ᠳᠤᠮᠳᠠᠳᠤ ᠤᠯᠤᠰ ᠤᠨ ᠪᠠᠭ᠎ᠠ ᠰᠠᠭᠰᠤᠨ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠤ ᠬᠥᠬᠡᠬᠤᠲᠠ ᠶᠢᠨ ᠤᠷᠤᠯᠳᠤᠭᠠᠨ ᠤ ᠲᠣᠭᠤᠷᠢᠭ ᠤᠨ ᠤᠷᠤᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2019-04-29
     4 ᠳ᠋ᠦ᠋ᠭᠡᠷ ᠰᠠᠷ᠎ᠠ ᠶᠢᠨ 27 ᠤ ᠡᠳᠦᠷ᠂ ᠳᠤᠮᠳᠠᠳᠤ ᠤᠯᠤᠰ ᠤᠨ ᠰᠠᠭᠰᠤᠨ ᠪᠥᠮᠪᠦᠭᠡ ᠶᠢᠨ ᠨᠡᠶᠢᠭᠡᠮᠯᠢᠭ ᠠᠴᠠ ᠭᠤᠤᠯᠯᠠᠨ ᠡᠷᠬᠢᠯᠡᠵᠦ᠂ ᠬᠥᠬᠡᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ᠂ ᠬᠥᠬᠡᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠬᠠᠮᠲᠤᠷᠠᠨ ᠡᠷᠭᠢᠯᠡᠭᠰᠡᠨ ᠳᠤᠮᠳᠠᠳᠤ ᠤᠯᠤᠰ ᠤᠨ ᠪᠠᠭ᠎ᠠ ᠰᠠᠭᠰᠤᠨ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠤ ᠬᠥᠬᠡᠬᠤᠲᠠ ᠶᠢᠨ ᠤᠷᠤᠯᠳᠤᠭᠠᠨ ᠤ ᠲᠣᠭᠤᠷᠢᠭ ᠤᠨ ᠤᠷᠤᠯᠳᠤᠭᠠᠨ ᠡᠬᠢᠯᠡᠪᠡ᠃ ᠥᠪᠥᠷ ᠮᠣᠩᠭᠤᠯ ᠤᠨ ᠰᠠᠭᠰᠤᠨ ᠪᠥᠮᠪᠦᠭᠡ ᠶᠢᠨ ᠨᠡᠶᠢᠭᠡᠮᠯᠢᠭ ᠤᠨ ᠲᠡᠷᠢᠭᠦᠯᠡᠭᠴᠢ ᠪᠠᠭᠠᠲᠤᠷ ᠲᠤᠰ ᠤᠳᠠᠭᠠᠨ ᠤ ᠬᠤᠯᠪᠣᠭᠠᠲᠤ ᠤᠷᠤᠯᠳᠤᠭᠠᠨ ᠤ ᠡᠬᠢᠯᠡᠬᠦ ᠶᠣᠰᠣᠯᠠᠯ ᠳᠤ ᠣᠷᠣᠯᠴᠠᠭᠰᠠᠨ ᠪᠥᠭᠡᠳ ᠤᠷᠤᠯᠳᠤᠭᠠᠨ ᠤ ᠪᠥᠮᠪᠦᠭᠡ ᠡᠬᠢᠯᠡᠭᠦᠯᠪᠡ᠃      ᠣᠶᠢᠯᠠᠭᠠᠭᠰᠠᠨ ᠢᠶᠠᠷ᠂ ᠲᠤᠰ ᠤᠳᠠᠭᠠᠨ ᠤ ᠪᠠᠭ᠎ᠠ ᠰᠠᠭᠰᠤᠨ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠪᠣᠯ ᠬᠥᠬᠡᠬᠤᠲᠠ ᠶᠢᠨ ᠠᠩᠬ᠎ᠠ ᠤᠳᠠᠭ᠎ᠠ ᠡᠷᠬᠢᠯᠡᠭᠰᠡᠨ ᠳᠤᠮᠳᠠᠳᠤ ᠤᠯᠤᠰ ᠤᠨ ᠪᠠᠭ᠎ᠠ ᠰᠠᠭᠰᠤᠨ ᠪᠥᠮᠪᠦᠭᠡ ᠶᠢᠨ ᠤᠷᠤᠯᠳᠤᠭᠠᠨ ᠪᠣᠯᠵᠤ᠂ ᠨᠢᠭᠡ ᠰᠠᠷ᠎ᠠ ᠶᠠᠪᠤᠭᠳᠠᠨ᠎ᠠ᠃ ᠤᠷᠤᠯᠳᠤᠭᠠᠨ ᠢ ᠨᠠᠰᠤ ᠵᠢᠯ ᠴᠢᠨᠠᠷ ᠤᠨ ᠢᠯᠭᠠᠯ ᠢᠶᠠᠷ U 8᠂ U 10᠂ U 10 ᠬᠤᠯᠢᠯᠳᠤᠯ ︵ᠡᠷᠡᠭᠲᠡᠶ ᠡᠮᠡᠭᠲᠡᠶ ᠬᠤᠯᠢᠯᠳᠤᠭᠰᠠᠨ︶᠂ U 12 ᠭᠡᠬᠦ ᠳᠥᠷᠪᠡᠨ ᠳᠤᠭᠤᠶᠢᠯᠠᠩ ᠬᠤᠪᠢᠶᠠᠪᠠ᠃ ᠪᠠᠭ᠎ᠠ ᠰᠠᠭᠰᠤᠨ ᠪᠥᠮᠪᠦᠭᠡ ᠪᠣᠯ ᠪᠠᠭᠠᠴᠤᠳ ᠬᠡᠦᠬᠡᠳ ᠤᠨ ᠹᠢᠽᠢᠣᠯᠣᠭᠢ᠂ ᠰᠡᠳᠬᠢᠴᠡ ᠵᠦᠢ ᠶᠢᠨ ᠣᠨᠴᠠᠯᠢᠭ ᠢ ᠦᠨᠳᠦᠰᠦᠯᠡᠨ᠂ ᠵᠢᠵᠢᠭ ᠬᠡᠯᠪᠡᠷᠢ ᠶᠢᠨ ᠰᠠᠭᠰᠤᠨ ᠪᠥᠮᠪᠦᠭᠡ᠂ ᠪᠥᠮᠪᠥᠭᠡᠨ ᠲᠠᠯᠠᠪᠤᠷ ᠵᠢᠴᠢ ᠪᠥᠮᠪᠥᠭᠡᠨ ᠰᠠᠭᠰᠤ ᠪᠠ ᠪᠥᠮᠪᠥᠭᠡᠨ ᠵᠢᠶᠠᠰᠠ ᠶᠢ ᠬᠡᠷᠡᠭᠯᠡᠵᠦ᠂ 12 ᠨᠠᠰᠤᠨ ᠠᠴᠠ ᠳᠣᠷᠣᠭᠰᠢᠬᠢ ᠵᠠᠯᠠᠭᠤᠴᠤᠳ ᠪᠠᠭᠠᠴᠤᠳ ᠤᠨ ᠣᠨᠴᠠᠯᠢᠭ ᠲᠤ ᠲᠣᠬᠢᠷᠠᠭᠰᠠᠨ ᠲᠣᠭᠲᠠᠭᠠᠭᠰᠠᠨ ᠰᠠᠭᠰᠤᠨ ᠪᠥᠮᠪᠦᠭᠡ ᠶᠢᠨ ᠤᠷᠤᠯᠳᠤᠭᠠᠨ ᠤ ᠳᠦᠷᠢᠮ ᠲᠠᠢ ᠬᠥᠳᠡᠯᠭᠡᠭᠡᠨ ᠪᠣᠯᠤᠨ᠎ᠠ᠃ ᠲᠤᠰ ᠤᠳᠠᠭᠠᠨ ᠤ ᠬᠤᠯᠪᠣᠭᠠᠲᠤ ᠤᠷᠤᠯᠳᠤᠭᠠᠨ ᠳᠤ ᠨᠡᠶᠢᠲᠡ 34 ᠠᠩᠭᠢ ᠶᠢᠨ 318 ᠪᠢᠴᠢᠬᠠᠨ ᠲᠠᠮᠢᠷᠴᠢᠨ ᠣᠷᠣᠯᠴᠠᠵᠤ᠂ ᠣᠳᠣᠬᠠᠨ ᠤ ᠪᠥᠬᠦ ᠣᠷᠣᠨ ᠤ ᠬᠠᠮᠤᠭ ᠤᠨ ᠶᠡᠭᠡ ᠬᠡᠪᠴᠢᠶᠡᠨ ᠤ ᠪᠠᠭ᠎ᠠ ᠰᠠᠭᠰᠤᠨ ᠪᠥᠮᠪᠦᠭᠡ ᠶᠢᠨ ᠤᠷᠤᠯᠳᠤᠭᠠᠨ ᠪᠣᠯᠣᠨ᠎ᠠ᠃ ᠲᠤᠰ ᠤᠳᠠᠭᠠᠨ ᠤ ᠤᠷᠤᠯᠳᠤᠭᠠᠨ ᠤ ᠡᠯ᠎ᠡ ᠳᠤᠭᠤᠢᠯᠠᠩ ᠤᠨ ᠮᠠᠩᠯᠠᠢ ᠠᠩᠭᠢ ᠨᠢ ᠬᠥᠬᠡᠬᠤᠲᠠ ᠶᠢ ᠲᠥᠯᠥᠭᠡᠯᠡᠨ ᠪᠥᠬᠦ ᠣᠷᠣᠨ ᠤ ᠶᠡᠷᠦᠩᠬᠡᠶ ᠰᠢᠢᠳᠪᠦᠷᠢᠲᠦ ᠤᠷᠤᠯᠳᠤᠭᠤᠨ ᠳᠤ ᠣᠷᠣᠯᠴᠠᠵᠤ᠂ ᠥᠪᠥᠷ ᠮᠣᠩᠭᠤᠯ ᠤᠨ ᠤᠷᠤᠯᠳᠤᠭᠠᠨ ᠤ ᠲᠣᠭᠤᠷᠢᠭ ᠤᠨ ᠮᠠᠩᠯᠠᠶ ᠠᠩᠭᠢ ᠨᠢ ᠪᠥᠬᠦ ᠤᠯᠤᠰ ᠤᠨ ᠪᠠᠭ᠎ᠠ ᠰᠠᠭᠰᠤᠨ ᠪᠥᠮᠪᠦᠭᠡ ᠶᠢᠨ ᠶᠡᠷᠦᠩᠬᠡᠶ ᠰᠢᠢᠳᠪᠦᠷᠢᠲᠦ ᠤᠷᠤᠯᠳᠤᠭᠤᠨ ᠳᠤ ᠣᠷᠣᠯᠴᠠᠬᠤ ᠪᠥᠭᠡᠳ ᠤᠷᠤᠯᠳᠤᠭᠤᠨ ᠳᠤ ᠣᠷᠣᠯᠴᠠᠭᠰᠠᠨ ᠪᠥᠮᠪᠥᠭᠡᠴᠢᠨ ᠴᠥᠮ ᠪᠥᠮᠪᠥᠭᠡᠴᠢᠨ ᠤ ᠲᠤᠭ᠎ᠠ ᠪᠠᠷᠢᠮᠲᠠ ᠶᠢᠨ ᠨᠥᠭᠡᠴᠡ ᠶᠢᠨ ᠬᠥᠮᠥᠷᠭᠡ ᠳᠤ ᠣᠷᠣᠵᠤ᠂ ᠦᠨᠡᠨᠬᠦ ᠬᠥᠭᠵᠢᠯᠲᠡ ᠶᠢᠨ ᠢᠷᠡᠭᠡᠳᠦᠶ ᠲᠠᠢ ᠬᠥᠮᠦᠰ ᠲᠤ ᠠᠩᠬ᠎ᠠ ᠵᠡᠷᠭᠡ ᠶᠢᠨ ᠪᠠ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠳᠤ ᠳᠡᠪᠰᠢᠬᠦ ᠬᠢᠷᠢ ᠬᠡᠮ ᠢ ᠬᠠᠩᠭᠠᠵᠤ ᠪᠣᠯᠤᠨ᠎ᠠ᠃ ᠲᠤᠰ ᠤᠳᠠᠭᠠᠨ ᠤ ᠰᠠᠭᠰᠤᠨ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠤ ᠡᠯ᠎ᠡ ᠳᠤᠭᠤᠢᠯᠠᠩ ᠤᠨ ᠲᠥᠷᠥᠬᠦᠦ ᠵᠢᠷᠭᠤᠭᠠᠨ ᠨᠡᠷ᠎ᠡ ᠠᠴᠠ 24 ᠪᠢᠴᠢᠬᠠᠨ ᠪᠥᠮᠪᠥᠭᠡᠴᠢᠨ ︵u 12  ᠠᠴᠠ ᠠᠷᠪᠠᠨ ᠬᠤᠶᠠᠷ᠂ u 8 ᠠᠴᠠ ᠵᠢᠷᠭᠤᠭ᠎ᠠ᠂ u 6 ᠠᠴᠠ ᠵᠢᠷᠭᠤᠭ᠎ᠠ︶ ᠢ ᠰᠣᠩᠭᠤᠨ ᠳᠠᠰᠬᠠᠵᠢᠭᠤᠯᠬᠤ ᠭᠠᠵᠠᠷ ᠲᠤ ᠬᠦᠷᠭᠡᠵᠦ᠂ ᠨᠠᠩ ᠲᠤᠰᠬᠠᠶ ᠮᠡᠷᠭᠡᠵᠢᠯ ᠤᠨ ᠪᠣᠯᠪᠠᠰᠤᠷᠠᠯ ᠬᠦᠷᠲᠡᠭᠡᠵᠦ᠂ ᠢᠵᠢ ᠪᠦᠷᠢᠨ ᠲᠣᠨᠣᠭᠯᠠᠯ ᠬᠠᠩᠭᠠᠭᠠᠨ᠂ ᠪᠦᠬᠦ ᠤᠯᠤᠰ ᠤᠨ ᠴᠢᠨᠠᠷᠲᠠᠶ ᠤᠷᠤᠯᠳᠤᠭᠠᠨ ᠳᠤ ᠣᠷᠣᠯᠴᠠᠬᠤ ᠵᠠᠪᠰᠢᠶᠠᠨ ᠣᠯᠭᠤᠨ᠎ᠠ᠃      ᠬᠠᠮᠤᠭ ᠰᠡᠭᠦᠯ ᠤᠨ ᠰᠢᠢᠳᠪᠦᠷᠢᠲᠦ ᠤᠷᠤᠯᠳᠤᠭᠠᠨ ᠳᠤ᠂ ᠬᠥᠬᠡᠬᠤᠲᠠ ᠶᠢᠨ ᠾᠧᠩ ᠴᠠᠩ ᠳ᠋ᠢᠶᠠᠨ ᠪᠠᠭ᠎ᠠ ᠰᠤᠷᠭᠠᠭᠤᠯᠢ 20 : 19 ᠢᠶᠠᠷ ᠬᠥᠬᠡᠬᠤᠲᠠ ᠶᠢᠨ ᠱᠧᠩ ᠯᠢ ᠵᠡᠭᠡᠯᠢ ᠶᠢᠨ ᠪᠠᠭ᠎ᠠ ᠰᠤᠷᠭᠠᠭᠤᠯᠢ ᠶᠢ ᠢᠯᠠᠵᠤ᠂ ᠠᠮᠵᠢᠯᠲᠠ ᠪᠠᠨ ᠡᠬᠢᠯᠡᠭᠦᠯᠵᠡᠢ᠃
 
ᠢᠷᠡᠯᠲᠡ᠄ ᠬᠥᠬᠡᠬᠤᠲᠠ ᠶᠢᠨ ᠣᠷᠣᠢ ᠶᠢᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号