4 ᠰᠠᠷ᠎ᠠ ᠶᠢᠨ 1 ᠤ ᠡᠲᠦᠷ ᠠᠴᠠ ᠡᠬᠢᠯᠡᠨ ᠨᠢᠭᠡ ᠪᠦᠯᠦᠭ ︽ᠰᠢᠨ᠎ᠡ ᠲᠦᠷᠢᠮ︾ ᠢ ᠬᠡᠷᠡᠭᠵᠢᠬᠦᠯᠬᠦ ᠪᠠᠷ ᠪᠤᠯᠪᠠ
ᠨᠡᠶᠢᠲᠡᠯᠡᠭᠰᠡᠨ ᠴᠠᠭ᠄
2019-04-02
      ᠤᠢᠷ᠎ᠠ ᠳᠤ᠂ ᠡᠳ᠋ ᠤᠨ ᠵᠠᠰᠠᠭ ᠤᠨ ᠶᠠᠮᠤᠨ ᠵᠡᠷᠭᠡ ᠰᠠᠯᠠᠭ᠎ᠠ ᠮᠦᠴᠢᠷ ᠠᠴᠠ ᠬᠠᠮᠲᠤᠷᠠᠨ ᠲᠠᠷᠬᠠᠭᠠᠭᠰᠠᠨ ︽ᠨᠡᠮᠡᠭᠲᠡᠯ ᠦᠷᠲᠡᠭ ᠤᠨ ᠭᠠᠢᠯᠢ ᠶᠢᠨ ᠦᠭᠡᠷᠡᠴᠢᠯᠡᠯᠲᠡ ᠶᠢ ᠭᠦᠨᠵᠡᠭᠡᠢᠷᠡᠬᠦᠯᠬᠦ ᠬᠤᠯᠪᠤᠭᠲᠠᠯ ᠪᠦᠬᠦᠢ ᠲᠦᠷᠦ ᠶᠢᠨ ᠪᠤᠲᠤᠯᠭ᠎ᠠ ᠶᠢᠨ ᠮᠡᠲᠡᠭᠲᠡᠯ︾ ᠢ ᠲᠠᠷᠬᠠᠭᠠᠵᠤ᠂ 4 ᠰᠠᠷ᠎ᠠ ᠶᠢᠨ 1 ᠤ ᠡᠲᠦᠷ ᠠᠴᠠ ᠡᠬᠢᠯᠡᠨ ᠬᠡᠰᠡᠭ ᠠᠵᠢᠯ ᠲᠦᠷᠦᠯ ᠤᠨ ᠨᠡᠮᠡᠭᠲᠡᠯ ᠦᠷᠲᠡᠭ ᠤᠨ ᠭᠠᠢᠯᠢ ᠶᠢ ᠪᠠᠭᠤᠷᠠᠭᠤᠯᠬᠤ ᠪᠠᠷ ᠲᠤᠭᠲᠠᠪᠠ᠃      ᠤᠯᠤᠰ ᠤᠨ ᠨᠡᠭᠦᠲᠡᠯ ᠠᠷᠠᠳ ᠢ ᠬᠠᠮᠢᠶᠠᠷᠬᠤ ᠲᠤᠪᠴᠢᠶ᠎ᠠ ᠠᠴᠠ ᠮᠡᠲᠡᠭᠡᠯᠡᠭᠰᠡᠨ ᠢᠶᠠᠷ᠂ 4 ᠰᠠᠷ᠎ᠠ ᠶᠢᠨ 1 ᠤ ᠡᠲᠦᠷ ᠠᠴᠠ ᠡᠬᠢᠯᠡᠨ ᠪᠦᠭᠦᠲᠠ ᠨᠠᠢᠷᠠᠮᠲᠠᠬᠤ ᠲᠤᠮᠲᠠᠲᠤ ᠠᠷᠠᠳ ᠤᠯᠤᠰ ᠤᠨ ᠡᠩ ᠤᠨ ᠫᠠᠰᠫᠤᠷᠲ᠂ ᠰᠢᠶᠠᠩᠭᠠᠩ ᠤᠤᠮᠧᠠ ᠳᠤ ᠵᠤᠷᠴᠢᠬᠤ ᠭᠡᠷᠡᠴᠢᠯᠡᠯᠭᠡ᠂ ᠲᠠᠢᠧᠠᠨ ᠳᠤ ᠵᠤᠷᠴᠢᠬᠤ ᠭᠡᠷᠡᠴᠢᠯᠡᠯᠭᠡ ᠶᠢ ᠪᠦᠬᠦ ᠤᠯᠤᠰ ᠤᠨ ᠬᠡᠪᠴᠢᠶᠠᠨ ᠳᠤ ᠭᠦᠢᠴᠡᠳᠭᠡᠬᠦ ᠪᠤᠯᠤᠭᠰᠠᠨ ᠪᠠᠢᠨ᠎ᠠ᠃     4 ᠰᠠᠷ᠎ᠠ ᠶᠢᠨ 1 ᠤ ᠡᠲᠦᠷ ᠠᠴᠠ ᠡᠬᠢᠯᠡᠨ ︽ᠰᠤᠷᠭᠠᠭᠤᠯᠢ ᠶᠢᠨ ᠢᠲᠡᠭᠡᠨ ᠤ ᠠᠮᠤᠷ ᠲᠦᠪᠰᠢᠨ ᠪᠤᠯᠤᠨ ᠰᠢᠮ᠎ᠡ ᠲᠡᠵᠢᠭᠡᠯ ᠤᠨ ᠡᠷᠡᠬᠦᠯ ᠬᠠᠮᠠᠭᠠᠯᠠᠯ ᠤᠨ ᠬᠠᠮᠢᠶᠠᠷᠤᠯᠲᠠ︾ ᠶᠢ ᠬᠡᠷᠡᠭᠵᠢᠬᠦᠯᠬᠦ ᠪᠠᠷ ᠪᠤᠯᠪᠠ᠃ ᠲᠤᠮᠲᠠᠲᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠬᠤᠭᠤᠯᠠᠨ ᠤ ᠴᠠᠭ ᠲᠤ ᠬᠠᠨᠢ ᠪᠤᠯᠬᠤ ᠲᠦᠷᠢᠮ ᠢ ᠬᠡᠷᠡᠭᠵᠢᠬᠦᠯᠵᠦ᠂ ᠰᠤᠷᠭᠠᠭᠤᠯᠢ ᠶᠢᠨ ᠬᠠᠮᠢᠶᠠᠲᠠᠢ ᠬᠦᠮᠦᠰ ᠰᠤᠷᠤᠭᠴᠢᠳ ᠲᠠᠢ ᠬᠠᠮᠲᠤ ᠬᠤᠭᠤᠯᠠᠯᠠᠵᠤ᠂ ᠲᠡᠮᠲᠡᠭᠯᠡᠯ ᠬᠢᠵᠦ ᠠᠰᠠᠭᠤᠲᠠᠯ ᠤᠷᠤᠰᠢᠵᠤ ᠪᠠᠢᠪᠠᠯ ᠲᠠᠷᠤᠢ ᠲᠦᠷᠭᠡᠨ ᠮᠡᠲᠡᠭᠲᠡᠬᠦ ᠬᠡᠷᠡᠭᠲᠡᠢ᠃      ᠮᠦᠨ ᠡᠭᠦᠨ ᠠᠴᠠ ᠭᠠᠲᠠᠨ᠎ᠠ 4 ᠰᠠᠷ᠎ᠠ ᠶᠢᠨ 10 ᠤ ᠡᠲᠦᠷ ᠤᠨ 0 ᠴᠠᠭ ᠠᠴᠠ ᠡᠬᠢᠯᠡᠨ ᠪᠦᠬᠦ ᠤᠯᠤᠰ ᠤᠨ ᠲᠡᠮᠦᠷ ᠵᠠᠮ ᠰᠢᠨ᠎ᠠ ᠠᠶᠠᠯᠠᠯ ᠱᠤᠭᠤᠮ ᠬᠡᠷᠡᠭᠵᠢᠬᠦᠯᠵᠦ᠂ ᠪᠡᠭᠡᠵᠢᠩ ᠠᠴᠠ ᠴᠢᠩᠲᠤᠤ᠂ ᠪᠡᠭᠡᠵᠢᠩ ᠠᠴᠠ ᠯᠠᠨᠵᠧᠤ᠂ ᠯᠠᠨᠵᠧᠤ ᠠᠴᠠ ᠴᠧᠩᠳᠦ᠋ ᠬᠦᠷᠬᠦ ᠬᠤᠷᠲᠤᠨ ᠤ ᠭᠠᠯᠲᠤ ᠲᠡᠷᠭᠡ ᠶᠢᠨ ᠴᠠᠭ ᠢ ᠤᠯᠠᠮ ᠪᠤᠭᠤᠨᠢᠰᠬᠠᠪᠠ᠃      4 ᠰᠠᠷ᠎ᠠ ᠶᠢᠨ 15 ᠤ ᠡᠲᠦᠷ ᠠᠴᠠ ᠡᠬᠢᠯᠡᠨ ︽ᠴᠠᠬᠢᠯᠭᠠᠨ ᠬᠦᠲᠡᠯᠭᠡᠭᠦᠷᠲᠤ ᠲᠤᠭᠤᠢ ᠲᠡᠷᠭᠡᠨ ᠤ ᠠᠶᠤᠯᠬᠦᠢ ᠶᠢᠨ ᠮᠡᠷᠭᠡᠵᠢᠯ ᠤᠨ ᠲᠦᠷᠢᠮᠵᠢᠯ︾ ᠢ ᠬᠡᠷᠡᠭᠵᠢᠬᠦᠯᠬᠦ ᠪᠤᠯᠤᠨ᠎ᠠ᠃
 
ᠢᠷᠡᠯᠲᠡ᠄ ᠮᠣᠩᠭᠤᠯ ᠷᠠᠳᠢᠣ᠋ ᠲᠧᠯᠸᠢᠰ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号