ᠦᠪᠦᠷ ᠮᠤᠩᠭᠤᠯ ᠤᠨ ᠶᠡᠭᠡ ᠰᠤᠷᠭᠠᠭᠤᠯᠢ ᠳᠤ ᠤᠯᠤᠰ ᠤᠨ ᠵᠡᠷᠬᠡᠯᠡᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠠᠪᠴᠠᠩ ᠨᠡᠮᠡᠭᠳᠡᠪᠡ
ᠨᠡᠶᠢᠲᠡᠯᠡᠭᠰᠡᠨ ᠴᠠᠭ᠄
2019-04-16
      ᠤᠶᠢᠷ᠎ᠠ ᠳᠤ᠂ ᠦᠪᠦᠷ ᠮᠣᠩᠭᠤᠯ ᠤᠨ ᠶᠡᠭᠡ ᠰᠤᠷᠭᠠᠭᠤᠯᠢ ᠶᠢᠨ ᠮᠡᠳᠡᠬᠦᠯᠦᠭᠰᠡᠨ ᠮᠣᠩᠭᠤᠯ ᠦᠰᠦᠭ ᠪᠢᠴᠢᠭ ᠤᠨ ᠤᠬᠠᠭᠠᠯᠢᠭ ᠰᠤᠷᠠᠭ ᠵᠠᠩᠬᠢ ᠰᠢᠶ᠋ᠳᠪᠦᠷᠢᠯᠡᠯᠳᠡ ᠶᠢᠨ ᠮᠡᠷᠬᠡᠵᠢᠯ ᠤᠨ ᠤᠯᠤᠰ ᠭᠠᠵᠠᠷ ᠤᠷᠤᠨ ᠬᠠᠮᠳᠤᠷᠠᠭᠰᠠᠨ ᠢᠨᠵᠧᠨᠧᠷᠢᠩ ᠰᠤᠳᠤᠯᠭᠠᠨ ᠤ ᠲᠦᠪ ᠨᠢ ᠤᠯᠤᠰ ᠤᠨ ᠬᠦᠭᠵᠢᠬᠦᠯᠦᠯᠳᠡ ᠪᠤᠯᠤᠨ ᠦᠬᠡᠷᠡᠴᠢᠯᠡᠯᠳᠡ ᠶᠢᠨ ᠵᠦᠪᠯᠡᠯ ᠤᠨ ᠵᠦᠪᠰᠢᠶᠡᠷᠡᠯ ᠢ ᠤᠯᠵᠤ ᠪᠠᠶᠢᠭᠤᠯᠬᠤ ᠪᠠᠷ ᠪᠤᠢ᠂ ᠡᠨᠡ ᠨᠢ ᠲᠤᠰ ᠰᠤᠷᠭᠠᠭᠤᠯᠢ ᠶᠢᠨ ᠠᠩᠬᠠᠨ ᠤ ᠤᠯᠤᠰ ᠭᠠᠵᠠᠷ ᠤᠷᠤᠨ ᠬᠠᠮᠳᠤᠷᠠᠭᠰᠠᠨ ᠢᠨᠵᠧᠨᠧᠷᠢᠩ ᠤᠨ ᠰᠤᠳᠤᠯᠭᠠᠨ ᠤ ᠲᠦᠪ ᠪᠤᠯᠬᠤ ᠪᠦᠬᠡᠳ ᠦᠪᠦᠷ ᠮᠣᠩᠭᠤᠯ ᠤᠨ ᠶᠡᠭᠡ ᠰᠤᠷᠭᠠᠭᠤᠯᠢ ᠶᠢᠨ ︽ᠬᠤᠤᠰ ᠲᠡᠷᠢᠬᠦᠨ︾ ᠢ ᠪᠠᠶᠢᠭᠤᠯᠬᠤ ᠪᠠ ︽ᠤᠯᠤᠰ ᠭᠠᠵᠠᠷ ᠤᠷᠤᠨ ᠬᠠᠮᠳᠤᠷᠠᠨ ᠪᠠᠶᠢᠭᠤᠯᠬᠤ︾ ᠠᠵᠢᠯ ᠤᠨ ᠤᠯᠤᠰ ᠤᠨ ᠵᠡᠷᠬᠡᠯᠡᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠠᠪᠴᠠᠩ ᠤᠨ ᠪᠠᠶᠢᠭᠤᠯᠤᠯᠳᠠ ᠶᠢᠨ ᠲᠠᠯ᠎ᠠ ᠪᠠᠷ ᠤᠯᠤᠭᠰᠠᠨ ᠪᠠᠰᠠ ᠨᠢᠬᠡ ᠴᠢᠬᠤᠯᠠ ᠠᠮᠵᠢᠯᠳᠠ ᠪᠤᠯᠬᠤ ᠶᠢ ᠬᠠᠷᠠᠭᠤᠯᠵᠤ ᠪᠠᠶᠢᠨ᠎ᠠ᠃      ᠤᠶᠢᠯᠠᠭᠠᠭᠰᠠᠨ ᠢᠶᠠᠷ᠂ ᠮᠣᠩᠭᠤᠯ ᠦᠰᠦᠭ ᠪᠢᠴᠢᠭ ᠤᠨ ᠤᠬᠠᠭᠠᠯᠢᠭ ᠰᠤᠷᠠᠭ ᠵᠠᠩᠬᠢ ᠰᠢᠶ᠋ᠳᠪᠦᠷᠢᠯᠡᠯᠳᠡ ᠶᠢᠨ ᠮᠡᠷᠬᠡᠵᠢᠯ ᠤᠨ ᠤᠯᠤᠰ ᠭᠠᠵᠠᠷ ᠤᠷᠤᠨ ᠬᠠᠮᠳᠤᠷᠠᠭᠰᠠᠨ ᠢᠨᠵᠧᠨᠧᠷᠢᠩ ᠤᠨ ᠰᠤᠳᠤᠯᠭᠠᠨ ᠤ ᠲᠦᠪ ᠨᠢ ᠮᠣᠩᠭᠤᠯ ᠦᠰᠦᠭ ᠪᠢᠴᠢᠭ ᠤᠨ ᠤᠬᠠᠭᠠᠯᠢᠭ ᠰᠤᠷᠠᠭ ᠵᠠᠩᠬᠢ ᠰᠢᠶ᠋ᠳᠪᠦᠷᠢᠯᠡᠯᠳᠡ᠂ ᠮᠣᠩᠭᠤᠯ ᠦᠰᠦᠭ ᠪᠢᠴᠢᠭ ᠤᠨ ᠦᠢᠯᠡᠴᠢᠯᠡᠬᠡᠨ ᠤ ᠰᠤᠹᠲ᠂ ᠡᠬᠦᠯᠡᠨ ᠪᠤᠳᠤᠯᠳᠠ ᠶᠢᠨ ᠡᠬᠢ ᠰᠤᠷᠪᠤᠯᠵᠢ ᠶᠢᠨ ᠬᠠᠮᠢᠶᠠᠷᠤᠯᠳᠠ ᠶᠢᠨ ᠦᠢᠯᠡᠴᠢᠯᠡᠭᠡ ᠵᠡᠷᠬᠡ ᠬᠦᠷᠢᠶᠡᠨ ᠳᠤ ᠴᠢᠬᠤᠯᠠ ᠮᠡᠷᠬᠡᠵᠢᠯ ᠤᠨ ᠴᠢᠨᠠᠷᠲᠠᠢ ᠰᠤᠳᠤᠯᠭᠠᠨ ᠪᠤᠯᠤᠨ ᠬᠡᠷᠡᠭᠯᠡᠬᠡᠨ ᠤ ᠰᠤᠷᠳᠠᠯᠴᠢᠯᠠᠭ᠎ᠠ ᠦᠷᠨᠢᠬᠦᠯᠵᠤ᠂ ᠮᠣᠩᠭᠤᠯ ᠦᠰᠦᠭ ᠪᠢᠴᠢᠭ ᠤᠨ ᠰᠤᠷᠠᠭ ᠵᠠᠩᠬᠢ ᠰᠢᠶ᠋ᠳᠪᠦᠷᠢᠯᠡᠯᠳᠡ ᠨᠢ ᠬᠢᠮᠡᠯ ᠤᠬᠠᠭᠠᠯᠢᠭ ᠴᠠᠭ ᠦᠶ᠎ᠡ ᠳᠤ ᠤᠷᠤᠵᠤ᠂ ᠦᠪᠦᠷ ᠮᠣᠩᠭᠤᠯ ᠴᠢᠨᠠᠭᠰᠢᠯᠠᠪᠠᠯ ᠤᠯᠤᠰ ᠲᠠᠶᠠᠭᠠᠷ ᠤᠨ ᠴᠦᠬᠡᠨ ᠲᠤᠭᠠᠳᠤ ᠦᠨᠳᠤᠰᠦᠳᠡᠨ ᠤ ᠦᠬᠡ ᠬᠡᠯᠡ ᠦᠰᠦᠭ ᠪᠢᠴᠢᠭ ᠤᠨ ᠤᠬᠠᠭᠠᠯᠢᠭ ᠰᠤᠷᠠᠭ ᠵᠠᠩᠬᠢ ᠰᠢᠶ᠋ᠳᠪᠦᠷᠢᠯᠡᠯᠳᠡ᠂ ᠲᠤᠮᠤ ᠳ᠋ᠡᠶᠢᠲ᠋ᠠ ᠡᠬᠦᠯᠡᠨ ᠪᠤᠳᠤᠯᠳᠠ ᠶᠢᠨ ᠦᠢᠯᠡᠴᠢᠯᠡᠬᠡᠨ ᠳᠤ ᠮᠡᠷᠬᠡᠵᠢᠯ ᠤᠨ ᠲᠡᠮᠵᠢᠯᠬᠡ ᠬᠠᠩᠭᠠᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号