ᠪᠦᠯᠬᠦᠮᠳᠡᠯ ᠤᠨ ᠣᠢ ᠳᠤ ᠮᠣᠳᠣ ᠲᠠᠷᠢᠵᠤ  ᠭᠡᠷ ᠣᠷᠣᠨ ᠤ ᠨᠣᠭᠤᠭᠠᠷᠠᠭᠤᠯᠤᠯᠲᠠ ᠳᠤ ᠰᠢᠨ᠎ᠡ ᠨᠣᠭᠤᠭᠠᠨ ᠢ ᠨᠡᠮᠡᠷᠢᠯᠡᠨ᠎ᠡ
ᠨᠡᠶᠢᠲᠡᠯᠡᠭᠰᠡᠨ ᠴᠠᠭ᠄
2019-04-22
     ᠡᠬᠡ ᠭᠠᠵᠠᠷ ᠲᠤ ᠬᠠᠪᠤᠷ ᠢᠷᠡᠵᠦ᠂ ᠲᠦᠮᠡᠨ ᠪᠣᠳᠠᠰ ᠰᠡᠷᠭᠦᠨ ᠠᠮᠢᠯᠠᠭᠰᠠᠨ ᠮᠣᠳᠣ ᠲᠠᠷᠢᠬᠤ ᠰᠠᠶᠢᠬᠠᠨ ᠴᠠᠭ ᠢᠶᠠᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠥᠬᠡᠬᠤᠲᠠ ᠶᠢᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠵᠥᠪᠯᠡᠯ ᠤᠨ ᠠᠯᠪᠠᠨ ᠭᠡᠷ᠂ ᠬᠥᠬᠡᠬᠤᠲᠠ ᠶᠢᠨ ᠡᠳᠦᠷ ᠤᠨ ᠰᠣᠨᠢᠨ ᠤ ᠬᠤᠷᠢᠶ᠎ᠠ᠂ ᠬᠥᠬᠡᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠬᠥᠬᠡᠬᠤᠲᠠ ᠶᠢᠨ ᠣᠢ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠬᠥᠬᠡᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠠᠴᠠ ᠬᠠᠮᠲᠤᠷᠠᠨ ᠡᠷᠬᠢᠯᠡᠭᠰᠡᠨ ︽ᠪᠢ ᠭᠡᠷ ᠣᠷᠣᠨ ᠳᠠᠭᠠᠨ ᠰᠢᠨ᠎ᠡ ᠨᠣᠭᠤᠭᠠᠨ ᠨᠡᠮᠡᠬᠦ︾ ᠪᠠᠷ ᠭᠤᠤᠯ ᠰᠡᠳᠦᠪ ᠪᠣᠯᠭᠠᠭᠰᠠᠨ ︽ᠦᠨᠳᠦᠰᠦᠲᠡᠨ ᠤ ᠪᠦᠯᠬᠦᠮᠳᠡᠯ ᠤᠨ ᠬᠠᠮᠲᠤ ᠶᠢᠨ ᠣᠢ︾ ᠳᠤ ᠮᠣᠳᠣ ᠲᠠᠷᠢᠬᠤ ᠲᠣᠮᠣ ᠬᠡᠯᠪᠡᠷᠢ ᠶᠢᠨ ᠨᠡᠶᠢᠲᠡ ᠶᠢᠨ ᠠᠰᠠᠷᠠᠮᠵᠢ ᠶᠢᠨ ᠮᠣᠳᠣ ᠲᠠᠷᠢᠬᠤ ᠠᠵᠢᠯᠯᠠᠭ᠎ᠠ 4 ᠰᠠᠷ᠎ᠠ ᠶᠢᠨ 20 ᠤ ᠡᠳᠦᠷ ᠬᠥᠬᠡᠬᠤᠲᠠ ᠶᠢᠨ ᠦᠨᠳᠦᠰᠦᠲᠡᠨ ᠤ ᠪᠦᠯᠬᠦᠮᠳᠡᠯ ᠤᠨ ᠵᠢᠱᠢᠶ᠎ᠡ ᠦᠵᠡᠭᠦᠯᠬᠦ ᠲᠣᠰᠬᠤᠨ — ᠰᠠᠶᠢᠬᠠᠨ ᠲᠣᠭᠤᠷᠢᠭ ᠤᠨ ᠪᠠᠶᠠᠨ ᠪᠠᠯᠭᠠᠰᠤ ᠶᠢᠨ ᠱᠠᠪᠠᠭ᠋ᠠᠢ ᠲᠣᠰᠬᠤᠨ ᠳᠤ ᠠᠮᠵᠢᠯᠲᠠ ᠲᠠᠢ ᠶᠠᠪᠤᠭᠳᠠᠭᠤᠯᠪᠠ᠃ 400 ᠭᠠᠷᠤᠢ ᠬᠥᠮᠥᠨ 1000 ᠰᠠᠭᠤᠷᠢ ᠮᠣᠳᠣ ᠲᠠᠷᠢᠵᠤ᠂ ᠪᠣᠳᠠᠲᠤ ᠠᠵᠢᠯᠯᠠᠭ᠎ᠠ ᠪᠠᠷ ᠢᠶᠠᠨ ᠡᠬᠡ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠬᠠᠯᠬᠠᠪᠴᠢ ᠶᠢᠨ ᠪᠦᠲᠦᠭᠡᠨ ᠪᠠᠢᠭᠤᠯᠤᠯᠲᠠ ᠳᠤ ᠬᠦᠴᠦ ᠨᠡᠮᠡᠷᠢᠯᠡᠵᠦ᠂ ᠰᠢᠨ᠎ᠡ ᠳᠤᠮᠳᠠᠳᠤ ᠤᠯᠤᠰ ᠪᠠᠢᠭᠤᠯᠤᠭᠳᠠᠭᠰᠠᠨ 70 ᠵᠢᠯ ᠤᠨ ᠣᠢ ᠳᠤ ᠪᠡᠯᠡᠭ ᠬᠦᠷᠭᠡᠵᠡᠢ᠃ ᠬᠥᠬᠡᠬᠤᠲᠠ ᠶᠢᠨ ᠣᠷᠣᠢ ᠶᠢᠨ ᠰᠣᠨᠢᠨ ᠤ ᠰᠤᠷᠪᠤᠯᠵᠢᠯᠠᠭᠴᠢ ᠰᠢᠤᠢ ᠲᠢᠩ  ᠸᠠᠩ ᠱᠣᠣ ᠺᠠᠶ ᠰᠡᠭᠦᠳᠡᠷᠯᠡᠨ ᠮᠡᠳᠡᠭᠡᠯᠡᠪᠡ
 
ᠢᠷᠡᠯᠲᠡ᠄ ᠬᠥᠬᠡᠬᠤᠲᠠ ᠶᠢᠨ ᠣᠷᠣᠢ ᠶᠢᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号