ᠶᠠᠰᠤ ᠴᠢᠨᠠᠷ ᠤᠨ ᠭᠡᠷᠡᠴᠢᠯᠡᠭᠡ ᠶᠢᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ  ᠴᠢᠩᠭᠠᠳᠬᠠᠨ ᠶᠠᠰᠤ ᠴᠢᠨᠠᠷ ᠤᠨ ᠪᠦᠬᠦ ᠲᠠᠯ᠎ᠠ ᠶᠢᠨ ᠬᠠᠮᠢᠶᠠᠷᠤᠯᠲᠠ ᠶᠢ ᠠᠬᠢᠭᠤᠯᠬᠤ ᠲᠤᠬᠠᠶ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ
ᠨᠡᠶᠢᠲᠡᠯᠡᠭᠰᠡᠨ ᠴᠠᠭ᠄
2019-04-18
          ᠬᠥᠬᠡᠬᠤᠲᠠ ᠵᠠᠰᠠᠭ ᠲᠠᠷᠬᠠᠭᠠᠭᠰᠠᠨ  ﹇2019﹈ 1 ᠳ᠋ᠦ᠋ᠭᠡᠷ ᠲᠣᠭᠠᠲᠤ           2019 ᠣᠨ ᠤ 1 ᠰᠠᠷ᠎ᠠ ᠶᠢᠨ 7 ᠤ ᠡᠳᠤᠷᠡᠯ᠎ᠡ ᠬᠤᠰᠢᠭᠤ᠂ ᠰᠢᠶᠠᠨ᠂ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠦᠯᠲᠠ ᠶᠢᠨ ᠵᠦᠪᠯᠡᠯ᠂ ᠬᠤᠳᠠ ᠶᠢᠨ ᠡᠯ᠎ᠡ ᠵᠥᠪᠯᠡᠯ᠂ ᠠᠯᠪᠠᠨ ᠬᠡᠷ᠂ ᠲᠣᠪᠴᠢᠶ᠎ᠠ᠄      ︽ᠶᠠᠰᠤ ᠴᠢᠨᠠᠷ ᠤᠨ ᠭᠡᠷᠡᠴᠢᠯᠡᠭᠡ ᠶᠢᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠶᠠᠰᠤ ᠴᠢᠨᠠᠷ ᠤᠨ ᠪᠦᠬᠦ ᠲᠠᠯ᠎ᠠ ᠶᠢᠨ ᠬᠠᠮᠢᠶᠠᠷᠤᠯᠲᠠ ᠶᠢ ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠲᠠᠷᠬᠠᠭᠠᠭᠰᠠᠨ ﹇2018﹈ 38 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠬᠤᠳᠠ ᠶᠢᠨ ᠪᠣᠳᠠᠲᠠᠶ  ᠲᠠᠢ ᠣᠶᠠᠯᠳᠣᠭᠤᠯᠦᠨ᠂ ᠶᠠᠰᠤ ᠴᠢᠨᠠᠷ ᠤᠨ ᠭᠡᠷᠡᠴᠢᠯᠡᠭᠡ ᠶᠢᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ  ᠴᠢᠩᠭᠠᠳᠬᠠᠨ ᠶᠠᠰᠤ ᠴᠢᠨᠠᠷ ᠤᠨ ᠪᠦᠬᠦ ᠲᠠᠯ᠎ᠠ ᠶᠢᠨ ᠬᠠᠮᠢᠶᠠᠷᠤᠯᠲᠠ ᠶᠢ ᠠᠬᠢᠭᠤᠯᠬᠤ ᠶᠢᠨ ᠲᠤᠯᠠᠳᠠ ᠳᠣᠤᠷᠠᠬᠢ ᠬᠡᠷᠡᠭᠵᠢᠭᠦᠯᠬᠦ ᠰᠠᠨᠠᠯ ᠢ ᠳᠤᠷᠠᠳᠪᠠ᠃      ᠨᠢᠭᠡ᠂ ᠶᠡᠷᠦᠩᠬᠡᠶ ᠱᠠᠭᠠᠷᠳᠠᠯᠭ᠎ᠠ      ︵ᠨᠢᠭᠡ︶ ᠵᠢᠯᠣᠭᠤᠳᠬᠤ ᠦᠵᠡᠯ ᠰᠠᠨᠠᠭ᠎ᠠ            ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ  ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠤᠯᠤᠨ ᠠᠷᠪᠠ ᠶᠢᠰᠦᠳᠦᠭᠡᠷ ᠬᠤᠭᠤᠴᠠᠭ᠎ᠠ ᠶᠢᠨ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂ ᠲᠥᠪ᠂ ᠥᠪᠡᠷᠲᠡᠭᠡᠨ ᠵᠠᠰᠠᠬᠤ ᠣᠷᠣᠨ ᠪᠣᠯᠤᠨ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠶᠠᠰᠤ ᠴᠢᠨᠠᠷ ᠤᠨ ᠬᠥᠭᠵᠢᠯᠲᠡ ᠶᠢᠨ ᠲᠤᠬᠠᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠲᠡᠷᠢᠭᠦᠨ ᠤ ᠶᠠᠰᠤ ᠴᠢᠨᠠᠷ ᠤᠨ ᠬᠠᠮᠢᠶᠠᠷᠤᠯᠲᠠ ᠶᠢᠨ ᠪᠠᠷᠢᠮᠵᠢᠶ᠎ᠠ ᠪᠤᠯᠤᠨ ᠠᠷᠭ᠎ᠠ ᠠᠪᠴᠠᠯ ᠢ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠵᠦ᠂ ᠨᠢᠭᠡᠳᠦᠯᠲᠡᠢ ᠬᠠᠮᠢᠶᠠᠷᠤᠭᠰᠠᠨ᠂   ᠬᠠᠮᠲᠦ ᠪᠠᠷ ᠬᠡᠷᠡᠭᠵᠢᠬᠦᠯᠦᠭᠰᠡᠨ ᠡᠷᠬᠡ ᠰᠦᠷᠲᠡᠢ ᠪᠦᠭᠡᠳ ᠨᠡᠶᠢᠲᠡ ᠳᠤ ᠢᠲᠡᠭᠡᠮᠵᠢ ᠲᠠᠢ᠂ ᠨᠡᠶᠢᠳᠡᠮ ᠬᠡᠷᠡᠭᠯᠡᠭᠳᠡᠨ ᠮᠡᠳᠡᠷᠡᠭᠳᠡᠬᠦ ᠶᠠᠰᠤ ᠴᠢᠨᠠᠷ ᠤᠨ ᠭᠡᠷᠡᠴᠢᠯᠡᠭᠡ ᠶᠢᠨ ᠰᠢᠰᠲ᠋ᠧᠮᠵᠢ ᠶᠢ ᠴᠤᠭᠴᠠᠯᠠᠨ ᠪᠠᠶᠢᠭᠤᠯᠵᠤ᠂ ᠠᠵᠢᠯ ᠲᠥᠷᠥᠯ ᠤᠨ ᠬᠥᠭᠵᠢᠯᠲᠡ ᠪᠤᠯᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠠᠬᠢᠭᠤᠯᠤᠨ᠂  ᠶᠠᠰᠤ ᠴᠢᠨᠠᠷ ᠤᠨ ᠪᠦᠬᠦ ᠲᠠᠯ᠎ᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠣᠶᠢᠯᠡᠳᠬᠦᠨ ᠂ ᠢᠨᠵᠧᠨᠧᠷᠢᠩ ᠪᠤᠯᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠬᠦᠯᠦᠨ᠂ ᠠᠵᠤ ᠠᠬᠤᠢ ᠶᠢᠨ ᠦᠨᠳᠦᠷ ᠴᠢᠨᠰᠠᠭ᠎ᠠ ᠲᠠᠢ ᠬᠥᠭᠵᠢᠯᠲᠡ ᠶᠢ ᠠᠬᠢᠭᠤᠯᠤᠨ᠎ᠠ᠃      ︵ᠬᠤᠶᠠᠷ︶ ᠦᠨᠳᠦᠰᠦᠨ ᠵᠠᠷᠴᠢᠮ —— ᠵᠠᠬ᠎ᠠ ᠳᠡᠯᠭᠡᠭᠦᠷ ᠢᠶᠠᠷ ᠭᠤᠣᠯ ᠣᠳᠣᠷᠢᠳᠣᠮᠵᠢ ᠪᠤᠯᠭᠠᠨ᠂ ᠵᠠᠰᠠᠭ ᠤᠨ ᠣᠷᠳᠣᠨ ᠠᠴᠠ ᠬᠥᠲᠥᠯᠦᠨ ᠵᠢᠯᠣᠭᠤᠳᠤᠨ᠎ᠠ᠃ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠤᠯᠭᠠᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠪᠠᠶᠢᠷᠢ ᠰᠠᠭᠤᠷᠢ ᠶᠢ ᠳᠣᠪᠣᠶᠢᠯᠭᠠᠨ᠎ᠠ᠃ ᠵᠠᠰᠠᠭ ᠤᠨ ᠣᠷᠳᠣᠨ ᠤ ᠲᠥᠯᠥᠪᠵᠢᠬᠦᠯᠵᠦ ᠬᠥᠲᠥᠯᠥᠨ ᠵᠢᠯᠣᠭᠤᠳᠬᠤ᠂ ᠲᠥᠷᠥ ᠶᠢᠨ ᠪᠣᠳᠣᠯᠭ᠎ᠠ ᠪᠠᠷ ᠲᠡᠳᠬᠦᠬᠦ᠂ ᠬᠢᠨᠠᠨ ᠬᠠᠮᠢᠶᠠᠷᠴᠤ ᠦᠢᠯᠡᠴᠢᠯᠡᠬᠦ ᠵᠡᠷᠭᠡ ᠦᠢᠯᠡᠳᠦᠯ ᠢ ᠴᠢᠩᠭᠠᠳᠬᠠᠵᠤ᠂ ᠶᠠᠰᠤ ᠴᠢᠨᠠᠷ ᠤᠨ ᠬᠥᠭᠵᠢᠯᠲᠡ ᠶᠢᠨ ᠰᠠᠶᠢᠨ ᠰᠠᠶᠢᠬᠠᠨ ᠣᠷᠴᠢᠨ ᠨᠦᠬᠦᠴᠡᠯ ᠢ ᠪᠣᠢ ᠪᠣᠯᠭᠠᠨ᠎ᠠ᠃ —— ᠥᠭᠡᠷᠡᠴᠢᠯᠡᠯᠲᠡ ᠶᠢ ᠬᠦᠨᠵᠡᠭᠡᠶᠢᠷᠡᠬᠦᠯᠵᠦ᠂ ᠰᠢᠨ᠎ᠡ ᠡᠬᠦᠳᠦᠯᠲᠡ ᠶᠢ ᠬᠦᠭᠵᠢᠬᠦᠯᠦᠨ᠎ᠡ᠃ ᠶᠠᠰᠤ ᠴᠢᠨᠠᠷ ᠤᠨ  ᠭᠡᠷᠡᠴᠢᠯᠡᠭᠡ ᠶᠢ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠤᠯᠤᠨ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠴᠢᠬᠤᠯᠠ ᠭᠠᠷᠳᠠᠴᠠ ᠪᠣᠯᠭᠠᠵᠤ᠂ ᠵᠠᠰᠠᠭ ᠤᠨ ᠣᠷᠳᠣᠨ ᠤ ᠡᠭᠦᠷᠭᠡ ᠴᠢᠳᠠᠮᠵᠢ ᠶᠢᠨ ᠬᠤᠪᠢᠷᠠᠭᠤᠯᠤᠯᠲᠠ ᠶᠢ ᠠᠬᠢᠭᠤᠯᠵᠤ᠂ ᠶᠠᠰᠤ ᠴᠢᠨᠠᠷ ᠤᠨ ᠬᠥᠭᠵᠢᠯᠲᠡ ᠶᠢᠨ ᠲᠣᠭᠲᠠᠴᠠ ᠳᠤ ᠰᠢᠨ᠎ᠡ ᠶᠢ ᠡᠬᠦᠳᠴᠦ᠂ ᠶᠠᠰᠤ ᠴᠢᠨᠠᠷ ᠢᠶᠠᠨ ᠳᠡᠭᠡᠭᠰᠢᠯᠡᠭᠦᠯᠬᠦ ᠬᠥᠳᠡᠯᠭᠡᠬᠦ ᠴᠢᠳᠠᠪᠤᠷᠢ ᠶᠢ ᠣᠷᠮᠠᠰᠢᠭᠤᠯᠤᠨ ᠬᠦᠭᠵᠢᠭᠡᠨ᠎ᠡ᠃ —— ᠤᠷᠮᠠᠰᠢᠭᠤᠯᠬᠤ ᠪᠠ ᠬᠢᠵᠠᠭᠠᠷᠯᠠᠬᠤ ᠶᠢ ᠬᠡᠷᠡᠭᠵᠢᠬᠦᠯᠦᠨ ᠣᠯᠠᠨ ᠡᠰᠢᠵᠢᠬᠦᠯᠦᠨ ᠬᠠᠮᠲᠦ ᠪᠠᠷ ᠵᠠᠰᠠᠨ᠎ᠠ᠃  ᠬᠥᠲᠥᠯᠥᠨ ᠵᠢᠯᠣᠭᠤᠳᠬᠤ ᠪᠣᠯᠣᠨ ᠠᠯᠪᠠᠳᠠᠯ ᠤᠨ ᠣᠶᠠᠯᠳᠣᠯ ᠢ ᠪᠠᠷᠢᠮᠲᠠᠯᠠᠵᠤ᠂ ᠰᠠᠶᠢᠨ ᠳᠤᠷ᠎ᠠ ᠠᠴᠠ ᠪᠠᠨ ᠦᠷᠨᠢᠬᠦᠯᠬᠦ ᠪᠠᠷ ᠭᠤᠣᠯᠯᠠᠭᠤᠯᠵᠣ᠂ ᠠᠯᠪᠠᠳᠠᠨ ᠬᠡᠷᠡᠭᠵᠢᠬᠦᠯᠬᠦ ᠪᠠᠷ ᠳᠤᠰᠠᠯᠠᠭᠤᠯᠤᠨ᠂ ᠠᠮᠤᠷ ᠲᠦᠪᠰᠢᠨ᠂ ᠡᠷᠡᠬᠦᠯ ᠮᠡᠨᠳᠦ᠂ ᠣᠷᠴᠢᠨ ᠲᠤᠭᠤᠷᠢᠨ ᠤ ᠬᠠᠮᠠᠭᠠᠯᠠᠯᠲᠠ ᠵᠡᠷᠭᠡ ᠲᠠᠯ᠎ᠠ ᠳᠤ ᠬᠤᠯᠪᠤᠭᠳᠠᠭᠰᠠᠨ ᠤᠶᠢᠯᠡᠳᠬᠦᠨ ᠳᠤ ᠠᠯᠪᠠᠳᠠᠯᠭ᠎ᠠ ᠶᠢᠨ ᠴᠢᠨᠠᠷᠲᠠᠶ ᠪᠠᠷ ᠭᠡᠷᠡᠴᠢᠯᠡᠭᠡ ᠬᠢᠬᠦ ᠶᠢ ᠬᠠᠤᠯᠢ ᠶᠤᠰᠦᠭᠠᠷ ᠬᠡᠷᠡᠭᠵᠢᠬᠦᠯᠵᠦ᠂ ᠠᠵᠤ ᠠᠬᠤᠶᠢᠯᠠᠯ ᠤᠨ ᠰᠠᠶᠢᠨ ᠳᠤᠷ᠎ᠠ ᠠᠴᠠ ᠪᠠᠨ ᠭᠡᠷᠡᠴᠢᠯᠡᠭᠡ ᠬᠢᠬᠦ ᠳᠤ ᠣᠷᠣᠯᠴᠠᠬᠤ ᠶᠢ ᠵᠤᠷᠢᠭᠵᠢᠭᠤᠯᠤᠨ᠂ ᠣᠷᠮᠠᠰᠢᠭᠤᠯᠬᠤ ᠪᠠ ᠬᠢᠵᠠᠭᠠᠷᠯᠠᠬᠤ ᠲᠣᠭᠲᠠᠴᠠ ᠶᠢ ᠲᠡᠬᠦᠯᠳᠡᠷᠵᠢᠬᠦᠯᠵᠦ᠂ ᠨᠡᠶᠢᠬᠡᠮ ᠤᠨ ᠡᠯ᠎ᠡ ᠡᠳᠡᠭᠡᠳ ᠢ ᠬᠦᠲᠦᠯᠦᠨ ᠵᠢᠯᠤᠭᠤᠳᠴᠦ ᠶᠠᠰᠦ ᠴᠢᠨᠠᠷ ᠤᠨ ᠬᠠᠮᠲᠦ ᠶᠢᠨ ᠵᠠᠰᠠᠯᠲᠠ ᠶᠢ ᠦᠷᠨᠢᠬᠦᠯᠵᠦ᠂ ᠶᠠᠰᠤ ᠴᠢᠨᠠᠷ ᠤᠨ ᠪᠦᠬᠦ ᠲᠠᠯ᠎ᠠ ᠶᠢᠨ ᠬᠠᠮᠢᠶᠠᠷᠦᠯᠲᠠ ᠶᠢ ᠴᠢᠩᠭᠠᠳᠬᠠᠵᠤ᠂ ᠶᠠᠰᠤ ᠴᠢᠨᠠᠷ ᠤᠨ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠨ᠎ᠡ᠃—— ᠳᠤᠭᠲᠠᠭᠤᠨ ᠪᠠᠶᠢᠯᠭᠠᠬᠤ ᠮᠦᠷᠲᠡᠭᠡᠨ ᠣᠷᠣᠭᠰᠢᠯᠠᠭᠤᠯᠤᠨ ᠳᠠᠪᠰᠢᠭᠤᠯᠵᠦ᠂ ᠰᠠᠭᠤᠷᠢ ᠶᠢ ᠨᠢ ᠪᠠᠲᠤᠳᠬᠠᠨ ᠦᠨᠳᠦᠰᠦ ᠠᠴᠠ ᠨᠢ ᠪᠠᠬᠢᠵᠢᠬᠦᠯᠦᠨ᠎ᠡ᠃ ᠶᠠᠰᠤ ᠴᠢᠨᠠᠷ ᠤᠨ ᠭᠡᠷᠡᠴᠢᠯᠡᠭᠡ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠢᠳᠡᠪᠬᠢᠲᠡᠶ ᠪᠥᠭᠡᠳ ᠯᠠᠪᠳᠠᠭᠤᠨ ᠢᠶᠠᠷ ᠲᠦᠯᠬᠢᠨ ᠠᠬᠢᠭᠤᠯᠵᠤ᠂ ᠭᠡᠷᠡᠴᠢᠯᠡᠭᠡ ᠶᠢ ᠬᠢᠨᠠᠨ ᠬᠠᠮᠢᠶᠠᠷᠬᠤ ᠡᠭᠦᠷᠭᠡ  ᠴᠢᠳᠠᠪᠤᠷᠢ ᠪᠠᠨ ᠴᠢᠩᠭᠠᠳᠬᠠᠬᠤ ᠪᠠ ᠡᠩᠨᠡᠭᠡ ᠶᠢᠨ ᠲᠣᠭᠲᠠᠭᠤᠨ ᠪᠠᠶᠢᠬᠤ ᠶᠢ ᠪᠠᠲᠤᠯᠠᠵᠤ᠂ ᠲᠦᠷᠦ ᠶᠢᠨ ᠪᠤᠳᠤᠯᠭ᠎ᠠ ᠶᠢᠨ ᠪᠠᠲᠤᠯᠠᠭ᠎ᠠ ᠪᠤᠯᠤᠨ ᠣᠷᠣᠭᠤᠯᠤᠯᠲᠠ ᠶᠢᠨ ᠡᠷᠴᠢᠮ ᠢ ᠳᠠᠰᠤᠷᠠᠯᠲᠠ ᠦᠭᠡᠢ ᠴᠢᠩᠭᠠᠷᠠᠭᠤᠯᠵᠦ᠂ ᠰᠠᠭᠤᠷᠢ ᠪᠠᠲᠤᠯᠠᠭ᠎ᠠ ᠶᠢᠨ ᠴᠢᠳᠠᠪᠤᠷᠢ ᠶᠢ ᠲᠠᠰᠤᠷᠠᠯᠲᠠ ᠦᠭᠡᠢ ᠪᠠᠲᠤᠳᠬᠠᠨ᠎ᠠ᠃      ︵ᠭᠤᠷᠪᠠ︶ ᠠᠵᠢᠯ ᠤᠨ ᠬᠠᠷᠠᠯᠲᠠ       2022 ᠣᠨ ᠪᠣᠯᠬᠤ ᠳᠤ᠂ ᠶᠠᠰᠤ ᠴᠢᠨᠠᠷ ᠤᠨ ᠭᠡᠷᠡᠴᠢᠯᠡᠭᠡ ᠶᠢᠨ ᠴᠢᠳᠠᠪᠤᠷᠢ ᠶᠢᠨ ᠪᠠᠶᠢᠭᠤᠯᠤᠯᠲᠠ ᠲᠡᠬᠦᠯᠳᠡᠷᠵᠢᠬᠦ ᠳᠡᠶᠢᠰᠢ ᠬᠠᠨᠳᠤᠵᠤ᠂ ᠡᠯ᠎ᠡ ᠲᠦᠷᠦᠯ ᠤᠨ ᠠᠵᠤ ᠠᠬᠤᠶᠢᠯᠠᠯ ᠤᠨ ᠵᠣᠬᠢᠶᠠᠨ ᠪᠠᠶᠢᠭᠤᠯᠤᠯᠲᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠴᠢᠳᠠᠪᠤᠷᠢ ᠶᠢ ᠢᠯᠡᠳᠲᠡ ᠴᠢᠩᠭᠠᠷᠠᠭᠤᠯᠵᠤ᠂ ᠭᠤᠣᠯ ᠪᠤᠯᠬᠤ ᠤᠶᠢᠯᠡᠳᠬᠦᠨ᠂ ᠢᠨᠵᠧᠨᠧᠷᠢᠩ᠂ ᠦᠢᠯᠡᠴᠢᠯᠡᠭᠡ ᠶᠢᠨ ᠴᠢᠨᠠᠷ ᠴᠢᠨᠰᠠᠭ᠎ᠠ ᠶᠢᠨ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠵᠦ᠂ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ ᠶᠢᠨ ᠭᠡᠷᠡᠴᠢᠯᠡᠭᠰᠡᠨ ᠦᠨᠡᠮᠯᠡᠯ ᠤᠨ ᠲᠤᠭ᠎ᠠ ᠬᠡᠮᠵᠢᠶ᠎ᠡ ᠶᠢ ᠶᠡᠭᠡ ᠪᠠᠷ ᠨᠡᠮᠡᠭᠳᠡᠬᠦᠯᠥᠨ᠂ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠭᠡᠷᠡᠴᠢᠯᠡᠭᠡ ᠶᠢᠨ ᠣᠶᠢᠯᠡᠴᠢᠯᠡᠭᠡᠨ ᠤ ᠠᠵᠤ ᠠᠬᠤᠶ ᠶᠢᠨ ᠴᠢᠳᠠᠪᠤᠷᠢ ᠶᠢ ᠢᠯᠡᠳᠲᠡ ᠴᠢᠩᠭᠠᠷᠠᠭᠤᠯᠵᠦ᠂ ᠵᠠᠰᠠᠭ ᠤᠨ ᠣᠷᠳᠣᠨ ᠤ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠤᠯᠠᠨ ᠨᠡᠶᠢᠲᠡ ᠶᠢᠨ ᠦᠢᠯᠡᠴᠢᠯᠡᠭᠡᠨ ᠤ ᠳᠠᠪᠴᠠᠩ ᠤᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠵᠤ᠂ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠴᠢᠳᠠᠪᠤᠷᠢ ᠮᠠᠨ ᠤ ᠬᠤᠲᠠ ᠶᠢᠨ ᠭᠤᠤᠯᠳᠠᠯᠭᠠᠲᠦ ᠠᠵᠦ ᠣᠶᠢᠯᠡᠰ ᠵᠢᠴᠢ ᠨᠡᠶᠢᠬᠡᠮ ᠤᠨ ᠬᠦᠭᠵᠢᠯᠲᠡ ᠶᠢᠨ ᠭᠤᠤᠯᠳᠠᠯᠭᠠᠲᠦ ᠬᠦᠷᠢᠶ᠎ᠡ ᠴᠠᠷ᠎ᠠ ᠶᠢ ᠦᠨᠳᠦᠰᠦᠨ ᠳᠤ ᠪᠠᠨ ᠪᠦᠷᠬᠦᠵᠦ᠂  ᠦᠷᠢᠰᠦᠯᠳᠦᠬᠦ ᠬᠦᠴᠦᠨ ᠲᠠᠢ ᠨᠢᠭᠡ ᠪᠦᠯᠦᠭ ᠶᠠᠰᠦ ᠴᠢᠨᠠᠷ ᠲᠠᠢ ᠨᠡᠷᠡᠲᠦ ᠲᠡᠮᠲᠡᠭᠲᠦ ᠶᠢ ᠪᠤᠢ ᠪᠤᠯᠭᠠᠨ᠎ᠠ᠃ ᠬᠡᠷᠡᠴᠢᠯᠡᠵᠦ ᠵᠦᠪᠰᠢᠶᠡᠷᠡᠬᠦ᠂ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠨᠢ ᠵᠠᠰᠠᠭ ᠤᠨ ᠣᠷᠳᠣᠨ᠂ ᠵᠠᠬ᠎ᠠ ᠳᠡᠯᠭᠡᠬᠦᠷ ᠵᠢᠴᠢ ᠬᠡᠷᠡᠭᠯᠡᠭᠴᠢᠳ ᠤᠨ ᠳᠤᠮᠳᠠ ᠥᠷᠭᠡᠨ ᠢᠶᠠᠷ ᠦᠨᠡᠮᠰᠢᠭᠳᠡᠵᠦ᠂ ᠵᠠᠰᠠᠭ ᠤᠨ ᠣᠷᠳᠣᠨ ᠤ ᠴᠡᠭᠴᠡᠯᠡᠨ ᠵᠠᠰᠠᠬᠤ ᠰᠢᠰᠲ᠋ᠧᠮᠵᠢ ᠶᠢᠨ ᠴᠢᠬᠤᠯᠠ ᠪᠦᠷᠢᠯᠳᠦᠬᠦᠨ ᠪᠤᠯᠭᠠᠨ᠎ᠠ᠃      ᠬᠤᠶᠠᠷ᠂ ᠭᠤᠣᠯᠳᠠᠯᠭ᠎ᠠ ᠪᠣᠯᠬᠤ ᠡᠭᠦᠷᠭᠡ      ︵ᠨᠢᠭᠡ︶ ᠵᠠᠰᠠᠭ ᠤᠨ ᠣᠷᠳᠣᠨ ᠤ ᠶᠠᠰᠤ ᠴᠢᠨᠠᠷ ᠢ ᠵᠠᠰᠠᠬᠤ ᠬᠦᠴᠦᠨ ᠴᠢᠳᠠᠪᠤᠷᠢ ᠶᠢ ᠳᠡᠭᠡᠭᠰᠢᠯᠡᠬᠦᠯᠦᠨ᠎ᠡ      1. ᠶᠠᠰᠦ ᠴᠢᠨᠠᠷ ᠤᠨ ᠰᠠᠭᠤᠷᠢ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠵᠠᠰᠠᠭ ᠤᠨ ᠣᠷᠳᠣᠨ ᠤᠶᠠᠰᠤ ᠴᠢᠨᠠᠷ ᠤᠨ ᠲᠠᠯ᠎ᠠ ᠪᠠᠷ ᠬᠢ ᠦᠵᠡᠯ ᠤᠬᠠᠮᠰᠠᠷ ᠢ ᠳᠡᠭᠡᠭᠰᠢᠯᠡᠬᠦᠯᠦᠨ᠂ ᠶᠠᠰᠦ ᠴᠢᠨᠠᠷ ᠶᠢᠨ ᠬᠡᠮᠵᠢᠬᠦᠷ᠂ ᠪᠠᠷᠢᠮᠵᠢᠶ᠎ᠠ᠂ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ᠂ ᠭᠡᠷᠡᠴᠢᠯᠡᠨ ᠵᠦᠪᠰᠢᠶᠡᠷᠡᠬᠦ ᠶᠢᠨ ᠰᠠᠭᠤᠷᠢ ᠪᠡᠯᠡᠳᠭᠡᠮᠵᠢ ᠶᠢᠨ ᠨᠢᠭᠡ ᠴᠤᠭᠴᠠᠵᠢᠭᠤᠯᠤᠭᠰᠠᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠲᠥᠷᠥ ᠶᠢᠨ ᠪᠤᠳᠤᠯᠭ᠎ᠠ ᠪᠠᠷ ᠬᠥᠲᠥᠯᠥᠨ ᠵᠢᠯᠣᠭᠤᠳᠬᠤ ᠶᠢ ᠴᠢᠩᠭᠠᠳᠬᠠᠨ᠂ ᠣᠷᠮᠠᠰᠢᠭᠤᠯᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠢᠲᠡᠭᠡᠮᠵᠢ ᠪᠠᠷ  ᠬᠢᠵᠠᠭᠠᠷᠯᠠᠬᠤ ᠶᠢ ᠴᠢᠩᠳᠠᠯᠠᠨ᠂ ᠢᠲᠡᠭᠡᠮᠵᠢ ᠪᠠᠷ ᠬᠢᠨᠠᠨ ᠬᠠᠮᠢᠶᠠᠷᠬᠤ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠤᠶᠢᠯᠡᠳᠤᠯ ᠪᠦᠲᠦᠮᠵᠢ ᠪᠤᠯᠤᠨ ᠵᠠᠰᠠᠭ ᠤᠨ ᠣᠷᠳᠣᠨ ᠤ ᠨᠡᠶᠢᠲᠡ ᠳᠤ ᠢᠲᠡᠭᠡᠬᠦᠯᠬᠦ ᠬᠦᠴᠦᠨ ᠢ ᠳᠡᠭᠡᠭᠰᠢᠯᠡᠬᠦᠯᠦᠨ᠎ᠡ᠃  ᠣᠶᠢᠯᠡᠳᠬᠦᠨ᠂ ᠢᠳᠡᠭᠡᠨ᠂ ᠮᠡᠳᠡᠭᠡ ᠵᠠᠩᠭᠢ ᠶᠢᠨ ᠠᠮᠤᠷ ᠲᠦᠪᠰᠢᠨ ᠂ ᠪᠤᠬᠢᠷᠳᠤᠯ ᠥᠬᠡᠶ ᠬᠥᠭᠵᠢᠯᠲᠡ᠂  ᠬᠦᠭᠵᠢᠯᠲᠡ ᠶᠢᠨ ᠰᠢᠨ᠎ᠡ ᠡᠬᠦᠳᠦᠯᠲᠡ ᠵᠡᠷᠭᠡ ᠲᠠᠯ᠎ᠠ ᠳᠤ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠬᠡᠷᠡᠴᠢᠯᠡᠯᠲᠡ ᠶᠢᠨ ᠠᠷᠭ᠎ᠠ ᠪᠠᠷᠢᠯ ᠳᠤ ᠰᠢᠨ᠎ᠡ ᠶᠢ ᠡᠬᠦᠳᠬᠦ ᠶᠢ ᠢᠳᠡᠪᠬᠢᠲᠠᠢ ᠲᠥᠯᠬᠢᠨ ᠠᠬᠢᠭᠤᠯᠵᠤ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠥᠭᠵᠢᠯᠲᠡ  ᠳᠤ ᠦᠨᠡᠯᠡᠬᠦ ᠠᠷᠭ᠎ᠠ ᠪᠠᠷᠢᠯ ᠪᠣᠯᠤᠨ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃ ︵ᠬᠤᠲᠠ ᠶᠢᠨ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ  ᠡᠬᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠤᠰᠤᠭᠠᠷ ᠬᠠᠷᠢᠭᠤᠴᠠᠨ᠎ᠠ︶              2. ᠵᠠᠰᠠᠭ ᠤᠨ ᠣᠷᠳᠣᠨ ᠤ ᠶᠠᠰᠤ ᠴᠢᠨᠠᠷ ᠢ ᠵᠠᠰᠠᠬᠤ ᠠᠷᠭ᠎ᠠ ᠬᠡᠯᠪᠡᠷᠢ ᠶᠢ ᠬᠤᠪᠢᠷᠠᠭᠤᠯᠤᠨ᠎ᠠ᠃ ᠶᠠᠰᠤ ᠴᠢᠨᠠᠷ ᠤᠨ ᠬᠠᠮᠢᠶᠠᠷᠤᠯᠲᠠ ᠶᠢᠨ ᠪᠠᠷᠢᠮᠵᠢᠶ᠎ᠠ ᠪᠣᠯᠣᠨ ᠶᠠᠰᠤ ᠴᠢᠨᠠᠷ ᠤᠨ ᠭᠡᠷᠡᠴᠢᠯᠡᠭᠡ ᠶᠢᠨ ᠠᠷᠭ᠎ᠠ ᠪᠠᠷᠢᠯ ᠢ ᠲᠡᠯᠭᠡᠷᠡᠬᠦᠯᠵᠤ᠂ ᠶᠠᠰᠤ ᠴᠢᠨᠠᠷ ᠢ ᠵᠠᠰᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠯ᠎ᠡ ᠱᠠᠲᠤᠨ ᠤ ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠣᠨᠴᠠᠭᠠᠶᠢᠯᠠᠨ ᠠᠵᠢᠯ ᠲᠥᠷᠥᠯ ᠢ ᠭᠤᠤᠯᠴᠢᠯᠠᠨ ᠬᠠᠮᠢᠶᠠᠷᠴᠦ ᠪᠠᠶᠢᠭ᠎ᠠ ᠰᠠᠯᠠᠭ᠎ᠠ ᠮᠥᠴᠢᠷ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ ᠬᠡᠷᠡᠭᠵᠢᠬᠦᠯᠬᠦ ᠶᠢ ᠵᠤᠷᠢᠭᠵᠢᠭᠤᠯᠵᠤ ᠂ ᠰᠢᠯᠭᠠᠷᠠᠭᠰᠠᠨ ᠠᠵᠢᠯ ᠤᠨ ᠠᠮᠵᠢᠯᠲᠠ ᠪᠦᠲᠦᠮᠵᠢ ᠵᠡᠷᠭᠡ ᠶᠠᠰᠤ ᠴᠢᠨᠠᠷ ᠤᠨ ᠲᠡᠷᠢᠭᠦᠨ ᠤ ᠬᠠᠮᠢᠶᠠᠷᠤᠯᠲᠠ ᠶᠢᠨ ᠠᠷᠭ᠎ᠠ ᠬᠡᠯᠪᠡᠷᠢ ᠶᠢ ᠬᠡᠷᠡᠭᠯᠡᠨ᠂ ᠭᠤᠷᠪᠠᠳᠡᠬᠢ ᠡᠳᠡᠭᠡᠳ ᠢᠶᠠᠷ ᠶᠠᠰᠤ ᠴᠢᠨᠠᠷ ᠢ ᠵᠠᠰᠠᠬᠤ ᠳᠤᠭᠲᠠᠴᠠ ᠶᠢ ᠣᠷᠣᠭᠤᠯᠣᠨ ᠠᠪᠴᠢᠷᠠᠵᠦ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠪᠤᠯᠤᠨ ᠬᠠᠮᠢᠶᠠᠷᠤᠯᠲᠠ ᠶᠢᠨ ᠠᠷᠭ᠎ᠠ ᠬᠡᠯᠪᠡᠷᠢ ᠶᠢ ᠬᠤᠪᠢᠷᠠᠭᠤᠯᠤᠨ᠎ᠠ᠃ ︵ᠬᠤᠳᠠ ᠶᠢᠨ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠡᠬᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠤᠰᠤᠭᠠᠷ ᠬᠠᠷᠢᠭᠤᠴᠠᠨ᠎ᠠ︶      3. ᠶᠠᠰᠤ ᠴᠢᠨᠠᠷ ᠤᠨ ᠭᠡᠷᠡᠴᠢᠯᠡᠭᠡ ᠶᠢᠨ ᠮᠡᠳᠡᠭᠡ ᠵᠠᠩᠭᠢᠴᠢᠯᠠᠯᠲᠠ ᠶᠢᠨ ᠪᠥᠲᠤᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠶᠢᠨ ᠭᠡᠷᠡᠴᠢᠯᠡᠨ ᠵᠦᠪᠰᠢᠶᠡᠷᠡᠭᠰᠡᠨ᠂ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠭᠰᠡᠨ ᠦᠷ᠎ᠡ ᠳ᠋ᠦᠩ ᠤᠨ ᠰᠤᠷᠠᠭ ᠵᠠᠩᠭᠢ ᠶᠢ  ᠬᠦᠯᠢᠶᠡᠨ ᠵᠦᠪᠰᠢᠶᠡᠷᠡᠬᠦ ᠠᠷᠠᠭ᠎ᠠ ᠵᠠᠮ ᠢ ᠤᠯᠠᠮ ᠨᠢᠭᠡ ᠠᠯᠬᠤᠮ ᠰᠢᠯᠤᠭᠤᠳᠬᠠᠵᠤ᠂ ᠭᠤᠷᠪᠠᠳᠠᠬᠢ ᠡᠲᠡᠭᠡᠳ ᠤᠨ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ᠂ ᠭᠡᠷᠡᠴᠢᠯᠡᠭᠡ ᠬᠢᠬᠦ ᠪᠠᠶᠢᠭᠤᠯᠤᠮᠵᠢ ᠠᠴᠠ ᠵᠠᠰᠠᠭ ᠵᠠᠬᠢᠷᠭᠠᠨ ᠤ ᠬᠠᠤᠯᠢ  ᠬᠡᠷᠡᠭᠵᠢᠬᠦᠯᠬᠦ ᠶᠢ ᠬᠢᠨᠠᠨ ᠬᠠᠮᠢᠶᠠᠷᠬᠤ ᠳᠤ ᠠᠯᠪᠠᠨ ᠭᠡᠷᠡᠴᠢᠯᠡᠭᠡ ᠶᠢᠨ ᠲᠤᠭ᠎ᠠ ᠪᠠᠷᠢᠮᠲᠠ ᠪᠣᠯᠣᠨ ᠮᠡᠷᠭᠡᠵᠢᠯ ᠤᠨ ᠳᠡᠮᠵᠢᠯᠭᠡ ᠬᠠᠩᠭᠠᠬᠤ ᠶᠢ ᠵᠤᠷᠢᠭᠵᠢᠭᠤᠯᠤᠨ᠎ᠠ᠃ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠭᠡᠷᠡᠴᠢᠯᠡᠵᠤ ᠵᠥᠪᠰᠢᠶᠡᠷᠡᠬᠦ᠂ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠬᠤᠯᠪᠤᠭᠳᠠᠯ ᠪᠦᠬᠦᠢ ᠲᠤᠬᠠᠶᠢᠯᠠᠭᠰᠠᠨ ᠠᠵᠢᠯ ‍ᠤᠨ‌‍ᠲ᠋ᠤᠭ᠎ᠠ ᠪᠠᠷᠢᠮᠲᠠ᠂ ᠬᠢᠨᠠᠯᠲᠠ ᠬᠠᠮᠢᠶᠠᠷᠤᠯᠲᠠ ᠶᠢᠨ ᠲᠤᠭ᠎ᠠ ᠪᠠᠷᠢᠮᠲᠠ ᠶᠢ ᠪᠦᠷᠢᠳᠭᠡᠬᠦ ᠠᠵᠢᠯ ᠢ ᠰᠠᠶᠢᠲᠤᠷ ᠬᠢᠵᠦ᠂ ᠭᠤᠤᠯᠳᠠᠯᠭᠠᠲᠦ ᠢᠲᠡᠭᠡᠮᠵᠢ ᠶᠢᠨ ᠲᠤᠭ᠎ᠠ ᠪᠠᠷᠢᠮᠲᠠ ᠪᠤᠯᠤᠨ ᠮᠡᠳᠡᠭᠡ ᠵᠠᠩᠭᠢ ᠶᠢ ᠲᠤᠮᠦ ᠳ᠋ᠠᠶᠢᠲ᠋ᠠ ᠶᠢᠨ ᠲᠥᠪ ᠪᠤᠯᠤᠨ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠨᠡᠶᠢᠲᠡᠯᠡᠬᠦ ᠰᠢᠰᠲ᠋ᠧᠮ ︵ᠥᠪᠥᠷ ᠮᠣᠩᠭᠤᠯ ᠤᠨ︶ ᠳᠤ ᠤᠷᠤᠭᠤᠯᠵᠦ᠂ ᠪᠠᠶᠢᠴᠠᠭᠠᠨ ᠰᠢᠯᠭᠠᠵᠤ ᠪᠠᠶᠢᠴᠠᠭᠠᠨ  ᠬᠡᠮᠵᠢᠭᠰᠡᠨ ᠭᠡᠷᠡᠴᠢᠯᠡᠵᠦ ᠵᠦᠪᠰᠢᠶᠡᠷᠡᠭᠰᠡᠨ ᠢᠲᠡᠭᠡᠮᠵᠢ ᠶᠢᠨ ᠮᠡᠳᠡᠭᠡ ᠵᠠᠩᠭᠢ ᠶᠢᠨ ᠨᠠᠶᠢᠳᠠᠪᠤᠷᠢᠲᠤ ᠴᠢᠨᠠᠷ᠂ ᠬᠡᠷᠡᠭᠯᠡᠵᠦ ᠪᠣᠯᠬᠤ ᠴᠢᠨᠠᠷ ᠢ ᠳᠡᠭᠡᠭᠰᠢᠯᠡᠬᠦᠯᠦᠨ᠎ᠡ᠃ ︵ᠬᠠᠷᠢᠭᠤᠴᠠᠬᠤ ᠨᠢᠭᠡᠴᠡ᠄ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠬᠤᠳᠠᠯᠳᠤᠭᠠᠨ ᠤ ᠲᠣᠪᠴᠢᠶ᠎ᠠ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠠᠵᠤ ᠠᠬᠤᠶ ᠪᠠ ᠮᠡᠳᠡᠭᠡ ᠵᠠᠩᠬᠢᠴᠢᠯᠠᠯᠲᠠ ᠶᠢᠨ ᠵᠥᠪᠯᠡᠯ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠬᠤᠶᠠᠷ︶ ᠶᠠᠰᠤ ᠴᠢᠨᠠᠷ ᠤᠨ ᠬᠠᠮᠢᠶᠠᠷᠤᠯᠲᠠ ᠶᠢᠨ ᠲᠡᠷᠢᠭᠦᠨ ᠤ ᠪᠠᠷᠢᠮᠵᠢᠶ᠎ᠠ ᠪᠣᠯᠤᠨ ᠠᠷᠭ᠎ᠠ ᠶᠢ ᠳᠡᠯᠭᠡᠷᠡᠭᠦᠯᠦᠨ  ᠬᠡᠷᠡᠭᠯᠡᠨ᠎ᠡ      4.ᠲᠡᠷᠢᠭᠦᠨ ᠤ ᠶᠠᠰᠤ ᠴᠢᠨᠠᠷ ᠤᠨ ᠬᠠᠮᠢᠶᠠᠷᠤᠯᠲᠠ ᠶᠢᠨ ᠪᠠᠭᠠᠵᠢ ᠶᠢ ᠳᠡᠯᠭᠡᠷᠡᠬᠦᠯᠦᠨ᠎ᠡ᠃ ᠶᠠᠰᠤ ᠴᠢᠨᠠᠷ ᠤᠨ ᠪᠦᠬᠦ ᠲᠠᠯ᠎ᠠ ᠶᠢᠨ ᠬᠠᠮᠢᠶᠠᠷᠤᠯᠲᠠ ᠂ ᠵᠢᠷᠭᠤᠭᠠᠨ ᠰᠢᠭᠮᠡ᠂ ᠨᠠᠷᠢᠨ ᠨᠢᠭᠲᠠ ᠬᠠᠮᠢᠶᠠᠷᠤᠯᠲᠠ ᠵᠡᠷᠭᠡ ᠤᠯᠠᠨ ᠤᠯᠤᠰ ᠤᠨ ᠶᠠᠰᠤ ᠴᠢᠨᠠᠷ ᠤᠨ ᠲᠡᠷᠢᠭᠦᠨ ᠤ ᠬᠠᠮᠢᠶᠠᠷᠤᠯᠲᠠ ᠶᠢᠨ ᠠᠷᠭ᠎ᠠ ᠶᠢ ᠶᠡᠬᠡᠪᠡᠷ ᠳᠡᠯᠭᠡᠷᠡᠬᠦᠯᠵᠦ᠂ ᠠᠵᠤ ᠠᠬᠤᠶᠢᠯᠠᠯ ᠤᠨ ᠶᠠᠰᠤ ᠴᠢᠨᠠᠷ ᠢ ᠭᠡᠷᠡᠴᠢᠯᠡᠬᠦ ᠠᠷᠭ᠎ᠠ ᠮᠠᠶ᠋ᠢᠭ ᠢ ᠬᠡᠷᠡᠭᠯᠡᠨ ᠶᠠᠰᠤ ᠴᠢᠨᠠᠷ ᠤᠨ ᠬᠠᠮᠢᠶᠠᠷᠤᠯᠲᠠ ᠪᠠᠨ ᠴᠢᠩᠭᠠᠳᠬᠠᠬᠤ ᠶᠢ ᠵᠣᠷᠢᠭᠵᠢᠭᠤᠯᠵᠤ᠂ ᠶᠠᠰᠤ ᠴᠢᠨᠠᠷ ᠤᠨ ᠬᠠᠮᠢᠶᠠᠷᠤᠯᠲᠠ ᠶᠢᠨ ᠲᠡᠷᠢᠭᠦᠨ ᠤ ᠪᠠᠷᠢᠮᠵᠢᠶ᠎ᠠ᠂ ᠠᠷᠭ᠎ᠠ ᠬᠡᠮᠵᠢᠶ᠎ᠡ ᠶᠢ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠪᠤᠯᠤᠨ ᠨᠡᠶᠢᠭᠡᠮ ᠤᠨ ᠵᠠᠰᠠᠯᠲᠠ ᠵᠡᠷᠭᠡ ᠬᠦᠷᠢᠶᠡᠨ ᠲᠡᠶᠢᠰᠢ ᠪᠦᠬᠦ ᠲᠠᠯ᠎ᠠ ᠪᠠᠷ ᠣᠷᠲᠣᠳᠬᠠᠬᠤ ᠶᠢ ᠳᠥᠯᠬᠢᠨ ᠠᠬᠢᠭᠤᠯᠤᠨ᠎ᠠ᠃ ᠡᠯ᠎ᠡ ᠠᠵᠢᠯ ᠲᠥᠷᠥᠯ ᠤᠨ ᠬᠢᠨ᠂ ᠠᠵᠢᠯ ᠲᠥᠷᠥᠯ ᠤᠨ ᠣᠨᠴᠠᠯᠢᠭ ᠲᠠᠢ ᠪᠠᠨ ᠣᠶᠠᠯᠳᠤᠭᠤᠯᠤᠨ᠂ ᠶᠠᠰᠤ ᠴᠢᠨᠠᠷ ᠤᠨ ᠬᠠᠮᠢᠶᠠᠷᠦᠯᠲᠠ ᠶᠢᠨ ᠨᠡᠶᠢᠳᠡᠮ ᠤᠨ ᠱᠠᠭᠠᠷᠳᠠᠯᠭ᠎ᠠ ᠪᠣᠯᠤᠨ ᠠᠵᠢᠯ ᠲᠥᠷᠥᠯ ᠤᠨ ᠣᠨᠴᠠᠭᠠᠢ ᠱᠠᠭᠠᠷᠳᠠᠯᠭ᠎ᠠ ᠶᠢᠨ ᠤᠶᠠᠯᠳᠤᠯ ᠢ ᠠᠬᠢᠭᠤᠯᠵᠦ᠂ ᠶᠠᠰᠦ ᠴᠢᠨᠠᠷ ᠤᠨ ᠰᠢᠨ᠎ᠡ ᠮᠠᠶ᠋ᠢᠭ ᠤᠨ  ᠬᠠᠮᠢᠶᠠᠷᠤᠯᠲᠠ ᠶᠢᠨ ᠪᠠᠭᠠᠵᠢ ᠶᠢ ᠢᠳᠡᠪᠬᠢᠲᠠᠢ ᠨᠡᠭᠡᠭᠡᠨ ᠬᠦᠭᠵᠢᠬᠦᠯᠵᠦ᠂ ᠶᠠᠰᠤ ᠴᠢᠨᠠᠷ ᠤᠨ ᠬᠠᠮᠢᠶᠠᠷᠤᠯᠲᠠ ᠶᠢᠨ ᠲᠡᠷᠢᠭᠦᠨ ᠤ ᠠᠵᠢᠯ ᠲᠥᠷᠥᠯ ᠵᠢᠴᠢ ᠠᠵᠤ ᠠᠬᠤᠶᠢᠯᠠᠯ ‍ᠤᠨ‌ᠦᠷ᠎ᠡ ᠪᠦᠲᠦᠭᠡᠯ ᠪᠣᠯᠣᠨ ᠲᠤᠷᠰᠢᠯᠭ᠎ᠠ ᠶᠢ ᠳᠡᠯᠭᠡᠷᠡᠬᠦᠯᠬᠦ ᠶᠢ ᠵᠤᠷᠢᠭᠵᠢᠭᠤᠯᠤᠨ᠎ᠠ᠃ ᠨᠢᠭᠡ ᠪᠦᠯᠦᠭ ᠭᠤᠤᠯᠳᠠᠯᠭᠠᠲᠤ ᠠᠵᠤ ᠠᠬᠤᠶᠢᠯᠠᠯ ᠢ ᠬᠥᠲᠥᠯᠥᠨ ᠵᠢᠯᠣᠭᠤᠳᠴᠤ᠂ ᠶᠠᠰᠤ ᠴᠢᠨᠠᠷ ᠤᠨ ᠬᠠᠮᠢᠶᠠᠷᠤᠯᠲᠠ ᠶᠢᠨ ︽ ᠲᠠᠭᠠᠭᠤᠯᠤᠭᠴᠢ︾ ᠪᠤᠯᠭᠠᠬᠤ ᠠᠵᠢᠯᠯᠠᠭ᠎ᠠ ᠶᠢ ᠥᠷᠨᠢᠭᠦᠯᠵᠦ᠂ ᠡᠯ᠎ᠡ ᠠᠵᠢᠯ ᠲᠦᠷᠦᠯ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠬᠢᠷᠢ ᠳᠥᠪᠰᠢᠨ ᠤ ᠶᠡᠷᠦᠩᠬᠡᠢ ᠦᠰᠦᠷᠦᠯᠲᠠ ᠶᠢ ᠳᠠᠶᠢᠴᠢᠯᠠᠨ᠎ᠠ᠃ ︵ᠬᠠᠷᠢᠭᠤᠴᠠᠬᠤ ᠨᠢᠭᠡᠴᠡ᠄ ᠬᠤᠲᠠ ᠶᠢᠨ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠵᠥᠪᠯᠡᠯ᠂ ᠠᠵᠤ ᠠᠬᠤᠶ ᠪᠠ ᠮᠡᠳᠡᠭᠡ ᠵᠠᠩᠬᠢᠴᠢᠯᠠᠯᠲᠠ ᠶᠢᠨ ᠵᠥᠪᠯᠡᠯ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠵᠢᠭᠤᠯᠴᠢᠯᠠᠯ ᠤᠨ ᠬᠥᠭᠵᠢᠭᠦᠯᠦᠯᠲᠡ ᠶᠢᠨ ᠵᠥᠪᠯᠡᠯ᠂ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠥᠪᠯᠡᠯ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠢᠳᠡᠭᠡᠨ ᠪᠠ ᠡᠮ ᠤᠨ ᠵᠤᠶᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶      5. ᠶᠠᠰᠤ ᠴᠢᠨᠠᠷ ᠤᠨ ᠬᠠᠮᠢᠶᠠᠷᠤᠯᠲᠠ ᠶᠢᠨ ᠬᠢᠷᠢ ᠳᠥᠪᠰᠢᠨ ᠢ ᠳᠡᠭᠡᠭᠰᠢᠯᠡᠭᠦᠯᠦᠨ᠎ᠡ᠃ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠶᠠᠰᠤ ᠴᠢᠨᠠᠷ ᠤᠨ ᠭᠡᠷᠡᠴᠢᠯᠡᠭᠡ ᠪᠠᠷ ᠶᠠᠳᠠᠭᠤ ᠶᠢ ᠲᠡᠳᠬᠦᠬᠦ ᠪᠠ ᠰᠤᠶᠢᠳᠭᠡᠯ ᠬᠤᠷᠢᠶᠠᠬᠤ ᠥᠭᠡᠢ ᠪᠣᠯᠪᠠᠰᠣᠷᠠᠭᠤᠯᠣᠯ ᠢ ᠦᠷᠨᠢᠬᠦᠯᠵᠦ᠂ ᠶᠠᠰᠤ ᠴᠢᠨᠠᠷ ᠢ ᠰᠠᠶᠢᠵᠢᠷᠠᠭᠤᠯᠬᠤ ᠲᠥᠰᠦᠯ ᠬᠠᠩᠭᠠᠵᠤ᠂ ᠶᠠᠰᠦ ᠴᠢᠨᠠᠷ  ᠤᠨ  ᠳᠡᠭᠡᠭᠰᠢᠯᠡᠯᠲᠡ ᠳᠤ ᠳᠤᠲᠠᠭᠳᠠᠵᠤ ᠪᠠᠶᠢᠭ᠎ᠠ ᠵᠦᠢᠯ ᠢ ᠨᠢ ᠨᠦᠬᠦᠪᠦᠷᠢᠯᠡᠨ᠎ᠡ᠃ ︽ᠭᠠᠷᠮᠠᠭᠠᠶ ᠠᠮᠵᠢᠯᠲᠠ ᠪᠦᠲᠦᠮᠵᠢ ᠶᠢ ᠦᠨᠡᠯᠡᠬᠦ ᠵᠠᠷᠴᠢᠮ︾ ᠢ ᠤᠬᠠᠭᠤᠯᠤᠨ ᠲᠤᠭᠤᠰᠢᠯᠠᠭᠤᠯᠬᠤ ᠶᠢ ᠦᠷᠨᠢᠬᠦᠯᠵᠦ᠂ ᠠᠵᠦ ᠠᠬᠤᠶᠢᠯᠠᠯ ᠳᠤ 300 ᠠᠵᠦ ᠠᠬᠤᠶᠢᠯᠠᠯ ᠤᠳᠠᠭ᠎ᠠ ᠠᠴᠠ ᠳᠡᠭᠡᠭᠰᠢ ᠪᠤᠯᠪᠠᠰᠤᠷᠠᠭᠤᠯᠤᠯ ᠬᠦᠷᠲᠡᠭᠡᠨ᠎ᠡ᠃ ᠵᠢᠵᠢᠭ ᠪᠢᠴᠢᠯ ᠠᠵᠤ ᠠᠬᠤᠶᠢᠯᠠᠯ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠰᠠᠭᠤᠷᠢ ᠨᠢ ᠪᠠᠲᠤᠵᠢᠵᠦ᠂ ᠶᠠᠰᠤ ᠴᠢᠨᠠᠷ ᠤᠨ ᠥᠪᠡᠷ ᠢᠶᠠᠨ ᠨᠤᠲᠠᠯᠠᠬᠤ ᠴᠢᠳᠠᠪᠤᠷᠢ ᠶᠢ  ᠦᠢᠯᠡᠳᠪᠦᠷᠢᠯᠡᠯ᠂ ᠡᠵᠡᠩᠨᠡᠯᠲᠡ ᠶᠢᠨ ᠱᠠᠭᠠᠷᠳᠠᠯᠭ᠎ᠠ ᠳᠤ ᠦᠨᠳᠦᠰᠦᠨ ᠳᠡᠭᠡᠨ ᠬᠦᠷᠭᠡᠨ᠎ᠡ᠃ ︵ᠬᠠᠷᠢᠭᠤᠴᠠᠬᠤ ᠨᠢᠭᠡᠴᠡ᠄ ᠬᠤᠲᠠ ᠶᠢᠨ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠠᠬᠤᠶ ᠪᠠ ᠮᠡᠳᠡᠭᠡ ᠵᠠᠩᠬᠢᠴᠢᠯᠠᠯᠲᠠ ᠶᠢᠨ ᠵᠥᠪᠯᠡᠯ᠂ ᠵᠢᠭᠤᠯᠴᠢᠯᠠᠯ ᠤᠨ ᠬᠥᠭᠵᠢᠭᠦᠯᠦᠯᠲᠡ ᠶᠢᠨ ᠵᠥᠪᠯᠡᠯ᠂ ᠢᠳᠡᠭᠡᠨ ᠪᠠ ᠡᠮ ᠤᠨ ᠵᠤᠶᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶      ︵ᠭᠤᠷᠪᠠ︶ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ ᠳᠤ ᠲᠡᠰ ᠳᠡᠪᠰᠢᠭᠦᠯᠬᠦ ᠠᠵᠢᠯᠯᠠᠭ᠎ᠠ ᠶᠢ ᠥᠷᠭᠡᠨ ᠢᠶᠠᠷ ᠦᠷᠨᠢᠬᠦᠯᠦᠨ᠎ᠡ      6.ᠠᠵᠤ ᠠᠬᠤᠶᠢᠯᠠᠯ ᠳᠤ ᠰᠢᠨ᠎ᠡ ᠬᠡᠪ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ ᠶᠢᠨ ᠪᠠᠷᠢᠮᠵᠢᠶ᠎ᠠ ᠶᠢ ᠰᠤᠷᠤᠯᠴᠠᠵᠦ ᠬᠡᠷᠡᠭᠵᠢᠬᠦᠯᠬᠦ ᠠᠵᠢᠯᠯᠠᠭ᠎ᠠ ᠦᠷᠨᠢᠬᠦᠯᠦᠨ᠎ᠡ᠃ ᠠᠵᠤ ᠠᠬᠤᠶᠢᠯᠠᠯ ᠢ ᠵᠣᠬᠢᠶᠠᠨ ᠪᠠᠶᠢᠭᠤᠯᠵᠦ ᠶᠠᠰᠤ ᠴᠢᠨᠠᠷ ᠤᠨ ᠲᠡᠷᠢᠭᠦᠨ ᠤ ᠬᠠᠮᠢᠶᠠᠷᠤᠯᠲᠠ ᠶᠢᠨ ᠰᠢᠰᠲ᠋ᠧᠮᠵᠢ ᠶᠢᠨ ᠪᠠᠷᠢᠮᠵᠢᠶ᠎ᠠ ᠶᠢ ᠰᠤᠷᠤᠯᠴᠠᠭᠤᠯᠤᠨ ᠬᠡᠷᠡᠭᠯᠡᠬᠦᠯᠦᠨ᠎ᠡ᠃ ᠠᠵᠦ ᠣᠶᠢᠯᠡᠳᠪᠣᠷᠢ ᠶᠢᠨ ᠬᠦᠷᠢᠶᠡᠯᠡᠩ ᠲᠣᠭᠤᠷᠢᠭ᠂ ᠠᠵᠤ ᠦᠢᠯᠡᠰ ᠤᠨ ᠬᠦᠷᠢᠶᠡᠯᠡᠩ ᠲᠤᠭᠤᠷᠢᠭ ᠤᠨ ᠳᠤᠮᠳᠠ  ᠵᠢᠵᠢᠭ ᠪᠢᠴᠢᠯ ᠠᠵᠤ ᠠᠬᠤᠶᠢᠯᠠᠯ ᠢᠶᠠᠷ ᠭᠤᠣᠯᠳᠠᠯᠭ᠎ᠠ ᠪᠣᠯᠭᠠᠨ᠂ ᠶᠠᠰᠤ ᠴᠢᠨᠠᠷ ᠤᠨ ᠲᠡᠷᠢᠭᠦᠨ ᠤ ᠬᠠᠮᠢᠶᠠᠷᠤᠯᠲᠠ ᠶᠢᠨ ᠪᠠᠭᠠᠵᠢ ᠪᠣᠯᠣᠨ ᠶᠠᠰᠤ ᠴᠢᠨᠠᠷ ᠤᠨ ᠭᠡᠷᠡᠴᠢᠯᠡᠭᠡ ᠶᠢᠨ ᠮᠡᠳᠡᠯᠭᠡ ᠶᠢ ᠲᠦᠭᠡᠮᠡᠯᠵᠢᠭᠦᠯᠦᠨ ᠳᠡᠯᠭᠡᠷᠡᠭᠦᠯᠵᠦ᠂ ᠠᠵᠤ ᠠᠬᠤᠶᠢᠯᠠᠯ ᠤᠨ ᠰᠢᠨ᠎ᠡ ᠬᠡᠪ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ ᠶᠢᠨ ᠪᠠᠷᠢᠮᠵᠢᠶ᠎ᠠ ᠵᠢᠴᠢ  ᠣᠳᠣᠬᠢᠴᠢᠯᠠᠭᠰᠠᠨ ᠶᠠᠰᠤ ᠴᠢᠨᠠᠷ ᠤᠨ ᠬᠠᠮᠢᠶᠠᠷᠤᠯᠲᠠ ᠶᠢᠨ ᠪᠠᠭᠠᠵᠢ ᠳᠤ ᠬᠢ ᠣᠶᠢᠯᠠᠭᠠᠯᠲᠠ ᠪᠣᠯᠣᠨ ᠬᠡᠷᠡᠭᠯᠡᠯᠲᠡ ᠶᠢ  ᠳᠡᠭᠡᠭᠰᠢᠯᠡᠬᠦᠯᠦᠨ᠎ᠡ᠃ ︵ᠬᠠᠷᠢᠭᠤᠴᠠᠬᠤ ᠨᠢᠭᠡᠴᠡ᠄ ᠬᠤᠲᠠ ᠶᠢᠨ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠵᠥᠪᠯᠡᠯ᠂ ᠠᠵᠤ ᠠᠬᠤᠶ ᠪᠠ ᠮᠡᠳᠡᠭᠡ ᠵᠠᠩᠬᠢᠴᠢᠯᠠᠯᠲᠠ ᠶᠢᠨ ᠵᠥᠪᠯᠡᠯ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠵᠢᠭᠤᠯᠴᠢᠯᠡᠯ ᠤᠨ ᠬᠥᠭᠵᠢᠭᠦᠯᠦᠯᠲᠡ ᠶᠢᠨ ᠵᠥᠪᠯᠡᠯ᠂ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠥᠪᠯᠡᠯ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶      7.ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ ᠶᠢᠨ ᠭᠡᠷᠡᠴᠢᠯᠡᠭᠡ ᠶᠢᠨ ︽ᠰᠢᠨ᠎ᠡ ᠬᠡᠪ︾ ᠶᠢ  ᠴᠤᠭᠴᠠᠯᠠᠨ᠎ᠠ᠃ ᠠᠵᠤ ᠠᠬᠤᠶᠢᠯᠠᠯ ᠤᠨ ᠭᠤᠷᠪᠠᠳᠠᠬᠢ ᠡᠲᠡᠭᠡᠳ ᠤᠨ ᠶᠠᠰᠤ ᠴᠢᠨᠠᠷ ᠤᠨ ᠭᠡᠷᠡᠴᠢᠯᠡᠭᠡ ᠶᠢᠨ ᠠᠷᠭ᠎ᠠ ᠮᠠᠶ᠋ᠢᠭ ᠢ ᠬᠡᠷᠡᠭᠯᠡᠨ ᠶᠠᠰᠤ ᠴᠢᠨᠠᠷ ᠤᠨ ᠬᠠᠮᠢᠶᠠᠷᠤᠯᠲᠠ ᠪᠠᠨ ᠴᠢᠩᠭᠠᠳᠬᠠᠵᠤ᠂ ᠬᠠᠮᠢᠶᠠᠷᠤᠯᠲᠠ ᠶᠢᠨ ᠬᠢᠷᠢ ᠳᠥᠪᠰᠢᠨ  ᠢᠶᠠᠨ ᠳᠡᠭᠡᠭᠰᠢᠯᠡᠬᠦᠯᠬᠦ ᠶᠢ ᠵᠤᠷᠢᠭᠵᠢᠭᠤᠯᠵᠤ᠂ ᠠᠵᠤ ᠠᠬᠤᠶᠢᠯᠠᠯ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠬᠢᠷᠢ  ᠳᠥᠪᠰᠢᠨ ᠢ ᠪᠥᠬᠦ ᠲᠠᠯ᠎ᠠ ᠪᠠᠷ ᠲᠠᠰ ᠳᠡᠪᠰᠢᠬᠦ ᠶᠢ ᠠᠬᠢᠭᠤᠯᠤᠨ᠎ᠠ᠃ ᠢᠳᠡᠭᠡᠨ ᠪᠠ ᠲᠠᠷᠢᠶᠠᠯᠠᠩ ᠤᠨ ᠪᠦᠲᠦᠭᠡᠭᠳᠡᠬᠦᠨ᠂ ᠴᠠᠬᠢᠯᠭᠠᠨ ᠬᠦᠴᠦ᠂ ᠲᠣᠨᠣᠭᠯᠠᠯ ᠦᠢᠯᠡᠳᠬᠦ᠂ ᠮᠣᠩᠭᠤᠯ ᠬᠢᠲᠠᠳ ᠡᠮ ᠡᠮᠨᠡᠯᠭᠡ ᠵᠡᠷᠭᠡ ᠠᠵᠢᠯ ᠲᠦᠷᠦᠯ ᠤᠨ ᠠᠵᠤ ᠠᠬᠤᠶᠢᠯᠠᠯ ᠤᠨ ᠳᠦᠬᠦᠮ᠂ ᠥᠨᠳᠥᠷ ᠪᠦᠲᠦᠮᠵᠢᠲᠡᠶ ᠨᠢᠭᠡ ᠴᠤᠭᠴᠠᠵᠢᠭᠤᠯᠤᠭᠰᠠᠨ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠬᠤ ᠶᠢ ᠬᠦᠲᠦᠯᠦᠨ ᠵᠢᠯᠤᠭᠤᠳᠤᠨ᠎ᠠ᠃ ᠪᠠᠶᠢᠯᠳᠤᠬᠤ ᠪᠤᠳᠤᠯᠭ᠎ᠠ ᠶᠢᠨ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠴᠤᠭᠯᠠᠷᠠᠯ ᠪᠣᠯᠣᠨ ᠲᠤᠯᠤᠭᠠᠶᠢᠯᠠᠭᠴᠢ ᠠᠵᠦ ᠠᠬᠤᠶᠢᠯᠠᠯ ᠢ ᠬᠦᠮᠦᠵᠢᠬᠦᠯᠬᠦ ᠪᠠᠨ ᠲᠥᠷᠭᠡᠳᠬᠡᠵᠤ᠂ ᠮᠡᠳᠡᠭᠡ ᠵᠠᠩᠭᠢ ᠶᠢᠨ ᠵᠥᠭᠡᠯᠡᠨ ᠲᠤᠨᠤᠭ᠂ ᠮᠡᠷᠭᠡᠵᠢᠯ ᠤᠨ ᠣᠶᠢᠯᠡᠴᠢᠯᠡᠭᠡ᠂ ᠮᠥᠩᠬᠦᠨ ᠬᠦᠢᠯᠭᠡᠭᠡ᠂ ᠠᠳᠠᠯ ᠠᠬᠤᠢ ᠪᠠᠷᠠᠭᠠᠨ ᠤ ᠬᠦᠢᠯᠭᠡᠭᠡ᠂ ᠵᠢᠭᠤᠯᠴᠢᠯᠠᠯ ᠰᠡᠯᠡᠭᠦᠴᠡᠯ ᠪᠣᠯᠣᠨ ᠡᠷᠡᠭᠦᠯ ᠮᠡᠨᠳᠤ ᠨᠠᠰᠤᠵᠢᠯ ᠤᠨ ᠠᠰᠠᠷᠠᠮᠵᠢ ᠵᠡᠷᠭᠡ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠠᠮᠢᠶᠠᠷᠤᠯᠲᠠ ᠶᠢᠨ ᠬᠢᠷᠢ ᠳᠥᠪᠰᠢᠨ ᠢ ᠳᠡᠭᠡᠭᠰᠢᠯᠡᠬᠦᠯᠦᠨ᠎ᠡ᠃  ᠭᠡᠷᠡᠴᠢᠯᠡᠨ ᠵᠦᠪᠰᠢᠶᠡᠷᠡᠬᠦ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠵᠠᠩᠭᠢᠯᠠᠭ᠎ᠠ ᠶᠢᠨ ᠮᠡᠷᠭᠡᠵᠢᠯ ᠤᠨ ᠬᠡᠷᠡᠭᠯᠡᠭᠡ ᠶᠢᠨᠡᠭᠡᠭᠡᠨ ᠬᠦᠭᠵᠢᠬᠦᠯᠬᠦ ᠶᠢ ᠲᠡᠮᠵᠢᠵᠤ᠂ ᠦᠨᠡᠮᠯᠡᠯ ᠣᠯᠤᠭᠰᠠᠨ ᠠᠵᠤ ᠠᠬᠤᠶᠢᠯᠠᠯ ᠤᠨ ᠮᠡᠷᠭᠡᠵᠢᠯ ᠬᠢᠭᠡᠳ ᠬᠠᠮᠢᠶᠠᠷᠤᠯᠲᠠ  ᠪᠤᠯᠪᠠᠰᠤᠷᠠᠭᠤᠯᠤᠯ ᠤᠨ ᠣᠶᠢᠯᠡᠴᠢᠯᠡᠭᠡ ᠶᠢ ᠴᠢᠩᠭᠠᠳᠬᠠᠨ᠎ᠠ᠃ 2022 ᠣᠨ ᠪᠣᠯᠬᠤ ᠳᠤ᠂ ᠪᠥᠬᠦ ᠬᠤᠲᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ ᠶᠢᠨ ᠭᠡᠷᠡᠴᠢᠯᠡᠭᠡ ᠶᠢᠨ ᠦᠨᠡᠮᠯᠡᠯ ᠣᠯᠤᠭᠰᠠᠨ ᠠᠵᠤ ᠠᠬᠤᠶᠢᠯᠠᠯ ᠢ 1200 ᠠᠴᠠ ᠳᠡᠭᠡᠭᠰᠢ ᠪᠤᠯᠭᠠᠨ᠎ᠠ᠃ ︵ᠬᠠᠷᠢᠭᠤᠴᠠᠬᠤ ᠨᠢᠭᠡᠴᠡ᠄ ᠬᠤᠲᠠ ᠶᠢᠨ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠠᠵᠤ ᠠᠬᠤᠶ ᠪᠠ ᠮᠡᠳᠡᠭᠡ ᠵᠠᠩᠬᠢᠴᠢᠯᠠᠯᠲᠠ ᠶᠢᠨ ᠵᠥᠪᠯᠡᠯ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠵᠢᠭᠤᠯᠴᠢᠯᠠᠯ ᠤᠨ ᠬᠥᠭᠵᠢᠭᠦᠯᠦᠯᠲᠡ ᠶᠢᠨ ᠵᠥᠪᠯᠡᠯ᠂ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠥᠪᠯᠡᠯ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠢᠳᠡᠭᠡᠨ ᠪᠠ ᠡᠮ ᠤᠨ ᠵᠣᠶᠢᠯ ᠤᠨ ᠬᠢᠨᠠᠯᠲᠠ ᠬᠠᠮᠢᠶᠠᠷᠤᠯᠲᠠ ᠶᠢᠨ ᠳᠤᠪᠴᠢᠶ᠎ᠡ      8.ᠶᠠᠰᠤ ᠴᠢᠨᠠᠷ ᠤᠨ ᠭᠡᠷᠡᠴᠢᠯᠡᠭᠡ ᠶᠢᠨ ᠬᠠᠮᠤᠷᠬᠤ ᠬᠡᠪᠴᠢᠶ᠎ᠡ ᠶᠢ ᠥᠷᠭᠡᠳᠭᠡᠨ᠎ᠡ᠃ ᠭᠡᠷᠡᠴᠢᠯᠡᠭᠡ ᠶᠢᠨ ᠪᠠᠶᠢᠭᠤᠯᠤᠮᠵᠢ ᠶᠢ ᠵᠤᠬᠢᠶᠠᠨ ᠪᠠᠶᠢᠭᠤᠯᠵᠤ ᠴᠢᠭᠯᠡᠯᠲᠦ ᠴᠢᠨᠠᠷᠲᠠᠶ ᠥᠷᠲᠡᠭ ᠨᠡᠮᠡᠭᠳᠡᠯ ᠲᠠᠢ ᠣᠶᠢᠯᠡᠴᠢᠯᠡᠭᠡ᠂ ᠬᠦᠨᠵᠡᠭᠡᠢ ᠤᠶᠢᠯᠡᠴᠢᠯᠡᠭᠡ ᠶᠢ ᠦᠷᠨᠢᠬᠦᠯᠵᠦ᠂ ᠰᠢᠨ᠎ᠡ ᠬᠡᠯᠪᠡᠷᠢ ᠶᠢᠨ ᠬᠠᠮᠢᠶᠠᠷᠤᠯᠲᠠ ᠶᠢᠨ ᠰᠢᠰᠲ᠋ᠧᠮᠵᠢ ᠶᠢᠨ ᠭᠡᠷᠡᠴᠢᠯᠡᠭᠡ ᠶᠢ  ᠠᠬᠢᠭᠤᠯᠤᠨ᠎ᠠ᠃ ᠡᠷᠡᠭᠦᠯ ᠴᠢᠭᠢᠷᠠᠭ᠂ ᠰᠤᠷᠭᠠᠨ ᠬᠦᠮᠦᠵᠢᠯ᠂ ᠵᠢᠭᠤᠯᠴᠢᠯᠠᠯ᠂ ᠪᠡᠶ᠎ᠡ ᠶᠢᠨ ᠲᠠᠮᠢᠷ᠂ ᠮᠥᠩᠭᠦᠨ ᠬᠦᠢᠯᠭᠡᠭᠡ᠂ ᠡᠯᠧᠺᠲᠷᠣᠨ ᠬᠤᠳᠠᠯᠳᠤᠭ᠎ᠠ ᠵᠡᠷᠭᠡ ᠬᠦᠷᠢᠶᠡᠨ ᠳᠤ ᠣᠶᠢᠯᠡᠴᠢᠯᠡᠭᠡᠨ ᠤ ᠭᠡᠷᠡᠴᠢᠯᠡᠭᠡ ᠶᠢ ᠬᠡᠷᠡᠭᠵᠢᠬᠦᠯᠵᠦ᠂ ᠤᠶᠢᠯᠡᠴᠢᠯᠡᠭᠡᠨ ᠤ ᠭᠡᠷᠡᠴᠢᠯᠡᠭᠡ ᠶᠢᠨ ᠨᠥᠯᠥᠭᠡᠯᠡᠬᠦ ᠬᠦᠴᠦᠨ ᠪᠣᠯᠤᠨ ᠨᠡᠶᠢᠲᠡ ᠶᠢᠨ ᠢᠲᠡᠭᠡᠮᠵᠢ ᠶᠢᠨ ᠬᠦᠴᠦᠨ ᠢ ᠥᠷᠭᠡᠳᠭᠡᠨ᠎ᠡ᠃ ᠡᠨᠧᠷᠭᠢ ᠠᠷᠪᠢᠯᠠᠵᠤ ᠪᠣᠬᠢᠷᠲᠤᠯ ᠪᠠᠭᠠᠰᠬᠠᠬᠤ ᠪᠣᠯᠣᠨ ᠣᠷᠴᠢᠯ ᠠᠵᠤ ᠠᠬᠤᠶ ᠶᠢᠨ ᠭᠡᠷᠡᠴᠢᠯᠡᠭᠡ ᠶᠢᠨ ᠵᠢᠱᠢᠶ᠎ᠡ ᠦᠵᠡᠭᠦᠯᠬᠦ ᠲᠤᠭᠤᠷᠢᠭ ︵ᠴᠡᠭ︶ ᠢ ᠪᠥᠳᠥᠭᠡᠨ ᠪᠠᠶᠢᠭᠤᠯᠬᠤ ᠶᠢ ᠲᠥᠯᠬᠢᠨ ᠠᠬᠢᠭᠤᠯᠤᠨ᠎ᠠ᠃ ᠴᠡᠷᠢᠭ ᠠᠷᠠᠳ ᠤᠨ ᠠᠭᠤᠰᠤᠯᠴᠠᠭᠰᠠᠨ ᠠᠵᠤ ᠦᠢᠯᠡᠰ ᠤᠨ ᠬᠦᠭᠵᠢᠯᠲᠡ ᠳᠤ ᠣᠶᠢᠯᠡᠴᠢᠯᠡᠬᠦ ᠨᠡᠶᠢᠳᠡᠮ ᠬᠡᠷᠡᠭᠯᠡᠭᠡᠨ ᠤ ᠪᠠᠶᠢᠴᠠᠭᠠᠨ ᠰᠢᠯᠭᠠᠵᠦ ᠪᠠᠶᠢᠴᠠᠭᠠᠨ ᠬᠡᠮᠵᠢᠬᠦ ᠭᠡᠷᠡᠴᠢᠯᠡᠭᠡ ᠶᠢᠨ ᠰᠢᠰᠲ᠋ᠧᠮᠵᠢ ᠪᠠᠶᠢᠭᠤᠯᠬᠤ ᠶᠢ ᠵᠤᠷᠢᠭᠵᠢᠭᠤᠯᠤᠨ᠎ᠠ᠃ ︵ᠬᠠᠷᠢᠭᠤᠴᠠᠬᠤ ᠨᠢᠭᠡᠴᠡ᠄ ᠬᠤᠲᠠ ᠶᠢᠨ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠠᠬᠤᠶ ᠪᠠ ᠮᠡᠳᠡᠭᠡ ᠵᠠᠩᠬᠢᠴᠢᠯᠠᠯᠲᠠ ᠶᠢᠨ ᠵᠥᠪᠯᠡᠯ᠂ ᠵᠢᠭᠤᠯᠴᠢᠯᠡᠯ ᠤᠨ ᠬᠥᠭᠵᠢᠭᠦᠯᠦᠯᠲᠡ ᠶᠢᠨ ᠵᠥᠪᠯᠡᠯ᠂ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠥᠪᠯᠡᠯ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠢᠳᠡᠭᠡᠨ ᠪᠠ ᠡᠮ ᠤᠨ ᠵᠤᠶᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ︶      ︵ᠲᠦᠷᠪᠡ︶ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠭᠡᠷᠡᠴᠢᠯᠡᠭᠡ ᠶᠢᠨ ᠲᠦᠷᠢᠮ ᠳᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠬᠦᠨᠵᠡᠭᠡᠶᠢᠷᠡᠬᠦᠯᠦᠨ᠎ᠡ      9.ᠠᠯᠪᠠᠳᠠᠯᠭ᠎ᠠ ᠶᠢᠨ ᠴᠢᠨᠠᠷᠲᠠᠶ ᠭᠡᠷᠡᠴᠢᠯᠡᠭᠡ ᠶᠢᠨ ︽ᠰᠠᠭᠤᠷᠢ ᠶᠢ ᠨᠢ ᠪᠠᠲᠤᠯᠠᠬᠤ ᠱᠤᠭᠤᠮ︾ ᠤᠨ ᠣᠶᠢᠯᠡᠳᠣᠯ  ᠢ ᠪᠠᠳᠠᠷᠠᠭᠤᠯᠤᠨ᠎ᠠ᠃ ᠠᠯᠪᠠᠳᠠᠯᠭ᠎ᠠ ᠶᠢᠨ ᠴᠢᠨᠠᠷᠲᠠᠶ ᠪᠦᠲᠦᠭᠡᠭᠳᠡᠬᠦᠨ ᠤ ᠭᠡᠷᠡᠴᠢᠯᠡᠭᠡ ᠶᠢᠨ ᠥᠭᠡᠷᠡᠴᠢᠯᠡᠯᠲᠡ ᠶᠢᠨ ᠲᠤᠬᠠᠢ ᠣᠯᠣᠰ ᠤᠨ ᠪᠠᠶᠢᠷᠢᠯᠠᠭᠤᠯᠤᠯᠲᠠ ᠪᠣᠯᠣᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠯᠪᠠᠳᠠᠯᠭ᠎ᠠ ᠶᠢᠨ ᠴᠢᠨᠠᠷᠲᠠᠶ ᠪᠦᠲᠦᠭᠡᠭᠳᠡᠬᠦᠨ ᠤ ᠭᠡᠷᠡᠴᠢᠯᠡᠭᠡ ᠶᠢᠨ ᠬᠢᠨᠠᠨ ᠬᠠᠮᠢᠶᠠᠷᠬᠤ ᠲᠣᠭᠲᠠᠴᠠ ᠶᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠬᠠᠮᠢᠶᠠᠷᠤᠯᠲᠠ ᠶᠢᠨ ᠬᠢᠷᠢ ᠳᠥᠪᠰᠢᠨ ᠪᠤᠯᠤᠨ ᠢᠲᠡᠭᠡᠮᠵᠢ ᠶᠢᠨ ᠪᠠᠶᠢᠳᠠᠯ ᠢ ᠦᠨᠳᠦᠰᠦᠯᠡᠨ᠂ ᠣᠨᠣᠪᠴᠢᠲᠠᠢ ᠪᠠᠷ ᠲᠥᠷᠥᠯ ᠬᠤᠪᠢᠶᠠᠵᠤ ᠬᠠᠮᠢᠶᠠᠷᠬᠤ ᠶᠢ ᠬᠡᠷᠡᠭᠵᠢᠬᠦᠯᠦᠨ᠎ᠡ᠃ ︵ᠬᠠᠷᠢᠭᠤᠴᠠᠬᠤ ᠨᠢᠭᠡᠴᠡ᠄ ᠬᠤᠲᠠ ᠶᠢᠨ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ︶      10.ᠰᠠᠶᠢᠨ ᠳᠤᠷ᠎ᠠ ᠠᠴᠠ ᠪᠠᠨ ᠭᠡᠷᠡᠴᠢᠯᠡᠬᠦᠯᠬᠦ ᠶᠢ ᠳᠡᠯᠭᠡᠷᠡᠬᠦᠯᠦᠨ᠎ᠡ᠃ ᠰᠠᠶᠢᠨ ᠳᠤᠷ᠎ᠠ ᠠᠴᠠ ᠪᠠᠨ  ᠭᠡᠷᠡᠴᠢᠯᠡᠬᠦᠯᠬᠦ ᠶᠢᠨ ︽ᠪᠠᠷᠢᠮᠵᠢᠶᠠᠯᠠᠬᠤ ᠱᠤᠭᠤᠮ︾ ᠤᠨ ᠦᠢᠯᠡᠳᠦᠯ ᠢ ᠪᠠᠳᠠᠷᠠᠭᠤᠯᠵᠤ᠂ ᠬᠥᠳᠡᠭᠡ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢᠨ ᠲᠤᠭᠤᠷᠢᠨ ᠳᠤ ᠤᠯᠤᠰ ᠤᠨ ᠲᠠᠰ ᠤᠨ ᠣᠷᠭᠠᠨᠢᠭ ᠪᠦᠲᠦᠭᠡᠭᠳᠡᠬᠦᠨ ᠤ ᠭᠡᠷᠡᠴᠢᠯᠡᠭᠡ ᠶᠢᠨ ᠵᠢᠱᠢᠶ᠎ᠡ ᠦᠵᠡᠭᠦᠯᠬᠦ ᠲᠤᠭᠤᠷᠢᠭ᠂ ᠥᠪᠡᠷᠲᠡᠭᠡᠨ ᠵᠠᠰᠠᠬᠤ ᠣᠷᠣᠨ ᠤ ᠲᠠᠰ ᠤᠨ ᠣᠷᠭᠠᠨᠢᠭ ᠪᠦᠲᠦᠭᠡᠭᠳᠡᠬᠦᠨ ᠤ ᠭᠡᠷᠡᠴᠢᠯᠡᠭᠡ ᠶᠢᠨ ᠵᠢᠱᠢᠶ᠎ᠡ ᠦᠵᠡᠭᠦᠯᠬᠦ ᠲᠥᠷᠦᠯ ᠵᠦᠢᠯ ᠢ ᠴᠤᠭᠴᠠᠯᠠᠨ ᠪᠠᠶᠢᠭᠤᠯᠵᠦ᠂ ᠬᠦᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠪᠣᠯᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ ᠬᠦᠴᠦᠨ ᠨᠡᠮᠡᠷᠢᠯᠡᠨ᠎ᠡ᠃ ᠮᠠᠨ ᠤ ᠬᠤᠲᠠ ᠶᠢᠨ ᠣᠨᠴᠠ ᠭᠠᠷᠤᠯᠲᠠ᠂ ᠤᠨᠴᠠᠯᠢᠭᠲᠤ ᠣᠶᠢᠯᠡᠴᠢᠯᠡᠭᠡ ᠶᠢᠨ ᠲᠤᠭᠤᠷᠢᠨ ᠳᠤ᠂ ᠠᠵᠤ ᠠᠬᠤᠶᠢᠯᠠᠯ ᠤᠨ ᠤᠯᠤᠰ ᠤᠨ ᠪᠠᠷᠢᠮᠵᠢᠶ᠎ᠠ ᠪᠤᠶᠤ ᠠᠵᠢᠯ ᠲᠥᠷᠥᠯ ᠤᠨ ᠪᠠᠷᠢᠮᠵᠢᠶ᠎ᠠ ᠠᠴᠠ ᠦᠨᠳᠦᠷ ᠣᠷᠣᠨ ᠨᠤᠲᠤᠭ ᠤᠨ ᠪᠠᠷᠢᠮᠵᠢᠶ᠎ᠠ᠂ ᠪᠦᠯᠬᠦᠮ ᠨᠡᠶᠢᠲᠡ ᠶᠢᠨ ᠪᠠᠷᠢᠮᠵᠢᠶ᠎ᠠ    ᠶᠢ ᠳᠣᠭᠲᠠᠭᠠᠨ ᠬᠡᠷᠡᠭᠵᠢᠬᠦᠯᠬᠦ ᠶᠢ ᠳᠡᠮᠵᠢᠨ᠂ ︽ᠥᠪᠥᠷ ᠮᠣᠩᠭᠤᠯ ᠴᠢᠨᠠᠷ ᠴᠢᠨᠰᠠᠭ᠎ᠠ︾ ᠶᠢᠨ ᠭᠡᠷᠡᠴᠢᠯᠡᠭᠡ ᠶᠢᠨ ᠠᠵᠢᠯᠯᠠᠭ᠎ᠠ ᠶᠢ ᠲᠥᠯᠬᠢᠨ ᠠᠬᠢᠭᠤᠯᠵᠦ᠂ ᠭᠠᠵᠠᠷ ᠣᠷᠣᠨ ᠤ ᠠᠵᠤ ᠠᠬᠤᠶ ᠶᠢᠨ ᠥᠷᠢᠰᠥᠯᠳᠦᠬᠦ ᠬᠦᠴᠦᠨ ᠪᠣᠯᠣᠨ ᠨᠥᠯᠥᠭᠡᠯᠡᠬᠦ ᠬᠦᠴᠦᠨ ᠢ ᠳᠡᠭᠡᠭᠰᠢᠯᠡᠬᠦᠯᠦᠨ᠎ᠡ᠃ ᠬᠤᠣᠷ ᠬᠥᠨᠥᠭᠡᠯ ᠤᠨ ᠵᠠᠳᠠᠯᠤᠯᠲᠠ ᠬᠢᠭᠡᠳ ᠵᠠᠩᠭᠢᠯᠠᠭ᠎ᠠ ᠶᠢᠨ  ᠬᠢᠵᠠᠭᠠᠷᠯᠠᠬᠤ ᠴᠡᠭ ᠤᠨ ᠰᠢᠰᠲ᠋ᠧᠮᠵᠢ ᠪᠣᠯᠣᠨ ᠣᠷᠴᠢᠨ ᠠᠬᠤᠶ ᠶᠢᠨ ᠬᠠᠮᠢᠶᠠᠷᠤᠯᠲᠠ ᠶᠢᠨ ᠰᠢᠰᠲ᠋ᠧᠮᠵᠢ ᠶᠢᠨ ᠭᠡᠷᠡᠴᠢᠯᠡᠭᠡ ᠶᠢ ᠭᠦᠭᠵᠢᠬᠦᠯᠵᠦ᠂ ᠱᠦᠢᠨᠢ᠂ ᠴᠠᠬᠢᠯᠭᠠᠨ ᠬᠦᠴᠦ᠂ ᠭᠡᠷᠡᠯ ᠸᠤᠯᠲ ᠵᠡᠷᠭᠡ ᠦᠢᠯᠡᠳᠪᠦᠷᠢᠯᠡᠯ ᠤᠨ ᠠᠵᠤ ᠠᠬᠤᠶᠢᠯᠠᠯ ᠤᠨ ᠪᠠᠭ᠎ᠠ ᠨᠡᠬᠦᠰᠦᠳᠦ᠋ᠷᠦᠭᠴᠢᠲᠦ ᠪᠦᠲᠦᠭᠡᠭᠳᠡᠬᠦᠨ ᠤ ᠭᠡᠷᠡᠴᠢᠯᠡᠭᠡ ᠶᠢ ᠠᠬᠢᠭᠤᠯᠤᠨ ᠂ ᠬᠦᠯᠡᠮᠵᠢ ᠶᠢᠨ ᠬᠡᠢ ᠪᠡᠶᠡᠲᠦ ᠶᠢᠨ ᠭᠠᠳᠠᠭᠰᠢᠯᠠᠭᠤᠯᠤᠯᠲᠠ ᠶᠢ ᠪᠦᠲᠦᠮᠵᠢᠲᠡᠶ ᠬᠢᠵᠠᠭᠠᠷᠯᠠᠵᠤ ᠪᠠᠭᠠᠰᠬᠠᠨ᠎ᠠ ᠃ ᠰᠢᠨ᠎ᠡ ᠮᠡᠷᠭᠡᠵᠢᠯ᠂ ᠰᠢᠨ᠎ᠡ  ᠣᠶᠢᠯᠡᠳᠬᠦᠨ᠂ ᠰᠢᠨ᠎ᠡ ᠡᠵᠡᠩᠨᠡᠯᠲᠡ ᠶᠢᠨ ᠪᠠᠶᠢᠳᠠᠯ ᠳᠤ ᠬᠢᠨᠠᠭᠤᠷ ᠪᠣᠯᠭᠤᠮᠵᠢᠲᠠᠢ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ᠂ ᠰᠢᠨ᠎ᠡ ᠬᠡᠯᠪᠡᠷᠢ ᠶᠢᠨ ᠠᠵᠦ ᠣᠶᠢᠯᠡᠰ ᠤᠨ ᠲᠥᠷᠭᠡᠨ ᠬᠦᠭᠵᠢᠯᠲᠡ ᠶᠢ ᠠᠬᠢᠭᠤᠯᠤᠨ᠎ᠠ᠃ ︵ᠬᠠᠷᠢᠭᠤᠴᠠᠬᠤ ᠨᠢᠭᠡᠴᠡ᠄ ᠬᠤᠲᠠ ᠶᠢᠨ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠠᠬᠤᠶ ᠪᠠ ᠮᠡᠳᠡᠭᠡ ᠵᠠᠩᠬᠢᠴᠢᠯᠠᠯᠲᠠ ᠶᠢᠨ ᠵᠥᠪᠯᠡᠯ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠢᠳᠡᠭᠡᠨ ᠪᠠ ᠡᠮ ᠤᠨ ᠵᠤᠶᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶      ︵ᠲᠠᠪᠤ︶ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠭᠡᠷᠡᠴᠢᠯᠡᠭᠡ ᠶᠢᠨ ᠶᠡᠷᠦᠩᠬᠡᠢ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠬᠦᠯᠦᠨ᠎ᠡ      11.ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠭᠡᠷᠡᠴᠢᠯᠡᠭᠡ ᠶᠢᠨ ᠲᠤᠯᠭᠠᠭᠤᠷᠢᠯᠠᠬᠤ ᠴᠢᠳᠠᠪᠤᠷᠢ ᠶᠢ  ᠳᠡᠭᠡᠭᠰᠢᠯᠡᠬᠦᠯᠦᠨ᠎ᠡ᠃ ᠠᠵᠤ ᠣᠶᠢᠯᠡᠰ ᠤᠨ ᠬᠡᠯᠪᠡᠷᠢ ᠪᠠᠨ ᠬᠤᠪᠢᠷᠠᠭᠤᠯᠵᠦ ᠲᠠᠰ ᠳᠡᠪᠰᠢᠭᠦᠯᠬᠦ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠨ᠂ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠭᠡᠷᠡᠴᠢᠯᠡᠭᠡ ᠶᠢᠨ ᠰᠢᠨ᠎ᠡ ᠶᠢ ᠡᠭᠦᠳᠬᠦ ᠰᠢᠰᠲ᠋ᠧᠮᠵᠢ ᠶᠢ ᠪᠦᠷᠢᠨᠰᠢᠬᠦᠯᠵᠦ᠂ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ᠂ ᠡᠨᠧᠷᠭᠢ ᠠᠷᠪᠢᠯᠠᠵᠤ ᠣᠷᠴᠢᠨ ᠲᠤᠭᠤᠷᠢᠨ ᠢ ᠬᠠᠮᠠᠭᠠᠯᠠᠬᠤ᠂ ᠢᠳᠡᠭᠡᠨ ᠪᠠ ᠲᠠᠷᠢᠶᠠᠯᠠᠩ ᠤᠨ ᠪᠦᠲᠦᠭᠡᠭᠳᠡᠬᠦᠨ᠂ ᠬᠢᠮᠢ ᠶᠢᠨ ᠠᠵᠤ ᠦᠢᠯᠡᠳᠪᠦᠷᠢ ᠶᠢᠨ ᠦᠢᠯᠡᠳᠬᠦᠨ ᠵᠡᠷᠭᠡ ᠭᠤᠤᠯᠳᠠᠯᠭᠠᠲᠦ ᠬᠦᠷᠢᠶᠡᠨ ᠳᠤ᠂ ᠨᠢᠭᠡ ᠪᠦᠯᠦᠭ ᠮᠡᠷᠭᠡᠵᠢᠯ ᠤᠨ ᠲᠠᠯ᠎ᠠ ᠪᠠᠷ ᠳᠠᠪᠠᠭᠤᠯᠢᠭ ᠲᠠᠢ᠂ ᠦᠢᠯᠡᠴᠢᠯᠡᠭᠡ ᠶᠢᠨ ᠲᠠᠯ᠎ᠠ ᠪᠠᠷ ᠣᠨᠴᠠᠯᠢᠭ ᠲᠠᠢ ᠲᠤᠰᠬᠠᠶᠢᠵᠢᠭᠰᠠᠨ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠦᠭᠵᠢᠯᠲᠡ ᠶᠢ ᠳᠡᠮᠵᠢᠵᠦ᠂ ᠤᠯᠤᠰ ᠤᠨ ᠪᠣᠯᠣᠨ‌ᠥᠪᠡᠷᠲᠡᠭᠡᠨ ᠵᠠᠰᠠᠬᠤ ᠣᠷᠣᠨ ᠤ ᠲᠠᠰ ᠤᠨ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠪᠤᠯᠤᠨ ᠰᠤᠳᠤᠯᠭᠠᠨ ᠤ ᠲᠥᠪ᠂ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢ ᠬᠦᠮᠦᠵᠢᠬᠦᠯᠬᠦ ᠪᠠ ᠪᠦᠲᠦᠭᠡᠨ ᠪᠠᠶᠢᠭᠤᠯᠬᠤ  ᠶᠢ ᠲᠥᠷᠭᠡᠳᠭᠡᠨ᠎ᠡ᠃ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ᠂ ᠰᠢᠨ᠎ᠡ ᠮᠠᠲ᠋ᠧᠷᠢᠶᠠᠯ᠂ ᠡᠯᠧᠺᠲᠷᠣᠨ ᠮᠡᠳᠡᠭᠡ ᠵᠠᠩᠭᠢ ᠵᠡᠷᠭᠡ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠦᠷᠢᠶᠡᠨ ᠳᠤ ᠬᠢ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠣᠶᠢᠯᠡᠴᠢᠯᠡᠭᠡᠨ ᠤ ᠶᠠᠰᠦ ᠴᠢᠨᠠᠷ ᠤᠨ ᠠᠮᠤᠷ ᠲᠦᠪᠰᠢᠨ ᠪᠣᠯᠣᠨ ᠬᠥᠭᠵᠢᠯᠲᠡ ᠶᠢᠨ ᠴᠢᠳᠠᠪᠤᠷᠢ ᠶᠢ ᠨᠡᠮᠡᠭᠳᠡᠬᠦᠯᠦᠨ᠎ᠡ᠃ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ ᠰᠡᠷᠡᠮᠵᠢᠯᠡᠭᠦᠯᠬᠦ᠂ ᠣᠯᠠᠨ ᠨᠡᠶᠢᠲᠡ ᠶᠢᠨ ᠴᠢᠨᠠᠷ ᠲᠠᠢ ᠭᠡᠨᠡᠳᠲᠡ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠵᠡᠷᠭᠡ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ︵ᠬᠠᠷᠢᠭᠤᠴᠠᠬᠤ ᠨᠢᠭᠡᠴᠡ᠄ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ‌‍ᠶᠢᠨ ᠵᠥᠪᠯᠡᠯ᠂ ᠠᠵᠤ ᠠᠬᠤᠶ ᠪᠠ ᠮᠡᠳᠡᠭᠡ ᠵᠠᠩᠬᠢᠴᠢᠯᠠᠯᠲᠠ ᠶᠢᠨ ᠵᠥᠪᠯᠡᠯ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠢᠳᠡᠭᠡᠨ ᠪᠠ ᠡᠮ ᠤᠨ ᠵᠤᠶᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶      ︵ᠵᠢᠷᠭᠤᠭ᠎ᠠ︶ ᠭᠡᠷᠡᠴᠢᠯᠡᠭᠡ ᠶᠢᠨ ᠠᠵᠢᠯᠯᠠᠭ᠎ᠠ ᠶᠢᠨ ᠠᠵᠢᠯ ᠶᠠᠪᠤᠳᠠᠯ ᠤᠨ ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ     12. ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠭᠡᠷᠡᠴᠢᠯᠡᠭᠡ ᠶᠢᠨ ᠬᠢᠨᠠᠯᠲᠠ ᠬᠠᠮᠢᠶᠠᠷᠤᠯᠲᠠ ᠶᠢᠨ  ᠰᠢᠰᠲ᠋ᠧᠮᠵᠢ ᠶᠢ ᠲᠡᠬᠦᠯᠳᠡᠷᠵᠢᠬᠦᠯᠦᠨ᠎ᠡ᠃ ᠬᠤᠰᠢᠭᠤ ᠰᠢᠶᠠᠨ ᠲᠣᠭᠤᠷᠢᠭ ᠤᠨ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠭᠡᠷᠡᠴᠢᠯᠡᠭᠡ ᠶᠢᠨ ᠬᠢᠨᠠᠨ ᠬᠠᠮᠢᠶᠠᠷᠬᠤ ᠬᠦᠴᠦᠨ ᠢ ᠲᠡᠭᠦᠯᠳᠡᠷᠵᠢᠭᠦᠯᠵᠦ᠂ ᠰᠠᠯᠠᠭ᠎ᠠ ᠮᠥᠴᠢᠷ ᠤᠨ ᠵᠤᠬᠢᠴᠠᠯᠳᠤᠨ ᠬᠦᠳᠡᠯᠤᠯᠴᠡᠬᠦ ᠶᠢ ᠴᠢᠩᠭᠠᠳᠬᠠᠵᠤ᠂ ᠰᠠᠯᠠᠭ᠎ᠠ ᠮᠥᠴᠢᠷ ᠤᠨ ᠬᠤᠯᠪᠣᠭᠠᠯᠠᠨ ᠬᠦᠳᠡᠯᠦᠯᠴᠡᠵᠦ  ᠬᠢᠨᠠᠨ ᠬᠠᠮᠢᠶᠠᠷᠬᠤ ᠶᠢ  ᠠᠬᠢᠭᠤᠯᠵᠤ᠂ ᠬᠠᠮᠲᠦ ᠪᠠᠷ ᠵᠠᠰᠠᠬᠤ ᠰᠢᠨ᠎ᠡ ᠪᠠᠶᠢᠷᠢᠰᠢᠯ ᠢ ᠪᠤᠢ ᠪᠤᠯᠭᠠᠨ᠎ᠠ᠃ ︽ᠢᠨᠲ᠋ᠧᠷ ᠰᠦᠯᠵᠢᠶ᠎ᠡ + ᠭᠡᠷᠡᠴᠢᠯᠡᠭᠡ ᠶᠢᠨ ᠬᠢᠨᠠᠯᠲᠠ ᠬᠠᠮᠢᠶᠠᠷᠦᠯᠲᠠ︾ ᠠᠷᠭ᠎ᠠ ᠮᠠᠶ᠋ᠢᠭ ᠢ ᠬᠡᠷᠡᠭᠵᠢᠬᠦᠯᠵᠦ᠂ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠭᠡᠷᠡᠴᠢᠯᠡᠭᠡ ᠶᠢᠨ ᠬᠢᠨᠠᠯᠲᠠ ᠬᠠᠮᠢᠶᠠᠷᠦᠯᠲᠠ ᠶᠢᠨ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠬᠦᠯᠦᠨ᠎ᠡ᠃ ᠶᠠᠰᠤ ᠴᠢᠨᠠᠷ ᠤᠨ ᠭᠡᠷᠡᠴᠢᠯᠡᠭᠡ ᠶᠢᠨ ᠮᠡᠳᠡᠭᠡ ᠵᠠᠩᠭᠢ ᠪᠣᠯᠣᠨ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢ ᠨᠡᠶᠢᠭᠡᠮ ᠳᠤ ᠢᠯᠡ ᠪᠤᠯᠭᠠᠵᠤ᠂ ᠣᠯᠠᠨ ᠨᠡᠶᠢᠲᠡ ᠶᠢᠨ ᠪᠠᠶᠢᠳᠠᠯ ᠢ ᠮᠡᠳᠡᠬᠦ ᠡᠷᠬᠡ ᠶᠢ ᠳᠡᠭᠡᠭᠰᠢᠯᠡᠬᠦᠯᠦᠨ᠎ᠡ᠃ ︵ᠬᠠᠷᠢᠭᠤᠴᠠᠬᠤ ᠨᠢᠭᠡᠴᠡ᠄ ᠬᠤᠲᠠ ᠶᠢᠨ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠠᠬᠤᠶ ᠪᠠ ᠮᠡᠳᠡᠭᠡ ᠵᠠᠩᠬᠢᠴᠢᠯᠠᠯᠲᠠ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ︶      13.ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠭᠡᠷᠡᠴᠢᠯᠡᠭᠡ ᠶᠢᠨ ᠵᠠᠬ᠎ᠠ ᠳᠡᠯᠭᠡᠭᠦᠷ ᠤᠨ ᠡᠮᠬᠢ ᠵᠢᠷᠤᠮ ᠢ  ᠳᠦᠷᠢᠮᠵᠢᠬᠦᠯᠦᠨ᠎ᠡ᠃ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠨ ᠭᠡᠷᠡᠴᠢᠯᠡᠬᠦ ᠠᠵᠢᠯᠯᠠᠭ᠎ᠠ ᠶᠢ ᠬᠠᠤᠯᠢ ᠪᠤᠰᠤ ᠪᠠᠷ ᠬᠢᠬᠦ ᠪᠠ ᠬᠤᠳᠠᠯ ᠢᠶᠠᠷ ᠵᠣᠬᠢᠶᠠᠬᠤ᠂ ᠬᠠᠭᠤᠷᠮᠠᠭᠯᠠᠨ ᠬᠡᠷᠡᠭᠯᠡᠬᠦ᠂ ᠭᠡᠷᠡᠴᠢᠯᠡᠭᠡ ᠶᠢᠨ ᠦᠨᠡᠮᠯᠡᠯ ᠪᠤᠶᠤ ᠭᠡᠷᠡᠴᠢᠯᠡᠭᠡ ᠶᠢᠨ ᠳᠡᠮᠳᠡᠭ ᠢ ᠬᠤᠳᠠᠯᠳᠤᠭᠤᠯᠬᠤ ᠵᠡᠷᠭᠡ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠭᠡᠷᠡᠴᠢᠯᠡᠭᠡ ᠶᠢᠨ ᠵᠠᠬ᠎ᠠ ᠳᠡᠯᠭᠡᠭᠦᠷ ᠤᠨ ᠡᠮᠬᠢ ᠵᠢᠷᠤᠮ ᠲᠠᠢ ᠬᠦᠭᠵᠢᠬᠦ ᠶᠢ ᠠᠬᠢᠭᠤᠯᠤᠨ᠎ᠠ᠃ ᠠᠯᠪᠠᠳᠠᠯᠭ᠎ᠠ ᠶᠢᠨ ᠴᠢᠨᠠᠷᠲᠠᠶ ᠭᠡᠷᠡᠴᠢᠯᠡᠭᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠦ᠂ ᠦᠨᠡᠮᠯᠡᠯ ᠥᠬᠡᠶ ᠪᠠᠷ ᠦᠢᠯᠡᠳᠪᠦᠷᠢ ᠠᠴᠠ ᠭᠠᠷᠭᠠᠬᠤ᠂ ᠪᠣᠷᠣᠯᠠᠭᠤᠯᠬᠤ ᠵᠡᠷᠭᠡ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠤᠨ᠎ᠠ᠃ ︵ᠬᠠᠷᠢᠭᠤᠴᠠᠬᠤ ᠨᠢᠭᠡᠴᠡ᠄ ᠬᠤᠲᠠ ᠶᠢᠨ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ︶      14.ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠭᠡᠷᠡᠴᠢᠯᠡᠭᠡ ᠶᠢᠨ ᠪᠠᠶᠢᠭᠤᠯᠤᠮᠵᠢ ᠵᠢᠴᠢ ᠠᠵᠢᠯᠲᠠᠳ ᠤᠨ ᠬᠠᠷᠢᠭᠤᠴᠠᠯᠭ᠎ᠠ ᠶᠢ ᠴᠢᠩᠭ᠎ᠠ ᠨᠡᠶᠢᠲᠡᠪᠦᠷᠢᠵᠢᠭᠤᠯᠤᠨ᠎ᠠ᠃ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠭᠡᠷᠡᠴᠢᠯᠡᠭᠡ  ᠶᠢᠨ ᠠᠵᠢᠯᠯᠠᠭ᠎ᠠ ᠶᠢᠨ ᠲᠤᠬᠠᠶᠢᠯᠠᠭᠰᠠᠨ ᠠᠵᠢᠯ ᠤᠨ ᠠᠵᠢᠯᠲᠠᠳ ᠤᠨ ᠬᠠᠷᠢᠭᠤᠴᠠᠯᠭ᠎ᠠ ᠶᠢ ᠨᠡᠬᠡᠮᠵᠢᠯᠡᠬᠦ ᠶᠢ ᠴᠢᠩᠭ᠎ᠠ   ᠬᠡᠷᠡᠭᠵᠢᠬᠦᠯᠵᠦ᠂ ︽ᠬᠡᠨ ᠭᠡᠷᠡᠴᠢ ᠭᠠᠷᠭᠠᠪᠠᠯ ᠬᠡᠨ ᠬᠠᠷᠢᠭᠤᠴᠠᠬᠤ᠂ ᠬᠡᠨ ᠭᠠᠷ ᠤᠨ ᠦᠰᠦᠭ ᠵᠢᠷᠤᠭᠰᠠᠨ ᠪᠣᠯ ᠬᠡᠨ ᠬᠠᠷᠢᠭᠤᠴᠠᠯᠭ᠎ᠠ ᠡᠭᠦᠷᠭᠡᠯᠡᠬᠦ︾ ᠶᠢ ᠨᠡᠶᠢᠲᠡᠪᠦᠷᠢᠵᠢᠭᠤᠯᠤᠨ᠎ᠠ᠃ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠨ ᠤ ᠠᠮᠠᠯᠠᠯᠲᠠ ᠪᠠᠨ ᠢᠯᠡ ᠪᠤᠯᠭᠠᠬᠤ ᠪᠠ ᠮᠡᠳᠡᠭᠡ ᠵᠠᠩᠭᠢ ᠪᠠᠨ ᠢᠯᠡ ᠨᠡᠶᠢᠲᠡᠯᠡᠬᠦ ᠲᠦᠷᠢᠮ ᠢ ᠬᠡᠷᠡᠭᠵᠢᠬᠦᠯᠦᠨ᠂ ᠦᠨᠡᠨᠴᠢ ᠢᠲᠡᠭᠡᠮᠵᠢ ᠶᠢᠨ ᠲᠠᠩᠰᠠ ᠡᠪᠬᠡᠮᠡᠯ ᠢ ᠪᠠᠶᠢᠭᠤᠯᠵᠦ᠂ ᠡᠭᠦᠷᠢᠳᠡ ᠪᠤᠴᠠᠭᠠᠨ ᠭᠠᠷᠭᠠᠬᠤ ᠪᠠ ᠨᠠᠰᠤᠨ ᠲᠤᠷᠰᠢᠳᠠ ᠨᠢ ᠴᠠᠭᠠᠵᠠᠯᠠᠬᠤ ᠵᠡᠷᠭᠡ ᠢᠲᠡᠭᠡᠯ ᠢᠶᠠᠨ ᠠᠯᠳᠠᠭᠰᠠᠳ ᠢ ᠵᠠᠯᠬᠠᠭᠠᠨ ᠴᠡᠭᠡᠷᠯᠡᠬᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠬᠠᠤᠯᠢ ᠠᠴᠠ ᠵᠥᠷᠢᠴᠡᠵᠦ ᠢᠲᠡᠭᠡᠯ ᠠᠯᠳᠠᠬᠤ ᠶᠢᠨ ᠥᠪᠡᠷ ᠤᠨ ᠥᠷᠲᠡᠭ ᠢ ᠨᠡᠮᠡᠭᠳᠡᠬᠦᠯᠦᠨ᠎ᠡ᠃ ︵ᠬᠠᠷᠢᠭᠤᠴᠠᠬᠤ ᠨᠢᠭᠡᠴᠡ᠄ ᠬᠤᠲᠠ ᠶᠢᠨ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠢᠳᠡᠭᠡᠨ ᠪᠠ ᠡᠮ ᠤᠨ ᠵᠣᠶᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠬᠤᠳᠠᠯᠳᠤᠭᠠᠨ ᠤ ᠲᠣᠪᠴᠢᠶ᠎ᠠ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ᠂ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠵᠦᠪᠯᠡᠯ︶      ︵ᠲᠤᠯᠤᠭ᠎ᠠ︶ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠭᠡᠷᠡᠴᠢᠯᠡᠭᠡ ᠶᠢᠨ ᠦᠢᠯᠡᠴᠢᠯᠡᠭᠡᠨ ᠤ ᠦᠢᠯᠡᠰ ᠢ ᠪᠤᠶᠢᠵᠢᠭᠤᠯᠤᠨ ᠬᠥᠭᠵᠢᠬᠦᠯᠥᠨ᠎ᠡ      15.ᠠᠵᠢᠯ ᠲᠥᠷᠥᠯ ᠤᠨ ᠬᠥᠭᠵᠢᠯᠲᠡ ᠳᠤ ᠰᠠᠶᠢᠨ ᠰᠠᠶᠢᠬᠠᠨ ᠣᠷᠴᠢᠨ ᠨᠦᠬᠦᠴᠡᠯ ᠢ ᠪᠤᠢ ᠪᠣᠯᠭᠠᠨ᠎ᠠ᠃ ᠰᠠᠯᠠᠭ᠎ᠠ ᠮᠥᠴᠢᠷ ᠤᠨ ᠭᠠᠭᠴᠠᠭᠠᠷ ᠡᠵᠡᠮᠰᠢᠬᠦ ᠪᠣᠯᠤᠨ ᠠᠵᠢᠯ ᠲᠦᠷᠦᠯ ᠤᠨ ᠬᠤᠷᠢᠭ᠎ᠠ ᠪᠠᠬᠢᠯᠡᠯᠲᠡ ᠶᠢ ᠡᠪᠳᠡᠵᠦ᠂ ᠨᠡᠶᠢᠬᠡᠮ ᠤᠨ ᠬᠦᠴᠦᠨ ᠤ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠭᠡᠷᠡᠴᠢᠯᠡᠭᠡ ᠶᠢᠨ ᠲᠤᠬᠠᠶᠢᠯᠠᠭᠰᠠᠨ ᠠᠵᠢᠯ ᠦᠷᠨᠢᠬᠦᠯᠬᠦ ᠶᠢ ᠵᠣᠷᠢᠭᠵᠢᠭᠤᠯᠤᠨ ᠲᠡᠮᠵᠢᠵᠤ᠂ ᠵᠠᠰᠠᠭ ᠤᠨ ᠣᠷᠳᠣᠨ ᠤ ᠣᠶᠢᠯᠡᠴᠢᠯᠡᠭᠡ ᠬᠤᠳᠠᠯᠳᠤᠨ ᠠᠪᠬᠤ ᠡᠷᠴᠢᠮ ᠢ  ᠴᠢᠩᠭᠠᠷᠠᠭᠤᠯᠵᠦ᠂ ᠡᠯ᠎ᠡ ᠲᠥᠷᠥᠯ ᠤᠨ ᠭᠤᠣᠯ ᠴᠣᠭᠴᠠ ᠶᠢᠨ ᠡᠷᠬᠡ ᠲᠡᠭᠰᠢ ᠪᠠᠷ ᠥᠷᠢᠰᠥᠯᠳᠦᠬᠦ ᠵᠠᠬ᠎ᠠ ᠳᠡᠯᠭᠡᠭᠦᠷ ᠤᠨ ᠣᠷᠴᠢᠨ ᠨᠦᠬᠦᠴᠡᠯ ᠢ ᠪᠤᠢ ᠪᠤᠯᠭᠠᠨ᠎ᠠ᠃ ᠦᠢᠯᠡᠳᠪᠦᠷᠢᠯᠡᠬᠦ ᠰᠤᠷᠤᠯᠴᠠᠬᠤ ᠰᠤᠳᠤᠯᠬᠤ ᠬᠡᠷᠡᠭᠯᠡᠬᠦ ᠶᠢ ᠨᠢᠭᠡ ᠴᠤᠭᠴᠠᠵᠢᠭᠤᠯᠤᠭᠰᠠᠨ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠭᠡᠷᠡᠴᠢᠯᠡᠭᠡ ᠶᠢᠨ ᠬᠤᠯᠪᠣᠭ᠎ᠠ ᠪᠠᠶᠢᠭᠤᠯᠬᠤ ᠶᠢ ᠵᠣᠷᠢᠭᠵᠢᠭᠤᠯᠵᠤ᠂ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠭᠡᠷᠡᠴᠢᠯᠡᠭᠡ ᠬᠢᠭᠡᠳ ᠠᠵᠤ ᠦᠢᠯᠡᠰ ᠤᠨ ᠠᠵᠤ ᠠᠬᠤᠶ ᠶᠢᠨ ᠭᠦᠨᠵᠡᠭᠡᠶ ᠠᠭᠤᠰᠤᠯᠴᠠᠯ ᠢ ᠠᠬᠢᠭᠤᠯᠤᠨ᠎ᠠ᠃ ︵ᠬᠠᠷᠢᠭᠤᠴᠠᠬᠤ ᠨᠢᠭᠡᠴᠡ᠄ ᠬᠤᠲᠠ  ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠠᠵᠤ ᠠᠬᠤᠶ ᠪᠠ ᠮᠡᠳᠡᠭᠡ ᠵᠠᠩᠬᠢᠴᠢᠯᠠᠯᠲᠠ ᠶᠢᠨ ᠵᠥᠪᠯᠡᠯ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ︶      16.ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠣᠯᠠᠨ ᠨᠡᠶᠢᠲᠡ ᠶᠢᠨ ᠮᠡᠷᠭᠡᠵᠢᠯ ᠤᠨ ᠣᠶᠢᠯᠡᠴᠢᠯᠡᠭᠡᠨ ᠤ ᠲᠠᠪᠴᠠᠩ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ᠤᠯᠠᠨ ᠨᠡᠶᠢᠳᠡ ᠶᠢᠨ ᠣᠶᠢᠯᠡᠴᠢᠯᠡᠭᠡᠨ ᠤ ᠲᠠᠪᠴᠠᠩ᠂   ᠪᠥᠭᠡᠮᠨᠡᠷᠡᠯ ᠤᠨ ᠣᠷᠣᠨ᠂ ᠲᠤᠰᠬᠠᠶ ᠮᠡᠷᠭᠡᠵᠢᠯ ᠤᠨ ᠬᠦᠷᠢᠶᠡᠯᠡᠩ ᠲᠣᠭᠤᠷᠢᠭ ᠵᠡᠷᠭᠡ ᠪᠠᠷ ᠭᠤᠣᠯ ᠠᠴᠢᠶᠠᠯᠠᠪᠤᠷᠢ ᠪᠤᠯᠭᠠᠭᠰᠠᠨ ᠶᠠᠰᠤ ᠴᠢᠨᠠᠷ ᠤᠨ ᠰᠠᠭᠤᠷᠢ ᠪᠡᠯᠡᠳᠭᠡᠮᠵᠢ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠥᠳᠥᠭᠡᠨᠪᠠᠶᠢᠭᠤᠯᠤᠯᠲᠠ ᠶᠢ ᠬᠦᠨᠵᠡᠭᠡᠶᠢᠷᠡᠬᠦᠯᠦᠨ᠎ᠡ᠃ ᠬᠥᠬᠡᠬᠤᠲᠠ ᠶᠢᠨ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠣᠯᠠᠨ ᠨᠡᠶᠢᠲᠡ ᠶᠢᠨ ᠮᠡᠷᠭᠡᠵᠢᠯ ᠤᠨ ᠣᠶᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠳᠠᠪᠠᠭᠤᠯᠢᠭ ᠡᠬᠢ ᠪᠠᠶᠠᠯᠢᠭ ᠢ ᠨᠢᠳᠬᠡᠨ᠎ᠡ᠃ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠨᠢᠭᠡ ᠥᠷᠲᠡᠭᠡ ᠮᠠᠶ᠋ᠢᠭ ᠤᠨ ᠣᠶᠢᠯᠡᠴᠢᠯᠡᠭᠡ ᠦᠷᠨᠢᠬᠦᠯᠬᠦ ᠶᠢ ᠠᠬᠢᠭᠤᠯᠵᠦ᠂ ᠠᠵᠤ ᠦᠢᠯᠡᠰ ᠤᠨ ᠬᠥᠭᠵᠢᠯᠲᠡ ᠳᠤ ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠮᠡᠷᠭᠡᠵᠢᠯ ᠤᠨ ᠳᠡᠮᠵᠢᠯᠭᠡ ᠬᠠᠩᠭᠠᠨ᠎ᠠ᠃ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠪᠠᠶᠢᠴᠠᠭᠠᠨ ᠰᠢᠯᠭᠠᠬᠤ ᠪᠠᠶᠢᠴᠠᠭᠠᠨ ᠬᠡᠮᠵᠢᠬᠦ ᠲᠤᠷᠰᠢᠯᠲᠠ ᠶᠢᠨ ᠲᠠᠰᠤᠭ ᠲᠤ  ᠳᠠᠬᠢᠨ ᠳᠠᠪᠲᠠᠨ ᠪᠠᠯᠠ ᠣᠷᠣᠭᠤᠯᠵᠦ ᠪᠦᠲᠦᠭᠡᠨ ᠪᠠᠶᠢᠭᠤᠯᠬᠤ ᠡᠳ᠋ ᠤᠨ ᠵᠠᠰᠠᠭ ᠤᠨ ᠲᠥᠰᠦᠪ ᠢ ᠪᠠᠭᠤᠷᠠᠭᠤᠯᠵᠤ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠬᠤᠳᠠᠯᠳᠤᠨ ᠠᠪᠬᠤ ᠪᠠ ᠭᠤᠷᠪᠠᠳᠠᠬᠢ ᠡᠳᠡᠭᠡᠳ  ᠤᠨ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠦᠢᠯᠡᠴᠢᠯᠡᠭᠡ ᠪᠣᠯᠤᠨ ᠲᠤᠭ᠎ᠠ ᠪᠠᠷᠢᠮᠲᠠ ᠶᠢ ᠬᠦᠯᠢᠶᠡᠨ ᠠᠪᠴᠦ ᠦᠨᠡᠮᠰᠢᠨ ᠢᠲᠡᠭᠡᠬᠦ ᠬᠤᠪᠢ ᠶᠢᠨ ᠵᠢᠩ ᠢ ᠳᠡᠭᠡᠭᠰᠢᠯᠡᠬᠦᠯᠵᠦ᠂ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠵᠠᠬ᠎ᠠ ᠳᠡᠯᠭᠡᠭᠦᠷ ᠤᠨ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠶᠢ ᠠᠬᠢᠭᠤᠯᠤᠨ᠎ᠠ᠃ ︵ᠬᠠᠷᠢᠭᠤᠴᠠᠬᠤ ᠨᠢᠭᠡᠴᠡ᠄ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠠᠬᠤᠶ ᠪᠠ ᠮᠡᠳᠡᠭᠡ ᠵᠠᠩᠬᠢᠴᠢᠯᠠᠯᠲᠠ ᠶᠢᠨ ᠵᠥᠪᠯᠡᠯ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠢᠳᠡᠭᠡᠨ ᠪᠠ ᠡᠮ ᠤᠨ ᠵᠤᠶᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶      17.︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠯᠤᠭ᠎ᠠ ᠬᠠᠮᠲᠤᠷᠠᠨ ᠠᠵᠢᠯᠯᠠᠬᠤ ᠶᠢᠬᠦᠨᠵᠡᠭᠡᠶᠢᠷᠡᠬᠦᠯᠦᠨ᠎ᠡ᠃ ᠣᠷᠣᠰ ᠮᠣᠩᠭᠤᠯ ᠲᠠᠢ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠭᠡᠷᠡᠴᠢᠯᠡᠭᠡ ᠶᠢᠨ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠵᠤ᠂ ᠬᠢᠷᠢ ᠲᠡᠩᠴᠡᠭᠰᠡᠨ ᠦᠨᠡᠯᠡᠨ ᠲᠣᠭᠲᠠᠭᠠᠬᠤ ᠲᠥᠷᠦ ᠶᠢᠨ ᠪᠤᠳᠤᠯᠭ᠎ᠠ ᠶᠢ ᠨᠡᠪᠲᠡᠷᠡᠬᠦᠯᠬᠦ᠂ ᠪᠠᠷᠢᠮᠵᠢᠶ᠎ᠠ ᠶᠢ ᠵᠤᠬᠢᠴᠠᠭᠤᠯᠬᠤ᠂ ᠳᠥᠷᠢᠮ ᠢ ᠵᠤᠯᠭᠠᠭᠤᠯᠬᠤ᠂ ᠮᠡᠷᠭᠡᠵᠢᠯ ᠤᠨ ᠬᠠᠮᠲᠤᠷᠠᠯᠴᠠᠭ᠎ᠠ ᠪᠣᠯᠣᠨ ᠴᠢᠳᠠᠪᠤᠷᠢᠲᠠᠨ ᠤ ᠰᠣᠯᠢᠯᠴᠠᠭ᠎ᠠ ᠶᠢ ᠠᠬᠢᠭᠤᠯᠵᠦ᠂ ᠳᠤᠮᠳᠠᠳᠤ ᠮᠣᠩᠭᠤᠯ ᠤᠷᠤᠰ ᠤᠨ ᠠᠵᠤ ᠠᠬᠤᠢ ᠶᠢᠨ ᠬᠤᠩᠬᠢᠯ ᠤᠨ ᠪᠦᠳᠦᠭᠡᠨ ᠪᠠᠶᠢᠭᠤᠯᠤᠯᠲᠠ ᠶᠢ ᠲᠥᠯᠬᠢᠨ ᠠᠬᠢᠭᠤᠯᠤᠨ᠎ᠠ᠃ ᠥᠷᠢᠰᠥᠯᠳᠥᠬᠦ ᠬᠦᠴᠦᠨ ᠲᠠᠢ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠳᠡᠯᠡᠬᠡᠶ ᠶᠢᠨ ᠨᠠᠷᠠᠲᠤ ᠲᠡᠮᠳᠡᠭᠲᠦ ᠶᠢ ᠡᠭᠦᠳᠦᠨ ᠪᠠᠶᠢᠭᠤᠯᠵᠦ᠂ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠳᠡᠯᠡᠬᠡᠶ ᠳᠡᠭᠡᠷᠡᠬᠢ ᠨᠥᠯᠥᠭᠡᠯᠡᠬᠦ ᠬᠦᠴᠦᠨ ᠢ ᠳᠡᠭᠡᠭᠰᠢᠯᠡᠬᠦᠯᠦᠨ᠎ᠡ᠃ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠭᠡᠷᠡᠴᠢᠯᠡᠭᠡ ᠶᠢᠨ ᠪᠠᠶᠢᠭᠤᠯᠤᠮᠵᠢ ᠶᠢᠨ ᠣᠯᠠᠨ ᠣᠯᠣᠰ ᠤᠨ ᠲᠤᠬᠠᠶᠢᠯᠠᠭᠰᠠᠨ ᠠᠵᠢᠯ ᠢ ᠥᠷᠭᠡᠳᠬᠡᠬᠦ ᠶᠢ ᠲᠡᠮᠵᠢᠵᠦ᠂ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠭᠡᠷᠡᠴᠢᠯᠡᠭᠡ ᠶᠢᠨ ︽ᠭᠠᠷᠴᠦ ᠶᠠᠪᠤᠬᠤ︾ ᠠᠯᠬᠤᠴᠠ ᠶᠢ ᠲᠥᠷᠭᠡᠳᠭᠡᠨ᠎ᠡ᠃ ᠤᠯᠠᠨ ᠤᠯᠤᠰ ᠤᠨ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠴᠢᠳᠠᠪᠤᠷᠢᠲᠠᠨ ᠢ ᠬᠥᠮᠦᠵᠢᠭᠦᠯᠬᠦ ᠶᠢ ᠴᠢᠬᠤᠯᠠᠴᠢᠯᠠᠵᠤ᠂ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ︽ᠭᠠᠷᠴᠤ ᠶᠠᠪᠤᠬᠤ︾ ᠳᠤ ᠴᠢᠩᠭ᠎ᠠ ᠬᠦᠴᠦᠲᠡᠶ ᠲᠦᠰᠢᠭ ᠲᠤᠯᠭᠠᠭᠤᠷᠢ ᠬᠠᠩᠭᠠᠨ᠎ᠠ᠃ ︵ᠬᠠᠷᠢᠭᠤᠴᠠᠬᠤ ᠨᠢᠭᠡᠴᠡ᠄ ᠬᠤᠳᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠦᠭᠵᠢᠬᠦᠯᠦᠯᠳᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠠᠬᠤᠶ ᠪᠠ ᠮᠡᠳᠡᠭᠡ ᠵᠠᠩᠬᠢᠴᠢᠯᠠᠯᠲᠠ ᠶᠢᠨ ᠵᠥᠪᠯᠡᠯ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶       ᠭᠤᠷᠪᠠ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠣᠯᠣᠨ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢ ᠴᠢᠩᠭᠠᠳᠬᠠᠨ᠎ᠠ      ︵ᠨᠢᠭᠡ︶ ᠵᠣᠬᠢᠶᠠᠨ ᠪᠠᠶᠢᠭᠤᠯᠵᠦ ᠣᠳᠣᠷᠢᠳᠬᠤ ᠶᠢ ᠴᠢᠩᠭᠠᠳᠬᠠᠨ᠎ᠠ       ᠬᠤᠲᠠ ᠶᠢᠨ ᠶᠠᠰᠤ ᠴᠢᠨᠠᠷ ᠢᠶᠠᠷ ᠬᠤᠲᠠ ᠶᠢ ᠬᠦᠴᠦᠷᠬᠡᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ  ᠠᠴᠠ ᠭᠡᠷᠡᠴᠢᠯᠡᠭᠡ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠ ᠶᠡᠷᠦᠩᠬᠡᠶᠢᠯᠡᠨ ᠬᠠᠮᠢᠶᠠᠷᠬᠤ ᠶᠢ ᠬᠠᠷᠢᠭᠤᠴᠠᠵᠤ᠂ ᠬᠤᠲᠠ ᠶᠢᠨ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠰᠠᠯᠠᠭ᠎ᠠ ᠮᠥᠴᠢᠷ ᠠᠴᠠ ᠡᠳᠦᠷ ᠲᠤᠳᠤᠮ ᠤᠨ ᠠᠵᠢᠯ ᠢ ᠬᠠᠷᠢᠭᠤᠴᠠᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠬᠠᠮᠲᠤᠪᠠᠷ ᠣᠷᠣᠯᠴᠠᠵᠤ᠂ ᠲᠥᠷᠥ ᠶᠢᠨ ᠪᠣᠳᠣᠯᠭ᠎ᠠ ᠶᠢ ᠠᠪᠴᠠᠯᠳᠤᠭᠤᠯᠬᠤ᠂ ᠲᠥᠯᠥᠪᠯᠡᠭᠡ ᠪᠠᠷ ᠬᠥᠲᠥᠯᠥᠨ ᠵᠢᠯᠣᠭᠤᠳᠬᠤ ᠪᠣᠯᠣᠨ ᠠᠵᠢᠯ ᠤᠨ ᠵᠣᠬᠢᠴᠠᠯᠳᠣᠯ ᠢ ᠴᠢᠩᠭᠠᠳᠬᠠᠵᠤ᠂ ᠮᠡᠳᠡᠭᠡ ᠵᠠᠩᠭᠢ ᠶᠢ ᠬᠠᠮᠲᠤ ᠡᠳ᠋ᠯᠡᠵᠦ᠂ ᠴᠤᠭ ᠢᠶᠠᠷ ᠠᠳᠬᠤᠵᠤ ᠬᠠᠮᠲᠤ  ᠬᠠᠮᠢᠶᠠᠷᠤᠨ᠂ ᠬᠠᠮᠵᠢᠯᠴᠠᠬᠤ ᠦᠷ᠎ᠡ ᠠᠰᠢᠭ ᠢ ᠳᠡᠭᠡᠭᠰᠢᠯᠡᠭᠦᠯᠵᠦ᠂ ᠠᠵᠢᠯ ᠤᠨ ᠨᠡᠶᠢᠯᠡᠮᠡᠯ ᠬᠦᠴᠦᠨ ᠢ ᠪᠣᠶ ᠪᠤᠯᠭᠠᠬᠤ ᠬᠡᠷᠡᠭᠲᠡᠢ᠃ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠶᠠᠰᠤ ᠴᠢᠨᠠᠷ ᠤᠨ ᠭᠡᠷᠡᠴᠢᠯᠡᠭᠡ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠬᠤᠯᠠ ᠵᠥᠪᠯᠡᠬᠦ ᠵᠦᠢᠯ ᠳᠤ ᠪᠠᠨ ᠣᠷᠣᠭᠤᠯᠵᠤ᠂ ᠨᠢᠭᠡᠳᠦᠯᠲᠡᠶ ᠣᠳᠣᠷᠢᠳᠬᠤ ᠪᠠᠨ ᠴᠢᠩᠭᠠᠳᠬᠠᠵᠤ᠂ ᠬᠢᠨᠠᠨ ᠬᠠᠮᠢᠶᠠᠷᠬᠤ ᠬᠦᠴᠦᠨ  ᠢᠶᠠᠨ ᠨᠡᠮᠡᠭᠳᠡᠬᠦᠯᠬᠦ ᠬᠡᠷᠡᠭᠲᠡᠢ᠃ ᠬᠤᠳᠠ ᠶᠢᠨ ᠡᠯ᠎ᠡ   ᠬᠤᠯᠪᠤᠭᠳᠠᠯ ᠪᠦᠬᠦᠢ ᠰᠠᠯᠠᠭ᠎ᠠ ᠮᠥᠴᠢᠷ ᠳᠤᠰ ᠲᠥᠰᠦᠯ ᠳᠠᠬᠢ ᠡᠭᠦᠷᠭᠡ ᠠᠵᠢᠯ ᠤᠨ ᠬᠤᠪᠢᠶᠠᠷᠢᠯᠠᠯ ᠶᠣᠰᠣᠭᠠᠷ᠂ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠲᠣᠭᠲᠠᠭᠠᠵᠤ᠂ ᠠᠵᠢᠯ ᠤᠨ ᠬᠠᠷᠢᠭᠤᠴᠠᠯᠭ᠎ᠠ ᠪᠠᠨ ᠲᠣᠳᠣᠷᠬᠠᠶᠢᠯᠠᠨ᠂ ᠡᠯ᠎ᠡ ᠵᠦᠢᠯ ᠤᠨ ᠭᠤᠣᠯᠳᠠᠯᠭᠠᠲᠦ ᠡᠭᠦᠷᠭᠡ ᠶᠢᠨ ᠪᠦᠲᠦᠮᠵᠢᠲᠡᠶ ᠨᠡᠶᠢᠲᠡᠪᠤᠷᠢᠵᠢᠭᠤᠯᠤᠭᠳᠠᠬᠤ ᠶᠢ ᠠᠬᠢᠭᠤᠯᠬᠤ ᠬᠡᠷᠡᠭᠲᠡᠢ᠃      ︵ᠬᠤᠶᠠᠷ︶ ᠶᠡᠷᠦᠩᠬᠡᠶᠢᠯᠡᠨ ᠪᠠᠲᠤᠯᠠᠬᠤ ᠶᠢ ᠴᠢᠩᠭᠠᠳᠬᠠᠨ᠎ᠠ       ᠬᠤᠳᠠ ᠶᠢᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠠᠷᠭ᠎ᠠ ᠬᠡᠮᠵᠢᠶ᠎ᠡ᠂ ᠠᠷᠭ᠎ᠠ ᠪᠠᠷᠢᠯ ᠲᠣᠭᠲᠠᠭᠠᠵᠤ᠂ ᠨᠥᠬᠦᠴᠡᠯ ᠳᠤ ᠨᠡᠶᠢᠴᠡᠭᠰᠡᠨ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠭᠡᠷᠡᠴᠢᠯᠡᠭᠡ ᠶᠢᠨ ᠪᠠᠶᠢᠭᠤᠯᠤᠮᠵᠢ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢᠶᠠᠷ ᠨᠤᠲᠠᠯᠠᠭᠤᠯᠬᠤ ᠶᠢ ᠳᠡᠮᠵᠢᠬᠦ ᠬᠡᠷᠡᠭᠲᠡᠢ︔ ᠨᠥᠬᠦᠴᠡᠯ ᠳᠤ ᠨᠡᠶᠢᠴᠡᠭᠰᠡᠨ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠭᠡᠷᠡᠴᠢᠯᠡᠭᠡ ᠶᠢᠨ ᠪᠠᠶᠢᠭᠤᠯᠤᠮᠵᠢ ᠶᠢᠨ ᠵᠠᠬ᠎ᠠ ᠳᠡᠯᠭᠡᠭᠦᠷ ᠲᠤ ᠭᠠᠷᠬᠤ ᠶᠢ ᠲᠡᠮᠵᠢᠵᠦ᠂ ᠰᠢᠭᠤᠳ ᠪᠡᠯᠡ ᠲᠣᠬᠢᠷᠠᠭᠤᠯᠬᠤ ᠠᠷᠭ᠎ᠠ ᠵᠠᠮ ᠢ ᠥᠷᠭᠡᠳᠭᠡᠬᠦ ᠬᠡᠷᠡᠭᠲᠡᠢ︔ ᠠᠵᠤ ᠦᠢᠯᠡᠰ ᠤᠨ ᠪᠥᠭᠡᠮᠨᠡᠷᠡᠭᠰᠡᠨ ᠣᠷᠣᠨ ᠤ ᠡᠯ᠎ᠡ ᠲᠥᠷᠥᠯ ᠤᠨ ᠥᠮᠴᠢᠯᠡᠯᠲᠦ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠤᠶᠢᠯᠡᠳᠬᠦᠨ ᠤ ᠶᠠᠰᠦ ᠴᠢᠨᠠᠷ ᠢ ᠪᠠᠶᠢᠴᠠᠭᠠᠨ‌‍ᠰᠢᠯᠭᠠᠬᠤ ᠣᠯᠠᠨ ᠨᠡᠶᠢᠲᠡ ᠶᠢᠨ ᠣᠶᠢᠯᠡᠴᠢᠯᠡᠭᠡᠨ ᠤ ᠳᠠᠪᠴᠠᠩ ᠢ ᠪᠠᠶᠢᠭᠤᠯᠬᠤ ᠶᠢ ᠳᠡᠮᠵᠢᠬᠦ ᠬᠡᠷᠡᠭᠲᠡᠢ︔ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠭᠡᠷᠡᠴᠢᠯᠡᠭᠡ ᠶᠢᠨ ᠪᠠᠶᠢᠭᠤᠯᠤᠮᠵᠢ ᠶᠢᠨ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ ᠢ ᠤᠷᠤᠭᠤᠯᠤᠨ ᠠᠪᠴᠢᠷᠠᠬᠤ ᠪᠠ ᠳᠡᠮᠵᠢᠬᠦ ᠬᠡᠷᠡᠭᠲᠡᠢ︔ ᠮᠠᠨ ᠤ ᠬᠤᠲᠠ ᠶᠢᠨ ᠡᠯ᠎ᠡ ᠳᠡᠭᠡᠳᠦ ᠵᠡᠷᠭᠡ ᠶᠢᠨ ᠳᠣᠰᠬᠠᠢ ᠮᠡᠷᠭᠡᠵᠢᠯ ᠤᠨ ᠰᠤᠷᠭᠠᠭᠤᠯᠢ ᠶᠢᠨ ᠪᠠᠶᠢᠴᠠᠭᠠᠨ ᠰᠢᠯᠭᠠᠵᠦ ᠪᠠᠶᠢᠴᠠᠭᠠᠨ ᠬᠡᠮᠵᠢᠬᠦ ᠭᠡᠷᠡᠴᠢᠯᠡᠭᠡ ᠶᠢᠨ ᠬᠠᠮᠢᠶ᠎ᠠ ᠪᠦᠬᠦᠢ ᠬᠢᠴᠢᠶᠡᠯ ᠰᠢᠨᠵᠢᠯᠡᠭᠡᠨ ᠤ ᠳᠤᠰᠬᠠᠢ ᠮᠡᠷᠭᠡᠵᠢᠯ ᠪᠠᠶᠢᠷᠢᠯᠠᠭᠤᠯᠬᠤ ᠶᠢ ᠳᠡᠮᠵᠢᠬᠦ ᠬᠡᠷᠡᠭᠲᠡᠢ︔ ᠪᠠᠶᠢᠴᠠᠭᠠᠨ ᠰᠢᠯᠭᠠᠵᠦ ᠪᠠᠶᠢᠴᠠᠭᠠᠨ ᠬᠡᠮᠵᠢᠬᠦ ᠭᠡᠷᠡᠴᠢᠯᠡᠭᠡ ᠶᠢᠨ ᠭᠤᠣᠯᠳᠠᠯᠭ᠎ᠠ ᠲᠠᠢ ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ ᠶᠢ ᠳᠡᠮᠵᠢᠬᠦ ᠬᠡᠷᠡᠭᠲᠡᠢ᠃      ︵ᠭᠤᠷᠪᠠ︶ ᠰᠢᠮᠳᠠᠭᠤᠯᠤᠨ ᠪᠠᠶᠢᠴᠠᠭᠠᠵᠤ ᠨᠠᠶᠢᠳᠠᠪᠤᠷᠢᠵᠢᠭᠤᠯᠬᠤ ᠶᠢ ᠴᠢᠩᠭᠠᠳᠬᠠᠨ᠎ᠠ       ᠶᠠᠰᠤ ᠴᠢᠨᠠᠷ ᠤᠨ ᠭᠡᠷᠡᠴᠢᠯᠡᠭᠡ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠢ ᠵᠠᠰᠠᠭ ᠤᠨ ᠣᠷᠳᠣᠨ ᠤ ᠶᠠᠰᠤ ᠴᠢᠨᠠᠷ ᠤᠨ ᠠᠵᠢᠯ ᠤᠨ ᠰᠢᠯᠭᠠᠨ ᠬᠢᠨᠠᠬᠤ ᠠᠭᠤᠯᠭ᠎ᠠ ᠳᠤ ᠣᠷᠣᠭᠤᠯᠵᠦ᠂ ᠶᠠᠰᠤ ᠴᠢᠨᠠᠷ ᠤᠨ ᠭᠡᠷᠡᠴᠢᠯᠡᠭᠡ ᠶᠢᠨ ᠰᠢᠰᠲ᠋ᠧᠮᠵᠢ ᠤᠨ ᠪᠠᠶᠢᠭᠤᠯᠤᠯᠲᠠ ᠶᠢ ᠴᠢᠩᠭᠠᠳᠬᠠᠬᠤ᠂ ᠶᠠᠰᠤ ᠴᠢᠨᠠᠷ ᠤᠨ ᠪᠦᠬᠦ ᠲᠠᠯ᠎ᠠ ᠶᠢᠨ ᠬᠠᠮᠢᠶᠠᠷᠤᠯᠲᠠ ᠶᠢ ᠠᠬᠢᠭᠤᠯᠬᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢᠨ ᠪᠤᠳᠠᠲᠠᠶᠢᠵᠢᠨ ᠨᠡᠶᠢᠲᠡᠪᠤᠷᠢᠵᠢᠭᠤᠯᠤᠭᠳᠠᠬᠤ ᠶᠢ ᠪᠠᠲᠤᠯᠠᠬᠤ ᠬᠡᠷᠡᠭᠲᠡᠢ᠃ ᠬᠤᠲᠠ ᠶᠢᠨ ᠶᠠᠰᠤ ᠴᠢᠨᠠᠷ ᠢᠶᠠᠷ ᠬᠤᠲᠠ ᠶᠢ ᠬᠦᠴᠦᠷᠬᠡᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠨᠢ ᠰᠢᠮᠲᠠᠭᠤᠯᠤᠨ ᠪᠠᠶᠢᠴᠠᠭᠠᠬᠤ ᠪᠠᠨ ᠴᠢᠩᠭᠠᠳᠬᠠᠵᠤ᠂ ᠡᠯ᠎ᠡ ᠭᠠᠵᠠᠷ ᠣᠷᠣᠨ ᠤ ᠡᠯ᠎ᠡ ᠪᠠᠶᠢᠭᠤᠯᠭ᠎ᠠ ᠨᠢᠭᠡᠴᠡ ᠶᠢ ᠵᠤᠬᠢᠴᠠᠭᠤᠯᠤᠨ ᠵᠢᠯᠤᠭᠤᠳᠴᠦ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠬᠢᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠳᠤ ᠳᠣᠬᠢᠶᠠᠯᠳᠣᠭᠰᠠᠨ ᠠᠰᠠᠭᠤᠳᠠᠯ ᠪᠣᠯᠣᠨ ᠬᠦᠴᠢᠷᠳᠡᠯ ᠢ ᠰᠤᠳᠤᠯᠤᠨ ᠰᠢᠢᠳᠪᠤᠷᠢᠯᠡᠵᠦ᠂ ᠶᠠᠰᠤ ᠴᠢᠨᠠᠷ ᠤᠨ ᠭᠡᠷᠡᠴᠢᠯᠡᠭᠡ ᠶᠢᠨ ᠰᠢᠰᠲ᠋ᠧᠮᠵᠢ ᠤᠨ ᠪᠦᠲᠦᠭᠡᠨ ᠪᠠᠶᠢᠭᠤᠯᠤᠯᠲᠠ ᠶᠢᠨ ᠤᠷᠳᠤ ᠬᠤᠭᠤᠴᠠᠭᠠᠨ ᠤ ᠪᠥᠲᠥᠮᠵᠢ ᠪᠦᠬᠦᠢ ᠳᠤᠭᠲᠠᠴᠠ ᠶᠢ ᠠᠬᠢᠭᠤᠯᠬᠤ ᠬᠡᠷᠡᠭᠲᠡᠢ᠃     ︵ᠳᠥᠷᠪᠡ︶ ᠣᠬᠠᠭᠤᠯᠣᠨ ᠳᠠᠶᠢᠴᠢᠯᠠᠬᠤ ᠶᠢ ᠴᠢᠩᠭᠠᠳᠬᠠᠨ᠎ᠠ      ᠶᠠᠰᠤ ᠴᠢᠨᠠᠷ ᠤᠨ ᠰᠣᠶᠣᠯ ᠢ ᠶᠡᠭᠡ ᠪᠠᠷ ᠪᠠᠳᠠᠷᠠᠭᠤᠯᠵᠦ᠂ ᠶᠠᠰᠦ ᠴᠢᠨᠠᠷ ᠤᠨ ᠭᠡᠷᠡᠴᠢᠯᠡᠭᠡ ᠶᠢᠨ ᠰᠢᠰᠲ᠋ᠧᠮᠵᠢ ᠤᠨ ᠪᠦᠲᠦᠭᠡᠨ ᠪᠠᠶᠢᠭᠤᠯᠤᠯᠲᠠ ᠶᠢᠨ ᠲᠥᠷᠥ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠣᠬᠠᠭᠤᠯᠵᠦ᠂ ᠲᠡᠷᠢᠭᠦᠨ ᠤ ᠶᠠᠰᠤ ᠴᠢᠨᠠᠷ ᠤᠨ ᠬᠠᠮᠢᠶᠠᠷᠤᠯᠲᠠ ᠶᠢᠨ ᠠᠷᠭ᠎ᠠ ᠶᠢ ᠣᠯᠠᠮᠵᠢᠯᠠᠨ ᠳᠠᠮᠵᠢᠭᠤᠯᠵᠦ᠂ ᠶᠠᠰᠤ ᠴᠢᠨᠠᠷ ᠤᠨ ᠭᠡᠷᠡᠴᠢᠯᠡᠭᠡ ᠶᠢᠨ ᠮᠡᠳᠡᠯᠭᠡ ᠶᠢ ᠲᠥᠭᠡᠮᠡᠯᠵᠢᠬᠦᠯᠦᠨ᠂ ᠶᠠᠰᠦ ᠴᠢᠨᠠᠷ ᠤᠨ ᠭᠡᠷᠡᠴᠢᠯᠡᠭᠡ ᠤᠯᠤᠭᠰᠠᠨ ᠪᠦᠲᠦᠭᠡᠭᠳᠡᠬᠦᠨ ᠢ ᠳᠡᠯᠭᠡᠷᠡᠬᠦᠯᠵᠦ᠂ ᠦᠢᠯᠡᠳᠪᠦᠷᠢᠯᠡᠯ ᠤᠨ ᠬᠡᠷᠡᠭᠯᠡᠭᠡᠨ ᠢ ᠵᠣᠬᠢᠰᠲᠠᠶ ᠬᠥᠲᠥᠯᠥᠨ ᠵᠢᠯᠣᠭᠤᠳᠴᠤ᠂ ᠵᠠᠬ᠎ᠠ ᠳᠡᠯᠭᠡᠭᠦᠷ ᠤᠨ ᠢᠲᠡᠭᠡᠯ ᠵᠣᠷᠢᠭ ᠢ  ᠬᠦᠪᠴᠢᠯᠡᠵᠦ᠂ ᠶᠠᠰᠤ ᠴᠢᠨᠠᠷ ᠢ ᠳᠡᠭᠡᠭᠰᠢᠯᠡᠭᠦᠯᠬᠦ ᠬᠥᠳᠡᠯᠭᠡᠬᠦ ᠬᠦᠴᠦᠨ ᠢ ᠣᠷᠮᠠᠰᠢᠭᠤᠯᠤᠨ ᠬᠦᠭᠵᠢᠭᠡᠬᠦ ᠬᠡᠷᠡᠭᠲᠡᠢ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号