ᠪᠡᠶ᠎ᠡ ᠶᠢᠨ ᠦᠨᠡᠮᠯᠡᠯ ᠤᠨ ᠬᠠᠮᠢᠶᠠᠲᠠᠢ ᠤᠴᠢᠷ ᠢ ᠠᠩᠬᠠᠷᠤᠯ ᠳᠤ ᠪᠠᠨ ᠠᠪᠤᠭᠠᠷᠠᠢ
ᠨᠡᠶᠢᠲᠡᠯᠡᠭᠰᠡᠨ ᠴᠠᠭ᠄
2019-04-15
        ᠪᠡᠶ᠎ᠡ ᠶᠢᠨ ᠦᠨᠡᠮᠯᠡᠯ ᠪᠣᠯ ᠬᠦᠮᠤᠨ ᠤ ᠪᠡᠶ᠎ᠡ ᠶᠢᠨ ᠭᠠᠷᠤᠯ ᠢ ᠭᠡᠷᠡᠴᠢᠯᠡᠬᠦ ᠦᠨᠡᠮᠯᠡᠯ ᠮᠥᠨ᠂ ᠪᠡᠶ᠎ᠡ ᠶᠢᠨ  ᠬᠢᠷᠢ  ᠬᠡᠮ ᠢ ᠭᠡᠷᠡᠴᠢᠯᠡᠬᠦ᠂ ᠲᠤᠬᠠᠶᠢᠯᠠᠭᠰᠠᠨ ᠠᠵᠢᠯ ᠡᠷᠬᠢᠯᠡᠬᠦ᠂ ᠭᠠᠳᠠᠭᠰᠢ ᠭᠠᠷᠴᠤ ᠵᠤᠭᠠᠴᠠᠬᠤ᠁ ᠳᠤ ᠪᠡᠶ᠎ᠡ ᠶᠢᠨ ᠦᠨᠡᠮᠯᠡᠯ ᠦᠭᠡᠢ ᠪᠣᠯ ᠠᠯᠬᠤᠬᠤᠶ᠎ᠠ ᠪᠡᠷᠬᠡ ᠭᠡᠵᠦ ᠬᠡᠯᠡᠵᠦ ᠪᠣᠯᠤᠨ᠎ᠠ᠃ ᠲᠡᠭᠡᠪᠡᠯ ᠪᠡᠶ᠎ᠡ ᠶᠢᠨ ᠦᠨᠡᠮᠯᠡᠯ ᠢᠶᠠᠨ ᠭᠡᠭᠡᠪᠡᠯ ᠬᠡᠷᠬᠢᠨ ᠨᠥᠬᠦᠵᠦ ᠭᠦᠢᠴᠡᠳᠬᠡᠬᠦ ᠪᠤᠢ︖ ᠪᠡᠶ᠎ᠡ ᠶᠢᠨ ᠦᠨᠡᠮᠯᠡᠯ ᠨᠢ ᠬᠤᠭᠤᠴᠠᠭ᠎ᠠ ᠲᠤᠯᠪᠠᠯ  ᠬᠡᠷᠬᠢᠨ  ᠰᠣᠯᠢᠵᠤ  ᠠᠪᠬᠤ  ᠪᠤᠢ︖ ᠪᠡᠶ᠎ᠡ ᠶᠢᠨ  ᠦᠨᠡᠮᠯᠡᠯ ᠵᠶ᠋ᠠᠨ‌ᠨᠥ᠋ᠬᠦᠵᠦ ᠬᠢᠯᠭᠡᠬᠦ ᠳᠤ ᠪᠠᠰᠠ ᠶᠠᠮᠠᠷ ᠭᠠᠷ ᠭᠦᠢᠴᠡᠳᠬᠡᠯ ᠬᠢᠬᠦ  ᠬᠡᠷᠡᠭᠲᠡᠶ ᠪᠣᠶ︖ ᠣᠨᠳᠣᠤ ᠭᠠᠵᠠᠷ ᠪᠡᠶ᠎ᠡ ᠶᠢᠨ ᠦᠨᠡᠮᠯᠡᠯ ᠢ ᠭᠦᠢᠴᠡᠳᠬᠡᠬᠦ ᠨᠢ ᠶᠠᠮᠠᠷ ᠳᠡᠰ ᠳᠠᠷᠠᠭ᠎ᠠ ᠲᠠᠢ ᠪᠤᠢ︖ ᠲᠦᠷ ᠴᠠᠭ ᠤᠨ ᠪᠡᠶ᠎ᠡ ᠶᠢᠨ ᠦᠨᠡᠮᠯᠡᠯ ᠢ ᠬᠡᠷᠬᠢᠨ ᠭᠤᠶᠤᠴᠢᠯᠠᠬᠤ ᠪᠤᠢ︖ᠬᠤᠲᠠ ᠶᠢᠨ ᠠᠷᠠᠳ ᠤᠨ ᠪᠡᠶ᠎ᠡ ᠶᠢᠨ ᠦᠨᠡᠮᠯᠡᠯ ᠭᠦᠢᠴᠡᠳᠬᠡᠬᠦ ᠳᠤ  ᠲᠤᠯᠭᠠᠷᠠᠭᠰᠠᠨ ᠠᠰᠠᠭᠤᠳᠠᠯ ᠤᠨ ᠲᠤᠬᠠᠢ ᠲᠦᠷᠦᠭᠦᠬᠡᠨ᠂ ᠬᠥᠬᠡᠬᠤᠲᠠ‌‍ᠶᠢᠨ ︽ᠬᠠᠮ ᠵᠠᠭᠤᠴᠢᠯᠠᠭᠤᠷ ᠤᠨ ᠠᠷᠠᠳ ᠤᠨ ᠠᠮᠢᠳᠤᠷᠠᠯ ᠤᠨ ᠦᠶ᠋ᠯᠡᠴᠢᠯᠡᠭᠡᠨ ᠤ ᠲᠠᠪᠴᠠᠩ︾ ᠤᠨ ᠬᠢᠨ  ᠬᠤᠲᠣᠩ ᠦᠨᠳᠦᠰᠦᠲᠡᠨ ᠤ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠦᠨᠳᠦᠰᠦᠨ ᠱᠠᠲᠤᠨ ᠤ ᠰᠠᠭᠤᠷᠢ ᠶᠡᠭᠡ ᠠᠩᠭᠢ ᠶᠢᠨ ᠳᠠᠷᠤᠭ᠎ᠠ ᠯᠢ ᠵᠢᠶᠦ᠋ᠩ᠂ ᠬᠤᠲᠣᠩ ᠦᠨᠳᠦᠰᠦᠲᠡᠨ ᠤ ᠲᠣᠭᠤᠷᠢᠭ   ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠬᠢᠯᠢ ᠪᠠᠷ ᠣᠷᠣᠵᠤ ᠭᠠᠷᠬᠤ ᠬᠠᠮᠢᠶᠠᠷᠤᠯᠲᠠ ᠶᠢᠨ ᠶᠡᠭᠡ ᠠᠩᠭᠢ ᠶᠢᠨ ᠳᠡᠳ᠋ ᠳᠠᠷᠤᠭ᠎ᠠ  ᠭᠤᠤ  ᠷᠦᠨ‌‍ᠶᠦ᠋ᠩ ᠢ ᠤᠷᠢᠵᠤ ᠲᠠᠶᠢᠯᠤᠮᠵᠢ ᠬᠢᠯᠭᠡᠪᠡ᠃              ︹ ᠠᠰᠠᠭᠤᠳᠠᠯ ︺ ᠡᠷᠦᠬᠡ ᠠᠮᠠ ᠶᠢᠨ ᠳᠠᠩᠰᠠ ᠰᠠᠶᠢᠬᠠᠨ ᠲᠣᠭᠤᠷᠢᠭ ᠲᠤ ᠪᠠᠶᠢᠵᠤ᠂ ᠬᠥᠮᠥᠨ ᠨᠢ  ᠬᠤᠲᠣᠩ ᠦᠨᠳᠦᠰᠦᠲᠡᠨ ᠤ ᠲᠣᠭᠤᠷᠢᠭ ᠲᠤ ᠠᠵᠢᠯᠯᠠᠵᠤ ᠪᠠᠶᠢᠭᠠᠳ ᠪᠡᠶ᠎ᠡ ᠶᠢᠨ ᠦᠨᠡᠮᠯᠡᠯ ᠢᠶᠠᠨ ᠭᠡᠭᠡᠭᠰᠡᠨ ᠪᠣᠯ ᠬᠤᠲᠣᠩ ᠦᠨᠳᠦᠰᠦᠲᠡᠨ ᠤ ᠲᠤᠭᠤᠷᠢᠭ ᠲᠤ ᠨᠥᠬᠦᠵᠦ ᠭᠦᠢᠴᠡᠳᠬᠡᠵᠦ ᠪᠣᠯᠤᠨ᠎ᠠ ᠤᠤ︖ ᠶᠠᠮᠠᠷ ᠦᠨᠡᠮᠯᠡᠯ  ᠦᠵᠡᠭᠦᠯᠬᠦ  ᠬᠡᠷᠡᠭᠲᠡᠶ  ᠪᠣᠶ︖  ᠭᠡᠷᠡᠯ  ᠵᠢᠷᠤᠭ ᠠᠪᠬᠤ ᠳᠤ ᠨᠢᠳᠦᠨ ᠰᠢᠯ ᠵᠡᠭᠦᠵᠦ ᠪᠣᠯᠬᠤ ᠤᠤ︖              ᠬᠠᠷᠢᠭᠤᠯᠲᠠ᠄ ᠪᠡᠶ᠎ᠡ ᠶᠢᠨ ᠦᠨᠡᠮᠯᠡᠯ ᠢ ᠨᠥᠬᠦᠨ ᠭᠦᠢᠴᠡᠳᠬᠡᠬᠦ ᠳᠤ ᠡᠷᠦᠬᠡ ᠠᠮᠠ ᠶᠢᠨ ᠳᠠᠩᠰᠠ ᠪᠠᠶᠢᠭ᠎ᠠ  ᠭᠠᠵᠠᠷ ᠲᠤ ᠬᠢᠬᠦ ᠴᠢᠬᠤᠯᠠᠲᠠᠶ᠂ ᠣᠨᠳᠣᠤ ᠭᠠᠵᠠᠷ ᠲᠤ ᠪᠡᠶ᠎ᠡ ᠶᠢᠨ ᠦᠨᠡᠮᠯᠡᠯ ᠭᠦᠢᠴᠡᠳᠬᠡᠬᠦ ᠳᠤ ᠭᠡᠷᠡᠯ ᠵᠢᠷᠤᠭ ᠠᠪᠬᠤ ᠪᠠ ᠬᠤᠷᠤᠭᠤᠨ ᠤ  ᠬᠡ ᠠᠪᠬᠤ ᠴᠢᠬᠤᠯᠠᠲᠠᠶ᠂ ᠭᠤᠶᠤᠴᠢᠯᠠᠭᠴᠢ ᠡᠷᠦᠬᠡ ᠠᠮᠠ ᠶᠢᠨ ᠳᠡᠪᠲᠡᠷ᠂ ᠪᠡᠶ᠎ᠡ ᠶᠢᠨ ᠦᠨᠡᠮᠯᠡᠯ ᠤᠨ ᠬᠠᠭᠤᠯᠪᠤᠷᠢ᠂ ᠵᠢᠯᠣᠭᠤᠴᠢ ᠵᠢᠨ‌ᠦᠨᠡᠮᠯᠡᠯ ᠵᠡᠷᠭᠡ ᠪᠡᠶ᠎ᠡ ᠬᠡᠮ ᠢ  ᠭᠡᠷᠡᠴᠢᠯᠡᠵᠦ  ᠪᠣᠯᠬᠤ  ᠮᠠᠲ᠋ᠧᠷᠢᠶᠠᠯ ᠢ  ᠬᠠᠩᠭᠠᠬᠤ  ᠴᠢᠬᠤᠯᠠᠲᠠᠶ᠃ ᠰᠡᠭᠦᠳᠡᠷ  ᠲᠠᠲᠠᠬᠤ ᠳᠠᠭᠠᠨ ᠭᠤᠶᠣᠯᠠᠵᠤ᠂ ᠲᠣᠯᠣᠭᠠᠶ ᠶᠢᠨ ᠵᠠᠰᠠᠯ ᠵᠡᠭᠦᠵᠦ᠂ ᠨᠢᠳᠦᠨ ᠰᠢᠯ ᠵᠡᠭᠦᠵᠦ ᠪᠣᠯᠬᠤ ᠦᠭᠡᠢ᠃              ︹ ᠠᠰᠠᠭᠤᠳᠠᠯ ︺ ᠡᠷᠦᠬᠡ ᠠᠮᠠ ᠨᠢ ᠰᠢᠯᠢ ᠶᠢᠨ ᠭᠤᠤᠯ ᠠᠶᠢᠮᠠᠭ ᠲᠤ ᠪᠠᠶᠢᠵᠤ᠂ ᠬᠥᠮᠥᠨ ᠨᠢ ᠬᠥᠬᠡᠬᠤᠲᠠ ᠳᠤ ᠪᠠᠶᠢᠪᠠᠯ᠂ ᠣᠨᠳᠣᠤ ᠭᠠᠵᠠᠷ ᠤᠨ ᠪᠡᠶ᠎ᠡ ᠶᠢᠨ ᠦᠨᠡᠮᠯᠡᠯ ᠠᠪᠴᠤ ᠪᠣᠯᠤᠨ᠎ᠠ ᠤᠤ︖ ᠬᠡᠷᠪᠡ  ᠪᠣᠯᠪᠠᠯ  ᠶᠠᠮᠠᠷ  ᠶᠠᠮᠠᠷ ᠦᠨᠡᠮᠯᠡᠯ ᠬᠠᠩᠭᠠᠬᠤ ᠴᠢᠬᠤᠯᠠᠲᠠᠢ ᠪᠣᠶ︖              ᠬᠠᠷᠢᠭᠤᠯᠲᠠ᠄ ᠬᠥᠬᠡᠬᠤᠲᠠ ᠶᠢ ᠭᠠᠷᠭᠠᠪᠠᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ  ᠣᠷᠣᠨ ᠤ ᠳᠣᠲᠣᠷᠠᠬᠢ ᠪᠤᠰᠤᠳ‌ᠣᠨᠳᠣᠤ ᠭᠠᠵᠠᠷ ᠲᠤ  ᠪᠡᠶ᠎ᠡ ᠶᠢᠨ  ᠦᠨᠡᠮᠯᠡᠯ ᠢ  ᠭᠦᠢᠴᠡᠳᠬᠡᠵᠦ ᠪᠣᠯᠤᠨ᠎ᠠ᠃ ᠡᠷᠦᠬᠡ ᠠᠮᠠ ᠶᠢᠨ ᠳᠡᠪᠲᠡᠷ᠂ ᠵᠢᠯᠣᠭᠤᠴᠢ ᠶᠢᠨ ᠦᠨᠡᠮᠯᠡᠯ᠂ ᠡᠮ ᠡᠮᠨᠡᠯᠭᠡ ᠶᠢᠨ ᠳᠠᠭᠠᠳᠬᠠᠯ ᠤᠨ ᠺᠠᠷᠲ᠂ ᠨᠡᠶᠢᠭᠡᠮ ᠤᠨ ᠳᠠᠭᠠᠳᠬᠠᠯ ᠤᠨ ᠺᠠᠷᠲ ᠵᠡᠷᠭᠡ ᠪᠡᠶ᠎ᠡ ᠬᠡᠮ ᠤᠨ ᠮᠡᠳᠡᠭᠡ ᠵᠠᠩᠭᠢ ᠶᠢ ᠭᠡᠷᠡᠴᠢᠯᠡᠵᠦ ᠪᠣᠯᠬᠤ ᠮᠠᠲ᠋ᠧᠷᠢᠶᠠᠯ ᠢ ᠬᠠᠩᠭᠠᠬᠤ ᠴᠢᠬᠤᠯᠠᠲᠠᠶ ᠪᠥᠭᠡᠳ ᠪᠣᠳᠠᠲᠠᠶ ᠰᠠᠭᠤᠭ᠎ᠠ ᠭᠠᠵᠠᠷ ‍ᠤᠨ‌‍ᠲ᠋ᠣᠮᠢᠯᠠᠭᠰᠠᠨ ᠰᠠᠯᠪᠤᠷᠢ ᠳᠤ ᠬᠦᠷᠴᠦ ᠬᠥᠮᠥᠨ ᠠᠮᠠ ᠶᠢᠨ ᠬᠠᠮᠢᠶᠠᠷᠤᠯᠲᠠ ᠶᠢᠨ ᠮᠡᠳᠡᠭᠡ ᠵᠠᠩᠭᠢ ᠶᠢ  ᠪᠦᠷᠢᠳᠭᠡᠯᠭᠡᠨ ᠲᠡᠮᠳᠡᠭᠯᠡᠭᠦᠯᠬᠦ ᠬᠡᠷᠡᠭᠲᠡᠶ᠃              ︹ ᠠᠰᠠᠭᠤᠳᠠᠯ ︺ ᠪᠡᠶ᠎ᠡ ᠶᠢᠨ ᠦᠨᠡᠮᠯᠡᠯ ᠨᠢ ᠡᠨᠡ ᠵᠢᠯ ᠤᠨ 10 ᠰᠠᠷ᠎ᠠ ᠶᠢᠨ 20 ᠤ ᠡᠳᠦᠷ  ᠪᠣᠯᠪᠠᠯ ᠳᠠᠷᠤᠶ ᠬᠤᠭᠤᠴᠠᠭ᠎ᠠ ᠨᠢ ᠲᠤᠯᠴᠢᠬᠠᠨ᠎ᠠ᠂ ᠦᠨᠡᠮᠯᠡᠯ ᠰᠣᠯᠢᠬᠤ ᠲᠤᠬᠠᠶᠢᠯᠠᠭᠰᠠᠨ ᠠᠵᠢᠯ ᠢ ᠡᠷᠬᠡᠪᠰᠢ ᠬᠤᠭᠤᠴᠠᠭ᠎ᠠ ᠲᠤᠯᠬᠤ ᠠᠴᠠ ᠡᠮᠦᠨ᠎ᠡ ᠬᠢᠬᠦ ᠬᠡᠷᠡᠭᠲᠡᠶ ᠦᠦ︖ ᠶᠠᠮᠠᠷ ᠬᠤᠯᠪᠣᠭᠳᠠᠯ ᠪᠦᠬᠦᠢ ᠦᠨᠡᠮᠯᠡᠯ ᠪᠡᠯᠡᠳᠬᠡᠬᠦ ᠴᠢᠬᠤᠯᠠᠲᠠᠶ ᠪᠤᠢ︖              ᠬᠠᠷᠢᠭᠤᠯᠲᠠ᠄ ᠲᠤᠰ ᠬᠤᠲᠠ ᠶᠢᠨ ᠰᠠᠭᠤᠭᠠᠯᠢ ᠠᠷᠠᠳ ᠪᠡᠶ᠎ᠡ ᠶᠢᠨ ᠦᠨᠡᠮᠯᠡᠯ ᠢᠶᠠᠨ ᠰᠣᠯᠢᠵᠤ ᠠᠪᠤᠭᠠᠳ  ᠬᠠᠷᠢᠶ᠎ᠠ ᠭᠠᠵᠠᠷ ᠤᠨ ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ ᠲᠠᠭᠠᠨ ᠬᠦᠷᠴᠦ ᠭᠦᠢᠴᠡᠳᠬᠡᠨ᠎ᠡ᠃ ᠤᠷᠢᠳᠴᠢᠯᠠᠨ ᠰᠢᠢᠳᠪᠦᠷᠢᠯᠡᠬᠦ ᠪᠤᠶᠤ ᠬᠤᠭᠤᠴᠠᠭ᠎ᠠ ᠨᠢ ᠲᠤᠯᠤᠭᠰᠠᠨ ᠤ ᠳᠠᠷᠠᠭ᠎ᠠ ᠰᠢᠢᠳᠪᠦᠷᠢᠯᠡᠵᠦ ᠪᠣᠯᠤᠨ᠎ᠠ᠃ ᠡᠷᠦᠬᠡ  ᠠᠮᠠ ᠶᠢᠨ ᠳᠠᠩᠰᠠ ᠶᠢᠨ ᠳᠦᠷᠢᠮ ᠳᠤ ᠡᠩ ᠤᠨ ᠪᠠᠶᠢᠳᠠᠯ ᠳᠤ ᠭᠤᠷᠪᠠᠨ ᠰᠠᠷ᠎ᠠ ᠶᠢᠨ ᠳᠣᠲᠣᠷ᠎ᠠ ᠰᠢᠢᠳᠪᠦᠷᠢᠯᠡᠵᠦ ᠳᠠᠭᠤᠰᠬᠠᠨ᠎ᠠ ᠭᠡᠵᠦ ᠲᠣᠭᠲᠠᠭᠠᠵᠠᠶ᠃  ᠣᠳᠣᠬᠠᠨ ᠳᠤ ᠡᠩ ᠤᠨ ᠪᠠᠶᠢᠳᠠᠯ ᠳᠤ 7 ᠠᠴᠠ 30 ᠡᠳᠦᠷ ᠤᠨ ᠳᠣᠲᠣᠷ᠎ᠠ ᠠᠵᠢᠯ ᠢᠶᠠᠨ ᠳᠠᠭᠤᠰᠬᠠᠵᠤ ᠪᠣᠯᠤᠨ᠎ᠠ᠃  ᠬᠡᠷᠪᠡ  ᠣᠯᠠᠨ  ᠲᠦᠮᠡᠨ ᠪᠠᠴᠢᠮ ᠶᠠᠪᠤᠳᠠᠯ ᠲᠣᠬᠢᠶᠠᠯᠳᠤᠪᠠᠯ ᠲᠦᠷᠭᠡᠨ ᠰᠢᠢᠳᠪᠦᠷᠢᠯᠡᠬᠦ ᠬᠡᠷᠡᠭᠲᠡᠶ᠂ ᠬᠡᠷᠪᠡ ᠳᠡᠭᠡᠳᠦ  ᠰᠤᠷᠭᠠᠭᠤᠯᠢ ᠳᠤ  ᠰᠤᠷᠤᠭᠴᠢ ᠡᠯᠰᠡᠬᠦ ᠰᠢᠯᠭᠠᠯᠲᠠ ᠳᠤ ᠣᠷᠣᠯᠴᠠᠪᠠᠯ ᠰᠠᠭᠠᠳ ᠥᠬᠡᠶ ᠨᠡᠪᠲᠡᠷᠡᠬᠦ ᠵᠠᠮ ᠭᠠᠷᠭᠠᠵᠤ  ᠪᠣᠯᠤᠨ᠎ᠠ᠃ ᠦᠨᠡᠮᠯᠡᠯ  ᠰᠣᠯᠢᠬᠤ ᠲᠤᠬᠠᠶᠢᠯᠠᠭᠰᠠᠨ‌ᠠᠵᠢᠯ ᠢ ᠡᠷᠬᠢᠯᠡᠵᠦ  ᠪᠠᠶᠢᠭ᠎ᠠ ᠲᠤᠰ ᠬᠤᠲᠠ ᠶᠢᠨ  ᠰᠠᠭᠤᠭᠠᠯᠢ  ᠠᠷᠠᠳ ᠡᠷᠦᠬᠡ  ᠠᠮᠠ ᠶᠢᠨ  ᠳᠡᠪᠲᠡᠷ ᠢᠶᠠᠨ  ᠬᠠᠩᠭᠠᠪᠠᠯ ᠪᠣᠯᠴᠢᠬᠠᠨ᠎ᠠ᠃              ︹ ᠠᠰᠠᠭᠤᠳᠠᠯ︺ ᠣᠨᠳᠣᠤ ᠭᠠᠵᠠᠷ ᠲᠤ ᠪᠡᠶ᠎ᠡ ᠶᠢᠨ ᠦᠨᠡᠮᠯᠡᠯ ᠤᠨ ᠰᠡᠭᠦᠳᠡᠷ ᠲᠠᠲᠠᠬᠤ ᠦᠶ᠎ᠡ ᠳᠤ᠂ ᠬᠥᠮᠦᠨ ᠤ ᠪᠡᠶ᠎ᠡ ᠶᠢᠨ ᠬᠦᠷᠦᠭ ᠵᠢᠷᠤᠭ ᠢ ᠰᠡᠭᠦᠳᠡᠷᠯᠡᠬᠦ ᠪᠠ  ᠰᠢᠰᠲ᠋ᠧᠮ ᠤᠨ ᠤᠤᠯ ᠤᠨ  ᠪᠡᠶ᠎ᠡ ᠶᠢᠨ  ᠦᠨᠡᠮᠯᠡᠯ ᠢ  ᠬᠠᠷᠢᠴᠠᠭᠤᠯᠤᠭᠰᠠᠨ ᠤ ᠳᠠᠷᠠᠭ᠎ᠠ᠂ ᠠᠳᠠᠯᠢᠪᠲᠤᠷ ᠬᠡᠮᠵᠢᠶ᠎ᠡ ᠨᠢ ᠨᠡᠯᠢᠶᠡᠳ ᠳᠣᠤᠷ᠎ᠠ ᠪᠠᠶᠢᠵᠤ᠂ ᠤᠭ  ᠨᠤᠲᠤᠭ ᠲᠠᠭᠠᠨ  ᠪᠤᠴᠠᠵᠤ  ᠪᠡᠶ᠎ᠡ ᠶᠢᠨ  ᠦᠨᠡᠮᠯᠡᠯ ᠭᠦᠢᠴᠡᠳᠬᠡᠬᠦ ᠴᠢᠬᠤᠯᠠᠲᠠᠶ ᠪᠠᠶᠢᠳᠠᠯ ᠭᠠᠷᠪᠠᠯ ᠶᠠᠭᠠᠬᠢᠬᠤ ᠪᠤᠢ︖              ᠬᠠᠷᠢᠭᠤᠯᠲᠠ᠄ ᠨᠠᠰᠤ ᠵᠢᠯ ᠨᠢ  ᠨᠡᠮᠡᠭᠳᠡᠭᠰᠡᠨ᠂  ᠦᠩᠭᠡ  ᠵᠢᠰᠦ ᠨᠢ  ᠬᠤᠪᠢᠷᠠᠭᠰᠠᠨ  ᠵᠡᠷᠭᠡ ᠠᠴᠠ  ᠪᠣᠯᠵᠤ᠂ ᠤᠭ ᠨᠤᠲᠤᠭ ᠲᠤᠨᠢ ᠰᠢᠶ᠋ᠳᠪᠦᠷᠢᠯᠡᠭᠰᠡᠨ ᠪᠡᠶ᠎ᠡ ᠶᠢᠨ ᠦᠨᠡᠮᠯᠡᠯ ᠤᠨ ᠰᠡᠭᠦᠳᠡᠷ ᠲᠠᠢ ᠨᠡᠯᠢᠶᠡᠳ ᠶᠡᠭᠡ  ᠵᠥᠷᠢᠶ᠎ᠡ ᠲᠠᠢ  ᠪᠠᠶᠢᠳᠠᠯ  ᠭᠠᠷᠴᠤ ᠮᠡᠳᠡᠬᠦ ᠲᠤᠯᠠ ᠵᠥᠪᠬᠡᠨ ᠤᠭ ᠨᠤᠲᠤᠭ ᠲᠤᠨᠢ ᠣᠴᠢᠵᠤ ᠰᠢᠢᠳᠪᠤᠷᠢᠯᠡᠨ᠎ᠡ᠃              ︹ ᠠᠰᠠᠭᠤᠳᠠᠯ ︺ ᠪᠡᠶ᠎ᠡ ᠶᠢᠨ ᠦᠨᠡᠮᠯᠡᠯ ᠳᠡᠭᠡᠷᠡᠬᠢ  ᠭᠡᠷᠡᠯ  ᠵᠢᠷᠤᠭ ᠢ  ᠰᠣᠯᠢᠵᠤ  ᠪᠣᠯᠤᠨ᠎ᠠ  ᠤᠤ︖  ᠬᠡᠷᠪᠡ ᠪᠣᠯᠬᠤ ᠳᠤ ᠬᠦᠷᠪᠡᠯ ᠶᠠᠮᠠᠷ ᠶᠠᠩᠵᠤ ᠶᠢᠨ ᠭᠠᠷ ᠭᠦᠢᠴᠡᠳᠬᠡᠯ ᠬᠢᠬᠦ ᠬᠡᠷᠡᠭ ᠲᠠᠢ ᠪᠣᠶ︖              ᠬᠠᠷᠢᠭᠤᠯᠲᠠ᠄ ᠭᠡᠷᠡᠴᠢ ᠰᠣᠯᠢᠬᠤ ᠴᠠᠭ ᠪᠤᠯᠤᠭ᠎ᠠ ᠦᠭᠡᠢ ᠪᠠᠶᠢᠬᠤ ᠳᠤ᠂ ᠬᠤᠪᠢ ᠬᠥᠮᠦᠨ ᠤ ᠰᠢᠯᠲᠠᠭᠠᠨ ᠠᠴᠠ ᠪᠣᠯᠵᠤ ᠭᠡᠷᠡᠯ ᠵᠢᠷᠤᠭ ᠢ ᠰᠣᠯᠢᠵᠤ ᠪᠣᠯᠤᠨ᠎ᠠ᠂ ᠭᠡᠪᠡᠴᠦ ᠣᠨᠳᠣᠣ ᠭᠠᠵᠠᠷ ᠲᠤ ᠰᠢᠢᠳᠪᠦᠷᠢᠯᠡᠵᠦ  ᠪᠣᠯᠬᠤ  ᠦᠭᠡᠢ᠃  ᠬᠤᠪᠢ  ᠬᠥᠮᠦᠨ ᠭᠤᠶᠤᠴᠢᠯᠠᠯ ᠳᠡᠪᠰᠢᠭᠦᠯᠵᠦ᠂ ᠡᠷᠦᠬᠡ ᠠᠮᠠ ᠶᠢᠨ ᠳᠡᠪᠲᠡᠷ ᠢᠶᠠᠨ ᠠᠪᠴᠤ ᠡᠷᠦᠬᠡ ᠠᠮᠠ ᠶᠢᠨ  ᠳᠠᠩᠰᠠ  ᠪᠠᠶᠢᠭ᠎ᠠ  ᠭᠠᠵᠠᠷ ᠲᠠᠭᠠᠨ ᠣᠴᠢᠵᠤ ᠭᠦᠢᠴᠡᠳᠬᠡᠬᠦ ᠬᠡᠷᠡᠭᠲᠡᠶ᠃      ︹ ᠠᠰᠠᠭᠤᠳᠠᠯ ︺ ᠡᠷᠦᠬᠡ ᠠᠮᠠ ᠶᠢᠨ ᠳᠠᠩᠰᠠ ᠨᠢ ᠤᠯᠠᠭᠠᠨᠬᠠᠳᠠ ᠳᠤ ᠪᠠᠶᠢᠵᠤ᠂ ᠬᠥᠬᠡᠬᠤᠲᠠ ᠳᠤ  ᠰᠠᠭᠤᠵᠤ ᠪᠠᠶᠢᠭ᠎ᠠ ᠨᠠᠰᠤᠲᠠᠶᠢᠴᠤᠳ᠂ ᠭᠠᠳᠠᠭᠠᠳᠤ ᠳᠤ ᠭᠠᠷᠬᠤ ᠭᠠᠷᠳᠠᠮ  ᠭᠦᠢᠴᠡᠳᠬᠡᠬᠦ  ᠣᠶᠢᠶ᠎ᠠ ᠳᠤ  ᠤᠭ  ᠨᠤᠲᠤᠭ ᠲᠠᠭᠠᠨ  ᠪᠤᠴᠠᠵᠤ ᠭᠦᠢᠴᠡᠳᠬᠡᠬᠦ ᠴᠢᠬᠤᠯᠠᠲᠠᠶ ᠤᠤ︖              ᠬᠠᠷᠢᠭᠤᠯᠲᠠ᠄ ᠤᠭ ᠨᠤᠲᠤᠭ ᠲᠠᠭᠠᠨ  ᠬᠠᠷᠢᠬᠤ  ᠬᠡᠷᠡᠭ  ᠦᠭᠡᠢ᠂ ᠬᠥᠬᠡᠬᠤᠲᠠ ᠳᠤ  ᠳᠠᠷᠤᠶ  ᠭᠦᠢᠴᠡᠳᠬᠡᠵᠦ ᠪᠣᠯᠤᠨ᠎ᠠ᠂ ᠭᠡᠪᠡᠴᠦ ᠲᠤᠰ ᠬᠥᠮᠥᠨ ᠨᠢ ᠭᠦᠢᠴᠡᠳᠬᠡᠬᠦ ᠬᠡᠷᠡᠭᠲᠡᠶ᠃              ︹ ᠠᠰᠠᠭᠤᠳᠠᠯ ︺ ᠬᠤᠯᠪᠣᠭᠳᠠᠯ ᠪᠦᠬᠦᠢ ᠭᠠᠷ  ᠭᠦᠢᠴᠡᠳᠬᠡᠯ ᠢ  ᠬᠢᠵᠦ  ᠳᠠᠭᠤᠰᠬᠠᠪᠠᠯ᠂ ᠬᠡᠵᠢᠶ᠎ᠡ ᠪᠡᠶ᠎ᠡ ᠵᠢᠨ‌ᠦᠨᠡᠮᠯᠡᠯ ᠢᠶᠠᠨ ᠠᠪᠴᠤ ᠪᠣᠯᠬᠤ ᠪᠤᠢ︖ ᠦᠨᠡᠮᠯᠡᠯ ᠭᠦᠢᠴᠡᠳᠬᠡᠬᠦ ᠠᠬᠢᠴᠠ ᠶᠢ ᠡᠷᠢᠵᠦ ᠣᠯᠬᠤ ᠠᠷᠭ᠎ᠠ ᠵᠠᠮ ᠪᠠᠢᠨ᠎ᠠ ᠤᠤ ᠥᠬᠡᠶ ᠦᠦ︖ ᠪᠡᠶ᠎ᠡ ᠶᠢᠨ ᠦᠨᠡᠮᠯᠡᠯ ᠤᠨ ᠭᠠᠷᠳᠠᠮ ᠭᠦᠢᠴᠡᠭᠰᠡᠨ  ᠤ ᠳᠠᠷᠠᠭ᠎ᠠ ᠦᠨᠠᠮᠯᠠᠯ ᠢᠶᠠᠨ ᠬᠡᠷᠬᠢᠨ ᠠᠪᠬᠤ ᠪᠤᠢ︖              ᠬᠠᠷᠢᠭᠤᠯᠲᠠ᠄ ᠡᠩ ᠤᠨ ᠪᠠᠶᠢᠳᠠᠯ ᠳᠤ 7 ᠠᠴᠠ 30 ᠡᠳᠦᠷ ᠤᠨ ᠳᠣᠲᠣᠷ᠎ᠠ ᠠᠪᠴᠤ ᠪᠣᠯᠤᠨ᠎ᠠ᠂ ᠬᠤᠳᠠ ᠶᠢᠨ ᠠᠷᠠᠳ‌‍ᠴᠤ ᠰᠢᠤᠳᠠᠨ ᠢᠶᠠᠷ ᠢᠯᠡᠭᠡᠬᠦ ᠠᠷᠭ᠎ᠠ ᠮᠠᠶ᠋ᠢᠭ ᠢ ᠰᠣᠩᠭᠤᠵᠤ᠂ E M S ᠤᠨ  ᠲᠥᠯᠥᠪᠦᠷᠢ ᠲᠠᠢ ᠪᠠᠷ  ᠰᠦᠢᠳᠬᠡᠯ  ᠬᠤᠷᠢᠶᠠᠵᠤ ᠬᠦᠷᠭᠡᠵᠦ ᠪᠣᠯᠤᠨ᠎ᠠ᠃ ᠣᠳᠣᠬᠠᠨ ᠳᠤ ᠵᠥᠪᠬᠡᠨ ᠡᠮᠦᠨ᠎ᠡ ᠲᠠᠪᠴᠠᠩ   ᠤᠨ  ᠳ᠋ᠢᠶᠠᠩᠬᠤᠸᠠ ᠪᠠᠷ  ᠦᠨᠡᠮᠯᠡᠯ  ᠠᠪᠬᠤ  ᠠᠬᠢᠴᠠ ᠶᠢ ᠪᠠᠶᠢᠴᠠᠭᠠᠨ ᠯᠠᠪᠯᠠᠵᠤ ᠪᠤᠯᠤᠨ᠎ᠠ᠂ ᠡᠮᠦᠨ᠎ᠡ ᠲᠠᠪᠴᠠᠩ ᠤᠨ ᠳ᠋ᠢᠶᠠᠩᠬᠤᠤᠨ ᠨᠢ 3959544᠃              ︹ ᠠᠰᠠᠭᠤᠳᠠᠯ ︺ ᠲᠦᠷ ᠴᠠᠭ ᠤᠨ ᠪᠡᠶ᠎ᠡ ᠶᠢᠨ  ᠦᠨᠡᠮᠯᠡᠯ ᠨᠢ  ᠵᠢᠩᠬᠢᠨᠢ  ᠪᠡᠶ᠎ᠡ ᠶᠢᠨ  ᠦᠨᠡᠮᠯᠡᠯ ᠲᠠᠢ  ᠶᠠᠮᠠᠷ ᠢᠯᠭᠠᠭ᠎ᠠ ᠲᠠᠢ ᠪᠤᠢ︖ ᠶᠠᠮᠠᠷ ᠬᠥᠮᠥᠨ ᠲᠦᠷ ᠴᠠᠭ ᠤᠨ ᠪᠡᠶ᠎ᠡ ᠶᠢᠨ ᠦᠨᠡᠮᠯᠡᠯ ᠢ  ᠠᠪᠴᠤ  ᠪᠣᠯᠬᠤ  ᠪᠤᠢ᠂ ᠲᠦᠷ  ᠴᠠᠭ   ᠤᠨ ᠪᠡᠶ᠎ᠡ ᠶᠢᠨ ᠦᠨᠡᠮᠯᠡᠯ ᠢ ᠬᠡᠷᠬᠢᠨ ᠠᠪᠬᠤ ᠪᠤᠢ︖ ᠲᠡᠭᠦᠨ ᠤ ᠬᠦᠴᠦᠨ ᠲᠠᠢ ᠬᠤᠭᠤᠴᠠᠭ᠎ᠠ ᠨᠢ ᠬᠡᠳᠦᠶ ᠣᠷᠳᠣ ᠪᠤᠢ︖               ᠬᠠᠷᠢᠭᠤᠯᠲᠠ᠄ ᠪᠡᠶ᠎ᠡ ᠶᠢᠨ ᠦᠨᠡᠮᠯᠡᠯ ᠢᠶᠠᠨ ᠭᠡᠭᠡᠪᠡᠯ ᠪᠠᠴᠢᠮ  ᠬᠡᠷᠡᠭᠯᠡᠬᠦ  ᠪᠡᠶ᠎ᠡ ᠶᠢᠨ  ᠦᠨᠡᠮᠯᠡᠯ  ᠠᠪᠴᠤ  ᠪᠣᠯᠤᠨ᠎ᠠ᠂ ᠣᠬᠤᠷ ᠬᠤᠭᠤᠴᠠᠭᠠᠨ ᠤ ᠲᠦᠷ ᠴᠠᠭ ᠤᠨ ᠪᠡᠶ᠎ᠡ ᠶᠢᠨ ᠦᠨᠡᠮᠯᠡᠯ  ᠬᠢᠵᠦ  ᠪᠣᠯᠤᠨ᠎ᠠ᠂ ᠲᠤᠰ  ᠬᠤᠲᠠ ᠳᠤ  ᠰᠠᠭᠤᠵᠤ  ᠪᠠᠶᠢᠭ᠎ᠠ ᠬᠤᠲᠠ ᠶᠢᠨ ᠠᠷᠠᠳ ᠭᠦᠢᠴᠡᠳᠬᠡᠵᠦ ᠪᠣᠯᠤᠨ᠎ᠠ᠂ ᠪᠡᠶ᠎ᠡ ᠶᠢᠨ ᠦᠨᠡᠮᠯᠡᠯ ᠤᠨ ᠦᠢᠯᠡᠳᠦᠯ ᠲᠠᠢ  ᠠᠳᠠᠯᠢ  ᠪᠣᠯᠪᠠᠴᠤ  ᠬᠦᠴᠦᠨ ᠲᠠᠢ ᠬᠤᠭᠤᠴᠠᠭ᠎ᠠ ᠨᠢ ᠵᠥᠪᠬᠡᠨ ᠭᠤᠷᠪᠠᠨ ᠰᠠᠷ᠎ᠠ ᠪᠣᠯᠤᠨ᠎ᠠ᠃               ﹇ᠠᠰᠠᠭᠤᠳᠠᠯ﹈ ᠭᠠᠳᠠᠭᠠᠳᠤ ᠳᠤ ᠭᠠᠷᠴᠤ ᠵᠤᠭᠠᠴᠠᠬᠤ ᠳᠤ ᠬᠤᠯᠪᠣᠭᠳᠠᠯ ᠪᠦᠬᠦᠢ  ᠭᠠᠷ  ᠭᠦᠢᠴᠡᠳᠬᠡᠯ ᠢ  ᠬᠡᠷᠬᠢᠨ  ᠬᠢᠬᠦ ᠪᠣᠶ︖ ᠭᠡᠷᠡᠴᠢ ᠲᠡᠮᠳᠡᠭ ᠭᠦᠢᠴᠡᠳᠬᠡᠬᠦ ᠴᠠᠭ ᠨᠢ ᠬᠡᠳᠦᠶ ᠤᠷᠳᠤ ᠪᠠᠶᠢᠳᠠᠭ ᠪᠣᠶ︖              ᠬᠠᠷᠢᠭᠤᠯᠲᠠ᠄  ᠣᠳᠣ ᠶᠢᠨ  ᠫᠠᠰᠫᠣᠷᠲ᠂ ᠰᠢᠶᠠᠩᠭᠠᠩ  ᠣᠣᠮᠧᠨ ᠳᠤ  ᠶᠠᠪᠤᠵᠤ  ᠢᠷᠡᠬᠦ  ᠵᠠᠮ   ᠤᠨ  ᠦᠨᠡᠮᠯᠡᠯ᠂ ᠲᠠᠶᠢᠸᠠᠨ ᠳᠤ ᠶᠠᠪᠤᠵᠤ ᠢᠷᠡᠬᠦ ᠵᠠᠮ ᠤᠨ ᠦᠨᠡᠮᠯᠡᠯ ᠢ ᠭᠦᠢᠴᠡᠳᠬᠡᠬᠦ ᠭᠤᠶᠤᠴᠢᠯᠠᠯ ᠤᠨ ᠬᠦᠰᠦᠨᠦᠭᠲᠦ ᠶᠢ ᠳᠤᠮᠳᠠᠳᠤ ᠤᠯᠤᠰ ‍ᠤᠨ‌‍ᠰᠠᠭᠤᠭᠠᠯᠢ ᠠᠷᠠᠳ ᠤᠨ ᠬᠢᠯᠢ ᠪᠠᠷ ᠣᠷᠣᠵᠤ ᠭᠠᠷᠬᠤ ᠬᠠᠮᠢᠶᠠᠷᠤᠯᠲᠠ ᠶᠢᠨ  ᠦᠨᠡᠮᠯᠡᠯ ᠤᠨ ᠭᠤᠶᠤᠴᠢᠯᠠᠯ ᠤᠨ  ᠬᠦᠰᠦᠨᠦᠭ ᠲᠠᠢ ᠨᠡᠶᠢᠯᠡᠭᠦᠯᠪᠡ᠂ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠢ ᠭᠦᠢᠴᠡᠳᠬᠡᠬᠦ ᠬᠤᠲᠠ ᠶᠢᠨ ᠠᠷᠠᠳ ᠵᠥᠪᠬᠡᠨ ᠨᠢᠭᠡ ᠬᠦᠰᠦᠨᠦᠭᠲᠦ ᠲᠠᠭᠯᠠᠪᠠᠯ ᠪᠣᠯᠴᠢᠬᠠᠨ᠎ᠠ᠂ ᠪᠡᠶ᠎ᠡ ᠶᠢᠨ ᠦᠨᠡᠮᠯᠡᠯ ᠪᠠ ᠰᠦᠢᠳᠬᠡᠯ ᠲᠤᠰᠢᠶᠠᠬᠤ ᠪᠠᠩᠬᠢ ᠶᠢᠨ ᠺᠠᠷᠲ ᠢᠶᠠᠨ ᠠᠪᠴᠤ ᠶᠠᠪᠤᠨ᠎ᠠ᠂  ᠲᠤᠰ ᠭᠠᠵᠠᠷ ᠤᠨ ᠰᠠᠭᠤᠭᠠᠯᠢ ᠠᠷᠠᠳ ᠪᠤᠯ 10 ᠠᠵᠢᠯᠯᠠᠬᠤ ᠡᠳᠦᠷ ᠲᠤ ᠭᠦᠢᠴᠡᠳᠭᠡᠨ ᠳᠠᠭᠤᠰᠬᠠᠵᠤ ᠪᠣᠯᠤᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号