ᠭᠤᠣᠯ ᠡᠭᠦᠷᠭᠡ ᠬᠠᠷᠢᠭᠤᠴᠠᠯᠭ᠎ᠠ᠄ | ︵1︶᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠠᠵᠢᠯ ᠤᠨ ᠴᠢᠭᠯᠡᠯᠲᠡ ᠶᠢᠨ ᠪᠠᠶᠢᠷᠢᠯᠠᠭᠤᠯᠤᠯᠲᠠ ᠪᠠ ᠬᠠᠤᠯᠢ | ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠪᠦᠬᠦ ᠬᠤᠲᠠ ᠶᠢᠨ ᠰᠤᠷᠭᠠᠨ ᠬᠥᠮᠦᠵᠢᠯ ᠤᠨ ᠬᠥᠭᠵᠢᠯᠲᠡ ᠶᠢᠨ ᠲᠦᠷᠦ ᠶᠢᠨ ᠪᠤᠳᠤᠯᠭ᠎ᠠ᠂ ᠠᠷᠭ᠎ᠠ | ᠬᠡᠮᠵᠢᠶ᠎ᠡ ᠶᠢ ᠰᠤᠳᠤᠯᠤᠨ ᠳᠣᠭᠲᠠᠭᠠᠬᠤ ᠶᠢᠨ ᠬᠠᠮᠲᠤ ᠵᠣᠬᠢᠴᠠᠭᠤᠯᠬᠤ᠂ ᠬᠢᠨᠠᠯᠲᠠ ᠲᠠᠯᠪᠢᠨ ᠬᠡᠷᠡᠭᠵᠢᠭᠦᠯᠬᠦ ᠪᠠ ᠪᠠᠶᠢᠴᠠᠭᠠᠨ ᠰᠢᠯᠭᠠᠬᠤ ᠶᠢ ᠬᠠᠷᠢᠭᠤᠴᠠᠨ᠎ᠠ ᠃ | ︵2︶᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠤᠷᠭᠠᠨ ᠬᠥᠮᠦᠵᠢᠯ ᠤᠨ ᠵᠠᠷᠤᠳᠠᠯ ᠤᠨ ᠲᠥᠯᠥᠪᠯᠡᠭᠡ᠂ ᠴᠤᠭᠯᠠᠭᠤᠯᠬᠤ᠂ ᠵᠣᠭᠤᠰ | ᠥᠭᠬᠦ᠂ ᠬᠡᠷᠡᠭᠯᠡᠬᠦ ᠪᠠ ᠬᠢᠨᠠᠨ ᠬᠠᠮᠢᠶᠠᠷᠬᠤ ᠠᠵᠢᠯ ᠢ ᠰᠠᠶᠢᠲᠤᠷ ᠬᠢᠨ᠎ᠡ᠃ | ︵3︶᠂ ᠪᠦᠬᠦ ᠬᠤᠲᠠ ᠶᠢᠨ ᠬᠡᠦᠬᠡᠳ ᠤᠨ ᠰᠤᠷᠭᠠᠨ ᠬᠥᠮᠦᠵᠢᠯ᠂ ᠣᠨᠴᠠᠭᠠᠶ ᠰᠤᠷᠭᠠᠨ ᠬᠥᠮᠦᠵᠢᠯ᠂ ᠰᠠᠭᠤᠷᠢ ᠬᠥᠮᠦᠵᠢᠯ᠂ ᠠᠵᠢᠯ ᠮᠡᠷᠭᠡᠵᠢᠯ ᠤᠨ | ᠰᠤᠷᠭᠠᠨ ᠬᠥᠮᠦᠵᠢᠯ᠂ ᠨᠠᠰᠤᠨ ᠳᠤ ᠬᠦᠷᠦᠭᠰᠡᠳ ᠤᠨ ᠰᠤᠷᠭᠠᠨ ᠬᠥᠮᠦᠵᠢᠯ᠂ ᠡᠩ ᠤᠨ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠠᠵᠢᠯ ᠢ ᠶᠡᠷᠦᠩᠬᠡᠶᠢᠯᠡᠨ ᠬᠠᠮᠢᠶᠠᠷᠴᠤ᠂ ᠡᠯ᠎ᠡ ᠰᠠᠯᠠᠭ᠎ᠠ ᠮᠥᠴᠢᠷ ᠠᠴᠠ ᠰᠤᠷᠭᠠᠭᠤᠯᠢ ᠡᠷᠬᠢᠯᠡᠬᠦ ᠪᠠ ᠨᠡᠶᠢᠭᠡᠮ ᠤᠨ ᠬᠦᠴᠦᠨ ᠢᠶᠠᠷ ᠰᠤᠷᠭᠠᠭᠤᠯᠢ ᠡᠷᠬᠢᠯᠡᠬᠦ ᠶᠢ | ᠵᠢᠯᠣᠭᠤᠳᠴᠤ ᠂ ᠵᠣᠬᠢᠴᠠᠭᠤᠯᠵᠤ ᠬᠠᠮᠢᠶᠠᠷᠤᠨ᠎ᠠ᠃ | ︵4︶᠂ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠂ ᠵᠠᠯᠠᠭᠤ ᠢᠳᠠᠷ ᠰᠣᠶᠣᠯ ᠤᠨ ᠪᠠᠯᠠᠢ ᠢ ᠠᠷᠢᠯᠭᠠᠬᠤ ᠪᠠ ᠳᠤᠮᠳᠠᠳᠤ ᠪᠠᠭ᠎ᠠ | ᠰᠤᠷᠭᠠᠭᠤᠯᠢ ᠶᠢᠨ ᠬᠡᠪ ᠴᠢᠨᠠᠷ ᠤᠨ ᠰᠤᠷᠭᠠᠨ ᠬᠥᠮᠦᠵᠢᠯ ᠢ ᠬᠡᠷᠡᠭᠵᠢᠭᠦᠯᠬᠦ ᠠᠵᠢᠯ ᠢ ᠬᠢᠨᠠᠨ ᠵᠢᠯᠣᠭᠤᠳᠬᠤ ᠪᠠ ᠦᠨᠡᠯᠡᠯᠲᠡ ᠬᠢᠬᠦ ᠶᠢ ᠬᠠᠷᠢᠭᠤᠴᠠᠨ᠎ᠠ ᠃ | ︵5︶᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ᠂ ᠪᠥᠬᠦ ᠬᠤᠲᠠ ᠶᠢᠨ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠶᠢᠨ | ᠣᠷᠣᠨ ᠲᠤᠭ᠎ᠠ ᠶᠢᠨ ᠪᠠᠷᠢᠮᠵᠢᠶ᠎ᠠ ᠶᠢ ᠰᠤᠳᠤᠯᠤᠨ ᠳᠤᠷᠠᠳᠴᠤ᠂ ᠪᠦᠬᠦ ᠬᠤᠲᠠ ᠶᠢᠨ ᠪᠠᠭᠰᠢ ᠶᠢᠨ ᠬᠦᠴᠦᠨ ᠢ ᠬᠥᠮᠦᠵᠢᠭᠦᠯᠬᠦ ᠪᠠ ᠪᠠᠭᠰᠢ ᠶᠢᠨ ᠡᠩᠨᠡᠭᠡᠨ ᠤ | ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ︵6︶᠂ ᠡᠯ᠎ᠡ ᠲᠥᠷᠥᠯ ᠤᠨ ᠰᠤᠷᠭᠠᠭᠤᠯᠢ ᠶᠢᠨ ᠬᠡᠪ ᠰᠤᠷᠲᠠᠯ ᠤᠨ ᠰᠤᠷᠭᠠᠨ ᠬᠥᠮᠦᠵᠢᠯ᠂ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠤᠷᠠᠯᠢᠭ ᠬᠥᠮᠦᠵᠢᠯ | ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠠᠵᠢᠯ ᠢ ᠨᠢᠭᠡᠳᠦᠯᠲᠡᠶ ᠲᠥᠯᠥᠪᠯᠡᠵᠦ ᠵᠢᠯᠣᠭᠤᠳᠤᠨ᠎ᠠ᠃ | ︵7︶᠂ ᠪᠥᠬᠦ ᠬᠤᠲᠠ ᠶᠢᠨ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠠᠵᠢᠯ ᠢ ᠬᠠᠷᠢᠭᠤᠴᠠᠵᠤ᠂ ᠰᠤᠷᠭᠠᠭᠤᠯᠢ ᠶᠢᠨ | ᠬᠠᠷᠢᠶᠠᠨ ᠤ ᠬᠠᠮᠢᠶᠠᠷᠤᠯᠲᠠ ᠶᠢ ᠵᠢᠯᠣᠭᠤᠳᠤᠨ᠎ᠠ᠃ | ︵8︶᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠴᠢᠭᠯᠡᠯᠲᠡ ᠶᠢ ᠦᠨᠳᠦᠰᠦᠯᠡᠨ᠂ ᠬᠠᠮᠢᠶ᠎ᠠ | ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠡᠯ᠎ᠡ ᠲᠦᠷᠦᠯ ᠤᠨ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠶᠢ ᠵᠢᠯᠣᠭᠤᠳᠤᠨ᠎ᠠ᠃ | ︵9︶᠂ ᠪᠦᠬᠦ ᠬᠤᠲᠠ ᠶᠢᠨ ᠰᠤᠷᠭᠠᠨ ᠬᠥᠮᠦᠵᠢᠯ ᠤᠨ ᠦᠨᠳᠦᠰᠦᠨ ᠮᠡᠳᠡᠭᠡ ᠵᠠᠩᠭᠢ ᠶᠢᠨ ᠲᠤᠭ᠎ᠠ ᠪᠦᠷᠢᠳᠬᠡᠯ᠂ ᠵᠠᠳᠠᠯᠤᠯᠲᠠ ᠵᠢᠴᠢ ᠮᠡᠳᠡᠭᠡ | ᠵᠠᠩᠭᠢ ᠶᠢᠨ ᠰᠢᠰᠲ᠋ᠧᠮ ᠢ ᠨᠡᠭᠡᠭᠡᠨ ᠠᠰᠢᠭᠯᠠᠬᠤ ᠪᠦᠲᠦᠭᠡᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ | ︵10︶᠂ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠡ ᠶᠢ ᠬᠠᠮᠢᠶᠠᠷᠴᠤ᠂ ᠰᠤᠷᠭᠠᠨ ᠬᠥᠮᠦᠵᠢᠯ ᠡᠷᠳᠡᠮ ᠰᠢᠨᠵᠢᠯᠡᠭᠡᠨ ᠤ ᠨᠡᠶᠢᠭᠡᠮᠯᠢᠭ᠂ | ᠨᠡᠶᠢᠭᠡᠮᠯᠢᠭ᠂ ᠰᠠᠭᠤᠷᠢ ᠮᠥᠩᠭᠦᠨ ᠤ ᠨᠡᠶᠢᠭᠡᠮᠯᠢᠭ ᠵᠡᠷᠭᠡ ᠵᠣᠬᠢᠶᠠᠨ ᠪᠠᠶᠢᠭᠤᠯᠤᠯᠲᠠ ᠶᠢᠨ ᠠᠵᠢᠯ ᠥᠷᠨᠢᠭᠦᠯᠬᠦ ᠶᠢ ᠵᠢᠭᠠᠨ ᠵᠢᠯᠣᠭᠤᠳᠤᠨ᠎ᠠ᠃ | ︵11︶᠂ ᠺᠠᠳ᠋ᠷ ᠢ ᠬᠠᠮᠢᠶᠠᠷᠬᠤ ᠡᠷᠬᠡ ᠶᠢᠨ ᠬᠡᠪᠴᠢᠶ᠎ᠡ ᠶᠢ ᠦᠨᠳᠦᠰᠦᠯᠡᠨ ᠬᠤᠯᠪᠣᠭᠳᠠᠯ ᠪᠦᠬᠦᠢ ᠨᠢᠭᠡᠴᠡ ᠶᠢᠨ ᠤᠳᠤᠷᠢᠳᠬᠤ ᠺᠠᠳ᠋ᠷ ᠲᠣᠮᠢᠯᠠᠬᠤ ᠪᠠ | ᠪᠠᠭᠤᠯᠭᠠᠬᠤ ᠫᠷᠤᠭ᠍ᠷᠠᠮ ᠢ ᠬᠢᠨᠠᠨ ᠰᠢᠯᠭᠠᠵᠤ᠂ ᠪᠥᠬᠦ ᠬᠤᠲᠠ ᠶᠢᠨ ᠰᠤᠷᠭᠠᠭᠤᠯᠢ ᠶᠢᠨ ᠨᠠᠮ ᠤᠨ ᠪᠠᠶᠢᠭᠤᠯᠤᠯᠲᠠ ᠶᠢᠨ ᠠᠵᠢᠯ ᠪᠠ ᠦᠵᠡᠯ ᠰᠠᠨᠠᠭ᠎ᠠ ᠤᠯᠤᠰ | ᠲᠦᠷᠦ ᠶᠢᠨ ᠠᠵᠢᠯ ᠢ ᠵᠢᠯᠣᠭᠤᠳᠴᠤ᠂ ᠰᠤᠷᠭᠠᠭᠤᠯᠢ ᠶᠢᠨ ᠺᠠᠳ᠋ᠷ ᠤᠨ ᠠᠵᠢᠯ ᠢ ᠬᠠᠮᠢᠶᠠᠷᠤᠨ᠎ᠠ᠃ | ︵12︶᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠪᠣᠯᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ | ᠲᠤᠰᠢᠶᠠᠭᠰᠠᠨ ᠪᠤᠰᠤᠳ ᠶᠠᠪᠤᠳᠠᠯ ᠢ ᠳᠠᠭᠠᠭᠠᠨ ᠭᠦᠢᠴᠡᠳᠬᠡᠨ᠎ᠡ᠃ |