ᠬᠥᠬᠡᠬᠤᠲᠠ ᠶᠢᠨ ᠬᠢᠨ ᠶᠡᠭᠡ ᠰᠤᠷᠭᠠᠭᠤᠯᠢ ᠲᠡᠭᠦᠰᠦᠭᠰᠡᠳ ᠤᠨ ᠬᠢᠮᠳᠠ ᠣᠷᠣᠨ ᠰᠠᠭᠤᠴᠠ ᠶᠢᠨ ᠢᠨᠵᠧᠨᠧᠷᠢᠩ ︵ᠲᠤᠷᠰᠢᠯᠲᠠ ᠶᠢᠨ ᠴᠡᠭ︶ ᠢ ᠬᠡᠷᠡᠭᠵᠢᠭᠦᠯᠬᠦ ᠠᠷᠭ᠎ᠠ ᠶᠢ  ᠨᠡᠶᠢᠲᠡᠯᠡᠪᠡ
ᠨᠡᠶᠢᠲᠡᠯᠡᠭᠰᠡᠨ ᠴᠠᠭ᠄
2019/4/23
        4 ᠰᠠᠷ᠎ᠠ ᠶᠢᠨ 18 ᠤ ᠡᠳᠦᠷ᠂ ᠬᠥᠬᠡᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ  ︽ᠬᠥᠬᠡᠬᠤᠲᠠ ᠶᠢᠨ ᠶᠡᠭᠡ ᠰᠤᠷᠭᠠᠭᠤᠯᠢ ᠲᠡᠭᠦᠰᠦᠭᠰᠡᠳ ᠤᠨ ᠬᠢᠮᠳᠠ ᠣᠷᠣᠨ ᠰᠠᠭᠤᠴᠠ ᠶᠢᠨ ᠢᠨᠵᠧᠨᠧᠷᠢᠩ ︵ᠲᠤᠷᠰᠢᠯᠲᠠ ᠶᠢᠨ  ᠴᠡᠭ︶ ᠢ  ᠬᠡᠷᠡᠭᠵᠢᠭᠦᠯᠬᠦ ᠠᠷᠭ᠎ᠠ︾ ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠶᠢ ᠨᠡᠶᠢᠲᠡᠯᠡᠪᠡ᠃      ᠲᠤᠰ ︽ᠠᠷᠭ᠎ᠠ︾ ᠶᠢ ᠦᠨᠳᠦᠰᠦᠯᠡᠪᠡᠯ᠂ ᠨᠥᠬᠦᠴᠡᠯ ᠳᠤ ᠨᠡᠶᠢᠴᠡᠬᠦ ᠡᠩ ᠤᠨ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠵᠢᠴᠢ ᠲᠡᠭᠦᠨ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠲᠤᠰ ᠬᠤᠭᠤᠴᠠᠭᠠᠨ ᠤ ᠲᠡᠭᠦᠰᠬᠦ  ᠰᠤᠷᠤᠭᠴᠢ ᠪᠤᠶᠤ ᠥᠩᠭᠡᠷᠡᠭᠰᠡᠨ ᠬᠤᠭᠤᠴᠠᠭᠠᠨ ᠤ ᠲᠡᠭᠦᠰᠦᠭᠰᠡᠨ ᠰᠤᠷᠤᠭᠴᠢ ︵ᠥᠩᠭᠡᠷᠡᠭᠰᠡᠨ 3 ᠬᠤᠭᠤᠴᠠᠭ᠎ᠠ ᠵᠢᠴᠢ ᠲᠡᠭᠦᠨ ᠤ ᠳᠣᠲᠣᠷ᠎ᠠ︶᠂ ᠲᠤᠷᠰᠢᠯᠲᠠ ᠶᠢᠨ ᠴᠡᠭ ᠤᠨ ᠬᠡᠪᠴᠢᠶᠡᠨ ᠳᠤ ᠠᠵᠢᠯ ᠣᠯᠤᠭᠰᠠᠨ ᠪᠤᠶᠤ ᠪᠡᠶ᠎ᠡ ᠪᠠᠨ ᠳᠠᠭᠠᠭᠠᠵᠤ ᠠᠳᠠᠯ  ᠦᠢᠯᠡᠰ  ᠴᠣᠭᠴᠠᠯᠠᠭᠰᠠᠨ ᠪᠠᠶᠢᠪᠠᠯ᠂ ᠬᠠᠮᠢᠶ᠎ᠠ ᠪᠦᠬᠦᠢ ᠭᠡᠷᠡᠴᠢ ᠮᠠᠲ᠋ᠧᠷᠢᠶᠠᠯ ᠢᠶᠠᠨ ᠦᠨᠳᠦᠰᠦᠯᠡᠨ ᠳᠡᠰ ᠳᠠᠷᠠᠭᠠᠯᠠᠯ  ᠶᠣᠰᠣᠭᠠᠷ ᠠᠮᠤᠭᠤᠯᠠᠩ ᠣᠷᠣᠨ ᠰᠠᠭᠤᠴᠠ ᠶᠢᠨ ᠲᠥᠷᠥ ᠶᠢᠨ ᠪᠣᠳᠣᠯᠭ᠎ᠠ ᠶᠢ ᠬᠦᠷᠲᠡᠬᠦ ᠪᠠᠷ ᠭᠤᠶᠤᠴᠢᠯᠠᠵᠤ ᠪᠣᠯᠤᠨ᠎ᠠ᠃              ᠲᠤᠰ ︽ᠠᠷᠭ᠎ᠠ︾  ᠳᠤ᠂ ᠤᠶᠤᠲᠠᠳ ᠤᠨ ᠬᠢᠮᠳᠠ ᠣᠷᠣᠨ ᠰᠠᠭᠤᠴᠠ ᠶᠢᠨ  ᠢᠨᠵᠧᠨᠧᠷᠢᠩ ᠨᠢ ᠶᠡᠭᠡ ᠰᠤᠷᠭᠠᠭᠤᠯᠢ ᠲᠡᠭᠦᠰᠦᠭᠰᠡᠳ ᠤᠨ ᠣᠷᠣᠨ ᠰᠠᠭᠤᠴᠠ ᠪᠠ ᠶᠡᠭᠡ  ᠰᠤᠷᠭᠠᠭᠤᠯᠢ  ‍ᠡᠭᠦᠰᠦᠭᠰᠡᠳ ᠤᠨ  ᠨᠡᠶᠢᠲᠡ ᠶᠢᠨ  ᠪᠠᠶᠢᠷᠢ ᠭᠡᠬᠦ  ᠬᠤᠶᠠᠷ ᠬᠡᠰᠡᠭ ᠢᠶᠠᠷ ᠪᠦᠷᠢᠯᠳᠦᠨ᠎ᠡ᠃ ᠵᠠᠷᠴᠢᠮ ᠳᠡᠭᠡᠷ᠎ᠡ ᠪᠠᠨ᠂ ᠶᠡᠭᠡ ᠰᠤᠷᠭᠠᠭᠤᠯᠢ ᠲᠡᠭᠦᠰᠦᠭᠰᠡᠳ ᠤᠨ  ᠣᠷᠣᠨ  ᠰᠠᠭᠤᠴᠠ ᠶᠢᠨ ᠲᠥᠯᠥᠪᠵᠢᠭᠦᠯᠦᠭᠰᠡᠨ ᠪᠠᠷᠢᠯᠭ᠎ᠠ ᠶᠢᠨ ᠲᠠᠯᠠᠪᠠᠢ ᠨᠢ  100  ᠲᠡᠭᠰᠢ ᠳᠥᠷᠪᠡᠯᠵᠢᠨ ᠮᠧᠲᠷ ᠣᠷᠴᠢᠮ᠂ ᠶᠡᠭᠡ  ᠰᠤᠷᠭᠠᠭᠤᠯᠢ ᠲᠡᠭᠦᠰᠦᠭᠰᠡᠳ ᠤᠨ ᠨᠡᠶᠢᠲᠡ ᠶᠢᠨ ᠪᠠᠶᠢᠷᠢ ᠶᠢᠨ ᠲᠥᠯᠥᠪᠵᠢᠭᠦᠯᠦᠭᠰᠡᠨ ᠪᠠᠷᠢᠯᠭ᠎ᠠ ᠶᠢᠨ ᠲᠠᠯᠠᠪᠠᠢ ᠨᠢ  50  ᠲᠡᠭᠰᠢ  ᠳᠥᠷᠪᠡᠯᠵᠢᠨ ᠮᠧᠲᠷ ᠣᠷᠴᠢᠮ ᠪᠥᠭᠡᠳ ᠨᠢᠭᠡᠨᠲᠡ ᠵᠠᠰᠠᠵᠤ ᠴᠢᠮᠡᠭᠯᠡᠵᠦ ᠣᠷᠣᠨ ᠰᠠᠭᠤᠴᠠ ᠶᠢᠨ ᠦᠨᠳᠦᠰᠦᠨ ᠨᠥᠬᠦᠴᠡᠯ ᠢ ᠪᠦᠷᠢᠯᠳᠦᠭᠦᠯᠵᠡᠢ᠃              ᠶᠡᠭᠡ ᠰᠤᠷᠭᠠᠭᠤᠯᠢ ᠲᠡᠭᠦᠰᠦᠭᠰᠡᠳ ᠤᠨ ᠣᠷᠣᠨ ᠰᠠᠭᠤᠴᠠ ᠶᠢᠨ ᠳᠤᠮᠳᠠᠴᠢ ᠪᠣᠷᠣᠯᠠᠭᠤᠯᠭ᠎ᠠ ᠶᠢᠨ ᠦᠨ᠎ᠡ ᠶᠢ  ᠲᠥᠷᠥᠯ ᠵᠦᠢᠯ ᠤᠨ ᠪᠠᠶᠢᠭ᠎ᠠ ᠣᠷᠣᠨ ᠪᠦᠰᠡ ᠶᠢᠨ ᠵᠠᠬ᠎ᠠ  ᠳᠡᠯᠭᠡᠭᠦᠷ ᠤᠨ  ᠦᠨ᠎ᠡ  ᠬᠠᠩᠰᠢ   ᠶᠢᠨ  50  % ᠪᠠᠷ  ᠲᠣᠭᠲᠠᠭᠠᠵᠤ᠂ ᠥᠮᠴᠢᠯᠡᠬᠦ  ᠡᠷᠬᠡ ᠶᠢᠨ ᠠᠷᠠᠯᠵᠢᠶᠠᠨ ᠤ  ᠬᠠᠮᠢᠶ᠎ᠠ  ᠪᠦᠬᠦᠢ  ᠭᠠᠶᠢᠯᠢ  ᠲᠦᠯᠦᠪᠦᠷᠢ ᠶᠢ ᠲᠣᠭᠲᠠᠭᠠᠯ  ᠶᠣᠰᠣᠭᠠᠷ ᠪᠦᠲᠦᠭᠡᠨ ᠪᠠᠶᠢᠭᠤᠯᠤᠯᠲᠠ ᠶᠢᠨ ᠨᠢᠭᠡᠴᠡ ᠪᠣᠯᠤᠨ ᠭᠡᠷ ᠬᠤᠳᠠᠯᠳᠤᠨ ᠠᠪᠤᠭᠴᠢ ᠲᠤᠰ ᠲᠤᠰ ᠡᠭᠦᠷᠭᠡᠯᠡᠵᠦ᠂ 5  ᠵᠢᠯ ᠤᠨ  ᠳᠣᠲᠣᠷ᠎ᠠ  ᠵᠠᠬ᠎ᠠ ᠳᠡᠯᠭᠡᠭᠦᠷ ᠲᠤ ᠭᠠᠷᠭᠠᠵᠤ ᠠᠷᠠᠯᠵᠢᠶᠠᠯᠠᠵᠤ ᠪᠣᠯᠬᠤ ᠦᠭᠡᠢ᠃ ᠵᠠᠬ᠎ᠠ  ᠳᠡᠯᠭᠡᠭᠦᠷ ᠤᠨ  ᠦᠨ᠎ᠡ  ᠬᠠᠩᠰᠢ ᠳᠤ  ᠵᠢᠯ  ᠪᠦᠷᠢ  ᠨᠢᠭᠡ ᠤᠳᠠᠭ᠎ᠠ ᠲᠣᠬᠢᠷᠠᠭᠤᠯᠤᠯᠲᠠ ᠬᠢᠬᠦ ᠶᠢ ᠬᠠᠷᠢᠶ᠎ᠠ ᠣᠷᠣᠨ ᠤ  ᠵᠠᠰᠠᠭ ᠤᠨ  ᠣᠷᠳᠣᠨ ᠠᠴᠠ  ᠳᠤᠷᠠᠳᠴᠤ᠂ ᠬᠤᠲᠠ ᠶᠢᠨ  ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ  ᠡᠷᠬᠢᠯᠡᠨ  ᠬᠠᠮᠢᠶᠠᠷᠬᠤ  ᠰᠠᠯᠠᠭ᠎ᠠ  ᠮᠥᠴᠢᠷ ᠢᠶᠠᠷ  ᠬᠢᠨᠠᠨ ᠬᠠᠷᠭᠤᠭᠤᠯᠤᠭᠤᠯᠵᠤ  ᠳᠠᠩᠰᠠᠯᠠᠭᠤᠯᠤᠭᠰᠠᠨ ᠤ  ᠳᠠᠷᠠᠭ᠎ᠠ  ᠬᠡᠷᠡᠭᠵᠢᠭᠦᠯᠦᠨ᠎ᠡ᠃ ᠪᠠᠷᠢᠴᠠᠭᠠᠳᠤ  ᠵᠢᠭᠡᠯᠡᠯᠭᠡ  ᠪᠤᠶᠤ  ᠨᠡᠶᠢᠲᠡ ᠵᠢᠨ‌ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠠᠪᠤᠪᠠᠯ᠂ ᠠᠩᠬ᠎ᠠ  ᠲᠤᠰᠢᠶᠠᠬᠤ  ᠬᠠᠷᠢᠴᠠᠯ ᠢ  ᠬᠠᠮᠤᠭ  ᠳᠣᠤᠷ᠎ᠠ ᠳᠠᠭᠠᠨ  20% ᠪᠠᠷ ᠥᠭᠴᠦ ᠪᠣᠯᠤᠨ᠎ᠠ᠃              ᠤᠶᠤᠲᠠᠳ ᠤᠨ  ᠨᠡᠶᠢᠲᠡ ᠶᠢᠨ  ᠣᠷᠣᠨ  ᠰᠠᠭᠤᠴᠠ ᠶᠢᠨ  ᠲᠦᠷᠢᠶᠡᠰᠦᠨ  ᠮᠥᠩᠭᠦ  ᠬᠡᠯᠲᠦᠷᠢᠭᠦᠯᠬᠦ  ᠦᠶᠡᠯᠡᠯ ‍ᠤᠨ‌ᠬᠤᠭᠤᠴᠠᠭ᠎ᠠ ᠨᠢ 2 ᠵᠢᠯ ᠪᠣᠯᠤᠨ᠎ᠠ᠂ 2  ᠵᠢᠯ ᠤᠨ ᠳᠠᠷᠠᠭ᠎ᠠ  ᠮᠥᠨ ᠦᠷᠭᠦᠯᠵᠢᠯᠡᠨ ᠲᠦᠷᠢᠶᠡᠰᠦᠯᠡᠬᠦ  ᠴᠢᠬᠤᠯᠠᠲᠠᠶ  ᠪᠣᠯ᠂ ᠨᠡᠶᠢᠲᠡ ᠶᠢᠨ ᠲᠦᠷᠢᠶᠡᠰᠦᠨ ᠭᠡᠷ ᠤᠨ ᠪᠠᠷᠢᠮᠵᠢᠶ᠎ᠠ ᠶᠣᠰᠣᠭᠠᠷ ᠲᠦᠷᠢᠶᠡᠰᠦᠨ  ᠮᠥᠩᠭᠦ  ᠲᠤᠰᠢᠶᠠᠵᠤ᠂ ᠣᠷᠣᠰᠢᠨ  ᠰᠠᠭᠤᠬᠤ ᠳᠤ ᠬᠤᠯᠪᠣᠭᠳᠠᠬᠤ ᠤᠰᠤ᠂ ᠴᠠᠬᠢᠯᠭᠠᠨ᠂ ᠬᠡᠢ᠂ ᠭᠡᠷ ᠠᠬᠤᠢ ᠶᠢᠨ ᠳᠤᠯᠠᠭᠠᠨ ᠤ ᠵᠠᠷᠤᠳᠠᠯ ᠢ ᠲᠦᠷᠢᠶᠡᠰᠦᠯᠡᠭᠴᠢ ᠡᠭᠦᠷᠭᠡᠯᠡᠨ᠎ᠡ᠃      ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ 30 ᠡᠳᠦᠷ ᠤᠨ ᠳᠠᠷᠠᠭ᠎ᠠ  ᠬᠡᠷᠡᠭᠵᠢᠭᠦᠯᠦᠨ᠎ᠡ᠂ ᠬᠦᠴᠦᠨ ᠲᠠᠢ ᠬᠤᠭᠤᠴᠠᠭ᠎ᠠ ᠨᠢ 5 ᠵᠢᠯ ᠪᠣᠯᠤᠨ᠎ᠠ᠃ ︵ᠯᠢᠦ ᠶᠠᠩ︶
ᠢᠷᠡᠯᠲᠡ᠄ ᠠᠷᠠᠳ ᠤᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ