ᠦᠪᠦᠷ ᠮᠤᠩᠭᠤᠯ᠄ ᠲᠤᠬᠠᠶᠢᠯᠠᠭᠰᠠᠨ ᠠᠵᠢᠯ ᠤᠨ ᠮᠡᠷᠭᠡᠵᠢᠯ ᠲᠡᠭᠡᠭᠰᠢᠯᠡᠬᠦᠯᠬᠦ ᠪᠤᠯᠪᠠᠰᠤᠷᠠᠯ ᠳᠤ ᠤᠷᠤᠯᠴᠠᠪᠠᠯ ᠡᠳ᠋ ᠤᠨ ᠵᠠᠰᠠᠭ ᠤᠨ ᠨᠦᠬᠦᠪᠦᠷᠢ ᠬᠦᠷᠲᠡᠬᠦ ᠪᠤᠯᠤᠨ᠎ᠠ
ᠨᠡᠶᠢᠲᠡᠯᠡᠭᠰᠡᠨ ᠴᠠᠭ᠄
2019/4/23
      ᠰᠢᠨᠬᠤᠧᠠ ᠬᠤᠷᠢᠶ᠎ᠠ ᠬᠦᠬᠡᠬᠤᠲᠠ ᠶᠢᠨ 4 ᠰᠠᠷ᠎ᠠ ᠶᠢᠨ 22 ᠤᠨ ᠡᠲᠦᠷ ᠤᠨ ᠴᠠᠬᠢᠯᠭᠠᠨ ᠮᠡᠲᠡᠭᠡ ︵ᠰᠤᠷᠪᠤᠯᠵᠢᠯᠠᠭᠴᠢ ᠯᠢ ᠶᠦᠨ ᠫᠢᠩ︶ ᠰᠤᠷᠪᠤᠯᠵᠢᠯᠠᠭᠴᠢ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠦᠮᠦᠨ ᠤ ᠨᠦᠬᠡᠴᠡ ᠪᠤᠯᠤᠨ ᠨᠡᠢᠭᠡᠮ ᠤᠨ ᠪᠠᠲᠤᠯᠠᠭᠠᠨ ᠤ ᠲᠢᠩᠬᠢᠮ ᠠᠴᠠ ᠣᠶᠢᠯᠭᠠᠭᠰᠠᠨ ᠢᠶᠠᠷ᠂ ᠦᠪᠦᠷ ᠮᠤᠩᠭᠤᠯ ᠤᠨ ᠬᠠᠮᠤᠭ ᠤᠨ ᠰᠢᠨ᠎ᠡ ᠨᠡᠢᠲᠡᠯᠡᠭᠰᠡᠨ ᠲᠤᠬᠠᠶᠢᠯᠠᠭᠰᠠᠨ ᠠᠵᠢᠯ ᠤᠨ ᠮᠡᠷᠭᠡᠵᠢᠯ ᠲᠡᠭᠡᠭᠰᠢᠯᠡᠬᠦᠯᠬᠦ ᠪᠤᠯᠪᠠᠰᠤᠷᠠᠯ ᠤᠨ ᠨᠦᠬᠦᠪᠦᠷᠢ ᠦᠭᠬᠦ ᠭᠠᠷᠴᠠᠭ ᠲᠤ ᠤᠯᠤᠰ ᠪᠤᠯᠤᠨ ᠦᠪᠡᠷᠲᠡᠭᠡᠨ ᠵᠠᠰᠠᠬᠤ ᠤᠷᠤᠨ ᠠᠴᠠ ᠲᠤᠭᠲᠠᠭᠠᠭᠰᠠᠨ ᠮᠡᠷᠭᠡᠵᠢᠯ ᠤᠨ ᠲᠦᠷᠦᠯ ᠪᠦᠬᠦᠢ ᠲᠤᠬᠠᠶᠢᠯᠠᠭᠰᠠᠨ ᠠᠵᠢᠯ᠂ ᠰᠢᠨ᠎ᠡ ᠲᠤᠬᠠᠶᠢᠯᠠᠭᠰᠠᠨ ᠠᠵᠢᠯ ᠢ ᠵᠠᠰᠠᠭ ᠤᠨ ᠤᠷᠲᠤᠨ ᠤ ᠨᠦᠬᠦᠪᠦᠷᠢ ᠦᠭᠬᠦ ᠪᠤᠯᠪᠠᠰᠤᠷᠠᠯ ᠤᠨ ᠠᠵᠢᠯ ᠤᠨ ᠬᠦᠷᠢᠶ᠎ᠡ ᠬᠡᠪᠴᠢᠶᠠᠨ ᠳᠤ ᠵᠢᠭᠰᠠᠭᠠᠨ ᠤᠷᠤᠭᠤᠯᠪᠠ᠃      ᠲᠠᠨᠢᠯᠴᠠᠭᠤᠯᠤᠭᠰᠠᠨ ᠢᠶᠠᠷ᠂ ᠦᠨᠳᠦᠰᠦᠲᠡᠨ ᠤ ᠤᠨᠴᠠᠯᠢᠭ ᠪᠤᠯᠤᠨ ᠤᠷᠤᠨ ᠨᠤᠲᠤᠭ ᠤᠨ ᠠᠵᠤ ᠦᠢᠯᠡᠰ ᠤᠨ ᠬᠦᠭᠵᠢᠯᠲᠠ ᠶᠢᠨ ᠤᠨᠴᠠᠯᠢᠭ ᠲᠤ ᠵᠤᠬᠢᠴᠠᠭᠤᠯᠤᠨ ᠦᠪᠦᠷ ᠮᠤᠩᠭᠤᠯ ᠭᠤᠤᠯᠲᠠᠯᠭ᠎ᠠ ᠲᠠᠢ ᠠᠵᠤ ᠦᠢᠯᠡᠰ ᠤᠨ ᠪᠤᠯᠪᠠᠰᠤᠷᠠᠯ ᠤᠨ ᠬᠡᠷᠡᠭᠴᠡᠭᠡ ᠱᠠᠭᠠᠷᠲᠠᠯᠭ᠎ᠠ ᠶᠢᠨ ᠭᠠᠷᠴᠠᠭ ᠢ ᠵᠤᠬᠢᠶᠠᠪᠠ᠃ ᠭᠠᠷᠴᠠᠭ ᠲᠤ ᠵᠢᠭᠰᠠᠭᠠᠭᠲᠠᠭᠰᠠᠨ ᠠ ᠲᠦᠷᠦᠯ ᠤᠨ ᠲᠤᠬᠠᠶᠢᠯᠠᠭᠰᠠᠨ ᠠᠵᠢᠯ ᠳᠤ ᠬᠦᠮᠦᠨ ᠨᠢᠭᠡᠪᠦᠷᠢ ᠶᠢᠨ ᠨᠦᠬᠦᠪᠦᠷᠢ 1800 ᠲᠦᠭᠦᠷᠢᠭ︔ ᠡ ᠲᠦᠷᠦᠯ ᠤᠨ ᠲᠤᠬᠠᠶᠢᠯᠠᠭᠰᠠᠨ ᠠᠵᠢᠯ ᠳᠤ ᠬᠦᠮᠦᠨ ᠨᠢᠭᠡᠪᠦᠷᠢ ᠶᠢᠨ ᠨᠦᠬᠦᠪᠦᠷᠢ 1300 ᠲᠦᠭᠦᠷᠢᠭ︔ ᠢ ᠲᠦᠷᠦᠯ ᠤᠨ ᠲᠤᠬᠠᠶᠢᠯᠠᠭᠰᠠᠨ ᠠᠵᠢᠯ ᠳᠤ ᠬᠦᠮᠦᠨ ᠨᠢᠭᠡᠪᠦᠷᠢ ᠶᠢᠨ ᠨᠦᠬᠦᠪᠦᠷᠢ 600 ᠲᠦᠭᠦᠷᠢᠭ ᠭᠡᠵᠦ ᠲᠤᠭᠲᠠᠭᠠᠪᠠ᠃      ᠦᠪᠡᠷᠲᠡᠭᠡᠨ ᠵᠠᠰᠠᠬᠤ ᠤᠷᠤᠨ ᠤ ᠲᠡᠰ ᠤᠨ ᠠᠵᠢᠯ ᠤᠯᠭᠤᠯᠲᠠ ᠶᠢᠨ ᠮᠡᠷᠭᠡᠵᠢᠯ ᠤᠨ ᠨᠡᠷᠡᠲᠦ ᠲᠡᠮᠲᠡᠭᠲᠦ ᠪᠤᠯᠪᠠᠰᠤᠷᠠᠯ ᠪᠤᠯᠤᠨ ᠤᠨᠴᠠᠯᠢᠭᠲᠤ ᠨᠡᠷᠡᠲᠦ ᠲᠡᠮᠲᠡᠭᠲᠦ ᠶᠢᠨ ᠪᠤᠯᠪᠠᠰᠤᠷᠠᠯ ᠨᠢ ᠨᠦᠬᠦᠪᠦᠷᠢ ᠶᠢᠨ ᠪᠠᠷᠢᠮᠵᠢᠶ᠎ᠠ ᠶᠢ ᠲᠡᠭᠡᠭᠰᠢᠯᠡᠬᠦᠯᠵᠦ ᠪᠤᠯᠤᠨ᠎ᠠ᠂ ᠡᠭᠦᠨ ᠳᠤ ᠮᠤᠩᠭᠤᠯ ᠬᠤᠭᠤᠯᠠ᠂ ᠤᠷᠤᠨ ᠨᠤᠲᠤᠭ ᠤᠨ ᠤᠨᠴᠠᠯᠢᠭᠲᠤ ᠬᠤᠭᠤᠯᠠ᠂ ᠦᠨᠳᠦᠰᠦᠲᠡᠨ ᠤ ᠬᠤᠪᠴᠠᠰᠤ ᠵᠠᠰᠠᠯ ᠵᠡᠷᠭᠡ ᠶᠢ ᠪᠠᠭᠲᠠᠭᠠᠭᠰᠠᠨ 200 ᠭᠠᠷᠤᠢ ᠠᠵᠢᠯ ᠲᠦᠷᠦᠯ ᠪᠠᠭᠲᠠᠵᠤ ᠪᠤᠢ ᠭᠡᠵᠦ ᠲᠤᠲᠤᠷᠬᠠᠢ ᠲᠤᠭᠲᠠᠭᠠᠭᠰᠠᠨ ᠪᠠᠢᠲᠠᠭ᠃      ᠣᠶᠢᠯᠭᠠᠭᠰᠠᠨ ᠢᠶᠠᠷ᠂ ᠦᠪᠦᠷ ᠮᠤᠩᠭᠤᠯ ᠠᠴᠠ ᠠᠶᠢᠮᠠᠭ ᠬᠤᠲᠠ ᠶᠢᠨ ᠬᠢᠨ ᠲᠤᠬᠠᠢ ᠶᠢᠨ ᠤᠷᠤᠨ ᠤ ᠪᠠᠶᠢᠳᠠᠯ ᠲᠠᠢ ᠪᠠᠨ ᠤᠶᠠᠯᠲᠤᠭᠤᠯᠵᠤ ᠵᠠᠰᠠᠭ ᠤᠨ ᠤᠷᠲᠤᠨ ᠠᠴᠠ ᠦᠭᠬᠦ ᠨᠦᠬᠦᠪᠦᠷᠢ ᠶᠢᠨ ᠴᠢᠨᠠᠷᠲᠠᠢ ᠲᠤᠬᠠᠶᠢᠯᠠᠭᠰᠠᠨ ᠠᠵᠢᠯ ᠤᠨ ᠪᠤᠯᠪᠠᠰᠤᠷᠠᠯ ᠤᠨ ᠭᠠᠷᠴᠠᠭ ᠵᠤᠬᠢᠶᠠᠬᠤ ᠂ ᠮᠡᠷᠭᠡᠵᠢᠯ ᠤᠨ ᠪᠤᠯᠪᠠᠰᠤᠷᠠᠯ ᠪᠤᠯᠤᠨ ᠠᠵᠤ ᠠᠬᠤᠶᠢᠯᠠᠯ ᠤᠨ ᠠᠵᠢᠯᠲᠠᠳ ᠤᠨ ᠮᠡᠷᠭᠡᠵᠢᠯ ᠲᠡᠭᠡᠭᠰᠢᠯᠡᠬᠦᠯᠬᠦ ᠶᠢ ᠤᠯᠠᠮ ᠠᠬᠢᠭᠤᠯᠬᠤ ᠶᠢ ᠲᠡᠮᠵᠢᠬᠦ ᠪᠤᠯᠤᠨ᠎ᠠ ᠭᠡᠵᠡᠢ᠃
ᠢᠷᠡᠯᠲᠡ᠄ ᠰᠢᠨᠬᠤᠧᠠ ᠮᠣᠩᠭᠤᠯ ᠨᠧᠲ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ