ᠃ ᠪᠥᠬᠦ ᠬᠤᠲᠠ ᠳᠤ ᠬᠤᠯᠪᠣᠭᠳᠠᠭᠰᠠᠨ ᠦᠨᠡᠲᠦ ᠲᠡᠮᠳᠡᠭᠲᠦ᠂ ᠬᠤᠭᠤᠴᠠᠭᠠᠲᠤ ᠪᠠᠷᠠᠭ᠎ᠠ ᠵᠡᠷᠭᠡ ᠮᠥᠩᠭᠦᠨ ᠭᠦᠢᠯᠭᠡᠭᠡᠨ ᠤ ᠶᠠᠯᠠᠲᠤ ᠬᠡᠷᠡᠭ ᠢ | ᠲᠠᠩᠨᠠᠨ ᠰᠢᠢᠳᠪᠦᠷᠢᠯᠡᠨ᠎ᠡ᠃ | ︵ᠭᠤᠷᠪᠠ︶ ᠪᠥᠬᠦ ᠬᠤᠲᠠ ᠶᠢᠨ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠥᠬᠦ ᠬᠤᠲᠠ ᠶᠢᠨ ᠬᠦᠨᠳᠦ ᠶᠡᠭᠡ | ᠠᠮᠤᠷ ᠲᠦᠪᠰᠢᠨ ᠤ ᠠᠳᠡᠯ ᠪᠠ ᠬᠠᠮᠲᠤ ᠶᠢᠨ ᠴᠢᠨᠠᠷᠲᠠᠢ ᠬᠡᠷᠡᠭ ᠢ ᠵᠣᠬᠢᠴᠠᠭᠤᠯᠤᠨ ᠰᠢᠢᠳᠪᠦᠷᠢᠯᠡᠵᠦ᠂ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠶᠢᠨ ᠨᠡᠶᠢᠭᠡᠮ ᠤᠨ ᠠᠮᠤᠷ ᠲᠦᠪᠰᠢᠨ ᠤ ᠡᠮᠬᠢ ᠵᠢᠷᠤᠮ ᠢ ᠡᠪᠳᠡᠭᠰᠡᠨ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠶᠢ | ᠬᠠᠷᠢᠭᠤᠴᠠᠵᠤ᠂ ᠪᠥᠬᠦ ᠬᠤᠲᠠ ᠶᠢᠨ ᠠᠮᠤᠷ ᠲᠦᠪᠰᠢᠨ ᠤ ᠵᠠᠰᠠᠭ ᠵᠠᠬᠢᠷᠭᠠᠨ ᠤ ᠬᠠᠮᠢᠶᠠᠷᠤᠯᠲᠠ᠂ ᠭᠠᠯ ᠰᠡᠷᠭᠡᠶᠢᠯᠡᠬᠦ ᠪᠠ ᠠᠶᠤᠯᠲᠠᠢ ᠬᠢᠮᠢ ᠶᠢᠨ ᠪᠣᠳᠠᠰ ᠤᠨ | ᠬᠠᠮᠢᠶᠠᠷᠤᠯᠲᠠ ᠶᠢᠨ ᠠᠵᠢᠯ ᠢ ᠬᠠᠤᠯᠢ ᠶᠣᠰᠣᠭᠠᠷ ᠥᠷᠨᠢᠭᠦᠯᠵᠦ᠂ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠮᠤᠷ ᠢ ᠬᠠᠮᠠᠭᠠᠯᠠᠬᠤ | ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ | ︵ᠳᠥᠷᠪᠡ︶ ᠪᠥᠬᠦ ᠬᠤᠳᠠ ᠶᠢᠨ ᠵᠠᠮ ᠬᠠᠷᠢᠯᠴᠠᠭᠠᠨ ᠤ ᠠᠶᠤᠯᠭᠦᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠥᠬᠦ ᠬᠤᠲᠠ ᠶᠢᠨ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠠᠶᠤᠯᠭᠦᠢ᠂ ᠵᠠᠮ ᠬᠠᠷᠢᠯᠴᠠᠭᠠᠨ ᠤ ᠡᠮᠬᠢ ᠳᠢᠭᠯᠢᠮ ᠢ ᠬᠠᠮᠠᠭᠠᠯᠠᠬᠤ ᠵᠢᠴᠢ ᠮᠠᠰᠢᠨ ᠲᠡᠷᠭᠡ | ︵ᠲᠷᠠᠺᠲ᠋ᠣᠷ ᠪᠠᠭᠲᠠᠬᠤ ᠦᠭᠡᠢ︶᠂ ᠵᠢᠯᠣᠭᠤᠴᠢ ᠶᠢᠨ ᠬᠠᠮᠢᠶᠠᠷᠤᠯᠲᠠ ᠶᠢᠨ ᠠᠵᠢᠯ ᠥᠷᠨᠢᠭᠦᠯᠬᠦ ᠶᠢ ᠵᠢᠯᠣᠭᠤᠳᠤᠨ ᠬᠢᠨᠠᠯᠲᠠ ᠲᠠᠯᠪᠢᠨ᠎ᠠ︔ ᠬᠤᠳᠠ ᠶᠢᠨ ᠤᠯᠠᠨ | ᠨᠡᠶᠢᠲᠡ ᠶᠢᠨ ᠵᠠᠮ ᠬᠠᠷᠢᠯᠴᠠᠭᠠᠨ ᠤ ᠬᠦᠷᠢᠶᠡᠨ ᠳᠤ ᠭᠠᠷᠤᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠰᠡᠷᠭᠡᠶᠢᠯᠡᠬᠦ ᠪᠠ ᠲᠡᠭᠦᠨ ᠳᠤ ᠴᠣᠬᠢᠯᠲᠠ | ᠥᠭᠭᠦᠨ᠎ᠡ᠃ | ︵ᠲᠠᠪᠤ︶ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠰᠦᠯᠵᠢᠶᠡᠨ ᠤ | ᠠᠶᠤᠯᠭᠦᠢ ᠶᠢ ᠬᠠᠮᠠᠭᠠᠯᠠᠬᠤ᠂ ᠬᠦᠴᠦᠷᠬᠡᠭᠯᠡᠯ ᠰᠦᠷᠳᠡᠭᠦᠯᠦᠯ ᠤᠨ ᠠᠵᠢᠯᠯᠠᠭ᠎ᠠ ᠶᠢ ᠰᠡᠷᠭᠡᠶᠢᠯᠡᠬᠦ ᠲᠤᠷᠰᠢᠨ ᠪᠠᠶᠢᠴᠠᠭᠠᠬᠤ ᠴᠣᠬᠢᠯᠲᠠ ᠥᠭᠬᠦ᠂ ᠬᠤᠣᠷᠲᠤ ᠡᠳ᠋ ᠤᠨ | ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠤᠷᠢᠳᠴᠢᠯᠠᠨ ᠰᠡᠷᠭᠡᠶᠢᠯᠡᠬᠦ ᠪᠠ ᠴᠣᠬᠢᠯᠲᠠ ᠥᠭᠬᠦ ᠵᠡᠷᠭᠡ ᠠᠵᠢᠯ ᠢ ᠬᠠᠷᠢᠭᠤᠴᠠᠨ᠎ᠠ᠃ | ︵ᠵᠢᠷᠭᠤᠭ᠎ᠠ︶ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠯᠢ ᠪᠠᠷ ᠣᠷᠣᠵᠤ ᠭᠠᠷᠬᠤ ᠬᠠᠮᠢᠶᠠᠷᠤᠯᠲᠠ ᠶᠢᠨ ᠠᠵᠢᠯ ᠢ | ᠬᠠᠷᠢᠭᠤᠴᠠᠨ᠎ᠠ᠃ | ︵ᠳᠣᠯᠤᠭ᠎ᠠ︶ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠪᠠ ᠮᠡᠷᠭᠡᠵᠢᠯ ᠤᠨ ᠠᠶᠤᠯᠭᠦᠢ ᠶᠢᠨ | ᠰᠡᠷᠭᠡᠶᠢᠯᠡᠯᠲᠡ᠂ ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠲᠠ᠂ ᠮᠡᠳᠡᠭᠡ ᠵᠠᠩᠭᠢ ᠴᠢᠮᠡᠭᠡ ᠬᠤᠯᠪᠣᠭ᠎ᠠ ᠶᠢᠨ ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ᠃ | ︵ᠨᠠᠢᠮᠠ︶ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠷᠤᠳᠠᠯ᠂ ᠵᠡᠪᠰᠡᠭ ᠲᠣᠨᠣᠭᠯᠠᠯ᠂ ᠬᠤᠪᠴᠠᠰᠤ ᠬᠡᠷᠡᠭᠰᠡᠯ ᠤᠨ | ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠴᠠᠭᠳᠠᠭᠠᠨ ᠤ ᠠᠷᠤ ᠲᠠᠯ᠎ᠠ ᠶᠢᠨ ᠦᠢᠯᠡᠴᠢᠯᠡᠭᠡᠨ ᠤ | ᠪᠠᠲᠤᠯᠠᠭ᠎ᠠ ᠪᠠ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ ᠪᠦᠬᠦ ᠬᠤᠲᠠ ᠶᠢᠨ ᠴᠠᠭᠳᠠᠭᠠᠨ ᠤ ᠠᠵᠢᠯ ᠳᠤ ᠬᠡᠷᠡᠭᠯᠡᠬᠦ ᠠᠭᠠᠷ ᠤᠨ | ᠠᠶᠠᠯᠠᠯ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ | ︵ᠶᠢᠰᠦ︶ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠣᠯᠭᠤᠭᠰᠠᠨ ᠡᠷᠬᠡ ᠶᠢᠨ ᠬᠡᠪᠴᠢᠶᠡᠨ ᠤ ᠳᠣᠲᠣᠷ᠎ᠠ᠂ ᠪᠥᠬᠦ ᠬᠤᠲᠠ ᠶᠢᠨ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠶᠢᠨ ᠣᠯᠠᠨ ᠤᠯᠤᠰ ᠤᠨ ᠴᠠᠭᠳᠠᠭᠠᠨ ᠤ ᠶᠠᠪᠤᠳᠠᠯ ᠤᠨ ᠰᠣᠯᠢᠯᠴᠠᠭ᠎ᠠ ᠪᠠ ᠬᠠᠮᠲᠤᠷᠠᠯᠴᠠᠭᠠᠨ ᠤ ᠠᠵᠢᠯ ᠢ ᠵᠣᠬᠢᠶᠠᠨ ᠪᠠᠶᠢᠭᠤᠯᠤᠨ | ᠥᠷᠨᠢᠭᠦᠯᠦᠨ᠎ᠡ︔ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠤᠯᠤᠰ ︵ᠬᠢᠯᠢ︶ ᠠᠯᠤᠰᠯᠠᠭᠰᠠᠨ ᠬᠡᠷᠡᠭ ᠢ ᠲᠠᠩᠨᠠᠨ ᠰᠢᠢᠳᠪᠦᠷᠢᠯᠡᠬᠦ | ᠬᠠᠮᠵᠢᠯᠴᠠᠭ᠎ᠠ ᠵᠡᠷᠭᠡ ᠠᠵᠢᠯ ᠢ ᠡᠭᠦᠷᠭᠡᠯᠡᠨ᠎ᠡ᠃ | ︵ᠠᠷᠪᠠ︶ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠡᠩᠨᠡᠭᠡ ᠶᠢᠨ ᠪᠠᠶᠢᠭᠤᠯᠤᠯᠲᠠ ᠪᠠ ᠳᠣᠲᠣᠭᠠᠳᠤ ᠶᠢ ᠬᠠᠮᠠᠭᠠᠯᠠᠬᠤ ᠤᠬᠠᠭᠤᠯᠭ᠎ᠠ ᠶᠢᠨ | ᠠᠵᠢᠯ ᠢ ᠬᠠᠷᠢᠭᠤᠴᠠᠨ᠎ᠠ︔ ᠲᠣᠭᠲᠠᠭᠠᠭᠰᠠᠨ ᠡᠷᠬᠡ ᠮᠡᠳᠡᠯ ᠤᠨ ᠬᠡᠪᠴᠢᠶᠡᠨ ᠳᠡᠭᠡᠨ ᠺᠠᠳ᠋ᠷ ᠢᠶᠠᠨ ᠬᠠᠮᠢᠶᠠᠷᠤᠨ᠎ᠠ᠃ ᠪᠦᠬᠦ ᠬᠤᠳᠠ ᠶᠢᠨ ᠳᠣᠲᠣᠭᠠᠳᠤ ᠶᠢ | ᠬᠠᠮᠠᠭᠠᠯᠠᠬᠤ ᠡᠩᠨᠡᠭᠡ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠳᠦᠷᠢᠮ ᠢ ᠲᠣᠭᠲᠠᠭᠠᠨ᠎ᠠ᠃ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ | ᠡᠩᠨᠡᠭᠡᠨ ᠤ ᠦᠵᠡᠯ ᠰᠠᠨᠠᠭ᠎ᠠ ᠤᠯᠤᠰ ᠲᠥᠷᠥ ᠶᠢᠨ ᠪᠠᠶᠢᠭᠤᠯᠤᠯᠲᠠ ᠪᠠ ᠰᠤᠷᠲᠠᠯ ᠤᠨ ᠪᠠᠶᠢᠭᠤᠯᠤᠯᠲᠠ ᠶᠢ ᠬᠠᠷᠢᠭᠤᠴᠠᠨ᠎ᠠ᠃ | ︵ᠠᠷᠪᠠᠨ ᠨᠢᠭᠡ︶ ᠲᠣᠭᠲᠠᠭᠠᠭᠰᠠᠨ ᠡᠷᠬᠡ ᠶᠢᠨ ᠬᠡᠪᠴᠢᠶᠡᠨ ᠳᠡᠭᠡᠨ ᠺᠠᠳ᠋ᠷᠴᠤᠳ ᠲᠤ ᠬᠢᠨᠠᠯᠲᠠ ᠲᠠᠯᠪᠢᠨ᠎ᠠ᠃ ᠪᠥᠬᠦ ᠬᠤᠲᠠ ᠶᠢᠨ ᠳᠣᠲᠣᠭᠠᠳᠤ ᠶᠢ | ᠬᠠᠮᠠᠭᠠᠯᠠᠬᠤ ᠡᠩᠨᠡᠭᠡ ᠶᠢᠨ ᠰᠠᠬᠢᠯᠭ᠎ᠠ ᠪᠠᠲᠤ ᠶᠢ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠪᠠ ᠰᠢᠮᠳᠠᠭᠤᠯᠤᠨ ᠰᠢᠢᠳᠪᠦᠷᠢᠯᠡᠬᠦ ᠶᠢ ᠬᠠᠷᠢᠭᠤᠴᠠᠨ᠎ᠠ︔ | ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠴᠠᠭᠳᠠᠭᠠᠨ ᠤ ᠶᠠᠪᠤᠳᠠᠯ ᠢ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠬᠤᠯᠪᠣᠭᠳᠠᠭᠰᠠᠨ ᠵᠠᠬᠢᠳᠠᠯ ᠰᠣᠷᠪᠤᠯᠵᠢᠯᠠᠭ᠎ᠠ᠂ ᠵᠠᠭᠠᠯᠳᠤᠯᠭ᠎ᠠ᠂ ᠭᠤᠮᠣᠳᠠᠯ ᠲᠣᠭᠠᠴᠢᠯᠲᠠ ᠶᠢᠨ ᠬᠡᠷᠡᠭ ︵ᠤᠴᠢᠷ | ︶ ᠢ ᠬᠦᠯᠢᠶᠡᠨ ᠠᠪᠬᠤ᠂ ᠪᠠᠶᠢᠴᠠᠭᠠᠨ ᠰᠢᠢᠳᠪᠦᠷᠢᠯᠡᠬᠦ ᠶᠢ ᠬᠠᠷᠢᠭᠤᠴᠠᠨ᠎ᠠ᠃ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠵᠠᠬᠢᠳᠠᠯ ᠰᠣᠷᠪᠤᠯᠵᠢᠯᠠᠭ᠎ᠠ ᠶᠢᠨ | ᠠᠵᠢᠯ ᠢ ᠬᠢᠨᠠᠨ ᠵᠢᠯᠤᠭᠤᠳᠴᠤ ᠪᠠᠶᠢᠴᠠᠭᠠᠨ᠎ᠠ᠃ | ︵ᠠᠷᠪᠠᠨ ᠬᠤᠶᠠᠷ︶ ᠪᠦᠬᠦ ᠬᠤᠳᠠ ᠶᠢᠨ ᠤᠢ ᠰᠢᠭᠤᠢ ᠵᠢᠴᠢ ᠬᠡᠭᠡᠷ᠎ᠡ ᠶᠢᠨ ᠠᠮᠢᠳᠠᠨ ︵ᠤᠷᠭᠤᠮᠠᠯ︶ ᠤ ᠡᠬᠢ ᠪᠠᠶᠠᠯᠢᠭ ᠢ ᠡᠪᠳᠡᠭᠰᠡᠨ ᠬᠡᠷᠡᠭ ᠢ | ᠬᠠᠷᠢᠭᠤᠴᠠᠨ ᠰᠢᠮᠳᠠᠭᠤᠯᠤᠨ ᠰᠢᠢᠳᠪᠦᠷᠢᠯᠡᠨ᠎ᠡ᠃ ᠪᠥᠬᠦ ᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠬᠦᠷᠢᠶᠡᠨ ᠳᠠᠬᠢ ᠣᠶ ᠰᠢᠭᠤᠢ᠂ ᠡᠪᠡᠰᠦ | ᠪᠡᠯᠴᠢᠭᠡᠷ ᠲᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠬᠠᠮᠢᠶ᠎ᠠ ᠪᠦᠬᠦᠢ ᠶᠠᠯᠠᠲᠤ ᠬᠡᠷᠡᠭ ᠢ ᠪᠠᠶᠢᠴᠠᠭᠠᠨ ᠰᠢᠢᠳᠪᠦᠷᠢᠯᠡᠨ᠎ᠡ︔ ᠭᠠᠯ ᠰᠡᠷᠭᠡᠶᠢᠯᠡᠬᠦ | ᠭᠤᠣᠯᠳᠠᠯᠭ᠎ᠠ ᠲᠠᠢ ᠬᠤᠭᠤᠴᠠᠭᠠᠨ ᠤ ᠤᠢ ᠰᠢᠭᠤᠢ᠂ ᠨᠤᠲᠤᠭ ᠪᠡᠯᠴᠢᠭᠡᠷ ᠤᠨ ᠭᠠᠯ ᠲᠦᠢᠮᠡᠷ ᠭᠠᠷᠤᠭᠰᠠᠨ ᠭᠠᠵᠠᠷ ᠢ ᠰᠡᠷᠡᠮᠵᠢᠯᠡᠬᠦ᠂ ᠵᠠᠮ ᠬᠠᠷᠢᠯᠴᠠᠭ᠎ᠠ ᠶᠢ | ᠰᠢᠯᠤᠭᠤᠳᠬᠠᠬᠤ᠂ ᠠᠮᠤᠷ ᠢ ᠬᠠᠮᠠᠭᠠᠯᠠᠬᠤ᠂ ᠭᠠᠯ ᠲᠦᠢᠮᠡᠷ ᠤᠨ ᠬᠡᠷᠡᠭ ᠢ ᠲᠠᠩᠨᠠᠨ ᠢᠯᠡᠷᠡᠭᠦᠯᠬᠦ ᠵᠡᠷᠭᠡ ᠠᠵᠢᠯ ᠢ ᠬᠠᠷᠢᠭᠤᠴᠠᠨ᠎ᠠ᠃ | ︵ᠠᠷᠪᠠᠨ ᠭᠤᠷᠪᠠ︶ ᠲᠣᠰ ᠰᠠᠯᠠᠭ᠎ᠠ ᠮᠥᠴᠢᠷ ᠤᠨ ᠢᠶᠠᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠶᠣᠰᠣᠭᠠᠷ ᠬᠠᠮᠢᠶ᠎ᠠ ᠪᠦᠬᠦᠢ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠨ᠎ᠡ᠃ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠠᠶᠤᠯᠭᠦᠢ ᠦᠢᠯᠡᠳᠪᠦᠷᠢᠯᠡᠯ᠂ ᠠᠮᠢ ᠠᠬᠤᠢ ᠶᠢᠨ ᠣᠷᠴᠢᠨ | ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ᠃ | ︵ᠠᠷᠪᠠᠨ ᠳᠥᠷᠪᠡ︶ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠵᠢᠴᠢ ᠳᠣᠲᠣᠭᠠᠳᠤ ᠶᠢ ᠬᠠᠮᠠᠭᠠᠯᠠᠬᠤ ᠲᠢᠩᠬᠢᠮ ᠤᠨ | ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ | | ᠳᠣᠲᠣᠭᠠᠳᠤ ᠶᠢᠨ ᠪᠠᠶᠢᠭᠤᠯᠤᠮᠵᠢ | | ᠣᠳᠣᠬᠠᠨ ᠤ ᠣᠷᠣᠨ ᠲᠤᠭ᠎ᠠ ᠶᠢᠨ ᠪᠠᠶᠢᠳᠠᠯ ᠢᠶᠠᠷ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ 30 ᠭᠠᠷᠤᠢ ᠪᠠᠶᠢᠭᠤᠯᠤᠮᠵᠢ ᠲᠠᠢ᠂ | ᠡᠩᠨᠡᠭᠡ ᠶᠢᠨ ᠬᠠᠮᠢᠶᠠᠷᠤᠯᠲᠠ᠂ ᠴᠠᠭᠳᠠᠨ ᠪᠠᠶᠢᠴᠠᠭᠠᠵᠤ ᠴᠣᠬᠢᠯᠲᠠ ᠥᠭᠬᠦ᠂ ᠦᠢᠯᠡᠴᠢᠯᠡᠭᠡ ᠪᠠᠲᠤᠯᠠᠭ᠎ᠠ ᠵᠡᠷᠭᠡ ᠶᠢᠨ ᠲᠤᠰᠢᠶᠠᠯ ᠬᠠᠷᠢᠭᠤᠴᠠᠯᠭ᠎ᠠ ᠶᠢ ᠲᠤᠰ ᠲᠤᠰ | ᠡᠭᠦᠷᠭᠡᠯᠡᠵᠦ ᠪᠠᠶᠢᠨ᠎ᠠ᠃ | 1. ᠠᠯᠪᠠᠨ ᠭᠡᠷ ︵︿ᠥᠭᠡᠷᠡᠴᠢᠯᠡᠯᠲᠡ ᠶᠢᠨ ᠠᠯᠪᠠᠨ ᠭᠡᠷ﹀ ᠤᠨ ᠫᠠᠶᠢᠰᠠ ᠶᠢ ᠨᠡᠮᠡᠵᠦ ᠡᠯᠭᠦᠨ᠎ᠡ︶᠃ ᠪᠠᠶᠢᠭᠤᠯᠭ᠎ᠠ ᠶᠢᠨ ᠵᠠᠰᠠᠭ ᠤᠨ ᠶᠠᠪᠤᠳᠠᠯ᠂ | ᠳᠣᠲᠣᠭᠠᠳᠤ ᠶᠢ ᠬᠠᠮᠠᠭᠠᠯᠠᠬᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠡᠷᠭᠡ ᠠᠵᠢᠯ ᠢ ᠬᠠᠷᠢᠭᠤᠴᠠᠨ᠎ᠠ᠃ | 2. ᠤᠯᠤᠰ ᠲᠥᠷᠥ ᠶᠢᠨ ᠬᠡᠯᠲᠡᠰ᠃ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠤᠯᠤᠰ ᠲᠦᠷᠦ ᠶᠢᠨ | ᠠᠵᠢᠯ ᠢ ᠭᠤᠣᠯᠯᠠᠨ ᠬᠠᠮᠢᠶᠠᠷᠬᠤ ᠬᠡᠷᠡᠭ ᠡᠷᠬᠢᠯᠡᠬᠦ ᠪᠠᠶᠢᠭᠤᠯᠤᠮᠵᠢ᠂ ᠪᠦᠬᠦ ᠬᠤᠳᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠡᠩᠨᠡᠭᠡᠨ ᠤ | ᠪᠠᠶᠢᠭᠤᠯᠤᠯᠲᠠ ᠶᠢ ᠬᠠᠷᠢᠭᠤᠴᠠᠬᠤ ᠡᠷᠬᠡ ᠲᠤᠰᠢᠶᠠᠯᠲᠤ ᠰᠠᠯᠠᠭ᠎ᠠ ᠮᠥᠴᠢᠷ ᠮᠥᠨ᠃ ᠳᠣᠲᠣᠷ᠎ᠠ ᠪᠠᠨ ᠵᠣᠬᠢᠶᠠᠨ ᠪᠠᠶᠢᠭᠤᠯᠬᠤ ᠰᠠᠯᠠᠭ᠎ᠠ᠂ ᠠᠵᠢᠯᠲᠠᠨ ᠤ | ᠶᠠᠪᠤᠳᠠᠯ ᠤᠨ ᠰᠠᠯᠠᠭ᠎ᠠ᠂ ᠰᠣᠨᠢᠨ ᠮᠡᠳᠡᠭᠡᠨ ᠤ ᠤᠬᠠᠭᠤᠯᠭ᠎ᠠ ᠶᠢᠨ ᠰᠠᠯᠠᠭ᠎ᠠ᠂ ᠶᠡᠷᠦᠩᠬᠡᠶᠢᠯᠡᠭᠰᠡᠨ ᠰᠠᠯᠠᠭ᠎ᠠ᠂ ᠰᠤᠷᠭᠠᠨ ᠬᠥᠮᠦᠵᠢᠯ ᠪᠣᠯᠪᠠᠰᠤᠷᠠᠯ ᠤᠨ ᠰᠠᠯᠠᠭ᠎ᠠ᠂ | ᠨᠠᠮ ᠤᠨ ᠪᠠᠶᠢᠭᠤᠯᠤᠯᠲᠠ ᠶᠢᠨ ᠠᠯᠪᠠᠨ ᠭᠡᠷ᠂ ᠬᠢᠨᠠᠨ ᠰᠢᠯᠭᠠᠬᠤ ᠠᠯᠪᠠᠨ ᠭᠡᠷ᠂ ᠲᠤᠰᠠᠯᠠᠬᠤ ᠴᠠᠭᠳᠠᠭ᠎ᠠ ᠶᠢᠨ ᠬᠠᠮᠢᠶᠠᠷᠤᠯᠲᠠ ᠶᠢᠨ ᠰᠠᠯᠠᠭ᠎ᠠ᠂ ᠰᠡᠳᠬᠢᠴᠡ ᠶᠢᠨ | ᠡᠷᠡᠭᠦᠯ ᠮᠡᠨᠳᠦ ᠶᠢᠨ ᠦᠢᠯᠡᠴᠢᠯᠡᠭᠡᠨ ᠤ ᠲᠥᠪ ᠵᠡᠷᠭᠡ 9 ᠰᠠᠯᠠᠭᠠᠨ ᠤ ᠲᠠᠰ ᠤᠨ ᠪᠠᠶᠢᠭᠤᠯᠤᠮᠵᠢ ᠲᠠᠢ᠃ | 3. ᠴᠠᠭᠳᠠᠭᠠᠨ ᠶᠠᠪᠤᠳᠠᠯ ᠤᠨ ᠪᠠᠲᠤᠯᠠᠭ᠎ᠠ ᠶᠢᠨ ᠰᠠᠯᠠᠭ᠎ᠠ᠃ ᠪᠠᠶᠢᠭᠤᠯᠭ᠎ᠠ ᠶᠢᠨ ᠡᠳ᠋ ᠤᠨ ᠶᠠᠪᠤᠳᠠᠯ᠂ ᠪᠠᠭᠠᠵᠢ ᠬᠡᠷᠡᠭᠰᠡᠯ ᠲᠣᠨᠤᠭ ᠵᠡᠪᠰᠡᠭᠯᠡᠯ᠂ ᠭᠡᠷ | ᠬᠥᠷᠥᠩᠭᠡ᠂ ᠦᠨᠳᠦᠰᠦᠨ ᠪᠦᠲᠦᠭᠡᠨ ᠪᠠᠶᠢᠭᠤᠯᠤᠯᠲᠠ᠂ ᠠᠮᠤᠷ ᠲᠦᠪᠰᠢᠨ ᠤ ᠬᠠᠮᠠᠭᠠᠯᠠᠯᠲᠠ ᠵᠢᠴᠢ ᠴᠠᠭᠳᠠᠭᠠᠨ ᠤ ᠶᠠᠪᠤᠳᠠᠯ ᠤᠨ ᠪᠠᠲᠤᠯᠠᠭ᠎ᠠ ᠶᠢᠨ ᠠᠵᠢᠯ ᠢ | ᠬᠠᠷᠢᠭᠤᠴᠠᠨ᠎ᠠ᠃ | 4. ᠴᠢᠮᠡᠭᠡ ᠮᠡᠳᠡᠭᠡᠨ ᠤ ᠵᠢᠯᠤᠭᠤᠳᠬᠤ ᠲᠥᠪ᠃ ︽110︾ ᠶᠢᠨ ᠬᠡᠷᠡᠭ ᠮᠡᠳᠡᠭᠦᠯᠬᠦ ᠠᠵᠢᠯ ᠢ ᠬᠦᠯᠢᠶᠡᠨ ᠠᠪᠴᠤ ᠰᠢᠢᠳᠪᠦᠷᠢᠯᠡᠬᠦ ᠶᠢ ᠬᠠᠷᠢᠭᠤᠴᠠᠨ᠎ᠠ | ᠃ | 5. ᠬᠢᠨᠠᠨ ᠪᠣᠳᠣᠬᠤ ᠵᠠᠬᠢᠳᠠᠯ ᠰᠣᠷᠪᠤᠯᠵᠢᠯᠠᠭ᠎ᠠ ᠶᠢᠨ ᠰᠠᠯᠪᠤᠷᠢ ᠠᠩᠭᠢ᠃ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠵᠢᠴᠢ | ᠠᠷᠠᠳ ᠤᠨ ᠴᠠᠭᠳᠠᠭ᠎ᠠ ᠶᠢᠨ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ᠂ ᠡᠷᠬᠡ ᠲᠤᠰᠢᠶᠠᠯ ᠢᠶᠠᠨ ᠬᠡᠷᠡᠭᠵᠢᠭᠦᠯᠦᠭᠰᠡᠨ ᠪᠠ ᠬᠠᠤᠯᠢ | ᠰᠠᠬᠢᠯᠭ᠎ᠠ ᠶᠢ ᠵᠢᠷᠤᠮᠯᠠᠨ ᠰᠠᠬᠢᠵᠤ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ᠎ᠠ︔ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠬᠤᠯᠪᠣᠭᠳᠠᠯ ᠪᠦᠬᠦᠢ ᠲᠥᠷᠥ ᠶᠢᠨ | ᠪᠣᠳᠣᠯᠭ᠎ᠠ᠂ ᠲᠣᠭᠲᠠᠭᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠵᠢᠴᠢ ᠪᠠᠶᠢᠭᠤᠯᠭ᠎ᠠ ᠶᠢᠨ ᠣᠯᠠᠨ ᠲᠦᠮᠡᠨ ᠤ ᠵᠠᠬᠢᠳᠠᠯ ᠰᠣᠷᠪᠤᠯᠵᠢᠯᠠᠭ᠎ᠠ ᠶᠢ | ᠰᠢᠢᠳᠪᠦᠷᠢᠯᠡᠬᠦ ᠵᠡᠷᠭᠡ ᠠᠵᠢᠯ ᠢ ᠬᠠᠷᠢᠭᠤᠴᠠᠨ᠎ᠠ︔ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠪᠠᠶᠢᠭᠤᠯᠭ᠎ᠠ ᠵᠢᠴᠢ ᠬᠠᠷᠢᠶ᠎ᠠ ᠨᠢᠭᠡᠴᠡ ᠶᠢᠨ | ᠬᠢᠨᠠᠨ ᠪᠤᠳᠤᠬᠤ ᠵᠡᠷᠭᠡ ᠠᠵᠢᠯ ᠢ ᠬᠠᠷᠢᠭᠤᠴᠠᠨ᠎ᠠ᠃ | 6. ᠤᠯᠤᠰ ᠳᠣᠷᠣ ᠶᠢᠨ ᠠᠮᠤᠷ ᠲᠦᠪᠰᠢᠨ ᠢ ᠬᠠᠮᠠᠭᠠᠯᠠᠬᠤ ᠰᠠᠯᠪᠤᠷᠢ ᠠᠩᠭᠢ᠃ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ | ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠬᠠᠮᠢᠶ᠎ᠠ ᠪᠦᠬᠦᠢ ᠠᠵᠢᠯ ᠢ ᠵᠣᠬᠢᠶᠠᠨ ᠪᠠᠶᠢᠭᠤᠯᠵᠤ᠂ ᠵᠢᠯᠤᠭᠤᠳᠴᠤ᠂ | ᠬᠡᠷᠡᠭᠵᠢᠭᠦᠯᠦᠨ᠎ᠡ᠃ | 7. ᠠᠵᠤ ᠠᠬᠤᠢ ᠶᠢᠨ ᠶᠠᠯᠠᠲᠤ ᠬᠡᠷᠡᠭ ᠢ ᠲᠤᠷᠰᠢᠨ ᠪᠠᠶᠢᠴᠠᠭᠠᠬᠤ ᠰᠠᠯᠪᠤᠷᠢ ᠠᠩᠭᠢ᠃ ᠪᠦᠬᠦ ᠬᠤᠲᠠ ᠶᠢᠨ ᠴᠢᠬᠤᠯᠠ ᠶᠡᠭᠡ ᠠᠵᠤ ᠠᠬᠤᠢ ᠶᠢᠨ ᠮᠡᠬᠡᠯᠡᠯ | ᠂ ᠳᠠᠯᠳᠠᠭᠤᠷ ᠠᠷᠠᠯᠵᠢᠶᠠᠯᠠᠬᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠬᠤ᠂ ᠭᠠᠶᠢᠯᠢ ᠠᠴᠠ ᠵᠠᠶᠢᠯᠠᠬᠤ᠂ ᠭᠠᠶᠢᠯᠢ ᠮᠡᠬᠡᠯᠡᠬᠦ ᠵᠡᠷᠭᠡ | ᠠᠵᠤ ᠠᠬᠤᠢ ᠶᠢᠨ ᠶᠠᠯᠠᠲᠤ ᠬᠡᠷᠡᠭ ᠢ ᠲᠤᠷᠰᠢᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ | 8. ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠠᠯᠪᠤᠷᠢ ᠠᠩᠭᠢ᠃ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠨᠡᠶᠢᠭᠡᠮ ᠤᠨ | ᠠᠮᠤᠷ ᠲᠦᠪᠰᠢᠨ ᠤ ᠡᠮᠬᠢ ᠵᠢᠷᠤᠮ ᠢ ᠡᠪᠳᠡᠭᠰᠡᠨ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠶᠢ ᠵᠣᠬᠢᠶᠠᠨ ᠪᠠᠶᠢᠭᠤᠯᠵᠤ᠂ | ᠵᠢᠯᠤᠭᠤᠳᠴᠤ᠂ ᠬᠡᠷᠡᠭᠵᠢᠭᠦᠯᠦᠨ᠎ᠡ︔ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠡᠷᠦᠬᠡ ᠠᠮᠠ ᠶᠢᠨ ᠲᠠᠩᠰᠠ᠂ ᠰᠠᠭᠤᠭᠠᠯᠢ | ᠠᠷᠠᠳ ᠤᠨ ᠪᠡᠶ᠎ᠡ ᠶᠢᠨ ᠦᠨᠡᠮᠯᠡᠯ᠂ ᠪᠣᠳᠠᠲᠠᠢ ᠪᠠᠶᠢᠭ᠎ᠠ ᠬᠥᠮᠥᠨ ᠠᠮᠠ᠂ ᠨᠡᠭᠦᠳᠡᠯ ᠬᠥᠮᠥᠨ ᠠᠮᠠ᠂ ᠫᠤᠤ ᠵᠡᠪᠰᠡᠭ ᠳᠠᠷᠢ ᠰᠤᠮᠤ᠂ ᠬᠠᠮᠢᠶᠠᠷᠤᠯᠲᠠ ᠲᠠᠢ ᠪᠠᠭᠠᠵᠢ | ᠬᠡᠷᠡᠭᠰᠡᠯ᠂ ᠳᠣᠭᠰᠢᠨ ᠬᠤᠣᠷᠲᠠᠢ ᠬᠢᠮᠢ ᠶᠢᠨ ᠪᠣᠳᠠᠰ᠂ ᠣᠨᠴᠠ ᠲᠥᠷᠥᠯ ᠤᠨ ᠠᠵᠢᠯ ᠲᠥᠷᠥᠯ᠂ ᠪᠠᠷᠠᠭᠠᠨ ᠤ ᠭᠦᠢᠯᠭᠡᠭᠡᠨ ᠤ ᠬᠦᠷᠭᠡᠯᠲᠡ ᠶᠢᠨ ᠦᠢᠯᠡᠰ ᠪᠠ ᠭᠠᠯ | ᠰᠡᠷᠭᠡᠶᠢᠯᠡᠬᠦ ᠵᠡᠷᠭᠡ ᠠᠵᠢᠯ ᠢ ᠬᠠᠤᠯᠢ ᠶᠣᠰᠣᠭᠠᠷ ᠵᠢᠯᠣᠭᠤᠳᠴᠤ ᠬᠡᠷᠡᠭᠵᠢᠭᠦᠯᠦᠨ᠎ᠡ᠃ | 9. ᠡᠷᠡᠭᠦᠦ ᠶᠢᠨ ᠬᠡᠷᠡᠭ ᠢ ᠲᠤᠷᠰᠢᠨ ᠪᠠᠶᠢᠴᠠᠭᠠᠬᠤ ᠰᠠᠯᠪᠤᠷᠢ ᠠᠩᠭᠢ᠃ ᠪᠥᠬᠦ ᠬᠤᠲᠠ ᠶᠢᠨ ᠡᠷᠡᠭᠦᠦ ᠶᠢᠨ ᠶᠠᠯᠠᠲᠤ ᠬᠡᠷᠡᠭ ᠢ ᠲᠠᠩᠨᠠᠨ ᠢᠯᠡᠷᠡᠭᠦᠯᠬᠦ ᠶᠢ | ᠬᠠᠷᠢᠭᠤᠴᠠᠬᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ᠂ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨᠠᠨ ᠲᠣᠭᠲᠠᠭᠠᠬᠤ | ᠪᠠᠶᠢᠭᠤᠯᠤᠮᠵᠢ ᠪᠠ ᠬᠢᠨᠠᠨ ᠲᠣᠭᠲᠠᠭᠠᠭᠴᠢ ᠶᠢ ᠳᠡᠩᠰᠡᠯᠡᠨ ᠬᠠᠮᠢᠶᠠᠷᠬᠤ ᠵᠡᠷᠭᠡ ᠠᠵᠢᠯ ᠢ ᠡᠭᠦᠷᠭᠡᠯᠡᠨ᠎ᠡ᠃ | 10. ᠮᠡᠷᠭᠡᠵᠢᠯ ᠤᠨ ᠲᠠᠩᠨᠠᠨ ᠪᠠᠶᠢᠴᠠᠭᠠᠬᠤ ᠰᠠᠯᠪᠤᠷᠢ ᠠᠩᠭᠢ ︵ᠰᠦᠯᠵᠢᠶᠡᠨ ᠤ ᠠᠶᠤᠯᠭᠦᠢ ᠶᠢᠨ ᠬᠠᠮᠠᠭᠠᠯᠠᠯᠲᠠ ᠶᠢᠨ ᠰᠠᠯᠪᠤᠷᠢ ᠠᠩᠭᠢ︶᠃ | ᠰᠦᠯᠵᠢᠶᠡᠨ ᠤ ᠠᠶᠤᠯᠭᠦᠢ ᠶᠢ ᠬᠠᠮᠠᠭᠠᠯᠠᠬᠤ ᠪᠠ ᠮᠡᠷᠭᠡᠵᠢᠯ ᠤᠨ ᠲᠠᠩᠨᠠᠨ ᠪᠠᠶᠢᠴᠠᠭᠠᠬᠤ ᠵᠡᠷᠭᠡ ᠠᠵᠢᠯ ᠢ ᠬᠠᠷᠢᠭᠤᠴᠠᠨ᠎ᠠ᠃ | 11. ᠰᠦᠷᠳᠡᠭᠦᠯᠭᠡ ᠶᠢ ᠡᠰᠡᠷᠭᠦᠴᠡᠬᠦ ᠪᠠ ᠣᠨᠴᠠ ᠴᠠᠭᠳᠠᠭ᠎ᠠ ᠶᠢᠨ ᠰᠠᠯᠪᠤᠷᠢ ᠠᠩᠭᠢ᠃ ᠰᠦᠷᠳᠡᠭᠦᠯᠦᠯ ᠤᠨ ᠵᠣᠬᠢᠶᠠᠨ ᠪᠠᠶᠢᠭᠤᠯᠤᠯᠲᠠ᠂ ᠬᠡᠷᠡᠭ ᠢ | ᠲᠤᠷᠰᠢᠨ ᠪᠠᠶᠢᠴᠠᠭᠠᠬᠤ᠂ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠵᠤ᠂ ᠵᠢᠯᠤᠭᠤᠳᠴᠤ᠂ ᠬᠡᠷᠡᠭᠵᠢᠭᠦᠯᠵᠦ᠂ ᠡᠯ᠎ᠡ ᠵᠦᠢᠯ ᠤᠨ ᠰᠦᠷᠳᠡᠭᠦᠯᠦᠯ ᠤᠨ ᠶᠠᠯᠠᠲᠤ | ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠭᠦᠨ᠎ᠡ︔ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠲᠣᠭᠤᠷᠢᠨ | ᠴᠠᠭᠳᠠᠵᠤ ᠡᠭᠦᠷᠭᠡ ᠭᠦᠢᠴᠡᠳᠬᠡᠬᠦ ᠵᠡᠷᠭᠡ ᠠᠵᠢᠯ ᠢ ᠬᠠᠷᠢᠭᠤᠴᠠᠨ᠎ᠠ᠃ | 12. ᠭᠢᠨᠳᠠᠨ ᠬᠤᠷᠢᠭᠤᠯ ᠤᠨ ᠭᠠᠵᠠᠷ ᠤᠨ ᠬᠠᠮᠢᠶᠠᠷᠤᠯᠲᠠ ᠶᠢᠨ ᠰᠠᠯᠪᠤᠷᠢ ᠠᠩᠭᠢ᠃ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠶᠢᠨ ᠬᠤᠷᠢᠬᠤ ᠭᠠᠵᠠᠷ᠂ ᠲᠦᠷ ᠬᠤᠷᠢᠬᠤ ᠭᠠᠵᠠᠷ᠂ ᠠᠯᠪᠠᠳᠠᠯᠭ᠎ᠠ ᠪᠠᠷ ᠲᠤᠰᠠᠭᠠᠷᠯᠠᠵᠤ ᠬᠤᠣᠷ ᠲᠠᠲᠠᠬᠤ ᠶᠢ ᠵᠣᠭᠰᠤᠭᠠᠬᠤ ᠭᠠᠵᠠᠷ ᠵᠡᠷᠭᠡ ᠭᠠᠵᠠᠷ | ᠪᠠ ᠠᠵᠢᠯᠲᠠᠨ ᠢ ᠬᠢᠨᠠᠨ ᠬᠠᠮᠢᠶᠠᠷᠬᠤ᠂ ᠰᠤᠷᠭᠠᠨ ᠬᠥᠮᠥᠵᠢᠭᠦᠯᠬᠦ ᠵᠡᠷᠭᠡ ᠠᠵᠢᠯ ᠢ ᠬᠠᠷᠢᠭᠤᠴᠠᠨ᠎ᠠ᠃ | 13. ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ᠃ ᠪᠥᠬᠦ ᠬᠤᠲᠠ ᠶᠢᠨ ᠵᠠᠮ ᠬᠠᠷᠢᠯᠴᠠᠭᠠᠨ ᠤ ᠠᠶᠤᠯᠭᠦᠢ ᠶᠢ ᠭᠤᠣᠯᠴᠢᠯᠠᠨ | ᠬᠠᠮᠢᠶᠠᠷᠬᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠂ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ | ᠪᠠᠶᠢᠴᠠᠭᠠᠨ ᠰᠢᠢᠳᠪᠦᠷᠢᠯᠡᠬᠦ᠂ ᠵᠠᠮ ᠬᠠᠷᠢᠯᠴᠠᠭᠠᠨ ᠤ ᠠᠳᠡᠯ ᠢ ᠰᠢᠢᠳᠪᠦᠷᠢᠯᠡᠬᠦ ᠶᠢ ᠬᠠᠷᠢᠭᠤᠴᠠᠨ᠎ᠠ᠂ ᠵᠠᠮ ᠬᠠᠷᠢᠯᠴᠠᠭᠠᠨ ᠤ ᠠᠳᠡᠯ ᠢ ᠪᠠᠶᠢᠴᠠᠭᠠᠬᠤ ᠪᠠ | ᠬᠠᠷᠢᠭᠤᠴᠠᠯᠭ᠎ᠠ ᠶᠢ ᠮᠠᠭᠠᠳᠯᠠᠨ ᠲᠣᠭᠲᠠᠭᠠᠬᠤ ᠠᠵᠢᠯ ᠢ ᠬᠠᠷᠢᠭᠤᠴᠠᠨ᠎ᠠ᠂ ᠮᠠᠰᠢᠨᠲᠤ ᠲᠡᠷᠭᠡ ︵ᠲᠷᠠᠺᠲ᠋ᠣᠷ ᠪᠠᠭᠲᠠᠬᠤ ᠦᠭᠡᠢ︶ ᠶᠢ ᠳᠠᠩᠰᠠᠯᠠᠬᠤ᠂ ᠮᠠᠰᠢᠨᠲᠤ | ᠲᠡᠷᠭᠡᠨ ᠤ ᠠᠶᠤᠯᠭᠦᠢ ᠶᠢᠨ ᠮᠡᠷᠭᠡᠵᠢᠯ ᠤᠨ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠲᠡᠮᠳᠡᠭ ᠢ ᠬᠢᠨᠠᠨ ᠣᠯᠭᠤᠬᠤ ᠪᠠ ᠵᠢᠯᠣᠭᠤᠴᠢ ᠶᠢᠨ ᠰᠢᠯᠭᠠᠯᠲᠠ ᠳᠤ | ᠦᠨᠡᠮᠯᠡᠯ ᠣᠯᠭᠤᠬᠤ ᠠᠵᠢᠯ ᠢ ᠬᠠᠷᠢᠭᠤᠴᠠᠨ ᠬᠠᠮᠢᠶᠠᠷᠤᠨ᠎ᠠ︔ ᠵᠠᠮ᠂ ᠲᠡᠷᠭᠡᠨ ᠵᠣᠭᠰᠣᠭᠠᠯ ᠪᠣᠯᠣᠨ ᠵᠠᠮ ᠤᠨ ᠢᠵᠢ ᠪᠦᠷᠢᠳᠦᠭᠦᠯᠬᠦ ᠪᠡᠯᠡᠳᠬᠡᠮᠵᠢ ᠶᠢᠨ | ᠲᠥᠯᠦᠪᠵᠢᠭᠦᠯᠭᠡ᠂ ᠵᠢᠷᠤᠭ ᠲᠥᠯᠥᠪᠯᠡᠭᠡ᠂ ᠪᠦᠲᠦᠭᠡᠨ ᠪᠠᠶᠢᠭᠤᠯᠤᠯᠲᠠ ᠵᠡᠷᠭᠡ ᠠᠵᠢᠯ ᠳᠤ ᠣᠷᠣᠯᠴᠠᠨ᠎ᠠ᠃ | 14. ᠬᠠᠤᠯᠢ ᠳᠦᠷᠢᠮ ᠤᠨ ᠰᠠᠯᠪᠤᠷᠢ ᠠᠩᠭᠢ ︵︽ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠬᠠᠮᠢᠶᠠᠷᠤᠯᠲᠠ ᠶᠢᠨ ᠲᠥᠪ︾ ᠤᠨ ᠫᠠᠶᠢᠰᠠ ᠶᠢ | ᠨᠡᠮᠡᠵᠦ ᠡᠯᠭᠦᠨ᠎ᠡ︶᠃ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠶᠢᠨ ᠬᠠᠤᠯᠢ ᠳᠦᠷᠢᠮ ᠤᠨ ᠪᠠᠶᠢᠭᠤᠯᠤᠯᠲᠠ ᠪᠠ ᠬᠠᠤᠯᠢ ᠬᠡᠷᠡᠭᠵᠢᠭᠦᠯᠬᠦ ᠠᠵᠢᠯ ᠢ | ᠵᠢᠯᠤᠭᠤᠳᠬᠤ᠂ ᠬᠢᠨᠠᠯᠲᠠ ᠲᠠᠯᠪᠢᠬᠤ᠂ ᠪᠠᠶᠢᠴᠠᠭᠠᠬᠤ ᠶᠢ ᠬᠠᠷᠢᠭᠤᠴᠠᠨ᠎ᠠ᠃ | 15. ᠬᠤᠣᠷ᠎ᠠ ᠴᠠᠭᠠᠵᠠᠯᠠᠬᠤ ᠰᠠᠯᠪᠤᠷᠢ ᠠᠩᠭᠢ᠃ ᠬᠤᠣᠷᠲᠤ ᠡᠳ᠋ ᠤᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠬᠦ ᠵᠡᠷᠭᠡ ᠠᠵᠢᠯ ᠢ | ᠬᠠᠷᠢᠭᠤᠴᠠᠨ᠎ᠠ᠃ | 16. ᠠᠮᠢ ᠠᠬᠤᠢ ᠶᠢᠨ ᠣᠷᠴᠢᠨ ᠲᠣᠭᠤᠷᠢᠨ ᠢᠳᠡᠭᠡᠨ ᠤ ᠵᠦᠢᠯ ᠡᠮ ᠤᠨ ᠵᠦᠢᠯ ᠤᠨ ᠶᠠᠯᠠᠲᠤ ᠠᠵᠢᠯᠯᠠᠭ᠎ᠠ ᠶᠢ ᠲᠤᠷᠰᠢᠨ ᠪᠠᠶᠢᠴᠠᠭᠠᠬᠤ ᠰᠠᠯᠪᠤᠷᠢ | ᠠᠩᠭᠢ ︵︽ᠣᠶ ᠰᠢᠭᠤᠢ ᠶᠢᠨ ᠳᠣᠲᠣᠭᠠᠳᠤ ᠶᠢ ᠬᠠᠮᠠᠭᠠᠯᠠᠬᠤ︾ ᠫᠠᠶᠢᠰᠠ ᠶᠢ ᠨᠡᠮᠡᠵᠦ ᠡᠯᠭᠦᠨ᠎ᠡ︶᠃ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠶᠢᠨ ᠠᠮᠢ ᠠᠬᠤᠢ ᠶᠢᠨ ᠣᠷᠴᠢᠨ ᠲᠣᠭᠤᠷᠢᠨ᠂ ᠠᠭᠤᠷᠬᠠᠢ ᠶᠢᠨ ᠡᠬᠢ ᠪᠠᠶᠠᠯᠢᠭ᠂ ᠢᠳᠡᠭᠡᠨ ᠪᠠ ᠡᠮ ᠤᠨ ᠵᠦᠢᠯ᠂ ᠮᠡᠳᠡᠯᠭᠡ ᠶᠢᠨ ᠠᠮᠤᠷ ᠲᠦᠪᠰᠢᠨ | ᠂ ᠠᠮᠢᠳᠤ ᠪᠣᠳᠠᠰ ᠤᠨ ᠠᠮᠤᠷ ᠲᠦᠪᠰᠢᠨ᠂ ᠣᠶ ᠰᠢᠭᠤᠢ ᠨᠤᠲᠤᠭ ᠪᠡᠯᠴᠢᠭᠡᠷ ᠵᠡᠷᠭᠡ ᠬᠦᠷᠢᠶᠡᠨ ᠳᠠᠬᠢ ᠶᠠᠯᠠᠲᠤ ᠬᠡᠷᠡᠭ ᠵᠡᠷᠭᠡ ᠠᠵᠢᠯ ᠢ ᠵᠣᠬᠢᠶᠠᠨ ᠪᠠᠶᠢᠭᠤᠯᠬᠤ᠂ | ᠵᠢᠯᠤᠭᠤᠳᠬᠤ᠂ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ | 17. ᠬᠢᠯᠢ ᠪᠠᠷ ᠭᠠᠷᠬᠤ ᠣᠷᠣᠬᠤ ᠬᠠᠮᠢᠶᠠᠷᠤᠯᠲᠠ ᠶᠢᠨ ᠰᠠᠯᠪᠤᠷᠢ ᠠᠩᠭᠢ᠃ ᠳᠣᠲᠣᠭᠠᠳᠤ ᠶᠢ ᠬᠠᠮᠠᠭᠠᠯᠠᠬᠤ ᠶᠢᠨ ᠬᠢᠯᠢ ᠪᠠᠷ ᠣᠷᠣᠵᠤ | ᠭᠠᠷᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | 18. ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠡ ᠵᠠᠩᠭᠢᠵᠢᠯᠲᠠ ᠶᠢᠨ ᠰᠠᠯᠪᠤᠷᠢ ᠠᠩᠭᠢ᠃ ᠬᠤᠲᠠ ᠶᠢᠨ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠶᠢᠨ ᠳᠣᠲᠣᠭᠠᠳᠤ ᠶᠢ ᠬᠠᠮᠠᠭᠠᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ᠂ ᠴᠢᠮᠡᠭᠡ ᠬᠤᠯᠪᠣᠭ᠎ᠠ ᠶᠢᠨ ᠪᠠᠲᠤᠯᠠᠭ᠎ᠠ᠂ ︽ᠣᠶᠤᠨᠲᠤ | ᠳᠣᠲᠣᠭᠠᠳᠤ ᠶᠢ ᠬᠠᠮᠠᠭᠠᠯᠠᠬᠤ︾ ᠪᠠ ᠳᠣᠲᠣᠭᠠᠳᠤ ᠶᠢ ᠬᠠᠮᠠᠭᠠᠯᠠᠬᠤ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠶᠢᠨ ᠬᠡᠷᠡᠭᠯᠡᠯᠲᠡ ᠵᠡᠷᠭᠡ ᠠᠵᠢᠯ ᠢ | ᠬᠠᠷᠢᠭᠤᠴᠠᠨ᠎ᠠ︔ ᠠᠮᠤᠷ ᠲᠦᠪᠰᠢᠨ ᠤ ᠮᠡᠷᠭᠡᠵᠢᠯ ᠤᠨ ᠰᠡᠷᠭᠡᠶᠢᠯᠡᠯᠲᠡ ᠶᠢᠨ ᠬᠠᠮᠢᠶᠠᠷᠤᠯᠲᠠ ᠵᠡᠷᠭᠡ ᠠᠵᠢᠯ ᠢ ᠵᠢᠯᠣᠭᠤᠳᠴᠤ᠂ ᠬᠢᠨᠠᠯᠲᠠ ᠲᠠᠯᠪᠢᠵᠤ᠂ | ᠬᠡᠷᠡᠭᠵᠢᠭᠦᠯᠦᠨ᠎ᠡ᠃ | 19. ᠵᠠᠰᠠᠭ ᠵᠠᠬᠢᠷᠭᠠᠨ ᠤ ᠬᠡᠷᠡᠭ ᠶᠠᠪᠤᠳᠠᠯ ᠢ ᠬᠢᠨᠠᠨ ᠵᠥᠪᠰᠢᠶᠡᠷᠡᠬᠦ ᠲᠥᠪ᠃ ᠤᠯᠤᠰ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠥᠷᠥ ᠶᠢᠨ | ᠪᠣᠳᠣᠯᠭ᠎ᠠ ᠪᠠ ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠬᠡᠷᠡᠭᠵᠢᠭᠦᠯᠬᠦ ᠵᠡᠷᠭᠡ ᠠᠵᠢᠯ ᠢ ᠬᠠᠷᠢᠭᠤᠴᠠᠨ᠎ᠠ᠃ | 20. ᠬᠤᠳᠠ ᠶᠢᠨ ᠬᠠᠮᠢᠶᠠᠷᠤᠯᠲᠠ ᠶᠢᠨ ᠰᠠᠯᠪᠤᠷᠢ ᠠᠩᠭᠢ᠃ ᠬᠤᠲᠠ ᠶᠢᠨ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ | ᠳᠤᠮᠳᠠᠬᠢ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠪᠠ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠰᠢᠯᠵᠢᠭᠦᠯᠦᠨ ᠬᠠᠤᠯᠢ ᠶᠣᠰᠣᠭᠠᠷ ᠪᠠᠶᠢᠴᠠᠭᠠᠨ | ᠰᠢᠢᠳᠪᠦᠷᠢᠯᠡᠭᠦᠯᠬᠦ ᠴᠢᠬᠤᠯᠠᠲᠠᠢ ᠬᠡᠷᠡᠭ ᠢ ᠲᠠᠩᠨᠠᠨ ᠰᠢᠢᠳᠪᠦᠷᠢᠯᠡᠬᠦ ᠶᠢ ᠬᠠᠷᠢᠭᠤᠴᠠᠨ᠎ᠠ︔ ᠨᠣᠬᠠᠢ ᠶᠢᠨ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ᠎ᠠ᠃ | 21. ᠪᠠᠶᠢᠭᠤᠯᠤᠯᠭ᠎ᠠ ᠶᠢᠨ ᠨᠠᠮ ᠤᠨ ᠬᠤᠷᠢᠶ᠎ᠠ ︵︽ᠴᠠᠭᠳᠠᠨ ᠪᠠᠶᠢᠴᠠᠭᠠᠬᠤ ᠠᠯᠪᠠᠨ ᠭᠡᠷ︾ ᠤᠨ ᠫᠠᠶᠢᠰᠠ ᠶᠢ ᠨᠡᠮᠡᠵᠦ ᠡᠯᠭᠦᠨ᠎ᠡ︶᠃ ᠬᠤᠲᠠ ᠶᠢᠨ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠪᠠᠶᠢᠭᠤᠯᠭ᠎ᠠ ᠰᠠᠯᠠᠭ᠎ᠠ ᠮᠥᠴᠢᠷ ᠤᠨ ᠨᠠᠮ ᠤᠨ ᠪᠠᠶᠢᠭᠤᠯᠤᠯᠲᠠ ᠶᠢᠨ ᠠᠵᠢᠯ ᠵᠢᠴᠢ ᠰᠠᠬᠢᠯᠭ᠎ᠠ ᠪᠠᠲᠤ ᠶᠢᠨ | ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ︔ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ | ᠠᠵᠢᠯ ᠤᠨ ᠲᠥᠯᠦᠪᠵᠢᠭᠦᠯᠭᠡ ᠪᠠ ᠳᠦᠷᠢᠮ ᠢ ᠰᠤᠳᠤᠯᠤᠨ ᠲᠣᠭᠲᠠᠭᠠᠨ᠎ᠠ︔ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ ᠪᠠ | ᠡᠮᠡᠭᠲᠡᠶᠢᠴᠦᠳ ᠲᠠᠢ ᠬᠤᠯᠪᠣᠭᠳᠠᠬᠤ ᠵᠡᠷᠭᠡ ᠠᠵᠢᠯ ᠢ ᠬᠠᠷᠢᠭᠤᠴᠠᠨ᠎ᠠ᠃ | 22. ᠠᠵᠢᠯ ᠠᠴᠠ ᠳᠠᠷᠬᠠᠯᠠᠭᠳᠠᠭᠰᠠᠨ ᠠᠮᠠᠷᠠᠭᠰᠠᠨ ᠬᠥᠮᠥᠨ ᠤ ᠠᠵᠢᠯ ᠤᠨ ᠰᠠᠯᠠᠭ᠎ᠠ᠃ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ | ᠪᠠᠶᠢᠭᠤᠯᠤᠯᠭ᠎ᠠ ᠶᠢᠨ ᠠᠵᠢᠯ ᠠᠴᠠ ᠪᠠᠨ ᠳᠠᠷᠬᠠᠯᠠᠭᠳᠠᠭᠰᠠᠨ ᠪᠠ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠠᠵᠢᠯ ᠢ ᠬᠠᠷᠢᠭᠤᠴᠠᠵᠤ᠂ ᠬᠠᠷᠢᠶ᠎ᠠ | ᠨᠢᠭᠡᠴᠡ ᠶᠢᠨ ᠠᠵᠢᠯ ᠠᠴᠠ ᠪᠠᠨ ᠳᠠᠷᠬᠠᠯᠠᠭᠳᠠᠭᠰᠠᠨ ᠪᠠ ᠠᠵᠢᠯ ᠠᠴᠠ ᠪᠠᠨ ᠠᠮᠠᠷᠠᠭᠰᠠᠨ ᠬᠥᠮᠥᠨ ᠤ ᠠᠵᠢᠯ ᠢ ᠵᠢᠯᠣᠭᠤᠳᠤᠨ᠎ᠠ᠃ | 23. ᠲᠤᠰᠬᠠᠢ ᠠᠵᠢᠯ ᠤᠨ ᠰᠠᠯᠪᠤᠷᠢ ᠠᠩᠭᠢ᠃ ︽123 ᠲᠤᠰᠬᠠᠢ ᠬᠡᠷᠡᠭ︾ ᠤᠨ ᠬᠤᠯᠪᠣᠭᠳᠠᠯ ᠪᠦᠬᠦᠢ ᠠᠵᠢᠯ ᠢ ᠬᠠᠷᠢᠭᠤᠴᠠᠨ ᠥᠷᠨᠢᠭᠦᠯᠦᠨ᠎ᠡ᠃ | 24. ᠨᠡᠶᠢᠲᠡ ᠶᠢᠨ ᠮᠠᠰᠢᠨ ᠲᠡᠷᠭᠡᠨ ᠤ ᠬᠤᠪᠢᠶᠠᠷᠢ ᠲᠣᠪᠴᠢᠶ᠎ᠠ᠃ ᠪᠥᠬᠦ ᠬᠤᠲᠠ ᠶᠢᠨ ᠨᠡᠶᠢᠲᠡ ᠶᠢᠨ ᠮᠠᠰᠢᠨ ᠲᠡᠷᠭᠡ᠂ ᠲᠦᠷᠢᠶᠡᠰᠦᠨ ᠮᠠᠰᠢᠨ ᠲᠡᠷᠭᠡ᠂ | ᠮᠠᠰᠢᠨ ᠲᠡᠷᠭᠡ ᠲᠦᠷᠢᠶᠡᠰᠦᠯᠡᠬᠦ᠂ ᠬᠤᠯᠠ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠲᠡᠷᠭᠡ ᠬᠥᠰᠬᠡ ᠶᠢᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ | ᠵᠢᠴᠢ ᠲᠦᠭᠡᠭᠡᠯ ᠤᠰᠤᠨ ᠤ ᠠᠵᠢᠯ ᠲᠥᠷᠥᠯ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | 25. ᠭᠠᠵᠠᠷ ᠳᠣᠣᠷᠠᠬᠢ ᠲᠡᠮᠦᠷ ᠵᠠᠮ ᠤᠨ ᠬᠤᠪᠢᠶᠠᠷᠢ ᠲᠣᠪᠴᠢᠶ᠎ᠠ᠃ ᠨᠢᠭᠡᠨᠲᠡ ᠠᠰᠢᠭᠯᠠᠯᠲᠠ ᠳᠤ ᠣᠷᠣᠭᠰᠠᠨ ᠭᠠᠵᠠᠷ ᠳᠣᠣᠷᠠᠬᠢ ᠲᠡᠮᠦᠷ ᠵᠠᠮ ᠤᠨ | ᠣᠷᠣᠨ ᠪᠦᠰᠡ ᠶᠢᠨ ᠳᠣᠲᠣᠭᠠᠳᠤ ᠶᠢ ᠬᠠᠮᠠᠭᠠᠯᠠᠬᠤ ᠠᠮᠤᠷ ᠢ ᠬᠠᠮᠠᠭᠠᠯᠠᠬᠤ ᠠᠵᠢᠯ ᠢ ᠬᠠᠷᠢᠭᠤᠴᠠᠨ᠎ᠠ︔ ᠭᠠᠵᠠᠷ ᠳᠣᠣᠷᠠᠬᠢ ᠲᠡᠮᠦᠷ ᠵᠠᠮ ᠤᠨ ᠬᠠᠷᠢᠶ᠎ᠠ ᠣᠷᠣᠨ ᠤ | ᠣᠯᠠᠨ ᠲᠦᠮᠡᠨ ᠤ ᠮᠡᠳᠡᠭᠦᠯᠦᠭᠰᠡᠨ ᠬᠡᠷᠡᠭ ᠢ ᠰᠡᠷᠭᠡᠶᠢᠯᠡᠬᠦ᠂ ᠴᠣᠬᠢᠯᠲᠠ ᠥᠭᠬᠦ᠂ ᠲᠤᠷᠰᠢᠨ ᠪᠠᠶᠢᠴᠠᠭᠠᠬᠤ ᠪᠠ ᠲᠤᠰᠠᠯᠠᠮᠵᠢ ᠭᠤᠶᠤᠬᠤ ᠶᠢ ᠬᠠᠷᠢᠭᠤᠴᠠᠨ᠎ᠠ︔ | ᠭᠠᠵᠠᠷ ᠳᠣᠣᠷᠠᠬᠢ ᠲᠡᠮᠦᠷ ᠵᠠᠮ ᠤᠨ ᠠᠶᠤᠯᠭᠦᠢ ᠪᠠ ᠭᠠᠯ ᠰᠡᠷᠭᠡᠶᠢᠯᠡᠬᠦ ᠠᠵᠢᠯ ᠤᠨ ᠬᠢᠨᠠᠯᠲᠠ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ᠎ᠠ᠃ | 26. ᠬᠤᠳᠠ ᠶᠢᠨ ᠡᠮᠦᠨᠡᠬᠢ ᠬᠤᠪᠢᠶᠠᠷᠢ ᠲᠣᠪᠴᠢᠶ᠎ᠠ᠃ ᠬᠠᠷᠢᠶ᠎ᠠ ᠣᠷᠣᠨ ᠤ ᠪᠠᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ | ︔ ᠨᠡᠶᠢᠭᠡᠮ ᠤᠨ ᠠᠮᠤᠷ ᠲᠦᠪᠰᠢᠨ ᠤ ᠡᠮᠬᠢ ᠳᠢᠭᠯᠢᠮ ᠳᠤ ᠬᠤᠣᠷ ᠬᠥᠨᠥᠭᠡᠯ ᠤᠴᠠᠷᠠᠭᠤᠯᠤᠭᠰᠠᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ | ᠰᠢᠢᠳᠪᠦᠷᠢᠯᠡᠨ᠎ᠡ︔ ᠠᠮᠤᠷ ᠢ ᠬᠠᠮᠠᠭᠠᠯᠠᠬᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠠᠵᠢᠯ ᠢ ᠬᠠᠤᠯᠢ ᠶᠣᠰᠣᠭᠠᠷ ᠥᠷᠨᠢᠭᠦᠯᠬᠦ ᠶᠢ ᠬᠠᠷᠢᠭᠤᠴᠠᠨ᠎ᠠ︔ ᠲᠤᠰ | ᠬᠠᠷᠢᠶ᠎ᠠ ᠣᠷᠣᠨ ᠤ ᠪᠠᠨ ᠬᠤᠣᠷᠲᠤ ᠡᠳ᠋ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠠᠷᠢᠭᠤᠴᠠᠨ ᠡᠵᠡᠮᠰᠢᠵᠦ᠂ ᠬᠤᠣᠷᠲᠤ ᠡᠳ᠋ ᠤᠨ ᠶᠠᠯᠠᠲᠤ | ᠠᠵᠢᠯᠯᠠᠭ᠎ᠠ ᠶᠢ ᠤᠷᠢᠳᠴᠢᠯᠠᠨ ᠰᠡᠷᠭᠡᠶᠢᠯᠡᠬᠦ ᠪᠠ ᠲᠡᠭᠦᠨ ᠳᠤ ᠴᠣᠬᠢᠯᠲᠠ ᠥᠭᠭᠦᠨ᠎ᠡ︔ ᠬᠠᠤᠯᠢ ᠠᠴᠠ ᠵᠥᠷᠢᠴᠡᠭᠰᠡᠨ ᠡᠯ᠎ᠡ ᠵᠦᠢᠯ ᠤᠨ ᠶᠠᠯᠠᠲᠤ ᠬᠡᠷᠡᠭ ᠢ | ᠲᠤᠷᠰᠢᠨ ᠪᠠᠶᠢᠴᠠᠭᠠᠵᠤ ᠰᠢᠢᠳᠪᠦᠷᠢᠯᠡᠬᠦ ᠶᠢ ᠬᠠᠷᠢᠭᠤᠴᠠᠨ᠎ᠠ︔ ᠬᠠᠷᠢᠶ᠎ᠠ ᠣᠷᠣᠨ ᠤ ᠲᠣᠮᠢᠯᠠᠭᠰᠠᠨ ᠰᠠᠯᠪᠤᠷᠢ ᠶᠢ ᠬᠠᠷᠢᠭᠤᠴᠠᠨ ᠬᠠᠮᠢᠶᠠᠷᠤᠨ᠎ᠠ᠃ | 27. ᠨᠠᠨ ᠳ᠋ᠢ ᠬᠤᠪᠢᠶᠠᠷᠢ ᠲᠣᠪᠴᠢᠶ᠎ᠠ᠃ ᠬᠠᠷᠢᠶ᠎ᠠ ᠣᠷᠣᠨ ᠤ ᠪᠠᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ | ᠨᠡᠶᠢᠭᠡᠮ ᠤᠨ ᠠᠮᠤᠷ ᠲᠦᠪᠰᠢᠨ ᠤ ᠡᠮᠬᠢ ᠳᠢᠭᠯᠢᠮ ᠳᠤ ᠬᠤᠣᠷ ᠬᠥᠨᠥᠭᠡᠯ ᠤᠴᠠᠷᠠᠭᠤᠯᠤᠭᠰᠠᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ | ᠰᠢᠢᠳᠪᠦᠷᠢᠯᠡᠨ᠎ᠡ︔ ᠠᠮᠤᠷ ᠢ ᠬᠠᠮᠠᠭᠠᠯᠠᠬᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠠᠵᠢᠯ ᠢ ᠬᠠᠤᠯᠢ ᠶᠣᠰᠣᠭᠠᠷ ᠥᠷᠨᠢᠭᠦᠯᠬᠦ ᠶᠢ ᠬᠠᠷᠢᠭᠤᠴᠠᠨ᠎ᠠ︔ ᠲᠤᠰ | ᠬᠠᠷᠢᠶ᠎ᠠ ᠣᠷᠣᠨ ᠤ ᠪᠠᠨ ᠬᠤᠣᠷᠲᠤ ᠡᠳ᠋ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠠᠷᠢᠭᠤᠴᠠᠨ ᠡᠵᠡᠮᠰᠢᠵᠦ᠂ ᠬᠤᠣᠷᠲᠤ ᠡᠳ᠋ ᠤᠨ ᠶᠠᠯᠠᠲᠤ | ᠠᠵᠢᠯᠯᠠᠭ᠎ᠠ ᠶᠢ ᠤᠷᠢᠳᠴᠢᠯᠠᠨ ᠰᠡᠷᠭᠡᠶᠢᠯᠡᠬᠦ ᠪᠠ ᠲᠡᠭᠦᠨ ᠳᠤ ᠴᠣᠬᠢᠯᠲᠠ ᠥᠭᠭᠦᠨ᠎ᠡ︔ ᠬᠠᠤᠯᠢ ᠠᠴᠠ ᠵᠥᠷᠢᠴᠡᠭᠰᠡᠨ ᠡᠯ᠎ᠡ ᠵᠦᠢᠯ ᠤᠨ ᠶᠠᠯᠠᠲᠤ ᠬᠡᠷᠡᠭ ᠢ | ᠲᠤᠷᠰᠢᠨ ᠪᠠᠶᠢᠴᠠᠭᠠᠵᠤ ᠰᠢᠢᠳᠪᠦᠷᠢᠯᠡᠬᠦ ᠶᠢ ᠬᠠᠷᠢᠭᠤᠴᠠᠨ᠎ᠠ︔ ᠬᠠᠷᠢᠶ᠎ᠠ ᠣᠷᠣᠨ ᠤ ᠲᠣᠮᠢᠯᠠᠭᠰᠠᠨ ᠰᠠᠯᠪᠤᠷᠢ ᠶᠢ ᠬᠠᠷᠢᠭᠤᠴᠠᠨ ᠬᠠᠮᠢᠶᠠᠷᠤᠨ᠎ᠠ᠃ | 28. ᠰᠢᠨ᠎ᠡ ᠬᠤᠳᠠ ᠶᠢᠨ ᠬᠤᠪᠢᠶᠠᠷᠢ ᠲᠣᠪᠴᠢᠶ᠎ᠠ᠃ ᠠᠮᠤᠷ ᠢ ᠬᠠᠮᠠᠭᠠᠯᠠᠬᠤ ᠬᠠᠮᠢᠶᠠᠷᠤᠯᠲᠠ᠂ ᠡᠷᠦᠬᠡ ᠠᠮᠠ ᠶᠢᠨ ᠬᠠᠮᠢᠶᠠᠷᠤᠯᠲᠠ᠂ ᠬᠢᠯᠢ ᠪᠠᠷ ᠣᠷᠣᠵᠤ | ᠭᠠᠷᠬᠤ ᠬᠠᠮᠢᠶᠠᠷᠤᠯᠲᠠ ᠵᠡᠷᠭᠡ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ ᠬᠠᠤᠯᠢ ᠶᠣᠰᠣᠭᠠᠷ ᠥᠷᠨᠢᠭᠦᠯᠦᠨ᠎ᠡ︔ ᠤᠯᠤᠰ ᠲᠦᠷᠦ ᠶᠢᠨ | ᠠᠮᠤᠷ ᠲᠦᠪᠰᠢᠨ ᠢ ᠬᠠᠮᠠᠭᠠᠯᠠᠬᠤ᠂ ᠰᠦᠯᠵᠢᠶᠡᠨ ᠤ ᠠᠶᠤᠯᠭᠦᠢ ᠶᠢ ᠬᠠᠮᠠᠭᠠᠯᠠᠬᠤ ᠠᠵᠢᠯ ᠢ ᠬᠠᠷᠢᠭᠤᠴᠠᠨ᠎ᠠ︔ ᠨᠡᠶᠢᠭᠡᠮ ᠤᠨ ᠠᠮᠤᠷ ᠲᠦᠪᠰᠢᠨ ᠤ ᠡᠮᠬᠢ ᠵᠢᠷᠤᠮ ᠢ | ᠬᠠᠤᠯᠢ ᠶᠣᠰᠣᠭᠠᠷ ᠬᠠᠮᠠᠭᠠᠯᠠᠵᠤ᠂ ᠤᠯᠠᠨ ᠨᠡᠶᠢᠲᠡ ᠶᠢᠨ ᠠᠮᠤᠷ ᠲᠦᠪᠰᠢᠨ ᠢ ᠪᠠᠲᠤᠯᠠᠬᠤ ᠶᠢ ᠬᠠᠷᠢᠭᠤᠴᠠᠨ᠎ᠠ︔ ᠬᠠᠤᠯᠢ ᠶᠢ ᠵᠥᠷᠢᠴᠡᠭᠰᠡᠨ ᠡᠯ᠎ᠡ ᠵᠦᠢᠯ ᠤᠨ | ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠤᠷᠢᠳᠴᠢᠯᠠᠨ ᠰᠡᠷᠭᠡᠶᠢᠯᠡᠵᠦ᠂ ᠬᠤᠷᠢᠭᠯᠠᠨ ᠵᠣᠭᠰᠣᠭᠠᠵᠤ᠂ ᠲᠡᠭᠦᠨ ᠳᠤ ᠴᠣᠬᠢᠯᠲᠠ ᠥᠭᠭᠦᠨ᠎ᠡ︔ ᠬᠠᠤᠯᠢ ᠠᠴᠠ | ᠵᠥᠷᠢᠴᠡᠭᠰᠡᠨ ᠡᠯ᠎ᠡ ᠵᠦᠢᠯ ᠤᠨ ᠶᠠᠯᠠᠲᠤ ᠬᠡᠷᠡᠭ ᠢ ᠲᠤᠷᠰᠢᠨ ᠪᠠᠶᠢᠴᠠᠭᠠᠵᠤ ᠰᠢᠢᠳᠪᠦᠷᠢᠯᠡᠬᠦ ᠶᠢ ᠬᠠᠷᠢᠭᠤᠴᠠᠨ᠎ᠠ︔ ᠬᠠᠷᠢᠶ᠎ᠠ ᠣᠷᠣᠨ ᠤ ᠪᠠᠴᠢᠮ ᠪᠠᠶᠢᠳᠠᠯ ᠢ | ᠠᠷᠭᠠᠴᠠᠬᠤ ᠭᠡᠨᠡᠳᠲᠡ ᠶᠢᠨ ᠬᠡᠷᠡᠭ ᠢ ᠰᠢᠢᠳᠪᠦᠷᠢᠯᠡᠬᠦ᠂ ᠴᠠᠭᠳᠠᠨ ᠲᠣᠭᠤᠷᠢᠵᠤ ᠰᠡᠷᠭᠡᠶᠢᠯᠡᠨ ᠡᠵᠡᠮᠳᠡᠬᠦ᠂ ᠴᠢᠬᠤᠯᠠ ᠰᠡᠷᠭᠡᠶᠢᠯᠡᠨ ᠬᠠᠮᠠᠭᠠᠯᠠᠬᠤ ᠠᠮᠤᠷ ᠢ | ᠬᠠᠮᠠᠭᠠᠯᠠᠬᠤ ᠡᠭᠦᠷᠭᠡ ᠶᠢ ᠬᠠᠷᠢᠭᠤᠴᠠᠨ᠎ᠠ︔ ᠬᠠᠷᠢᠶ᠎ᠠ ᠣᠷᠣᠨ ᠤ ᠲᠣᠮᠢᠯᠠᠭᠰᠠᠨ ᠰᠠᠯᠪᠤᠷᠢ ᠶᠢ ᠬᠠᠷᠢᠭᠤᠴᠠᠨ ᠬᠠᠮᠢᠶᠠᠷᠤᠨ᠎ᠠ᠃ | 29. ᠬᠤᠲᠣᠩ ᠠᠷᠠᠳ ᠤᠨ ᠬᠤᠪᠢᠶᠠᠷᠢ ᠲᠣᠪᠴᠢᠶ᠎ᠠ᠃ ᠠᠮᠤᠷ ᠢ ᠬᠠᠮᠠᠭᠠᠯᠠᠬᠤ ᠬᠠᠮᠢᠶᠠᠷᠤᠯᠲᠠ᠂ ᠡᠷᠦᠬᠡ ᠠᠮᠠ ᠶᠢᠨ ᠬᠠᠮᠢᠶᠠᠷᠤᠯᠲᠠ᠂ ᠬᠢᠯᠢ ᠪᠠᠷ | ᠣᠷᠣᠵᠤ ᠭᠠᠷᠬᠤ ᠬᠠᠮᠢᠶᠠᠷᠤᠯᠲᠠ ᠵᠡᠷᠭᠡ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ ᠬᠠᠤᠯᠢ ᠶᠣᠰᠣᠭᠠᠷ ᠥᠷᠨᠢᠭᠦᠯᠦᠨ᠎ᠡ︔ ᠤᠯᠤᠰ | ᠲᠦᠷᠦ ᠶᠢᠨ ᠠᠮᠤᠷ ᠲᠦᠪᠰᠢᠨ ᠢ ᠬᠠᠮᠠᠭᠠᠯᠠᠬᠤ᠂ ᠰᠦᠯᠵᠢᠶᠡᠨ ᠤ ᠠᠶᠤᠯᠭᠦᠢ ᠶᠢ ᠬᠠᠮᠠᠭᠠᠯᠠᠬᠤ ᠠᠵᠢᠯ ᠢ ᠬᠠᠷᠢᠭᠤᠴᠠᠨ᠎ᠠ︔ ᠨᠡᠶᠢᠭᠡᠮ ᠤᠨ ᠠᠮᠤᠷ ᠲᠦᠪᠰᠢᠨ ᠤ | ᠡᠮᠬᠢ ᠵᠢᠷᠤᠮ ᠢ ᠬᠠᠤᠯᠢ ᠶᠣᠰᠣᠭᠠᠷ ᠬᠠᠮᠠᠭᠠᠯᠠᠵᠤ᠂ ᠤᠯᠠᠨ ᠨᠡᠶᠢᠲᠡ ᠶᠢᠨ ᠠᠮᠤᠷ ᠲᠦᠪᠰᠢᠨ ᠢ ᠪᠠᠲᠤᠯᠠᠬᠤ ᠶᠢ ᠬᠠᠷᠢᠭᠤᠴᠠᠨ᠎ᠠ︔ ᠬᠠᠤᠯᠢ ᠶᠢ ᠵᠥᠷᠢᠴᠡᠭᠰᠡᠨ ᠡᠯ᠎ᠡ | ᠵᠦᠢᠯ ᠤᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠤᠷᠢᠳᠴᠢᠯᠠᠨ ᠰᠡᠷᠭᠡᠶᠢᠯᠡᠵᠦ᠂ ᠬᠤᠷᠢᠭᠯᠠᠨ ᠵᠣᠭᠰᠣᠭᠠᠵᠤ᠂ ᠲᠡᠭᠦᠨ ᠳᠤ ᠴᠣᠬᠢᠯᠲᠠ ᠥᠭᠭᠦᠨ᠎ᠡ︔ | ᠬᠠᠤᠯᠢ ᠠᠴᠠ ᠵᠥᠷᠢᠴᠡᠭᠰᠡᠨ ᠡᠯ᠎ᠡ ᠵᠦᠢᠯ ᠤᠨ ᠶᠠᠯᠠᠲᠤ ᠬᠡᠷᠡᠭ ᠢ ᠲᠤᠷᠰᠢᠨ ᠪᠠᠶᠢᠴᠠᠭᠠᠵᠤ ᠰᠢᠢᠳᠪᠦᠷᠢᠯᠡᠬᠦ ᠶᠢ ᠬᠠᠷᠢᠭᠤᠴᠠᠨ᠎ᠠ︔ ᠬᠠᠷᠢᠶ᠎ᠠ ᠣᠷᠣᠨ ᠤ ᠪᠠᠴᠢᠮ | ᠪᠠᠶᠢᠳᠠᠯ ᠢ ᠠᠷᠭᠠᠴᠠᠬᠤ ᠭᠡᠨᠡᠳᠲᠡ ᠶᠢᠨ ᠬᠡᠷᠡᠭ ᠢ ᠰᠢᠢᠳᠪᠦᠷᠢᠯᠡᠬᠦ᠂ ᠴᠠᠭᠳᠠᠨ ᠲᠣᠭᠤᠷᠢᠵᠤ ᠰᠡᠷᠭᠡᠶᠢᠯᠡᠨ ᠡᠵᠡᠮᠳᠡᠬᠦ᠂ ᠴᠢᠬᠤᠯᠠ ᠰᠡᠷᠭᠡᠶᠢᠯᠡᠨ ᠬᠠᠮᠠᠭᠠᠯᠠᠬᠤ | ᠠᠮᠤᠷ ᠢ ᠬᠠᠮᠠᠭᠠᠯᠠᠬᠤ ᠡᠭᠦᠷᠭᠡ ᠶᠢ ᠬᠠᠷᠢᠭᠤᠴᠠᠨ᠎ᠠ︔ ᠬᠠᠷᠢᠶ᠎ᠠ ᠣᠷᠣᠨ ᠤ ᠲᠣᠮᠢᠯᠠᠭᠰᠠᠨ ᠰᠠᠯᠪᠤᠷᠢ ᠶᠢ ᠬᠠᠷᠢᠭᠤᠴᠠᠨ ᠬᠠᠮᠢᠶᠠᠷᠤᠨ᠎ᠠ᠃ | 30. ᠢᠦᠢ ᠴᠢᠦᠸᠠᠨ ᠤ ᠬᠤᠪᠢᠶᠠᠷᠢ ᠲᠣᠪᠴᠢᠶ᠎ᠠ᠃ ᠠᠮᠤᠷ ᠢ ᠬᠠᠮᠠᠭᠠᠯᠠᠬᠤ ᠬᠠᠮᠢᠶᠠᠷᠤᠯᠲᠠ᠂ ᠡᠷᠦᠬᠡ ᠠᠮᠠ ᠶᠢᠨ ᠬᠠᠮᠢᠶᠠᠷᠤᠯᠲᠠ᠂ ᠬᠢᠯᠢ ᠪᠠᠷ ᠣᠷᠣᠵᠤ | ᠭᠠᠷᠬᠤ ᠬᠠᠮᠢᠶᠠᠷᠤᠯᠲᠠ ᠵᠡᠷᠭᠡ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ ᠬᠠᠤᠯᠢ ᠶᠣᠰᠣᠭᠠᠷ ᠥᠷᠨᠢᠭᠦᠯᠦᠨ᠎ᠡ︔ ᠤᠯᠤᠰ ᠲᠦᠷᠦ ᠶᠢᠨ | ᠠᠮᠤᠷ ᠲᠦᠪᠰᠢᠨ ᠢ ᠬᠠᠮᠠᠭᠠᠯᠠᠬᠤ᠂ ᠰᠦᠯᠵᠢᠶᠡᠨ ᠤ ᠠᠶᠤᠯᠭᠦᠢ ᠶᠢ ᠬᠠᠮᠠᠭᠠᠯᠠᠬᠤ ᠠᠵᠢᠯ ᠢ ᠬᠠᠷᠢᠭᠤᠴᠠᠨ᠎ᠠ︔ ᠨᠡᠶᠢᠭᠡᠮ ᠤᠨ ᠠᠮᠤᠷ ᠲᠦᠪᠰᠢᠨ ᠤ ᠡᠮᠬᠢ ᠵᠢᠷᠤᠮ ᠢ | ᠬᠠᠤᠯᠢ ᠶᠣᠰᠣᠭᠠᠷ ᠬᠠᠮᠠᠭᠠᠯᠠᠵᠤ᠂ ᠤᠯᠠᠨ ᠨᠡᠶᠢᠲᠡ ᠶᠢᠨ ᠠᠮᠤᠷ ᠲᠦᠪᠰᠢᠨ ᠢ ᠪᠠᠲᠤᠯᠠᠬᠤ ᠶᠢ ᠬᠠᠷᠢᠭᠤᠴᠠᠨ᠎ᠠ︔ ᠬᠠᠤᠯᠢ ᠶᠢ ᠵᠥᠷᠢᠴᠡᠭᠰᠡᠨ ᠡᠯ᠎ᠡ ᠵᠦᠢᠯ ᠤᠨ | ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠤᠷᠢᠳᠴᠢᠯᠠᠨ ᠰᠡᠷᠭᠡᠶᠢᠯᠡᠵᠦ᠂ ᠬᠤᠷᠢᠭᠯᠠᠨ ᠵᠣᠭᠰᠣᠭᠠᠵᠤ᠂ ᠲᠡᠭᠦᠨ ᠳᠤ ᠴᠣᠬᠢᠯᠲᠠ ᠥᠭᠭᠦᠨ᠎ᠡ︔ ᠬᠠᠤᠯᠢ ᠠᠴᠠ | ᠵᠥᠷᠢᠴᠡᠭᠰᠡᠨ ᠡᠯ᠎ᠡ ᠵᠦᠢᠯ ᠤᠨ ᠶᠠᠯᠠᠲᠤ ᠬᠡᠷᠡᠭ ᠢ ᠲᠤᠷᠰᠢᠨ ᠪᠠᠶᠢᠴᠠᠭᠠᠵᠤ ᠰᠢᠢᠳᠪᠦᠷᠢᠯᠡᠬᠦ ᠶᠢ ᠬᠠᠷᠢᠭᠤᠴᠠᠨ᠎ᠠ︔ ᠬᠠᠷᠢᠶ᠎ᠠ ᠣᠷᠣᠨ ᠤ ᠪᠠᠴᠢᠮ ᠪᠠᠶᠢᠳᠠᠯ ᠢ | ᠠᠷᠭᠠᠴᠠᠬᠤ ᠭᠡᠨᠡᠳᠲᠡ ᠶᠢᠨ ᠬᠡᠷᠡᠭ ᠢ ᠰᠢᠢᠳᠪᠦᠷᠢᠯᠡᠬᠦ᠂ ᠴᠠᠭᠳᠠᠨ ᠲᠣᠭᠤᠷᠢᠵᠤ ᠰᠡᠷᠭᠡᠶᠢᠯᠡᠨ ᠡᠵᠡᠮᠳᠡᠬᠦ᠂ ᠴᠢᠬᠤᠯᠠ ᠰᠡᠷᠭᠡᠶᠢᠯᠡᠨ ᠬᠠᠮᠠᠭᠠᠯᠠᠬᠤ ᠠᠮᠤᠷ ᠢ | ᠬᠠᠮᠠᠭᠠᠯᠠᠬᠤ ᠡᠭᠦᠷᠭᠡ ᠶᠢ ᠬᠠᠷᠢᠭᠤᠴᠠᠨ᠎ᠠ︔ ᠬᠠᠷᠢᠶ᠎ᠠ ᠣᠷᠣᠨ ᠤ ᠲᠣᠮᠢᠯᠠᠭᠰᠠᠨ ᠰᠠᠯᠪᠤᠷᠢ ᠶᠢ ᠬᠠᠷᠢᠭᠤᠴᠠᠨ ᠬᠠᠮᠢᠶᠠᠷᠤᠨ᠎ᠠ᠃ | 31. ᠰᠠᠶᠢᠬᠠᠨ ᠤ ᠬᠤᠪᠢᠶᠠᠷᠢ ᠲᠣᠪᠴᠢᠶ᠎ᠠ᠃ ᠠᠮᠤᠷ ᠢ ᠬᠠᠮᠠᠭᠠᠯᠠᠬᠤ ᠬᠠᠮᠢᠶᠠᠷᠤᠯᠲᠠ᠂ ᠡᠷᠦᠬᠡ ᠠᠮᠠ ᠶᠢᠨ ᠬᠠᠮᠢᠶᠠᠷᠤᠯᠲᠠ᠂ ᠬᠢᠯᠢ ᠪᠠᠷ ᠣᠷᠣᠵᠤ | ᠭᠠᠷᠬᠤ ᠬᠠᠮᠢᠶᠠᠷᠤᠯᠲᠠ ᠵᠡᠷᠭᠡ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ ᠬᠠᠤᠯᠢ ᠶᠣᠰᠣᠭᠠᠷ ᠥᠷᠨᠢᠭᠦᠯᠦᠨ᠎ᠡ︔ ᠤᠯᠤᠰ ᠲᠦᠷᠦ ᠶᠢᠨ | ᠠᠮᠤᠷ ᠲᠦᠪᠰᠢᠨ ᠢ ᠬᠠᠮᠠᠭᠠᠯᠠᠬᠤ᠂ ᠰᠦᠯᠵᠢᠶᠡᠨ ᠤ ᠠᠶᠤᠯᠭᠦᠢ ᠶᠢ ᠬᠠᠮᠠᠭᠠᠯᠠᠬᠤ ᠠᠵᠢᠯ ᠢ ᠬᠠᠷᠢᠭᠤᠴᠠᠨ᠎ᠠ︔ ᠨᠡᠶᠢᠭᠡᠮ ᠤᠨ ᠠᠮᠤᠷ ᠲᠦᠪᠰᠢᠨ ᠤ ᠡᠮᠬᠢ ᠵᠢᠷᠤᠮ ᠢ | ᠬᠠᠤᠯᠢ ᠶᠣᠰᠣᠭᠠᠷ ᠬᠠᠮᠠᠭᠠᠯᠠᠵᠤ᠂ ᠤᠯᠠᠨ ᠨᠡᠶᠢᠲᠡ ᠶᠢᠨ ᠠᠮᠤᠷ ᠲᠦᠪᠰᠢᠨ ᠢ ᠪᠠᠲᠤᠯᠠᠬᠤ ᠶᠢ ᠬᠠᠷᠢᠭᠤᠴᠠᠨ᠎ᠠ︔ ᠬᠠᠤᠯᠢ ᠶᠢ ᠵᠥᠷᠢᠴᠡᠭᠰᠡᠨ ᠡᠯ᠎ᠡ ᠵᠦᠢᠯ ᠤᠨ | ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠤᠷᠢᠳᠴᠢᠯᠠᠨ ᠰᠡᠷᠭᠡᠶᠢᠯᠡᠵᠦ᠂ ᠬᠤᠷᠢᠭᠯᠠᠨ ᠵᠣᠭᠰᠣᠭᠠᠵᠤ᠂ ᠲᠡᠭᠦᠨ ᠳᠤ ᠴᠣᠬᠢᠯᠲᠠ ᠥᠭᠭᠦᠨ᠎ᠡ︔ ᠬᠠᠤᠯᠢ ᠠᠴᠠ | ᠵᠥᠷᠢᠴᠡᠭᠰᠡᠨ ᠡᠯ᠎ᠡ ᠵᠦᠢᠯ ᠤᠨ ᠶᠠᠯᠠᠲᠤ ᠬᠡᠷᠡᠭ ᠢ ᠲᠤᠷᠰᠢᠨ ᠪᠠᠶᠢᠴᠠᠭᠠᠵᠤ ᠰᠢᠢᠳᠪᠦᠷᠢᠯᠡᠬᠦ ᠶᠢ ᠬᠠᠷᠢᠭᠤᠴᠠᠨ᠎ᠠ︔ ᠬᠠᠷᠢᠶ᠎ᠠ ᠣᠷᠣᠨ ᠤ ᠪᠠᠴᠢᠮ ᠪᠠᠶᠢᠳᠠᠯ ᠢ | ᠠᠷᠭᠠᠴᠠᠬᠤ ᠭᠡᠨᠡᠳᠲᠡ ᠶᠢᠨ ᠬᠡᠷᠡᠭ ᠢ ᠰᠢᠢᠳᠪᠦᠷᠢᠯᠡᠬᠦ᠂ ᠴᠠᠭᠳᠠᠨ ᠲᠣᠭᠤᠷᠢᠵᠤ ᠰᠡᠷᠭᠡᠶᠢᠯᠡᠨ ᠡᠵᠡᠮᠳᠡᠬᠦ᠂ ᠴᠢᠬᠤᠯᠠ ᠰᠡᠷᠭᠡᠶᠢᠯᠡᠨ ᠬᠠᠮᠠᠭᠠᠯᠠᠬᠤ ᠠᠮᠤᠷ ᠢ | ᠬᠠᠮᠠᠭᠠᠯᠠᠬᠤ ᠡᠭᠦᠷᠭᠡ ᠶᠢ ᠬᠠᠷᠢᠭᠤᠴᠠᠨ᠎ᠠ︔ ᠬᠠᠷᠢᠶ᠎ᠠ ᠣᠷᠣᠨ ᠤ ᠲᠣᠮᠢᠯᠠᠭᠰᠠᠨ ᠰᠠᠯᠪᠤᠷᠢ ᠶᠢ ᠬᠠᠷᠢᠭᠤᠴᠠᠨ ᠬᠠᠮᠢᠶᠠᠷᠤᠨ᠎ᠠ᠃ | 32. ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠤᠪᠢᠶᠠᠷᠢ ᠲᠣᠪᠴᠢᠶ᠎ᠠ᠃ ᠬᠠᠷᠢᠶ᠎ᠠ ᠣᠷᠣᠨ ᠤ ᠪᠠᠨ ᠠᠮᠤᠷ ᠢ ᠬᠠᠮᠠᠭᠠᠯᠠᠬᠤ | ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠨᠡᠶᠢᠭᠡᠮ ᠤᠨ ᠠᠮᠤᠷ ᠲᠦᠪᠰᠢᠨ ᠤ ᠡᠮᠬᠢ ᠳᠢᠭᠯᠢᠮ ᠳᠤ ᠬᠤᠣᠷ ᠬᠥᠨᠥᠭᠡᠯ ᠤᠴᠠᠷᠠᠭᠤᠯᠤᠭᠰᠠᠨ ᠦᠢᠯᠡ | ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ︔ ᠠᠮᠤᠷ ᠢ ᠬᠠᠮᠠᠭᠠᠯᠠᠬᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠠᠵᠢᠯ ᠢ ᠬᠠᠤᠯᠢ | ᠶᠣᠰᠣᠭᠠᠷ ᠥᠷᠨᠢᠭᠦᠯᠬᠦ ᠶᠢ ᠬᠠᠷᠢᠭᠤᠴᠠᠨ᠎ᠠ︔ ᠲᠤᠰ ᠬᠠᠷᠢᠶ᠎ᠠ ᠣᠷᠣᠨ ᠤ ᠪᠠᠨ ᠬᠤᠣᠷᠲᠤ ᠡᠳ᠋ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ | ᠬᠠᠷᠢᠭᠤᠴᠠᠨ ᠡᠵᠡᠮᠰᠢᠵᠦ᠂ ᠬᠤᠣᠷᠲᠤ ᠡᠳ᠋ ᠤᠨ ᠶᠠᠯᠠᠲᠤ ᠠᠵᠢᠯᠯᠠᠭ᠎ᠠ ᠶᠢ ᠤᠷᠢᠳᠴᠢᠯᠠᠨ ᠰᠡᠷᠭᠡᠶᠢᠯᠡᠬᠦ ᠪᠠ ᠲᠡᠭᠦᠨ ᠳᠤ ᠴᠣᠬᠢᠯᠲᠠ ᠥᠭᠭᠦᠨ᠎ᠡ︔ ᠬᠠᠤᠯᠢ ᠠᠴᠠ | ᠵᠥᠷᠢᠴᠡᠭᠰᠡᠨ ᠡᠯ᠎ᠡ ᠵᠦᠢᠯ ᠤᠨ ᠶᠠᠯᠠᠲᠤ ᠬᠡᠷᠡᠭ ᠢ ᠲᠤᠷᠰᠢᠨ ᠪᠠᠶᠢᠴᠠᠭᠠᠵᠤ ᠰᠢᠢᠳᠪᠦᠷᠢᠯᠡᠬᠦ ᠶᠢ ᠬᠠᠷᠢᠭᠤᠴᠠᠨ᠎ᠠ︔ ᠬᠠᠷᠢᠶ᠎ᠠ ᠣᠷᠣᠨ ᠤ ᠲᠣᠮᠢᠯᠠᠭᠰᠠᠨ ᠰᠠᠯᠪᠤᠷᠢ ᠶᠢ | ᠬᠠᠷᠢᠭᠤᠴᠠᠨ ᠬᠠᠮᠢᠶᠠᠷᠤᠨ᠎ᠠ᠃ | ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠵᠢᠯᠲᠠᠨ ᠤ ᠣᠷᠣᠨ ᠲᠤᠭ᠎ᠠ ᠵᠢᠴᠢ ᠤᠳᠤᠷᠢᠳᠬᠤ ᠲᠤᠰᠢᠶᠠᠯ ᠤᠨ ᠣᠷᠣᠨ ᠲᠤᠭ᠎ᠠ | ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠲᠣᠭᠲᠠᠭᠠᠭᠰᠠᠨ ᠤᠯᠤᠰ ᠲᠥᠷᠥ ᠬᠠᠤᠯᠢ ᠴᠠᠭᠠᠵᠠ ᠶᠢᠨ ᠲᠤᠰᠬᠠᠢ ᠣᠷᠣᠨ ᠲᠤᠭ᠎ᠠ | ᠨᠡᠶᠢᠲᠡ 4343᠃ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠲᠣᠪᠴᠢᠶᠠᠨ ᠳᠠᠷᠤᠭ᠎ᠠ 1 ᠬᠥᠮᠥᠨ ︵ᠬᠤᠲᠠ ᠶᠢᠨ ᠤᠳᠤᠷᠢᠳᠬᠤ ᠨᠥᠬᠦᠳ | ᠬᠠᠪᠰᠤᠷᠭᠠᠨ ᠬᠠᠷᠢᠭᠤᠴᠠᠨ᠎ᠠ︶᠂ ᠳᠡᠳ᠋ ᠲᠣᠪᠴᠢᠶᠠᠨ ᠳᠠᠷᠤᠭ᠎ᠠ 5 ᠬᠥᠮᠥᠨ ︵ᠡᠭᠦᠨ ᠳᠤ ᠡᠳᠦᠷ ᠲᠤᠲᠤᠮ ᠤᠨ ᠠᠵᠢᠯ ᠢ ᠡᠷᠭᠢᠯᠡᠵᠦ ᠪᠠᠶᠢᠭ᠎ᠠ ᠳᠡᠳ᠋ | ᠲᠣᠪᠴᠢᠶᠠᠨ ᠳᠠᠷᠤᠭ᠎ᠠ 1 ᠬᠥᠮᠥᠨ ᠨᠢ ᠵᠢᠩᠬᠢᠨᠢ ᠭᠠᠵᠠᠷ ᠤᠨ ᠲᠠᠰ ᠲᠠᠢ᠂ ᠪᠤᠰᠤᠳ 4 ᠳᠡᠳ᠋ ᠲᠣᠪᠴᠢᠶᠠᠨ ᠳᠠᠷᠤᠭ᠎ᠠ ᠨᠢ ᠳᠡᠳ᠋ ᠭᠠᠵᠠᠷ ᠤᠨ ᠲᠠᠰ ᠲᠠᠢ︶᠂ | ᠤᠯᠤᠰ ᠲᠥᠷᠥ ᠶᠢᠨ ᠬᠡᠯᠲᠡᠰ ᠤᠨ ᠡᠷᠬᠢᠯᠡᠭᠴᠢ 1 ᠬᠥᠮᠥᠨ ︵ᠳᠡᠳ᠋ ᠭᠠᠵᠠᠷ ᠤᠨ ᠲᠠᠰ︶ ᠲᠣᠬᠢᠷᠠᠭᠤᠯᠤᠨ᠎ᠠ᠃ | | ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠴᠡᠯᠡᠭᠡᠷ ᠲᠠᠯ᠎ᠠ ᠵᠡᠭᠡᠯᠢ ᠶᠢᠨ 1 ᠨᠣᠮᠧᠷᠲᠤ | ᠠᠵᠢᠯᠯᠠᠬᠤ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨ᠎ᠡ 9᠄ 00-12᠄ 00᠂ ᠦᠳᠡ ᠶᠢᠨ ᠬᠤᠶᠢᠨ᠎ᠠ 13᠄ 30-17᠄ 00 | ᠤᠲᠠᠰᠤ᠄ 0471-6699131 | ᠬᠠᠷᠢᠭᠤᠴᠠᠯᠭᠠᠲᠠᠨ᠄ ᠨᠢᠦ ᠹᠠᠩ ᠽᠧ | |