ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠳᠤ ᠰᠢᠨ᠎ᠡ ᠳᠡᠭᠡᠳᠦ ᠰᠤᠷᠭᠠᠭᠤᠯᠢ ᠲᠠᠢ ᠪᠣᠯᠪᠠ
ᠨᠡᠶᠢᠲᠡᠯᠡᠭᠰᠡᠨ ᠴᠠᠭ᠄
2019-04-15
      ᠰᠢᠨ᠎ᠡ ᠴᠠᠭ ᠥᠶ᠎ᠡ ᠶᠢᠨ ᠳᠤᠮᠳᠠᠳᠤ ᠤᠯᠤᠰ ᠤᠨ ᠰᠤᠷᠭᠠᠨ ᠬᠦᠮᠦᠵᠢᠯ ᠤᠨ ᠤᠬᠠᠭᠠᠨ ᠤ ᠬᠦᠭᠵᠢᠯᠲᠡ ᠶᠢᠨ ᠶᠠᠷᠢᠶᠠᠨ ᠤ ᠳᠠᠪᠴᠠᠩ ᠵᠢᠴᠢ ᠦᠪᠦᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠰᠢᠨ᠎ᠡ ᠪᠠᠷ ᠪᠠᠶᠢᠭᠤᠯᠤᠭᠳᠠᠭᠰᠠᠨ ᠰᠤᠷᠭᠠᠨ ᠬᠦᠮᠦᠵᠢᠯ ᠤᠨ ᠳᠡᠭᠡᠳᠦ ᠰᠤᠷᠭᠠᠭᠤᠯᠢ ᠶᠢᠨ ᠫᠠᠶᠢᠰᠠ ᠢᠯᠡᠷᠬᠡᠶᠢᠯᠡᠯ ᠡᠯᠭᠦᠬᠦ ᠶᠣᠰᠣᠯᠠᠯ 4 ᠳ᠋ᠦ᠋ᠭᠡᠷ ᠰᠠᠷ᠎ᠠ ᠶᠢᠨ 14 ᠤ ᠡᠳᠦᠷ ᠦᠪᠦᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠳᠤ ᠶᠠᠪᠤᠭᠳᠠᠪᠠ᠃
     ᠦᠪᠦᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠰᠤᠷᠭᠠᠨ ᠬᠦᠮᠦᠵᠢᠯ ᠤᠨ ᠳᠡᠭᠡᠳᠦ ᠰᠤᠷᠭᠠᠭᠤᠯᠢ  ᠨᠢ ᠰᠤᠷᠭᠠᠨ ᠬᠦᠮᠦᠵᠢᠯ ᠤᠨ ᠤᠬᠠᠭᠠᠨ᠂  ᠰᠤᠷᠭᠠᠭᠤᠯᠢ ᠳᠤ ᠰᠠᠭᠤᠬᠤ ᠨᠠᠰᠤᠨ ᠠᠴᠠ ᠡᠮᠦᠨᠡᠬᠢ ᠪᠠ ᠣᠨᠴᠠᠭᠠᠢ ᠰᠤᠷᠭᠠᠨ ᠬᠦᠮᠦᠵᠢᠯ᠂ ᠣᠯᠠᠨ ᠨᠡᠶᠢᠲᠡ ᠶᠢᠨ ᠠᠵᠢᠯ ᠦᠢᠯᠡᠰ ᠤᠨ ᠬᠠᠮᠢᠶᠠᠷᠤᠯᠲᠠ᠂ ᠰᠤᠷᠭᠠᠨ ᠬᠦᠮᠦᠵᠢᠯ ᠤᠨ ᠮᠡᠷᠭᠡᠵᠢᠯ ᠪᠠ ᠪᠠᠭ᠎ᠠ ᠰᠤᠷᠭᠠᠭᠤᠯᠢ ᠶᠢᠨ ᠰᠤᠷᠭᠠᠨ ᠬᠦᠮᠦᠵᠢᠯ ᠤᠨ ᠰᠠᠯᠪᠤᠷᠢ ᠵᠡᠷᠭᠡ ᠲᠠᠪᠤᠨ ᠰᠠᠯᠪᠤᠷᠢ ᠪᠠᠷ ᠪᠦᠷᠢᠯᠳᠦᠵᠡᠢ᠃ ᠳᠡᠭᠡᠳᠦ ᠰᠤᠷᠭᠠᠭᠤᠯᠢ ᠨᠢ ᠦᠨᠳᠦᠰᠦᠨ ᠠᠩᠭᠢ ᠶᠢᠨ ᠰᠤᠷᠭᠠᠨ ᠬᠦᠮᠦᠵᠢᠯ ᠢᠶᠠᠷ ᠰᠠᠭᠤᠷᠢ ᠪᠣᠯᠭᠠᠵᠤ ᠂ ᠬᠢᠴᠢᠶᠡᠯ ᠲᠦᠷᠦᠯ ᠤᠨ ᠪᠠᠶᠢᠭᠤᠯᠤᠯᠳᠠ ᠪᠠᠷ ᠵᠢᠯᠣᠭᠤᠳᠤᠭᠤᠯᠤᠨ᠂ ᠮᠡᠷᠭᠡᠵᠢᠯ ᠰᠤᠳᠤᠯᠭᠠᠨ ᠢᠶᠠᠷ ᠲᠤᠯᠭᠠᠭᠤᠷᠢᠯᠠᠵᠤ᠂ ᠰᠤᠳᠤᠯᠬᠤ ᠰᠤᠷᠤᠭᠴᠢ ᠶᠢᠨ ᠰᠤᠷᠭᠠᠨ ᠬᠦᠮᠦᠵᠢᠯ ᠢ ᠬᠦᠭᠵᠢᠬᠦᠯᠦᠨ᠂ ᠭᠠᠳᠠᠭᠠᠳᠤ ᠲᠠᠢ ᠰᠤᠯᠢᠯᠴᠠᠭ᠎ᠠ ᠪᠠ  ᠬᠠᠮᠲᠤ  ᠶᠢᠨ ᠠᠵᠢᠯᠯᠠᠭ᠎ᠠ  ᠥᠷᠨᠢᠭᠦᠯᠬᠦ ᠶᠢ ᠴᠢᠬᠤᠯᠠᠴᠢᠯᠠᠵᠤ᠂   ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠦᠢᠯᠡᠰ ᠲᠠᠬᠢ ᠴᠢᠬᠤᠯᠠ ᠶᠡᠭᠡ ᠣᠨᠣᠯ ᠪᠠ ᠦᠢᠯᠡᠳᠦᠯᠭᠡ ᠶᠢᠨ ᠠᠰᠠᠭᠤᠳᠠᠯ ᠤᠨ ᠲᠣᠭᠤᠷᠢᠨ ᠳᠤ ᠤᠷᠢᠳᠴᠢ ᠴᠢᠨᠠᠷ  ᠲᠠᠢ᠂ ᠬᠠᠨᠳᠤᠯᠭᠠᠲᠤ ᠴᠢᠨᠠᠷ ᠲᠠᠢ᠂ ᠪᠠᠶᠢᠯᠳᠤᠬᠤ ᠪᠣᠳᠣᠯᠭ᠎ᠠ ᠶᠢᠨ ᠴᠢᠨᠠᠷ ᠲᠠᠢ ᠶᠡᠷᠦᠩᠬᠡᠶᠢᠯᠡᠭᠰᠡᠨ ᠰᠤᠳᠤᠯᠭ᠎ᠠ ᠬᠢᠵᠦ᠂ ᠣᠨᠣᠯ ᠤᠨ ᠦᠨᠳᠦᠷᠴᠡ ᠪᠠ ᠦᠢᠯᠡᠳᠦᠯᠭᠡ ᠶᠢᠨ ᠦᠷᠲᠡᠭ ᠲᠠᠢ ᠰᠠᠨᠠᠯ ᠰᠠᠨᠠᠭᠤᠯᠭ᠎ᠠ ᠳᠤᠷᠠᠳᠤᠨ᠂  ᠲᠡᠷᠢᠭᠦᠨ ᠤ ᠬᠢᠴᠢᠶᠡᠯ ᠲᠥᠷᠥᠯ ᠪᠠ ᠳᠡᠭᠡᠳᠦ ᠰᠤᠷᠭᠠᠭᠤᠯᠢ ᠶᠢ ᠪᠠᠶᠢᠭᠤᠯᠬᠤ ᠪᠣᠯᠣᠨ᠎ᠠ᠃ ᠳᠡᠭᠡᠳᠦ ᠰᠤᠷᠭᠠᠭᠤᠯᠢ ᠨᠢ ᠪᠡᠭᠡᠵᠢᠩ ᠶᠡᠭᠡ ᠰᠤᠷᠭᠠᠭᠤᠯᠢ ᠶᠢᠨ ᠰᠤᠷᠭᠠᠨ ᠬᠦᠮᠦᠵᠢᠯ ᠤᠨ ᠳᠡᠭᠡᠳᠦ ᠰᠤᠷᠭᠠᠭᠤᠯᠢ ᠶᠢᠨ ᠵᠠᠬᠢᠷᠤᠯ᠂ ᠳ᠋ᠣᠺᠲ᠋ᠣᠷ ᠤᠨ ᠵᠢᠯᠣᠭᠤᠳᠤᠭᠴᠢ ᠶᠠᠨ ᠹᠧᠩ ᠵᠢᠶᠣᠣ᠂ ᠲᠦᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠰᠤᠷᠭᠠᠨ ᠬᠦᠮᠦᠵᠢᠯ ᠤᠨ ᠳᠡᠭᠡᠳᠦ ᠰᠤᠷᠭᠠᠭᠤᠯᠢ ᠶᠢᠨ ᠱᠦᠵᠢ᠂ ᠳ᠋ᠣᠺᠲ᠋ᠣᠷ ᠤᠨ ᠵᠢᠯᠣᠭᠤᠳᠤᠭᠴᠢ ᠰᠣᠳᠣᠪᠢᠯᠢᠭ᠌ ᠵᠡᠷᠭᠡ ᠳᠣᠯᠣᠭᠠᠨ ᠪᠠᠭᠰᠢ ᠶᠢ ᠠᠵᠢᠯ ᠬᠠᠪᠰᠤᠷᠭᠠᠭᠰᠠᠨ  ᠫᠷᠣᠹᠧᠰᠰᠣᠷ ᠢᠶᠠᠷ ᠤᠷᠢᠵᠤ᠂  ᠲᠡᠳᠡᠨ ᠳᠤ ᠦᠨᠡᠮᠯᠡᠯ ᠣᠯᠭᠤᠵᠠᠢ ᠃ ᠳᠡᠭᠡᠳᠦ ᠰᠤᠷᠭᠠᠭᠤᠯᠢ ᠨᠢ 2020 ᠣᠨ ᠳᠤ ᠨᠢᠭᠡᠳᠦᠭᠡᠷ ᠳᠡᠰ ᠤᠨ ᠬᠢᠴᠢᠶᠡᠯ ᠬᠦᠮᠦᠵᠢᠯ ᠤᠨ ᠳ᠋ᠣᠺᠲ᠋ᠣᠷ ᠬᠦᠮᠦᠵᠢᠬᠦᠯᠬᠦ ᠪᠠ ᠰᠤᠷᠭᠠᠨ ᠬᠦᠮᠦᠵᠢᠯ ᠤᠨ ᠳ᠋ᠣᠺᠲ᠋ᠣᠷ ᠬᠦᠮᠦᠵᠢᠬᠦᠯᠬᠦ ᠡᠷᠬᠡ ᠶᠢ ᠣᠯᠬᠤ ᠬᠠᠷᠠᠯᠲᠠ ᠪᠠᠷ ᠴᠢᠷᠮᠠᠶᠢᠬᠤ ᠪᠣᠯᠣᠨ᠎ᠠ᠃      ᠶᠣᠰᠣᠯᠠᠯ ᠲᠠᠢ ᠬᠠᠮᠲᠤ ᠶᠠᠪᠤᠭᠳᠠᠭᠰᠠᠨ ᠶᠠᠷᠢᠶᠠᠨ ᠤ ᠳᠠᠪᠴᠠᠩ ᠳᠡᠭᠡᠷ᠎ᠡ᠂ ᠪᠡᠭᠡᠵᠢᠩ ᠶᠡᠭᠡ ᠰᠤᠷᠭᠠᠭᠤᠯᠢ ᠶᠢᠨ ᠰᠤᠷᠭᠠᠨ ᠬᠦᠮᠦᠵᠢᠯ ᠤᠨ ᠳᠡᠭᠡᠳᠦ ᠰᠤᠷᠭᠠᠭᠤᠯᠢ ᠶᠢᠨ ᠵᠠᠬᠢᠷᠤᠯ ᠶᠠᠨ ᠹᠧᠩ ᠵᠢᠶᠣᠣ᠂ ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ ᠶᠢᠨ ᠳ᠋ᠣᠺᠲ᠋ᠣᠷᠠᠨᠲ ᠤᠨ ᠬᠦᠭᠵᠢᠯᠲᠡ ᠰᠤᠳᠤᠯᠭᠠᠨ ᠪᠠ ᠦᠨᠡᠯᠡᠯᠲᠡ ᠶᠢᠨ ᠲᠦᠪ ᠤᠨ ᠡᠷᠬᠢᠯᠡᠭᠴᠢ ᠶᠣᠣ ᠶᠦᠨ ᠵᠡᠷᠭᠡ ᠰᠤᠳᠤᠯᠭᠠᠲᠠᠳ ᠮᠡᠷᠭᠡᠵᠢᠯᠲᠡᠳ  ᠭᠤᠣᠯ ᠰᠡᠳᠦᠪᠲᠦ ᠮᠡᠳᠡᠭᠦᠯᠦᠯᠲᠡ ᠬᠢᠭᠰᠡᠨ ᠪᠠᠶᠢᠨ᠎ᠠ᠃ ᠦᠪᠦᠷ ᠮᠣᠩᠭᠤᠯ ᠤᠨ ᠷᠠᠳᠢᠤ᠋ ᠲᠧᠯᠸᠢᠰ ᠬᠤᠷᠢᠶᠠᠨ ᠤ ᠰᠤᠷᠪᠤᠯᠵᠢᠯᠠᠭᠴᠢ ᠠᠯᠲᠠᠨᠪᠠᠶᠠᠷ ᠮᠡᠳᠡᠭᠡᠯᠡᠪᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠷᠠᠳᠢᠣ᠋ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号