ᠬᠦᠬᠡᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ | ᠶᠢᠨ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ | ᠬᠠᠷᠢᠭᠤᠴᠠᠯᠭ᠎ᠠ ᠪᠠᠨ ᠭᠦᠶᠴᠡᠳᠬᠡᠬᠦ ᠶᠠᠪᠤᠴᠠ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠳᠠᠬᠢ ᠨᠠᠮ ᠤᠨ ᠲᠥᠪᠯᠡᠷᠡᠩᠭᠦᠶ | ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ ᠨᠢ᠄ | ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠪᠠᠷ ᠬᠥᠭᠵᠢᠯᠲᠡ ᠶᠢᠨ | ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠵᠢᠴᠢ ᠡᠯ᠎ᠡ ᠵᠦᠶᠯ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠲᠥᠯᠥᠪᠵᠢᠭᠦᠯᠭᠡ ᠶᠢ | ᠲᠦᠷᠦᠭᠦᠯᠡᠨ ᠲᠤᠭᠤᠷᠪᠢᠵᠤ᠂ ᠬᠤᠯᠪᠣᠭᠳᠠᠯ ᠪᠦᠬᠦᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠤᠭᠤᠷᠪᠢᠨ ᠪᠢᠴᠢᠬᠦ ᠶᠢᠨ ᠬᠠᠮᠲᠤ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ | ︵ᠬᠤᠶᠠᠷ︶ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢᠨ ᠲᠥᠯᠥᠪᠵᠢᠭᠦᠯᠭᠡ ᠪᠠ | ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ | ᠤᠨ ᠴᠢᠳᠠᠪᠤᠷᠢᠲᠠᠨ ᠢ ᠦᠨᠡᠯᠡᠬᠦ ᠪᠠ ᠤᠷᠮᠠᠰᠢᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠴᠦ ᠠᠳᠠᠯ ᠦᠶᠯᠡᠰ ᠴᠣᠭᠴᠠᠯᠠᠬᠤ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ | ︵ᠭᠤᠷᠪᠠ︶ ᠪᠦᠬᠦ ᠬᠤᠲᠠ ᠶᠢᠨ ᠰᠢᠨ᠎ᠡ ᠶᠢ ᠡᠭᠦᠳᠬᠦ ᠰᠢᠰᠲ᠋ᠧᠮᠵᠢ ᠶᠢᠨ ᠪᠠᠶᠢᠭᠤᠯᠤᠯᠲᠠ ᠪᠠ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠯᠡᠨ | ᠠᠬᠢᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠵᠣᠷᠢᠭᠵᠢᠭᠤᠯᠬᠤ ᠲᠣᠭᠲᠠᠴᠠ ᠶᠢ | ᠪᠦᠷᠢᠨᠰᠢᠭᠦᠯᠦᠨ᠎ᠡ᠃ ᠰᠢᠨᠵᠢᠯᠡᠬᠦ ᠤᠬᠠᠭᠠᠨ ᠤ ᠰᠤᠳᠤᠯᠭᠠᠨ ᠤ ᠨᠥᠬᠦᠴᠡᠯ ᠤᠨ ᠰᠠᠭᠤᠷᠢ ᠶᠢ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ | ᠪᠠᠶᠢᠭᠤᠯᠤᠮᠵᠢ ᠪᠠ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢᠨ ᠪᠠᠶᠢᠭᠤᠯᠤᠯᠲᠠ ᠶᠢ ᠲᠦᠯᠬᠢᠨ | ᠠᠬᠢᠭᠤᠯᠤᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠡᠷᠢᠭ ᠤᠨ ᠬᠡᠷᠡᠭᠯᠡᠭᠡ ᠪᠠ ᠠᠷᠠᠳ ᠤᠨ ᠬᠡᠷᠡᠭᠯᠡᠭᠡ ᠶᠢ ᠠᠭᠤᠰᠤᠯᠳᠤᠭᠤᠯᠤᠨ ᠬᠥᠭᠵᠢᠭᠦᠯᠬᠦ ᠶᠢ | ᠲᠦᠯᠬᠢᠨ ᠠᠬᠢᠭᠤᠯᠬᠤ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ | ︵ᠳᠥᠷᠪᠡ︶ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠨ | ᠬᠡᠷᠡᠭᠵᠢᠭᠦᠯᠵᠦ᠂ ᠵᠠᠩᠭᠢᠯᠠᠭ᠎ᠠ ᠶᠢᠨ ᠨᠡᠶᠢᠲᠡᠯᠢᠭ ᠴᠢᠨᠠᠷ ᠲᠠᠢ ᠮᠡᠷᠭᠡᠵᠢᠯ ᠢ ᠰᠤᠳᠤᠯᠤᠨ ᠨᠡᠭᠡᠭᠡᠬᠦ ᠪᠠ ᠰᠢᠨ᠎ᠡ ᠶᠢ ᠡᠭᠦᠳᠬᠦ ᠶᠢ ᠨᠢᠭᠡᠳᠦᠯᠲᠡᠶ ᠲᠥᠯᠥᠪᠯᠡᠨ᠂ | ᠴᠢᠬᠤᠯᠠ ᠶᠡᠭᠡ ᠮᠡᠷᠭᠡᠵᠢᠯ ᠤᠨ ᠰᠢᠪᠲᠤᠯᠤᠯᠲᠠ ᠪᠠ ᠦᠷ᠎ᠡ ᠪᠦᠲᠦᠭᠡᠯ ᠤᠨ ᠬᠡᠷᠡᠭᠯᠡᠭᠡᠨ ᠤ ᠵᠢᠱᠢᠶ᠎ᠡ ᠦᠵᠡᠭᠦᠯᠬᠦ ᠠᠵᠢᠯ ᠢ ᠲᠦᠷᠦᠭᠦᠯᠡᠨ ᠵᠣᠬᠢᠶᠠᠨ ᠪᠠᠶᠢᠭᠤᠯᠤᠨ᠎ᠠ | ᠃ | ︵ᠲᠠᠪᠤ︶ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠶᠯ ᠤᠨ ᠪᠡᠯᠡ ᠮᠥᠩᠭᠦ ᠶᠢ ᠵᠣᠬᠢᠴᠠᠭᠤᠯᠬᠤ᠂ ᠦᠨᠡᠯᠡᠨ ᠵᠢᠱᠢᠬᠦ᠂ ᠬᠢᠨᠠᠨ ᠬᠠᠮᠢᠶᠠᠷᠬᠤ | ᠲᠣᠭᠲᠠᠴᠠ ᠶᠢ ᠲᠦᠷᠦᠭᠦᠯᠡᠨ ᠪᠠᠶᠢᠭᠤᠯᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠬᠢ | ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠴᠤ᠂ ᠣᠯᠠᠨ ᠡᠰᠢᠵᠢᠭᠰᠡᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠣᠷᠣᠭᠤᠯᠤᠯᠲᠠ ᠶᠢᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠤᠲᠠ ᠶᠢᠨ ᠡᠳ᠋ ᠤᠨ ᠵᠠᠰᠠᠭ ᠤᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠲᠥᠯᠥᠪᠯᠡᠭᠡ ︵ᠲᠤᠰᠬᠠᠶ ᠵᠦᠶᠯ᠂ ᠰᠠᠭᠤᠷᠢ ᠮᠥᠩᠭᠦ ᠵᠡᠷᠭᠡ︶ ᠶᠢ ᠵᠣᠬᠢᠴᠠᠭᠤᠯᠤᠨ ᠬᠠᠮᠢᠶᠠᠷᠬᠤ ᠶᠢᠨ ᠬᠠᠮᠲᠤ ᠬᠢᠨᠠᠯᠲᠠ | ᠲᠠᠯᠪᠢᠨ ᠬᠡᠷᠡᠭᠵᠢᠭᠦᠯᠦᠨ᠎ᠡ᠃ | ︵ᠵᠢᠷᠭᠤᠭ᠎ᠠ︶ ᠬᠤᠲᠠ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠶᠢᠨ ᠪᠠᠶᠢᠭᠤᠯᠤᠯᠲᠠ ᠶᠢ ᠲᠦᠷᠦᠭᠦᠯᠡᠨ ᠵᠣᠬᠢᠶᠠᠨ ᠪᠠᠶᠢᠭᠤᠯᠵᠤ᠂ ᠰᠢᠨᠵᠢᠯᠡᠬᠦ | ᠤᠬᠠᠭᠠᠨ ᠤ ᠰᠤᠳᠤᠯᠤᠯ ᠤᠨ ᠨᠥᠬᠦᠴᠡᠯ ᠤᠨ ᠪᠠᠲᠤᠯᠠᠭ᠎ᠠ ᠶᠢᠨ ᠪᠠᠶᠢᠭᠤᠯᠤᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠬᠢ ᠪᠠᠶᠠᠯᠢᠭ ᠢ ᠨᠡᠭᠡᠭᠡᠯᠲᠡ | ᠲᠠᠢ ᠪᠠᠶᠢᠯᠭᠠᠵᠤ ᠬᠠᠮᠲᠤ ᠪᠠᠷ ᠡᠳ᠋ᠯᠡᠬᠦ ᠶᠢ ᠲᠦᠯᠬᠢᠨ ᠠᠬᠢᠭᠤᠯᠤᠨ᠎ᠠ᠃ ᠬᠠᠮᠢᠶ᠎ᠠ ᠪᠦᠬᠦᠢ ᠬᠦᠷᠢᠶ᠎ᠡ ᠴᠠᠷᠠᠭᠠᠨ ᠤ ᠰᠠᠭᠤᠷᠢ ᠰᠤᠳᠤᠯᠤᠯ ᠤᠨ ᠬᠡᠷᠡᠭᠴᠡᠭᠡ | ᠱᠠᠭᠠᠷᠳᠠᠯᠭ᠎ᠠ ᠶᠢ ᠵᠠᠳᠠᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠥᠷᠨᠢᠭᠦᠯᠦᠨ᠎ᠡ᠃ ᠬᠤᠲᠠ ᠶᠢᠨ ᠪᠠᠶᠢᠭᠠᠯᠢ ᠶᠢᠨ ᠰᠢᠨᠵᠢᠯᠡᠬᠦ ᠤᠬᠠᠭᠠᠨ ᠤ | ᠰᠠᠭᠤᠷᠢ ᠮᠥᠩᠭᠦ ᠶᠢ ᠬᠠᠷᠢᠭᠤᠴᠠᠨ ᠬᠠᠮᠢᠶᠠᠷᠤᠨ᠎ᠠ᠃ | ︵ᠳᠣᠯᠤᠭ᠎ᠠ︶ ᠳᠡᠭᠡᠳᠦ ᠰᠢᠨ᠎ᠡ ᠮᠡᠷᠭᠡᠵᠢᠯ ᠤᠨ ᠬᠥᠭᠵᠢᠯᠲᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠲᠠᠷᠢᠶᠠᠯᠠᠩ ᠮᠠᠯ ᠠᠵᠤ ᠠᠬᠤᠶ ᠪᠣᠯᠤᠨ | ᠨᠡᠶᠢᠭᠡᠮ ᠤᠨ ᠬᠥᠭᠵᠢᠯᠲᠡ ᠶᠢ ᠠᠬᠢᠭᠤᠯᠬᠤ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠪᠣᠯᠤᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠤᠭᠤᠷᠪᠢᠨ | ᠲᠣᠭᠲᠠᠭᠠᠨ᠎ᠠ᠃ ᠬᠤᠲᠠ ᠶᠢᠨ ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠳᠠᠬᠢ ᠮᠡᠷᠭᠡᠵᠢᠯ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢᠨ ᠵᠠᠳᠠᠯᠤᠯᠲᠠ ᠶᠢ | ᠵᠣᠬᠢᠶᠠᠨ ᠪᠠᠶᠢᠭᠤᠯᠤᠨ ᠥᠷᠨᠢᠭᠦᠯᠵᠦ᠂ ᠴᠢᠬᠤᠯᠠ ᠶᠡᠭᠡ ᠡᠭᠦᠷᠭᠡ ᠶᠢ ᠳᠤᠷᠠᠳᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ | ︵ᠨᠠᠶᠮᠠ︶ ᠬᠤᠲᠠ ᠶᠢᠨ ᠮᠡᠷᠭᠡᠵᠢᠯ ᠰᠢᠯᠵᠢᠭᠦᠯᠬᠦ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠦᠭᠦᠯᠡᠨ ᠬᠢᠵᠦ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠦᠷ᠎ᠡ ᠪᠦᠲᠦᠭᠡᠯ ᠢ ᠬᠠᠮᠢᠶᠠᠷᠬᠤ᠂ ᠰᠢᠯᠵᠢᠭᠦᠯᠦᠨ ᠬᠤᠪᠢᠷᠠᠭᠤᠯᠬᠤ ᠪᠠ ᠦᠶᠯᠡᠳᠪᠦᠷᠢᠯᠡᠬᠦ ᠵᠢᠭᠠᠬᠤ ᠰᠤᠳᠤᠯᠬᠤ ᠶᠢ ᠤᠶᠠᠯᠳᠤᠭᠤᠯᠬᠤ ᠶᠢ | ᠠᠬᠢᠭᠤᠯᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ | ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠶᠯᠡᠴᠢᠯᠡᠭᠡᠨ ᠤ ᠦᠶᠯᠡᠰ᠂ ᠮᠡᠷᠭᠡᠵᠢᠯ ᠤᠨ ᠵᠠᠬ᠎ᠠ ᠳᠡᠯᠭᠡᠭᠦᠷ ᠪᠣᠯᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠵᠠᠭᠤᠴᠢ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢ ᠵᠢᠯᠣᠭᠤᠳᠤᠨ᠎ᠠ᠃ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠢᠴᠢ ᠰᠢᠨᠵᠢᠯᠡᠬᠦ | ᠤᠬᠠᠭᠠᠨᠴᠢ ᠪᠠᠷ ᠤᠯᠠᠮᠵᠢᠯᠠᠨ ᠳᠡᠯᠭᠡᠷᠡᠭᠦᠯᠬᠦ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢ ᠲᠣᠭᠲᠠᠭᠠᠨ᠎ᠠ᠃ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ | ᠤᠬᠠᠭᠤᠯᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠱᠠᠩᠨᠠᠨ | ᠬᠥᠬᠢᠭᠦᠯᠵᠦ ᠲᠠᠨᠢᠯᠴᠠᠭᠤᠯᠬᠤ᠂ ᠭᠤᠶᠤᠴᠢᠯᠠᠨ ᠮᠡᠳᠡᠭᠦᠯᠬᠦ ᠠᠵᠢᠯ ᠢ ᠬᠠᠷᠢᠭᠤᠴᠠᠨ᠎ᠠ᠃ | ︵ᠶᠢᠰᠦ︶ ᠬᠤᠲᠠ ᠶᠢᠨ ᠰᠢᠨ᠎ᠡ ᠶᠢ ᠡᠭᠦᠳᠦᠨ ᠬᠥᠭᠵᠢᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠬᠢ ᠪᠠᠶᠠᠯᠢᠭ ᠢ ᠵᠦᠢ ᠵᠣᠬᠢᠰᠲᠠᠢ | ᠪᠠᠶᠢᠷᠢᠯᠠᠭᠤᠯᠬᠤ ᠪᠠ ᠬᠠᠮᠵᠢᠯᠴᠠᠨ ᠰᠢᠨ᠎ᠡ ᠶᠢ ᠡᠭᠦᠳᠬᠦ ᠴᠢᠳᠠᠪᠤᠷᠢ ᠶᠢᠨ ᠪᠠᠶᠢᠭᠤᠯᠤᠯᠲᠠ ᠶᠢ ᠵᠢᠯᠣᠭᠤᠳᠴᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠲᠠᠪᠴᠠᠩ᠂ ᠠᠴᠢᠶᠠᠯᠠᠪᠤᠷᠢ ᠵᠢᠴᠢ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ | ︵ᠠᠷᠪᠠ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠨᠠᠯᠲᠠ ᠲᠠᠯᠪᠢᠵᠤ ᠦᠨᠡᠯᠡᠬᠦ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠪᠠ ᠬᠠᠮᠢᠶ᠎ᠠ | ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠨᠡᠯᠡᠨ ᠵᠢᠱᠢᠬᠦ ᠬᠠᠮᠢᠶᠠᠷᠤᠯᠲᠠ ᠶᠢ ᠬᠠᠷᠢᠭᠤᠴᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠦᠨᠡᠯᠡᠬᠦ ᠲᠣᠭᠲᠠᠴᠠ ᠶᠢᠨ ᠥᠭᠡᠷᠡᠴᠢᠯᠡᠯᠲᠡ ᠶᠢ ᠵᠢᠯᠣᠭᠤᠳᠤᠨ᠂ ᠰᠢᠨᠵᠢᠯᠡᠬᠦ ᠤᠬᠠᠭᠠᠨ ᠤ ᠰᠤᠳᠤᠯᠤᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ | ᠨᠢᠭᠡᠳᠦᠯᠲᠡᠶ ᠲᠥᠯᠥᠪᠯᠡᠨ᠎ᠡ᠃ ᠬᠤᠲᠠ ᠶᠢᠨ ᠰᠢᠨ᠎ᠡ ᠶᠢ ᠡᠭᠦᠳᠬᠦ ᠪᠠᠶᠢᠴᠠᠭᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠡᠳᠡᠭᠦᠯᠦᠯᠲᠡ ᠶᠢᠨ | ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠠᠷᠪᠠᠨ ᠨᠢᠭᠡ︶ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠭᠠᠳᠠᠭᠠᠳᠤ ᠬᠠᠷᠢᠯᠴᠠᠭ᠎ᠠ ᠬᠢᠭᠡᠳ ᠰᠢᠨ᠎ᠡ ᠶᠢ ᠡᠭᠦᠳᠬᠦ ᠴᠢᠳᠠᠪᠤᠷᠢ ᠶᠢᠨ | ᠨᠡᠭᠡᠭᠡᠯᠲᠡ ᠬᠢᠵᠦ ᠬᠤᠷᠰᠢᠯᠴᠠᠬᠤ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠪᠣᠯᠤᠨ ᠠᠷᠭ᠎ᠠ ᠬᠡᠮᠵᠢᠶ᠎ᠡ ᠶᠢ ᠬᠠᠷᠢᠭᠤᠴᠠᠨ ᠲᠤᠭᠤᠷᠪᠢᠵᠤ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭ᠎ᠠ ᠬᠢᠭᠡᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠰᠣᠯᠢᠯᠴᠠᠭ᠎ᠠ ᠶᠢᠨ ᠠᠵᠢᠯ ᠢ | ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠬᠤᠰᠢᠭᠤ ᠰᠢᠶᠠᠨ ᠲᠣᠭᠤᠷᠢᠭ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠠᠳᠠᠭᠠᠳᠤ ᠯᠤᠭ᠎ᠠ ᠶᠢᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭ᠎ᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠰᠣᠯᠢᠯᠴᠠᠭᠠᠨ ᠤ ᠠᠵᠢᠯ ᠥᠷᠨᠢᠭᠦᠯᠬᠦ | ᠶᠢ ᠵᠢᠯᠣᠭᠤᠳᠤᠨ᠎ᠠ᠃ | ︵ᠠᠷᠪᠠᠨ ᠬᠤᠶᠠᠷ︶ ᠤᠯᠤᠰ ᠪᠠ ᠥᠪᠡᠷᠲᠡᠭᠡᠨ ᠵᠠᠰᠠᠬᠤ ᠣᠷᠣᠨ ᠤ ᠤᠯᠤᠰ ︵ᠬᠢᠯᠢ︶ ᠤᠨ ᠭᠠᠳᠠᠨᠠᠬᠢ ᠴᠢᠳᠠᠪᠤᠷᠢᠲᠠᠨ ᠪᠠ ᠣᠶᠤᠨ ᠴᠢᠳᠠᠪᠤᠷᠢ ᠶᠢ | ᠣᠷᠣᠭᠤᠯᠤᠨ ᠠᠪᠴᠢᠷᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠬᠤᠲᠠ ᠶᠢᠨ ᠤᠯᠤᠰ ︵ᠬᠢᠯᠢ︶ ᠤᠨ ᠭᠠᠳᠠᠨᠠᠬᠢ ᠴᠢᠳᠠᠪᠤᠷᠢᠲᠠᠨ ᠪᠠ ᠣᠶᠤᠨ | ᠴᠢᠳᠠᠪᠤᠷᠢ ᠶᠢ ᠣᠷᠣᠭᠤᠯᠤᠨ ᠠᠪᠴᠢᠷᠠᠬᠤ ᠠᠵᠢᠯ ᠢ ᠬᠠᠷᠢᠭᠤᠴᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠶᠢᠨ ᠲᠤᠰᠬᠠᠶ ᠮᠡᠷᠭᠡᠵᠢᠯᠲᠡᠨ ᠤ | ᠶᠡᠷᠦᠩᠬᠡᠶ ᠲᠥᠯᠥᠪᠵᠢᠭᠦᠯᠭᠡ᠂ ᠲᠥᠯᠥᠪᠯᠡᠭᠡ ᠶᠢ ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠭᠠᠳᠠᠭᠠᠳᠤ ᠶᠢᠨ ᠲᠤᠰᠬᠠᠶ | ᠮᠡᠷᠭᠡᠵᠢᠯᠲᠡᠨ᠂ ᠪᠦᠯᠬᠦᠮ ᠨᠡᠶᠢᠲᠡ ᠶᠢᠨ ᠲᠠᠲᠠᠵᠤ ᠴᠤᠭᠯᠠᠷᠠᠭᠤᠯᠬᠤ ᠲᠣᠭᠲᠠᠴᠠ ᠪᠠ ᠭᠠᠳᠠᠭᠠᠳᠤ ᠶᠢᠨ ᠭᠤᠤᠯᠳᠠᠯᠭ᠎ᠠ ᠲᠠᠢ ᠲᠤᠰᠬᠠᠶ ᠮᠡᠷᠭᠡᠵᠢᠯᠲᠡᠨ ᠲᠠᠢ | ᠬᠠᠷᠢᠯᠴᠠᠵᠤ ᠦᠶᠯᠡᠴᠢᠯᠡᠬᠦ ᠲᠣᠭᠲᠠᠴᠠ ᠪᠠᠶᠢᠭᠤᠯᠬᠤ ᠶᠢ ᠲᠦᠯᠬᠢᠨ ᠠᠬᠢᠭᠤᠯᠤᠨ᠎ᠠ᠃ | ︵ᠠᠷᠪᠠᠨ ᠭᠤᠷᠪᠠ︶ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ | |