ᠬᠦᠬᠡᠬᠤᠲᠠ ︽ᠭᠤᠷᠪᠠ ᠶᠢ ᠳᠡᠮᠵᠢᠵᠦ ᠨᠢᠭᠡ ᠶᠢ ᠳᠡᠳᠬᠦᠬᠦ︾ ᠵᠡᠷᠭᠡ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠨᠥᠬᠦᠪᠦᠷᠢ ᠥᠭᠬᠦ ᠪᠠᠷ ᠪᠤᠢ
ᠨᠡᠶᠢᠲᠡᠯᠡᠭᠰᠡᠨ ᠴᠠᠭ᠄
2019/4/24
      ᠬᠥᠬᠡᠬᠤᠲᠠ ︽ᠭᠤᠷᠪᠠ ᠶᠢ ᠳᠡᠮᠵᠢᠵᠦ ᠨᠢᠭᠡ ᠶᠢ ᠳᠡᠳᠬᠦᠬᠦ︾᠂ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠰᠠᠶᠢᠨ ᠳᠤᠷ᠎ᠠ ᠶᠢᠨ ᠠᠵᠢᠯᠯᠠᠭᠴᠢ᠂ ᠳᠤᠮᠳᠠ ᠪᠠᠭ᠎ᠠ ᠠᠵᠤ ᠠᠬᠤᠶᠢᠯᠠᠯ ᠪᠣᠯᠣᠨ ᠨᠡᠶᠢᠲᠡ ᠶᠢᠨ ᠪᠤᠰᠤ ᠦᠮᠴᠢᠯᠡᠯᠲᠦ ᠴᠢᠳᠠᠪᠤᠷᠢᠲᠠᠨ ᠨᠥᠬᠡᠴᠡᠯᠡᠬᠦ ᠶᠡᠭᠡ ᠳᠡᠭᠡᠳᠦ ᠰᠤᠷᠭᠠᠭᠤᠯᠢ ᠠᠴᠠ ᠲᠠᠭᠦᠰᠦᠭᠰᠡᠳ᠂ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠡᠳ ᠠᠵᠢᠯ ᠣᠯᠵᠤ ᠲᠠᠳᠤᠯᠭ᠎ᠠ ᠬᠢᠵᠦ ᠪᠠᠶᠢᠭ᠎ᠠ ᠬᠥᠮᠥᠰ ᠢ ᠪᠠᠷᠠᠭᠤᠨ ᠣᠷᠣᠨ ᠤ ᠴᠢᠳᠠᠪᠤᠷᠢᠲᠠᠨ ᠢ ᠬᠥᠭᠵᠢᠭᠦᠯᠬᠦ ᠪᠠᠶᠢᠯᠳᠤᠬᠤ ᠪᠤᠳᠣᠯᠭ᠎ᠠ ᠶᠢᠨ ᠲᠥᠯᠥᠪᠵᠢᠭᠦᠯᠭᠡ ᠳᠤ ᠣᠷᠣᠭᠤᠯᠵᠤ᠂ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠨᠥᠬᠦᠪᠦᠷᠢ ᠮᠥᠩᠭᠦ ᠶᠢ ᠬᠦᠷᠲᠡᠭᠡᠬᠦ ᠪᠠᠷ ᠪᠠᠶᠢᠨ᠎ᠠ᠃      ᠣᠳᠣᠬᠠᠨ ᠪᠣᠯᠲᠠᠯ᠎ᠠ᠂ ᠬᠤᠲᠠ ᠶᠢᠨ ᠴᠢᠳᠠᠪᠤᠷᠢᠲᠠᠨ ᠤ ᠦᠢᠯᠡᠴᠢᠯᠡᠭᠡᠨ ᠤ ᠲᠥᠪ ᠨᠢ ᠨᠥᠬᠦᠴᠡᠯ ᠳᠤ ᠨᠡᠶᠢᠴᠡᠭᠰᠡᠨ ᠶᠡᠭᠡ ᠳᠡᠭᠡᠳᠦ ᠰᠤᠷᠭᠠᠭᠤᠯᠢ ᠶᠢᠨ 2359 ᠲᠡᠭᠦᠰᠦᠭᠰᠡᠳ ᠲᠤ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠨᠥᠬᠦᠪᠦᠷᠢ ᠶᠢᠨ ᠭᠠᠷᠳᠠᠮ ᠢ ᠭᠦᠢᠴᠡᠳᠬᠡᠵᠦ ᠥᠭᠭᠦᠭᠰᠡᠨ ᠪᠦᠭᠡᠳ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠨᠥᠬᠦᠪᠦᠷᠢ ᠣᠯᠭᠤᠬᠤ ᠪᠠᠩᠬᠢ ᠶᠢᠨ ᠺᠠᠷᠲ ᠢ ᠡᠯ᠎ᠡ ᠬᠤᠰᠢᠭᠤ ᠰᠢᠶᠠᠨ ᠲᠣᠭᠤᠷᠢᠭ᠂ ᠨᠡᠭᠡᠭᠡᠯᠲᠡ ᠶᠢᠨ ᠲᠣᠭᠤᠷᠢᠭ ᠤᠨ ᠬᠥᠮᠥᠨ ᠤ ᠬᠥᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠳᠤ ᠲᠠᠷᠬᠠᠭᠠᠵᠤ ᠥᠭᠭᠦᠭᠰᠡᠨ ᠪᠠᠶᠢᠨ᠎ᠠ᠃ ᠲᠤᠰ ᠤᠳᠠᠭ᠎ᠠ ᠳᠤ ᠨᠡᠶᠢᠲᠡ 277.128 ᠲᠦᠮᠡᠨ ᠲᠦᠬᠦᠷᠢᠭ ᠤᠨ ᠨᠥᠬᠦᠪᠦᠷᠢ ᠪᠠᠭᠤᠯᠭᠠᠪᠠ᠂ ᠡᠭᠦᠨ ᠳᠤ ᠴᠢᠳᠠᠪᠤᠷᠢᠲᠠᠨ ᠨᠦᠬᠡᠴᠡᠯᠡᠯᠲᠡ ᠠᠴᠠ 760 ᠬᠥᠮᠥᠨ ᠳᠤ 88.128 ᠲᠦᠮᠡᠨ ᠲᠦᠬᠦᠷᠢᠭ︔ ᠶᠡᠭᠡ ᠳᠡᠭᠡᠳᠦ ᠰᠤᠷᠭᠠᠭᠤᠯᠢ ᠲᠡᠭᠦᠰᠦᠭᠡᠳ ᠠᠵᠢᠯ ᠣᠯᠵᠤ ᠳᠠᠳᠤᠯᠭ᠎ᠠ ᠬᠢᠵᠦ ᠪᠠᠶᠢᠭ᠎ᠠ 452 ᠬᠥᠮᠥᠨ ᠳᠤ 32.544 ᠲᠦᠮᠡᠨ ᠲᠦᠬᠦᠷᠢᠭ︔ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠰᠠᠶᠢᠨ ᠳᠤᠷ᠎ᠠ ᠶᠢᠨ ᠠᠵᠢᠯᠯᠠᠭᠴᠢ ᠠᠴᠠ 761 ᠬᠥᠮᠥᠨ ᠳᠤ 104.616 ᠲᠦᠮᠡᠨ ᠲᠦᠬᠦᠷᠢᠭ︔ ︽ᠭᠤᠷᠪᠠ ᠶᠢ ᠳᠡᠮᠵᠢᠵᠦ ᠨᠢᠭᠡ ᠶᠢ ᠳᠡᠳᠬᠦᠬᠦ︾ 386 ᠬᠥᠮᠥᠨ ᠳᠤ 51.84 ᠲᠦᠮᠡᠨ ᠲᠦᠬᠦᠷᠢᠭ ᠤᠨ ᠨᠥᠬᠦᠪᠦᠷᠢ ᠣᠯᠭᠤᠪᠠ᠃
ᠢᠷᠡᠯᠲᠡ᠄ ᠥᠪᠥᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ