ᠨᠣᠮ ᠤᠩᠰᠢᠬᠤ ᠶᠢᠨ ᠪᠠᠬ᠎ᠠ
ᠨᠡᠶᠢᠲᠡᠯᠡᠭᠰᠡᠨ ᠴᠠᠭ᠄
2019-04-03
     ᠳᠡᠯᠡᠬᠡᠢ ᠶᠢᠨ ᠬᠡᠦᠬᠡᠳ ᠤᠨ ᠨᠣᠮ ᠪᠢᠴᠢᠭ ᠤᠨ ᠡᠳᠦᠷ ᠪᠣᠯ ᠪᠠᠰᠠ ᠴᠤ ᠳ᠋ᠠᠨᠮᠠᠷᠺ ᠤᠨ ᠬᠡᠦᠬᠡᠳ ᠤᠨ ᠤᠳᠬ᠎ᠠ ᠵᠣᠬᠢᠶᠠᠯ ᠤᠨ ᠶᠡᠭᠡ ᠪᠠᠭᠰᠢ ᠠᠨᠳᠧᠷᠰᠧᠨ ᠤ ᠲᠦᠷᠦᠭᠰᠡᠨ ᠡᠳᠦᠷ ᠪᠣᠯᠤᠨ᠎ᠠ᠃ ᠵᠢᠯ ᠪᠦᠷᠢ ᠶᠢᠨ ᠡᠨᠡ ᠡᠳᠦᠷ ᠠᠨᠳᠧᠷᠰᠧᠨ ᠲᠤᠭ᠎ᠠ ᠲᠣᠮᠰᠢ ᠥᠬᠡᠶ ᠪᠠᠭᠠᠴᠤᠳ ᠬᠡᠦᠬᠡᠳ ᠤᠨ ᠤᠩᠰᠢᠯᠭ᠎ᠠ ᠶᠢᠨ ᠳᠤᠮᠳᠠ ᠳᠠᠬᠢᠨ ᠲᠥᠷᠥᠳᠡᠭ᠃ ᠪᠠᠭᠠᠴᠤᠳ ᠬᠡᠦᠬᠡᠳ ᠢ ᠨᠣᠮ ᠪᠢᠴᠢᠭ ᠲᠠᠢ ᠣᠢᠷᠠᠲᠤᠭᠤᠯᠵᠤ᠂ ᠨᠣᠮ ᠤᠩᠰᠢᠬᠤ ᠶᠢᠨ ᠵᠢᠷᠭᠠᠯ ᠢ ᠡᠳ᠋ᠯᠡᠭᠦᠯᠵᠦ᠂ ᠪᠠᠶᠠᠷ ᠬᠥᠷ ᠲᠠᠢ ᠪᠠᠷ ᠥᠰᠬᠡᠨ ᠪᠣᠶᠢᠵᠢᠭᠤᠯᠵᠤ᠂ ᠲᠡᠳᠡᠨ ᠤ ᠨᠣᠮ ᠤᠩᠰᠢᠬᠤ ᠤᠷᠮ᠎ᠠ ᠪᠠᠬ᠎ᠠ ᠪᠠ ᠤᠩᠰᠢᠯᠭ᠎ᠠ ᠶᠢᠨ ᠰᠠᠶᠢᠨ ᠰᠠᠶᠢᠬᠠᠨ‌‍ᠲ᠋ᠠᠳᠬᠠᠯ ᠢ ᠪᠤᠢ ᠪᠣᠯᠭᠠᠬᠤ ᠶᠢᠨ ᠲᠥᠯᠥᠭᠡ᠂ 4 ᠰᠠᠷ᠎ᠠ ᠶᠢᠨ 2 ᠤᠨ ᠡᠳᠦᠷ᠂ ᠬᠤᠲᠠ ᠶᠢᠨ ᠨᠣᠮ ᠤᠨ ᠰᠠᠩ ᠂ ᠢᠦᠶ ᠴᠢᠤᠸᠠᠨ ᠲᠣᠭᠤᠷᠢᠭ ᠤᠨ ᠨᠣᠮ ᠤᠨ ᠰᠠᠩ ᠵᠢᠴᠢ ᠵᠠᠷᠢᠮ ᠨᠣᠮ ᠤᠨ ᠳᠡᠯᠭᠡᠭᠦᠷ ᠤᠳ ᠣᠯᠠᠨ ᠤᠯᠤᠰ ᠤᠨ ᠬᠡᠦᠬᠡᠳ ᠤᠨ ᠨᠣᠮ ᠪᠢᠴᠢᠭ ᠤᠨ ᠡᠳᠦᠷ ᠤᠨ ᠬᠠᠮᠢᠶ᠎ᠠ ᠪᠦᠬᠦᠢ ᠠᠵᠢᠯᠯᠠᠭ᠎ᠠ ᠥᠷᠨᠢᠭᠦᠯᠪᠡ᠃ ᠵᠢᠷᠤᠭ ᠪᠣᠯ ᠰᠤᠷᠤᠭᠴᠢᠳ ᠨᠠᠪᠴᠢᠨ ᠤ ᠨᠣᠮ ᠤᠨ ᠰᠠᠩ ᠳᠣᠲᠣᠷ᠎ᠠ ᠨᠠᠷᠢᠨ ᠬᠢᠨᠠᠮᠠᠭᠠᠶ ᠤᠩᠰᠢᠵᠤ ᠪᠠᠶᠢᠭ᠎ᠠ ᠨᠢ᠃ ᠬᠥᠬᠡᠬᠤᠲᠠ ᠶᠢᠨ ᠣᠷᠣᠢ ᠶᠢᠨ ᠰᠣᠨᠢᠨ ᠤ ᠰᠤᠷᠪᠤᠯᠵᠢᠯᠠᠭᠴᠢ ᠰᠢᠤᠢ ᠲᠢᠩ   ᠯᠢ ᠵᠢᠦᠸᠠᠨ  ᠰᠡᠭᠦᠳᠡᠷᠯᠡᠨ ᠮᠡᠳᠡᠭᠡᠯᠡᠪᠡ
 
ᠢᠷᠡᠯᠲᠡ᠄ ᠬᠥᠬᠡᠬᠤᠲᠠ ᠶᠢᠨ ᠣᠷᠣᠢ ᠶᠢᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号