ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ
ᠨᠡᠶᠢᠲᠡᠯᠡᠭᠰᠡᠨ ᠴᠠᠭ᠄
2019/3/4
     ᠬᠦᠬᠡᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠨᠢ ᠨᠠᠮ ᠤᠨ ᠲᠥᠪ ᠬᠤᠷᠢᠶᠠᠨ ᠤ ᠦᠨᠳᠦᠰᠦᠲᠡᠨ᠂ ᠴᠥᠭᠡᠨ ᠲᠣᠭᠠᠲᠤ ᠦᠨᠳᠦᠰᠦᠲᠡᠨ  ᠤ ᠦᠭᠡ ᠬᠡᠯᠡ ᠦᠰᠦᠭ ᠪᠢᠴᠢᠭ ᠤᠨ ᠠᠵᠢᠯ ᠤᠨ ᠲᠤᠬᠠᠶ ᠴᠢᠭᠯᠡᠯᠲᠡ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠶᠠᠪᠤᠴᠠ ᠳᠤ ᠦᠨᠳᠦᠰᠦᠲᠡᠨ᠂ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠠᠵᠢᠯ  ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ ᠨᠢ᠄      ︵ᠨᠢᠭᠡ︶ ᠦᠨᠳᠦᠰᠦᠲᠡᠨ ᠤ ᠣᠨᠣᠯ ᠪᠣᠯᠤᠨ ᠦᠨᠳᠦᠰᠦᠲᠡᠨ ᠤ ᠠᠵᠢᠯ ᠤᠨ ᠴᠢᠬᠤᠯᠠ ᠶᠡᠭᠡ ᠠᠰᠠᠭᠤᠳᠠᠯ ᠤᠨ ᠪᠠᠶᠢᠴᠠᠭᠠᠨ ᠰᠤᠳᠤᠯᠤᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠦᠨᠳᠦᠰᠦᠲᠡᠨ ᠤ ᠠᠵᠢᠯ ᠪᠣᠯᠤᠨ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠠᠵᠢᠯ  ᠤᠨ ᠲᠥᠷᠥ ᠶᠢᠨ ᠪᠣᠳᠣᠯᠭ᠎ᠠ ᠶᠢ ᠲᠤᠭᠤᠷᠪᠢᠨ ᠪᠢᠴᠢᠨ᠎ᠡ᠃ ᠡᠭᠦᠨ ᠤ ᠬᠠᠮᠲᠤ ᠬᠡᠷᠡᠭᠵᠢᠭᠦᠯᠵᠦ ᠪᠠᠶᠢᠭ᠎ᠠ ᠪᠠᠶᠢᠳᠠᠯ ᠢ ᠰᠢᠮᠳᠠᠭᠤᠯᠤᠨ ᠪᠠᠶᠢᠴᠠᠭᠠᠨ᠎ᠠ᠃ ᠦᠨᠳᠦᠰᠦᠲᠡᠨ ᠤ ᠣᠨᠣᠯ᠂ ᠦᠨᠳᠦᠰᠦᠲᠡᠨ ᠤ ᠲᠥᠷᠥ ᠶᠢᠨ ᠪᠣᠳᠣᠯᠭ᠎ᠠ᠂ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠲᠥᠷᠥ  ᠶᠢᠨ ᠪᠣᠳᠣᠯᠭ᠎ᠠ ᠶᠢᠨ ᠤᠬᠠᠭᠤᠯᠭ᠎ᠠ ᠶᠢᠨ ᠬᠥᠮᠦᠵᠢᠯ ᠤᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃      ︵ᠬᠤᠶᠠᠷ︶ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠳᠦᠷᠢᠮ ᠢ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠴᠥᠭᠡᠨ ᠲᠣᠭᠠᠲᠤ ᠦᠨᠳᠦᠰᠦᠲᠡᠨ ᠤ ᠡᠷᠬᠡ ᠠᠰᠢᠭ ᠤᠨ ᠤᠴᠢᠷ ᠢ ᠬᠢᠨᠠᠯᠲᠠ ᠲᠠᠯᠪᠢᠨ ᠭᠦᠢᠴᠡᠳᠬᠡᠵᠦ᠂ ᠴᠥᠭᠡᠨ ᠲᠣᠭᠠᠲᠤ ᠦᠨᠳᠦᠰᠦᠲᠡᠨ ᠤ ᠬᠠᠤᠯᠢ ᠶᠣᠰᠣᠨ ᠤ ᠡᠷᠬᠡ ᠠᠰᠢᠭ  ᠢ ᠪᠠᠲᠤᠯᠠᠨ᠎ᠠ᠃ ᠦᠨᠳᠦᠰᠦᠲᠡᠨ ᠤ ᠬᠠᠷᠢᠴᠠᠭ᠎ᠠ ᠶᠢ ᠵᠣᠬᠢᠴᠠᠭᠤᠯᠬᠤ ᠠᠵᠢᠯ ᠤᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠦᠨᠳᠦᠰᠦᠲᠡᠨ ᠤ ᠬᠠᠷᠢᠴᠠᠭ᠎ᠠ ᠳᠠᠬᠢ ᠴᠢᠬᠤᠯᠠ ᠶᠡᠭᠡ ᠵᠦᠢᠯᠡᠰ ᠢ ᠵᠣᠬᠢᠴᠠᠭᠤᠯᠤᠨ ᠰᠢᠶᠳᠪᠦᠷᠢᠯᠡᠨ᠎ᠡ᠃ ᠨᠡᠶᠢᠭᠡᠮ ᠤᠨ ᠠᠮᠤᠷ ᠲᠣᠭᠲᠠᠭᠤᠨ ᠪᠠᠶᠢᠳᠠᠯ ᠢ ᠵᠣᠬᠢᠴᠠᠭᠤᠯᠬᠤ ᠠᠵᠢᠯ ᠳᠤ ᠣᠷᠣᠯᠴᠠᠵᠤ᠂ ᠦᠨᠳᠦᠰᠦᠲᠡᠨ ᠨᠦᠭᠦᠳ ᠬᠠᠮᠲᠤ ᠪᠠᠷ ᠪᠦᠯᠬᠦᠮᠳᠡᠨ ᠲᠡᠮᠡᠴᠡᠬᠦ᠂ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠵᠤ᠂ ᠤᠯᠤᠰ ᠣᠷᠣᠨ ᠤ ᠨᠢᠭᠡᠳᠦᠯ ᠢ ᠬᠠᠮᠠᠭᠠᠯᠠᠨ᠎ᠠ᠃      ︵ᠭᠤᠷᠪᠠ︶ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠰᠢᠮᠳᠠᠭᠤᠯᠤᠨ ᠦᠨᠳᠦᠰᠦᠲᠡᠨ ᠤ ᠠᠵᠢᠯ ᠤᠨ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠶᠢ ᠬᠠᠷᠢᠭᠤᠴᠠᠨ ᠵᠣᠬᠢᠴᠠᠭᠤᠯᠵᠤ᠂ ᠠᠵᠤ ᠠᠬᠤᠢ ᠶᠢᠨ ᠬᠥᠭᠵᠢᠯᠲᠡ ᠪᠣᠯᠤᠨ ᠨᠡᠶᠢᠭᠡᠮ ᠤᠨ ᠦᠢᠯᠡᠰ ᠤᠨ ᠬᠤᠯᠪᠣᠭᠳᠠᠯ ᠪᠦᠬᠦᠢ ᠬᠦᠷᠢᠶᠡᠨ ᠳᠤ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ᠂ ᠵᠣᠯᠭᠠᠭᠤᠯᠬᠤ ᠶᠢ ᠠᠬᠢᠭᠤᠯᠤᠨ᠎ᠠ᠃ ᠴᠥᠭᠡᠨ ᠲᠣᠭᠠᠲᠤ ᠦᠨᠳᠦᠰᠦᠲᠡᠨ ᠪᠠ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠷᠢᠰᠢᠭᠰᠠᠨ ᠭᠠᠵᠠᠷ ᠣᠷᠣᠨ ᠤ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠲᠠᠯ᠎ᠠ ᠶᠢᠨ ᠠᠰᠠᠭᠤᠳᠠᠯ ᠢ ᠰᠤᠳᠤᠯᠤᠨ ᠵᠠᠳᠠᠯᠬᠤ ᠶᠢᠨ ᠬᠠᠮᠲᠤ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠴᠠᠭᠤᠯᠬᠤ ᠪᠤᠶᠤ ᠲᠡᠳᠡᠨ ᠲᠠᠢ ᠬᠠᠮᠵᠢᠯᠴᠠᠨ ᠬᠠᠮᠢᠶ᠎ᠠ ᠪᠦᠬᠦᠢ ᠤᠴᠢᠷ ᠶᠠᠪᠤᠳᠠᠯ ᠢ ᠰᠢᠶᠳᠪᠦᠷᠢᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ᠂ ᠠᠵᠢᠯ ᠲᠥᠷᠥᠯ  ᠢᠶᠠᠷ ᠲᠤᠰᠠᠯᠠᠬᠤ ᠪᠠ ᠠᠵᠤ ᠠᠬᠤᠶ ᠮᠡᠷᠭᠡᠵᠢᠯ ᠤᠨ ᠬᠠᠮᠲᠤᠷᠠᠯᠴᠠᠭ᠎ᠠ᠂ ᠦᠨᠳᠦᠰᠦᠲᠡᠨ ᠤ ᠠᠷᠠᠯᠵᠢᠶ᠎ᠠ᠂ ᠦᠨᠳᠦᠰᠦᠲᠡᠨ ᠤ ᠣᠨᠴᠠ ᠬᠡᠷᠡᠭᠴᠡᠭᠡᠲᠦ ᠬᠡᠷᠡᠭᠰᠡᠯ ᠤᠨ ᠦᠶᠯᠡᠳᠪᠦᠷᠢᠯᠡᠯ ᠵᠡᠷᠭᠡ ᠬᠤᠯᠪᠣᠭᠳᠠᠯ ᠪᠦᠬᠦᠢ ᠠᠵᠢᠯ ᠳᠤ ᠣᠷᠣᠯᠴᠠᠵᠤ ᠵᠣᠬᠢᠴᠠᠭᠤᠯᠤᠨ᠎ᠠ᠃ ᠬᠤᠰᠢᠭᠤ ᠰᠢᠶᠠᠨ ᠲᠣᠭᠤᠷᠢᠭ ᠤᠨ ᠦᠨᠳᠦᠰᠦᠲᠡᠨ ᠤ ᠠᠵᠢᠯ ᠪᠠ ᠮᠣᠩᠭᠤᠯ ᠬᠡᠯᠡ ᠪᠢᠴᠢᠭ ᠤᠨ ᠠᠵᠢᠯ ᠳᠤ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠬᠢᠨ᠎ᠡ᠃      ︵ᠳᠥᠷᠪᠡ︶ ᠴᠥᠭᠡᠨ ᠲᠣᠭᠠᠲᠤ ᠦᠨᠳᠦᠰᠦᠲᠡᠨ ᠤ ᠠᠵᠢᠯ ᠦᠶᠯᠡᠰ ᠵᠡᠷᠭᠡ ᠲᠤᠰᠬᠠᠶ ᠵᠦᠶᠯ ᠤᠨ ᠲᠥᠯᠥᠪᠵᠢᠭᠦᠯᠭᠡ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠵᠤ᠂ ᠪᠦᠬᠦ ᠬᠤᠲᠠ ᠶᠢᠨ ᠠᠵᠤ ᠠᠬᠤᠶ ᠨᠡᠶᠢᠭᠡᠮ ᠤᠨ ᠬᠠᠮᠢᠶ᠎ᠠ ᠪᠦᠬᠦᠢ ᠬᠦᠷᠢᠶᠡᠨ ᠤ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠬᠤ ᠳᠤ ᠣᠷᠣᠯᠴᠠᠵᠤ᠂ ᠴᠥᠭᠡᠨ ᠲᠣᠭᠠᠲᠤ ᠦᠨᠳᠦᠰᠦᠲᠡᠨ ᠤ ᠠᠵᠢᠯ ᠦᠢᠯᠡᠰ ᠤᠨ ᠬᠥᠭᠵᠢᠯᠲᠡ ᠶᠢ ᠶᠡᠷᠦᠩᠬᠡᠶᠢᠯᠡᠨ ᠦᠨᠡᠯᠡᠵᠦ ᠬᠢᠨᠠᠨ ᠬᠡᠮᠵᠢᠬᠦ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠦᠨᠳᠦᠰᠦᠲᠡᠨ ᠤ ᠬᠡᠷᠡᠭ ᠡᠷᠬᠢᠯᠡᠬᠦ ᠦᠶᠯᠡᠴᠢᠯᠡᠭᠡᠨ ᠤ ᠰᠢᠰᠲ᠋ᠧᠮᠵᠢ ᠪᠣᠯᠤᠨ ᠦᠨᠳᠦᠰᠦᠲᠡᠨ  ᠤ ᠬᠡᠷᠡᠭ ᠡᠷᠬᠢᠯᠡᠬᠦ ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠬᠡᠷᠡᠭᠵᠢᠭᠦᠯᠬᠦ ᠶᠢ ᠲᠦᠯᠬᠢᠨ ᠠᠬᠢᠭᠤᠯᠤᠨ᠎ᠠ᠃      ︵ᠲᠠᠪᠤ︶ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠦᠨᠳᠦᠰᠦᠲᠡᠨ ᠤ ᠬᠡᠷᠡᠭ ᠡᠷᠬᠢᠯᠡᠬᠦ ᠰᠠᠯᠠᠭ᠎ᠠ ᠮᠥᠴᠢᠷ ᠢ ᠵᠢᠯᠣᠭᠤᠳᠤᠨ ᠬᠠᠤᠯᠢ ᠶᠣᠰᠣᠭᠠᠷ ᠬᠠᠮᠢᠶᠠᠷᠤᠯᠲᠠ ᠶᠢᠨ ᠡᠭᠦᠷᠭᠡ ᠴᠢᠳᠠᠪᠬᠢ ᠪᠠᠨ ᠭᠦᠢᠴᠡᠳᠬᠡᠨ᠂ ᠪᠦᠬᠦ ᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠶᠢ ᠳᠠᠭᠠᠭᠠᠨ ᠡᠷᠬᠢᠯᠡᠵᠦ᠂ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠷᠢᠰᠢᠭᠰᠠᠨ ᠭᠠᠵᠠᠷ ᠣᠷᠣᠨ ᠪᠠ ᠣᠷᠣᠨ ᠪᠦᠰᠡ  ᠲᠠᠢ ᠬᠠᠷᠢᠯᠴᠠᠨ᠎ᠠ᠃ ︵ᠵᠢᠷᠭᠤᠭ᠎ᠠ︶ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠢ ᠰᠤᠷᠤᠯᠴᠠᠬᠤ᠂ ᠬᠡᠷᠡᠭᠯᠡᠬᠦ᠂ ᠰᠤᠳᠤᠯᠬᠤ᠂ ᠬᠥᠭᠵᠢᠭᠦᠯᠬᠦ᠂ ᠠᠪᠤᠷᠠᠬᠤ᠂ ᠬᠠᠮᠠᠭᠠᠯᠠᠬᠤ᠂ ᠤᠯᠠᠮᠵᠢᠯᠠᠬᠤ ᠠᠵᠢᠯ ᠢ ᠬᠠᠮᠢᠶᠠᠷᠤᠨ᠎ᠠ᠃ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠦᠨᠳᠦᠰᠦᠲᠡᠨ ᠤ ᠰᠤᠷᠭᠠᠨ ᠬᠥᠮᠦᠵᠢᠯ᠂ ᠣᠷᠴᠢᠭᠤᠯᠭ᠎ᠠ᠂ ᠬᠡᠪᠯᠡᠯ᠂ ᠰᠣᠨᠢᠨ ᠰᠡᠳᠬᠦᠯ᠂ ᠷᠠᠳᠢᠣ᠋ ᠺᠢᠨᠣ᠋ ᠲᠧᠯᠸᠢᠰ ᠪᠣᠯᠤᠨ ᠦᠨᠳᠦᠰᠦᠲᠡᠨ ᠤ ᠰᠤᠷᠪᠤᠯᠵᠢ ᠪᠢᠴᠢᠭ ᠢ ᠴᠤᠭᠯᠠᠭᠤᠯᠬᠤ ᠂ ᠡᠮᠬᠢᠳᠬᠡᠬᠦ᠂ ᠬᠡᠪᠯᠡᠭᠦᠯᠬᠦ ᠠᠵᠢᠯ ᠢ ᠵᠢᠯᠣᠭᠤᠳᠤᠨ᠎ᠠ᠃      ︵ᠳᠣᠯᠤᠭ᠎ᠠ︶ ᠦᠨᠳᠦᠰᠦᠲᠡᠨ ᠤ ᠠᠵᠢᠯ ᠤᠨ ᠬᠦᠷᠢᠶᠡᠨ ᠳᠠᠬᠢ ᠭᠠᠳᠠᠭᠠᠳᠤ ᠯᠤᠭ᠎ᠠ ᠵᠢᠴᠢ ᠰᠢᠶᠠᠩᠭᠠᠩ ᠣᠣᠮᠧᠨ ᠲᠠᠶᠢᠸᠠᠨ ᠯᠤᠭ᠎ᠠ ᠶᠢᠨ ᠰᠣᠯᠢᠯᠴᠠᠭ᠎ᠠ ᠬᠢᠬᠦ ᠪᠠ ᠬᠠᠮᠲᠤᠷᠠᠯᠴᠠᠭ᠎ᠠ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ ᠦᠨᠳᠦᠰᠦᠲᠡᠨ ᠤ ᠬᠡᠷᠡᠭ ᠶᠠᠪᠤᠳᠠᠯ ᠳᠤ ᠬᠤᠯᠪᠣᠭᠳᠠᠭᠰᠠᠨ ᠭᠠᠳᠠᠭᠠᠳᠤ ᠤᠬᠠᠭᠤᠯᠭ᠎ᠠ  ᠶᠢᠨ ᠠᠵᠢᠯ ᠳᠤ ᠣᠷᠣᠯᠴᠠᠨ᠎ᠠ᠃      ︵ᠨᠠᠶᠮᠠ︶ ᠴᠥᠭᠡᠨ ᠲᠣᠭᠠᠲᠤ ᠦᠨᠳᠦᠰᠦᠲᠡᠨ ᠤ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠤᠭᠤᠷᠪᠢᠬᠤ ᠳᠤ ᠣᠷᠣᠯᠴᠠᠵᠤ᠂ ᠴᠥᠭᠡᠨ ᠲᠣᠭᠠᠲᠤ ᠦᠨᠳᠦᠰᠦᠲᠡᠨ ᠤ ᠺᠠᠳ᠋ᠷᠴᠤᠳ ᠲᠠᠢ ᠬᠠᠷᠢᠯᠴᠠᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠴᠥᠭᠡᠨ ᠲᠣᠭᠠᠲᠤ ᠦᠨᠳᠦᠰᠦᠲᠡᠨ ᠤ ᠺᠠᠳ᠋ᠷ ᠢ ᠬᠥᠮᠦᠵᠢᠭᠦᠯᠬᠦ᠂  ᠰᠤᠷᠭᠠᠨ ᠬᠥᠮᠦᠵᠢᠭᠦᠯᠬᠦ ᠪᠠ ᠬᠡᠷᠡᠭᠯᠡᠬᠦ ᠠᠵᠢᠯ ᠢ ᠰᠠᠶᠢᠲᠤᠷ ᠬᠢᠨ᠎ᠡ᠃      ︵ᠶᠢᠰᠦ︶ ᠲᠤᠰ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠶᠣᠰᠣᠭᠠᠷ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ  ᠶᠢ ᠭᠦᠶᠴᠡᠳᠬᠡᠨ᠎ᠡ᠃ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠠᠬᠢ ᠠᠶᠤᠯ ᠦᠭᠡᠢ ᠦᠶᠯᠡᠳᠪᠦᠷᠢᠯᠡᠯ᠂ ᠡᠷᠬᠢᠯᠡᠭᠰᠡᠨ ᠠᠵᠢᠯ ᠤᠨ ᠡᠷᠡᠭᠦᠯ ᠮᠡᠨᠳᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ᠃      ︵ᠠᠷᠪᠠ︶ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ