ᠪᠠᠲᠤᠪᠠᠶᠠᠷ ᠤᠷᠠᠨ ᠪᠢᠴᠢᠯᠭᠡ ᠶᠢᠨ ᠦᠵᠡᠭᠦᠯᠦᠯᠭᠡ ᠭᠠᠷᠭᠠᠪᠠ
ᠨᠡᠶᠢᠲᠡᠯᠡᠭᠰᠡᠨ ᠴᠠᠭ᠄
2019/4/18
     ᠪᠠᠲᠤᠪᠠᠶᠠᠷ ᠤᠷᠠᠨ ᠪᠢᠴᠢᠯᠭᠡ ᠶᠢᠨ ᠪᠦᠲᠦᠭᠡᠯ ᠤᠨ ᠦᠵᠡᠭᠦᠯᠦᠯᠭᠡ ᠭᠠᠷᠭᠠᠵᠤ ᠰᠢᠨ᠎ᠡ ᠳᠤᠮᠳᠠᠳᠤ ᠤᠯᠤᠰ ᠪᠠᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠪᠡ᠃ ᠣᠶᠢᠯᠠᠭᠠᠭᠰᠠᠨ ᠢᠶᠠᠷ᠂ ᠪᠠᠲᠤᠪᠠᠶᠠᠷ 1982 ᠣᠨ ᠳᠤ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠮᠣᠩᠭᠤᠯ ᠬᠡᠯᠡ ᠤᠳᠬ᠎ᠠ ᠵᠣᠬᠢᠶᠠᠯ ᠤᠨ ᠰᠠᠯᠪᠤᠷᠢ ᠠᠴᠠ ᠲᠡᠭᠦᠰᠴᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠠᠨ ᠪᠢᠴᠢᠯᠭᠡᠲᠡᠨ ᠤ ᠨᠡᠶᠢᠭᠡᠮᠯᠢᠭ ᠤᠨ ᠭᠡᠰᠢᠭᠦᠨ᠂ ᠪᠥᠬᠦ ᠤᠯᠤᠰ ᠠᠴᠠ ᠣᠨᠴᠠ ᠳᠡᠰ ᠤᠨ ᠪᠠᠭᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠣᠩᠭᠤᠯ ᠤᠷᠠᠨ ᠪᠢᠴᠢᠯᠭᠡᠲᠡᠨ ᠤ ᠨᠡᠶᠢᠭᠡᠮᠯᠢᠭ ᠤᠨ ᠬᠡᠷᠡᠭ ᠡᠷᠬᠢᠯᠡᠭᠴᠢ᠂ ᠤᠯᠠᠭᠠᠨᠴᠠᠪ ᠬᠤᠲᠠ ᠶᠢᠨ ᠮᠣᠩᠭᠤᠯ ᠤᠷᠠᠨ ᠪᠢᠴᠢᠯᠭᠡ ᠶᠢᠨ ᠨᠡᠶᠢᠭᠡᠮᠯᠢᠭ ᠤᠨ ᠨᠡᠷ᠎ᠡ ᠬᠦᠨᠳᠦᠲᠦ ᠲᠡᠷᠢᠭᠦᠯᠡᠭᠴᠢ ᠂ ᠣᠳᠣ ᠬᠥᠬᠡᠬᠤᠲᠠ ᠶᠢᠨ ᠤᠷᠠᠨ ᠵᠢᠷᠤᠭ ᠤᠨ ᠣᠷᠳᠣᠨ ᠤ ᠤᠷᠠᠯᠢᠭ ᠤᠨ ᠰᠤᠳᠤᠯᠤᠭᠴᠢ ᠪᠠᠷ ᠤᠷᠢᠭᠳᠠᠨ ᠠᠵᠢᠯᠯᠠᠵᠤ ᠪᠠᠶᠢᠨ᠎ᠠ᠃ ᠲᠡᠭᠦᠨ ᠤ ᠬᠡᠪᠯᠡᠭᠦᠯᠦᠭᠰᠡᠨ ︽ᠮᠣᠩᠭᠤᠯ ᠤᠷᠠᠨ ᠪᠢᠴᠢᠯᠭᠡ ᠶᠢᠨ ᠰᠣᠨᠢᠷᠬᠠᠯ︾ ᠪᠠ ︽ᠮᠣᠩᠭᠤᠯ ᠤᠷᠠᠨ ᠪᠢᠴᠢᠯᠭᠡ ᠶᠢᠨ ᠲᠦᠢᠮᠣ︾ ᠨᠢ ᠮᠣᠩᠭᠤᠯ ᠤᠷᠠᠨ ᠪᠢᠴᠢᠯᠭᠡ ᠶᠢᠨ ᠵᠢᠭᠠᠨ ᠰᠤᠷᠭᠠᠯᠲᠠ ᠪᠠ ᠰᠤᠳᠤᠯᠭᠠᠨ ᠤ ᠬᠦᠷᠢᠶᠡᠨ ᠳᠠᠬᠢ ᠬᠤᠭᠤᠰᠣᠨ ᠢ ᠨᠥᠬᠦᠪᠥᠷᠢᠯᠡᠭᠰᠡᠨ ᠪᠠᠶᠢᠨ᠎ᠠ᠃ ᠡᠨᠡ ᠤᠳᠠᠭ᠎ᠠ ᠲᠡᠭᠦᠨ ᠤ 70 ᠳᠤᠭᠤᠢᠯᠠᠩ᠂ ᠨᠡᠶᠢᠲᠡ 107 ᠤᠷᠠᠨ ᠪᠢᠴᠢᠯᠭᠡ ᠶᠢᠨ ᠪᠦᠲᠦᠭᠡᠯ ᠢ ᠳᠡᠯᠭᠡᠨ ᠦᠵᠡᠭᠦᠯᠬᠦ ᠪᠣᠯᠤᠨ᠎ᠠ᠃      ᠦᠵᠡᠭᠦᠯᠦᠯᠭᠡ ᠶᠢᠨ ᠴᠠᠭ᠄ 4 ᠰᠠᠷ᠎ᠠ ᠶᠢᠨ 30 ᠤ ᠡᠳᠦᠷ ᠪᠣᠯᠲᠠᠯ᠎ᠠ ᠦᠷᠭᠦᠯᠵᠢᠯᠡᠨ᠎ᠡ      ᠳᠡᠯᠭᠡᠨ ᠦᠵᠡᠭᠦᠯᠬᠦ ᠭᠠᠵᠠᠷ᠄ ᠬᠥᠬᠡᠬᠤᠲᠠ ᠶᠢᠨ ᠦᠨᠳᠦᠰᠦᠲᠡᠨ ᠤ ᠤᠷᠠᠨ ᠵᠢᠷᠤᠭ ᠤᠨ ᠣᠷᠳᠣᠨ
ᠢᠷᠡᠯᠲᠡ᠄ ᠬᠥᠬᠡᠬᠤᠲᠠ ᠶᠢᠨ ᠣᠷᠣᠢ ᠶᠢᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ