ᠪᠡᠶ᠎ᠡ ᠶᠢᠨ ᠦᠨᠡᠮᠯᠡᠯ ᠪᠣᠯ ᠬᠦᠮᠤᠨ ᠤ ᠪᠡᠶ᠎ᠡ ᠶᠢᠨ ᠭᠠᠷᠤᠯ ᠢ ᠭᠡᠷᠡᠴᠢᠯᠡᠬᠦ ᠦᠨᠡᠮᠯᠡᠯ ᠮᠥᠨ᠂ ᠪᠡᠶ᠎ᠡ ᠶᠢᠨ ᠬᠢᠷᠢ ᠬᠡᠮ ᠢ ᠭᠡᠷᠡᠴᠢᠯᠡᠬᠦ᠂ ᠲᠤᠬᠠᠶᠢᠯᠠᠭᠰᠠᠨ | ᠠᠵᠢᠯ ᠡᠷᠬᠢᠯᠡᠬᠦ᠂ ᠭᠠᠳᠠᠭᠰᠢ ᠭᠠᠷᠴᠤ ᠵᠤᠭᠠᠴᠠᠬᠤ᠁ ᠳᠤ ᠪᠡᠶ᠎ᠡ ᠶᠢᠨ ᠦᠨᠡᠮᠯᠡᠯ ᠦᠭᠡᠢ ᠪᠣᠯ ᠠᠯᠬᠤᠬᠤᠶ᠎ᠠ ᠪᠡᠷᠬᠡ ᠭᠡᠵᠦ ᠬᠡᠯᠡᠵᠦ ᠪᠣᠯᠤᠨ᠎ᠠ᠃ ᠲᠡᠭᠡᠪᠡᠯ | ᠪᠡᠶ᠎ᠡ ᠶᠢᠨ ᠦᠨᠡᠮᠯᠡᠯ ᠢᠶᠠᠨ ᠭᠡᠭᠡᠪᠡᠯ ᠬᠡᠷᠬᠢᠨ ᠨᠥᠬᠦᠵᠦ ᠭᠦᠢᠴᠡᠳᠬᠡᠬᠦ ᠪᠤᠢ︖ ᠪᠡᠶ᠎ᠡ ᠶᠢᠨ ᠦᠨᠡᠮᠯᠡᠯ ᠨᠢ ᠬᠤᠭᠤᠴᠠᠭ᠎ᠠ ᠲᠤᠯᠪᠠᠯ ᠬᠡᠷᠬᠢᠨ ᠰᠣᠯᠢᠵᠤ ᠠᠪᠬᠤ | ᠪᠤᠢ︖ ᠪᠡᠶ᠎ᠡ ᠶᠢᠨ ᠦᠨᠡᠮᠯᠡᠯ ᠵᠶ᠋ᠠᠨᠨᠥ᠋ᠬᠦᠵᠦ ᠬᠢᠯᠭᠡᠬᠦ ᠳᠤ ᠪᠠᠰᠠ ᠶᠠᠮᠠᠷ ᠭᠠᠷ ᠭᠦᠢᠴᠡᠳᠬᠡᠯ ᠬᠢᠬᠦ ᠬᠡᠷᠡᠭᠲᠡᠶ ᠪᠣᠶ︖ ᠣᠨᠳᠣᠤ ᠭᠠᠵᠠᠷ ᠪᠡᠶ᠎ᠡ ᠶᠢᠨ | ᠦᠨᠡᠮᠯᠡᠯ ᠢ ᠭᠦᠢᠴᠡᠳᠬᠡᠬᠦ ᠨᠢ ᠶᠠᠮᠠᠷ ᠳᠡᠰ ᠳᠠᠷᠠᠭ᠎ᠠ ᠲᠠᠢ ᠪᠤᠢ︖ ᠲᠦᠷ ᠴᠠᠭ ᠤᠨ ᠪᠡᠶ᠎ᠡ ᠶᠢᠨ ᠦᠨᠡᠮᠯᠡᠯ ᠢ ᠬᠡᠷᠬᠢᠨ ᠭᠤᠶᠤᠴᠢᠯᠠᠬᠤ ᠪᠤᠢ︖ᠬᠤᠲᠠ ᠶᠢᠨ | ᠠᠷᠠᠳ ᠤᠨ ᠪᠡᠶ᠎ᠡ ᠶᠢᠨ ᠦᠨᠡᠮᠯᠡᠯ ᠭᠦᠢᠴᠡᠳᠬᠡᠬᠦ ᠳᠤ ᠲᠤᠯᠭᠠᠷᠠᠭᠰᠠᠨ ᠠᠰᠠᠭᠤᠳᠠᠯ ᠤᠨ ᠲᠤᠬᠠᠢ ᠲᠦᠷᠦᠭᠦᠬᠡᠨ᠂ ᠬᠥᠬᠡᠬᠤᠲᠠᠶᠢᠨ ︽ᠬᠠᠮ ᠵᠠᠭᠤᠴᠢᠯᠠᠭᠤᠷ ᠤᠨ | ᠠᠷᠠᠳ ᠤᠨ ᠠᠮᠢᠳᠤᠷᠠᠯ ᠤᠨ ᠦᠶ᠋ᠯᠡᠴᠢᠯᠡᠭᠡᠨ ᠤ ᠲᠠᠪᠴᠠᠩ︾ ᠤᠨ ᠬᠢᠨ ᠬᠤᠲᠣᠩ ᠦᠨᠳᠦᠰᠦᠲᠡᠨ ᠤ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ | ᠬᠤᠪᠢᠶᠠᠷᠢ ᠲᠣᠪᠴᠢᠶ᠎ᠠ ᠶᠢᠨ ᠦᠨᠳᠦᠰᠦᠨ ᠱᠠᠲᠤᠨ ᠤ ᠰᠠᠭᠤᠷᠢ ᠶᠡᠭᠡ ᠠᠩᠭᠢ ᠶᠢᠨ ᠳᠠᠷᠤᠭ᠎ᠠ ᠯᠢ ᠵᠢᠶᠦ᠋ᠩ᠂ ᠬᠤᠲᠣᠩ ᠦᠨᠳᠦᠰᠦᠲᠡᠨ ᠤ ᠲᠣᠭᠤᠷᠢᠭ ᠤᠨ | ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠬᠢᠯᠢ ᠪᠠᠷ ᠣᠷᠣᠵᠤ ᠭᠠᠷᠬᠤ ᠬᠠᠮᠢᠶᠠᠷᠤᠯᠲᠠ ᠶᠢᠨ ᠶᠡᠭᠡ ᠠᠩᠭᠢ ᠶᠢᠨ ᠳᠡᠳ᠋ ᠳᠠᠷᠤᠭ᠎ᠠ ᠭᠤᠤ | ᠷᠦᠨᠶᠦ᠋ᠩ ᠢ ᠤᠷᠢᠵᠤ ᠲᠠᠶᠢᠯᠤᠮᠵᠢ ᠬᠢᠯᠭᠡᠪᠡ᠃ | ︹ ᠠᠰᠠᠭᠤᠳᠠᠯ ︺ ᠡᠷᠦᠬᠡ ᠠᠮᠠ ᠶᠢᠨ ᠳᠠᠩᠰᠠ ᠰᠠᠶᠢᠬᠠᠨ ᠲᠣᠭᠤᠷᠢᠭ ᠲᠤ ᠪᠠᠶᠢᠵᠤ᠂ ᠬᠥᠮᠥᠨ ᠨᠢ ᠬᠤᠲᠣᠩ ᠦᠨᠳᠦᠰᠦᠲᠡᠨ ᠤ ᠲᠣᠭᠤᠷᠢᠭ ᠲᠤ | ᠠᠵᠢᠯᠯᠠᠵᠤ ᠪᠠᠶᠢᠭᠠᠳ ᠪᠡᠶ᠎ᠡ ᠶᠢᠨ ᠦᠨᠡᠮᠯᠡᠯ ᠢᠶᠠᠨ ᠭᠡᠭᠡᠭᠰᠡᠨ ᠪᠣᠯ ᠬᠤᠲᠣᠩ ᠦᠨᠳᠦᠰᠦᠲᠡᠨ ᠤ ᠲᠤᠭᠤᠷᠢᠭ ᠲᠤ ᠨᠥᠬᠦᠵᠦ ᠭᠦᠢᠴᠡᠳᠬᠡᠵᠦ ᠪᠣᠯᠤᠨ᠎ᠠ ᠤᠤ︖ | ᠶᠠᠮᠠᠷ ᠦᠨᠡᠮᠯᠡᠯ ᠦᠵᠡᠭᠦᠯᠬᠦ ᠬᠡᠷᠡᠭᠲᠡᠶ ᠪᠣᠶ︖ ᠭᠡᠷᠡᠯ ᠵᠢᠷᠤᠭ ᠠᠪᠬᠤ ᠳᠤ ᠨᠢᠳᠦᠨ ᠰᠢᠯ ᠵᠡᠭᠦᠵᠦ ᠪᠣᠯᠬᠤ ᠤᠤ︖ | ᠬᠠᠷᠢᠭᠤᠯᠲᠠ᠄ ᠪᠡᠶ᠎ᠡ ᠶᠢᠨ ᠦᠨᠡᠮᠯᠡᠯ ᠢ ᠨᠥᠬᠦᠨ ᠭᠦᠢᠴᠡᠳᠬᠡᠬᠦ ᠳᠤ ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ ᠲᠤ ᠬᠢᠬᠦ ᠴᠢᠬᠤᠯᠠᠲᠠᠶ᠂ ᠣᠨᠳᠣᠤ | ᠭᠠᠵᠠᠷ ᠲᠤ ᠪᠡᠶ᠎ᠡ ᠶᠢᠨ ᠦᠨᠡᠮᠯᠡᠯ ᠭᠦᠢᠴᠡᠳᠬᠡᠬᠦ ᠳᠤ ᠭᠡᠷᠡᠯ ᠵᠢᠷᠤᠭ ᠠᠪᠬᠤ ᠪᠠ ᠬᠤᠷᠤᠭᠤᠨ ᠤ ᠬᠡ ᠠᠪᠬᠤ ᠴᠢᠬᠤᠯᠠᠲᠠᠶ᠂ ᠭᠤᠶᠤᠴᠢᠯᠠᠭᠴᠢ ᠡᠷᠦᠬᠡ ᠠᠮᠠ ᠶᠢᠨ | ᠳᠡᠪᠲᠡᠷ᠂ ᠪᠡᠶ᠎ᠡ ᠶᠢᠨ ᠦᠨᠡᠮᠯᠡᠯ ᠤᠨ ᠬᠠᠭᠤᠯᠪᠤᠷᠢ᠂ ᠵᠢᠯᠣᠭᠤᠴᠢ ᠵᠢᠨᠦᠨᠡᠮᠯᠡᠯ ᠵᠡᠷᠭᠡ ᠪᠡᠶ᠎ᠡ ᠬᠡᠮ ᠢ ᠭᠡᠷᠡᠴᠢᠯᠡᠵᠦ ᠪᠣᠯᠬᠤ ᠮᠠᠲ᠋ᠧᠷᠢᠶᠠᠯ ᠢ ᠬᠠᠩᠭᠠᠬᠤ | ᠴᠢᠬᠤᠯᠠᠲᠠᠶ᠃ ᠰᠡᠭᠦᠳᠡᠷ ᠲᠠᠲᠠᠬᠤ ᠳᠠᠭᠠᠨ ᠭᠤᠶᠣᠯᠠᠵᠤ᠂ ᠲᠣᠯᠣᠭᠠᠶ ᠶᠢᠨ ᠵᠠᠰᠠᠯ ᠵᠡᠭᠦᠵᠦ᠂ ᠨᠢᠳᠦᠨ ᠰᠢᠯ ᠵᠡᠭᠦᠵᠦ ᠪᠣᠯᠬᠤ ᠦᠭᠡᠢ᠃ | ︹ ᠠᠰᠠᠭᠤᠳᠠᠯ ︺ ᠡᠷᠦᠬᠡ ᠠᠮᠠ ᠨᠢ ᠰᠢᠯᠢ ᠶᠢᠨ ᠭᠤᠤᠯ ᠠᠶᠢᠮᠠᠭ ᠲᠤ ᠪᠠᠶᠢᠵᠤ᠂ ᠬᠥᠮᠥᠨ ᠨᠢ ᠬᠥᠬᠡᠬᠤᠲᠠ ᠳᠤ ᠪᠠᠶᠢᠪᠠᠯ᠂ ᠣᠨᠳᠣᠤ ᠭᠠᠵᠠᠷ ᠤᠨ | ᠪᠡᠶ᠎ᠡ ᠶᠢᠨ ᠦᠨᠡᠮᠯᠡᠯ ᠠᠪᠴᠤ ᠪᠣᠯᠤᠨ᠎ᠠ ᠤᠤ︖ ᠬᠡᠷᠪᠡ ᠪᠣᠯᠪᠠᠯ ᠶᠠᠮᠠᠷ ᠶᠠᠮᠠᠷ ᠦᠨᠡᠮᠯᠡᠯ ᠬᠠᠩᠭᠠᠬᠤ ᠴᠢᠬᠤᠯᠠᠲᠠᠢ ᠪᠣᠶ︖ | ᠬᠠᠷᠢᠭᠤᠯᠲᠠ᠄ ᠬᠥᠬᠡᠬᠤᠲᠠ ᠶᠢ ᠭᠠᠷᠭᠠᠪᠠᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠪᠤᠰᠤᠳᠣᠨᠳᠣᠤ ᠭᠠᠵᠠᠷ ᠲᠤ | ᠪᠡᠶ᠎ᠡ ᠶᠢᠨ ᠦᠨᠡᠮᠯᠡᠯ ᠢ ᠭᠦᠢᠴᠡᠳᠬᠡᠵᠦ ᠪᠣᠯᠤᠨ᠎ᠠ᠃ ᠡᠷᠦᠬᠡ ᠠᠮᠠ ᠶᠢᠨ ᠳᠡᠪᠲᠡᠷ᠂ ᠵᠢᠯᠣᠭᠤᠴᠢ ᠶᠢᠨ ᠦᠨᠡᠮᠯᠡᠯ᠂ ᠡᠮ ᠡᠮᠨᠡᠯᠭᠡ ᠶᠢᠨ ᠳᠠᠭᠠᠳᠬᠠᠯ ᠤᠨ ᠺᠠᠷᠲ᠂ | ᠨᠡᠶᠢᠭᠡᠮ ᠤᠨ ᠳᠠᠭᠠᠳᠬᠠᠯ ᠤᠨ ᠺᠠᠷᠲ ᠵᠡᠷᠭᠡ ᠪᠡᠶ᠎ᠡ ᠬᠡᠮ ᠤᠨ ᠮᠡᠳᠡᠭᠡ ᠵᠠᠩᠭᠢ ᠶᠢ ᠭᠡᠷᠡᠴᠢᠯᠡᠵᠦ ᠪᠣᠯᠬᠤ ᠮᠠᠲ᠋ᠧᠷᠢᠶᠠᠯ ᠢ ᠬᠠᠩᠭᠠᠬᠤ ᠴᠢᠬᠤᠯᠠᠲᠠᠶ ᠪᠥᠭᠡᠳ ᠪᠣᠳᠠᠲᠠᠶ | ᠰᠠᠭᠤᠭ᠎ᠠ ᠭᠠᠵᠠᠷ ᠤᠨᠲ᠋ᠣᠮᠢᠯᠠᠭᠰᠠᠨ ᠰᠠᠯᠪᠤᠷᠢ ᠳᠤ ᠬᠦᠷᠴᠦ ᠬᠥᠮᠥᠨ ᠠᠮᠠ ᠶᠢᠨ ᠬᠠᠮᠢᠶᠠᠷᠤᠯᠲᠠ ᠶᠢᠨ ᠮᠡᠳᠡᠭᠡ ᠵᠠᠩᠭᠢ ᠶᠢ ᠪᠦᠷᠢᠳᠭᠡᠯᠭᠡᠨ ᠲᠡᠮᠳᠡᠭᠯᠡᠭᠦᠯᠬᠦ | ᠬᠡᠷᠡᠭᠲᠡᠶ᠃ | ︹ ᠠᠰᠠᠭᠤᠳᠠᠯ ︺ ᠪᠡᠶ᠎ᠡ ᠶᠢᠨ ᠦᠨᠡᠮᠯᠡᠯ ᠨᠢ ᠡᠨᠡ ᠵᠢᠯ ᠤᠨ 10 ᠰᠠᠷ᠎ᠠ ᠶᠢᠨ 20 ᠤ ᠡᠳᠦᠷ ᠪᠣᠯᠪᠠᠯ ᠳᠠᠷᠤᠶ ᠬᠤᠭᠤᠴᠠᠭ᠎ᠠ ᠨᠢ ᠲᠤᠯᠴᠢᠬᠠᠨᠠ᠂ | ᠦᠨᠡᠮᠯᠡᠯ ᠰᠣᠯᠢᠬᠤ ᠲᠤᠬᠠᠶᠢᠯᠠᠭᠰᠠᠨ ᠠᠵᠢᠯ ᠢ ᠡᠷᠬᠡᠪᠰᠢ ᠬᠤᠭᠤᠴᠠᠭ᠎ᠠ ᠲᠤᠯᠬᠤ ᠠᠴᠠ ᠡᠮᠦᠨ᠎ᠡ ᠬᠢᠬᠦ ᠬᠡᠷᠡᠭᠲᠡᠶ ᠦᠦ︖ ᠶᠠᠮᠠᠷ ᠬᠤᠯᠪᠣᠭᠳᠠᠯ ᠪᠦᠬᠦᠢ ᠦᠨᠡᠮᠯᠡᠯ | ᠪᠡᠯᠡᠳᠬᠡᠬᠦ ᠴᠢᠬᠤᠯᠠᠲᠠᠶ ᠪᠤᠢ︖ | ᠬᠠᠷᠢᠭᠤᠯᠲᠠ᠄ ᠲᠤᠰ ᠬᠤᠲᠠ ᠶᠢᠨ ᠰᠠᠭᠤᠭᠠᠯᠢ ᠠᠷᠠᠳ ᠪᠡᠶ᠎ᠡ ᠶᠢᠨ ᠦᠨᠡᠮᠯᠡᠯ ᠢᠶᠠᠨ ᠰᠣᠯᠢᠵᠤ ᠠᠪᠤᠭᠠᠳ ᠬᠠᠷᠢᠶ᠎ᠠ ᠭᠠᠵᠠᠷ ᠤᠨ ᠡᠷᠦᠬᠡ ᠠᠮᠠ ᠶᠢᠨ | ᠳᠠᠩᠰᠠ ᠪᠠᠶᠢᠭ᠎ᠠ ᠭᠠᠵᠠᠷ ᠲᠠᠭᠠᠨ ᠬᠦᠷᠴᠦ ᠭᠦᠢᠴᠡᠳᠬᠡᠨ᠎ᠡ᠃ ᠤᠷᠢᠳᠴᠢᠯᠠᠨ ᠰᠢᠢᠳᠪᠦᠷᠢᠯᠡᠬᠦ ᠪᠤᠶᠤ ᠬᠤᠭᠤᠴᠠᠭ᠎ᠠ ᠨᠢ ᠲᠤᠯᠤᠭᠰᠠᠨ ᠤ ᠳᠠᠷᠠᠭ᠎ᠠ | ᠰᠢᠢᠳᠪᠦᠷᠢᠯᠡᠵᠦ ᠪᠣᠯᠤᠨ᠎ᠠ᠃ ᠡᠷᠦᠬᠡ ᠠᠮᠠ ᠶᠢᠨ ᠳᠠᠩᠰᠠ ᠶᠢᠨ ᠳᠦᠷᠢᠮ ᠳᠤ ᠡᠩ ᠤᠨ ᠪᠠᠶᠢᠳᠠᠯ ᠳᠤ ᠭᠤᠷᠪᠠᠨ ᠰᠠᠷ᠎ᠠ ᠶᠢᠨ ᠳᠣᠲᠣᠷ᠎ᠠ ᠰᠢᠢᠳᠪᠦᠷᠢᠯᠡᠵᠦ | ᠳᠠᠭᠤᠰᠬᠠᠨ᠎ᠠ ᠭᠡᠵᠦ ᠲᠣᠭᠲᠠᠭᠠᠵᠠᠶ᠃ ᠣᠳᠣᠬᠠᠨ ᠳᠤ ᠡᠩ ᠤᠨ ᠪᠠᠶᠢᠳᠠᠯ ᠳᠤ 7 ᠠᠴᠠ 30 ᠡᠳᠦᠷ ᠤᠨ ᠳᠣᠲᠣᠷ᠎ᠠ ᠠᠵᠢᠯ ᠢᠶᠠᠨ ᠳᠠᠭᠤᠰᠬᠠᠵᠤ ᠪᠣᠯᠤᠨ᠎ᠠ᠃ | ᠬᠡᠷᠪᠡ ᠣᠯᠠᠨ ᠲᠦᠮᠡᠨ ᠪᠠᠴᠢᠮ ᠶᠠᠪᠤᠳᠠᠯ ᠲᠣᠬᠢᠶᠠᠯᠳᠤᠪᠠᠯ ᠲᠦᠷᠭᠡᠨ ᠰᠢᠢᠳᠪᠦᠷᠢᠯᠡᠬᠦ ᠬᠡᠷᠡᠭᠲᠡᠶ᠂ ᠬᠡᠷᠪᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ | ᠰᠢᠯᠭᠠᠯᠲᠠ ᠳᠤ ᠣᠷᠣᠯᠴᠠᠪᠠᠯ ᠰᠠᠭᠠᠳ ᠥᠬᠡᠶ ᠨᠡᠪᠲᠡᠷᠡᠬᠦ ᠵᠠᠮ ᠭᠠᠷᠭᠠᠵᠤ ᠪᠣᠯᠤᠨ᠎ᠠ᠃ ᠦᠨᠡᠮᠯᠡᠯ ᠰᠣᠯᠢᠬᠤ ᠲᠤᠬᠠᠶᠢᠯᠠᠭᠰᠠᠨᠠᠵᠢᠯ ᠢ ᠡᠷᠬᠢᠯᠡᠵᠦ ᠪᠠᠶᠢᠭ᠎ᠠ | ᠲᠤᠰ ᠬᠤᠲᠠ ᠶᠢᠨ ᠰᠠᠭᠤᠭᠠᠯᠢ ᠠᠷᠠᠳ ᠡᠷᠦᠬᠡ ᠠᠮᠠ ᠶᠢᠨ ᠳᠡᠪᠲᠡᠷ ᠢᠶᠠᠨ ᠬᠠᠩᠭᠠᠪᠠᠯ ᠪᠣᠯᠴᠢᠬᠠᠨ᠎ᠠ᠃ | ︹ ᠠᠰᠠᠭᠤᠳᠠᠯ︺ ᠣᠨᠳᠣᠤ ᠭᠠᠵᠠᠷ ᠲᠤ ᠪᠡᠶ᠎ᠡ ᠶᠢᠨ ᠦᠨᠡᠮᠯᠡᠯ ᠤᠨ ᠰᠡᠭᠦᠳᠡᠷ ᠲᠠᠲᠠᠬᠤ ᠦᠶ᠎ᠡ ᠳᠤ᠂ ᠬᠥᠮᠦᠨ ᠤ ᠪᠡᠶ᠎ᠡ ᠶᠢᠨ ᠬᠦᠷᠦᠭ ᠵᠢᠷᠤᠭ ᠢ | ᠰᠡᠭᠦᠳᠡᠷᠯᠡᠬᠦ ᠪᠠ ᠰᠢᠰᠲ᠋ᠧᠮ ᠤᠨ ᠤᠤᠯ ᠤᠨ ᠪᠡᠶ᠎ᠡ ᠶᠢᠨ ᠦᠨᠡᠮᠯᠡᠯ ᠢ ᠬᠠᠷᠢᠴᠠᠭᠤᠯᠤᠭᠰᠠᠨ ᠤ ᠳᠠᠷᠠᠭ᠎ᠠ᠂ ᠠᠳᠠᠯᠢᠪᠲᠤᠷ ᠬᠡᠮᠵᠢᠶ᠎ᠡ ᠨᠢ ᠨᠡᠯᠢᠶᠡᠳ ᠳᠣᠤᠷ᠎ᠠ | ᠪᠠᠶᠢᠵᠤ᠂ ᠤᠭ ᠨᠤᠲᠤᠭ ᠲᠠᠭᠠᠨ ᠪᠤᠴᠠᠵᠤ ᠪᠡᠶ᠎ᠡ ᠶᠢᠨ ᠦᠨᠡᠮᠯᠡᠯ ᠭᠦᠢᠴᠡᠳᠬᠡᠬᠦ ᠴᠢᠬᠤᠯᠠᠲᠠᠶ ᠪᠠᠶᠢᠳᠠᠯ ᠭᠠᠷᠪᠠᠯ ᠶᠠᠭᠠᠬᠢᠬᠤ ᠪᠤᠢ︖ | ᠬᠠᠷᠢᠭᠤᠯᠲᠠ᠄ ᠨᠠᠰᠤ ᠵᠢᠯ ᠨᠢ ᠨᠡᠮᠡᠭᠳᠡᠭᠰᠡᠨ᠂ ᠦᠩᠭᠡ ᠵᠢᠰᠦ ᠨᠢ ᠬᠤᠪᠢᠷᠠᠭᠰᠠᠨ ᠵᠡᠷᠭᠡ ᠠᠴᠠ ᠪᠣᠯᠵᠤ᠂ ᠤᠭ ᠨᠤᠲᠤᠭ ᠲᠤᠨᠢ ᠰᠢᠶ᠋ᠳᠪᠦᠷᠢᠯᠡᠭᠰᠡᠨ | ᠪᠡᠶ᠎ᠡ ᠶᠢᠨ ᠦᠨᠡᠮᠯᠡᠯ ᠤᠨ ᠰᠡᠭᠦᠳᠡᠷ ᠲᠠᠢ ᠨᠡᠯᠢᠶᠡᠳ ᠶᠡᠭᠡ ᠵᠥᠷᠢᠶ᠎ᠡ ᠲᠠᠢ ᠪᠠᠶᠢᠳᠠᠯ ᠭᠠᠷᠴᠤ ᠮᠡᠳᠡᠬᠦ ᠲᠤᠯᠠ ᠵᠥᠪᠬᠡᠨ ᠤᠭ ᠨᠤᠲᠤᠭ ᠲᠤᠨᠢ ᠣᠴᠢᠵᠤ | ᠰᠢᠢᠳᠪᠤᠷᠢᠯᠡᠨ᠎ᠡ᠃ | ︹ ᠠᠰᠠᠭᠤᠳᠠᠯ ︺ ᠪᠡᠶ᠎ᠡ ᠶᠢᠨ ᠦᠨᠡᠮᠯᠡᠯ ᠳᠡᠭᠡᠷᠡᠬᠢ ᠭᠡᠷᠡᠯ ᠵᠢᠷᠤᠭ ᠢ ᠰᠣᠯᠢᠵᠤ ᠪᠣᠯᠤᠨ᠎ᠠ ᠤᠤ︖ ᠬᠡᠷᠪᠡ ᠪᠣᠯᠬᠤ ᠳᠤ ᠬᠦᠷᠪᠡᠯ ᠶᠠᠮᠠᠷ | ᠶᠠᠩᠵᠤ ᠶᠢᠨ ᠭᠠᠷ ᠭᠦᠢᠴᠡᠳᠬᠡᠯ ᠬᠢᠬᠦ ᠬᠡᠷᠡᠭ ᠲᠠᠢ ᠪᠣᠶ︖ | ᠬᠠᠷᠢᠭᠤᠯᠲᠠ᠄ ᠭᠡᠷᠡᠴᠢ ᠰᠣᠯᠢᠬᠤ ᠴᠠᠭ ᠪᠤᠯᠤᠭ᠎ᠠ ᠦᠭᠡᠢ ᠪᠠᠶᠢᠬᠤ ᠳᠤ᠂ ᠬᠤᠪᠢ ᠬᠥᠮᠦᠨ ᠤ ᠰᠢᠯᠲᠠᠭᠠᠨ ᠠᠴᠠ ᠪᠣᠯᠵᠤ ᠭᠡᠷᠡᠯ ᠵᠢᠷᠤᠭ ᠢ ᠰᠣᠯᠢᠵᠤ | ᠪᠣᠯᠤᠨ᠎ᠠ᠂ ᠭᠡᠪᠡᠴᠦ ᠣᠨᠳᠣᠣ ᠭᠠᠵᠠᠷ ᠲᠤ ᠰᠢᠢᠳᠪᠦᠷᠢᠯᠡᠵᠦ ᠪᠣᠯᠬᠤ ᠦᠭᠡᠢ᠃ ᠬᠤᠪᠢ ᠬᠥᠮᠦᠨ ᠭᠤᠶᠤᠴᠢᠯᠠᠯ ᠳᠡᠪᠰᠢᠭᠦᠯᠵᠦ᠂ ᠡᠷᠦᠬᠡ ᠠᠮᠠ ᠶᠢᠨ | ᠳᠡᠪᠲᠡᠷ ᠢᠶᠠᠨ ᠠᠪᠴᠤ ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ ᠲᠠᠭᠠᠨ ᠣᠴᠢᠵᠤ ᠭᠦᠢᠴᠡᠳᠬᠡᠬᠦ ᠬᠡᠷᠡᠭᠲᠡᠶ᠃ | ︹ ᠠᠰᠠᠭᠤᠳᠠᠯ ︺ ᠡᠷᠦᠬᠡ ᠠᠮᠠ ᠶᠢᠨ ᠳᠠᠩᠰᠠ ᠨᠢ ᠤᠯᠠᠭᠠᠨᠬᠠᠳᠠ ᠳᠤ ᠪᠠᠶᠢᠵᠤ᠂ ᠬᠥᠬᠡᠬᠤᠲᠠ ᠳᠤ ᠰᠠᠭᠤᠵᠤ ᠪᠠᠶᠢᠭ᠎ᠠ ᠨᠠᠰᠤᠲᠠᠶᠢᠴᠤᠳ᠂ | ᠭᠠᠳᠠᠭᠠᠳᠤ ᠳᠤ ᠭᠠᠷᠬᠤ ᠭᠠᠷᠳᠠᠮ ᠭᠦᠢᠴᠡᠳᠬᠡᠬᠦ ᠣᠶᠢᠶ᠎ᠠ ᠳᠤ ᠤᠭ ᠨᠤᠲᠤᠭ ᠲᠠᠭᠠᠨ ᠪᠤᠴᠠᠵᠤ ᠭᠦᠢᠴᠡᠳᠬᠡᠬᠦ ᠴᠢᠬᠤᠯᠠᠲᠠᠶ ᠤᠤ︖ | ᠬᠠᠷᠢᠭᠤᠯᠲᠠ᠄ ᠤᠭ ᠨᠤᠲᠤᠭ ᠲᠠᠭᠠᠨ ᠬᠠᠷᠢᠬᠤ ᠬᠡᠷᠡᠭ ᠦᠭᠡᠢ᠂ ᠬᠥᠬᠡᠬᠤᠲᠠ ᠳᠤ ᠳᠠᠷᠤᠶ ᠭᠦᠢᠴᠡᠳᠬᠡᠵᠦ ᠪᠣᠯᠤᠨ᠎ᠠ᠂ ᠭᠡᠪᠡᠴᠦ ᠲᠤᠰ | ᠬᠥᠮᠥᠨ ᠨᠢ ᠭᠦᠢᠴᠡᠳᠬᠡᠬᠦ ᠬᠡᠷᠡᠭᠲᠡᠶ᠃ | ︹ ᠠᠰᠠᠭᠤᠳᠠᠯ ︺ ᠬᠤᠯᠪᠣᠭᠳᠠᠯ ᠪᠦᠬᠦᠢ ᠭᠠᠷ ᠭᠦᠢᠴᠡᠳᠬᠡᠯ ᠢ ᠬᠢᠵᠦ ᠳᠠᠭᠤᠰᠬᠠᠪᠠᠯ᠂ ᠬᠡᠵᠢᠶ᠎ᠡ ᠪᠡᠶ᠎ᠡ ᠵᠢᠨᠦᠨᠡᠮᠯᠡᠯ ᠢᠶᠠᠨ ᠠᠪᠴᠤ ᠪᠣᠯᠬᠤ ᠪᠤᠢ︖ | ᠦᠨᠡᠮᠯᠡᠯ ᠭᠦᠢᠴᠡᠳᠬᠡᠬᠦ ᠠᠬᠢᠴᠠ ᠶᠢ ᠡᠷᠢᠵᠦ ᠣᠯᠬᠤ ᠠᠷᠭ᠎ᠠ ᠵᠠᠮ ᠪᠠᠢᠨ᠎ᠠ ᠤᠤ ᠥᠬᠡᠶ ᠦᠦ︖ ᠪᠡᠶ᠎ᠡ ᠶᠢᠨ ᠦᠨᠡᠮᠯᠡᠯ ᠤᠨ ᠭᠠᠷᠳᠠᠮ ᠭᠦᠢᠴᠡᠭᠰᠡᠨ ᠤ ᠳᠠᠷᠠᠭ᠎ᠠ | ᠦᠨᠠᠮᠯᠠᠯ ᠢᠶᠠᠨ ᠬᠡᠷᠬᠢᠨ ᠠᠪᠬᠤ ᠪᠤᠢ︖ | ᠬᠠᠷᠢᠭᠤᠯᠲᠠ᠄ ᠡᠩ ᠤᠨ ᠪᠠᠶᠢᠳᠠᠯ ᠳᠤ 7 ᠠᠴᠠ 30 ᠡᠳᠦᠷ ᠤᠨ ᠳᠣᠲᠣᠷ᠎ᠠ ᠠᠪᠴᠤ ᠪᠣᠯᠤᠨ᠎ᠠ᠂ ᠬᠤᠳᠠ ᠶᠢᠨ ᠠᠷᠠᠳᠴᠤ ᠰᠢᠤᠳᠠᠨ ᠢᠶᠠᠷ ᠢᠯᠡᠭᠡᠬᠦ | ᠠᠷᠭ᠎ᠠ ᠮᠠᠶ᠋ᠢᠭ ᠢ ᠰᠣᠩᠭᠤᠵᠤ᠂ E M S ᠤᠨ ᠲᠥᠯᠥᠪᠦᠷᠢ ᠲᠠᠢ ᠪᠠᠷ ᠰᠦᠢᠳᠬᠡᠯ ᠬᠤᠷᠢᠶᠠᠵᠤ ᠬᠦᠷᠭᠡᠵᠦ ᠪᠣᠯᠤᠨ᠎ᠠ᠃ ᠣᠳᠣᠬᠠᠨ ᠳᠤ ᠵᠥᠪᠬᠡᠨ ᠡᠮᠦᠨ᠎ᠡ | ᠲᠠᠪᠴᠠᠩ ᠤᠨ ᠳ᠋ᠢᠶᠠᠩᠬᠤᠸᠠ ᠪᠠᠷ ᠦᠨᠡᠮᠯᠡᠯ ᠠᠪᠬᠤ ᠠᠬᠢᠴᠠ ᠶᠢ ᠪᠠᠶᠢᠴᠠᠭᠠᠨ ᠯᠠᠪᠯᠠᠵᠤ ᠪᠤᠯᠤᠨ᠎ᠠ᠂ ᠡᠮᠦᠨ᠎ᠡ ᠲᠠᠪᠴᠠᠩ ᠤᠨ ᠳ᠋ᠢᠶᠠᠩᠬᠤᠤᠨ ᠨᠢ | 3959544᠃ | ︹ ᠠᠰᠠᠭᠤᠳᠠᠯ ︺ ᠲᠦᠷ ᠴᠠᠭ ᠤᠨ ᠪᠡᠶ᠎ᠡ ᠶᠢᠨ ᠦᠨᠡᠮᠯᠡᠯ ᠨᠢ ᠵᠢᠩᠬᠢᠨᠢ ᠪᠡᠶ᠎ᠡ ᠶᠢᠨ ᠦᠨᠡᠮᠯᠡᠯ ᠲᠠᠢ ᠶᠠᠮᠠᠷ ᠢᠯᠭᠠᠭ᠎ᠠ ᠲᠠᠢ ᠪᠤᠢ︖ ᠶᠠᠮᠠᠷ | ᠬᠥᠮᠥᠨ ᠲᠦᠷ ᠴᠠᠭ ᠤᠨ ᠪᠡᠶ᠎ᠡ ᠶᠢᠨ ᠦᠨᠡᠮᠯᠡᠯ ᠢ ᠠᠪᠴᠤ ᠪᠣᠯᠬᠤ ᠪᠤᠢ᠂ ᠲᠦᠷ ᠴᠠᠭ ᠤᠨ ᠪᠡᠶ᠎ᠡ ᠶᠢᠨ ᠦᠨᠡᠮᠯᠡᠯ ᠢ ᠬᠡᠷᠬᠢᠨ ᠠᠪᠬᠤ ᠪᠤᠢ︖ ᠲᠡᠭᠦᠨ ᠤ | ᠬᠦᠴᠦᠨ ᠲᠠᠢ ᠬᠤᠭᠤᠴᠠᠭ᠎ᠠ ᠨᠢ ᠬᠡᠳᠦᠶ ᠣᠷᠳᠣ ᠪᠤᠢ︖ | ᠬᠠᠷᠢᠭᠤᠯᠲᠠ᠄ ᠪᠡᠶ᠎ᠡ ᠶᠢᠨ ᠦᠨᠡᠮᠯᠡᠯ ᠢᠶᠠᠨ ᠭᠡᠭᠡᠪᠡᠯ ᠪᠠᠴᠢᠮ ᠬᠡᠷᠡᠭᠯᠡᠬᠦ ᠪᠡᠶ᠎ᠡ ᠶᠢᠨ ᠦᠨᠡᠮᠯᠡᠯ ᠠᠪᠴᠤ ᠪᠣᠯᠤᠨ᠎ᠠ᠂ ᠣᠬᠤᠷ ᠬᠤᠭᠤᠴᠠᠭᠠᠨ ᠤ ᠲᠦᠷ | ᠴᠠᠭ ᠤᠨ ᠪᠡᠶ᠎ᠡ ᠶᠢᠨ ᠦᠨᠡᠮᠯᠡᠯ ᠬᠢᠵᠦ ᠪᠣᠯᠤᠨ᠎ᠠ᠂ ᠲᠤᠰ ᠬᠤᠲᠠ ᠳᠤ ᠰᠠᠭᠤᠵᠤ ᠪᠠᠶᠢᠭ᠎ᠠ ᠬᠤᠲᠠ ᠶᠢᠨ ᠠᠷᠠᠳ ᠭᠦᠢᠴᠡᠳᠬᠡᠵᠦ ᠪᠣᠯᠤᠨ᠎ᠠ᠂ ᠪᠡᠶ᠎ᠡ ᠶᠢᠨ | ᠦᠨᠡᠮᠯᠡᠯ ᠤᠨ ᠦᠢᠯᠡᠳᠦᠯ ᠲᠠᠢ ᠠᠳᠠᠯᠢ ᠪᠣᠯᠪᠠᠴᠤ ᠬᠦᠴᠦᠨ ᠲᠠᠢ ᠬᠤᠭᠤᠴᠠᠭ᠎ᠠ ᠨᠢ ᠵᠥᠪᠬᠡᠨ ᠭᠤᠷᠪᠠᠨ ᠰᠠᠷ᠎ᠠ ᠪᠣᠯᠤᠨ᠎ᠠ᠃ | ﹇ᠠᠰᠠᠭᠤᠳᠠᠯ﹈ ᠭᠠᠳᠠᠭᠠᠳᠤ ᠳᠤ ᠭᠠᠷᠴᠤ ᠵᠤᠭᠠᠴᠠᠬᠤ ᠳᠤ ᠬᠤᠯᠪᠣᠭᠳᠠᠯ ᠪᠦᠬᠦᠢ ᠭᠠᠷ ᠭᠦᠢᠴᠡᠳᠬᠡᠯ ᠢ ᠬᠡᠷᠬᠢᠨ ᠬᠢᠬᠦ ᠪᠣᠶ︖ ᠭᠡᠷᠡᠴᠢ ᠲᠡᠮᠳᠡᠭ | ᠭᠦᠢᠴᠡᠳᠬᠡᠬᠦ ᠴᠠᠭ ᠨᠢ ᠬᠡᠳᠦᠶ ᠤᠷᠳᠤ ᠪᠠᠶᠢᠳᠠᠭ ᠪᠣᠶ︖ | ᠬᠠᠷᠢᠭᠤᠯᠲᠠ᠄ ᠣᠳᠣ ᠶᠢᠨ ᠫᠠᠰᠫᠣᠷᠲ᠂ ᠰᠢᠶᠠᠩᠭᠠᠩ ᠣᠣᠮᠧᠨ ᠳᠤ ᠶᠠᠪᠤᠵᠤ ᠢᠷᠡᠬᠦ ᠵᠠᠮ ᠤᠨ ᠦᠨᠡᠮᠯᠡᠯ᠂ ᠲᠠᠶᠢᠸᠠᠨ ᠳᠤ ᠶᠠᠪᠤᠵᠤ ᠢᠷᠡᠬᠦ ᠵᠠᠮ | ᠤᠨ ᠦᠨᠡᠮᠯᠡᠯ ᠢ ᠭᠦᠢᠴᠡᠳᠬᠡᠬᠦ ᠭᠤᠶᠤᠴᠢᠯᠠᠯ ᠤᠨ ᠬᠦᠰᠦᠨᠦᠭᠲᠦ ᠶᠢ ᠳᠤᠮᠳᠠᠳᠤ ᠤᠯᠤᠰ ᠤᠨᠰᠠᠭᠤᠭᠠᠯᠢ ᠠᠷᠠᠳ ᠤᠨ ᠬᠢᠯᠢ ᠪᠠᠷ ᠣᠷᠣᠵᠤ ᠭᠠᠷᠬᠤ | ᠬᠠᠮᠢᠶᠠᠷᠤᠯᠲᠠ ᠶᠢᠨ ᠦᠨᠡᠮᠯᠡᠯ ᠤᠨ ᠭᠤᠶᠤᠴᠢᠯᠠᠯ ᠤᠨ ᠬᠦᠰᠦᠨᠦᠭ ᠲᠠᠢ ᠨᠡᠶᠢᠯᠡᠭᠦᠯᠪᠡ᠂ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠢ ᠭᠦᠢᠴᠡᠳᠬᠡᠬᠦ | ᠬᠤᠲᠠ ᠶᠢᠨ ᠠᠷᠠᠳ ᠵᠥᠪᠬᠡᠨ ᠨᠢᠭᠡ ᠬᠦᠰᠦᠨᠦᠭᠲᠦ ᠲᠠᠭᠯᠠᠪᠠᠯ ᠪᠣᠯᠴᠢᠬᠠᠨ᠎ᠠ᠂ ᠪᠡᠶ᠎ᠡ ᠶᠢᠨ ᠦᠨᠡᠮᠯᠡᠯ ᠪᠠ ᠰᠦᠢᠳᠬᠡᠯ ᠲᠤᠰᠢᠶᠠᠬᠤ ᠪᠠᠩᠬᠢ ᠶᠢᠨ ᠺᠠᠷᠲ ᠢᠶᠠᠨ | ᠠᠪᠴᠤ ᠶᠠᠪᠤᠨ᠎ᠠ᠂ ᠲᠤᠰ ᠭᠠᠵᠠᠷ ᠤᠨ ᠰᠠᠭᠤᠭᠠᠯᠢ ᠠᠷᠠᠳ ᠪᠤᠯ 10 ᠠᠵᠢᠯᠯᠠᠬᠤ ᠡᠳᠦᠷ ᠲᠤ ᠭᠦᠢᠴᠡᠳᠭᠡᠨ ᠳᠠᠭᠤᠰᠬᠠᠵᠤ ᠪᠣᠯᠤᠨ᠎ᠠ᠃ |