ᠰᠢᠨ᠎ᠡ ᠴᠠᠭ ᠥᠶ᠎ᠡ ᠶᠢᠨ ᠳᠤᠮᠳᠠᠳᠤ ᠤᠯᠤᠰ ᠤᠨ ᠰᠤᠷᠭᠠᠨ ᠬᠦᠮᠦᠵᠢᠯ ᠤᠨ ᠤᠬᠠᠭᠠᠨ ᠤ ᠬᠦᠭᠵᠢᠯᠲᠡ ᠶᠢᠨ ᠶᠠᠷᠢᠶᠠᠨ ᠤ ᠳᠠᠪᠴᠠᠩ ᠵᠢᠴᠢ ᠦᠪᠦᠷ | ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠰᠢᠨ᠎ᠡ ᠪᠠᠷ ᠪᠠᠶᠢᠭᠤᠯᠤᠭᠳᠠᠭᠰᠠᠨ ᠰᠤᠷᠭᠠᠨ ᠬᠦᠮᠦᠵᠢᠯ ᠤᠨ ᠳᠡᠭᠡᠳᠦ ᠰᠤᠷᠭᠠᠭᠤᠯᠢ ᠶᠢᠨ ᠫᠠᠶᠢᠰᠠ | ᠢᠯᠡᠷᠬᠡᠶᠢᠯᠡᠯ ᠡᠯᠭᠦᠬᠦ ᠶᠣᠰᠣᠯᠠᠯ 4 ᠳ᠋ᠦ᠋ᠭᠡᠷ ᠰᠠᠷ᠎ᠠ ᠶᠢᠨ 14 ᠤ ᠡᠳᠦᠷ ᠦᠪᠦᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠳᠤ ᠶᠠᠪᠤᠭᠳᠠᠪᠠ᠃ | | | | | | | | | | ᠦᠪᠦᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠰᠤᠷᠭᠠᠨ ᠬᠦᠮᠦᠵᠢᠯ ᠤᠨ ᠳᠡᠭᠡᠳᠦ ᠰᠤᠷᠭᠠᠭᠤᠯᠢ ᠨᠢ ᠰᠤᠷᠭᠠᠨ ᠬᠦᠮᠦᠵᠢᠯ ᠤᠨ ᠤᠬᠠᠭᠠᠨ᠂ | ᠰᠤᠷᠭᠠᠭᠤᠯᠢ ᠳᠤ ᠰᠠᠭᠤᠬᠤ ᠨᠠᠰᠤᠨ ᠠᠴᠠ ᠡᠮᠦᠨᠡᠬᠢ ᠪᠠ ᠣᠨᠴᠠᠭᠠᠢ ᠰᠤᠷᠭᠠᠨ ᠬᠦᠮᠦᠵᠢᠯ᠂ ᠣᠯᠠᠨ ᠨᠡᠶᠢᠲᠡ ᠶᠢᠨ ᠠᠵᠢᠯ ᠦᠢᠯᠡᠰ ᠤᠨ ᠬᠠᠮᠢᠶᠠᠷᠤᠯᠲᠠ᠂ | ᠰᠤᠷᠭᠠᠨ ᠬᠦᠮᠦᠵᠢᠯ ᠤᠨ ᠮᠡᠷᠭᠡᠵᠢᠯ ᠪᠠ ᠪᠠᠭ᠎ᠠ ᠰᠤᠷᠭᠠᠭᠤᠯᠢ ᠶᠢᠨ ᠰᠤᠷᠭᠠᠨ ᠬᠦᠮᠦᠵᠢᠯ ᠤᠨ ᠰᠠᠯᠪᠤᠷᠢ ᠵᠡᠷᠭᠡ ᠲᠠᠪᠤᠨ ᠰᠠᠯᠪᠤᠷᠢ ᠪᠠᠷ ᠪᠦᠷᠢᠯᠳᠦᠵᠡᠢ᠃ ᠳᠡᠭᠡᠳᠦ | ᠰᠤᠷᠭᠠᠭᠤᠯᠢ ᠨᠢ ᠦᠨᠳᠦᠰᠦᠨ ᠠᠩᠭᠢ ᠶᠢᠨ ᠰᠤᠷᠭᠠᠨ ᠬᠦᠮᠦᠵᠢᠯ ᠢᠶᠠᠷ ᠰᠠᠭᠤᠷᠢ ᠪᠣᠯᠭᠠᠵᠤ᠂ ᠬᠢᠴᠢᠶᠡᠯ ᠲᠦᠷᠦᠯ ᠤᠨ ᠪᠠᠶᠢᠭᠤᠯᠤᠯᠳᠠ ᠪᠠᠷ ᠵᠢᠯᠣᠭᠤᠳᠤᠭᠤᠯᠤᠨ᠂ | ᠮᠡᠷᠭᠡᠵᠢᠯ ᠰᠤᠳᠤᠯᠭᠠᠨ ᠢᠶᠠᠷ ᠲᠤᠯᠭᠠᠭᠤᠷᠢᠯᠠᠵᠤ᠂ ᠰᠤᠳᠤᠯᠬᠤ ᠰᠤᠷᠤᠭᠴᠢ ᠶᠢᠨ ᠰᠤᠷᠭᠠᠨ ᠬᠦᠮᠦᠵᠢᠯ ᠢ ᠬᠦᠭᠵᠢᠬᠦᠯᠦᠨ᠂ ᠭᠠᠳᠠᠭᠠᠳᠤ ᠲᠠᠢ ᠰᠤᠯᠢᠯᠴᠠᠭ᠎ᠠ ᠪᠠ | ᠬᠠᠮᠲᠤ ᠶᠢᠨ ᠠᠵᠢᠯᠯᠠᠭ᠎ᠠ ᠥᠷᠨᠢᠭᠦᠯᠬᠦ ᠶᠢ ᠴᠢᠬᠤᠯᠠᠴᠢᠯᠠᠵᠤ᠂ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠦᠢᠯᠡᠰ ᠲᠠᠬᠢ ᠴᠢᠬᠤᠯᠠ ᠶᠡᠭᠡ | ᠣᠨᠣᠯ ᠪᠠ ᠦᠢᠯᠡᠳᠦᠯᠭᠡ ᠶᠢᠨ ᠠᠰᠠᠭᠤᠳᠠᠯ ᠤᠨ ᠲᠣᠭᠤᠷᠢᠨ ᠳᠤ ᠤᠷᠢᠳᠴᠢ ᠴᠢᠨᠠᠷ ᠲᠠᠢ᠂ ᠬᠠᠨᠳᠤᠯᠭᠠᠲᠤ ᠴᠢᠨᠠᠷ ᠲᠠᠢ᠂ ᠪᠠᠶᠢᠯᠳᠤᠬᠤ ᠪᠣᠳᠣᠯᠭ᠎ᠠ ᠶᠢᠨ ᠴᠢᠨᠠᠷ | ᠲᠠᠢ ᠶᠡᠷᠦᠩᠬᠡᠶᠢᠯᠡᠭᠰᠡᠨ ᠰᠤᠳᠤᠯᠭ᠎ᠠ ᠬᠢᠵᠦ᠂ ᠣᠨᠣᠯ ᠤᠨ ᠦᠨᠳᠦᠷᠴᠡ ᠪᠠ ᠦᠢᠯᠡᠳᠦᠯᠭᠡ ᠶᠢᠨ ᠦᠷᠲᠡᠭ ᠲᠠᠢ ᠰᠠᠨᠠᠯ ᠰᠠᠨᠠᠭᠤᠯᠭ᠎ᠠ ᠳᠤᠷᠠᠳᠤᠨ᠂ ᠲᠡᠷᠢᠭᠦᠨ ᠤ | ᠬᠢᠴᠢᠶᠡᠯ ᠲᠥᠷᠥᠯ ᠪᠠ ᠳᠡᠭᠡᠳᠦ ᠰᠤᠷᠭᠠᠭᠤᠯᠢ ᠶᠢ ᠪᠠᠶᠢᠭᠤᠯᠬᠤ ᠪᠣᠯᠣᠨ᠎ᠠ᠃ ᠳᠡᠭᠡᠳᠦ ᠰᠤᠷᠭᠠᠭᠤᠯᠢ ᠨᠢ ᠪᠡᠭᠡᠵᠢᠩ ᠶᠡᠭᠡ ᠰᠤᠷᠭᠠᠭᠤᠯᠢ ᠶᠢᠨ ᠰᠤᠷᠭᠠᠨ | ᠬᠦᠮᠦᠵᠢᠯ ᠤᠨ ᠳᠡᠭᠡᠳᠦ ᠰᠤᠷᠭᠠᠭᠤᠯᠢ ᠶᠢᠨ ᠵᠠᠬᠢᠷᠤᠯ᠂ ᠳ᠋ᠣᠺᠲ᠋ᠣᠷ ᠤᠨ ᠵᠢᠯᠣᠭᠤᠳᠤᠭᠴᠢ ᠶᠠᠨ ᠹᠧᠩ ᠵᠢᠶᠣᠣ᠂ ᠲᠦᠪ ᠤᠨ ᠦᠨᠳᠦᠰᠦᠲᠡᠨ ᠤ ᠶᠡᠭᠡ | ᠰᠤᠷᠭᠠᠭᠤᠯᠢ ᠶᠢᠨ ᠰᠤᠷᠭᠠᠨ ᠬᠦᠮᠦᠵᠢᠯ ᠤᠨ ᠳᠡᠭᠡᠳᠦ ᠰᠤᠷᠭᠠᠭᠤᠯᠢ ᠶᠢᠨ ᠱᠦᠵᠢ᠂ ᠳ᠋ᠣᠺᠲ᠋ᠣᠷ ᠤᠨ ᠵᠢᠯᠣᠭᠤᠳᠤᠭᠴᠢ ᠰᠣᠳᠣᠪᠢᠯᠢᠭ᠌ ᠵᠡᠷᠭᠡ ᠳᠣᠯᠣᠭᠠᠨ ᠪᠠᠭᠰᠢ ᠶᠢ | ᠠᠵᠢᠯ ᠬᠠᠪᠰᠤᠷᠭᠠᠭᠰᠠᠨ ᠫᠷᠣᠹᠧᠰᠰᠣᠷ ᠢᠶᠠᠷ ᠤᠷᠢᠵᠤ᠂ ᠲᠡᠳᠡᠨ ᠳᠤ ᠦᠨᠡᠮᠯᠡᠯ ᠣᠯᠭᠤᠵᠠᠢ᠃ ᠳᠡᠭᠡᠳᠦ ᠰᠤᠷᠭᠠᠭᠤᠯᠢ ᠨᠢ 2020 ᠣᠨ ᠳᠤ ᠨᠢᠭᠡᠳᠦᠭᠡᠷ | ᠳᠡᠰ ᠤᠨ ᠬᠢᠴᠢᠶᠡᠯ ᠬᠦᠮᠦᠵᠢᠯ ᠤᠨ ᠳ᠋ᠣᠺᠲ᠋ᠣᠷ ᠬᠦᠮᠦᠵᠢᠬᠦᠯᠬᠦ ᠪᠠ ᠰᠤᠷᠭᠠᠨ ᠬᠦᠮᠦᠵᠢᠯ ᠤᠨ ᠳ᠋ᠣᠺᠲ᠋ᠣᠷ ᠬᠦᠮᠦᠵᠢᠬᠦᠯᠬᠦ ᠡᠷᠬᠡ ᠶᠢ ᠣᠯᠬᠤ ᠬᠠᠷᠠᠯᠲᠠ ᠪᠠᠷ | ᠴᠢᠷᠮᠠᠶᠢᠬᠤ ᠪᠣᠯᠣᠨ᠎ᠠ᠃ | ᠶᠣᠰᠣᠯᠠᠯ ᠲᠠᠢ ᠬᠠᠮᠲᠤ ᠶᠠᠪᠤᠭᠳᠠᠭᠰᠠᠨ ᠶᠠᠷᠢᠶᠠᠨ ᠤ ᠳᠠᠪᠴᠠᠩ ᠳᠡᠭᠡᠷ᠎ᠡ᠂ ᠪᠡᠭᠡᠵᠢᠩ ᠶᠡᠭᠡ ᠰᠤᠷᠭᠠᠭᠤᠯᠢ ᠶᠢᠨ ᠰᠤᠷᠭᠠᠨ ᠬᠦᠮᠦᠵᠢᠯ ᠤᠨ ᠳᠡᠭᠡᠳᠦ | ᠰᠤᠷᠭᠠᠭᠤᠯᠢ ᠶᠢᠨ ᠵᠠᠬᠢᠷᠤᠯ ᠶᠠᠨ ᠹᠧᠩ ᠵᠢᠶᠣᠣ᠂ ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ ᠶᠢᠨ ᠳ᠋ᠣᠺᠲ᠋ᠣᠷᠠᠨᠲ ᠤᠨ ᠬᠦᠭᠵᠢᠯᠲᠡ ᠰᠤᠳᠤᠯᠭᠠᠨ ᠪᠠ | ᠦᠨᠡᠯᠡᠯᠲᠡ ᠶᠢᠨ ᠲᠦᠪ ᠤᠨ ᠡᠷᠬᠢᠯᠡᠭᠴᠢ ᠶᠣᠣ ᠶᠦᠨ ᠵᠡᠷᠭᠡ ᠰᠤᠳᠤᠯᠭᠠᠲᠠᠳ ᠮᠡᠷᠭᠡᠵᠢᠯᠲᠡᠳ ᠭᠤᠣᠯ ᠰᠡᠳᠦᠪᠲᠦ ᠮᠡᠳᠡᠭᠦᠯᠦᠯᠲᠡ ᠬᠢᠭᠰᠡᠨ ᠪᠠᠶᠢᠨ᠎ᠠ᠃ | | | ᠦᠪᠦᠷ ᠮᠣᠩᠭᠤᠯ ᠤᠨ ᠷᠠᠳᠢᠤ᠋ ᠲᠧᠯᠸᠢᠰ ᠬᠤᠷᠢᠶᠠᠨ ᠤ ᠰᠤᠷᠪᠤᠯᠵᠢᠯᠠᠭᠴᠢ ᠠᠯᠲᠠᠨᠪᠠᠶᠠᠷ ᠮᠡᠳᠡᠭᠡᠯᠡᠪᠡ᠃ |