ᠬᠥᠬᠡᠬᠤᠲᠠ ᠶᠢᠨ ᠠᠮᠠᠨ ᠬᠥᠨᠳᠡᠢ ᠶᠢᠨ ᠡᠮᠨᠡᠯᠭᠡ ᠶᠢᠨ ᠬᠤᠷᠢᠶ᠎ᠠ ᠵᠢᠩᠬᠢᠨᠢ ᠪᠠᠷ ᠭᠤᠷᠪᠠᠳᠤᠭᠠᠷ ᠲᠡᠰ ᠤᠨ ᠬᠥᠬᠡ ᠵᠡᠷᠭᠡᠯᠡᠯ ᠤᠨ ᠡᠮᠨᠡᠯᠭᠡ ᠶᠢᠨ ᠬᠤᠷᠢᠶ᠎ᠠ ᠶᠢᠨ ᠫᠠᠶᠢᠰᠠ ᠡᠯᠭᠦᠪᠡ
ᠨᠡᠶᠢᠲᠡᠯᠡᠭᠰᠡᠨ ᠴᠠᠭ᠄
2019/4/19
      ᠥᠴᠥᠭᠡᠳᠦᠷ᠂ ᠬᠥᠬᠡᠬᠤᠲᠠ ᠶᠢᠨ ᠠᠮᠠᠨ ᠬᠥᠨᠳᠡᠢ ᠶᠢᠨ ᠡᠮᠨᠡᠯᠭᠡ ᠶᠢᠨ ᠬᠤᠷᠢᠶ᠎ᠠ ᠵᠢᠩᠬᠢᠨᠢ ᠪᠠᠷ ᠭᠤᠷᠪᠠᠳᠤᠭᠠᠷ ᠲᠡᠰ ᠤᠨ ᠬᠥᠬᠡ ᠵᠡᠷᠭᠡᠯᠡᠯ ᠤᠨ ᠡᠮᠨᠡᠯᠭᠡ ᠶᠢᠨ ᠬᠤᠷᠢᠶ᠎ᠠ ᠶᠢᠨ ᠫᠠᠶᠢᠰᠠ ᠡᠯᠭᠦᠪᠡ᠃      ᠬᠤᠲᠠ ᠶᠢᠨ ᠳᠡᠳ᠋ ᠳᠠᠷᠤᠭ᠎ᠠ ᠰᠢᠦᠢ ᠷᠦᠢ ᠰᠢᠶᠠ ᠫᠠᠶᠢᠰᠠ ᠡᠯᠭᠦᠬᠦ ᠶᠣᠰᠣᠯᠠᠯ ᠳᠤ ᠣᠷᠣᠯᠴᠠᠪᠠ᠃      ᠣᠶᠢᠯᠭᠠᠭᠰᠠᠨ ᠢᠶᠠᠷ᠂ ᠬᠥᠬᠡᠬᠤᠲᠠ ᠶᠢᠨ ᠠᠮᠠᠨ ᠬᠥᠨᠳᠡᠢ ᠶᠢᠨ ᠡᠮᠨᠡᠯᠭᠡ ᠶᠢᠨ ᠬᠤᠷᠢᠶ᠎ᠠ ᠨᠢ 1985 ᠣᠨ ᠳᠤ ᠪᠠᠶᠢᠭᠤᠯᠤᠭᠳᠠᠵᠤ᠂ ᠡᠮᠴᠢᠯᠡᠭᠡ᠂ ᠵᠢᠭᠠᠨ ᠰᠤᠷᠭᠠᠯᠲᠠ᠂ ᠰᠢᠨᠵᠢᠯᠡᠬᠦ ᠤᠬᠠᠭᠠᠨ ᠤ ᠰᠤᠳᠤᠯᠭᠠᠨ᠂ ᠤᠷᠢᠳᠴᠢᠯᠠᠨ ᠰᠡᠷᠭᠡᠶᠢᠯᠡᠬᠦ᠂ ᠡᠷᠡᠭᠦᠯᠵᠢᠯ ᠤᠨ ᠨᠢᠭᠡ ᠴᠣᠭᠴᠠᠵᠢᠭᠰᠠᠨ ᠥᠪᠡᠷᠲᠡᠭᠡᠨ ᠵᠠᠰᠠᠬᠤ ᠣᠷᠣᠨ ᠤ ᠬᠡᠪᠴᠢᠶ᠎ᠡ ᠪᠠᠷ ᠬᠠᠮᠤᠭ ᠤᠨ ᠶᠡᠭᠡ᠂ ᠡᠮᠴᠢᠯᠡᠭᠡᠨ ᠤ ᠮᠡᠷᠭᠡᠵᠢᠯ ᠤᠨ ᠨᠥᠬᠦᠴᠡᠯ ᠢᠶᠠᠷ ᠬᠠᠮᠤᠭ ᠤᠨ ᠰᠠᠶᠢᠨ ᠴᠣᠷ ᠤᠨ ᠭᠠᠭᠴᠠ ᠠᠯᠪᠠᠨ ᠠᠴᠠ ᠪᠠᠢᠭᠤᠯᠤᠭᠰᠠᠨ ᠭᠤᠷᠪᠠᠳᠤᠭᠠᠷ ᠲᠡᠰ ᠤᠨ ᠬᠥᠬᠡ ᠵᠡᠷᠭᠡᠯᠡᠯ ᠤᠨ ᠠᠮᠠᠨ ᠬᠥᠨᠳᠡᠢ ᠶᠢᠨ ᠲᠤᠰᠬᠠᠶ ᠡᠮᠨᠡᠯᠭᠡ ᠶᠢᠨ ᠬᠤᠷᠢᠶ᠎ᠠ᠂ ᠤᠯᠤᠰ ᠤᠨ ᠠᠮᠠᠨ ᠬᠥᠨᠳᠡᠶ ᠶᠢᠨ ᠡᠪᠡᠳᠴᠢᠨ ᠤ ᠡᠮᠴᠢᠯᠡᠭᠡᠨ ᠤ ᠠᠨᠠᠭᠠᠬᠤ ᠤᠬᠠᠭᠠᠨ ᠤ ᠰᠤᠳᠤᠯᠭᠠᠨ ᠤ ᠲᠥᠪ ᠤᠨ ᠭᠤᠤᠯ ᠨᠢᠭᠡᠴᠡ᠂ ᠳᠤᠮᠳᠠᠳᠤ ᠤᠯᠤᠰ ᠤᠨ ᠰᠢᠳᠦᠨ ᠤ ᠡᠪᠡᠳᠴᠢᠨ ᠢ ᠰᠡᠷᠭᠡᠶᠢᠯᠡᠨ ᠵᠠᠰᠠᠬᠤ ᠰᠠᠭᠤᠷᠢ ᠮᠥᠩᠭᠦ ᠶᠢᠨ ᠨᠡᠶᠢᠭᠡᠮᠯᠢᠭ ᠤᠨ ᠡᠮᠴᠢᠯᠡᠭᠡᠨ ᠤ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠤᠨ ᠰᠠᠭᠤᠷᠢᠨ ᠭᠠᠵᠠᠷ᠂ ᠳᠤᠮᠳᠠᠳᠤ ᠶᠢᠨ ᠪᠤᠶᠠᠨᠴᠢ ᠦᠢᠯᠡᠰ ᠤᠨ ᠶᠡᠷᠦᠩᠬᠡᠶ ᠨᠡᠶᠢᠭᠡᠮᠯᠢᠭ ᠤᠨ ︽ᠢᠨᠢᠶᠡᠮᠰᠦᠭᠯᠡᠯ ᠭᠠᠯᠲᠤ ᠲᠡᠷᠭᠡ — ᠤᠷᠤᠭᠤᠯ ᠤᠨ ᠰᠡᠲᠡᠷᠬᠡᠶ ᠶᠢ ᠵᠠᠯᠠᠷᠠᠭᠤᠯᠤᠨ ᠵᠠᠰᠠᠬᠤ ᠲᠥᠷᠥᠯ ᠵᠦᠢᠯ︾ ᠤᠨ ᠲᠣᠭᠲᠠᠭᠰᠠᠨ ᠡᠮᠨᠡᠯᠭᠡ ᠶᠢᠨ ᠬᠤᠷᠢᠶ᠎ᠠ᠂ ᠤᠯᠤᠰ ᠤᠨ ᠡᠮᠴᠢ ᠶᠢᠨ ᠬᠢᠷᠢ ᠬᠡᠮ ᠤᠨ ᠰᠢᠯᠭᠠᠯᠲᠠ ᠶᠢᠨ ᠦᠢᠯᠡᠳᠦᠯᠭᠡ ᠶᠢᠨ ᠤᠷ᠎ᠠ ᠴᠢᠳᠠᠪᠤᠷᠢ ᠶᠢᠨ ᠰᠢᠯᠭᠠᠯᠲᠠ ᠬᠢᠭᠡᠳ ᠰᠢᠯᠭᠠᠭᠴᠢ ᠶᠢᠨ ᠪᠣᠯᠪᠠᠰᠤᠷᠠᠭᠤᠯᠤᠯ ᠤᠨ ᠰᠠᠭᠤᠷᠢᠨ ᠭᠠᠵᠠᠷ ︵ᠠᠮᠠᠨ ᠬᠥᠨᠳᠡᠢ ᠶᠢᠨ ᠲᠥᠷᠥᠯ︶᠂ ᠪᠡᠭᠡᠵᠢᠩ ᠶᠡᠭᠡ ᠰᠤᠷᠭᠠᠭᠤᠯᠢ ᠶᠢᠨ ᠠᠮᠠᠨ ᠬᠥᠨᠳᠡᠢ ᠶᠢᠨ ᠡᠮᠨᠡᠯᠭᠡ ᠶᠢᠨ ᠬᠤᠷᠢᠶ᠎ᠠ ᠶᠢᠨ ᠠᠮᠠᠨ ᠬᠥᠨᠳᠡᠢ ᠶᠢᠨ ᠠᠨᠠᠭᠠᠬᠤ ᠤᠬᠠᠭᠠᠨ ᠤ ᠲᠣᠭᠠᠴᠢᠯᠠᠬᠤ ᠮᠡᠷᠭᠡᠵᠢᠯ ᠤᠨ ᠰᠤᠳᠤᠯᠭᠠᠨ ᠪᠣᠯᠣᠨ ᠬᠡᠷᠡᠭᠯᠡᠭᠡᠨ ᠤ ᠬᠤᠯᠪᠣᠭᠠᠨ ᠤ ᠨᠢᠭᠡᠴᠡ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠬᠥᠬᠡᠬᠤᠲᠠ ᠶᠢᠨ ᠠᠮᠠᠨ ᠬᠥᠨᠳᠡᠢ ᠶᠢᠨ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠬᠢᠨ ᠰᠤᠪᠢᠯᠠᠬᠤ ᠶᠡᠭᠡ ᠡᠮᠴᠢ ᠤᠨ ᠳᠦᠷᠢᠮᠵᠢᠯ ᠪᠣᠯᠪᠠᠰᠤᠷᠠᠭᠤᠯᠤᠯ ᠤᠨ ᠠᠮᠠᠨ ᠬᠥᠨᠳᠡᠢ ᠶᠢᠨ ᠶᠡᠷᠦᠩᠬᠡᠢ ᠰᠠᠯᠠᠭᠠᠨ ᠤ ᠬᠠᠮᠵᠢᠯᠴᠠᠬᠤ ᠰᠠᠭᠤᠷᠢᠨ ᠭᠠᠵᠠᠷ᠂ ᠬᠥᠬᠡᠬᠤᠲᠠ ᠶᠢᠨ ᠠᠮᠠᠨ ᠬᠥᠨᠳᠡᠢ ᠶᠢᠨ ᠠᠨᠠᠭᠠᠬᠤ ᠤᠬᠠᠭᠠᠨ ᠤ ᠶᠠᠰᠤ ᠴᠢᠨᠠᠷ ᠢ ᠡᠵᠡᠮᠳᠡᠬᠦ ᠲᠥᠪ᠂ ᠬᠥᠬᠡᠬᠤᠲᠠ ᠶᠢᠨ ᠠᠮᠠᠨ ᠬᠥᠨᠳᠡᠢ ᠶᠢᠨ ᠡᠷᠡᠭᠦᠯ ᠴᠢᠭᠢᠷᠠᠭ ᠤᠨ ᠰᠤᠷᠭᠠᠨ ᠬᠥᠮᠥᠵᠢᠯ ᠤᠨ ᠰᠠᠭᠤᠷᠢᠨ ᠭᠠᠵᠠᠷ ᠪᠣᠯᠣᠨ᠎ᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ