ᠦᠨᠦ ᠵᠢᠯ ᠦᠪᠦᠷ ᠮᠣᠩᠭᠤᠯ ︽ᠡᠪᠡᠳᠴᠢᠨ ᠦᠵᠡᠬᠦᠯᠬᠦ ᠬᠦᠴᠢᠷ︾ ᠠᠰᠠᠭᠤᠳᠠᠯ ᠢ 6 ᠲᠠᠯ᠎ᠠ ᠠᠴᠠ ᠬᠦᠴᠦᠯᠡᠨ ᠰᠢᠶ᠋ᠳᠪᠦᠷᠢᠯᠡᠬᠦ ᠪᠠᠷ ᠪᠤᠢ
ᠨᠡᠶᠢᠲᠡᠯᠡᠭᠰᠡᠨ ᠴᠠᠭ᠄
2019-03-06
     ᠰᠤᠷᠪᠤᠯᠵᠢᠯᠠᠭᠴᠢ ᠦᠪᠦᠷ ᠮᠣᠩᠭᠤᠯ ᠤᠨ ᠦᠪᠡᠷᠳᠡᠬᠡᠨ ᠵᠠᠰᠠᠬᠤ ᠤᠷᠤᠨ ᠤ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠵᠦᠪᠯᠡᠯ ᠠᠴᠠ ᠤᠶᠢᠯᠠᠭᠠᠭᠰᠠᠨ ᠢᠶᠠᠷ᠂ ᠰᠠᠶ᠋᠊ᠢᠬᠠᠨ ᠦᠪᠦᠷ ᠮᠣᠩᠭᠤᠯ ᠤᠨ ᠦᠨᠳᠤᠰᠦᠨ ᠡᠮᠴᠢᠯᠡᠬᠡᠨ ᠤ ᠦᠢᠯᠡᠴᠢᠯᠡᠭᠡ ᠶᠢᠨ ᠪᠤᠯᠤᠮᠵᠢᠳᠤ ᠴᠢᠨᠠᠷ ᠶᠡᠭᠡ ᠪᠠᠷ ᠨᠡᠮᠡᠭᠳᠡᠵᠤ ᠪᠠᠶᠢᠭ᠎ᠠ ᠪᠤᠯᠪᠠᠴᠤ ᠰᠢᠯᠢᠳᠡᠭ ᠡᠬᠢ ᠪᠠᠶᠠᠯᠢᠭ ᠤᠨ ᠬᠤᠮᠰᠠᠳᠠᠯ᠂ ᠪᠦᠲᠦᠴᠡ ᠶᠢᠨ ᠵᠤᠬᠢᠰ ᠦᠭᠡᠢ ᠠᠴᠠ ᠪᠤᠯᠵᠤ ︽ᠡᠪᠡᠳᠴᠢᠨ ᠦᠵᠡᠬᠦᠯᠬᠦ ᠬᠦᠴᠢᠷ︾ ᠨᠢ ᠭᠤᠤᠯᠳᠠᠭᠤ ᠤᠷᠤᠨ ᠤ ᠲᠤᠳᠤᠨ᠎ᠠ ᠭᠠᠳᠠᠨᠠᠬᠢ ᠲᠤᠮᠤ ᠬᠤᠳᠠ ᠶᠢᠨ ᠡᠮᠨᠡᠯᠬᠡ ᠶᠢᠨ ᠮᠡᠷᠬᠡᠵᠢᠯᠳᠡᠨ ᠡᠮᠴᠢ ᠶᠢ ᠪᠤᠯᠵᠤᠬᠤ ᠳᠤ ᠬᠦᠴᠢᠷ ᠠᠰᠠᠭᠤᠳᠠᠯ ᠤᠷᠤᠰᠢᠵᠤ ᠪᠠᠶᠢᠨ᠎ᠠ᠃ ᠦᠨᠦ ᠵᠢᠯ ᠦᠪᠦᠷ ᠮᠣᠩᠭᠤᠯ ᠡᠮᠴᠢᠯᠡᠭᠡ ᠡᠷᠡᠬᠦᠯ ᠮᠡᠨᠳᠤ ᠶᠢᠨ ᠡᠬᠢ ᠰᠤᠷᠪᠤᠯᠵᠢ ᠶᠢ ᠨᠡᠶᠢᠳᠬᠡᠵᠤ᠂ 6 ᠲᠠᠯ᠎ᠠ ᠠᠴᠠ ᠢᠷᠬᠡᠳ ᠤᠨ ︽ᠡᠪᠡᠳᠴᠢᠨ ᠦᠵᠡᠬᠦᠯᠬᠦ ᠬᠦᠴᠢᠷ︾ ᠠᠰᠠᠭᠤᠳᠠᠯ ᠢ ᠬᠦᠴᠦᠯᠡᠨ ᠰᠢᠶ᠋ᠳᠪᠦᠷᠢᠯᠡᠬᠦ ᠪᠠᠷ ᠪᠤᠢ᠃      ᠨᠢᠭᠡ᠂ ᠡᠮᠴᠢᠯᠡᠬᠡᠨ ᠤ ᠨᠢᠬᠳᠠ ᠬᠤᠯᠪᠤᠭᠠᠨ ᠤ ᠰᠢᠰᠲ᠋ᠧᠮ ᠤᠨ ᠪᠠᠶᠢᠭᠤᠯᠤᠯᠳᠠ ᠶᠢ ᠠᠬᠢᠭᠤᠯᠤᠨ᠎ᠠ᠃      ᠬᠤᠶᠠᠷ᠂ ᠬᠤᠰᠢᠭᠤ ᠰᠢᠶᠠᠨ ᠤ ᠡᠮᠨᠡᠯᠬᠡ ᠶᠢᠨ ᠴᠢᠳᠠᠮᠵᠢ ᠶᠢᠨ ᠪᠠᠶᠢᠭᠤᠯᠤᠯᠳᠠ ᠶᠢ ᠴᠢᠩᠭᠠᠳᠬᠠᠨ᠎ᠠ᠃      ᠭᠤᠷᠪᠠ᠂ ᠡᠮᠴᠢᠯᠡᠬᠡᠨ ᠤ ᠦᠢᠯᠡᠴᠢᠯᠡᠭᠡ ᠶᠢᠨ ᠴᠢᠨᠠᠷ ᠢ ᠲᠠᠰᠤᠷᠠᠯᠳᠠ ᠦᠭᠡᠢ ᠲᠡᠭᠡᠭᠰᠢᠯᠡᠬᠦᠯᠦᠨ᠎ᠡ᠃      ᠲᠦᠷᠪᠡ᠂ ᠪᠦᠬᠦ ᠢᠷᠭᠡᠳ ᠤᠨ ᠡᠷᠡᠬᠦᠯ ᠮᠡᠨᠳᠤ ᠶᠢᠨ ᠰᠤᠷᠠᠭ ᠵᠠᠩᠬᠢᠵᠢᠯᠳᠠ ᠶᠢᠨ ᠪᠠᠶᠢᠭᠤᠯᠤᠯᠲᠠ ᠶᠢ ᠲᠦᠷᠭᠡᠳᠬᠡᠨ᠎ᠡ᠃      ᠲᠠᠪᠤ᠂ ᠬᠡᠷ ᠪᠦᠯᠢ ᠶᠢᠨ ᠬᠡᠷ᠎ᠡ ᠶᠢᠨ ᠡᠮᠴᠢ ᠶᠢᠨ ᠦᠢᠯᠡᠴᠢᠯᠡᠭᠡ ᠶᠢ ᠪᠤᠳᠠᠳᠠᠢ ᠨᠠᠷᠢᠨ ᠬᠢᠨ᠎ᠡ᠃ᠵᠢᠷᠭᠤᠭ᠎ᠠ᠂ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠴᠢᠳᠠᠪᠤᠷᠢᠳᠠᠨ ᠤ ᠡᠩᠨᠡᠭᠡ ᠶᠢᠨ ᠪᠠᠶᠢᠭᠤᠯᠤᠯᠳᠠ ᠶᠢ ᠴᠢᠩᠭᠠᠳᠬᠠᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号