ᠭᠦᠢᠴᠡᠳᠬᠡᠬᠦ ᠨᠥᠬᠦᠴᠡᠯ | ᠨᠢᠭᠡ᠂ ᠲᠤᠰ ᠬᠤᠲᠠ ᠶᠢᠨ ᠡᠷᠦᠭᠡ ᠠᠮᠠ ᠲᠠᠢ ᠭᠤᠶᠤᠴᠢᠯᠠᠭᠴᠢ᠄ | ︵ 1︶ ᠭᠤᠶᠤᠴᠢᠯᠠᠬᠤ ᠬᠥᠮᠥᠨ ᠤ ᠨᠥᠬᠦᠴᠡᠯ᠄ | 1. 18 ᠪᠦᠬᠦᠯᠢ ᠨᠠᠰᠤ ᠬᠦᠷᠦᠭᠰᠡᠨ︔ | 2. ᠲᠤᠰ ᠬᠤᠲᠠ ᠳᠤ ᠰᠠᠭᠤᠬᠤ ᠭᠡᠷ ᠦᠭᠡᠢ︔ | 3. ᠭᠡᠷ ᠪᠦᠯᠢ ᠶᠢᠨ ᠬᠥᠮᠥᠨ ᠤ ᠳᠤᠮᠳᠠᠴᠢ ᠣᠷᠣᠯᠭ᠎ᠠ ᠨᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠬᠠᠮᠤᠭ ᠤᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢᠨ 7 ᠲᠠᠬᠢᠨ ᠠᠴᠠ ᠳᠣᠷᠣᠭᠰᠢ ︵ | 3010 ᠲᠥᠭᠦᠷᠢᠭ ᠠᠴᠠ ᠳᠠᠪᠠᠭᠰᠠᠨ ᠦᠭᠡᠢ︶᠃ | ○ ᠬᠠᠮᠤᠭ ᠤᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠲᠠᠢ ᠡᠷᠦᠬᠡ᠄ ᠲᠦᠷᠢᠶᠡᠰᠦᠯᠡᠬᠦ ᠴᠢᠳᠠᠯ ᠲᠠᠢ᠂ | ᠬᠢᠮᠳᠠ ᠲᠦᠷᠢᠶᠡᠰᠦᠨ ᠭᠡᠷ ᠤᠨ ᠬᠠᠷᠠᠭᠠᠯᠵᠠᠯ ᠬᠦᠷᠲᠡᠭᠡ ᠦᠭᠡᠢ᠃ | ᠬᠤᠶᠠᠷ᠂ ᠲᠤᠰ ᠬᠤᠲᠠ ᠳᠤ ᠡᠷᠦᠭᠡ ᠠᠮᠠ ᠦᠭᠡᠢ ᠭᠤᠶᠤᠴᠢᠯᠠᠭᠴᠢ᠄ | ︵1︶ ᠭᠤᠶᠤᠴᠢᠯᠠᠬᠤ ᠬᠥᠮᠥᠨ ᠤ ᠨᠥᠬᠦᠴᠡᠯ᠄ | 1. 18 ᠪᠦᠬᠦᠯᠢ ᠨᠠᠰᠤ ᠬᠦᠷᠦᠭᠰᠡᠨ︔ | 2. ᠲᠤᠰ ᠬᠤᠲᠠ ᠳᠤ ᠰᠠᠭᠤᠬᠤ ᠭᠡᠷ ᠦᠭᠡᠢ︔ | 3. ᠭᠡᠷ ᠪᠦᠯᠢ ᠶᠢᠨ ᠬᠥᠮᠥᠨ ᠤ ᠳᠤᠮᠳᠠᠴᠢ ᠣᠷᠣᠯᠭ᠎ᠠ ᠨᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠬᠠᠮᠤᠭ ᠤᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢᠨ 7 ᠲᠠᠬᠢᠨ ᠠᠴᠠ ᠳᠣᠷᠣᠭᠰᠢ ︵ | 3010 ᠲᠥᠭᠦᠷᠢᠭ ᠠᠴᠠ ᠳᠠᠪᠠᠭᠰᠠᠨ ᠦᠭᠡᠢ︶᠃ | ○ ᠬᠥᠬᠡᠬᠤᠲᠠ ᠳᠤ ᠬᠤᠶᠠᠷ ᠵᠢᠯ ᠠᠴᠠ ᠢᠯᠡᠭᠦᠦ ᠰᠠᠭᠤᠭᠰᠠᠨ᠂ ᠠᠵᠢᠯ ᠨᠢ ᠨᠢᠭᠡ ᠵᠢᠯ ᠠᠴᠠ ᠳᠡᠭᠡᠭᠰᠢ | ᠬᠠᠷᠢᠴᠠᠩᠭᠤᠢ ᠲᠣᠭᠲᠠᠭᠤᠨ᠃ | | ᠱᠠᠭᠠᠷᠳᠠᠭᠳᠠᠬᠤ ᠮᠠᠲ᠋ᠧᠷᠢᠶᠠᠯ | ︵ᠨᠢᠭᠡ︶ ᠭᠦᠢᠴᠡᠳᠬᠡᠬᠦ ᠮᠠᠲ᠊ᠸᠷᠢᠶᠠᠯ | 1. ᠨᠡᠶᠢᠲᠡ ᠶᠢᠨ ᠲᠦᠷᠢᠶᠡᠰᠦᠨ ᠤ ᠭᠡᠷ ᠪᠠᠶᠢᠰᠢᠩ ᠭᠤᠶᠤᠴᠢᠯᠠᠬᠤ ᠶᠢ ᠬᠢᠨᠠᠨ ᠵᠥᠪᠰᠢᠶᠡᠷᠡᠬᠦ ᠬᠦᠰᠦᠨᠦᠭᠲᠦ ︵ᠨᠢᠭᠡ | ᠮᠠᠶ᠋ᠢᠭ ᠢ ᠭᠤᠷᠪᠠᠨ ᠬᠤᠪᠢ︶︔ | 2. ᠲᠤᠰ ᠬᠥᠮᠥᠨ ᠵᠢᠴᠢ ᠬᠠᠮᠲᠤ ᠰᠠᠭᠤᠭ᠎ᠠ ᠭᠡᠷ ᠪᠦᠯᠢ ᠶᠢᠨ ᠪᠦᠷᠢᠯᠳᠦᠬᠦᠨ ᠤ ᠪᠡᠶ᠎ᠡ ᠶᠢᠨ ᠦᠨᠡᠮᠯᠡᠬᠦ᠂ ᠡᠷᠦᠬᠡ | ᠠᠮᠠ ᠶᠢᠨ ᠳᠡᠪᠲᠡᠷ ᠤᠨ ᠬᠠᠭᠤᠯᠪᠤᠷᠢ︔ | 3. ᠣᠷᠣᠯᠭ᠎ᠠ ᠶᠢᠨ ᠭᠡᠷᠡᠴᠢ ︔ | 4. ᠤᠷᠤᠭ ᠤᠨ ᠭᠡᠷᠡᠴᠢ ︔ ︵ᠤᠷᠤᠭᠯᠠᠭᠰᠠᠨ ᠨᠢ ᠤᠷᠤᠭ ᠤᠨ ᠪᠠᠲᠤᠯᠠᠪᠤᠷᠢ ᠪᠠᠨ ᠬᠠᠩᠭᠠᠵᠤ᠂ ᠤᠷᠤᠭᠯᠠᠭᠰᠠᠨ | ᠦᠭᠡᠢ ᠨᠢ ᠭᠠᠭᠴᠠ ᠪᠡᠶ᠎ᠡ ᠶᠢᠨ ᠲᠣᠳᠣᠷᠬᠠᠶᠢᠯᠠᠯᠲᠠ ᠬᠠᠩᠭᠠᠨ᠎ᠠ︶ | ○ᠬᠠᠮᠤᠭ ᠤᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠲᠠᠢ ᠡᠷᠦᠬᠡ᠄ ᠬᠠᠮᠤᠭ ᠤᠨ ᠨᠠᠭᠠᠲᠤ ᠵᠠᠬ᠎ᠠ ᠶᠢᠨ | ᠠᠮᠢᠳᠤᠷᠠᠯ ᠤᠨ ᠪᠠᠲᠤᠯᠠᠭ᠎ᠠ ᠶᠢᠨ ᠭᠡᠷᠡᠴᠢ ᠶᠢᠨ ᠤᠤᠯ ᠮᠠᠲ᠋ᠧᠷᠢᠶᠠᠯ᠂ ᠨᠡᠶᠢᠲᠡ ᠶᠢᠨ ᠲᠦᠷᠢᠶᠡᠰᠦᠨ ᠤ ᠭᠡᠷ ᠪᠠᠶᠢᠰᠢᠩ | ᠭᠤᠶᠤᠴᠢᠯᠠᠬᠤ ᠶᠢ ᠬᠢᠨᠠᠨ ᠵᠥᠪᠰᠢᠶᠡᠷᠡᠬᠦ ᠬᠦᠰᠦᠨᠦᠭᠲᠦ᠃ | ︵ᠬᠤᠶᠠᠷ︶ ᠭᠦᠢᠴᠡᠳᠬᠡᠬᠦ ᠮᠠᠲ᠋ᠧᠷᠢᠶᠠᠯ | 1. ᠨᠡᠶᠢᠲᠡ ᠶᠢᠨ ᠲᠦᠷᠢᠶᠡᠰᠦᠨ ᠤ ᠭᠡᠷ ᠪᠠᠶᠢᠰᠢᠩ ᠭᠤᠶᠤᠴᠢᠯᠠᠬᠤ ᠶᠢ ᠬᠢᠨᠠᠨ ᠵᠥᠪᠰᠢᠶᠡᠷᠡᠬᠦ ᠬᠦᠰᠦᠨᠦᠭᠲᠦ ︵ᠨᠢᠭᠡ | ᠮᠠᠶ᠋ᠢᠭ ᠢ ᠭᠤᠷᠪᠠᠨ ᠬᠤᠪᠢ︶︔ | 2. ᠲᠤᠰ ᠬᠥᠮᠥᠨ ᠵᠢᠴᠢ ᠬᠠᠮᠲᠤ ᠰᠠᠭᠤᠭ᠎ᠠ ᠭᠡᠷ ᠪᠦᠯᠢ ᠶᠢᠨ ᠪᠦᠷᠢᠯᠳᠦᠬᠦᠨ ᠤ ᠪᠡᠶ᠎ᠡ ᠶᠢᠨ ᠦᠨᠡᠮᠯᠡᠬᠦ᠂ ᠡᠷᠦᠬᠡ | ᠠᠮᠠ ᠶᠢᠨ ᠳᠡᠪᠲᠡᠷ ᠤᠨ ᠬᠠᠭᠤᠯᠪᠤᠷᠢ︔ | 3. ᠣᠷᠣᠯᠭ᠎ᠠ ᠶᠢᠨ ᠭᠡᠷᠡᠴᠢ ︔ | 4. ᠤᠷᠤᠭ ᠤᠨ ᠭᠡᠷᠡᠴᠢ ︔ ︵ᠤᠷᠤᠭᠯᠠᠭᠰᠠᠨ ᠨᠢ ᠤᠷᠤᠭ ᠤᠨ ᠪᠠᠲᠤᠯᠠᠪᠤᠷᠢ ᠪᠠᠨ ᠬᠠᠩᠭᠠᠵᠤ᠂ ᠤᠷᠤᠭᠯᠠᠭᠰᠠᠨ | ᠦᠭᠡᠢ ᠨᠢ ᠭᠠᠭᠴᠠ ᠪᠡᠶ᠎ᠡ ᠶᠢᠨ ᠲᠣᠳᠣᠷᠬᠠᠶᠢᠯᠠᠯᠲᠠ ᠬᠠᠩᠭᠠᠨ᠎ᠠ︶ | 5. ᠬᠥᠬᠡᠬᠤᠲᠠ ᠳᠤ ᠬᠤᠶᠠᠷ ᠵᠢᠯ ᠳᠠᠷᠠᠭᠠᠯᠠᠨ ᠨᠡᠶᠢᠭᠡᠮ ᠤᠨ ᠳᠠᠭᠠᠳᠬᠠᠯ ᠲᠤᠰᠢᠶᠠᠭᠰᠠᠨ ᠭᠡᠷᠡᠴᠢ ᠪᠤᠶᠤ ᠣᠷᠣᠨ | ᠰᠠᠭᠤᠴᠠ ᠶᠢᠨ ᠨᠡᠶᠢᠭᠡᠮ ᠤᠨ ᠬᠤᠷᠠᠮᠳᠤᠭᠤᠯᠭ᠎ᠠ ᠶᠢᠨ ᠮᠥᠩᠭᠦ ᠲᠤᠰᠢᠶᠠᠭᠰᠠᠨ ᠭᠡᠷᠡᠴᠢ᠃ | | ᠭᠦᠢᠴᠡᠳᠬᠡᠬᠦ ᠠᠯᠬᠤᠮ ᠳᠠᠷᠠᠭ᠎ᠠ | 1. ᠭᠤᠶᠤᠴᠢᠯᠠᠭᠴᠢ ᠠᠴᠠ ᠱᠠᠭᠠᠷᠳᠠᠭᠳᠠᠬᠤ ᠮᠠᠲ᠋ᠧᠷᠢᠶᠠᠯ ᠢᠶᠠᠨ ᠠᠪᠴᠤ ᠥᠪᠡᠷ ᠤᠨ ᠰᠠᠭᠤᠭ᠎ᠠ ᠭᠠᠵᠠᠷ ᠪᠤᠶᠤ | ᠡᠷᠦᠬᠡ ᠠᠮᠠ ᠪᠠᠶᠢᠭ᠎ᠠ ᠭᠠᠵᠠᠷ ᠤᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ︵ᠲᠣᠰᠬᠤᠨ ᠤ | ᠠᠷᠠᠳ ᠤᠨ ᠵᠥᠪᠯᠡᠯ︶ ᠳᠤ ᠬᠦᠷᠴᠦ ᠭᠤᠶᠤᠴᠢᠯᠠᠯ ᠢᠶᠠᠨ ᠲᠤᠰᠢᠶᠠᠨ᠎ᠠ︔ | 2. ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ︵ᠲᠣᠰᠬᠤᠨ ᠤ ᠠᠷᠠᠳ ᠤᠨ ᠵᠥᠪᠯᠡᠯ︶ ᠠᠴᠠ | ᠮᠠᠲ᠋ᠧᠷᠢᠶᠠᠯ ᠢ ᠬᠢᠨᠠᠨ ᠬᠠᠷᠭᠤᠭᠤᠯᠵᠤ ᠥᠭᠡᠷ᠎ᠡ ᠰᠠᠨᠠᠯ ᠦᠭᠡᠢ ᠪᠣᠯ ᠭᠤᠶᠤᠴᠢᠯᠠᠭᠴᠢ ᠶᠢᠨ ᠮᠡᠳᠡᠭᠡ ᠵᠠᠩᠭᠢ ᠶᠢ ︽ | ᠬᠥᠬᠡᠬᠤᠲᠠ ᠶᠢᠨ ᠣᠷᠣᠨ ᠰᠠᠭᠤᠴᠠ ᠶᠢᠨ ᠪᠠᠲᠤᠯᠠᠭ᠎ᠠ ᠶᠢᠨ ᠲᠥᠪ ᠤᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ | ᠰᠢᠰᠲ᠋ᠧᠮ︾ ᠳᠤ ᠣᠷᠣᠭᠤᠯᠤᠨ᠎ᠠ᠃ | 3. ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ︵ᠲᠣᠰᠬᠤᠨ ᠤ ᠠᠷᠠᠳ ᠤᠨ ᠵᠥᠪᠯᠡᠯ︶ ᠠᠴᠠ | ᠭᠤᠶᠤᠴᠢᠯᠠᠭᠴᠢ ᠶᠢᠨ ᠮᠡᠳᠡᠭᠡ ᠵᠠᠩᠭᠢ ᠶᠢ ᠵᠠᠷᠯᠠᠵᠤ ᠥᠭᠡᠷ᠎ᠡ ᠰᠠᠨᠠᠯ ᠦᠭᠡᠢ ᠪᠣᠯ ᠭᠤᠶᠤᠴᠢᠯᠠᠭᠴᠢ ᠶᠢᠨ ᠮᠡᠳᠡᠭᠡ | ᠵᠠᠩᠭᠢ ᠶᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤᠰᠢᠶᠠᠨ᠎ᠠ᠃ | 4. ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠭᠤᠶᠤᠴᠢᠯᠠᠭᠴᠢ ᠶᠢᠨ ᠮᠡᠳᠡᠭᠡ ᠵᠠᠩᠭᠢ ᠶᠢ ᠵᠠᠷᠯᠠᠵᠤ | ᠥᠭᠡᠷ᠎ᠡ ᠰᠠᠨᠠᠯ ᠦᠭᠡᠢ ᠪᠣᠯ ᠭᠤᠶᠤᠴᠢᠯᠠᠭᠴᠢ ᠶᠢᠨ ᠮᠡᠳᠡᠭᠡ ᠵᠠᠩᠭᠢ ᠶᠢ ᠬᠤᠰᠢᠭᠤ ᠰᠢᠶᠠᠨ ᠲᠣᠭᠤᠷᠢᠭ ᠤᠨ ᠣᠷᠣᠨ | ᠰᠠᠭᠤᠴᠠ ᠶᠢᠨ ᠪᠠᠲᠤᠯᠠᠭ᠎ᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠲᠤᠰᠢᠶᠠᠨ᠎ᠠ᠃ | 5. ᠬᠤᠰᠢᠭᠤ ᠰᠢᠶᠠᠨ ᠲᠣᠭᠤᠷᠢᠭ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ ᠬᠠᠮᠢᠶᠠᠷᠤᠯᠲᠠ ᠶᠢᠨ ᠰᠠᠯᠠᠭ᠎ᠠ | ᠮᠥᠴᠢᠷ ᠠᠴᠠ ᠭᠤᠶᠤᠴᠢᠯᠠᠭᠴᠢ ᠶᠢᠨ ᠮᠡᠳᠡᠭᠡ ᠵᠠᠩᠭᠢ ᠶᠢ ᠵᠠᠷᠯᠠᠵᠤ ᠥᠭᠡᠷ᠎ᠡ ᠰᠠᠨᠠᠯ ᠦᠭᠡᠢ ᠪᠣᠯ | ᠭᠤᠶᠤᠴᠢᠯᠠᠭᠴᠢ ᠶᠢᠨ ᠮᠡᠳᠡᠭᠡ ᠵᠠᠩᠭᠢ ᠶᠢ ᠬᠤᠲᠠ ᠶᠢᠨ ᠣᠷᠣᠨ ᠰᠠᠭᠤᠴᠠ ᠶᠢᠨ ᠪᠠᠲᠤᠯᠠᠭ᠎ᠠ ᠶᠢᠨ ᠬᠠᠮᠢᠶᠠᠷᠤᠯᠲᠠ ᠶᠢᠨ | ᠲᠥᠪ ᠲᠤ ᠲᠤᠰᠢᠶᠠᠵᠤ ᠳᠠᠩᠰᠠᠯᠠᠭᠤᠯᠤᠨ᠎ᠠ᠃ | 6. ᠨᠡᠶᠢᠲᠡ ᠶᠢᠨ ᠲᠦᠷᠢᠶᠡᠰᠦᠨ ᠭᠡᠷ ᠢ ᠢᠯᠡ ᠪᠠᠷ ᠰᠢᠪᠠᠭ᠎ᠠ ᠰᠤᠭᠤᠯᠵᠤ ᠲᠦᠷᠢᠶᠡᠰᠦ ᠲᠣᠬᠢᠷᠠᠭᠤᠯᠬᠤ ᠠᠴᠠ ᠡᠮᠦᠨ᠎ᠡ | ᠂ ᠬᠤᠲᠠ ᠶᠢᠨ ᠣᠷᠣᠨ ᠰᠠᠭᠤᠴᠠ ᠶᠢᠨ ᠪᠠᠲᠤᠯᠠᠭ᠎ᠠ ᠶᠢᠨ ᠲᠥᠪ ᠠᠴᠠ ᠬᠤᠰᠢᠭᠤ ᠰᠢᠶᠠᠨ ᠲᠣᠭᠤᠷᠢᠭ ᠤᠨ ᠣᠷᠣᠨ | ᠰᠠᠭᠤᠴᠠ ᠶᠢᠨ ᠪᠠᠲᠤᠯᠠᠭ᠎ᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠲᠤᠰᠢᠶᠠᠭᠰᠠᠨ ᠬᠥᠮᠥᠰ ᠤᠨ ᠭᠡᠷ | ᠬᠥᠷᠥᠩᠭᠡ ᠶᠢᠨ ᠳᠠᠩᠰᠠ ᠳᠤ ᠪᠠᠶᠢᠴᠠᠭᠠᠯᠲᠠ ᠬᠢᠵᠦ᠂ ᠨᠥᠬᠦᠴᠡᠯ ᠳᠤ ᠨᠡᠶᠢᠴᠡᠭᠰᠡᠨ ᠬᠥᠮᠥᠰ ᠢ ᠰᠢᠪᠠᠭ᠎ᠠ ᠰᠤᠭᠤᠯᠬᠤ | ᠬᠥᠮᠥᠨ ᠤ ᠨᠡᠷᠡᠰ ᠲᠤ ᠣᠷᠣᠭᠤᠯᠤᠨ᠎ᠠ᠃ | 7. ᠰᠢᠪᠠᠭ᠎ᠠ ᠣᠯᠣᠭᠰᠠᠨ ᠬᠥᠮᠥᠰ ᠲᠤ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ︵ᠲᠣᠰᠬᠤᠨ ᠤ | ᠠᠷᠠᠳ ᠤᠨ ᠵᠥᠪᠯᠡᠯ︶ ᠤᠨ ᠠᠵᠢᠯᠲᠠᠨ ᠠᠴᠠ ᠨᠡᠶᠢᠲᠡ ᠶᠢᠨ ᠲᠦᠷᠢᠶᠡᠰᠦᠨ ᠤ ᠭᠡᠷ ᠲᠤ ᠣᠷᠣᠵᠤ ᠰᠠᠭᠤᠬᠤ ᠭᠠᠷ | ᠭᠦᠢᠴᠡᠳᠬᠡᠯ ᠬᠢᠬᠦ ᠶᠢ ᠮᠡᠳᠡᠭᠳᠡᠵᠦ᠂ ᠰᠢᠪᠠᠭ᠎ᠠ ᠣᠯᠣᠭᠰᠠᠨ ᠦᠭᠡᠢ ᠬᠥᠮᠥᠰ ᠠᠶᠠᠨᠳᠠᠭᠠᠨ ᠳᠠᠷᠠᠭᠠᠴᠢ ᠶᠢᠨ | ᠤᠳᠠᠭ᠎ᠠ ᠶᠢᠨ ᠰᠢᠪᠠᠭ᠎ᠠ ᠰᠤᠭᠤᠯᠤᠭ᠎ᠠ ᠳᠤ ᠣᠷᠣᠯᠴᠠᠬᠤ ᠪᠣᠯᠣᠨ᠎ᠠ᠃ | | ᠰᠦᠢᠳᠬᠡᠯ ᠬᠤᠷᠢᠶᠠᠬᠤ ᠪᠠᠷᠢᠮᠵᠢᠶ᠎ᠠ | ᠰᠦᠢᠳᠬᠡᠯ ᠬᠤᠷᠢᠶᠠᠬᠤ ᠦᠭᠡᠢ | | ᠭᠦᠢᠴᠡᠳᠬᠡᠬᠦ ᠦᠨᠳᠦᠰᠦ ᠪᠠᠷᠢᠮᠲᠠ | ︽ᠬᠥᠬᠡᠬᠤᠲᠠ ᠶᠢᠨ ᠨᠡᠶᠢᠲᠡ ᠶᠢᠨ ᠲᠦᠷᠢᠶᠡᠰᠦᠨ ᠭᠡᠷ ᠤᠨ ᠬᠠᠮᠢᠶᠠᠷᠤᠯᠲᠠ ᠶᠢᠨ ᠠᠷᠭ᠎ᠠ︾ ᠬᠥᠬᠡᠬᠤᠲᠠ ᠶᠢᠨ | ᠠᠷᠠᠳ ᠤᠨ ᠵᠠᠰᠠᠭ ᠤᠨ ᠣᠷᠳᠣᠨ ᠤ ᠵᠠᠷᠯᠢᠭ 1 ᠳ᠋ᠦ᠋ᠭᠡᠷ ᠲᠣᠭᠠᠲᠤ | | ᠭᠦᠢᠴᠡᠳᠬᠡᠬᠦ ᠪᠠᠶᠢᠭᠤᠯᠤᠮᠵᠢ | ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ︵ᠲᠣᠰᠬᠤᠨ ᠤ ᠠᠷᠠᠳ ᠤᠨ ᠵᠥᠪᠯᠡᠯ︶ ᠂ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ︵ᠪᠠᠯᠭᠠᠰᠤ ᠶᠢᠨ ᠵᠠᠰᠠᠭ ᠤᠨ ᠣᠷᠳᠣᠨ︶᠂ ᠬᠤᠰᠢᠭᠤ ᠰᠢᠶᠠᠨ | ᠲᠣᠭᠤᠷᠢᠭ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠭᠤᠷᠪᠠᠨ ᠲᠡᠰ ᠢᠶᠠᠷ | ᠬᠢᠨᠠᠨ ᠬᠠᠷᠭᠤᠭᠤᠯᠤᠨ᠎ᠠ᠃ |