ᠳᠡᠯᠡᠬᠡᠢ ᠶᠢᠨ ᠪᠥᠮᠪᠥᠷᠴᠡᠭ ᠤᠨ ᠡᠳᠦᠷ    ᠪᠢ ᠭᠡᠷ ᠣᠷᠣᠨ ᠳᠤ ᠪᠠᠨ ᠬᠠᠶᠢᠷᠠᠲᠠᠢ
ᠨᠡᠶᠢᠲᠡᠯᠡᠭᠰᠡᠨ ᠴᠠᠭ᠄
2019-04-23
    ᠥᠴᠥᠭᠡᠳᠦᠷ ᠪᠣᠯ ᠪᠦᠬᠦ ᠳᠡᠯᠡᠬᠡᠢ ᠶᠢᠨ ᠪᠥᠮᠪᠥᠷᠴᠡᠭ ᠤᠨ ᠡᠳᠦᠷ᠂ ᠪᠦᠬᠦ ᠳᠡᠯᠡᠬᠡᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠯᠥᠭᠡ ᠲᠣᠭᠲᠠᠭᠠᠭᠰᠠᠨ ᠪᠠᠶᠠᠷ ᠤᠨ ᠡᠳᠦᠷ ᠪᠣᠯᠣᠨ᠎ᠠ᠃ ᠬᠥᠬᠡᠬᠤᠲᠠ ᠶᠢᠨ ᠬᠤᠷᠢᠨ ᠵᠢᠷᠭᠤᠳᠤᠭᠠᠷ ᠳᠤᠮᠳᠠᠳᠤ ᠰᠤᠷᠭᠠᠭᠤᠯᠢ ᠠᠴᠠ ᠰᠤᠷᠤᠭᠴᠢᠳ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠤᠬᠠᠢ ᠲᠠᠨᠢᠯᠲᠠ ᠶᠢ ᠳᠡᠭᠡᠭᠰᠢᠯᠡᠭᠦᠯᠬᠦ ᠶᠢᠨ ᠲᠥᠯᠥᠭᠡᠨ ᠠᠴᠠ᠂  ﹇ᠡᠷᠡᠭᠦᠯ ᠴᠢᠭᠢᠷᠠᠭ ᠡᠶ᠎ᠡ ᠵᠣᠬᠢᠴᠠᠩᠭᠤᠢ ᠰᠤᠷᠭᠠᠭᠤᠯᠢ ᠶᠢᠨ ᠬᠦᠷᠢᠶ᠎ᠡ ᠶᠢ ᠴᠣᠭᠴᠠᠯᠠᠨ ᠪᠠᠶᠢᠭᠤᠯᠵᠤ᠂ ᠪᠥᠮᠪᠥᠷᠴᠡᠭ ᠢᠶᠠᠨ ᠬᠠᠮᠠᠭᠠᠯᠠᠬᠤ ᠪᠢᠴᠢᠬᠠᠨ ᠡᠵᠡᠨ ᠬᠥᠮᠥᠨ ᠪᠣᠯᠣᠶ᠎ᠠ﹈ ᠭᠡᠬᠦ ᠰᠡᠳᠦᠪ ᠢᠶᠠᠷ ᠰᠤᠷᠭᠠᠭᠤᠯᠢ ᠶᠢᠨ ᠢᠶᠠᠨ ᠲᠣᠭᠠᠴᠢᠯᠠᠭᠰᠠᠨ ᠭᠠᠵᠠᠷ ᠵᠦᠢ ᠶᠢᠨ ᠲᠤᠷᠰᠢᠯᠲᠠ ᠶᠢᠨ ᠭᠡᠷ ᠲᠤ ᠭᠠᠵᠠᠷ ᠵᠦᠢ᠂ ᠠᠭᠤᠷ ᠠᠮᠢᠰᠬᠤᠯ᠂ ᠣᠷᠴᠢᠨ ᠲᠣᠭᠤᠷᠢᠨ ᠳᠤ ᠬᠤᠯᠪᠣᠭᠳᠠᠬᠤ ᠬᠠᠮᠢᠶ᠎ᠠ ᠪᠦᠬᠦᠢ ᠦᠨᠳᠦᠰᠦᠨ ᠮᠡᠳᠡᠯᠭᠡ ᠶᠢ ᠲᠦᠭᠡᠮᠡᠯᠵᠢᠭᠦᠯᠬᠦ ᠠᠵᠢᠯᠯᠠᠭ᠎ᠠ ᠥᠷᠨᠢᠭᠦᠯᠪᠡ᠃  ᠬᠥᠬᠡᠬᠤᠲᠠ ᠶᠢᠨ ᠣᠷᠣᠢ ᠶᠢᠨ ᠰᠣᠨᠢᠨ ᠤ ᠰᠤᠷᠪᠤᠯᠵᠢᠯᠠᠭᠴᠢ ᠰᠢᠦᠢ ᠲᠢᠩ ᠰᠡᠭᠦᠳᠡᠷᠯᠡᠨ ᠮᠡᠳᠡᠭᠡᠯᠡᠪᠡ
 
ᠢᠷᠡᠯᠲᠡ᠄ ᠬᠥᠬᠡᠬᠤᠲᠠ ᠶᠢᠨ ᠣᠷᠣᠢ ᠶᠢᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号