ᠰᠠᠨᠠᠭᠠᠪᠠᠭᠠᠲᠤᠷ ᠤᠨ ︽ᠨᠠᠭᠦᠳᠠᠯ ᠰᠣᠶᠤᠯ ᠤᠨ ᠢᠷᠠᠭᠤ ᠮᠠᠭᠲᠠᠭᠤ︾ ᠤᠷᠠᠨ ᠪᠢᠴᠢᠯᠭᠡ ᠤᠷᠠᠨ ᠵᠢᠷᠤᠭ ᠤᠨ ᠦᠵᠡᠭᠦᠯᠦᠯᠭᠡ ᠬᠦᠬᠡᠬᠤᠲᠠ ᠳᠤ ᠪᠣᠯᠵᠤ ᠪᠠᠶᠢᠨ᠎ᠠ
ᠨᠡᠶᠢᠲᠡᠯᠡᠭᠰᠡᠨ ᠴᠠᠭ᠄
2019/4/15
      ᠤᠯᠤᠰ ᠤᠨ ᠨᠢᠭᠡᠳᠦᠭᠡᠷ ᠳᠡᠰ ᠤᠨ ᠤᠷᠠᠨ ᠵᠢᠷᠤᠭᠴᠢᠨ᠂ ᠳᠤᠮᠳᠠᠳᠤ ᠤᠯᠤᠰ ᠤᠨ ᠤᠷᠠᠨ ᠵᠢᠷᠤᠭᠴᠢᠳ ᠤᠨ ᠨᠡᠶᠢᠭᠡᠮᠯᠢᠭ ᠤᠨ ᠭᠡᠰᠢᠭᠦᠨ᠂ ᠦᠪᠦᠷ ᠮᠣᠩᠭᠤᠯ ᠤᠨ ᠤᠷᠠᠨ ᠵᠢᠷᠤᠭᠴᠢᠳ ᠤᠨ ᠨᠡᠶᠢᠭᠡᠮᠯᠢᠭ ᠤᠨ ᠬᠡᠷᠡᠭ ᠡᠷᠬᠢᠯᠡᠭᠴᠢ ᠰᠠᠨᠠᠭᠠᠪᠠᠭᠠᠲᠤᠷ ᠤᠨ ︽ᠨᠡᠭᠦᠳᠡᠯ ᠰᠣᠶᠤᠯ ᠤᠨ ᠢᠷᠠᠭᠤ ᠮᠠᠭᠲᠠᠭᠤ︾ ᠤᠷᠠᠨ ᠪᠢᠴᠢᠯᠭᠡ᠂ ᠤᠷᠠᠨ ᠵᠢᠷᠤᠭ ᠤᠨ ᠦᠵᠡᠭᠦᠯᠦᠯᠭᠡ 4 ᠳ᠋ᠦ᠋ᠭᠡᠷ ᠰᠠᠷ᠎ᠠ ᠶᠢᠨ 9 ᠤ ᠡᠳᠦᠷ ᠬᠦᠬᠡᠬᠤᠲᠠ ᠳᠤ ᠨᠡᠭᠡᠭᠡᠯᠲᠡ ᠪᠠᠨ ᠬᠢᠯ᠎ᠡ᠃      ᠤᠯᠤᠰ ᠪᠠᠶᠢᠭᠤᠯᠤᠭᠳᠠᠭᠰᠠᠨ ᠤ 70 ᠵᠢᠯ ᠤᠨ ᠣᠢ ᠳᠤ ᠵᠣᠷᠢᠭᠤᠯᠤᠭᠰᠠᠨ ᠡᠨᠡᠬᠦ ᠦᠵᠡᠭᠦᠯᠦᠯᠭᠡ ᠳᠤ ᠰᠠᠨᠠᠭᠠᠪᠠᠭᠠᠲᠤᠷ ᠤᠨ 120 ᠭᠠᠷᠤᠢ ᠪᠦᠲᠦᠭᠡᠯ ᠢ ᠳᠡᠯᠭᠡᠨ ᠦᠵᠡᠭᠦᠯᠵᠦ ᠪᠠᠶᠢᠨ᠎ᠠ᠃      ᠲᠠᠯ᠎ᠠ ᠨᠤᠲᠤᠭ ᠤᠨ ᠦᠨᠳᠦᠰᠦᠲᠡᠨ ᠤ ᠰᠡᠳᠦᠪᠲᠦ ᠤᠷᠠᠨ ᠵᠢᠷᠤᠭ ᠤᠨ ᠰᠢᠯᠭᠠᠷᠠᠭᠰᠠᠨ ᠲᠦᠯᠦᠭᠡᠯᠡᠭᠴᠢ ᠪᠣᠯᠬᠤ ᠰᠠᠨᠠᠭᠠᠪᠠᠭᠠᠲᠤᠷ ᠤᠨ ᠤᠷᠠᠨ ᠵᠢᠷᠤᠭ  ᠨᠢ ᠤᠯᠤᠰ ᠤᠨ ᠮᠦᠽᠧᠢ᠂ ᠤᠯᠤᠰ ᠤᠨ ᠦᠨᠳᠦᠰᠦᠲᠡᠨ ᠤ ᠰᠣᠶᠤᠯ ᠤᠨ ᠣᠷᠳᠤᠨ ᠳᠤ ᠬᠠᠳᠠᠭᠠᠯᠠᠭᠳᠠᠵᠤ ᠪᠠᠶᠢᠭ᠎ᠠ ᠪᠦᠭᠡᠳ ᠣᠯᠠᠨ ᠤᠷᠠᠨ ᠪᠦᠲᠦᠭᠡᠯ ᠨᠢ ᠰᠢᠶᠠᠩᠭᠠᠩ᠂ ᠲᠠᠶᠢᠸᠠᠨ᠂ ᠶᠠᠫᠤᠨ᠂ ᠮᠣᠩᠭᠤᠯ ᠵᠡᠷᠭᠡ ᠤᠯᠤᠰ ᠣᠷᠤᠨ ᠳᠤ ᠳᠡᠯᠭᠡᠭᠳᠡᠵᠦ ᠪᠠᠶᠢᠭᠰᠠᠨ ᠶᠤᠮ᠃      ᠡᠨᠡ ᠤᠳᠠᠭ᠎ᠠ ᠪᠠᠨ ᠬᠦᠬᠡᠬᠤᠲᠠ ᠳᠤ ᠪᠣᠯᠵᠤ ᠪᠠᠶᠢᠭ᠎ᠠ ᠲᠤᠰ ᠦᠵᠡᠭᠦᠯᠦᠯᠭᠡ ᠨᠢ ᠦᠪᠦᠷ ᠮᠣᠩᠭᠤᠯ ᠤᠨ ᠤᠷᠠᠨ ᠵᠢᠷᠤᠭ ᠤᠨ ᠮᠦᠽᠧᠢ ᠳᠤ 4 ᠳ᠋ᠦ᠋ᠭᠡᠷ ᠰᠠᠷ᠎ᠠ ᠶᠢᠨ 28 ᠤ ᠡᠳᠦᠷ ᠬᠦᠷᠲᠡᠯ᠎ᠡ ᠦᠷᠭᠦᠯᠵᠢᠯᠡᠨ᠎ᠡ᠃
ᠢᠷᠡᠯᠲᠡ᠄ ᠳᠤᠮᠳᠠᠳᠤ ᠤᠯᠤᠰ ᠤᠨ ᠮᠣᠩᠭᠤᠯ ᠷᠠᠳᠢᠣ᠋ ᠰᠥᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ