ᠬᠥᠬᠡᠬᠤᠲᠠ ᠠᠴᠠ  ﹇ᠤᠷᠢᠨ ᠬᠠᠪᠤᠷ ᠤᠨ ᠳᠤᠯᠠᠭᠠᠨ ᠰᠠᠯᠬᠢ﹈ ᠲᠤᠰᠬᠠᠢ ᠲᠠᠯᠠᠪᠠᠢ ᠶᠢᠨ ᠴᠢᠳᠠᠪᠤᠷᠢᠲᠠᠨ ᠡᠯᠰᠡᠬᠦ ᠬᠤᠷᠠᠯ ᠡᠷᠬᠢᠯᠡᠬᠦ ᠪᠠᠷ ᠪᠠᠶᠢᠨ᠎ᠠ
ᠨᠡᠶᠢᠲᠡᠯᠡᠭᠰᠡᠨ ᠴᠠᠭ᠄
2019/4/24
      ᠬᠥᠬᠡᠬᠤᠲᠠ ᠶᠢᠨ ᠣᠷᠣᠢ ᠶᠢᠨ ᠰᠣᠨᠢᠨ ᠤ ᠮᠡᠳᠡᠭᠡ  ︵ᠰᠤᠷᠪᠤᠯᠵᠢᠯᠠᠭᠴᠢ ᠵᠢᠶᠠᠩ ᠵᠢᠶᠠᠨ ᠪᠥᠸᠧ︶ ᠥᠴᠥᠭᠡᠳᠦᠷ ᠤᠨ ᠣᠶᠢᠯᠭᠠᠭᠰᠠᠨ ᠢᠶᠠᠷ᠂ ᠬᠤᠲᠠ ᠶᠢᠨ ᠬᠥᠮᠥᠨ ᠤ ᠬᠦᠴᠦ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠭᠤᠣᠯᠯᠠᠨ ᠡᠷᠬᠢᠯᠡᠵᠦ᠂ ᠬᠤᠲᠠ ᠶᠢᠨ ᠴᠢᠳᠠᠪᠤᠷᠢᠲᠠᠨ ᠤ ᠦᠢᠯᠡᠴᠢᠯᠡᠭᠡ ᠶᠢᠨ ᠲᠥᠪ᠂ ᠥᠪᠥᠷ ᠮᠣᠩᠭᠤᠯ ᠤᠨ ᠲᠢᠶᠠᠨ ᠢᠦᠢ ᠬᠥᠮᠥᠨ ᠤ ᠬᠦᠴᠦ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ  ︵ᠪᠥᠯᠥᠭᠯᠡᠯ︶ ᠬᠢᠵᠠᠭᠠᠷᠲᠤ ᠺᠣᠮᠫᠠᠨᠢ ᠠᠴᠠ ᠳᠠᠭᠠᠭᠠᠴᠢᠯᠠᠨ ᠡᠷᠬᠢᠯᠡᠭᠰᠡᠨ 2019 ᠣᠨ ᠤ ᠬᠥᠬᠡᠬᠤᠲᠠ ᠶᠢᠨ ﹇ᠤᠷᠢᠨ ᠬᠠᠪᠤᠷ ᠤᠨ ᠳᠤᠯᠠᠭᠠᠨ ᠰᠠᠯᠬᠢ﹈ ᠠᠵᠢᠯ ᠣᠯᠭᠤᠵᠤ ᠦᠢᠯᠡᠰ ᠪᠣᠰᠬᠠᠬᠤ ᠦᠢᠯᠡᠴᠢᠯᠡᠭᠡ ᠵᠢᠴᠢ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠴᠢᠳᠠᠪᠤᠷᠢᠲᠠᠨ ᠡᠯᠰᠡᠬᠦ ᠰᠠᠷ᠎ᠠ ᠶᠢᠨ ᠬᠥᠳᠡᠯᠭᠡᠭᠡᠨ ᠤ ᠲᠤᠰᠬᠠᠢ ᠲᠠᠯᠠᠪᠠᠢ ᠶᠢᠨ ᠴᠢᠳᠠᠪᠤᠷᠢᠲᠠᠨ ᠡᠯᠰᠡᠬᠦ ᠬᠤᠷᠠᠯ 27 ᠤᠨ ᠡᠳᠦᠷ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠳᠤ ᠨᠢᠭᠡ ᠡᠳᠦᠷ ᠤᠨ ᠬᠤᠭᠤᠴᠠᠭ᠎ᠠ ᠪᠠᠷ ᠶᠠᠪᠤᠭᠳᠠᠨ᠎ᠠ᠃      ᠣᠶᠢᠯᠭᠠᠭᠰᠠᠨ ᠢᠶᠠᠷ᠂ ᠡᠨᠡ ᠤᠳᠠᠭᠠᠨ ᠤ ᠴᠢᠳᠠᠪᠤᠷᠢᠲᠠᠨ ᠡᠯᠰᠡᠬᠦ ᠬᠤᠷᠠᠯ ᠳᠤ ᠣᠷᠣᠨ ᠤ ᠳᠣᠲᠣᠨ᠎ᠠ ᠭᠠᠳᠠᠨᠠᠬᠢ ᠤᠯᠤᠰ ᠤᠨ ᠥᠮᠴᠢᠯᠡᠯᠲᠦ ᠠᠵᠤ ᠠᠬᠤᠶᠢᠯᠠᠯ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠵᠡᠷᠭᠡ 180 ᠡᠯ᠎ᠡ ᠲᠥᠷᠥᠯ ᠤᠨ ᠬᠥᠮᠥᠨ ᠬᠡᠷᠡᠭᠯᠡᠬᠦ ᠨᠢᠭᠡᠴᠡ ᠶᠢ ᠤᠷᠢᠨ ᠣᠷᠣᠯᠴᠠᠭᠤᠯᠬᠤ ᠪᠠᠷ ᠲᠥᠯᠥᠪᠯᠡᠵᠦ᠂ ᠠᠵᠢᠯ ᠲᠥᠷᠥᠯ ᠳᠤ ᠢᠳᠡᠭᠡᠨ ᠤ ᠵᠦᠢᠯ᠂ ᠢᠳᠡᠭᠡᠨ ᠤᠮᠳᠠᠭᠠᠨ᠂ ᠭᠡᠷ ᠤᠨ ᠶᠠᠪᠤᠳᠠᠯ᠂ ᠬᠥᠳᠡᠯᠮᠦᠷᠢ ᠬᠦᠴᠦ᠂ ᠡᠨᠧᠷᠭᠢ ᠶᠢᠨ ᠰᠤᠷᠪᠤᠯᠵᠢ᠂ ᠬᠢᠮᠢ ᠶᠢᠨ ᠠᠵᠤ ᠦᠢᠯᠡᠳᠪᠦᠷᠢ᠂ ᠴᠠᠬᠢᠯᠭᠠᠨ ᠬᠦᠴᠦ᠂ ᠲᠠᠷᠢᠶᠠᠯᠠᠩ ᠮᠠᠯ ᠠᠵᠤ ᠠᠬᠤᠢ᠂ ᠭᠡᠷ ᠪᠠᠶᠢᠰᠢᠩ ᠭᠠᠵᠠᠷ ᠬᠥᠷᠥᠩᠭᠡ᠂ ᠰᠣᠶᠣᠯ ᠵᠢᠭᠤᠴᠢᠯᠠᠭᠤᠷ᠂ ᠡᠯᠧᠺᠲᠷᠣᠨ ᠴᠢᠮᠡᠭᠡ ᠬᠤᠯᠪᠣᠭ᠎ᠠ᠂ ᠡᠮ ᠤᠨ ᠦᠢᠯᠡᠰ᠂ ᠠᠮᠢᠳᠤ ᠪᠣᠳᠠᠰ ᠤᠨ ᠰᠢᠨᠵᠢᠯᠡᠭᠡ ᠮᠡᠷᠭᠡᠵᠢᠯ ᠵᠡᠷᠭᠡ ᠬᠤᠯᠪᠣᠭᠳᠠᠵᠤ᠂ ᠵᠢᠱᠢᠯᠲᠡ ᠪᠠᠷ ᠬᠤᠷᠠᠯ ᠳᠤ ᠣᠷᠣᠯᠴᠠᠬᠤ ᠬᠥᠮᠥᠨ ᠪᠠᠷᠤᠭ 1.5 ᠲᠦᠮᠡᠨ ᠬᠥᠮᠥᠨ ᠤᠳᠠᠭ᠎ᠠ ᠳᠤ ᠬᠦᠷᠦᠨ᠎ᠡ᠃
ᠢᠷᠡᠯᠲᠡ᠄ ᠬᠥᠬᠡᠬᠤᠲᠠ ᠶᠢᠨ ᠣᠷᠣᠢ ᠶᠢᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ