ᠭᠤᠣᠯ ᠡᠭᠦᠷᠭᠡ ᠬᠠᠷᠢᠭᠤᠴᠠᠯᠭ᠎ᠠ᠄ | ︵ᠨᠢᠭᠡ︶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠢ ᠬᠠᠪᠰᠤᠷᠤᠨ ᠪᠦᠬᠦ ᠬᠤᠲᠠ ᠶᠢᠨ ᠠᠵᠢᠯ ᠤᠨ ᠪᠠᠶᠢᠳᠠᠯ ᠢ | ᠣᠶᠢᠯᠠᠭᠠᠨ ᠡᠵᠡᠮᠰᠢᠨ᠎ᠡ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠵᠢᠭᠠᠪᠤᠷᠢ ᠶᠢ ᠦᠨᠳᠦᠰᠦᠯᠡᠨ᠂ ᠬᠤᠲᠠ ᠶᠢᠨ | ᠠᠷᠠᠳ ᠤᠨ ᠵᠠᠰᠠᠭ ᠤᠨ ᠣᠷᠳᠣᠨ ᠤ ᠴᠢᠬᠤᠯᠠ ᠠᠵᠢᠯ ᠤᠨ ᠪᠠᠶᠢᠷᠢᠯᠠᠭᠤᠯᠤᠯᠲᠠ ᠪᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ᠂ | ᠨᠢᠭᠡᠴᠡ ᠶᠢᠨ ᠬᠤᠭᠤᠷᠣᠨᠳᠤᠬᠢ ᠮᠠᠷᠭᠤᠭᠠᠨ ᠲᠠᠢ ᠴᠢᠬᠤᠯᠠ ᠠᠰᠠᠭᠤᠳᠠᠯ ᠢ ᠪᠠᠶᠢᠴᠠᠭᠠᠨ ᠰᠤᠳᠤᠯᠵᠤ ᠨᠢᠭᠡᠳᠦᠯᠲᠡᠢ ᠲᠥᠯᠥᠪᠯᠡᠨ ᠵᠣᠬᠢᠴᠠᠭᠤᠯᠤᠨ᠎ᠠ᠃ | ︵ᠬᠤᠶᠠᠷ︶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠢ ᠬᠠᠪᠰᠤᠷᠤᠨ ᠬᠤᠲᠠ ᠶᠢᠨ ᠵᠠᠰᠠᠭ ᠤᠨ ᠣᠷᠳᠣᠨ᠂ | ᠵᠠᠰᠠᠭ ᠤᠨ ᠣᠷᠳᠣᠨ ᠤ ᠠᠯᠪᠠᠨ ᠭᠡᠷ ᠤᠨ ᠨᠡᠷ᠎ᠡ ᠪᠠᠷ ᠨᠡᠶᠢᠲᠡᠯᠡᠬᠦ ᠠᠯᠪᠠᠨ ᠪᠢᠴᠢᠭ ᠢ ᠲᠣᠭᠤᠷᠪᠢᠨ ᠪᠢᠴᠢᠬᠦ ᠪᠤᠶᠤ ᠬᠢᠨᠠᠨ᠎ᠠ᠃ ᠬᠤᠲᠠ ᠶᠢᠨ ᠠᠷᠠᠳ ᠤᠨ | ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠶᠠᠷᠢᠶ᠎ᠠ᠂ ᠠᠵᠢᠯ ᠤᠨ ᠢᠯᠡᠳᠬᠡᠯ ᠵᠡᠷᠭᠡ ᠡᠬᠡ ᠪᠢᠴᠢᠭ ᠢ ᠵᠣᠬᠢᠶᠠᠨ ᠪᠠᠶᠢᠭᠤᠯᠤᠨ ᠲᠤᠭᠤᠷᠪᠢᠨ ᠪᠢᠴᠢᠨ᠎ᠡ᠃ | | ︵ᠭᠤᠷᠪᠠ︶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ᠂ ᠵᠠᠰᠠᠭ ᠤᠨ ᠣᠷᠳᠣᠨ ᠤ ᠬᠤᠷᠠᠯ ᠵᠢᠴᠢ | ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠬᠤᠷᠠᠯ ᠤᠨ ᠶᠠᠪᠤᠳᠠᠯ ᠢ ᠬᠠᠷᠢᠭᠤᠴᠠᠵᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ | ᠤᠳᠤᠷᠢᠳᠬᠤ ᠨᠥᠬᠦᠳ ᠢ ᠬᠠᠪᠰᠤᠷᠤᠨ ᠬᠤᠷᠠᠯ ᠳᠡᠭᠡᠷ᠎ᠡ ᠲᠣᠭᠲᠠᠭᠰᠠᠨ ᠤᠴᠢᠷ ᠶᠠᠪᠤᠳᠠᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠲᠠ ᠶᠢᠨ | ᠠᠷᠠᠳ ᠤᠨ ᠵᠠᠰᠠᠭ ᠤᠨ ᠣᠷᠳᠣᠨ ᠤ ᠬᠤᠷᠠᠯ ᠢ ᠬᠢᠨᠠᠨ ᠵᠥᠪᠰᠢᠶᠡᠷᠡᠵᠦ ᠬᠠᠮᠢᠶᠠᠷᠬᠤ ᠠᠵᠢᠯ ᠢ ᠬᠠᠷᠢᠭᠤᠴᠠᠨ᠎ᠠ᠃ | ︵ᠳᠥᠷᠪᠡ︶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠠᠵᠢᠯᠯᠠᠭ᠎ᠠ ᠶᠢ ᠵᠣᠬᠢᠶᠠᠨ ᠪᠠᠶᠢᠭᠤᠯᠬᠤ ᠪᠠ ᠬᠤᠲᠠ ᠶᠢᠨ | ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠴᠢᠬᠤᠯᠠ ᠳᠣᠲᠣᠭᠠᠳᠤ ᠭᠠᠳᠠᠭᠠᠳᠤ ᠶᠠᠪᠤᠳᠠᠯ ᠤᠨ ᠠᠵᠢᠯᠯᠠᠭ᠎ᠠ ᠶᠢ ᠲᠣᠬᠢᠷᠠᠭᠤᠯᠬᠤ | ᠠᠵᠢᠯ ᠢ ᠬᠠᠷᠢᠭᠤᠴᠠᠨ᠎ᠠ᠃ | ︵ᠲᠠᠪᠤ︶ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠣᠯᠣᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ | ᠡᠯ᠎ᠡ ᠰᠠᠯᠠᠭ᠎ᠠ ᠮᠥᠴᠢᠷ ᠤᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠵᠢᠭᠠᠪᠤᠷᠢ ᠠᠪᠬᠤ ᠵᠦᠢᠯᠡᠰ ᠢ ᠬᠠᠷᠢᠭᠤᠴᠠᠨ ᠬᠢᠨᠠᠵᠤ᠂ ᠰᠢᠢᠳᠪᠦᠷᠢᠯᠡᠬᠦ | ᠰᠠᠨᠠᠯ ᠳᠤᠷᠠᠳᠴᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠲᠤ ᠮᠡᠳᠡᠭᠦᠯᠦᠨ ᠬᠢᠨᠠᠨᠵᠥ᠋ᠪᠰᠢᠶᠡᠷᠡᠭᠦᠯᠦᠨᠡ᠃ | ︵ᠵᠢᠷᠭᠤᠭ᠎ᠠ︶ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠣᠯᠣᠨ ᠵᠠᠰᠠᠭ ᠤᠨ ᠣᠷᠳᠣᠨ ᠤ ᠠᠯᠪᠠᠨ ᠭᠡᠷ ᠤᠨ ᠪᠢᠴᠢᠭ ᠴᠠᠬᠢᠯᠭᠠᠨ ᠢ | ᠰᠢᠢᠳᠪᠦᠷᠢᠯᠡᠬᠦ ᠠᠵᠢᠯ ᠢ ᠬᠠᠷᠢᠭᠤᠴᠠᠵᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠢᠴᠢ ᠵᠠᠰᠠᠭ ᠤᠨ ᠣᠷᠳᠣᠨ ᠤ ᠠᠯᠪᠠᠨ ᠭᠡᠷ ᠤᠨ ᠲᠤᠭᠤᠷᠪᠢᠨ | ᠲᠣᠭᠲᠠᠭᠠᠵᠤ ᠨᠡᠶᠢᠲᠡᠯᠡᠬᠦ ᠳᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠳᠤ ᠬᠠᠤᠯᠢ ᠳᠤ ᠨᠡᠶᠢᠴᠡᠬᠦ ᠪᠠᠶᠢᠴᠠᠭᠠᠯᠲᠠ ᠬᠢᠨ᠎ᠡ᠃ | ︵ᠳᠣᠯᠤᠭ᠎ᠠ︶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠪᠠ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ ᠤ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ | ᠲᠣᠭᠲᠠᠭᠰᠠᠨ ᠵᠦᠢᠯᠡᠰ ᠵᠢᠴᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠵᠢᠭᠠᠪᠤᠷᠢ ᠴᠣᠬᠤᠯᠠᠪᠤᠷᠢ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠵᠤ᠂ ᠴᠠᠭ ᠲᠤᠬᠠᠢ ᠳᠤᠨᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ | ᠤᠳᠤᠷᠢᠳᠬᠤ ᠨᠥᠬᠦᠳ ᠲᠤ ᠬᠠᠷᠢᠭᠤ ᠮᠡᠳᠡᠭᠦᠯᠦᠨ᠎ᠡ᠃ | ︵ᠨᠠᠢᠮᠠ︶ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠴᠤᠭᠯᠠᠭᠤᠯᠵᠤ᠂ ᠨᠠᠶᠢᠷᠠᠭᠤᠯᠵᠤ᠂ ᠬᠦᠷᠭᠡᠨ ᠮᠡᠳᠡᠭᠦᠯᠬᠦ ᠵᠡᠷᠭᠡ ᠠᠵᠢᠯ ᠢ ᠬᠠᠷᠢᠭᠤᠴᠠᠵᠤ᠂ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠰᠢᠢᠳᠪᠦᠷᠢᠲᠤ ᠪᠣᠳᠣᠯᠭ᠎ᠠ ᠳᠤ ᠦᠢᠯᠡᠴᠢᠯᠡᠭᠡ ᠬᠠᠩᠭᠠᠨ᠎ᠠ᠃ | ︵ᠶᠢᠰᠦ︶ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠵᠠᠰᠠᠭ ᠤᠨ ᠣᠷᠳᠣᠨ ᠤ ᠠᠯᠪᠠᠨ ᠭᠡᠷ ᠤᠨ | ᠪᠢᠴᠢᠭ ᠮᠠᠲ᠋ᠧᠷᠢᠶᠠᠯ ᠪᠠ ᠬᠤᠷᠠᠯ ᠤᠨ ᠮᠠᠲ᠋ᠧᠷᠢᠶᠠᠯ ᠢ ᠮᠣᠩᠭᠤᠯ ᠢᠶᠠᠷ ᠣᠷᠴᠢᠭᠤᠯᠬᠤ ᠠᠵᠢᠯ ᠢ ᠬᠠᠷᠢᠭᠤᠴᠠᠵᠤ᠂ ᠪᠦᠬᠦ ᠬᠤᠲᠠ ᠶᠢᠨ ᠵᠠᠰᠠᠭ ᠤᠨ ᠣᠷᠳᠣᠨ ᠤ | ᠮᠣᠩᠭᠤᠯ ᠣᠷᠴᠢᠭᠤᠯᠭ᠎ᠠ ᠪᠠ ᠮᠣᠩᠭᠤᠯ ᠰᠦᠯᠵᠢᠶ᠎ᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ | ︵ᠠᠷᠪᠠ︶ ᠠᠵᠤ ᠠᠬᠤᠢ ᠶᠢᠨ ᠠᠮᠢ ᠠᠬᠤᠢ ᠶᠢᠨ ᠬᠦᠷᠢᠶᠡᠨ ᠤ ᠥᠭᠡᠷᠡᠴᠢᠯᠡᠯᠲᠡ ᠶᠢᠨ ᠴᠢᠬᠤᠯᠠ ᠶᠡᠭᠡ ᠠᠰᠠᠭᠤᠳᠠᠯ ᠤᠨ ᠲᠥᠷᠥ ᠶᠢᠨ ᠪᠣᠳᠣᠯᠭ᠎ᠠ ᠶᠢ | ᠵᠣᠬᠢᠶᠠᠨ ᠪᠠᠶᠢᠭᠤᠯᠤᠨ ᠰᠤᠳᠤᠯᠵᠤ᠂ ᠪᠦᠬᠦ ᠬᠤᠲᠠ ᠶᠢᠨ ᠠᠵᠤ ᠠᠬᠤᠢ ᠶᠢᠨ ᠠᠮᠢ ᠠᠬᠤᠢ ᠶᠢᠨ ᠬᠦᠷᠢᠶᠡᠨ ᠤ ᠥᠭᠡᠷᠡᠴᠢᠯᠡᠯᠲᠡ ᠶᠢᠨ ᠬᠤᠯᠪᠣᠭᠳᠠᠯ ᠪᠦᠬᠦᠢ | ᠪᠢᠴᠢᠭ ᠮᠠᠲ᠋ᠧᠷᠢᠶᠠᠯ ᠢ ᠵᠣᠬᠢᠶᠠᠨ ᠪᠠᠶᠢᠭᠤᠯᠤᠨ ᠲᠤᠭᠤᠷᠪᠢᠵᠤ᠂ ᠪᠦᠬᠦ ᠬᠤᠲᠠ ᠶᠢᠨ ᠠᠵᠤ ᠠᠬᠤᠢ ᠶᠢᠨ ᠠᠮᠢ ᠠᠬᠤᠢ ᠶᠢᠨ ᠬᠦᠷᠢᠶᠡᠨ ᠤ ᠥᠭᠡᠷᠡᠴᠢᠯᠡᠯᠲᠡ ᠶᠢᠨ | ᠠᠵᠢᠯ ᠳᠤ ᠪᠠᠶᠢᠴᠠᠭᠠᠨ ᠰᠤᠳᠤᠯᠤᠯᠲᠠ᠂ ᠦᠨᠡᠯᠡᠯᠲᠡ ᠪᠠ ᠰᠢᠮᠳᠠᠭᠤᠯᠤᠨ ᠪᠠᠶᠢᠴᠠᠭᠠᠯᠲᠠ ᠬᠢᠨ᠎ᠡ᠃ | ︵ᠠᠷᠪᠠᠨ ᠨᠢᠭᠡ︶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠣᠨᠢᠨ ᠮᠡᠳᠡᠭᠡ ᠨᠡᠶᠢᠲᠡᠯᠡᠬᠦ ᠲᠥᠯᠥᠪᠯᠡᠭᠡ ᠶᠢ ᠬᠠᠷᠢᠭᠤᠴᠠᠨ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠡᠷ᠎ᠡ ᠪᠠᠷ ᠬᠢᠬᠦ ᠰᠣᠨᠢᠨ ᠮᠡᠳᠡᠭᠡ | ᠨᠡᠶᠢᠲᠡᠯᠡᠬᠦ ᠠᠵᠢᠯᠯᠠᠭ᠎ᠠ ᠶᠢ ᠳᠠᠭᠠᠭᠠᠨ ᠡᠷᠬᠢᠯᠡᠨ᠎ᠡ᠃ | ︵ᠠᠷᠪᠠᠨ ᠬᠤᠶᠠᠷ︶ ᠪᠦᠬᠦ ᠬᠤᠲᠠ ᠶᠢᠨ ᠵᠠᠰᠠᠭ ᠤᠨ ᠣᠷᠳᠣᠨ ᠤ ᠰᠢᠰᠲ᠋ᠧᠮ ᠤᠨ ᠡᠯᠧᠺᠲᠷᠣᠨ ᠵᠠᠰᠠᠭ ᠤᠨ ᠶᠠᠪᠤᠳᠠᠯ ᠢ ᠲᠦᠯᠦᠪᠵᠢᠭᠦᠯᠦᠨ | ᠵᠢᠯᠤᠭᠤᠳᠬᠤ᠂ ᠵᠣᠬᠢᠶᠠᠨ ᠪᠠᠶᠢᠭᠤᠯᠤᠨ ᠵᠣᠬᠢᠴᠠᠭᠤᠯᠬᠤ᠂ ᠬᠢᠨᠠᠯᠲᠠ ᠲᠠᠯᠪᠢᠵᠤ ᠪᠠᠶᠢᠴᠠᠭᠠᠬᠤ ᠵᠡᠷᠭᠡ ᠠᠵᠢᠯ ᠢ ᠬᠠᠷᠢᠭᠤᠴᠠᠨ᠎ᠠ᠃ ᠪᠦᠬᠦ ᠬᠤᠲᠠ ᠶᠢᠨ | ᠵᠠᠰᠠᠭ ᠤᠨ ᠣᠷᠳᠣᠨ ᠤ ᠠᠯᠪᠠᠨ ᠰᠦᠯᠵᠢᠶ᠎ᠡ ᠶᠢ ᠡᠷᠴᠢᠮᠵᠢᠭᠦᠯᠦᠨ ᠪᠦᠲᠦᠭᠡᠨ ᠪᠠᠶᠢᠭᠤᠯᠬᠤ ᠪᠠ ᠰᠢᠯᠭᠠᠨ ᠦᠨᠡᠯᠡᠬᠦ᠂ ᠬᠢᠨᠠᠨ ᠬᠠᠮᠢᠶᠠᠷᠬᠤ ᠠᠵᠢᠯ ᠢ | ᠵᠣᠬᠢᠴᠠᠭᠤᠯᠤᠨ ᠵᠢᠯᠣᠭᠤᠳᠤᠨ᠎ᠠ᠃ | ︵ᠠᠷᠪᠠᠨ ᠭᠤᠷᠪᠠ︶ ᠬᠤᠲᠠ ᠶᠢᠨ ᠲᠤᠰ ᠱᠠᠲᠤᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠨᠡᠶᠢᠲᠡᠯᠡᠬᠦ ᠪᠠ ᠵᠠᠰᠠᠭ ᠤᠨ ᠶᠠᠪᠤᠳᠠᠯ ᠤᠨ | ᠮᠡᠳᠡᠭᠡ ᠵᠠᠩᠭᠢ ᠶᠢ ᠢᠯᠡ ᠨᠡᠶᠢᠲᠡᠯᠡᠬᠦ ᠠᠵᠢᠯ ᠢ ᠬᠠᠷᠢᠭᠤᠴᠠᠨ᠎ᠠ᠃ ᠡᠯ᠎ᠡ ᠬᠤᠰᠢᠭᠤ ᠰᠢᠶᠠᠨ ᠲᠣᠭᠤᠷᠢᠭ᠂ ᠬᠤᠲᠠ ᠶᠢᠨ ᠲᠡᠰ ᠤᠨ ᠡᠯ᠎ᠡ ᠰᠠᠯᠠᠭ᠎ᠠ ᠮᠥᠴᠢᠷ ᠤᠨ | ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠨᠡᠶᠢᠲᠡᠯᠡᠬᠦ ᠪᠠ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠢᠯᠡ ᠨᠡᠶᠢᠲᠡᠯᠡᠬᠦ ᠠᠵᠢᠯ ᠢ ᠵᠢᠯᠣᠭᠤᠳᠤᠨ᠂ | ᠵᠣᠬᠢᠴᠠᠭᠤᠯᠵᠤ᠂ ᠬᠢᠨᠠᠯᠲᠠ ᠲᠠᠯᠪᠢᠨ᠎ᠠ᠃ | ︵ᠠᠷᠪᠠᠨ ᠳᠥᠷᠪᠡ︶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠶᠡᠷᠦᠩᠬᠡᠢ ᠵᠢᠵᠢᠭᠦᠷ ᠤᠨ ᠠᠵᠢᠯ ᠢ ᠬᠠᠷᠢᠭᠤᠴᠠᠵᠤ᠂ ᠴᠢᠬᠤᠯᠠ ᠪᠠᠶᠢᠳᠠᠯ ᠢ | ᠴᠠᠭ ᠲᠤᠬᠠᠢ ᠳᠤᠨᠢ ᠮᠡᠳᠡᠭᠦᠯᠦᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠬᠠᠮᠢᠶ᠎ᠠ ᠪᠦᠬᠦᠢ ᠵᠢᠭᠠᠪᠤᠷᠢ | ᠴᠣᠬᠤᠯᠠᠪᠤᠷᠢ ᠶᠢ ᠤᠯᠠᠮᠵᠢᠯᠠᠬᠤ ᠪᠠ ᠰᠢᠮᠳᠠᠭᠤᠯᠤᠨ ᠨᠠᠶᠢᠳᠠᠪᠤᠷᠢᠵᠢᠭᠤᠯᠤᠨ᠎ᠠ᠃ | ︵ᠠᠷᠪᠠᠨ ᠲᠠᠪᠤ︶ ᠪᠦᠬᠦ ᠬᠤᠲᠠ ᠶᠢᠨ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠢ ᠵᠢᠯᠣᠭᠤᠳᠤᠨ ᠰᠢᠮᠳᠠᠭᠤᠯᠵᠤ ᠪᠠᠶᠢᠴᠠᠭᠠᠨ᠎ᠠ᠃ | ︵ᠠᠷᠪᠠᠨ ᠵᠢᠷᠭᠤᠭ᠎ᠠ︶ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠨ ᠭᠦᠢᠴᠡᠳᠬᠡᠭᠰᠡᠨ ᠪᠤᠰᠤᠳ ᠡᠭᠦᠷᠭᠡ ᠶᠢ | ᠪᠡᠶᠡᠯᠡᠭᠦᠯᠦᠨ᠎ᠡ᠃ |