ᠳᠡᠦᠭᠡᠨ ᠳᠤ ᠮᠤᠩᠭᠤᠯ ᠯᠠᠮᠠ ᠨᠠᠷ ᠲᠦᠪᠡᠳ ᠢᠶᠠᠷ ᠬᠡᠳᠦᠢ ᠨᠤᠮ ᠵᠤᠬᠢᠶᠠᠯ ᠳᠤᠭᠤᠷᠪᠢᠵᠦ ᠪᠦᠳᠦᠭᠡᠭᠰᠡᠨ ᠪᠤᠢ
ᠨᠡᠶᠢᠲᠡᠯᠡᠭᠰᠡᠨ ᠴᠠᠭ᠄
2019-04-15
      ᠦᠪᠦᠷ ᠮᠤᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠤᠳᠬ᠎ᠠ ᠵᠤᠬᠢᠶᠠᠯ ᠰᠤᠳᠤᠯᠬᠤ ᠭᠠᠵᠠᠷ ᠤᠨ ᠰᠤᠳᠤᠯᠤᠭᠠᠴᠢ᠂ ᠳᠡᠳ᠋ ᠳᠠᠷᠤᠭ᠎ᠠ ᠱᠤ᠋ ᠯᠢᠨ 2019 ᠤᠨ ᠤ 4 ᠰᠠᠷ᠎ᠠ ᠶᠢᠨ10 ᠤ ᠦᠳᠡ ᠶᠢᠨ ᠡᠮᠦᠨ᠎ᠡ ᠳᠦᠪ ᠤᠨ ᠦᠨᠳᠦᠰᠦᠳᠡᠨ ᠤ ᠶᠡᠭᠡ ᠰᠤᠷᠭᠠᠭᠤᠯᠢ ᠳᠤ ︽ᠮᠤᠩᠭᠤᠯ ᠶᠡᠬᠡᠰ ᠯᠠᠮᠠ ᠨᠠᠷ ᠤᠨ ᠳᠦᠪᠡᠳ ᠢᠶᠠᠷ ᠳᠤᠭᠤᠷᠪᠢᠭᠰᠠᠨ ᠪᠦᠳᠦᠭᠡᠯ ᠤᠨ ᠳᠤᠬᠠᠢ ᠬᠤᠷᠢᠶᠠᠩᠭᠤᠢ ᠳᠤᠭᠠᠴᠢᠯᠳᠠ︾ ᠭᠡᠬᠦ ᠢᠯᠡᠳᠭᠡᠯ ᠬᠢᠪᠡ᠃      ᠠᠷᠪᠠᠨ ᠳᠦᠷᠪᠡᠳᠦᠭᠡᠷ ᠵᠠᠭᠤᠨ ᠠᠴᠠ ᠪᠤᠷᠬᠠᠨ ᠤ ᠱᠠᠰᠢᠨ ᠮᠤᠩᠭᠤᠯ ᠤᠷᠤᠨ᠎ᠠ ᠳᠡᠯᠭᠡᠷᠡᠵᠦ ᠡᠬᠢᠯᠡᠭᠰᠡᠨ ᠳᠡᠷᠡ ᠴᠠᠭ ᠠᠴᠠ ᠮᠤᠩᠭᠤᠯ ᠦᠨᠳᠦᠰᠦᠳᠡᠨ ᠤ ᠵᠠᠷᠢᠮ ᠯᠠᠮᠠ ᠨᠠᠷ ᠳᠦᠪᠡᠳ ᠢᠶᠠᠷ ᠨᠤᠮ ᠵᠤᠬᠢᠶᠠᠯ ᠳᠤᠭᠤᠷᠪᠢᠵᠦ ᠪᠠᠶᠢᠭᠰᠠᠨ ᠶᠤᠮ᠃ ᠭᠯᠦᠭᠪᠠ ᠶᠢᠨ ᠪᠦᠯᠦᠭ ᠤᠨ ᠰᠢᠷ᠎ᠡ ᠶᠢᠨ ᠱᠠᠰᠢᠨ ᠤ ᠨᠦᠯᠦᠭᠡ ᠪᠠᠷ  ᠠᠷᠪᠠᠨ ᠳᠤᠯᠤᠭ᠎ᠠ — ᠠᠷᠪᠠᠨ ᠨᠠᠢᠮᠠᠳᠤᠭᠠᠷ ᠵᠠᠭᠤᠨ ᠤ ᠦᠶ᠎ᠡ ᠳᠤ ᠮᠤᠩᠭᠤᠯ ᠯᠠᠮᠠ ᠨᠠᠷ ᠤᠨ ᠲᠦᠪᠡᠳ ᠢᠶᠠᠷ ᠨᠤᠮ ᠵᠤᠬᠢᠶᠠᠯ ᠳᠤᠭᠤᠷᠪᠢᠬᠤ ᠦᠢᠯᠡ ᠠᠵᠢᠯᠯᠠᠭ᠎ᠠ ᠤᠷᠬᠢᠯ ᠳᠤ ᠪᠠᠨ ᠬᠦᠷᠦᠭᠰᠡᠨ ᠪᠠᠶᠢᠳᠠᠭ᠃ ᠱᠤ᠋ ᠯᠢᠨ ᠳᠤᠰ ᠢᠯᠡᠳᠭᠡᠯ ᠳᠤ ᠪᠠᠨ ᠮᠤᠩᠭᠤᠯ ᠯᠠᠮᠠ ᠨᠠᠷ  ᠤᠨ ᠲᠦᠪᠡᠳ ᠢᠶᠠᠷ ᠪᠢᠴᠢᠭᠰᠡᠨ ᠨᠤᠮ ᠵᠤᠬᠢᠶᠠᠯ ᠤᠨ ᠶᠡᠷᠦᠩᠭᠡᠢ ᠤᠨᠴᠠᠯᠢᠭ ᠰᠢᠨᠵᠢ᠂ ᠪᠢᠴᠢᠭᠳᠡᠭᠰᠡᠨ ᠠᠭᠤᠯᠭ᠎ᠠ ᠶᠢᠨ ᠳᠠᠯ᠎ᠠ ᠪᠠᠷ ᠬᠤᠷᠢᠶᠠᠩᠭᠤᠶᠢᠯᠠᠨ ᠦᠬᠦᠯᠡᠵᠦ᠂ ᠡᠳᠡᠭᠡᠷ ᠪᠦᠳᠦᠭᠡᠯ ᠤᠳ ᠤᠨ ᠦᠨ᠎ᠡ ᠴᠠᠨ᠎ᠠ᠂ ᠴᠤᠭᠯᠠᠭᠤᠯᠵᠦ᠂ ᠡᠮᠬᠢᠳᠭᠡᠵᠦ᠂ ᠤᠷᠴᠢᠭᠤᠯᠵᠦ᠂ ᠰᠤᠳᠤᠯᠵᠦ᠂ ᠬᠡᠪᠯᠡᠬᠦᠯᠬᠦ ᠶᠢᠨ ᠴᠢᠬᠤᠯᠠ ᠴᠢᠨᠠᠷ ᠢ ᠶᠠᠷᠢᠵᠠᠢ᠃        ᠦᠪᠦᠷ ᠮᠤᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠤᠳᠬ᠎ᠠ ᠵᠤᠬᠢᠶᠠᠯ ᠰᠤᠳᠤᠯᠬᠤ ᠭᠠᠵᠠᠷ ᠤᠨ ᠰᠤᠳᠤᠯᠤᠭᠠᠴᠢ᠂ ᠳᠡᠳ᠋ ᠳᠠᠷᠤᠭ᠎ᠠ ᠱᠤ᠋ ᠯᠢᠨ ᠪᠠᠷ ᠡᠨᠡᠳᠭᠡᠭ ᠳᠦᠪᠡᠳ ᠮᠤᠩᠭᠤᠯ ᠬᠠᠷᠢᠴᠠᠭᠤᠯᠤᠭᠰᠠᠨ ᠰᠢᠯᠦᠭ ᠵᠦᠢ᠂ ᠮᠤᠩᠭᠤᠯ ᠦᠨᠳᠦᠰᠦᠳᠡᠨ ᠤ ᠪᠤᠷᠬᠠᠨ ᠤ ᠱᠠᠰᠢᠨ ᠤ ᠤᠷᠠᠨ ᠵᠤᠬᠢᠶᠠᠯ ᠬᠢᠭᠡᠳ ᠰᠤᠷᠪᠤᠯᠵᠢ ᠪᠢᠴᠢᠭ᠂  ᠮᠤᠩᠭᠤᠯᠴᠤᠳ ᠤᠨ ᠳᠦᠪᠡᠳ ᠢᠶᠠᠷ  ᠳᠤᠭᠤᠷᠪᠢᠭᠰᠠᠨ ᠪᠦᠳᠦᠭᠡᠯ ᠪᠤᠯᠤᠨ ᠮᠤᠩᠭᠤᠯ ᠳᠦᠪᠡᠳ ︽ᠭᠡᠰᠡᠷ︾ ᠤᠨ ᠬᠦᠷᠢᠶᠡᠨ ᠳᠤ ᠰᠤᠳᠤᠯᠭᠠᠨ ᠬᠢᠵᠦ᠂ ︽ᠮᠤᠩᠭᠤᠯᠴᠤᠳ ᠤᠨ ᠳᠦᠪᠡᠳ ᠬᠡᠯᠡᠨ ᠳᠡᠭᠡᠷᠡᠬᠢ ᠤᠳᠬ᠎ᠠ ᠵᠤᠬᠢᠶᠠᠯ ᠤᠨ ᠤᠨᠤᠯ ᠤᠨ ᠳᠤᠭᠳᠠᠯᠴᠠᠭ᠎ᠠ︾᠂ ︽ᠢᠰᠢᠪᠠᠯᠵᠤᠤᠷ︾ ᠵᠡᠷᠭᠡ  ᠡᠷᠳᠡᠮ ᠰᠢᠨᠵᠢᠯᠡᠭᠡᠨ ᠤ ᠦᠨ᠎ᠡ ᠦᠷᠳᠡᠭ ᠢᠶᠠᠷ ᠦᠨᠳᠦᠷ ᠳᠤᠷᠪᠢᠯᠢᠭ ᠪᠦᠳᠦᠭᠡᠯ ᠳᠤᠭᠤᠷᠪᠢᠵᠦ᠂ ᠪᠤᠰᠤᠳ ᠲᠠᠢ ᠬᠠᠮᠳᠤᠷᠠᠨ ︽ ᠬᠦᠩᠭᠠᠵᠠᠯᠰᠠᠨ ᠤ ︿ᠮᠡᠷᠭᠡᠳ ᠤᠷᠤᠬᠤ ᠶᠢᠨ ᠬᠠᠭᠠᠯᠭ᠎ᠠ﹀ ᠬᠢᠭᠡᠳ ᠠᠭᠸᠠᠩᠳᠠᠨᠳᠠᠷ ᠤᠨ ︿ᠰᠠᠶᠢᠨ ᠨᠤᠮᠯᠠᠯ ᠤᠨ ᠨᠠᠷᠠᠨ ᠤ ᠭᠡᠷᠡᠯ﹀ ᠤᠨ ᠬᠠᠷᠢᠴᠠᠭᠤᠯᠤᠭᠰᠠᠨ ᠰᠤᠳᠤᠯᠤᠯ︾ ᠵᠡᠷᠭᠡ ᠪᠦᠳᠦᠭᠡᠯ ᠬᠡᠪᠯᠡᠬᠦᠯᠵᠡᠢ᠃ ᠱᠤ᠋ ᠯᠢᠨ ᠭᠠᠭᠴᠠ ᠡᠷᠳᠡᠮ ᠰᠢᠨᠵᠢᠯᠡᠭᠡᠨ ᠤ ᠪᠦᠳᠦᠭᠡᠯ ᠤᠷᠤᠯᠳᠤᠵᠦ ᠶᠠᠪᠤᠭᠰᠠᠨ ᠳᠡᠳᠦᠢ ᠦᠭᠡᠢ ᠪᠤ · ᠰᠢᠭᠤᠢ ᠭᠡᠬᠦ ᠪᠢᠷ ᠤᠨ ᠨᠡᠷ᠎ᠡ ᠪᠠᠷ ᠢᠷᠠᠭᠤ ᠨᠠᠶᠢᠷᠠᠭ ᠤᠨ ᠱᠠᠳ ᠤᠳ ᠢ ᠳᠡᠷᠡᠯᠡᠬᠦᠯᠵᠦ᠂ ︽ᠳᠠᠪᠤᠳᠤᠭᠠᠷ ᠤᠯᠠᠷᠢᠯ︾᠂ ︽ᠬᠠᠷᠠᠮᠰᠠᠯ ᠦᠭᠡᠢ ᠰᠤᠩᠭᠤᠯᠳᠠ︾ ᠪᠦᠳᠦᠭᠡᠯ ᠢᠶᠠᠷ ᠢᠶᠠᠨ ᠲᠦᠮᠡᠨ ᠤ ᠳᠠᠨᠢᠯ ᠪᠤᠯᠤᠭᠰᠠᠨ ᠤᠷᠠᠨ ᠪᠦᠳᠦᠭᠡᠯᠴᠢ ᠶᠤᠮ᠃
 
ᠢᠷᠡᠯᠲᠡ᠄ ᠲᠥᠪ ᠤᠨ ᠮᠣᠩᠭᠤᠯ ᠷᠠᠳᠢᠣ᠋ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号