2019 ᠣᠨ ᠤ ᠬᠦᠬᠡᠬᠤᠲᠠ ᠶᠢᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2019-04-03
     2019 ᠣᠨ ᠤ 1 ᠳ᠋ᠦ᠋ᠭᠡᠷ ᠰᠠᠷ᠎ᠠ ᠶᠢᠨ 4 ᠤ ᠡᠳᠦᠷ ᠤᠨ ᠬᠥᠬᠡᠬᠤᠲᠠ ᠶᠢᠨ ᠠᠷᠪᠠᠨ ᠲᠠᠪᠤᠳᠤᠭᠠᠷ      ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠳᠡᠭᠡᠷ᠎ᠡ                                   ᠬᠥᠬᠡᠬᠤᠲᠠ ᠶᠢᠨ ᠬᠤᠲᠠ ᠶᠢᠨ ᠳᠠᠷᠤᠭ᠎ᠠ        ᠹᠧᠩ ᠢᠦᠶ ᠵᠧᠨᠲᠥᠯᠥᠭᠡᠯᠡᠭᠴᠢᠳ ᠡ᠄      ᠣᠳᠣ ᠪᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠠ᠂ ᠬᠢᠨᠠᠨ ᠵᠦᠪᠯᠡᠬᠦ ᠪᠣᠯᠪᠠᠤ᠂ ᠲᠡᠷᠡᠴᠢᠯᠡᠨ ᠤᠯᠤᠰ ᠲᠥᠷᠤ ᠶᠢᠨ ᠵᠥᠪᠯᠡᠯᠭᠡᠨ ᠤ ᠭᠡᠰᠢᠭᠦᠳ ᠪᠣᠯᠤᠨ ᠬᠤᠷᠠᠯ ᠳᠤ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ᠃      ᠨᠢᠭᠡ᠂  2018 ᠣᠨ ᠤ ᠠᠵᠢᠯ ᠤᠨ ᠲᠤᠬᠠᠶ ᠡᠷᠭᠢᠴᠡᠭᠦᠯᠦᠯ        ᠥᠩᠭᠡᠷᠡᠭᠰᠡᠨ ᠨᠢᠭᠡ ᠵᠢᠯ ᠪᠣᠯ ᠬᠥᠬᠡᠬᠤᠲᠠ ᠶᠢᠨ ᠥᠭᠡᠷᠡᠴᠢᠯᠡᠯᠲᠡ ᠨᠡᠭᠡᠭᠡᠯᠲᠡ ᠶᠢᠨ ᠠᠬᠢᠴᠠ ᠳᠤ ᠬᠢ ᠥᠷᠢᠰᠦᠯᠳᠦᠭᠡᠨ ᠳᠦᠭᠦᠷᠡᠩ᠂ ᠦᠷ᠎ᠡ ᠪᠦᠲᠦᠮᠵᠢ ᠡᠯᠪᠡᠭ ᠪᠠᠶᠠᠯᠢᠭ ᠨᠢᠭᠡ ᠵᠢᠯ ᠪᠣᠯᠣᠨ᠎ᠠ᠃ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠠᠵᠤ ᠠᠬᠤᠢ ᠶᠢᠨ ᠪᠠᠶᠢᠳᠠᠯ ᠳᠣᠣᠷ᠎ᠠ᠂ ᠮᠠᠨ ᠤ ᠬᠤᠲᠠ ᠶᠢᠨ ᠰᠢᠨ᠎ᠡ ᠴᠠᠭ ᠦᠶ᠎ᠡ ᠳᠤ ᠬᠠᠨᠳᠤᠭᠤᠯᠤᠭᠰᠠᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠠᠯᠢ ᠣᠯᠠᠨ ᠭᠦᠨᠵᠡᠭᠡᠢ ᠬᠤᠪᠢᠷᠠᠯᠲᠠ ᠳᠣᠣᠷ᠎ᠠ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠮᠵᠢ ᠪᠣᠯᠭᠠᠬᠤ ᠶᠢ ᠪᠠᠷᠢᠮᠲᠠᠯᠠᠨ᠂ ᠲᠣᠭᠲᠠᠭᠤᠨ ᠢᠶᠠᠷ ᠤᠷᠤᠭᠰᠢᠯᠠᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ᠂ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ ᠡᠯ᠎ᠡ ᠵᠦᠢᠯ ᠤᠨ ᠠᠵᠢᠯ ᠢ ᠨᠢᠭᠡᠳᠦᠯᠲᠡᠢ ᠪᠠᠷ ᠲᠥᠯᠥᠪᠯᠡᠨ ᠰᠠᠶᠢᠳᠤᠷ ᠬᠢᠵᠦ᠂ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠠᠵᠢᠯ ᠦᠢᠯᠡᠰ ᠰᠢᠨ᠎ᠡ ᠦᠷ᠎ᠡ ᠪᠦᠲᠦᠮᠵᠢ ᠣᠯᠪᠠ᠃       —— ᠠᠵᠤ ᠠᠬᠤᠢ ᠶᠢᠨ ᠬᠥᠭᠵᠢᠯᠲᠡ ᠲᠣᠭᠲᠠᠭᠤᠨ ᠢᠶᠠᠷ ᠤᠷᠤᠭᠰᠢᠯᠠᠨ᠂ ᠲᠣᠭᠲᠠᠭᠤᠨ ᠢᠶᠠᠷ ᠰᠠᠶᠢᠵᠢᠷᠠᠪᠠ᠃ ᠲᠥᠰᠥᠪᠯᠡᠭᠰᠡᠨ ᠢᠶᠠᠷ ᠪᠦᠬᠦ ᠬᠤᠲᠠ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 2900 ᠳ᠋ᠦᠩᠰᠢᠭᠤᠷ ᠲᠥᠭᠦᠷᠢᠭ ᠪᠡᠶᠡᠯᠡᠭᠦᠯᠵᠦ᠂ 4% ᠪᠠᠷ ᠨᠡᠮᠡᠭᠳᠡᠬᠦ ᠪᠣᠯᠣᠨ᠎ᠠ︔ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 204.7 ᠳ᠋ᠦᠩᠰᠢᠭᠤᠷ ᠲᠥᠭᠦᠷᠢᠭ ᠪᠡᠶᠡᠯᠡᠭᠦᠯᠵᠦ᠂ 1.53% ᠪᠠᠷ ᠨᠡᠮᠡᠭᠳᠡᠬᠦ ᠪᠣᠯᠣᠨ᠎ᠠ︔ ᠬᠡᠪᠴᠢᠶᠡᠵᠢᠯ ᠠᠴᠠ ᠳᠡᠭᠡᠭᠰᠢ ᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 4% ᠪᠠᠷ ᠨᠡᠮᠡᠭᠳᠡᠬᠦ ᠪᠣᠯᠣᠨ᠎ᠠ︔ ᠬᠡᠪᠴᠢᠶᠡᠵᠢᠯ ᠠᠴᠠ ᠳᠡᠭᠡᠭᠰᠢ ᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ 10% ᠪᠠᠷ ᠨᠡᠮᠡᠭᠳᠡᠬᠦ ᠪᠣᠯᠣᠨ᠎ᠠ︔ ᠠᠰᠢᠭ ᠬᠤᠨᠵᠢᠪᠤᠷᠢ 15% ᠪᠠᠷ ᠨᠡᠮᠡᠭᠳᠡᠬᠦ ᠪᠣᠯᠣᠨ᠎ᠠ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠥᠷᠲᠡᠭ 1600 ᠳ᠋ᠦᠩᠰᠢᠭᠤᠷ ᠲᠥᠭᠦᠷᠢᠭ ᠪᠡᠶᠡᠯᠡᠭᠦᠯᠵᠦ᠂ 6% ᠪᠠᠷ ᠨᠡᠮᠡᠭᠳᠡᠬᠦ ᠪᠣᠯᠣᠨ᠎ᠠ᠃      —— ᠠᠵᠤ ᠦᠢᠯᠡᠰ ᠤᠨ ᠬᠡᠯᠪᠡᠷᠢ ᠬᠤᠪᠢᠷᠠᠭᠤᠯᠬᠤ ᠶᠢ ᠲᠦᠷᠭᠡᠳᠬᠡᠵᠦ᠂ ᠥᠨᠳᠥᠷ ᠴᠢᠨᠰᠠᠭ᠎ᠠ ᠲᠠᠢ ᠬᠥᠭᠵᠢᠯᠲᠡ ᠶᠢ ᠲᠣᠭᠲᠠᠭᠤᠨ ᠢᠶᠠᠷ ᠠᠬᠢᠭᠤᠯᠪᠠ᠃ ᠪᠠᠶᠢᠯᠳᠤᠬᠤ ᠪᠣᠳᠣᠯᠭ᠎ᠠ ᠶᠢᠨ ᠴᠢᠨᠠᠷ ᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠦᠢᠯᠡᠳᠪᠦᠷᠢᠯᠡᠯ ᠤᠨ ᠥᠷᠲᠡᠭ ᠤᠨ ᠬᠡᠪᠴᠢᠶᠡᠵᠢᠯ ᠠᠴᠠ ᠳᠡᠭᠡᠭᠰᠢ ᠬᠢ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠥᠷᠲᠡᠭ ᠲᠤ ᠡᠵᠡᠯᠡᠬᠦ ᠬᠠᠷᠢᠴᠠᠯ ᠨᠢ 30% ᠳᠤ ᠬᠦᠷᠴᠦ᠂ ᠨᠢᠳᠤᠨᠤᠨ ᠤ  ᠬᠢ ᠠᠴᠠ 1.7 ᠵᠠᠭᠤᠨ ᠤ ᠴᠡᠭ ᠨᠡᠮᠡᠭᠳᠡᠪᠡ︔ ᠣᠳᠣ ᠦᠶ᠎ᠡ ᠶᠢᠨ ᠦᠢᠯᠡᠴᠢᠯᠡᠭᠡ ᠶᠢᠨ ᠦᠢᠯᠡᠰ ᠤᠨ ᠦᠢᠯᠡᠴᠢᠯᠡᠭᠡ ᠶᠢᠨ ᠦᠢᠯᠡᠰ ᠲᠤ ᠡᠵᠡᠯᠡᠬᠦ ᠬᠠᠷᠢᠴᠠᠯ ᠨᠢ 50%  ᠠᠴᠠ ᠳᠠᠪᠠᠪᠠ︔ ᠭᠠᠶᠢᠯᠢ ᠶᠢᠨ ᠣᠷᠣᠯᠭ᠎ᠠ ᠶᠢᠨ ᠡᠳ᠋ ᠤᠨ ᠵᠠᠰᠠᠭ ᠤᠨ ᠣᠷᠣᠯᠭ᠎ᠠ ᠳᠤ ᠡᠵᠡᠯᠡᠬᠦ ᠬᠠᠷᠢᠴᠠᠯ ᠨᠢ 84.4% ᠳᠤ ᠬᠦᠷᠪᠡ᠃      —— ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠠ ᠣᠷᠴᠢᠨ ᠲᠣᠭᠤᠷᠢᠨ ᠤ ᠵᠠᠰᠠᠯᠲᠠ ᠶᠢ ᠭᠦᠨᠵᠡᠭᠡᠢ ᠬᠡᠷᠡᠭᠵᠢᠭᠦᠯᠵᠦ᠂ ᠬᠤᠲᠠ ᠬᠥᠳᠡᠭᠡ ᠶᠢᠨ ᠳᠦᠷᠰᠦ  ᠪᠠᠶᠢᠳᠠᠯ ᠳᠠᠬᠢᠨᠲᠠ ᠰᠢᠨ᠎ᠡ ᠰᠠᠶᠢᠵᠢᠷᠠᠯᠲᠠ ᠲᠠᠢ ᠪᠣᠯᠪᠠ᠃ ᠬᠤᠲᠠ ᠶᠢᠨ ᠰᠢᠨ᠎ᠡ ᠪᠠᠷ ᠳᠡᠪᠢᠰᠦᠭᠰᠡᠨ ᠵᠠᠮ 31.9 ᠲᠡᠭᠰᠢ ᠳᠥᠷᠪᠡᠯᠵᠢᠨ ᠮᠧᠲᠷ ᠲᠤ ᠬᠦᠷᠴᠦ᠂ ᠬᠥᠳᠡᠭᠡ ᠲᠣᠰᠬᠤᠨ ᠤ ᠲᠡᠷᠭᠡ ᠨᠡᠪᠲᠡᠷᠡᠭᠰᠡᠨ ᠵᠠᠰᠠᠮᠠᠯ ᠵᠠᠮ 6117 ᠺᠢᠯᠣᠮᠧᠲᠷ ᠲᠤ ᠬᠦᠷᠪᠡ︔ ᠪᠦᠬᠦ ᠬᠤᠲᠠ ᠶᠢᠨ ᠣᠢ ᠰᠢᠭᠤᠢ ᠶᠢᠨ ᠪᠦᠷᠬᠦᠯᠲᠡ ᠶᠢᠨ ᠨᠣᠷᠮ᠎ᠠ 21.4% ᠬᠦᠷᠲᠡᠯ᠎ᠡ ᠳᠡᠭᠡᠭᠰᠢᠯᠡᠵᠦ᠂ ᠪᠦᠲᠦᠭᠡᠨ ᠪᠠᠶᠢᠭᠤᠯᠤᠭᠰᠠᠨ ᠲᠣᠭᠤᠷᠢᠭ ᠤᠨ ᠨᠣᠭᠤᠭᠠᠷᠠᠭᠤᠯᠤᠯᠲᠠ ᠶᠢᠨ ᠨᠤᠷᠮ᠎ᠠ 39.87% ᠳᠤ ᠬᠦᠷᠪᠡ︔ ᠴᠡᠪᠡᠷ ᠠᠭᠠᠷ ᠤᠨ ᠡᠳᠦᠷ ᠤᠨ ᠲᠤᠭ᠎ᠠ 272 ᠡᠳᠦᠷ ᠲᠤ ᠬᠦᠷᠴᠦ᠂ ᠨᠢᠳᠤᠨᠤᠨ ᠤ ᠬᠢ ᠠᠴᠠ17 ᠡᠳᠦᠷ ᠨᠡᠮᠡᠭᠳᠡᠪᠡ᠃      —— ᠠᠷᠠᠳ ᠤᠨ ᠠᠮᠢᠳᠤᠷᠠᠯ ᠳᠤ ᠬᠢ ᠣᠷᠤᠭᠤᠯᠤᠯᠲᠠ ᠢᠶᠠᠨ ᠲᠠᠰᠤᠷᠠᠯᠲᠠ ᠦᠭᠡᠢ ᠨᠡᠮᠡᠭᠳᠡᠭᠦᠯᠵᠦ᠂ ᠣᠯᠠᠨ ᠲᠦᠮᠡᠨ ᠤ ᠵᠣᠯ ᠵᠢᠷᠭᠠᠯᠲᠤ ᠲᠥᠷᠥᠭᠳᠡᠯ ᠢ ᠦᠷᠭᠦᠯᠵᠢᠯᠡᠨ ᠨᠡᠮᠡᠭᠳᠡᠭᠦᠯᠪᠡ᠃ ᠪᠦᠬᠦ ᠬᠤᠲᠠ ᠶᠢᠨ ᠠᠷᠠᠳ ᠤᠨ ᠠᠮᠢᠳᠤᠷᠠᠯ ᠳᠤ ᠬᠢ ᠵᠠᠷᠤᠯᠭ᠎ᠠ ᠨᠢ ᠡᠳ᠋ ᠤᠨ ᠵᠠᠰᠠᠭ ᠤᠨ ᠶᠡᠷᠦᠩᠬᠡᠢ ᠵᠠᠷᠤᠯᠭ᠎ᠠ ᠶᠢᠨ 70% ᠢ ᠡᠵᠡᠯᠡᠪᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠵᠢᠱᠢᠯᠲᠡ ᠪᠠᠷ ᠲᠤᠰ ᠲᠤᠰ 7% ᠪᠠ 9% ᠪᠠᠷ ᠨᠡᠮᠡᠭᠳᠡᠬᠦ ᠪᠣᠯᠣᠨ᠎ᠠ᠂ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ 2.6% ᠪᠠᠷ ᠥᠰᠬᠦ ᠪᠣᠯᠣᠨ᠎ᠠ᠃      ᠨᠢᠭᠡ ᠵᠢᠯ ᠤᠨ ᠲᠤᠷᠰᠢ᠂ ᠪᠢᠳᠡ ᠭᠤᠣᠯᠳᠠᠭᠤ ᠳᠣᠣᠷᠠᠬᠢ ᠠᠵᠢᠯ ᠤᠳ ᠢ ᠬᠢᠭᠰᠡᠨ ᠪᠠᠶᠢᠨ᠎ᠠ᠄       ︵ᠨᠢᠭᠡ︶ ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ ᠢ ᠡᠷᠡᠰ ᠰᠠᠶᠢᠳᠤᠷ ᠬᠢᠪᠡ᠃ ᠥᠷᠢ ᠥᠭᠴᠡᠭᠡᠨ ᠤ ᠰᠠᠭᠤᠷᠢ ᠲᠤᠭ᠎ᠠ ᠶᠢ ᠪᠦᠬᠦ ᠲᠠᠯ᠎ᠠ ᠪᠠᠷ ᠣᠶᠢᠯᠭᠠᠵᠤ᠂ ᠨᠡᠶᠢᠲᠡ 320.7 ᠳ᠋ᠦᠩᠰᠢᠭᠤᠷ ᠲᠥᠭᠦᠷᠢᠭ ᠤᠨ ᠥᠷᠢ ᠥᠭᠴᠡᠭᠡ ᠶᠢ ᠠᠷᠢᠯᠭᠠᠪᠠ︔ ᠬᠠᠤᠯᠢ ᠪᠤᠰᠤ ᠪᠠᠷ ᠮᠥᠩᠭᠦ ᠴᠤᠭᠯᠠᠭᠤᠯᠬᠤ ᠪᠠ ᠢᠨᠲ᠋ᠧᠷ ᠰᠦᠯᠵᠢᠶ᠎ᠡ ᠶᠢᠨ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢᠨ ᠲᠤᠰᠬᠠᠢ ᠴᠡᠭᠴᠡᠯᠡᠨ ᠵᠠᠰᠠᠯᠲᠠ ᠶᠢ ᠥᠷᠨᠢᠭᠦᠯᠵᠦ᠂ ᠬᠦᠨᠳᠦ ᠶᠡᠭᠡ ᠠᠶᠤᠯ ᠲᠦᠭᠰᠢᠭᠦᠷᠢ ᠨᠢ ᠲᠣᠭᠲᠠᠭᠤᠨ ᠡᠵᠡᠮᠳᠡᠭᠳᠡᠭ ᠪᠣᠯᠪᠠ᠃ ᠣᠨᠢᠨ ᠳᠡᠭᠡᠷ᠎ᠡ ᠨᠢ ᠲᠥᠪᠯᠡᠷᠡᠭᠦᠯᠵᠦ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠪᠠᠷ ᠭᠤᠣᠯᠳᠠᠯᠭ᠎ᠠ ᠪᠣᠯᠭᠠᠵᠤ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ᠂ ᠰᠤᠷᠭᠠᠨ ᠬᠥᠮᠥᠵᠢᠯ ᠢᠶᠠᠷ ᠶᠠᠳᠠᠭᠤ ᠶᠢ ᠲᠡᠳᠬᠦᠬᠦ᠂ ᠮᠥᠩᠭᠦᠨ ᠭᠦᠢᠯᠭᠡᠭᠡ ᠪᠠᠷ ᠶᠠᠳᠠᠭᠤ ᠶᠢ ᠲᠡᠳᠬᠦᠬᠦ᠂ ᠨᠡᠶᠢᠭᠡᠮ ᠤᠨ ᠦᠨᠳᠦᠰᠦᠨ ᠪᠠᠲᠤᠯᠠᠭ᠎ᠠ ᠵᠡᠷᠭᠡ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ᠂ ︽ᠵᠠᠭᠤᠨ ᠠᠵᠤ ᠠᠬᠤᠶᠢᠯᠠᠯ ᠵᠠᠭᠤᠨ ᠲᠣᠰᠬᠤᠨ ᠲᠠᠢ ᠬᠤᠯᠪᠣᠭᠠᠯᠠᠬᠤ︾ ᠴᠡᠭ ᠲᠣᠭᠲᠠᠭᠠᠨ ᠲᠤᠰᠠᠯᠠᠨ ᠲᠡᠳᠬᠦᠬᠦ ᠵᠡᠷᠭᠡ ᠣᠯᠠᠨ ᠲᠠᠯ᠎ᠠ ᠪᠠᠷ ᠬᠦᠴᠦᠯᠡᠵᠦ᠂ ︽ᠶᠠᠳᠠᠭᠤ ᠶᠢ ᠶᠡᠬᠡᠪᠡᠷ ᠲᠡᠳᠬᠦᠬᠦ︾ ᠠᠵᠢᠯ ᠤᠨ ᠪᠠᠶᠢᠷᠢᠰᠢᠯ ᠢ ᠪᠠᠶᠢᠭᠤᠯᠪᠠ᠃ ᠪᠦᠬᠦ ᠬᠤᠲᠠ ᠶᠢᠨ ᠡᠯ᠎ᠡ ᠱᠠᠲᠤ ᠠᠴᠠ ᠨᠢᠭᠡᠳᠦᠭᠡᠷ ᠱᠦᠵᠢ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠭᠡᠰᠢᠭᠦᠨ ᠢ ᠨᠡᠶᠢᠲᠡ 2143 ᠬᠥᠮᠥᠨ ᠲᠣᠮᠢᠯᠠᠵᠤ᠂ ᠶᠠᠳᠠᠭᠤ ᠶᠢ ᠲᠡᠳᠬᠦᠬᠦ ᠪᠡᠯᠡ ᠮᠥᠩᠭᠦ ᠶᠢ ᠨᠡᠶᠢᠲᠡ 6.6 ᠳ᠋ᠦᠩᠰᠢᠭᠤᠷ ᠲᠥᠭᠦᠷᠢᠭ ᠣᠷᠣᠭᠤᠯᠵᠤ᠂ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠢ ᠲᠠᠢ ᠬᠥᠮᠥᠨ ᠠᠴᠠ 9013 ᠶᠢ ᠶᠠᠳᠠᠭᠤ ᠠᠴᠠ ᠠᠩᠭᠢᠵᠢᠷᠠᠭᠤᠯᠵᠤ᠂  ᠥᠪᠡᠷᠲᠡᠭᠡᠨ ᠵᠠᠰᠠᠬᠤ ᠣᠷᠣᠨ ᠤ ᠳᠡᠰ ᠤᠨ ᠶᠠᠳᠠᠭᠤ ᠬᠦᠴᠢᠷᠳᠡᠯᠲᠡᠢ ᠲᠠᠢ 53 ᠲᠣᠰᠬᠤᠨ᠂ ᠬᠤᠲᠠ ᠶᠢᠨ ᠳᠡᠰ ᠤᠨ ᠶᠠᠳᠠᠭᠤ ᠬᠦᠴᠢᠷᠳᠡᠯᠲᠡᠢ ᠲᠠᠢ 68 ᠲᠣᠰᠬᠤᠨ ᠢ ᠶᠠᠳᠠᠭᠤ ᠠᠴᠠ ᠠᠩᠭᠢᠵᠢᠷᠠᠭᠤᠯᠵᠤ᠂ ᠦᠴᠤᠸᠠᠨ᠂ ᠴᠢᠩ ᠱᠦᠢ ᠾᠧ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠡᠲᠡᠭᠡᠳ ᠤᠨ ᠶᠠᠳᠠᠭᠤ ᠠᠴᠠ ᠠᠩᠭᠢᠵᠢᠷᠠᠬᠤ ᠬᠢᠨᠠᠨ ᠬᠠᠷᠭᠤᠭᠤᠯᠬᠤ ᠦᠨᠡᠯᠡᠨ ᠵᠢᠱᠢᠯᠲᠡ ᠶᠢ ᠪᠡᠶᠡᠯᠡᠭᠦᠯᠪᠡ᠃ ᠪᠤᠬᠢᠷᠳᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠭᠦᠨᠵᠡᠭᠡᠢ ᠲᠦᠯᠬᠢᠨ ᠠᠬᠢᠭᠤᠯᠵᠤ᠂ ᠠᠭᠠᠷ ᠢ ᠵᠠᠰᠠᠬᠤ᠂ ᠤᠰᠤ ᠶᠢ ᠵᠠᠰᠠᠬᠤ᠂ ᠬᠥᠷᠥᠰᠥ ᠶᠢ ᠵᠠᠰᠠᠬᠤ᠂ ᠠᠭᠤᠯᠠ ᠶᠢ ᠵᠠᠰᠠᠬᠤ ᠢᠨᠵᠧᠨᠧᠷᠢᠩ ᠢ ᠶᠡᠬᠡᠪᠡᠷ ᠥᠷᠨᠢᠭᠦᠯᠪᠡ᠃ ᠬᠤᠲᠠ ᠶᠢᠨ ᠭᠤᠣᠯ ᠲᠣᠭᠤᠷᠢᠭ ᠤᠨ ︽ᠨᠡᠭᠦᠷᠡᠰᠦ ᠦᠭᠡᠢ ᠪᠣᠯᠭᠠᠬᠤ︾ ᠶᠢ ᠪᠦᠬᠦ ᠬᠦᠴᠦ ᠪᠠᠷ ᠢᠶᠠᠨ ᠲᠦᠯᠬᠢᠨ ᠠᠬᠢᠭᠤᠯᠵᠤ᠂ ᠵᠢᠩ ᠨᠧᠩ ᠢᠯᠴᠢ ᠶᠢᠨ ᠡᠨᠧᠷᠭᠢ ᠶᠢᠨ ᠤᠷᠲᠤ ᠳᠠᠮᠵᠢᠭᠤᠯᠬᠤ ᠬᠤᠭᠤᠯᠠᠢ ᠶᠢ ᠪᠦᠲᠦᠭᠡᠨ ᠪᠠᠶᠢᠭᠤᠯᠵᠤ᠂ ᠰᠠᠭᠤᠭᠠᠯᠢ ᠠᠷᠠᠳ ᠤᠨ ᠴᠡᠪᠡᠷ ᠨᠡᠭᠦᠷᠡᠰᠦ ᠰᠣᠯᠢᠬᠤ ᠠᠵᠢᠯ ᠢ ᠬᠡᠷᠡᠭᠵᠢᠭᠦᠯᠪᠡ︔ ᠪᠣᠬᠢᠷ ᠤᠰᠤ ᠶᠢ ᠴᠡᠭᠴᠡᠯᠡᠨ ᠵᠠᠰᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠪᠠ︔ 1031 ᠲᠡᠭᠰᠢ ᠳᠥᠷᠪᠡᠯᠵᠢᠨ ᠮᠧᠲᠷ ᠢ ᠪᠦᠷᠬᠦᠭᠦᠯᠦᠭᠰᠡᠨ ᠭᠠᠵᠠᠷ ᠳᠣᠣᠷᠠᠬᠢ ᠤᠰᠤ ᠶᠢ ᠬᠡᠲᠦᠷᠡᠭᠦᠯᠦᠨ ᠠᠭᠤᠳᠠᠯᠤᠭᠰᠠᠨ ᠣᠷᠣᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠢᠨᠵᠧᠨᠧᠷᠢᠩ ᠢ ᠡᠬᠢᠯᠡᠭᠦᠯᠪᠡ︔ ᠳᠠᠯᠠᠨ ᠬᠠᠷ᠎ᠠ ᠠᠭᠤᠯᠠ ᠶᠢᠨ ᠡᠯ᠎ᠡ ᠵᠦᠢᠯ ᠤᠨ ᠦᠢᠯᠡᠳᠪᠦᠷᠢᠯᠡᠯ ᠨᠡᠭᠡᠭᠡᠯᠲᠡ ᠶᠢᠨ ᠠᠵᠢᠯᠯᠠᠭ᠎ᠠ ᠶᠢ ᠪᠦᠬᠦᠨ ᠢ ᠵᠣᠭᠰᠣᠭᠠᠵᠤ᠂ ᠠᠭᠤᠷᠬᠠᠢ ᠬᠠᠶᠢᠬᠤ ᠮᠠᠯᠲᠠᠬᠤ 93 ᠠᠵᠤ ᠠᠬᠤᠶᠢᠯᠠᠯ ᠢ ᠬᠠᠭᠠᠯᠭᠠᠵᠤ᠂ ᠠᠮᠢ ᠠᠬᠤᠢ ᠶᠢᠨ ᠵᠠᠰᠠᠨ ᠰᠡᠷᠭᠦᠭᠡᠯᠲᠡ ᠢᠯᠡᠳᠲᠡ ᠦᠷ᠎ᠡ ᠪᠦᠲᠦᠮᠵᠢ ᠣᠯᠪᠠ᠃       ︵ᠬᠤᠶᠠᠷ︶ ᠣᠳᠣᠬᠢᠴᠢᠯᠠᠭᠰᠠᠨ ᠠᠵᠣ ᠦᠢᠯᠡᠰ ᠤᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠪᠡ᠃ ᠪᠤᠳᠠᠳᠤ ᠠᠵᠤ ᠠᠬᠤᠢ ᠶᠢ ᠲᠠᠰᠤᠷᠠᠯᠲᠠ ᠦᠭᠡᠢ ᠬᠥᠭᠵᠢᠭᠦᠯᠦᠨ ᠪᠤᠵᠠᠭᠠᠶᠢᠷᠠᠭᠤᠯᠵᠤ᠂ ᠬᠡᠪᠴᠢᠶᠡᠵᠢᠯ ᠠᠴᠠ ᠳᠡᠭᠡᠭᠰᠢ ᠬᠢ 16 ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠰᠢᠨ᠎ᠡ ᠪᠠᠷ ᠨᠡᠮᠡᠭᠳᠡᠭᠦᠯᠪᠡ᠃ ᠰᠦ ᠰᠠᠭᠠᠯᠢ ᠶᠢᠨ ᠠᠵᠤ ᠦᠢᠯᠡᠰ ᠤᠨ ᠳᠡᠰ ᠳᠡᠪᠰᠢᠬᠦ ᠭᠤᠷᠪᠠᠨ ᠵᠢᠯ ᠤᠨ ᠠᠵᠢᠯᠯᠠᠭ᠎ᠠ ᠶᠢᠨ ᠲᠥᠯᠥᠪᠯᠡᠭᠡ ᠶᠢ ᠡᠬᠢᠯᠡᠨ ᠬᠡᠷᠡᠭᠵᠢᠭᠦᠯᠵᠦ᠂ ᠢᠯᠢ᠂ ᠮᠧᠩ ᠨᠢᠦ ᠬᠤᠶᠠᠷ ᠶᠡᠭᠡ ᠰᠦ ᠰᠠᠭᠠᠯᠢ ᠶᠢᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠵᠢᠱᠢᠯᠲᠡ ᠪᠠᠷ 1500 ᠳ᠋ᠦᠩᠰᠢᠭᠤᠷ ᠲᠥᠭᠦᠷᠢᠭ ᠢ ᠳᠠᠪᠠᠵᠤ᠂ ᠴᠢᠯᠠᠭᠤᠨ ᠲᠣᠰᠣ ᠬᠢᠮᠢ ᠶᠢᠨ ᠦᠢᠯᠡᠳᠪᠦᠷᠢ᠂ ᠴᠠᠬᠢᠯᠭᠠᠨ ᠡᠨᠧᠷᠭᠢ ᠵᠡᠷᠭᠡ ᠤᠯᠠᠮᠵᠢᠯᠠᠯᠲᠤ ᠳᠠᠪᠠᠭᠤᠯᠢᠭᠲᠤ ᠠᠵᠤ ᠠᠬᠤᠶᠢᠯᠠᠯ ᠮᠡᠷᠭᠡᠵᠢᠯ ᠤᠨ ᠥᠭᠡᠷᠡᠴᠢᠯᠡᠯᠲᠡ ᠶᠢᠨ ᠳᠡᠰ ᠳᠡᠪᠰᠢᠬᠦ ᠶᠢ ᠪᠡᠶᠡᠯᠡᠭᠦᠯᠪᠡ᠃ ᠰᠢᠨ᠎ᠡ ᠡᠨᠧᠷᠭᠢ ᠶᠢᠨ ᠮᠠᠰᠢᠨ ᠲᠡᠷᠭᠡ᠂ ᠭᠡᠷᠡᠯ ᠸᠣᠯᠲ ᠤᠨ ᠰᠢᠨ᠎ᠡ ᠮᠠᠲ᠋ᠧᠷᠢᠶᠠᠯ᠂ ᠲᠣᠮᠣ ᠳ᠋ᠠᠶᠢᠲ᠋ᠠ ᠡᠭᠦᠯᠡᠨ ᠪᠣᠳᠣᠯᠲᠠ᠂ ᠠᠮᠢᠳᠤ ᠪᠤᠳᠠᠰ ᠤᠨ ᠡᠮ ᠡᠮᠨᠡᠯᠭᠡ ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷ ᠲᠠᠢ ᠰᠢᠨ᠎ᠡ ᠪᠠᠷ ᠬᠥᠭᠵᠢᠭᠰᠡᠨ ᠠᠵᠤ ᠠᠬᠤᠶᠢᠯᠠᠯ ᠤᠨ ᠬᠥᠭᠵᠢᠯᠲᠡ ᠶᠢᠨ ᠪᠠᠶᠢᠳᠠᠯ ᠰᠠᠶᠢᠨ ᠪᠠᠶᠢᠵᠤ᠂ ᠵᠢᠦ ᠲᠠᠢ ᠡᠨᠧᠷᠭᠢ ᠶᠢᠨ ᠨᠡᠭᠦᠷᠡᠰᠦ ᠪᠠᠷ ᠡᠲ᠋ᠠ ᠠᠯᠺᠦᠦᠯ ᠦᠢᠯᠡᠳᠬᠦ᠂ ᠺᠠᠢ ᠸᠧ ᠰᠢᠨ᠎ᠡ ᠡᠨᠧᠷᠭᠢ ᠶᠢᠨ ᠮᠠᠰᠢᠨ ᠲᠡᠷᠭᠡ ᠶᠢᠨ ᠪᠦᠬᠦᠯᠢ ᠲᠡᠷᠭᠡ ᠦᠢᠯᠡᠳᠬᠦ ᠵᠡᠷᠭᠡ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠧᠦ ᠵᠢᠩ ᠰᠢᠨᠵᠢᠯᠡᠬᠦ ᠤᠬᠠᠭᠠᠨ ᠮᠡᠷᠭᠡᠵᠢᠯ ᠤᠨ ᠬᠤᠶᠠᠳᠤᠭᠠᠷ ᠬᠤᠭᠤᠴᠠᠭ᠎ᠠ᠂  ᠶᠢᠨ ᠢᠦᠢ ᠠᠮᠢᠳᠤ ᠪᠤᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠤᠨ ᠨᠢᠭᠡᠳᠦᠭᠡᠷ ᠬᠤᠭᠤᠴᠠᠭ᠎ᠠ ᠵᠡᠷᠭᠡ ᠲᠥᠷᠥᠯ ᠵᠦᠢᠯ ᠢ ᠪᠦᠲᠦᠭᠡᠨ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠪᠠ᠃ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠲᠦᠷᠭᠡᠳᠴᠦ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠷᠠᠯᠵᠢᠶᠠᠯᠠᠭᠰᠠᠨ ᠲᠤᠭ᠎ᠠ 980 ᠳ᠋ᠦᠩᠰᠢᠭᠤᠷ ᠲᠥᠭᠦᠷᠢᠭ ᠲᠤ ᠬᠦᠷᠪᠡ︔ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠵᠢᠭᠡᠯᠡᠯᠭᠡ ᠶᠢᠨ ᠦᠯᠡᠳᠡᠪᠦᠷᠢ ᠲᠤᠭ᠎ᠠ ᠲᠤᠰ ᠲᠤᠰ 5990 ᠳ᠋ᠦᠩᠰᠢᠭᠤᠷ ᠲᠥᠭᠦᠷᠢᠭ ᠪᠠ 7996 ᠳ᠋ᠦᠩᠰᠢᠭᠤᠷ ᠲᠥᠭᠦᠷᠢᠭ ᠲᠤ ᠬᠦᠷᠪᠡ︔ ᠬᠤᠷᠠᠯ ᠦᠵᠡᠰᠬᠦᠯᠡᠩ ᠤᠨ ᠠᠷᠠᠯᠵᠢᠶ᠎ᠠ ᠪᠦᠲᠦᠭᠰᠡᠨ ᠶᠡᠷᠦᠩᠬᠡᠢ ᠲᠤᠭ᠎ᠠ 43 ᠳ᠋ᠦᠩᠰᠢᠭᠤᠷ ᠲᠥᠭᠦᠷᠢᠭ ᠢ ᠳᠠᠪᠠᠪᠠ︔ ᠪᠦᠬᠦ ᠵᠢᠯ ᠳᠤ ᠵᠢᠭᠤᠯᠴᠢᠯᠠᠭᠴᠢᠳ ᠢ 4372 ᠲᠦᠮᠡᠨ ᠬᠥᠮᠥᠨ ᠤᠳᠠᠭ᠎ᠠ ᠬᠦᠯᠢᠶᠡᠨ ᠠᠪᠴᠤ᠂ ᠵᠢᠭᠤᠯᠴᠢᠯᠠᠯ ᠤᠨ ᠪᠦᠬᠦ ᠣᠷᠣᠯᠭ᠎ᠠ 924 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠲᠤᠰ ᠲᠤᠰ 11.9% ᠪᠣᠯᠣᠨ 21.7% ᠨᠡᠮᠡᠭᠳᠡᠪᠡ᠃ ᠬᠤᠷᠢᠨᠭᠡᠷ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ᠂ ᠡᠬᠢᠯᠡᠯᠲᠡ ᠶᠢᠨ ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ ᠶᠢ 25 ᠳ᠋ᠦᠩᠰᠢᠭᠤᠷ ᠪᠡᠶᠡᠯᠡᠭᠦᠯᠵᠦ᠂ 52 ᠲᠥᠷᠥᠯ ᠵᠦᠢᠯ ᠢ ᠵᠥᠪᠳᠡᠨ ᠲᠣᠭᠲᠠᠵᠤ᠂  ᠨᠡᠶᠢᠲᠡ 240.8 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠰᠢᠨ᠎ᠡ ᠲᠣᠭᠤᠷᠢᠭ ᠤᠨ ᠬᠥᠳᠡᠯᠭᠡᠭᠦᠷ ᠤᠨ ᠦᠢᠯᠡᠳᠦᠯ ᠠᠭᠠᠵᠢᠮ ᠢᠶᠠᠷ ᠢᠯᠡᠷᠡᠪᠡ᠃      ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠪᠡ᠃ ᠬᠥᠬᠡᠬᠤᠲᠠ ᠶᠢᠨ ᠰᠢᠨᠵᠢᠯᠡᠭᠡ ᠮᠡᠷᠭᠡᠵᠢᠯ ᠤᠨ ᠬᠤᠲᠠ ᠶᠢ ᠡᠬᠢᠯᠡᠨ ᠪᠦᠲᠦᠭᠡᠨ ᠪᠠᠶᠢᠭᠤᠯᠵᠤ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ ᠶᠢᠨ ᠠᠵᠢᠯᠯᠬᠤ ᠥᠷᠲᠡᠭᠡ ᠶᠢ 3 ᠣᠷᠣᠭᠤᠯᠵᠤ᠂ ᠶᠡᠷᠦᠩᠬᠡᠢ ᠪᠡᠯᠡ ᠣᠷᠤᠭᠤᠯᠤᠯᠲᠠ ᠨᠢ 155.6 ᠳ᠋ᠦᠩᠰᠢᠭᠤᠷ ᠲᠥᠭᠦᠷᠢᠭ ᠪᠣᠯᠬᠤ 23 ᠰᠢᠨᠵᠢᠯᠡᠭᠡ ᠮᠡᠷᠭᠡᠵᠢᠯ ᠤᠨ ᠠᠵᠤ ᠠᠬᠤᠶᠢᠯᠠᠯ ᠭᠡᠷ᠎ᠡ ᠲᠣᠭᠲᠠᠨ ᠨᠠᠶᠢᠳᠠᠪᠤᠷᠢᠵᠢᠪᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠲᠡᠳᠬᠦᠨ ᠲᠡᠮᠵᠢᠬᠦ ᠡᠷᠴᠢᠮ ᠢ ᠴᠢᠩᠭᠠᠷᠠᠭᠤᠯᠵᠤ᠂ ᠪᠦᠬᠦ ᠵᠢᠯ ᠳᠤ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 74 ᠶᠢ ᠰᠢᠨ᠎ᠡ ᠪᠠᠷ ᠨᠡᠮᠡᠭᠳᠡᠭᠦᠯᠵᠦ᠂ ᠪᠦᠬᠦ ᠲᠤᠭ᠎ᠠ ᠨᠢ 270 ᠳᠤ ᠬᠦᠷᠴᠦ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠨᠢ ᠪᠦᠬᠦ ᠣᠷᠣᠨ ᠤ ᠪᠦᠬᠦ ᠲᠤᠭ᠎ᠠ ᠶᠢᠨ 38% ᠶᠢ ᠡᠵᠡᠯᠡᠪᠡ᠃ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠢ ᠶᠢᠨ ᠥᠰᠦᠯᠲᠡ ᠳᠤ ᠬᠢ ᠬᠤᠪᠢ ᠨᠡᠮᠡᠷᠢ ᠶᠢᠨ ᠨᠤᠷᠮ᠎ᠠ 56% ᠬᠦᠷᠲᠡᠯ᠎ᠡ ᠳᠡᠭᠡᠭᠰᠢᠯᠡᠵᠦ᠂ ᠨᠢᠳᠤᠨᠤᠨ ᠤ ᠬᠢ ᠠᠴᠠ 1 ᠵᠠᠭᠤᠨ ᠤ ᠴᠡᠭ ᠨᠡᠮᠡᠭᠳᠡᠪᠡ᠃ ᠴᠢᠳᠠᠪᠤᠷᠢᠲᠠᠨ ᠣᠷᠣᠭᠤᠯᠤᠨ ᠠᠪᠴᠢᠷᠠᠬᠤ 9 ᠰᠢᠨ᠎ᠡ ᠲᠥᠷᠥ ᠶᠢᠨ ᠪᠣᠳᠣᠯᠭ᠎ᠠ ᠶᠢ ᠲᠣᠭᠲᠠᠭᠠᠨ ᠨᠡᠶᠢᠲᠡᠯᠡᠵᠦ᠂ ᠪᠦᠬᠦ ᠬᠤᠲᠠ ᠶᠢᠨ 298 ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ 745 ᠨᠡᠷ᠎ᠡ ᠲᠤᠲᠠᠭᠳᠠᠵᠤ ᠪᠠᠶᠢᠭ᠎ᠠ ᠴᠢᠳᠠᠪᠤᠷᠢᠲᠠᠨ ᠢ ᠣᠷᠣᠭᠤᠯᠤᠭᠰᠠᠨ ᠪᠠᠶᠢᠨ᠎ᠠ᠃       ︵ᠭᠤᠷᠪᠠ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ ᠥᠷᠨᠢᠭᠦᠯᠪᠡ᠃ ᠨᠢᠭᠡᠳᠦᠭᠡᠷ ᠠᠵᠤ ᠦᠢᠯᠡᠰ ᠢ ᠨᠠᠷᠢᠯᠢᠭ ᠬᠢᠬᠦ ᠶᠢ ᠤᠶᠠᠯᠳᠤᠭᠤᠯᠤᠨ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ᠂ ᠬᠡᠪᠴᠢᠶᠡᠵᠢᠭᠦᠯᠬᠦ ᠶᠢ ᠲᠦᠯᠬᠢᠨ ᠠᠬᠢᠭᠤᠯᠵᠤ᠂ ᠪᠦᠬᠦ ᠬᠤᠲᠠ ᠶᠢᠨ ᠭᠤᠣᠯ ᠪᠣᠯᠬᠤ ᠪᠠᠷᠢᠮᠵᠢᠶᠠᠵᠢᠭᠤᠯᠤᠭᠰᠠᠨ ᠲᠠᠷᠢᠮᠠᠯ ᠤᠨ ᠪᠦᠷᠬᠦᠯᠲᠡ ᠶᠢᠨ ᠨᠤᠷᠮ᠎ᠠ 25.2% ᠳᠤ ᠬᠦᠷᠪᠡ︔ ᠲᠡᠵᠢᠭᠡᠵᠦ ᠪᠠᠶᠢᠭ᠎ᠠ 30 ᠲᠦᠮᠡᠨ ᠰᠠᠭᠠᠯᠢ ᠶᠢᠨ ᠦᠨᠢᠶ᠎ᠡ ᠶᠢ ᠪᠦᠷ ᠬᠡᠪᠴᠢᠶᠡᠵᠢᠭᠦᠯᠦᠨ ᠲᠡᠵᠢᠭᠡᠨ ᠦᠷᠡᠵᠢᠭᠦᠯᠪᠡ᠃ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠰᠡᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠬᠤᠲᠠ ᠶᠢᠨ ᠱᠠᠲᠤᠨ ᠠᠴᠠ ᠳᠡᠭᠡᠭᠰᠢ ᠬᠢ ᠠᠵᠤ ᠦᠢᠯᠡᠰᠵᠢᠭᠰᠡᠨ ᠲᠣᠯᠣᠭᠠᠶᠢᠯᠠᠭᠴᠢ ᠠᠵᠤ ᠠᠬᠤᠶᠢᠯᠠᠯ 347 ᠳᠤ ᠬᠦᠷᠴᠦ᠂ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠠᠵᠣ ᠠᠬᠤᠶᠢᠯᠠᠯ 9 ᠪᠠᠶᠢᠵᠤ᠂ ᠲᠥᠰᠥᠪᠯᠡᠭᠰᠡᠨ ᠢᠶᠠᠷ ᠲᠣᠯᠣᠭᠠᠶᠢᠯᠠᠭᠴᠢ ᠠᠵᠤ ᠠᠬᠤᠶᠢᠯᠠᠯ 1650 ᠳ᠋ᠦᠩᠰᠢᠭᠤᠷ ᠲᠥᠭᠦᠷᠢᠭ ᠤᠨ ᠪᠣᠷᠣᠯᠠᠭᠤᠯᠤᠭᠰᠠᠨ ᠣᠷᠣᠯᠭ᠎ᠠ ᠶᠢ ᠪᠡᠶᠡᠯᠡᠭᠦᠯᠵᠦ᠂ 8.2% ᠢᠶᠠᠷ ᠨᠡᠮᠡᠭᠳᠡᠨ᠎ᠡ᠃ ᠬᠤᠲᠠᠴᠢᠯᠠᠭᠰᠠᠨ ᠣᠳᠣ ᠦᠶ᠎ᠡ ᠶᠢᠨ ᠲᠠᠷᠢᠶᠠᠯᠠᠩ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠪᠦᠬᠦ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠡᠯᠡᠭᠦᠴᠡᠯ ᠵᠢᠭᠤᠯᠴᠢᠯᠠᠯ ᠤᠨ ᠴᠡᠭ 136 ᠲᠤ ᠬᠦᠷᠴᠦ᠂ 5000 ᠢᠯᠡᠭᠦᠦ ᠲᠠᠷᠢᠶᠠᠯᠠᠩ ᠡᠷᠦᠬᠡ ᠶᠢ ᠳᠠᠶᠢᠴᠢᠯᠠᠪᠠ᠃ ᠬᠥᠳᠡᠭᠡ ᠲᠣᠰᠬᠤᠨ ᠤ ᠬᠥᠮᠥᠨ ᠠᠮᠠ ᠶᠢᠨ ᠰᠠᠭᠤᠷᠢᠰᠢᠨ ᠠᠮᠢᠳᠤᠷᠠᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ ᠲᠥᠯᠥᠪᠯᠡᠭᠡ ᠶᠢ ᠬᠡᠷᠡᠭᠵᠢᠭᠦᠯᠵᠦ᠂ 3000 ᠲᠦᠮᠡᠨ ᠲᠥᠭᠦᠷᠢᠭ ᠤᠨ ᠬᠥᠲᠥᠯᠥᠨ ᠵᠢᠯᠣᠭᠤᠳᠬᠤ ᠪᠡᠯᠡ ᠮᠥᠩᠭᠦ ᠶᠢ ᠣᠷᠣᠭᠤᠯᠵᠤ᠂ 70% ᠶᠢᠨ ᠵᠠᠰᠠᠭ ᠵᠠᠬᠢᠷᠭᠠᠨ ᠤ ᠲᠣᠰᠬᠤᠨ ᠤ ᠶᠡᠷᠦᠩᠬᠡᠶᠢᠯᠡᠭᠰᠡᠨ ᠴᠡᠭᠴᠡᠯᠡᠨ ᠵᠠᠰᠠᠯᠲᠠ ᠶᠢᠨ ᠠᠵᠢᠯ ᠢ ᠡᠬᠢᠯᠡᠭᠦᠯᠵᠦ᠂ 134 ᠵᠠᠰᠠᠭ ᠵᠠᠬᠢᠷᠭᠠᠨ ᠤ ᠲᠣᠰᠬᠤᠨ ᠤ ᠠᠮᠢᠳᠤᠷᠠᠯ ᠤᠨ ᠪᠤᠬᠢᠷ ᠤᠰᠤ ᠶᠢ ᠰᠢᠢᠳᠪᠦᠷᠢᠯᠡᠬᠦ ᠥᠭᠡᠷᠡᠴᠢᠯᠡᠯᠲᠡ ᠶᠢ ᠪᠡᠶᠡᠯᠡᠭᠦᠯᠵᠦ᠂ 2572 ᠡᠷᠦᠬᠡ ᠶᠢᠨ ᠵᠣᠷᠯᠣᠩ ᠤᠨ ᠥᠭᠡᠷᠡᠴᠢᠯᠡᠯᠲᠡ ᠶᠢ ᠪᠡᠶᠡᠯᠡᠭᠦᠯᠪᠡ᠃ 1556 ᠲᠦᠮᠡᠨ ᠲᠥᠭᠦᠷᠢᠭ ᠢ ᠣᠷᠣᠭᠤᠯᠵᠤ᠂ ᠬᠥᠳᠡᠭᠡ ᠲᠣᠰᠬᠤᠨ ᠤ ᠤᠤᠭᠤᠬᠤ ᠤᠰᠤᠨ ᠤ ᠠᠶᠤᠯ ᠦᠭᠡᠢ ᠶᠢᠨ ᠢᠨᠵᠧᠨᠧᠷᠢᠩ ᠢ ᠬᠡᠷᠡᠭᠵᠢᠭᠦᠯᠪᠡ᠃ ᠵᠠᠰᠠᠭ ᠵᠠᠬᠢᠷᠭᠠᠨ ᠤ ᠲᠣᠰᠬᠤᠨ ᠤ ᠵᠠᠰᠠᠮᠠᠯ ᠵᠠᠮ ᠢ ᠬᠠᠲᠠᠭᠤᠷᠠᠭᠤᠯᠤᠭᠰᠠᠨ ᠨᠤᠷᠮ᠎ᠠ 98.2% ᠬᠦᠷᠴᠦ᠂ ᠨᠡᠶᠢᠲᠡ ᠶᠢᠨ ᠭᠡᠷᠡᠯᠲᠦᠭᠦᠯᠬᠦ ᠪᠡᠯᠡᠳᠬᠡᠮᠵᠢ ᠶᠢᠨ ᠪᠦᠷᠬᠦᠯᠲᠡ ᠶᠢᠨ ᠨᠤᠷᠮ᠎ᠠ 93.4% ᠬᠦᠷᠴᠦ᠂ ᠠᠶᠢᠯ ᠲᠣᠰᠬᠤᠨ ᠤ ᠨᠣᠭᠤᠭᠠᠷᠠᠭᠤᠯᠤᠯᠲᠠ ᠶᠢᠨ ᠨᠤᠷᠮ᠎ᠠ 55% ᠬᠦᠷᠪᠡ᠃       ︵ᠳᠥᠷᠪᠡ︶ ᠬᠤᠲᠠ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠬᠢᠷᠢ ᠲᠦᠪᠰᠢᠨ ᠢ ᠶᠡᠬᠡᠪᠡᠷ ᠳᠡᠭᠡᠭᠰᠢᠯᠡᠭᠦᠯᠪᠡ᠃ ︽ᠭᠤᠷᠪᠠᠨ ᠬᠤᠲᠠ ᠶᠢ ᠵᠡᠷᠭᠡ ᠪᠠᠷ ᠪᠦᠲᠦᠭᠡᠨ ᠪᠠᠶᠢᠭᠤᠯᠬᠤ︾ ᠶᠢ ᠪᠦᠬᠦ ᠲᠠᠯ᠎ᠠ ᠪᠠᠷ ᠥᠷᠨᠢᠭᠦᠯᠵᠦ᠂ ᠬᠤᠲᠠ ᠶᠢᠨ ᠣᠷᠴᠢᠨ ᠲᠣᠭᠤᠷᠢᠨ ᠤ ᠶᠡᠷᠦᠩᠬᠡᠶᠢᠯᠡᠨ ᠴᠡᠭᠴᠡᠯᠡᠨ ᠵᠠᠰᠠᠯᠲᠠ ᠳᠠᠬᠢᠨᠲᠠ ᠰᠢᠨ᠎ᠡ ᠳᠡᠭᠳᠡᠷ ᠲᠤ ᠭᠠᠷᠴᠤ᠂ ︽ᠵᠣᠷᠯᠣᠩ ᠤᠨ ᠬᠤᠪᠢᠰᠤᠯᠲᠠ︾ ᠪᠦᠬᠦ ᠤᠯᠤᠰ ᠤᠨ ᠡᠮᠦᠨ᠎ᠡ ᠡᠩᠨᠡᠭᠡ ᠳᠤ ᠣᠷᠣᠵᠤ᠂ ᠬᠤᠲᠠ ᠶᠢᠨ ᠭᠤᠣᠯ ᠲᠣᠭᠤᠷᠢᠭ ᠤᠨ ᠬᠥᠬᠡᠬᠤᠲᠠ ᠶᠢᠨ ᠵᠣᠭᠰᠣᠭᠠᠯ᠂ ᠨᠡᠶᠢᠲᠡ ᠶᠢᠨ ᠵᠣᠷᠯᠣᠩ᠂ ᠬᠤᠷᠢᠶᠠᠯᠠᠯ ᠤᠨ ᠵᠣᠭᠰᠣᠭᠠᠯ 4213 ᠳᠤ ᠬᠦᠷᠪᠡ︔ ᠬᠤᠲᠠ ᠶᠢᠨ ᠵᠠᠮ ᠤᠨ ᠮᠠᠰᠢᠨᠴᠢᠯᠠᠨ ᠴᠡᠪᠡᠷᠯᠡᠨ ᠠᠷᠢᠯᠭᠠᠬᠤ ᠨᠤᠷᠮ᠎ᠠ 80% ᠠᠴᠠ ᠳᠡᠭᠡᠭᠰᠢ ᠳᠤ ᠬᠦᠷᠴᠦ᠂ ᠬᠤᠲᠠ ᠶᠢᠨ ᠲᠣᠭᠤᠷᠢᠭ ᠵᠢᠴᠢ ᠡᠷᠭᠢᠨ ᠲᠣᠭᠤᠷᠢᠨ ᠤ 200 ᠭᠠᠷᠤᠢ ᠲᠦᠮᠡᠨ ᠲᠣᠨ ᠬᠤᠭ ᠨᠣᠪᠰᠢ ᠢ ᠴᠡᠪᠡᠷᠯᠡᠪᠡ᠃ ᠢᠳᠡᠭᠡᠨ ᠪᠠ ᠡᠮ ᠤᠨ ᠵᠦᠢᠯ ᠢ ᠦᠢᠯᠡᠳᠪᠦᠷᠢᠯᠡᠨ ᠡᠵᠡᠩᠨᠡᠬᠦ 6.3 ᠲᠦᠮᠡᠨ ᠠᠵᠤ ᠠᠬᠤᠶᠢᠯᠠᠯ ᠢ ᠵᠢᠭᠰᠠᠭᠠᠨ ᠪᠠᠶᠢᠴᠠᠭᠠᠨ ᠴᠡᠭᠴᠡᠯᠡᠨ ᠵᠠᠰᠠᠵᠤ᠂ ᠢᠳᠡᠭᠡᠨ ᠤᠮᠳᠠᠭᠠᠨ ᠡᠷᠬᠢᠯᠡᠵᠦ ᠪᠠᠶᠢᠭ᠎ᠠ 1.6 ᠲᠠᠯᠠᠪᠠᠢ ᠭᠠᠵᠠᠷ ︽ᠭᠡᠭᠡᠨ ᠭᠠᠯ ᠲᠣᠭᠤᠭᠠᠨ ᠤ ᠥᠷᠥᠭᠡ︾ ᠶᠢ ᠪᠡᠶᠡᠯᠡᠭᠦᠯᠪᠡ᠃ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠳ᠋ᠦᠩ ᠶᠢᠩ ᠡᠮᠦᠨ᠎ᠡ ᠵᠠᠮ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠭᠠᠵᠠᠷ ᠳᠣᠣᠷᠠᠬᠢ ᠵᠠᠮ ᠢ ᠪᠠᠶᠢᠭᠤᠯᠵᠤ ᠳᠠᠭᠤᠰᠬᠠᠨ ᠲᠡᠷᠭᠡ ᠨᠡᠪᠲᠡᠷᠡᠵᠦ᠂ 6 ︽ᠮᠤᠬᠤᠷ ᠵᠠᠮ︾ ᠢ ᠨᠡᠪᠲᠡᠷᠡᠭᠦᠯᠵᠦ᠂ ᠶᠠᠪᠠᠭᠠᠨ ᠬᠥᠮᠥᠨ ᠤ ᠵᠠᠮ ᠭᠡᠲᠦᠯᠬᠦ ᠬᠥᠭᠦᠷᠭᠡ ᠶᠢ ᠰᠢᠨ᠎ᠡ ᠪᠠᠷ 10 ᠪᠠᠶᠢᠭᠤᠯᠵᠤ᠂ ᠵᠠᠮ ᠢ ᠡᠵᠡᠯᠡᠭᠰᠡᠨ 80 ᠴᠠᠬᠢᠯᠭᠠᠨ ᠤᠲᠠᠰᠤᠨ ᠤ ᠱᠤᠩ ᠢ ᠰᠢᠯᠵᠢᠭᠦᠯᠪᠡ᠃ ᠪᠠᠶᠠᠨ ᠵᠠᠮ᠂ ᠶᠢᠨ ᠬᠠᠢ ᠵᠠᠮ᠂ ᠵᠢᠷᠢᠮ ᠵᠠᠮ ᠵᠡᠷᠭᠡ ᠵᠠᠮ ᠤᠨ ᠲᠣᠣᠷ ᠢ ᠥᠭᠡᠷᠡᠴᠢᠯᠡᠨ ᠰᠠᠶᠢᠵᠢᠷᠠᠭᠤᠯᠬᠤ ᠪᠠ ᠭᠤᠷᠪᠠᠳᠤᠭᠠᠷ ᠲᠣᠭᠤᠷᠢᠭᠤᠯ ᠵᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠬᠥᠬᠡᠬᠤᠲᠠ ᠠᠴᠠ ᠴᠢᠭᠤᠯᠤᠯᠲᠤ ᠬᠠᠭᠠᠯᠭ᠎ᠠ ᠬᠦᠷᠬᠦ ᠥᠨᠳᠥᠷ ᠬᠤᠷᠳᠤᠴᠠᠲᠤ ᠲᠡᠮᠦᠷ ᠵᠠᠮ ᠤᠨ ᠬᠥᠬᠡᠬᠤᠲᠠ ᠠᠴᠠ ᠵᠢᠨᠢᠩ ᠬᠦᠷᠬᠦ ᠬᠡᠰᠡᠭ᠂ ᠬᠥᠬᠡᠬᠤᠲᠠ ᠵᠡᠭᠦᠨᠭᠠᠷ ᠣᠷᠳᠣᠰ ᠲᠡᠮᠦᠷ ᠵᠠᠮ ᠲᠡᠷᠭᠡ ᠨᠡᠪᠲᠡᠷᠡᠵᠦ ᠡᠵᠡᠩᠨᠡᠯᠲᠡ ᠳᠤ ᠣᠷᠣᠵᠤ᠂ ᠮᠧᠲᠷᠤ᠋ ᠶᠢᠨ ᠨᠢᠭᠡᠳᠦᠭᠡᠷ ᠱᠤᠭᠤᠮ ᠤᠨ ᠨᠢᠭᠡᠳᠦᠭᠡᠷ ᠬᠤᠭᠤᠴᠠᠭᠠᠨ ᠤ ᠪᠠᠷᠢᠯᠭ᠎ᠠ ᠶᠢᠨ ᠪᠦᠬᠦ ᠱᠤᠭᠤᠮ ᠤᠨ ᠨᠦᠬᠡ ᠨᠡᠪᠲᠡᠷᠡᠵᠦ᠂ ᠬᠤᠶᠠᠳᠤᠭᠠᠷ ᠱᠤᠭᠤᠮ ᠤᠨ ᠨᠢᠭᠡᠳᠦᠭᠡᠷ ᠬᠤᠭᠤᠴᠠᠭᠠᠨ ᠤ ᠪᠠᠷᠢᠯᠭ᠎ᠠ ᠶᠢ ᠲᠦᠷᠭᠡᠳᠬᠡᠨ ᠠᠬᠢᠭᠤᠯᠵᠤ ᠪᠤᠢ᠃ ᠴᠠᠭᠠᠨ ᠰᠤᠪᠤᠷᠭ᠎ᠠ ᠨᠢᠰᠬᠡᠯ ᠤᠨ ᠪᠠᠭᠤᠳᠠᠯ ᠵᠢᠭᠤᠯᠴᠢᠯᠠᠭᠴᠢᠳ ᠢ ᠣᠷᠣᠭᠤᠯᠵᠤ ᠭᠠᠷᠭᠠᠬᠤ ᠬᠡᠮᠵᠢᠶ᠎ᠡ 1200 ᠲᠦᠮᠡᠨ ᠬᠥᠮᠥᠨ ᠤᠳᠠᠭ᠎ᠠ ᠶᠢ ᠰᠢᠪᠲᠤᠯᠵᠤ᠂ ᠬᠥᠬᠡᠬᠤᠲᠠ ᠶᠢᠨ ᠰᠢᠨ᠎ᠡ ᠨᠢᠰᠬᠡᠯ ᠤᠨ ᠲᠠᠯᠠᠪᠠᠢ ᠰᠤᠳᠤᠯᠵᠤ ᠪᠣᠯᠬᠤᠶᠢᠴᠠ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠴᠣᠬᠤᠯᠠᠪᠤᠷᠢ ᠶᠢ ᠣᠯᠪᠠ᠃ ᠣᠶᠣᠨᠲᠤ ᠬᠤᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠵᠠᠰᠠᠭ ᠤᠨ ᠶᠠᠪᠤᠳᠠᠯ ᠤᠨ ᠡᠭᠦᠯᠡᠨ ᠲᠥᠪ᠂ ᠣᠶᠣᠨᠴᠢᠷ ᠭᠠᠶᠢᠯᠢ ᠶᠢᠨ ᠶᠠᠪᠤᠳᠠᠯ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠬᠢᠨᠠᠯᠲᠠ ᠲᠠᠯᠪᠢᠬᠤ ᠳᠠᠪᠴᠠᠩ ᠵᠡᠷᠭᠡ ᠨᠢᠭᠡ ᠪᠥᠯᠥᠭ ᠲᠥᠷᠥᠯ ᠵᠦᠢᠯ ᠢ ᠡᠵᠡᠩᠨᠡᠯᠲᠡ ᠳᠤ ᠣᠷᠣᠭᠤᠯᠪᠠ᠃ ᠬᠤᠲᠠ ᠶᠢᠨ ᠲᠣᠭᠤᠷᠢᠭ ᠤᠨ ᠪᠠᠷᠠᠭᠤᠨ ᠬᠡᠰᠡᠭ ᠤᠨ ᠨᠢᠭᠡ ᠴᠣᠭᠴᠠᠲᠤ ᠥᠨᠳᠥᠷ ᠴᠢᠨᠰᠠᠭ᠎ᠠ ᠲᠠᠢ ᠬᠥᠭᠵᠢᠯᠲᠡ ᠶᠢ ᠡᠬᠢᠯᠡᠭᠦᠯᠵᠦ᠂ ᠬᠤᠲᠠ ᠶᠢᠨ ᠵᠡᠭᠦᠨ ᠪᠠᠷᠠᠭᠤᠨ ᠬᠡᠰᠡᠭ ᠤᠨ ᠬᠥᠭᠵᠢᠯᠲᠡ ᠨᠢ ᠲᠡᠩᠴᠡᠭᠦᠷᠢ ᠪᠤᠰᠤ ᠠᠰᠠᠭᠤᠳᠠᠯ ᠢ ᠬᠦᠴᠦᠯᠡᠨ ᠰᠢᠢᠳᠪᠦᠷᠢᠯᠡᠪᠡ᠃ ︽ᠠᠭᠤᠯᠠ ᠶᠢ ᠬᠤᠲᠠ ᠳᠤ ᠣᠷᠣᠭᠤᠯᠬᠤ︾᠂ ᠬᠠᠲᠤᠨ ᠭᠤᠣᠯ ᠤᠨ ᠳᠠᠭᠠᠤ ᠠᠮᠢ ᠠᠬᠤᠢ ᠶᠢᠨ ᠬᠤᠩᠬᠢᠯ᠂ ᠮᠤᠨᠢ ᠠᠭᠤᠯᠠ ᠶᠢᠨ ᠠᠷᠤ ᠬᠤᠷᠮᠣᠢ ᠶᠢᠨ ᠨᠣᠭᠤᠭᠠᠷᠠᠭᠤᠯᠤᠯᠲᠠ ᠵᠡᠷᠭᠡ ᠭᠤᠣᠯᠳᠠᠯᠭ᠎ᠠ ᠲᠠᠢ ᠢᠨᠵᠧᠨᠧᠷᠢᠩ ᠢ ᠪᠦᠬᠦ ᠲᠠᠯ᠎ᠠ ᠪᠠᠷ ᠬᠡᠷᠡᠭᠵᠢᠭᠦᠯᠵᠦ᠂ ᠠᠮᠢ ᠠᠬᠤᠢ ᠶᠢᠨ ᠰᠡᠷᠭᠦᠭᠡᠯᠲᠡ ᠶᠢ 37 ᠲᠦᠮᠡᠨ ᠮᠦ ᠪᠡᠶᠡᠯᠡᠭᠦᠯᠪᠡ᠃      ︵ᠲᠠᠪᠤ︶ ᠥᠭᠡᠷᠡᠴᠢᠯᠡᠯᠲᠡ ᠨᠡᠭᠡᠭᠡᠯᠲᠡ ᠶᠢᠨ ᠡᠷᠴᠢᠮ ᠢ ᠲᠠᠰᠤᠷᠠᠯᠲᠠ ᠦᠭᠡᠢ ᠴᠢᠩᠭᠠᠷᠠᠭᠤᠯᠪᠠ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷ ᠲᠠᠢ ᠥᠭᠡᠷᠡᠴᠢᠯᠡᠯᠲᠡ ᠶᠢ ᠦᠷᠭᠦᠯᠵᠢᠯᠡᠨ ᠲᠦᠯᠬᠢᠨ ᠠᠬᠢᠭᠤᠯᠵᠤ ᠂ ᠲᠣᠭᠲᠠᠭᠠᠯ ᠠᠴᠠ ᠵᠥᠷᠢᠴᠡᠨ ᠦᠢᠯᠡᠳᠪᠦᠷᠢᠯᠡᠯ ᠤᠨ ᠴᠢᠳᠠᠪᠬᠢ ᠶᠢ ᠰᠢᠨ᠎ᠡ ᠪᠠᠷ ᠨᠡᠮᠡᠭᠳᠡᠭᠦᠯᠬᠦ ᠶᠢ ᠡᠷᠡᠰ ᠬᠤᠷᠢᠭᠯᠠᠵᠤ ᠂ 61 ᠠᠵᠤ ᠠᠬᠤᠶᠢᠯᠠᠯ ᠢ ᠥᠪᠡᠷᠲᠡᠭᠡᠨ ᠵᠠᠰᠠᠬᠤ ᠣᠷᠣᠨ ᠤ ᠴᠠᠬᠢᠯᠭᠠᠨ ᠬᠦᠴᠦᠨ ᠤ ᠣᠯᠠᠨ ᠲᠠᠯᠠᠲᠤ ᠠᠷᠠᠯᠵᠢᠶ᠎ᠠ ᠶᠢᠨ ᠬᠦᠷᠢᠶ᠎ᠡ ᠬᠡᠪᠴᠢᠶᠡᠨ ᠳᠤ ᠣᠷᠣᠭᠤᠯᠵᠤ᠂ ᠠᠵᠤ ᠠᠬᠤᠶᠢᠯᠠᠯ ᠤᠨ ᠬᠡᠷᠡᠭᠯᠡᠬᠦ ᠴᠠᠬᠢᠯᠭᠠᠨ ᠤ ᠥᠪᠡᠷ ᠤᠨ ᠥᠷᠳᠡᠭ ᠢ 5 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠭᠤᠷᠠᠭᠤᠯᠪᠠ᠃ ︽ᠪᠠᠭᠤᠯᠭᠠᠬᠤ᠂ ᠬᠠᠮᠢᠶᠠᠷᠬᠤ᠂ ᠦᠢᠯᠡᠴᠢᠯᠡᠬᠦ︾ ᠥᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ︽ᠨᠢᠭᠡ ᠲᠠᠮᠠᠭ᠎ᠠ ᠪᠠᠷ ᠬᠢᠨᠠᠨ ᠵᠥᠪᠰᠢᠶᠡᠷᠡᠬᠦ︾ ᠴᠤ᠋ ᠰᠢᠨ᠎ᠡ ᠬᠢᠨᠠᠨ ᠵᠥᠪᠰᠢᠶᠡᠷᠡᠯᠲᠡ ᠶᠢᠨ ᠬᠡᠯᠪᠡᠷᠢ ᠶᠢ ᠠᠩᠬ᠎ᠠ ᠠᠯᠬᠤᠮ ᠪᠠᠶᠢᠭᠤᠯᠪᠠ᠃ ᠬᠡᠷᠡᠭ ᠶᠠᠪᠤᠳᠠᠯ ᠭᠦᠢᠴᠡᠳᠬᠡᠬᠦ ᠠᠯᠬᠤᠮ ᠳᠠᠷᠠᠭ᠎ᠠ ᠶᠢ ᠤᠯᠠᠮ ᠨᠢᠭᠡ ᠠᠯᠬᠤᠮ ᠬᠢᠯᠪᠠᠷᠴᠢᠯᠠᠵᠤ᠂ ︽32 ᠦᠨᠡᠮᠯᠡᠯ ᠢ ᠨᠢᠭᠡᠳᠬᠡᠬᠦ︾ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ︽ᠦᠨᠡᠮᠯᠡᠯ ᠭᠡᠷᠡᠴᠢ ᠶᠢ ᠰᠠᠯᠭᠠᠬᠤ︾ ᠶᠢ ᠴᠡᠭ ᠲᠣᠭᠲᠠᠭᠠᠨ ᠬᠡᠷᠡᠭᠵᠢᠭᠦᠯᠵᠦ᠂ ᠠᠵᠤ ᠠᠬᠤᠶᠢᠯᠠᠯ ᠤᠨ ᠨᠡᠭᠡᠭᠡᠨ ᠡᠷᠬᠢᠯᠡᠬᠦ ᠴᠠᠭ ᠢ 5 ᠠᠵᠢᠯᠯᠠᠬᠤ ᠡᠳᠦᠷ ᠬᠦᠷᠲᠡᠯ᠎ᠡ ᠪᠠᠭᠠᠰᠬᠠᠵᠤ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠰᠢᠨ᠎ᠡ ᠪᠠᠷ 5.2 ᠲᠦᠮᠡ ᠨᠡᠮᠡᠭᠳᠡᠭᠦᠯᠪᠡ᠃ ᠥᠯᠥ ᠬᠥᠳᠡᠯᠬᠦ ᠬᠥᠷᠥᠩᠭᠡ ᠶᠢᠨ ᠳᠠᠩᠰᠠᠯᠠᠯ᠂ ᠠᠷᠠᠯᠵᠢᠶ᠎ᠠ᠂ ᠭᠠᠶᠢᠯᠢ ᠶᠢᠨ ᠶᠠᠪᠤᠳᠠᠯ ᠤᠨ ︽ᠨᠢᠭᠡ ᠴᠣᠩᠬᠤᠪᠴᠢ︾ ᠶᠢᠨ ᠶᠡᠷᠦᠩᠬᠡᠶᠢᠯᠡᠨ ᠬᠦᠯᠢᠶᠡᠨ ᠠᠪᠴᠤ ᠰᠢᠢᠳᠪᠦᠷᠢᠯᠡᠬᠦ ᠠᠵᠢᠯ ᠨᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠶᠢᠰᠢᠶᠠᠯ ᠢ ᠬᠦᠷᠲᠡᠪᠡ᠃ ᠡᠳ᠋ ᠤᠨ ᠵᠠᠰᠠᠭ ᠭᠠᠶᠢᠯᠢ ᠶᠢᠨ ᠶᠠᠪᠤᠳᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠤᠷᠤᠭᠰᠢᠲᠠᠢ ᠬᠡᠷᠡᠭᠵᠢᠭᠦᠯᠵᠦ᠂ 7 ᠶᠡᠭᠡ ᠲᠥᠷᠥᠯ ᠤᠨ 133 ᠭᠠᠶᠢᠯᠢ ᠳᠤ ᠬᠤᠯᠪᠣᠭᠳᠠᠬᠤ ᠬᠡᠷᠡᠭ ᠶᠠᠪᠤᠳᠠᠯ ᠴᠥᠮ ︽ᠬᠠᠮᠤᠭ ᠣᠯᠠᠨ ᠳᠠᠭᠠᠨ ᠨᠢᠭᠡ ᠤᠳᠠᠭ᠎ᠠ ᠭᠦᠶᠦᠬᠦ︾ ᠶᠢ ᠪᠡᠶᠡᠯᠡᠭᠦᠯᠪᠡ᠃ ᠤᠯᠤᠰ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠢᠳᠡᠪᠬᠢᠲᠡᠢ ᠪᠠᠷ ᠠᠬᠢᠭᠤᠯᠤᠨ᠂ ᠬᠥᠬᠡᠬᠤᠲᠠ ᠶᠢᠨ ᠤᠯᠤᠰ ᠤᠨ ᠥᠮᠴᠢᠯᠡᠯ ᠤᠨ ᠬᠥᠷᠥᠩᠭᠡ ᠡᠵᠡᠩᠨᠡᠬᠦ ᠺᠣᠮᠫᠠᠨᠢ ᠶᠢ ᠥᠭᠡᠷᠡᠴᠢᠯᠡᠨ ᠪᠠᠶᠢᠭᠤᠯᠵᠤ᠂ ᠡᠵᠡᠩᠨᠡᠯᠲᠡ ᠶᠢᠨ ᠴᠢᠨᠠᠷ ᠲᠠᠢ ᠤᠯᠤᠰ ᠤᠨ ᠪᠡᠯᠡ ᠬᠥᠷᠥᠩᠭᠡ ᠶᠢᠨ ᠨᠢᠭᠡᠳᠦᠯᠲᠡᠢ ᠬᠢᠨᠠᠨ ᠬᠠᠮᠢᠶᠠᠷᠤᠯᠲᠠ ᠦᠨᠡᠨ ᠪᠣᠳᠠᠳᠤ ᠠᠬᠢᠯᠲᠠ ᠲᠠᠢ ᠪᠣᠯᠪᠠ᠃ ᠬᠥᠳᠡᠭᠡ ᠲᠣᠰᠬᠤᠨ ᠤ ᠭᠠᠵᠠᠷ ᠰᠢᠷᠤᠢ ᠶᠢᠨ ︽ᠭᠤᠷᠪᠠᠨ ᠡᠷᠬᠡ ᠶᠢ ᠰᠠᠯᠭᠠᠬᠤ︾ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠢ ᠥᠷᠨᠢᠭᠦᠯᠵᠦ᠂ ᠣᠶᠢᠲᠤ ᠭᠠᠵᠠᠷ ᠢ ᠡᠷᠬᠡ ᠲᠣᠭᠲᠠᠭᠠᠨ ᠦᠨᠡᠮᠯᠡᠯ ᠣᠯᠭᠤᠬᠤ ᠪᠠ ᠬᠥᠳᠡᠭᠡ ᠲᠣᠰᠬᠤᠨ ᠤ ᠭᠠᠵᠠᠷ ᠰᠢᠷᠣᠢ᠂ ᠲᠠᠯ᠎ᠠ ᠨᠤᠲᠤᠭ ᠤᠨ ᠡᠷᠬᠡ ᠶᠢ ᠨᠤᠲᠠᠯᠠᠨ ᠲᠣᠭᠲᠠᠭᠠᠬᠤ ᠳᠠᠩᠰᠠᠯᠠᠬᠤ ᠠᠵᠢᠯ ᠢ ᠲᠦᠯᠬᠢᠨ ᠠᠬᠢᠭᠤᠯᠪᠠ᠃ ᠭᠠᠳᠠᠭᠠᠳᠤ ᠨᠡᠭᠡᠭᠡᠯᠲᠡ ᠰᠢᠨ᠎ᠡ ᠠᠬᠢᠯᠲᠠ ᠲᠠᠢ ᠪᠣᠯᠵᠤ᠂ ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠭᠠᠯᠲᠤ ᠲᠡᠷᠭᠡ ᠶᠢ ᠠᠩᠬ᠎ᠠ ᠤᠳᠠᠭ᠎ᠠ ᠨᠡᠪᠲᠡᠷᠡᠭᠦᠯᠵᠦ᠂ ᠢᠨᠳᠤᠨᠧᠰᠢᠶ᠎ᠠ ᠶᠢᠨ ᠵᠠᠺᠠᠷᠲ᠋ᠠ ᠳᠤ ︽ᠬᠥᠬᠡᠬᠤᠲᠠ ᠶᠢ ᠲᠠᠨᠢᠯᠴᠠᠭᠤᠯᠬᠤ ᠬᠤᠷᠠᠯ︾ ᠢ ᠡᠷᠬᠢᠯᠡᠵᠦ᠂ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠪᠠᠶᠢᠭᠠᠳ ᠮᠣᠩᠭᠤᠯ ᠤᠯᠤᠰ᠂ ᠣᠷᠣᠰ ᠵᠡᠷᠭᠡ ᠤᠯᠤᠰ ᠤᠨ ᠡᠷᠬᠢᠯᠡᠭᠰᠡᠨ ᠲᠠᠸᠠᠷ ᠤᠨ ᠦᠵᠡᠭᠦᠯᠭᠡ ᠳᠤ ᠣᠷᠣᠯᠴᠠᠭᠤᠯᠪᠠ᠃ 20 ᠳ᠋ᠤᠭᠠᠷ ᠬᠤᠭᠤᠴᠠᠭᠠᠨ ᠤ ᠳᠤᠮᠳᠠᠳᠤ ᠶᠠᠫᠤᠨ ᠺᠣᠷᠢᠶᠠ ᠶᠢᠨ ᠨᠥᠬᠦᠷᠰᠡᠭ ᠬᠤᠲᠠ ᠶᠢᠨ ᠰᠣᠯᠢᠯᠴᠠᠭ᠎ᠠ ᠶᠢᠨ ᠶᠡᠭᠡ ᠬᠤᠷᠠᠯ ᠳᠤ ᠢᠳᠡᠪᠬᠢᠲᠡᠢ ᠣᠷᠣᠯᠴᠠᠵᠤ᠂ ︽ᠰᠢᠯᠢᠳᠡᠭ ᠨᠥᠬᠦᠷᠰᠡᠭ ᠬᠤᠲᠠ ᠶᠢᠨ ᠬᠠᠮᠲᠤᠷᠠᠯᠴᠠᠭᠠᠨ ᠤ ᠱᠠᠩᠨᠠᠯ︾ ᠢ ᠣᠯᠪᠠ᠃ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ ᠬᠥᠭᠵᠢᠬᠦ ᠥᠷᠭᠡᠳᠬᠡᠯ ᠤᠨ ᠣᠷᠣᠨ ᠢ ᠪᠦᠬᠦ ᠲᠠᠯ᠎ᠠ ᠪᠠᠷ ᠴᠣᠭᠴᠠᠯᠠᠵᠤ᠂ ᠬᠤᠲᠠ ᠶᠢᠨ ᠲᠣᠭᠤᠷᠢᠭ ᠤᠨ ᠪᠠᠷᠠᠭᠤᠨ ᠬᠡᠰᠡᠭ ᠲᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠤ ᠦᠢᠯᠡᠰ ᠤᠨ ᠬᠦᠷᠢᠶᠡᠯᠡᠩ ᠢ ᠲᠥᠯᠥᠪᠵᠢᠭᠦᠯᠦᠨ ᠬᠡᠷᠡᠭᠵᠢᠭᠦᠯᠪᠡ᠃ ᠬᠤᠳᠠᠯᠳᠤᠭᠠᠴᠢᠨ ᠤᠷᠢᠵᠤ ᠪᠡᠯᠡ ᠮᠥᠩᠭᠦ ᠲᠠᠲᠠᠬᠤ ᠡᠷᠴᠢᠮ ᠢᠶᠠᠨ ᠪᠦᠬᠦ ᠲᠠᠯ᠎ᠠ ᠪᠠᠷ ᠴᠢᠩᠭᠠᠷᠠᠭᠤᠯᠵᠤ᠂ ᠴᠢᠬᠤᠯᠠ ᠶᠡᠭᠡ ᠲᠥᠷᠥᠯ ᠵᠦᠢᠯ ᠢ 186 ᠣᠷᠣᠭᠤᠯᠵᠤ᠂ ᠨᠡᠶᠢᠲᠡ 2015.6 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠪᠠ᠃ ᠬᠥᠬᠡᠬᠤᠲᠠ ᠪᠣᠭᠤᠲᠤ ᠣᠷᠳᠣᠰ ᠤᠨ ᠬᠠᠮᠵᠢᠯᠴᠠᠨ ᠬᠥᠭᠵᠢᠬᠦ ᠶᠢ ᠴᠢᠩᠭᠠᠳᠬᠠᠵᠤ᠂ ᠠᠵᠤ ᠦᠢᠯᠡᠰ ᠬᠤᠯᠪᠣᠭᠠᠯᠠᠨ ᠬᠥᠳᠡᠯᠦᠯᠴᠡᠵᠦ᠂ ᠰᠠᠭᠤᠷᠢ ᠮᠡᠳᠡᠭᠡ ᠬᠤᠯᠪᠣᠭᠠᠯᠠᠨ ᠨᠡᠪᠲᠡᠷᠡᠯᠴᠡᠵᠦ᠂ ᠠᠮᠢ ᠠᠬᠤᠢ ᠬᠤᠯᠪᠣᠭᠠᠯᠠᠨ ᠵᠠᠰᠠᠬᠤ ᠵᠡᠷᠭᠡ ᠠᠵᠢᠯ ᠢ ᠲᠠᠰᠤᠷᠠᠯᠲᠠ ᠦᠭᠡᠢ ᠭᠦᠨᠵᠡᠭᠡᠶᠢᠷᠡᠭᠦᠯᠪᠡ᠃      ︵ᠵᠢᠷᠭᠤᠭ᠎ᠠ︶ ᠠᠷᠠᠳ ᠤᠨ ᠠᠮᠢᠳᠤᠷᠠᠯ ᠢ ᠦᠨᠡᠨᠬᠦ ᠪᠠᠲᠤᠯᠠᠨ ᠰᠠᠶᠢᠵᠢᠷᠠᠭᠤᠯᠪᠠ᠃ ᠬᠤᠲᠠ ᠪᠠᠯᠭᠠᠰᠤ ᠶᠢᠨ 4.17 ᠲᠦᠮᠡᠨ ᠬᠥᠮᠥᠨ ᠤ ᠠᠵᠢᠯ ᠣᠯᠭᠤᠯᠲᠠ ᠶᠢ ᠰᠢᠨ᠎ᠡ ᠪᠠᠷ ᠨᠡᠮᠡᠭᠳᠡᠭᠦᠯᠵᠦ᠂ ᠬᠥᠳᠡᠭᠡ ᠲᠣᠰᠬᠤᠨ ᠤ ᠬᠥᠳᠡᠯᠮᠦᠷᠢ ᠬᠦᠴᠦᠨ 29.1 ᠲᠦᠮᠡᠨ ᠬᠥᠮᠥᠨ ᠢ ᠰᠢᠯᠵᠢᠭᠦᠯᠦᠨ ᠠᠵᠢᠯ ᠣᠯᠭᠤᠵᠤ᠂ ᠬᠤᠲᠠ ᠪᠠᠯᠭᠠᠰᠤ ᠶᠢᠨ ᠪᠠᠶᠢᠴᠠᠭᠠᠯᠲᠠ ᠬᠢᠭᠰᠡᠨ ᠠᠵᠢᠯ ᠠᠯᠳᠠᠯᠲᠠ ᠶᠢᠨ ᠨᠤᠷᠮ᠎ᠠ ᠢ 5% ᠶᠢᠨ ᠳᠣᠲᠣᠷ᠎ᠠ ᠬᠢᠵᠠᠭᠠᠷᠯᠠᠵᠤ᠂ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠣᠯᠭᠤᠮᠵᠢ ᠶᠢ ᠪᠠᠲᠤᠯᠠᠬᠤ ᠬᠢᠨᠠᠨ ᠬᠠᠮᠢᠶᠠᠷᠤᠯᠲᠠ ᠶᠢᠨ ᠤᠷᠲᠤ ᠬᠤᠭᠤᠴᠠᠭ᠎ᠠ ᠪᠦᠬᠦᠢ ᠲᠣᠭᠲᠠᠴᠠ ᠶᠢ ᠲᠡᠭᠦᠯᠳᠡᠷᠵᠢᠭᠦᠯᠪᠡ᠃ ᠰᠤᠷᠭᠠᠭᠤᠯᠢ ᠶᠢᠨ ᠪᠠᠶᠢᠷᠢᠯᠠᠭᠤᠯᠤᠯᠲᠠ ᠶᠢ ᠰᠠᠶᠢᠵᠢᠷᠠᠭᠤᠯᠤᠨ ᠲᠣᠬᠢᠷᠠᠭᠤᠯᠵᠤ᠂ ᠪᠦᠬᠦ ᠬᠤᠲᠠ ᠳᠤ 12 ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠬᠤ ᠪᠤᠶᠤ ᠥᠷᠭᠡᠳᠬᠡᠨ ᠪᠠᠶᠢᠭᠤᠯᠵᠤ᠂ ᠪᠦᠬᠦ ᠬᠤᠰᠢᠭᠤ ᠰᠢᠶᠠᠨ ᠴᠥᠮ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠲᠡᠩᠴᠡᠭᠦᠷᠢ ᠲᠠᠢ ᠰᠢᠶᠠᠨ ᠤ ᠰᠢᠯᠭᠠᠨ ᠬᠤᠷᠢᠶᠠᠬᠤ ᠳᠤ ᠪᠠᠲᠤᠯᠠᠭᠳᠠᠪᠠ᠃ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶ᠎ᠠ ᠶᠢᠨ ᠥᠭᠡᠷᠡᠴᠢᠯᠡᠯᠲᠡ ᠶᠢ ᠢᠳᠡᠪᠬᠢᠲᠡᠢ ᠲᠦᠯᠬᠢᠨ ᠠᠬᠢᠭᠤᠯᠵᠤ᠂ ᠳᠠᠰ ᠬᠤᠪᠢᠶᠠᠨ ᠡᠮᠴᠢᠯᠡᠬᠦ ᠶᠢ ᠶᠡᠬᠡᠪᠡᠷ ᠬᠥᠭᠵᠢᠭᠦᠯᠵᠦ᠂ ᠡᠮ ᠡᠮᠨᠡᠯᠭᠡ ᠶᠢᠨ ᠬᠤᠯᠪᠤᠭᠠᠲᠤ ᠴᠣᠭᠴᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠡᠮᠴᠢᠯᠡᠭᠡᠨ ᠤ ᠪᠦᠯᠦᠭᠯᠡᠯ ᠢ 3᠂ ᠲᠤᠰᠬᠠᠢ ᠰᠠᠯᠠᠭ᠎ᠠ ᠶᠢᠨ ᠬᠤᠯᠪᠣᠭ᠎ᠠ ᠶᠢ 43᠂ ᠡᠮᠴᠢ ᠬᠠᠩᠭᠠᠬᠤ ᠴᠣᠭᠴᠠ ᠶᠢ 12 ᠂ ᠨᠡᠷᠡᠲᠦ ᠡᠮᠴᠢ ᠶᠢᠨ ᠠᠵᠢᠯᠯᠠᠬᠤ ᠲᠠᠰᠤᠭ ᠢ 32 ᠪᠠᠶᠢᠭᠤᠯᠵᠤ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠢ 10 ᠰᠢᠨ᠎ᠡ ᠪᠠᠷ ᠪᠠᠶᠢᠭᠤᠯᠬᠤ ᠪᠤᠶᠤ ᠥᠷᠭᠡᠳᠬᠡᠨ ᠪᠠᠶᠢᠭᠤᠯᠪᠠ᠃ ︽ᠶᠠᠳᠠᠭᠤ ᠬᠦᠴᠢᠷᠳᠡᠯᠲᠡᠢ ᠨᠠᠰᠤᠲᠠᠳ ᠢ ᠬᠠᠯᠠᠮᠵᠢᠯᠠᠬᠤ ᠬᠠᠷᠠᠭ᠎ᠠ ᠰᠡᠷᠭᠦᠭᠡᠬᠦ ᠠᠶᠠᠯᠠᠯ︾ ᠤᠨ ᠲᠠᠪᠤᠨ ᠵᠢᠯ ᠤᠨ ᠠᠵᠢᠯ ᠤᠨ ᠲᠥᠯᠥᠪᠯᠡᠭᠡ ᠶᠢ ᠡᠬᠢᠯᠡᠨ ᠬᠡᠷᠡᠭᠵᠢᠭᠦᠯᠵᠦ᠂ ᠰᠦᠢᠳᠬᠡᠯ ᠬᠤᠷᠢᠶᠠᠬᠤ ᠦᠭᠡᠢ ᠬᠠᠷᠠᠭ᠎ᠠ ᠰᠡᠷᠭᠦᠭᠡᠬᠦ ᠮᠡᠰᠡ ᠵᠠᠰᠠᠯ ᠢ 734 ᠬᠢᠪᠡ᠃ ᠪᠦᠬᠦ ᠠᠷᠠᠳ ᠤᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ ᠡᠯ᠎ᠡ ᠵᠦᠢᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠢ 105.2 ᠳ᠋ᠦᠩᠰᠢᠭᠤᠷ ᠲᠥᠭᠦᠷᠢᠭ ᠬᠤᠷᠢᠶᠠᠵᠤ᠂ ᠴᠠᠭ ᠲᠤᠬᠠᠢ ᠳᠤ ᠨᠢ ᠲᠤᠭ᠎ᠠ ᠶᠣᠰᠤᠭᠠᠷ 109.6 ᠳ᠋ᠦᠩᠰᠢᠭᠤᠷ ᠲᠥᠭᠦᠷᠢᠭ ᠢ ᠪᠠᠭᠤᠯᠭᠠᠪᠠ᠃ ᠡᠯ᠎ᠡ ᠲᠥᠷᠥᠯ ᠤᠨ ᠲᠡᠩᠬᠡᠷᠡᠭᠦᠯᠦᠨ ᠲᠤᠰᠠᠯᠠᠬᠤ ᠪᠡᠯᠡ ᠮᠥᠩᠭᠦ ᠶᠢ ᠨᠡᠶᠢᠲᠡ 5.74 ᠳ᠋ᠦᠩᠰᠢᠭᠤᠷ ᠲᠥᠭᠦᠷᠢᠭ ᠪᠠᠭᠤᠯᠭᠠᠵᠤ᠂ ᠬᠤᠲᠠ ᠬᠥᠳᠡᠭᠡ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯᠲᠡᠢ ᠲᠠᠢ ᠬᠥᠮᠥᠰ᠂ ᠥᠨᠥᠴᠢᠨ ᠬᠡᠦᠬᠡᠳ ᠤᠨ ᠡᠮ ᠡᠮᠨᠡᠯᠭᠡ ᠶᠢᠨ ᠦᠨᠳᠦᠰᠦᠨ ᠳᠠᠭᠠᠳᠬᠠᠯ ᠳᠤ ᠣᠷᠣᠯᠴᠠᠬᠤ ᠳᠤ ᠪᠦᠬᠦ ᠲᠤᠭ᠎ᠠ ᠪᠠᠷ ᠳᠡᠮᠵᠢᠪᠡ᠃ 43 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 10044 ᠲᠥᠬᠦᠮ ᠪᠦᠲᠦᠴᠡᠲᠦ ᠭᠡᠷ ᠪᠠᠶᠢᠰᠢᠩ ᠢ ᠥᠭᠡᠷᠡᠴᠢᠯᠡᠨ ᠵᠠᠰᠠᠬᠤ᠂ 11298 ᠡᠷᠦᠬᠡ ᠶᠢᠨ ᠪᠤᠴᠠᠭᠠᠨ ᠨᠡᠭᠦᠯᠭᠡᠨ ᠲᠥᠪᠬᠢᠨᠡᠭᠦᠯᠬᠦ ᠶᠢ ᠪᠡᠶᠡᠯᠡᠭᠦᠯᠪᠡ᠃ ᠤᠯᠤᠰ ᠤᠨ ᠬᠠᠮᠠᠭᠠᠯᠠᠯᠲᠠ ᠪᠣᠯᠣᠨ ᠴᠡᠷᠢᠭ ᠤᠨ ᠡᠩᠨᠡᠭᠡ ᠶᠢᠨ ᠥᠭᠡᠷᠡᠴᠢᠯᠡᠯᠲᠡ ᠶᠢ ᠢᠳᠡᠪᠬᠢᠲᠡᠢ ᠳᠡᠮᠵᠢᠵᠦ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡ ᠬᠠᠮᠢᠶᠠᠷᠤᠯᠲᠠ ᠶᠢᠨ ᠠᠵᠢᠯ ᠢ ᠲᠣᠭᠲᠠᠭᠤᠨ ᠪᠠᠷ ᠠᠬᠢᠭᠤᠯᠵᠤ᠂ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ᠂ ᠴᠡᠷᠢᠭ ᠠᠷᠠᠳ ᠠᠭᠤᠰᠤᠯᠴᠠᠬᠤ᠂ ᠴᠡᠷᠢᠭ ᠠᠩᠭᠢ ᠦᠨ᠎ᠡ ᠲᠥᠯᠥᠪᠦᠷᠢ ᠲᠠᠢ ᠦᠢᠯᠡᠴᠢᠯᠡᠭᠡ ᠪᠠᠨ ᠵᠣᠭᠰᠤᠭᠠᠬᠤ ᠪᠠ ᠬᠥᠬᠡᠬᠤᠲᠠ ᠳᠤ ᠰᠠᠭᠤᠭ᠎ᠠ ᠴᠡᠷᠢᠭ ᠠᠩᠭᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠣᠷᠣᠯᠴᠠᠬᠤ ᠵᠡᠷᠭᠡ ᠲᠠᠯ᠎ᠠ ᠪᠠᠷ ᠢᠯᠡᠳᠲᠡ ᠠᠮᠵᠢᠯᠲᠠ ᠣᠯᠪᠠ᠃ ᠰᠣᠶᠣᠯ ᠤᠨ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠭᠦᠨᠵᠡᠭᠡᠢ ᠠᠬᠢᠭᠤᠯᠵᠤ᠂ 4 ᠤᠯᠠᠭᠠᠨᠮᠥ᠋ᠴᠢᠷ ᠤᠨ ᠡᠩᠨᠡᠭᠡ ᠶᠢ ᠰᠡᠷᠭᠦᠭᠡᠨ ᠪᠠᠶᠢᠭᠤᠯᠵᠤ᠂ ︽ᠬᠤᠨ ᠭᠠᠯᠠᠭᠤ ᠤᠩᠰᠢᠯᠭ᠎ᠠ︾ ᠶᠢᠨ ᠲᠥᠯᠥᠪᠯᠡᠭᠡ ᠶᠢ ᠪᠦᠬᠦ ᠣᠷᠣᠨ ᠳᠤ ᠳᠡᠯᠭᠡᠷᠡᠭᠦᠯᠵᠦ᠂ ᠦᠨᠳᠦᠰᠦᠨ ᠱᠠᠲᠤᠨ ᠤ ᠣᠯᠠᠨ ᠨᠡᠶᠢᠲᠡ ᠶᠢᠨ ᠰᠣᠶᠣᠯ ᠤᠨ ᠥᠷᠲᠡᠭᠡ ᠶᠢ ᠨᠡᠶᠢᠲᠡ 1332 ᠪᠠᠶᠢᠭᠤᠯᠵᠤ᠂ ᠤᠯᠤᠰ ᠤᠨ ᠣᠯᠠᠨ ᠨᠡᠶᠢᠲᠡ ᠶᠢᠨ ᠰᠣᠶᠣᠯ ᠤᠨ ᠵᠢᠱᠢᠶ᠎ᠡ ᠦᠵᠡᠭᠦᠯᠬᠦ ᠲᠣᠭᠤᠷᠢᠭ ᠤᠨ ᠡᠴᠦᠰ ᠤᠨ ᠰᠢᠯᠭᠠᠨ ᠬᠤᠷᠢᠶᠠᠬᠤ ᠳᠤ ᠪᠠᠲᠤᠯᠠᠭᠳᠠᠪᠠ᠃ ᠥᠪᠥᠷ ᠮᠣᠩᠭᠤᠯ ᠤᠨ ᠬᠤᠪᠢᠰᠬᠠᠯ ᠤᠨ ᠲᠡᠦᠬᠡ ᠶᠢᠨ ᠮᠦᠽᠧᠢ᠂ ᠥᠪᠥᠷ ᠮᠣᠩᠭᠤᠯ ᠤᠨ ᠣᠯᠠᠨ ᠲᠦᠮᠡᠨ ᠤ ᠤᠷᠠᠯᠢᠭ ᠤᠨ ᠣᠷᠳᠣᠨ᠂ ᠤᠯᠠᠭᠠᠨᠮᠥ᠋ᠴᠢᠷ ᠲᠢᠶᠠᠲᠷ᠂ ᠰᠣᠶᠣᠯ ᠤᠨ ᠵᠣᠴᠢᠳ ᠤᠨ ᠥᠷᠥᠭᠡ ᠵᠡᠷᠭᠡ ᠲᠠᠯᠠᠪᠠᠢ ᠭᠠᠵᠠᠷ ᠤᠨ ᠪᠦᠲᠦᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠠᠬᠢᠭᠤᠯᠪᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠪᠦᠬᠦ ᠲᠠᠯ᠎ᠠ ᠪᠠᠷ ᠥᠷᠨᠢᠭᠦᠯᠵᠦ᠂ ᠣᠯᠠᠨ ᠲᠦᠮᠡᠨ ᠤ ᠠᠮᠢ ᠪᠡᠶ᠎ᠡ ᠶᠢᠨ ᠠᠰᠢᠭ ᠲᠤᠰᠠ ᠳᠤ ᠬᠠᠯᠳᠠᠭᠰᠠᠨ ᠨᠢᠭᠡ ᠪᠥᠯᠥᠭ ᠬᠠᠷ᠎ᠠ ᠪᠦᠯᠦᠭᠲᠡᠨ ᠬᠠᠷᠭᠢᠰ ᠬᠦᠴᠦᠨ ᠢ ᠬᠠᠤᠯᠢ ᠶᠣᠰᠤᠭᠠᠷ ᠰᠢᠢᠳᠬᠡᠪᠡ᠃ ᠠᠶᠤᠯ ᠦᠭᠡᠢ ᠦᠢᠯᠡᠳᠪᠦᠷᠢᠯᠡᠯ ᠲᠣᠭᠲᠠᠭᠤᠨ ᠪᠠᠶᠢᠳᠠᠯ ᠢᠶᠠᠨ ᠪᠠᠷᠢᠮᠲᠠᠯᠠᠵᠤ᠂ ᠪᠦᠬᠦ ᠵᠢᠯ ᠳᠤ ᠬᠦᠨᠳᠦ ᠣᠨᠴᠠ ᠶᠡᠭᠡ ᠠᠶᠤᠯ ᠦᠭᠡᠢ ᠶᠢᠨ ᠦᠢᠯᠡᠳᠪᠦᠷᠢᠯᠡᠯ ᠤᠨ ᠠᠳᠡᠯ ᠭᠠᠷᠤᠭᠰᠠᠨ ᠦᠭᠡᠢ᠃      ᠨᠢᠭᠡ ᠵᠢᠯ ᠤᠨ ᠲᠤᠷᠰᠢ᠂ ᠪᠢᠳᠡ ᠴᠠᠭ ᠢᠮᠠᠭᠲᠠ ᠲᠤᠰ ᠪᠡᠶ᠎ᠡ ᠶᠢᠨ ᠪᠦᠲᠦᠭᠡᠨ ᠪᠠᠶᠢᠭᠤᠯᠤᠯᠲᠠ ᠶᠢ ᠴᠢᠬᠤᠯᠠ ᠪᠠᠶᠢᠷᠢᠨ ᠳᠤ ᠲᠠᠯᠪᠢᠵᠤ᠂ ᠤᠯᠤᠰ ᠲᠥᠷᠥ ᠶᠢᠨ ᠵᠣᠭᠰᠣᠯᠲᠠ ᠪᠠᠨ ᠲᠠᠰᠤᠷᠠᠯᠲᠠ ᠳᠡᠭᠡᠭᠰᠢᠯᠡᠭᠦᠯᠵᠦ᠂ ᠨᠠᠮ ᠢ ᠬᠠᠮᠢᠶᠠᠷᠬᠤ ᠨᠠᠮ ᠢ ᠵᠠᠰᠠᠬᠤ ᠬᠠᠷᠢᠴᠠᠭᠤᠯᠭ᠎ᠠ ᠶᠢ ᠬᠢᠨᠠᠮᠠᠭᠠᠢ ᠭᠦᠢᠴᠡᠳᠬᠡᠵᠦ᠂ ᠨᠠᠮ ᠤᠨ ᠰᠤᠷᠲᠠᠯ ᠴᠢᠬᠡᠴᠢ ᠵᠠᠰᠠᠭ ᠤᠨ ᠪᠦᠲᠦᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠥᠷᠭᠡᠨ ᠣᠯᠠᠨ ᠨᠠᠮ ᠤᠨ ᠬᠡᠰᠢᠭᠦᠨ ᠺᠠᠳ᠋ᠷᠴᠤᠳ ᠤᠨ ︽ᠳᠥᠷᠪᠡᠨ ᠤᠬᠠᠮᠰᠠᠷ︾ ᠲᠠᠰᠤᠷᠠᠯᠲᠠ ᠦᠭᠡᠢ ᠴᠢᠩᠭᠠᠷᠠᠪᠠ᠃ ᠵᠠᠰᠠᠭ ᠵᠠᠬᠢᠷᠭᠠᠨ ᠤ ᠰᠤᠷᠲᠠᠯ ᠢ ᠦᠷᠭᠦᠯᠵᠢᠯᠡᠨ ᠰᠠᠶᠢᠵᠢᠷᠠᠭᠤᠯᠵᠤ᠂ ᠲᠥᠪ ᠬᠤᠷᠢᠶ᠎ᠠ ᠶᠢᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠪᠡ᠃ ᠪᠦᠬᠦ ᠵᠢᠯ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠯ ᠢ 341᠂ ᠤᠯᠤᠰ ᠲᠥᠷᠥ ᠶᠢᠨ ᠵᠥᠪᠯᠡᠯᠭᠡᠨ ᠤ ᠬᠡᠰᠢᠭᠦᠳ ᠤᠨ ᠰᠠᠨᠠᠯ ᠳᠤᠷᠠᠳᠤᠯᠭ᠎ᠠ ᠶᠢ 522 ᠰᠢᠢᠳᠪᠦᠷᠢᠯᠡᠵᠦ᠂ ᠰᠢᠢᠳᠪᠦᠷᠢᠯᠡᠨ ᠳᠠᠭᠤᠰᠤᠭᠰᠠᠨ ᠨᠤᠷᠮ᠎ᠠ ᠴᠥᠮ 100% ᠳᠤ ᠬᠦᠷᠪᠡ᠃ ᠬᠠᠤᠯᠢ ᠶᠣᠰᠤᠭᠠᠷ ᠵᠠᠰᠠᠭ ᠶᠠᠪᠤᠭᠤᠯᠬᠤ ᠶᠢ ᠪᠠᠷᠢᠮᠲᠠᠯᠠᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠲᠦᠯᠬᠢᠨ ᠠᠬᠢᠭᠤᠯᠵᠤ᠂ ᠵᠠᠰᠠᠭ ᠤᠨ ᠣᠷᠳᠣᠨ ᠤ ᠣᠯᠠᠨ ᠨᠡᠶᠢᠲᠡ ᠶᠢ ᠢᠲᠡᠭᠡᠭᠦᠯᠬᠦ ᠬᠦᠴᠦᠨ᠂ ᠭᠦᠢᠴᠡᠳᠬᠡᠬᠦ ᠬᠦᠴᠦᠨ ᠲᠠᠰᠤᠷᠠᠯᠲᠠ ᠦᠭᠡᠢ ᠴᠢᠩᠭᠠᠷᠠᠪᠠ᠃      ᠲᠥᠯᠥᠭᠡᠯᠡᠭᠴᠢᠳ ᠡ᠂ ᠳᠡᠭᠡᠷᠡᠬᠢ ᠠᠮᠵᠢᠯᠲᠠ ᠶᠢ ᠣᠯᠣᠭᠰᠠᠨ ᠨᠢ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠳᠣᠲᠣᠨᠣ ᠬᠠᠯᠠᠮᠵᠢᠯᠠᠯ ᠤᠨ ᠦᠷ᠎ᠡ ᠳ᠋ᠦᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠬᠤᠲᠠ ᠶᠢᠨ ᠨᠠᠮ ᠤᠨ ᠬᠤᠷᠢᠶ᠎ᠠ ᠶᠢᠨ ᠵᠥᠪ ᠣᠨᠣᠪᠴᠢᠲᠠᠢ ᠤᠳᠤᠷᠢᠳᠤᠯᠭ᠎ᠠ ᠶᠢᠨ ᠦᠷ᠎ᠡ ᠳ᠋ᠦᠩ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ᠂ ᠬᠠᠮᠲᠤ ᠶᠢᠨ ᠴᠢᠷᠮᠠᠶᠢᠯᠲᠠ ᠶᠢᠨ ᠦᠷ᠎ᠡ ᠳ᠋ᠦᠩ᠂ ᠪᠦᠬᠦ ᠬᠤᠲᠠ ᠶᠢᠨ ᠡᠯ᠎ᠡ ᠦᠨᠳᠦᠰᠦᠲᠡᠨ ᠨᠦᠭᠦᠳ ᠤᠨ ᠪᠦᠯᠬᠦᠮᠳᠡᠯ ᠲᠡᠮᠡᠴᠡᠯ᠂ ᠰᠢᠷᠭᠠᠭᠤ ᠦᠨᠡᠨᠴᠢ ᠠᠵᠢᠯᠯᠠᠭᠰᠠᠨ ᠤ ᠦᠷ᠎ᠡ ᠳ᠋ᠦᠩ ᠪᠣᠯᠣᠨ᠎ᠠ᠃ ᠠᠳᠡ᠂ ᠪᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ᠂ ᠬᠤᠷᠠᠯ ᠤᠨ ᠲᠥᠯᠥᠭᠡᠯᠡᠭᠴᠢᠳ᠂ ᠬᠡᠰᠢᠭᠦᠳ ᠪᠣᠯᠣᠨ ᠪᠦᠬᠦ ᠬᠤᠲᠠ ᠶᠢᠨ ᠡᠯ᠎ᠡ ᠦᠨᠳᠦᠰᠦᠲᠡᠨ ᠨᠦᠭᠦᠳ ᠤᠨ ᠠᠷᠠᠳ ᠲᠦᠮᠡᠨ᠂ ᠬᠥᠬᠡᠬᠤᠲᠠ ᠶᠢᠨ ᠪᠦᠲᠦᠭᠡᠨ ᠪᠠᠶᠢᠭᠤᠯᠤᠯᠲᠠ ᠶᠢ ᠠᠩᠬᠠᠷᠴᠤ᠂ ᠳᠡᠮᠵᠢᠵᠦ ᠪᠠᠶᠢᠭ᠎ᠠ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠢᠯᠡᠳᠬᠡᠶ᠎ᠡ︕      ᠠᠮᠵᠢᠯᠲᠠ ᠪᠠᠨ ᠨᠤᠲᠠᠯᠠᠬᠤ ᠶᠢᠨ ᠬᠠᠮᠲᠤ᠂ ᠪᠢᠳᠡ ᠪᠠᠰᠠ ᠬᠥᠭᠵᠢᠯᠲᠡ ᠶᠢᠨ ᠳᠤᠮᠳᠠ ᠣᠷᠣᠰᠢᠵᠤ ᠪᠠᠶᠢᠭ᠎ᠠ ᠮᠠᠰᠢ ᠣᠯᠠᠨ ᠬᠦᠴᠢᠷᠳᠡᠯᠲᠡᠢ ᠪᠣᠯᠣᠨ ᠬᠦᠷᠦᠯᠴᠡᠬᠦ ᠦᠭᠡᠢ ᠲᠠᠯ᠎ᠠ ᠪᠠᠨ ᠣᠯᠵᠤ ᠬᠠᠷᠠᠪᠠ᠃ ᠨᠢᠭᠡ ᠳᠤ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠡᠭᠡ ᠪᠢᠰᠢ᠂ ᠠᠵᠤ ᠦᠢᠯᠡᠳᠪᠦᠷᠢ ᠶᠢᠨ ᠬᠥᠭᠵᠢᠯᠲᠡ ᠭᠦᠢᠴᠡᠳ ᠪᠢᠰᠢ᠂ ᠣᠳᠣ ᠦᠶ᠎ᠡ ᠶᠢᠨ ᠦᠢᠯᠡᠴᠢᠯᠡᠭᠡ ᠶᠢᠨ ᠦᠢᠯᠡᠰ ᠬᠠᠷᠢᠴᠠᠩᠭᠤᠢ ᠬᠤᠴᠣᠷᠣᠩᠭᠤᠢ᠂ ᠠᠵᠤ ᠠᠬᠤᠢ ᠶᠢᠨ ᠪᠠᠭᠤᠷᠠᠯᠲᠠ ᠶᠢ ᠠᠷᠭᠠᠴᠠᠬᠤ ᠡᠷᠭᠢᠯᠲᠡ ᠶᠢᠨ ᠣᠷᠣᠨ ᠵᠠᠢ ᠪᠠᠭ᠎ᠠ᠃ ᠬᠤᠶᠠᠷ ᠲᠤ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠬᠢᠷᠢ ᠲᠦᠪᠰᠢᠨ ᠥᠨᠳᠦᠷ ᠪᠢᠰᠢ᠂ ᠰᠢᠨ᠎ᠡ ᠶᠢ ᠡᠭᠦᠳᠬᠦ ᠴᠢᠳᠠᠪᠤᠷᠢ ᠴᠢᠩᠭ᠎ᠠ ᠪᠢᠰᠢ᠂ ᠴᠢᠳᠠᠪᠤᠷᠢᠲᠠᠨ ᠤ ᠬᠠᠩᠭᠠᠯᠭ᠎ᠠ ᠬᠡᠷᠡᠭᠴᠡᠭᠡ ᠶᠢᠨ ᠵᠥᠷᠢᠴᠡᠯ ᠳᠣᠪᠤᠶᠢᠮ᠎ᠠ᠂ ᠥᠨᠳᠥᠷ ᠴᠢᠨᠰᠠᠭ᠎ᠠ ᠲᠠᠢ ᠬᠥᠭᠵᠢᠯᠲᠡ ᠶᠢ ᠪᠡᠶᠡᠯᠡᠭᠦᠯᠬᠦ ᠬᠦᠳᠡᠯᠭᠡᠬᠦ ᠬᠦᠴᠦᠨ ᠬᠦᠷᠦᠯᠴᠡᠬᠦ ᠦᠭᠡᠢ᠃ ᠭᠤᠷᠪᠠ ᠳᠤ ᠨᠡᠭᠡᠭᠡᠯᠲᠡ ᠶᠢᠨ ᠳᠠᠪᠴᠠᠩ ᠤᠨ ᠪᠦᠲᠦᠭᠡᠨ ᠪᠠᠶᠢᠭᠤᠯᠤᠯᠲᠠ ᠬᠠᠷᠢᠴᠠᠩᠭᠤᠢ ᠬᠤᠴᠣᠷᠣᠩᠭᠤᠢ᠂ ᠠᠷᠠᠳ ᠤᠨ ᠳᠤᠮᠳᠠᠬᠢ ᠪᠡᠯᠡ ᠣᠷᠤᠭᠤᠯᠤᠯᠲᠠ ᠶᠢᠨ ᠬᠦᠴᠦᠨ ᠮᠡᠬᠦᠰᠳᠡᠵᠦ᠂ ᠪᠤᠳᠠᠳᠤ ᠠᠵᠤ ᠠᠬᠤᠢ ᠶᠢᠨ ᠬᠢᠷᠢ ᠲᠦᠪᠰᠢᠨ ᠳᠡᠭᠡᠭᠰᠢᠯᠡᠬᠦ ᠴᠢᠬᠤᠯᠠ ᠲᠠᠢ ᠪᠠᠶᠢᠨ᠎ᠠ᠃ ᠳᠥᠷᠪᠡ ᠳᠤ ᠬᠥᠳᠡᠭᠡ ᠠᠵᠤ ᠠᠬᠤᠢ ᠬᠥᠳᠡᠭᠡ ᠲᠣᠰᠬᠤᠨ ᠤ ᠬᠥᠭᠵᠢᠯᠲᠡ ᠶᠢᠨ ᠲᠤᠲᠠᠭᠤᠳᠠᠯ ᠳᠣᠪᠤᠶᠢᠮ᠎ᠠ᠂ ᠲᠠᠷᠢᠶᠠᠯᠠᠩ ᠤᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠬᠢᠷᠢ ᠬᠡᠮᠵᠢᠶ᠎ᠡ ᠳᠣᠣᠷ᠎ᠠ᠂ ᠲᠠᠷᠢᠶᠠᠯᠠᠩ ᠤᠨ ᠦᠢᠯᠡᠳᠪᠦᠷᠢᠯᠡᠯ ᠤᠨ ᠠᠷᠭ᠎ᠠ ᠮᠠᠶ᠋ᠢᠭ ᠪᠠᠰᠠ ᠨᠡᠯᠢᠶᠡᠳ ᠤᠯᠠᠮᠵᠢᠯᠠᠯᠲᠤ ᠮᠠᠶ᠋ᠢᠭ ᠤᠨ ᠪᠠᠶᠢᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠪᠠᠲᠤᠯᠠᠭ᠎ᠠ ᠶᠢᠨ ᠴᠢᠳᠠᠪᠤᠷᠢ᠂ ᠶᠡᠷᠦᠩᠬᠡᠢ ᠦᠢᠯᠡᠴᠢᠯᠡᠭᠡᠨ ᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠳᠠᠷᠤᠢ ᠲᠦᠷᠭᠡᠨ ᠴᠢᠩᠭᠠᠳᠬᠠᠬᠤ ᠴᠢᠬᠤᠯᠠ ᠲᠠᠢ᠃ ᠲᠠᠪᠤ ᠳᠤ ᠬᠤᠲᠠ ᠶᠢᠨ ᠣᠷᠣᠨ ᠵᠠᠢ ᠶᠢᠨ ᠪᠠᠶᠢᠷᠢᠯᠠᠭᠤᠯᠤᠯᠲᠠ ᠰᠢᠯᠢᠳᠡᠭ ᠪᠤᠰᠤ᠂ ᠣᠷᠣᠨ ᠨᠤᠲᠤᠭ ᠤᠨ ᠬᠤᠭᠤᠷᠣᠨᠳᠤ ᠬᠤᠲᠠ ᠬᠥᠳᠡᠭᠡ ᠶᠢᠨ ᠬᠤᠭᠤᠷᠣᠨᠳᠤᠬᠢ ᠬᠥᠭᠵᠢᠯᠲᠡ ᠶᠢᠨ ᠵᠥᠷᠢᠶ᠎ᠡ ᠳᠣᠪᠤᠶᠢᠮ᠎ᠠ᠂ ᠠᠮᠢ ᠠᠬᠤᠢ ᠶᠢᠨ ᠣᠷᠴᠢᠨ ᠲᠣᠭᠤᠷᠢᠨ᠂ ᠨᠡᠶᠢᠲᠡ ᠶᠢᠨ ᠦᠢᠯᠡᠴᠢᠯᠡᠭᠡ ᠵᠡᠷᠭᠡ ᠲᠠᠯ᠎ᠠ ᠪᠠᠷ ᠪᠠᠰᠠ ᠨᠡᠯᠢᠶᠡᠳ ᠣᠯᠠᠨ ᠲᠡᠩᠴᠡᠭᠦᠷᠢ ᠦᠭᠡᠢ᠂ ᠭᠦᠢᠴᠡᠳ ᠪᠤᠰᠤ ᠠᠰᠠᠭᠤᠳᠠᠯ ᠣᠷᠣᠰᠢᠭᠰᠠᠭᠠᠷ ᠪᠠᠶᠢᠨ᠎ᠠ᠃ ᠵᠢᠷᠭᠤᠭ᠎ᠠ ᠳᠤ ᠰᠤᠷᠭᠠᠨ ᠬᠥᠮᠥᠵᠢᠯ᠂ ᠡᠮᠴᠢᠯᠡᠭᠡ᠂ ᠭᠠᠳᠠᠭᠰᠢ ᠭᠠᠷᠬᠤ᠂ ᠣᠷᠣᠨ ᠰᠠᠭᠤᠴᠠ ᠵᠡᠷᠭᠡ ᠬᠦᠷᠢᠶ᠎ᠡ ᠬᠡᠪᠴᠢᠶ᠎ᠡ ᠳᠤ ᠪᠠᠰᠠ ᠴᠥᠭᠡᠨ ᠪᠤᠰᠤ ᠲᠤᠲᠠᠭᠤᠳᠠᠯ ᠣᠷᠣᠰᠢᠵᠤ᠂ ᠠᠷᠠᠳ ᠤᠨ ᠠᠮᠢᠳᠤᠷᠠᠯ ᠢ ᠪᠠᠲᠤᠯᠠᠬᠤ ᠪᠠ ᠰᠠᠶᠢᠵᠢᠷᠠᠭᠤᠯᠬᠤ ᠳᠤ ᠪᠠᠰᠠ ᠨᠡᠯᠢᠶᠡᠳ ᠶᠡᠭᠡ ᠳᠡᠭᠡᠭᠰᠢᠯᠡᠬᠦ ᠣᠷᠣᠨ ᠵᠠᠢ ᠲᠠᠢ ᠪᠠᠶᠢᠭᠰᠠᠭᠠᠷ᠃ ᠡᠭᠦᠨ ᠠᠴᠠ ᠭᠠᠳᠠᠨ᠎ᠠ᠂ ᠳᠤᠮᠳᠠᠳᠤ ᠠᠮᠧᠷᠢᠺᠠ ᠶᠢᠨ ᠠᠷᠠᠯᠵᠢᠶ᠎ᠠ ᠶᠢᠨ ᠥᠷᠥᠯᠲᠡ᠂ ᠬᠤᠷᠸ᠎ᠠ ᠠᠵᠤ ᠠᠬᠤᠢ ᠶᠢᠨ ᠪᠠᠭᠤᠷᠠᠯᠲᠠ᠂ ᠥᠷᠢ ᠥᠭᠴᠡᠭᠡ ᠶᠢ ᠠᠷᠢᠯᠭᠠᠬᠤ ᠳᠠᠷᠤᠯᠲᠠ ᠨᠡᠯᠢᠶᠡᠳ ᠶᠡᠭᠡ ᠪᠠᠶᠢᠵᠤ ᠴᠥᠭᠡᠨ ᠲᠣᠭᠠᠨ ᠤ ᠲᠤᠯᠭᠠᠭᠤᠷᠢ ᠠᠵᠤ ᠠᠬᠤᠶᠢᠯᠠᠯ ᠶᠢᠨ ᠦᠶᠡᠯᠡᠯ ᠤᠨ ᠴᠢᠨᠠᠷᠲᠠᠢ ᠦᠢᠯᠡᠳᠪᠦᠷᠢᠯᠡᠯ ᠢᠶᠠᠨ ᠵᠣᠭᠰᠣᠭᠠᠨ ᠰᠡᠯᠪᠢᠯᠲᠡ ᠬᠢᠬᠦ᠂ ᠦᠢᠯᠡᠳᠬᠦᠨ ᠤ ᠦᠨ᠎ᠡ ᠪᠠᠭᠤᠷᠠᠬᠤ ᠵᠡᠷᠭᠡ ᠡᠯᠧᠮᠧᠨ᠋ᠲ ᠤᠨ ᠨᠥᠯᠥᠭᠡ ᠠᠴᠠ ᠪᠣᠯᠵᠤ᠂ ᠬᠡᠰᠡᠭ ᠭᠦᠢᠴᠡᠳᠬᠡᠯ ᠲᠤᠭ᠎ᠠ ᠵᠢᠯ ᠤᠨ ᠡᠬᠢᠨ ᠤ ᠲᠥᠰᠥᠪ ᠲᠤ ᠬᠦᠷᠴᠦ ᠴᠢᠳᠠᠭᠰᠠᠨ ᠦᠭᠡᠢ᠃ ᠡᠭᠦᠨ ᠤ ᠬᠠᠮᠲᠤ᠂ ᠣᠨᠴᠠ ᠵᠠᠷᠢᠮ ᠰᠠᠯᠠᠭ᠎ᠠ ᠮᠥᠴᠢᠷ ᠪᠣᠯᠣᠨ ᠺᠠᠳ᠋ᠷᠴᠤᠳ ᠤᠨ ᠦᠵᠡᠯ ᠰᠠᠨᠠᠭ᠎ᠠ ᠬᠤᠴᠣᠷᠤᠩᠭᠤᠢ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠤᠬᠠᠮᠰᠠᠷ ᠳᠤᠲᠠᠭᠤ᠂ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠬᠦᠷᠦᠯᠴᠡᠬᠦ ᠦᠭᠡᠢ᠂ ᠦᠢᠯᠡᠴᠢᠯᠡᠬᠦ ᠦᠷ᠎ᠡ ᠠᠰᠢᠭ ᠥᠨᠳᠥᠷ ᠪᠢᠰᠢ᠂ ᠵᠠᠷᠢᠮ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠴᠠᠭ ᠲᠤᠬᠠᠢ ᠳᠤ ᠨᠢ᠂ ᠣᠷᠣᠨ ᠪᠠᠶᠢᠷᠢ ᠳᠤ ᠨᠢ ᠨᠠᠶᠢᠳᠠᠪᠤᠷᠢᠵᠢᠭᠤᠯᠵᠤ ᠴᠢᠳᠠᠬᠤ ᠦᠭᠡᠢ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠲᠡᠶᠢᠮᠦ ᠬᠠᠩᠭᠠᠮᠵᠢᠲᠠᠢ ᠪᠢᠰᠢ ᠪᠠᠶᠢᠭᠰᠠᠭᠠᠷ᠃ ᠡᠭᠦᠨ ᠳᠤ᠂ ᠪᠢᠳᠡ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠢᠯ ᠤᠨ ᠰᠡᠳᠬᠢᠮᠵᠢ ᠪᠠᠨ ᠰᠢᠨᠡᠴᠢᠯᠡᠵᠦ᠂ ᠰᠤᠷᠲᠠᠯ ᠤᠨ ᠪᠠᠶᠢᠭᠤᠯᠤᠯᠲᠠ ᠪᠠᠨ ᠴᠢᠩᠭᠠᠳᠬᠠᠵᠤ᠂ ᠰᠠᠭᠤᠷᠢ ᠶᠢ ᠠᠳᠬᠤᠨ᠂ ᠲᠤᠲᠠᠭᠤᠳᠠᠯ ᠢ ᠨᠥᠬᠦᠪᠦᠷᠢᠯᠡᠵᠦ᠂ ᠠᠵᠢᠯ ᠪᠠᠨ ᠨᠡᠩ ᠰᠠᠶᠢᠨ ᠬᠢᠬᠦ ᠪᠠᠷ ᠴᠢᠷᠮᠠᠶᠢᠬᠤ ᠪᠣᠯᠣᠨ᠎ᠠ᠃      ᠬᠤᠶᠠᠷ᠂ 2019 ᠣᠨ ᠤ ᠠᠵᠢᠯ ᠤᠨ ᠲᠣᠬᠢᠷᠠᠭᠤᠯᠤᠯᠲᠠ      2019 ᠣᠨ ᠪᠣᠯ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠣᠢ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ᠂  ︽13·5︾ ᠶᠢᠨ ᠲᠥᠯᠥᠪᠵᠢᠭᠦᠯᠭᠡ ᠶᠢᠨ ᠬᠠᠷᠠᠯᠲᠠ ᠶᠢ ᠪᠡᠶᠡᠯᠡᠭᠦᠯᠬᠦ ᠵᠠᠩᠭᠢᠯᠠᠭ᠎ᠠ ᠶᠢᠨ ᠵᠢᠯ ᠮᠥᠨ᠃ ᠰᠢᠨ᠎ᠡ ᠨᠢᠭᠡᠨ ᠵᠢᠯ ᠳᠤ᠂ ᠪᠢᠳᠡᠨ ᠳᠤ ᠠᠵᠠ ᠲᠣᠬᠢᠶᠠᠯ  ᠲᠠᠢ᠂ ᠮᠥᠨ ᠴᠦ ᠥᠷᠢᠰᠦᠯᠳᠦᠭᠡᠨ ᠲᠠᠢ᠃ ᠶᠡᠷᠦᠩᠬᠡᠢ ᠳᠤ ᠨᠢ ᠠᠪᠴᠤ ᠬᠡᠯᠡᠪᠡᠯ᠂ ᠮᠠᠨ ᠤ ᠤᠯᠤᠰ ᠤᠨ ᠠᠵᠤ ᠠᠬᠤᠢ ᠶᠢᠨ ᠪᠠᠶᠢᠳᠠᠯ ᠤᠷᠲᠤ ᠬᠤᠭᠤᠴᠠᠭ᠎ᠠ ᠪᠠᠷ ᠰᠠᠶᠢᠨ ᠪᠠᠶᠢᠬᠤ ᠦᠨᠳᠦᠰᠦᠨ ᠪᠠᠶᠢᠳᠠᠯ ᠬᠤᠪᠢᠷᠠᠭ᠎ᠠ ᠦᠭᠡᠢ᠂ ᠮᠠᠨ ᠤ ᠬᠤᠲᠠ ᠶᠢᠨ ᠠᠵᠤ ᠠᠬᠤᠢ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ᠂ ᠲᠣᠭᠲᠠᠭᠤᠨ ᠢᠶᠠᠷ ᠤᠷᠤᠭᠰᠢᠯᠠᠬᠤ ᠪᠠᠶᠢᠳᠠᠯ ᠬᠤᠪᠢᠷᠠᠭ᠎ᠠ ᠦᠭᠡᠢ᠃ ᠣᠨᠴᠠᠭᠠᠶᠢᠯᠠᠨ ᠥᠨᠳᠥᠷ ᠬᠤᠷᠳᠤᠴᠠᠲᠤ ᠲᠡᠮᠦᠷ ᠵᠠᠮ ᠤᠨ ᠴᠠᠭ ᠦᠶ᠎ᠡ ᠶᠢᠨ ᠬᠦᠷᠴᠦ ᠢᠷᠡᠭᠰᠡᠨ ᠢ ᠳᠠᠭᠠᠯᠳᠤᠨ᠂ ᠮᠠᠨ ᠤ ᠬᠤᠲᠠ ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠪᠠ ᠪᠡᠭᠡᠵᠢᠩ ᠲᠢᠶᠠᠨᠵᠢᠨ ᠾᠧᠪᠸᠢ ᠶᠢᠨ ᠬᠠᠮᠵᠢᠯᠴᠠᠨ ᠬᠥᠭᠵᠢᠬᠦ ᠳᠤ ᠠᠭᠤᠰᠤᠯᠴᠠᠬᠤ ᠬᠢᠷᠢ ᠬᠡᠮᠵᠢᠶ᠎ᠡ ᠢᠯᠡᠳᠲᠡ ᠳᠡᠭᠡᠭᠰᠢᠯᠡᠵᠦ᠂ ᠣᠷᠣᠨ ᠨᠤᠲᠤᠭ ᠤᠨ ᠬᠥᠭᠵᠢᠯᠲᠡ ᠳᠤᠮᠳᠠᠬᠢ ᠳᠠᠶᠢᠴᠢᠯᠠᠯᠲᠠ ᠶᠢᠨ ᠦᠢᠯᠡᠳᠦᠯ ᠪᠠ ᠰᠢᠩᠭᠡᠭᠡᠬᠦ ᠴᠢᠳᠠᠪᠤᠷᠢ ᠤᠯᠠᠮ ᠳᠤᠪᠤᠶᠢᠮ᠎ᠠ ᠪᠣᠯᠪᠠ᠃ ᠪᠢᠳᠡ ᠭᠠᠭᠴᠠ ᠬᠦ ᠠᠤᠭ᠎ᠠ ᠶᠡᠭᠡ ᠬᠠᠨᠳᠤᠰᠢ ᠶᠢ ᠡᠵᠡᠮᠳᠡᠵᠦ᠂ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢ ᠪᠠᠲᠤᠯᠠᠵᠤ᠂ ᠥᠨᠳᠥᠷ ᠴᠢᠨᠰᠠᠭ᠎ᠠ ᠲᠠᠢ ᠬᠥᠭᠵᠢᠯᠲᠡ ᠶᠢ ᠪᠡᠶᠡᠯᠡᠭᠦᠯᠬᠦ  ᠭᠤᠣᠯᠳᠠᠴᠠ ᠶᠢ ᠣᠨᠣᠪᠴᠢᠲᠠᠢ ᠣᠯᠣᠭᠰᠠᠭᠠᠷ ᠯᠠᠪᠲᠠᠢ ᠡᠯ᠎ᠡ ᠵᠦᠢᠯ ᠤᠨ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠨᠡᠩ ᠰᠠᠶᠢᠨ ᠬᠥᠭᠵᠢᠯᠲᠡ ᠶᠢ ᠪᠡᠶᠡᠯᠡᠭᠦᠯᠵᠦ ᠴᠢᠳᠠᠨ᠎ᠠ᠃      ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠭᠡᠷᠡᠴᠢᠯᠡᠯᠲᠡ ᠨᠡᠭᠡᠭᠡᠯᠲᠡ ᠶᠢᠨ 40 ᠵᠢᠯ ᠤᠨ ᠣᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠡᠷᠢᠶ᠎ᠠ ᠶᠢᠨ ᠵᠣᠷᠢᠭ ᠰᠠᠨᠠᠭ᠎ᠠ ᠪᠣᠯᠣᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠳᠤ ᠬᠢ ᠠᠯᠢ ᠣᠯᠠᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠬᠤᠲᠠ ᠶᠢᠨ ᠨᠠᠮ ᠤᠨ ᠬᠤᠷᠢᠶ᠎ᠠ ᠶᠢᠨ ᠠᠷᠪᠠᠨ ᠬᠤᠶᠠᠳᠤᠭᠠᠷ ᠬᠤᠭᠤᠴᠠᠭᠠᠨ ᠤ ᠳᠣᠯᠣᠳᠤᠭᠠᠷ ᠪᠦᠭᠦᠳᠡ ᠬᠤᠷᠠᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠤᠭᠠᠷ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠳᠠ ᠶᠢ ᠨᠢᠭᠡᠳᠦᠯᠲᠡᠢ ᠲᠥᠯᠥᠪᠯᠡᠨ ᠲᠦᠯᠬᠢᠨ ᠠᠬᠢᠭᠤᠯᠵᠤ  ︽ᠳᠥᠷᠪᠡᠨ ᠪᠦᠬᠦ ᠲᠠᠯ᠎ᠠ︾ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠳᠠ ᠶᠢ ᠬᠠᠮᠵᠢᠯᠴᠠᠨ ᠲᠦᠯᠬᠢᠨ ᠠᠬᠢᠭᠤᠯᠵᠤ᠂ ︽ᠲᠠᠪᠤᠨ ᠵᠦᠢᠯ ᠤᠨ ᠵᠢᠮ ᠶᠣᠰᠤᠴᠢ ᠴᠢᠨᠠᠷ ᠲᠠᠢ ᠲᠠᠨᠢᠯᠲᠠ︾ ︽ᠲᠠᠪᠤ ᠶᠢ ᠪᠠᠷᠢᠮᠲᠠᠯᠠᠬᠤ︾ ᠪᠣᠯᠣᠨ ︽ᠵᠢᠷᠭᠤᠭᠠᠨ ᠲᠣᠭᠲᠠᠭᠤᠨ︾ ᠴᠢᠬᠤᠯᠠ ᠱᠠᠭᠠᠷᠳᠠᠯᠭ᠎ᠠ ᠲᠠᠢ ᠬᠠᠷᠢᠴᠠᠭᠤᠯᠤᠨ᠂ ᠥᠨᠳᠥᠷ ᠴᠢᠨᠰᠠᠭ᠎ᠠ ᠲᠠᠢ ᠬᠥᠭᠵᠢᠯᠲᠡ ᠶᠢ ᠡᠴᠦᠰ ᠲᠤᠨᠢ ᠬᠦᠷᠲᠡᠯ᠎ᠡ ᠲᠤᠭᠤᠰᠢᠯᠠᠭᠤᠯᠵᠤ᠂ ᠲᠣᠭᠲᠠᠭᠤᠨ ᠢᠶᠠᠷ ᠨᠡᠮᠡᠭᠳᠡᠬᠦ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ ᠠᠵᠢᠯ ᠢ ᠯᠠᠪᠳᠠᠭᠤᠨ ᠪᠠᠲᠤᠲᠠᠢ ᠰᠠᠶᠢᠳᠤᠷ ᠬᠢᠵᠦ᠂ ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ ᠢ ᠦᠷᠭᠦᠯᠵᠢᠯᠡᠨ ᠰᠠᠶᠢᠳᠤᠷ ᠬᠢᠵᠦ᠂ ᠪᠤᠳᠠᠳᠤ ᠠᠵᠤ ᠠᠬᠤᠢ᠂ ᠠᠷᠠᠳ ᠠᠴᠠ ᠡᠵᠡᠩᠨᠡᠭᠰᠡᠨ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠨᠢᠭᠡᠳᠦᠭᠡᠷ ᠠᠵᠤ ᠦᠢᠯᠡᠰ ᠢ ᠦᠷᠭᠦᠯᠵᠢᠯᠡᠨ ᠨᠠᠷᠢᠯᠢᠭᠵᠢᠭᠤᠯᠵᠤ᠂ ᠬᠤᠶᠠᠳᠤᠭᠠᠷ ᠠᠵᠤ ᠦᠢᠯᠡᠰ ᠢ ᠬᠦᠴᠦᠷᠬᠡᠭᠵᠢᠭᠦᠯᠵᠦ᠂ ᠭᠤᠷᠪᠠᠳᠤᠭᠠᠷ ᠠᠵᠤ ᠦᠢᠯᠡᠰ ᠢ ᠰᠢᠯᠢᠳᠡᠭᠵᠢᠭᠦᠯᠤᠨ᠂ ᠠᠵᠤ ᠠᠬᠤᠢ ᠶᠢᠨ ᠡᠷᠭᠢᠯᠲᠡ ᠶᠢ ᠵᠦᠢ ᠵᠣᠬᠢᠰᠲᠠᠢ ᠣᠷᠣᠨ ᠪᠠᠶᠢᠷᠢ ᠳᠤ ᠪᠠᠶᠢᠯᠭᠠᠬᠤ ᠶᠢ ᠪᠠᠲᠤᠯᠠᠵᠤ᠂ ᠬᠤᠲᠠ ᠶᠢᠨ ᠬᠥᠭᠵᠢᠯᠲᠡ ᠶᠢᠨ ᠲᠡᠩᠴᠡᠭᠦᠷᠢ ᠦᠭᠡᠢ᠂ ᠭᠦᠢᠴᠡᠳ ᠪᠤᠰᠤ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠠᠷᠠᠳ ᠣᠯᠠᠨ ᠤ  ᠬᠦᠷᠲᠡᠭᠡᠮᠵᠢᠲᠦ ᠰᠡᠳᠬᠢᠯᠭᠡ᠂ ᠵᠢᠷᠭᠠᠯᠠᠩᠲᠤ ᠰᠡᠳᠬᠢᠯᠭᠡ᠂ ᠠᠮᠤᠷ ᠲᠦᠪᠰᠢᠨ ᠰᠡᠳᠬᠢᠯᠭᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠵᠤ ᠠᠬᠤᠢ ᠶᠢᠨ ᠥᠨᠳᠦᠷ ᠴᠢᠨᠰᠠᠭ᠎ᠠ ᠲᠠᠢ ᠬᠥᠭᠵᠢᠯᠲᠡ ᠪᠠ ᠨᠡᠶᠢᠭᠡᠮ ᠤᠨ ᠡᠶ᠎ᠡ ᠵᠣᠬᠢᠴᠠᠯ ᠲᠣᠭᠲᠠᠭᠤᠨ ᠢ ᠪᠡᠶᠡᠯᠡᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠳᠤ ᠰᠢᠢᠳᠪᠦᠷᠢᠲᠦ ᠴᠢᠨᠠᠷ ᠲᠠᠢ ᠰᠠᠭᠤᠷᠢ ᠲᠠᠯᠪᠢᠵᠤ᠂ ᠰᠢᠯᠢᠳᠡᠭ ᠬᠢᠷᠢ ᠪᠦᠲᠦᠮᠵᠢ ᠪᠠᠷ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠡᠭᠯᠡᠨ᠎ᠡ᠃      ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠤᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 6% ᠣᠷᠴᠢᠮ ᠢᠶᠠᠷ ᠨᠡᠮᠡᠭᠳᠡᠵᠦ᠂ ᠬᠡᠪᠴᠢᠶᠡᠵᠢᠯ ᠡᠴᠡ‌‍ᠲ᠋ᠡᠭᠡᠭᠰᠢᠬᠢ ᠠᠵᠤ ᠦᠢᠯᠡᠳᠪᠦᠷᠢ ᠶᠢᠨ ᠶᠡᠷᠦᠩᠬᠡᠢ ᠥᠷᠲᠡᠭ 4 % ᠠᠴᠠ ᠳᠡᠭᠡᠭᠰᠢ ᠨᠡᠮᠡᠭᠳᠡᠵᠦ᠂ ᠲᠣᠭᠲᠠᠮᠠᠯ ᠬᠥᠷᠦᠩᠭᠡ ᠶᠢᠨ ᠪᠡᠯᠡ ᠣᠷᠤᠭᠤᠯᠤᠯᠲᠠ5% ᠣᠷᠴᠢᠮ ᠢᠶᠠᠷ ᠨᠡᠮᠡᠭᠳᠡᠵᠦ ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠤᠯᠠᠭᠤᠯᠤᠭᠰᠠᠨ ᠶᠡᠷᠦᠩᠬᠡᠢ ᠲᠤᠭ᠎ᠠ6.5% ᠣᠷᠴᠢᠮ ᠢᠶᠠᠷ ᠨᠡᠮᠡᠭᠳᠡᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠤᠯᠭ᠎ᠠ ᠨᠢ ᠭᠠᠶᠢᠯᠢ ᠶᠢ ᠬᠥᠩᠭᠡᠯᠡᠵᠤ ᠰᠦᠢᠳᠬᠡᠯ ᠢ ᠪᠠᠭᠤᠷᠠᠭᠤᠯᠬᠤ ᠲᠥᠷᠦ ᠶᠢᠨ ᠪᠣᠳᠤᠯᠭ᠎ᠠ ᠶᠢᠨ ᠡᠯᠧᠮᠧᠨ᠋ᠲ ᠶᠢ ᠠᠷᠢᠯᠭᠠᠭᠰᠠᠨ ᠤ ᠳᠠᠷᠠᠭ᠎ᠠ᠂ ᠠᠳᠠᠯᠢ ᠪᠠᠷᠢᠮᠵᠢᠶ᠎ᠠ ᠳᠤ5% ᠣᠷᠴᠢᠮ ᠢᠶᠠᠷ ᠨᠡᠮᠡᠭᠳᠡᠵᠦ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠬᠥᠮᠦᠨ ᠤ ᠳᠤᠮᠳᠠᠴᠢ ᠡᠵᠡᠮᠳᠡᠵᠤ ᠪᠣᠯᠬᠤ ᠣᠷᠤᠯᠭ᠎ᠠ ᠲᠤᠰ ᠪᠦᠷᠢ 8% ᠪᠠ 8.5% ᠣᠷᠴᠢᠮ ᠢᠶᠠᠷ ᠨᠡᠮᠡᠭᠳᠡᠵᠦ᠂ ᠨᠢᠭᠡᠴᠢ GDP ᠤᠨ ᠬᠤᠷᠤᠭᠳᠠᠯ3.3% ᠣᠷᠴᠢᠮ ᠢᠶᠠᠷ ᠪᠠᠭᠤᠷᠠᠵᠤ᠂ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠶᠢᠨ ᠥᠰᠦᠯᠲᠡ ᠶᠢᠨ ᠬᠡᠮᠵᠢᠶ᠎ᠡ ᠶᠢ 3% ᠳᠣᠲᠤᠷ᠎ᠠ ᠬᠢᠵᠠᠭᠠᠷᠯᠠᠵᠤ᠂ ᠬᠤᠲᠠ ᠪᠠᠯᠭᠠᠰᠤ ᠵᠢᠨ‌ᠠᠵᠢᠯ ᠠᠯᠳᠠᠯᠲᠠ ᠶᠢᠨ ᠪᠠᠶᠢᠴᠠᠭᠠᠯᠲᠠ ᠶᠢᠨ ᠨᠤᠷᠮ᠎ᠠ ᠶᠢ5 % ᠶᠢᠨ ᠳᠣᠲᠤᠷ᠎ᠠ ᠬᠢᠵᠠᠭᠠᠷᠯᠠᠵᠤ᠂ ᠬᠤᠲᠠ ᠪᠠᠯᠭᠠᠰᠤ ᠶᠢᠨ ᠠᠵᠢᠯ ᠠᠯᠳᠠᠯᠲᠠ ᠶᠢᠨ ᠳᠠᠩᠰᠠᠯᠠᠭᠰᠠᠨ ᠨᠤᠷᠮ᠎ᠠ ᠶᠢ3.8 % ᠶᠢᠨ ᠳᠣᠲᠤᠷ᠎ᠠ ᠬᠢᠵᠠᠭᠠᠷᠯᠠᠵᠤ᠂ ᠤᠯᠤᠰ᠂ ᠥᠪᠡᠷᠲᠡᠭᠡᠨ ᠵᠠᠰᠠᠬᠤ ᠣᠷᠤᠨ ᠤ ᠪᠠᠭᠤᠯᠭᠠᠭᠰᠠᠨ ᠪᠣᠰᠤᠳ ᠬᠢᠵᠠᠭᠠᠷᠯᠠᠬᠤ ᠴᠢᠨᠠᠷᠲᠠᠢ ᠭᠦᠢᠴᠡᠳᠬᠡᠯ ᠲᠤᠭ᠎ᠠ ᠶᠢ ᠪᠡᠶᠡᠯᠡᠭᠦᠯᠦᠨ᠎ᠡ᠃ ᠡᠳᠡᠭᠡᠷ ᠠᠯᠢ ᠣᠯᠠᠨ ᠭᠦᠢᠴᠡᠳᠬᠡᠯ ᠲᠤᠭ᠎ᠠ ᠨᠢ ᠨᠠᠮ  ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠤᠨ ᠤ ᠶᠡᠷᠦᠩᠬᠡᠢ ᠱᠠᠭᠠᠷᠳᠠᠯᠭ᠎ᠠ ᠶᠢ ᠲᠤᠭᠤᠰᠢᠯᠠᠭᠤᠯᠤᠭᠰᠠᠨ ᠢᠶᠠᠷ ᠪᠠᠷᠠᠬᠤ ᠦᠭᠡᠢ ᠮᠠᠨ ᠤ ᠬᠤᠲᠠ ᠶᠢᠨ ᠪᠤᠳᠠᠲᠤ ᠪᠠᠶᠢᠳᠠᠯ  ᠲᠠᠢ ᠨᠡᠶᠢᠴᠡᠪᠡ︔ᠬᠤᠷᠳᠤᠴᠠ ᠠᠴᠠ ᠴᠢᠨᠠᠷ ᠤᠨ ᠬᠤᠪᠢᠷᠠᠯᠲᠠ ᠵᠦᠭ ᠰᠢᠯᠵᠢᠬᠦ ᠬᠠᠨᠳᠤᠰᠢ ᠶᠢ ᠪᠣᠳᠤᠯᠬᠢᠯᠠᠭᠰᠠᠨ ᠢᠶᠠᠷ ᠪᠠᠷᠠᠬᠤ ᠦᠭᠡᠢ ᠬᠥᠭᠡᠭᠡᠵᠤ ᠳᠠᠪᠠᠭ᠋ᠤ ᠱᠠᠭᠠᠷᠳᠠᠯᠭ᠎ᠠ ᠶᠢ ᠳᠤᠰᠬᠠᠵᠤ᠂ ᠲᠥᠪ ᠬᠤᠲᠠ ᠶᠢᠨ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠪᠡ᠃      ᠶᠡᠷᠦᠩᠬᠡᠢ ᠱᠠᠭᠠᠷᠳᠠᠯᠭ᠎ᠠ ᠪᠠ ᠵᠢᠱᠢᠭᠰᠡᠨ ᠬᠠᠷᠠᠯᠲᠠ ᠶᠢ ᠦᠨᠳᠦᠰᠦᠯᠡᠵᠤ᠂ ᠣᠳᠣᠬᠠᠨ ᠤ ᠪᠠ ᠬᠤᠶᠢᠰᠢᠲᠠ ᠶᠢᠨ ᠨᠢᠭᠡ ᠬᠤᠭᠤᠴᠠᠭᠠᠨ ᠤ ᠠᠵᠢᠯ ᠢ ᠰᠠᠶᠢᠲᠤᠷ ᠬᠢᠬᠦ ᠳᠤ ᠳᠣᠣᠷᠠᠬᠢ ᠬᠡᠳᠦᠨ ᠲᠠᠯ᠎ᠠ ᠶᠢᠨ ᠬᠠᠷᠢᠴᠠᠭ᠎ᠠ ᠶᠢ ᠰᠠᠶᠢᠲᠤᠷ ᠠᠳᠬᠤᠬᠤ ᠬᠡᠷᠡᠭᠲᠡᠢ᠄      ᠨᠢᠭᠡ ᠳᠤ᠂ ᠲᠤᠰ ᠪᠡᠶ᠎ᠡ ᠶᠢᠨ ᠬᠥᠭᠵᠢᠯᠲᠡ ᠬᠢᠭᠡᠳ ᠪᠥᠬᠦ ᠲᠠᠯ᠎ᠠ ᠳᠤ ᠦᠢᠯᠡᠴᠢᠯᠡᠬᠦ ᠬᠠᠷᠢᠴᠠᠭ᠎ᠠ ᠶᠢ ᠰᠠᠶᠢᠲᠤᠷ ᠠᠳᠬᠤᠬᠤ ᠬᠡᠷᠡᠭᠲᠡᠢ᠃ ᠲᠥᠪ ᠬᠤᠲᠠ ᠶᠢᠨ ᠪᠤᠳᠠᠳᠤ ᠪᠠᠶᠢᠳᠠᠯ ᠳᠤ ᠰᠠᠭᠤᠷᠢᠯᠠᠵᠤ᠂ ᠬᠥᠭᠵᠢᠯᠲᠡ ᠶᠢᠨ ᠬᠡᠷᠡᠭᠴᠡᠭᠡ ᠪᠠ ᠠᠷᠠᠳ ᠤᠨ ᠠᠮᠢᠳᠤᠷᠠᠯ ᠤᠨ ᠬᠡᠷᠡᠭᠴᠡᠭᠡ ᠲᠠᠢ ᠨᠢᠭᠲᠠ ᠤᠶᠠᠯᠳᠤᠭᠤᠯᠤᠨ᠂ ᠳᠣᠲᠤᠭᠠᠳᠤ ᠶᠢᠨ ᠭᠦᠨ ᠳᠠᠪᠬᠤᠷᠭ᠎ᠠ ᠶᠢᠨ ᠵᠦᠷᠢᠴᠡᠯ ᠢ ᠬᠦᠴᠦᠯᠡᠨ ᠰᠢᠢᠳᠪᠦᠷᠢᠯᠡᠵᠦ᠂ ᠬᠠᠯᠬᠠᠪᠴᠢ ᠶᠢ ᠲᠠᠰᠤᠷᠠᠯᠲᠠ ᠦᠭᠡᠢ ᠳᠠᠪᠠᠵᠤ᠂ ᠥᠪᠡᠷ ᠢ ᠪᠠᠨ ᠲᠡᠭᠦᠯᠳᠡᠷᠵᠢᠭᠦᠯᠦᠨ᠎ᠡ᠃ ᠡᠭᠦᠨ ᠤ ᠬᠠᠮᠲᠤ᠂ ᠶᠡᠭᠡ ᠲᠠᠯ᠎ᠠ ᠶᠢ ᠪᠣᠳᠤᠯᠬᠢᠯᠠᠵᠤ᠂ ᠬᠥᠬᠡᠬᠤᠲᠠ ᠶᠢᠨ ᠬᠥᠭᠵᠢᠯᠲᠡ ᠶᠢ ᠯᠡ ᠪᠣᠳᠤᠯᠬᠢᠯᠠᠬᠤ ᠪᠢᠰᠢ ᠬᠠᠷᠢᠨ ᠲᠡᠯᠡᠬᠡᠶᠢᠵᠢᠯᠲᠡ ᠶᠢᠨ ᠰᠡᠳᠬᠢᠭᠦᠢ ᠪᠣᠯᠤᠨ ᠨᠢᠭᠡ ᠴᠣᠭᠴᠠᠵᠢᠯᠲᠠ ᠶᠢᠨ ᠬᠠᠷᠠᠭᠠᠰᠤ ᠪᠠᠷ᠂ ᠬᠦᠬᠡᠬᠤᠲᠠ- ᠪᠣᠭᠤᠲᠤ- ᠣᠷᠳᠤᠰ ᠢ ᠨᠢᠭᠡ ᠴᠤᠭᠴᠠᠵᠢᠭᠤᠯᠬᠤ᠂ ᠪᠡᠭᠡᠵᠢᠩ ᠲᠢᠶᠠᠨᠵᠢᠨ ᠾᠧᠪᠸᠢ ᠶᠢ  ᠬᠠᠮᠵᠢᠯᠴᠠᠨ ᠬᠥᠭᠵᠢᠭᠦᠯᠬᠦ᠂《 ᠨᠢᠭᠡ ᠪᠦᠰᠡ ᠨᠢᠭᠡ ᠵᠠᠮ》 ᠤᠨ ᠪᠥᠲᠦᠭᠡᠨ ᠪᠠᠶᠢᠭᠤᠯᠤᠯᠲᠠ ᠳᠤᠮᠳᠠ ᠣᠷᠤᠨ ᠪᠠᠶᠢᠷᠢ ᠪᠠᠨ ᠣᠯᠵᠤ᠂ ᠳᠠᠪᠠᠭᠤᠯᠢᠭ ᠢᠶᠠᠨ ᠪᠠᠳᠠᠷᠠᠭᠤᠯᠤᠨ᠂ ᠦᠨ᠎ᠡ ᠦᠷᠲᠡᠭ ᠢᠶᠠᠨ ᠢᠯᠡᠷᠡᠭᠦᠯᠵᠦ᠂ ᠬᠤᠪᠢ ᠨᠡᠮᠡᠷᠢ ᠦᠵᠡᠭᠦᠯᠬᠦ ᠬᠡᠷᠡᠭᠲᠡᠢ᠃      ᠬᠤᠶᠠᠷ ᠲᠤ᠂ ᠬᠥᠭᠵᠢᠯᠲᠡ ᠶᠢᠨ ᠬᠤᠷᠳᠤᠴᠠ ᠶᠢ ᠲᠦᠷᠭᠡᠳᠭᠡᠬᠦ  ᠬᠢᠭᠡᠳ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠬᠠᠷᠢᠴᠠᠭ᠎ᠠ ᠶᠢ ᠰᠠᠶᠢᠲᠤᠷ ᠠᠳᠬᠤᠬᠤ ᠬᠡᠷᠡᠭᠲᠡᠢ᠃ ᠪᠢᠳᠡ ᠶᠡᠷᠦᠩᠬᠡᠢ ᠬᠡᠮᠵᠢᠶ᠎ᠡ᠂ ᠬᠤᠷᠳᠤᠴᠠ᠂ ᠶᠠᠰᠤ ᠴᠢᠨᠠᠷ ᠵᠡᠷᠭᠡ ᠲᠠᠯ᠎ᠠ ᠪᠠᠷ ᠬᠢ ᠬᠥᠭᠵᠢᠭᠰᠡᠨ ᠭᠠᠵᠠᠷ ᠣᠷᠤᠨ ᠯᠤᠭ᠎ᠠ ᠣᠷᠤᠰᠢᠵᠤ ᠪᠣᠢ ᠵᠦᠷᠢᠶ᠎ᠡ ᠪᠠᠨ ᠲᠣᠳᠤᠷᠬᠠᠢ ᠣᠶᠢᠯᠭᠠᠵᠤ᠂  ᠵᠣᠪᠠᠨᠢᠬᠤ ᠤᠬᠠᠮᠰᠠᠷ᠂ ᠲᠦᠭᠰᠢᠭᠦᠷᠢ ᠶᠢᠨ ᠤᠬᠠᠮᠰᠠᠷ ᠢ ᠨᠡᠮᠡᠭᠳᠡᠭᠦᠯᠵᠦ᠂ ᠬᠥᠭᠵᠢᠯᠲᠡ ᠶᠢ ᠲᠡᠷᠢᠭᠦᠨ ᠴᠢᠬᠤᠯᠠ ᠡᠭᠦᠷᠭᠡ ᠪᠤᠯᠭᠠᠬᠤ ᠶᠢ ᠡᠷᠡᠰ ᠭᠤᠶᠢᠪᠢᠰᠢ ᠦᠭᠡᠢ ᠪᠠᠷᠢᠮᠲᠠᠯᠠᠵᠤ᠂ ᠵᠣᠬᠢᠬᠤ ᠬᠡᠮᠵᠢᠶᠡᠨ ᠤ ᠨᠡᠮᠡᠭᠳᠡᠯ ᠤᠨ ᠬᠤᠷᠳᠤᠴᠠ ᠶᠢ ᠦᠨᠡᠨᠬᠦ ᠪᠠᠲᠤᠯᠠᠵᠤ᠂ ᠪᠥᠬᠦ ᠣᠷᠤᠨ ᠤ ᠳᠣᠲᠤᠷ᠎ᠠ ᠳᠠᠭᠠᠭᠤᠯᠤᠭᠴᠢ ᠪᠣᠯᠵᠤ᠂ ᠪᠥᠬᠦ ᠤᠯᠤᠰ ᠤᠨ ᠳᠣᠲᠤᠷ᠎ᠠ ᠳᠠᠪᠠᠵᠤ ᠭᠦᠢᠴᠡᠬᠦ ᠪᠠᠷ ᠴᠢᠷᠮᠠᠶᠢᠨ᠎ᠠ᠃ ᠡᠭᠦᠨ ᠤ ᠬᠠᠮᠲᠤ᠂ ᠥᠨᠳᠦᠷ ᠴᠢᠨᠰᠠᠭ᠎ᠠ ᠲᠠᠢ ᠬᠥᠭᠵᠢᠯᠲᠡ ᠶᠢᠨ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠴᠢᠭᠯᠡᠯ ᠢᠶᠠᠨ ᠲᠣᠭᠲᠠᠭᠠᠵᠤ᠂ ᠵᠠᠮ ᠱᠣᠭᠤᠮ ᠢᠶᠠᠨ ᠰᠠᠶᠢᠲᠤᠷ ᠰᠤᠩᠭᠤᠵᠤ᠂ ᠲᠡᠩᠴᠡᠭᠦᠷᠢ ᠶᠢ ᠪᠠᠷᠢᠮᠲᠠᠯᠠᠵᠤ᠂ ᠬᠤᠷᠳᠤᠴᠠ ᠪᠣᠯᠤᠨ  ᠶᠠᠰᠤ ᠴᠢᠨᠠᠷ ᠤᠨ ᠤᠷᠭᠠᠨᠢᠭ ᠨᠢᠭᠡᠳᠦᠯ ᠢ ᠪᠡᠶᠡᠯᠡᠭᠦᠯᠬᠦ ᠬᠡᠷᠡᠭᠲᠡᠢ᠃      ᠭᠤᠷᠪᠠ ᠳᠤ᠂ ᠳᠠᠪᠠᠭᠤᠯᠢᠭ ᠢᠶᠠᠨ ᠪᠠᠳᠠᠷᠠᠭᠤᠯᠬᠤ ᠬᠢᠭᠡᠳ ᠳᠤᠲᠠᠭᠤᠳᠠᠯ ᠢᠶᠠᠨ ᠨᠥᠬᠦᠪᠦᠷᠢᠯᠡᠬᠦ ᠶᠢᠨ ᠬᠠᠷᠢᠴᠠᠭ᠎ᠠ ᠶᠢ ᠰᠠᠶᠢᠲᠤᠷ ᠠᠳᠬᠤᠬᠤ ᠬᠡᠷᠡᠭᠲᠡᠢ᠃ ᠪᠢᠳᠡ ᠲᠥᠪ ᠬᠤᠲᠠ ᠶᠢᠨ ᠰᠢᠨ᠎ᠡ ᠳᠠᠪᠠᠭᠤᠯᠢᠭ ᠢ ᠤᠯᠠᠮ ᠨᠢᠭᠡ ᠠᠯᠬᠤᠮ ᠬᠢᠨᠠᠨ ᠦᠵᠡᠵᠣ᠂ ᠰᠢᠨᠵᠢᠯᠡᠬᠦ ᠤᠬᠠᠭᠠᠨ ᠮᠡᠷᠭᠡᠵᠢᠯ᠂ ᠴᠢᠳᠠᠪᠤᠷᠢᠲᠠᠨ᠂ ᠮᠡᠳᠡᠭᠡ ᠵᠠᠩᠬᠢ᠂ ᠪᠡᠯᠡ ᠮᠥᠩᠭᠦ ᠵᠡᠷᠭᠡ ᠡᠯᠧᠮᠧᠨ᠋ᠲ ᠤᠨ ᠬᠠᠮᠲᠤᠳᠬᠠᠭᠰᠠᠨ ᠳᠠᠪᠠᠭᠤᠯᠢᠭ ᠢᠶᠠᠨ ᠪᠠᠳᠠᠷᠠᠭᠤᠯᠵᠤ᠂ ᠵᠠᠮ ᠨᠡᠪᠲᠡᠷᠡᠭᠦᠯᠭᠡ᠂ ᠣᠷᠤᠨ ᠪᠠᠶᠢᠷᠢ᠂ ᠣᠷᠴᠢᠨ ᠲᠣᠭᠤᠷᠢᠨ᠂ ᠥᠪᠡᠷ ᠤᠨ ᠦᠷᠲᠡᠭ ᠤᠨ ᠤᠭᠰᠠᠷᠠᠭ᠎ᠠ ᠴᠣᠬᠢᠯᠲᠠ ᠶᠢ ᠰᠠᠶᠢᠲᠤᠷ ᠬᠢᠵᠤ᠂ ᠰᠦ ᠰᠠᠭᠠᠯᠢ ᠶᠢᠨ ᠦᠢᠯᠡᠰ ᠵᠡᠷᠭᠡ ᠤᠯᠠᠮᠵᠢᠯᠠᠯᠲᠤ ᠠᠵᠤ ᠦᠢᠯᠡᠰ᠂ ᠲᠤᠮᠤ  ᠳ᠋ᠠᠶᠢᠲ᠋ᠠ ᠵᠡᠷᠭᠡ ᠪᠠᠶᠢᠯᠳᠤᠬᠤ ᠪᠣᠳᠤᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠬᠥᠭᠵᠢᠭᠦᠯᠵᠦ᠂ ᠳᠠᠪᠠᠭᠤᠯᠢᠭ ᠢᠶᠠᠨ ᠪᠠᠳᠠᠷᠠᠭᠤᠯᠵᠤ ᠳᠤᠲᠠᠭᠤᠳᠠᠯ ᠢᠶᠠᠨ ᠨᠥᠬᠦᠪᠦᠷᠢᠯᠡᠵᠤ᠂ ᠳᠠᠪᠠᠵᠤ ᠭᠦᠢᠴᠡᠬᠦ ᠶᠢ ᠪᠡᠶᠡᠯᠡᠭᠦᠯᠬᠦ ᠬᠡᠷᠡᠭᠲᠡᠢ᠃ ᠡᠭᠦᠨ ᠤ ᠬᠠᠮᠲᠤ᠂ ᠬᠦᠴᠦᠷᠬᠡᠭ ᠢᠶᠠᠷ ᠪᠠᠭᠤᠷᠠᠢ ᠶᠢ ᠨᠥᠬᠦᠪᠦᠷᠢᠯᠡᠬᠦ᠂ ᠳᠠᠪᠠᠭᠤᠯᠢᠭ ᠢᠶᠠᠷ ᠳᠤᠲᠠᠭᠤᠳᠠᠯ ᠢ ᠨᠥᠬᠦᠪᠦᠷᠢᠯᠡᠬᠦ ᠶᠢ ᠪᠠᠷᠢᠮᠲᠠᠯᠠᠵᠤ᠂ ᠠᠵᠤ ᠦᠢᠯᠡᠳᠪᠦᠷᠢ ᠪᠠᠷ ᠲᠠᠷᠢᠶᠠᠯᠠᠩ ᠢ ᠲᠡᠵᠢᠭᠡᠬᠦ᠂ ᠬᠤᠲᠠ ᠪᠠᠯᠭᠠᠰᠤ ᠪᠠᠷ ᠬᠦᠳᠡᠭᠡ ᠲᠤᠰᠬᠤᠨ ᠢ ᠳᠠᠭᠠᠭᠤᠯᠬᠤ ᠶᠢ ᠴᠢᠩᠭᠠᠳᠬᠠᠵᠤ᠂ ᠪᠣᠬᠢᠷᠳᠤᠯ ᠦᠭᠡᠢ ᠠᠮᠢ ᠠᠬᠤᠢ᠂ ᠬᠤᠲᠠ ᠬᠦᠳᠡᠭᠡ ᠶᠢ ᠨᠢᠭᠡ ᠴᠣᠭᠴᠠᠵᠢᠭᠤᠯᠬᠤ᠂ ᠣᠯᠠᠨ ᠨᠡᠶᠢᠲᠡ ᠶᠢᠨ ᠦᠢᠯᠡᠴᠢᠯᠡᠭᠡ ᠵᠡᠷᠭᠡ ᠪᠠᠭᠤᠷᠠᠢ ᠭᠤᠭᠴᠤᠭ᠎ᠠ ᠳᠡᠭᠡᠷ᠎ᠡ ᠲᠠᠰᠤᠷᠠᠯᠲᠠ ᠦᠭᠡᠢ ᠰᠢᠪᠲᠤᠯᠤᠯᠲᠠ ᠲᠠᠢ ᠪᠣᠯᠵᠤ ᠂ ᠨᠡᠩ ᠲᠡᠩᠴᠡᠭᠦᠷᠢᠲᠠᠢ᠂ ᠨᠡᠩ ᠭᠦᠢᠴᠡᠳ ᠬᠥᠭᠵᠢᠯᠲᠡ ᠶᠢ ᠪᠡᠶᠡᠯᠡᠭᠦᠯᠬᠦ ᠪᠠᠷ ᠴᠢᠷᠮᠠᠶᠢᠬᠤ ᠬᠡᠷᠡᠭᠲᠡᠢ᠃      ᠳᠦᠷᠪᠡ ᠳᠤ᠂ ᠤᠯᠠᠮᠵᠢᠯᠠᠯᠲᠤ  ᠬᠦᠳᠡᠯᠭᠡᠭᠴᠢ ᠡᠨᠧᠷᠭᠢ ᠶᠢ ᠬᠥᠭᠵᠢᠭᠡᠬᠦ  ᠬᠢᠭᠡᠳ ᠰᠢᠨ᠎ᠡ ᠬᠦᠳᠡᠯᠭᠡᠭᠴᠢ ᠡᠨᠧᠷᠭᠢ ᠶᠢ ᠪᠣᠶᠢᠵᠢᠭᠤᠯᠬᠤ ᠬᠠᠷᠢᠴᠠᠭ᠎ᠠ ᠶᠢ ᠰᠠᠶᠢᠲᠤᠷ ᠠᠳᠬᠤᠬᠤ ᠬᠡᠷᠡᠭᠲᠡᠢ᠃ ᠪᠢᠳᠡ ᠬᠠᠩᠭᠠᠯᠭ᠎ᠠ ᠶᠢᠨ ᠲᠠᠯ᠎ᠠ ᠶᠢᠨ ᠪᠥᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠣᠯ ᠪᠤᠯᠭᠠᠵᠤ᠂《 ᠪᠠᠬᠢᠵᠢᠭᠦᠯᠬᠦ᠂ ᠴᠢᠩᠭᠠᠳᠬᠠᠬᠤ᠂ ᠰᠠᠶᠢᠵᠢᠷᠠᠭᠤᠯᠬᠤ᠂ ᠨᠡᠪᠲᠡᠷᠡᠭᠦᠯᠬᠦ》 ᠳᠡᠭᠡᠷ᠎ᠡ ᠬᠦᠴᠦ ᠣᠷᠤᠭᠤᠯᠵᠤ᠂ ᠡᠨᠧᠷᠭᠢ᠂ ᠪᠡᠯᠡ ᠣᠷᠤᠭᠤᠯᠤᠯᠲᠠ᠂ ᠬᠡᠷᠡᠭᠯᠡᠭᠡ ᠵᠡᠷᠭᠡ ᠤᠯᠠᠮᠵᠢᠯᠠᠯᠲᠤ ᠬᠦᠳᠡᠯᠭᠡᠭᠴᠢ ᠡᠨᠧᠷᠭᠢ ᠶᠢᠨ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠬᠥᠭᠵᠢᠭᠡᠵᠦ᠂ ᠬᠥᠭᠵᠢᠯᠲᠡ ᠶᠢᠨ ᠰᠢᠨ᠎ᠡ ᠳᠠᠪᠠᠭᠤᠯᠢᠭ ᠢ ᠴᠢᠷᠮᠠᠶᠢᠨ ᠳᠠᠬᠢᠨ ᠪᠥᠲᠦᠭᠡᠨ᠎ᠡ᠃ ᠡᠭᠦᠨ ᠤ ᠬᠠᠮᠲᠤ᠂ ᠰᠢᠨ᠎ᠡ ᠶᠢ ᠡᠭᠦᠳᠬᠦ ᠪᠠᠷ ᠬᠦᠳᠡᠯᠭᠡᠭᠴᠢ ᠬᠦᠴᠦ  ᠪᠤᠯᠭᠠᠬᠤ᠂ ᠥᠭᠡᠷᠡᠴᠢᠯᠡᠯᠲᠡ ᠶᠢ ᠠᠬᠢᠭᠤᠯᠬᠤ᠂ ᠴᠢᠯᠦᠭᠡᠲᠠᠢ ᠶᠠᠪᠤᠯᠴᠠᠬᠤ ᠪᠠᠷ ᠳᠠᠶᠢᠴᠢᠯᠠᠬᠤ᠂ ᠴᠢᠳᠠᠪᠤᠷᠢᠲᠠᠨ ᠢ ᠬᠥᠭᠵᠢᠭᠡᠬᠦ ᠶᠢ ᠪᠠᠷᠢᠮᠲᠠᠯᠠᠵᠤ᠂ ᠪᠥᠬᠦ ᠡᠯᠧᠮᠧᠨ᠋ᠲ ᠤᠨ ᠦᠢᠯᠡᠳᠪᠦᠷᠢᠯᠡᠯ ᠤᠨ ᠨᠤᠷᠮ᠎ᠠ ᠶᠢ ᠬᠦᠴᠦᠯᠡᠨ ᠳᠡᠭᠡᠭᠰᠢᠯᠡᠭᠦᠯᠵᠦ᠂ ᠰᠢᠨ᠎ᠡ ᠬᠦᠳᠡᠯᠭᠡᠭᠴᠢ ᠡᠨᠧᠷᠭᠢ ᠪᠠᠷ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠤᠨ ᠬᠤᠪᠢᠷᠠᠯᠲᠠ᠂ ᠦᠷ᠎ᠡ ᠠᠰᠢᠭ ᠤᠨ ᠬᠤᠪᠢᠷᠠᠯᠲᠠ᠂ ᠬᠦᠳᠡᠯᠭᠡᠭᠴᠢ ᠬᠦᠴᠦᠨ ᠤ ᠬᠤᠪᠢᠷᠠᠯᠲᠠ ᠶᠢ ᠠᠬᠢᠭᠤᠯᠬᠤ ᠬᠡᠷᠡᠭᠲᠡᠢ᠃      ᠲᠠᠪᠤ ᠳᠤ᠂ ᠵᠠᠬ᠎ᠠ ᠳᠡᠯᠭᠡᠭᠦᠷ ᠤᠨ ᠦᠢᠯᠡᠳᠦᠯ ᠢ ᠰᠠᠶᠢᠲᠤᠷ ᠪᠠᠳᠠᠷᠠᠭᠤᠯᠬᠤ ᠬᠢᠭᠡᠳ ᠪᠡᠶᠡᠴᠢ ᠴᠢᠳᠠᠮᠠᠭᠠᠢ ᠴᠢᠨᠠᠷ ᠢ ᠳᠡᠭᠡᠭᠰᠢᠯᠡᠭᠦᠯᠬᠦ ᠶᠢᠨ ᠬᠠᠷᠢᠴᠠᠭ᠎ᠠ ᠶᠢ ᠰᠠᠶᠢᠲᠤᠷ ᠠᠳᠬᠤᠬᠤ ᠬᠡᠷᠡᠭᠲᠡᠢ᠃ ᠪᠢᠳᠡ ᠵᠠᠬ᠎ᠠ ᠳᠡᠯᠭᠡᠭᠦᠷ ᠤᠨ ᠦᠵᠡᠯ ᠤᠬᠠᠮᠰᠠᠷ ᠢ ᠪᠠᠲᠤ ᠪᠠᠬᠢ ᠪᠤᠯᠭᠠᠵᠤ᠂ ᠵᠠᠬ᠎ᠠ ᠳᠡᠯᠭᠡᠭᠦᠷ ᠤᠨ ᠵᠢᠮ᠎ᠡ ᠶᠣᠰᠤ ᠶᠢ ᠵᠢᠷᠤᠮᠯᠠᠵᠤ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ ᠠᠷᠭ᠎ᠠ ᠪᠠᠷᠢᠯ ᠢᠶᠠᠷ᠂  ᠡᠬᠢ ᠪᠠᠶᠠᠯᠢᠭ ᠤᠨ ᠡᠯᠧᠮᠧᠨ᠋ᠲ ᠢ ᠲᠣᠬᠢᠷᠠᠭᠤᠯᠵᠤ᠂ ᠥᠨᠳᠦᠷ ᠴᠢᠨᠰᠠᠭ᠎ᠠ ᠲᠠᠢ ᠬᠥᠭᠵᠢᠯᠲᠡ ᠶᠢᠨ ᠬᠢᠷᠢ ᠲᠥᠪᠰᠢᠨ ᠢᠶᠠᠨ ᠳᠡᠭᠡᠭᠰᠢᠯᠡᠭᠦᠯᠦᠨ᠎ᠡ᠃ ᠡᠭᠦᠨ ᠤ ᠬᠠᠮᠲᠤ᠂  ᠨᠡᠩ  ᠢᠯᠠᠩᠭᠤᠶ᠎ᠠ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠬᠤ᠂ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠬᠤ ᠳᠡᠭᠡᠷ᠎ᠡ ᠬᠦᠴᠦ ᠲᠠᠯᠪᠢᠵᠤ᠂ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠪᠠᠷ ᠭᠤᠣᠯᠳᠠᠯᠭ᠎ᠠ ᠪᠤᠯᠭᠠᠵᠤ᠂ ᠤᠳᠤᠷᠢᠳᠤᠯᠭ᠎ᠠ  ᠪᠠᠷ ᠲᠣᠯᠤᠭᠠᠶᠢᠯᠠᠭᠤᠯᠵᠤ᠂ ᠺᠠᠳ᠋ᠷ ᠭᠠᠪᠰᠢᠭᠠᠶᠢᠯᠠᠬᠤ ᠶᠢ ᠪᠠᠷᠢᠮᠲᠠᠯᠠᠵᠤ᠂ ᠪᠥᠬᠦ ᠬᠤᠲᠠ ᠶᠢᠨ ᠬᠦᠴᠦᠨ ᠴᠢᠳᠠᠯ ᠢ ᠳᠠᠶᠢᠴᠢᠯᠠᠵᠤ᠂ ᠰᠢᠨ᠎ᠡ ᠳᠦᠷᠢ ᠳᠦᠷᠬᠦ ᠶᠢ ᠪᠤᠢ ᠪᠤᠯᠭᠠᠵᠤ᠂ ᠰᠢᠨ᠎ᠡ ᠦᠢᠯᠡ ᠶᠢ ᠪᠥᠲᠦᠭᠡᠵᠤ᠂ ᠰᠠᠶᠢᠨ ᠰᠠᠶᠢᠬᠠᠨ ᠭᠡᠷ ᠣᠷᠤᠨ ᠢᠶᠠᠨ ᠪᠥᠲᠦᠭᠡᠨ ᠪᠠᠶᠢᠭᠤᠯᠬᠤ ᠠᠤᠭ᠎ᠠ ᠬᠦᠴᠦᠨ ᠢ ᠦᠨᠡᠨᠬᠦ ᠨᠢᠭᠲᠠᠷᠠᠭᠤᠯᠬᠤ ᠬᠡᠷᠡᠭᠲᠡᠢ᠃      ᠡᠨᠡ ᠵᠢᠯ ᠳᠣᠣᠷᠠᠬᠢ ᠬᠡᠳᠤᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠢ᠄       ︵ᠨᠢᠭᠡ︶ ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠨ᠎ᠡ      ᠬᠦᠨᠳᠦ  ᠶᠡᠭᠡ ᠲᠥᠭᠰᠢᠭᠦᠷᠢ ᠶᠢ ᠰᠡᠷᠭᠡᠶᠢᠯᠡᠨ ᠠᠷᠢᠯᠭᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠨ᠎ᠡ᠃ ᠤᠯᠤᠰ ᠤᠨ ᠥᠮᠴᠢᠯᠡᠯᠲᠤ ᠡᠳ᠋ ᠬᠥᠷᠦᠩᠭᠡ ᠶᠢ ᠡᠵᠡᠩᠨᠡᠬᠦ᠂ ᠲᠥᠰᠦᠪ ᠤᠨ ᠲᠣᠬᠢᠷᠠᠭᠤᠯᠤᠯᠲᠠ᠂ ᠭᠠᠵᠠᠷ ᠰᠢᠷᠤᠢ ᠶᠢ ᠰᠢᠯᠵᠢᠭᠦᠯᠦᠨ ᠬᠤᠳᠠᠯᠳᠤᠵᠤ ᠠᠰᠢᠭ ᠬᠤᠨᠵᠢᠪᠤᠷᠢ ᠣᠯᠬᠤ ᠵᠡᠷᠭᠡ ᠠᠷᠭ᠎ᠠ ᠠᠪᠴᠠᠯ ᠢ ᠠᠪᠴᠤ᠂ ᠵᠢᠯ ᠤᠨ ᠳᠣᠲᠤᠷ᠎ᠠ157.47 ᠳ᠋ᠦᠩᠰᠢᠭᠤᠷ ᠲᠥᠭᠦᠷᠢᠭ ᠤᠨ ᠳᠠᠯᠳᠠ ᠥᠷᠢ ᠥᠭᠴᠡᠭᠡ ᠶᠢ ᠠᠷᠢᠯᠭᠠᠨ᠎ᠠ᠃ ᠵᠠᠰᠠᠭ ᠤᠨ ᠣᠷᠳᠤᠨ ᠠᠴᠠ ᠪᠡᠯᠡ ᠣᠷᠤᠭᠤᠯᠤᠭᠰᠠᠨ ᠲᠥᠷᠦᠯ ᠵᠦᠢᠯ ᠤᠨ ᠬᠠᠮᠢᠶᠠᠷᠤᠯᠲᠠ ᠶᠢ ᠴᠢᠩᠭᠠᠳᠬᠠᠵᠤ᠂ ᠵᠠᠰᠠᠭ ᠤᠨ ᠣᠷᠳᠤᠨ ᠪᠡᠯᠡ ᠲᠣᠬᠢᠷᠠᠭᠤᠯᠵᠤ ᠵᠢᠭᠡᠯᠡᠯᠭᠡ ᠵᠢᠭᠡᠯᠡᠬᠦ ᠠᠵᠢᠯᠯᠠᠭ᠎ᠠ ᠶᠢ ᠳᠦᠷᠢᠮᠵᠢᠭᠦᠯᠵᠦ᠂ ᠥᠷᠢ ᠥᠭᠴᠡᠭᠡ ᠶᠢ ᠡᠬᠢ ᠡᠭᠦᠰᠦᠯ ᠠᠴᠠ ᠨᠢ ᠬᠠᠮᠢᠶᠠᠷᠴᠤ ᠡᠵᠡᠮᠳᠡᠨ᠎ᠡ᠃ ᠥᠷᠢ ᠥᠭᠴᠡᠭᠡ ᠶᠢᠨ ᠪᠥᠲᠦᠴᠡ ᠶᠢ ᠰᠢᠯᠢᠳᠡᠭᠵᠢᠭᠦᠯᠵᠦ᠂ ᠨᠡᠶᠢᠭᠡᠮ ᠤᠨ ᠡᠳ᠋ ᠬᠥᠷᠦᠩᠭᠡ ᠶᠢᠨ ᠣᠯᠠᠨ ᠨᠡᠶᠢᠲᠡ ᠶᠢᠨ ᠦᠢᠯᠡᠴᠢᠯᠡᠭᠡ᠂ ᠰᠠᠭᠤᠷᠢ ᠪᠡᠯᠡᠳᠬᠡᠮᠵᠢ ᠵᠡᠷᠭᠡ ᠬᠦᠷᠢᠶᠡᠨ ᠤ ᠪᠥᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠳᠤ ᠣᠷᠤᠯᠴᠠᠬᠤ ᠶᠢ ᠢᠳᠡᠪᠬᠢᠲᠠᠢ ᠵᠢᠯᠤᠭᠤᠳᠤᠨ᠎ᠠ᠃ ᠬᠠᠤᠯᠢ ᠪᠤᠰᠤ ᠪᠠᠷ ᠪᠡᠯᠡ ᠴᠤᠭᠯᠠᠭᠤᠯᠬᠤ᠂ ᠰᠤᠷᠭᠠᠭᠤᠯᠢ ᠶᠢᠨ ᠬᠦᠷᠢᠶᠡᠨ ᠤ ᠵᠢᠭᠡᠯᠡᠯᠭᠡ ᠵᠡᠷᠭᠡ ᠬᠠᠤᠯᠢ ᠠᠴᠠ ᠵᠦᠷᠢᠴᠡᠭᠰᠡᠨ ᠶᠠᠯᠠᠲᠤ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠬᠦᠨᠳᠦ ᠶᠡᠭᠡ ᠲᠥᠭᠰᠢᠭᠦᠷᠢ ᠶᠢ ᠪᠥᠲᠦᠮᠵᠢᠲᠠᠢ ᠰᠡᠷᠭᠡᠶᠢᠯᠡᠨ᠎ᠡ᠃       ᠣᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠨ᠎ᠡ᠃ ᠠᠵᠤ ᠦᠢᠯᠡᠰ ᠢ ᠬᠥᠭᠵᠢᠭᠦᠯᠬᠦ ᠶᠢ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠨᠳᠦᠰᠦᠨ  ᠪᠣᠳᠤᠯᠭ᠎ᠠ ᠪᠠᠷ ᠦᠵᠡᠵᠤ᠂ ᠣᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠬᠢᠭᠡᠳ ᠬᠦᠳᠡᠭᠡ ᠲᠤᠰᠬᠤᠨ ᠤ ᠪᠥᠬᠦᠯᠢ ᠴᠤᠭᠴᠠ ᠶᠢᠨ ᠬᠥᠭᠵᠢᠯᠲᠡ ᠶᠢᠨ ᠬᠠᠷᠢᠴᠠᠭ᠎ᠠ ᠶᠢ ᠨᠢᠭᠡᠳᠦᠯᠲᠠᠢ ᠲᠥᠯᠦᠪᠯᠡᠵᠤ᠂ ᠶᠠᠳᠠᠭᠤ ᠬᠦᠴᠢᠷᠳᠡᠯᠲᠠᠢ‌ᠣᠯᠠᠨ ᠲᠦᠮᠡᠨ ᠤ ᠳᠣᠲᠤᠭᠠᠳᠤ ᠬᠦᠳᠡᠯᠭᠡᠬᠦ ᠬᠦᠴᠦ ᠶᠢ ᠨᠢ ᠬᠥᠭᠵᠢᠭᠡᠬᠦ ᠪᠠᠷ ᠭᠤᠣᠯᠳᠠᠴᠠ ᠪᠤᠯᠭᠠᠵᠤ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠬᠢᠭᠡᠳ ᠬᠦᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ᠂ ᠠᠮᠢ ᠠᠬᠤᠢ ᠶᠢᠨ ᠪᠥᠲᠦᠭᠡᠨ ᠪᠠᠶᠢᠭᠤᠯᠤᠯᠲᠠ᠂ ᠬᠦᠳᠡᠭᠡ ᠲᠤᠰᠬᠤᠨ ᠤ ᠵᠢᠭᠤᠯᠴᠢᠯᠠᠯ᠂ ᠲᠣᠯᠤᠭᠠᠶᠢᠯᠠᠭᠴᠢ ᠠᠵᠤ ᠠᠬᠤᠶᠢᠯᠠᠯ ᠢ ᠪᠣᠶᠢᠵᠢᠭᠤᠯᠬᠤ᠂ ᠬᠤᠲᠠ ᠶᠢᠨ ᠬᠠᠩᠭᠠᠯᠭ᠎ᠠ ᠬᠡᠷᠡᠭᠴᠡᠭᠡ ᠶᠢ ᠤᠶᠠᠯᠳᠤᠭᠤᠯᠬᠤ ᠶᠢ ᠭᠦᠨᠵᠡᠭᠡᠢ ᠲᠦᠯᠬᠢᠨ ᠠᠬᠢᠭᠤᠯᠵᠤ᠂ ᠶᠠᠳᠠᠭᠤ ᠶᠢ ᠲᠡᠳᠬᠦᠬᠦ ᠠᠵᠤ ᠦᠢᠯᠡᠰ ᠤᠨ ᠤᠷᠲᠤ ᠬᠤᠭᠤᠴᠠᠭᠠᠨ ᠤ ᠬᠥᠭᠵᠢᠯᠲᠡ᠂ ᠶᠠᠳᠠᠭᠤ ᠬᠦᠴᠢᠷᠳᠡᠯᠲᠠᠢ ᠣᠯᠠᠨ ᠲᠦᠮᠡᠨ ᠤ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠬᠤ ᠶᠢ ᠪᠡᠶᠡᠯᠡᠭᠦᠯᠦᠨ᠎ᠡ᠃《 ᠵᠢᠷᠭᠤᠭᠠᠨ ᠣᠨᠣᠪᠴᠢᠲᠠᠢ ᠪᠠᠶᠢᠬᠤ》 ᠱᠠᠭᠠᠷᠳᠠᠯᠭ᠎ᠠ ᠶᠣᠰᠤᠭᠠᠷ᠂ ᠰᠤᠷᠭᠠᠨ ᠬᠥᠮᠦᠵᠢᠯ᠂ ᠡᠮ ᠡᠮᠨᠡᠯᠭᠡ ᠵᠡᠷᠭᠡ ᠲᠥᠷᠦ   ᠵᠢᠨ‌‍ᠪᠣᠳᠤᠯᠭ᠎ᠠ ᠶᠢᠨ ᠪᠥᠬᠦᠨ ᠢ ᠪᠠᠲᠤᠯᠠᠬᠤ ᠶᠢ ᠲᠠᠰᠤᠷᠠᠯᠲᠠ ᠦᠭᠡᠢ ᠴᠢᠩᠭᠠᠳᠬᠠᠵᠤ᠂ ᠪᠡᠭᠡᠵᠢᠩ ᠥᠪᠦᠷ ᠮᠣᠩᠭᠤᠯ ᠤᠨ ᠬᠠᠮᠵᠢᠯᠴᠠᠭ᠎ᠠ᠂《 ᠵᠠᠭᠤᠨ ᠠᠵᠤ ᠠᠬᠤᠶᠢᠯᠠᠯ ᠵᠠᠭᠤᠨ ᠲᠤᠰᠬᠤᠨ ᠲᠠᠢ ᠬᠤᠯᠪᠤᠭᠠᠯᠠᠬᠤ》 ᠵᠡᠷᠭᠡ  ᠶᠢᠨ ᠶᠠᠳᠠᠭᠤ ᠶᠢ  ᠲᠡᠳᠬᠦᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠵᠢᠯ ᠤᠨ ᠳᠣᠲᠤᠷ᠎ᠠ260 ᠡᠷᠦᠬᠡ᠂588 ᠬᠥᠮᠦᠨ ᠠᠮᠠ ᠶᠢ ᠲᠤᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠶᠢ ᠪᠡᠶᠡᠯᠡᠭᠦᠯᠦᠨ᠎ᠡ᠃ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠠᠢ ᠡᠷᠦᠬᠡ ᠠᠴᠠ ᠠᠷᠠᠢ ᠳᠡᠭᠡᠷ᠎ᠡ ᠰᠢᠭ ᠣᠯᠠᠨ ᠲᠦᠮᠡᠨ ᠳᠤ ᠦᠵᠡᠭᠦᠯᠬᠦ ᠲᠥᠷᠦ ᠶᠢᠨ ᠪᠣᠳᠤᠯᠭ᠎ᠠ ᠶᠢᠨ ᠳᠡᠮᠵᠢᠯᠭᠡ ᠶᠢ ᠨᠡᠮᠡᠭᠳᠡᠭᠦᠯᠵᠦ᠂ ᠶᠠᠳᠠᠭᠤᠷᠠᠬᠤ ᠠᠶᠤᠯ ᠲᠠᠢ᠂ ᠠᠮᠠᠷᠬᠠᠨ ᠶᠠᠳᠠᠭᠤᠷᠠᠬᠤ ᠣᠯᠠᠨ ᠲᠦᠮᠡᠨ ᠤ ᠣᠷᠤᠯᠭ᠎ᠠ ᠶᠢ ᠨᠡᠮᠡᠭᠳᠡᠭᠦᠯᠦᠨ᠎ᠡ᠃ ᠦᠴᠦᠸᠠᠨ ᠰᠢᠶᠠᠨ᠂ ᠴᠢᠩ ᠱᠦᠢ ᠾᠧ ᠰᠢᠶᠠᠨ ᠤ ᠥᠨᠳᠦᠷ ᠴᠢᠨᠰᠠᠭ᠎ᠠ ᠲᠠᠢ ᠬᠥᠭᠵᠢᠯᠲᠡ ᠶᠢ ᠳᠡᠮᠵᠢᠬᠦ ᠲᠥᠷᠦ ᠶᠢᠨ ᠪᠣᠳᠤᠯᠭ᠎ᠠ ᠶᠢ ᠨᠡᠶᠢᠲᠡᠯᠡᠵᠤ᠂ ᠶᠠᠳᠠᠭᠤ ᠬᠦᠴᠢᠷᠳᠡᠯᠲᠠᠢ ᠭᠠᠵᠠᠷ ᠣᠷᠤᠨ ᠤ ᠦᠷᠬᠦᠯᠵᠢᠯᠡᠨ ᠬᠥᠭᠵᠢᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃      ᠪᠣᠬᠢᠷᠳᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠨ᠎ᠡ᠃ ᠲᠥᠪ ᠤᠨ ᠣᠷᠴᠢᠨ ᠲᠣᠭᠤᠷᠢᠨ ᠢ ᠬᠠᠮᠠᠭᠠᠯᠠᠬᠤ ᠰᠢᠮᠳᠠᠭᠤᠯᠤᠨ ᠪᠠᠶᠢᠴᠠᠭᠠᠯᠲᠠ ᠶᠢᠨ《 ᠡᠷᠭᠢᠵᠤ ᠬᠠᠷᠠᠬᠤ》 ᠳᠤ ᠳᠤᠰᠬᠠᠭᠰᠠᠨ ᠠᠰᠠᠭᠤᠳᠠᠯ ᠢ ᠴᠡᠭᠴᠡᠯᠡᠨ ᠵᠠᠰᠠᠬᠤ ᠶᠢ ᠦᠨᠡᠨᠬᠦ ᠰᠠᠶᠢᠲᠤᠷ ᠪᠡᠶᠡᠯᠡᠭᠦᠯᠵᠦ᠂ ᠬᠦᠬᠡᠮᠳᠦᠭ ᠲᠡᠭᠷᠢ᠂ ᠨᠣᠮᠢᠨ ᠤᠰᠤ᠂ ᠠᠷᠢᠭᠤᠨ ᠬᠦᠷᠦᠰᠦ ᠶᠢ ᠬᠠᠮᠠᠭᠠᠯᠠᠬᠤ  ᠭᠤᠷᠪᠠᠨ ᠶᠡᠭᠡ ᠳᠠᠶᠢᠯᠠᠯᠳᠤᠭᠠᠨ ᠢ ᠰᠠᠶᠢᠲᠤᠷ ᠬᠢᠨ᠎ᠡ᠃ ᠭᠤᠣᠯ ᠬᠤᠲᠠ ᠶᠢᠨ ᠲᠣᠭᠤᠷᠢᠭ ᠤᠨ《 ᠨᠡᠭᠦᠷᠡᠰᠦ ᠦᠭᠡᠢ ᠪᠤᠯᠭᠠᠬᠤ》 ᠶᠢ ᠦᠷᠬᠦᠯᠵᠢᠯᠡᠨ ᠠᠬᠢᠭᠤᠯᠵᠤ᠂ ᠣᠳᠣᠬᠠᠨ ᠤ ᠪᠠᠶᠢᠭ᠎ᠠ ᠢᠯᠴᠢ ᠴᠠᠬᠢᠯᠭᠠᠨ ᠤ ᠢᠯᠴᠢ ᠬᠠᠩᠭᠠᠬᠤ ᠴᠢᠳᠠᠪᠤᠷᠢ ᠶᠢ ᠠᠭᠤᠳᠠᠯᠠᠵᠤ᠂ ᠲᠤᠭᠲᠠᠬᠤ ᠰᠢᠶᠠᠨ ᠤ  ᠴᠠᠬᠢᠯᠭᠠᠨ ᠦᠢᠯᠡᠳᠪᠦᠷᠢ ᠵᠢᠨ‌ᠤᠷᠲᠤ ᠳᠠᠮᠵᠢᠭᠤᠯᠬᠤ ᠬᠤᠭᠤᠯᠠᠢ ᠶᠢᠨ ᠢᠯᠴᠢ ᠡᠭᠦᠰᠬᠡᠭᠴᠢ ᠶᠢᠨ ᠬᠦᠬᠡᠬᠤᠲᠠ ᠳᠤ ᠣᠷᠤᠬᠤ ᠨᠣᠲᠠᠯᠠᠯᠲᠠ ᠶᠢ ᠲᠦᠷᠭᠡᠳᠬᠡᠨ᠎ᠡ᠃ ᠪᠣᠬᠢᠷᠳᠤᠯ ᠢ ᠭᠠᠳᠠᠭᠰᠢᠯᠠᠭᠤᠯᠬᠤ ᠪᠠᠷᠢᠮᠵᠢᠶ᠎ᠠ ᠳᠤ ᠨᠡᠶᠢᠴᠡᠬᠦ ᠦᠭᠡᠢ ᠠᠵᠤ ᠠᠬᠤᠶᠢᠯᠠᠯ ᠢ ᠴᠢᠩᠭ᠎ᠠ ᠵᠠᠰᠠᠵᠤ᠂ 35 ᠠᠭᠤᠷᠰᠢᠯᠲᠠ ᠳᠦ᠋ᠨ ᠵᠢᠴᠢ ᠲᠡᠭᠦᠨ ᠠᠴᠠ ᠪᠠᠭ᠎ᠠ 26 ᠨᠡᠭᠦᠷᠡᠰᠦ ᠰᠢᠲᠠᠭᠠᠬᠤ ᠵᠣᠤᠬ᠎ᠠ ᠶᠢ ᠰᠢᠭᠰᠢᠵᠦ᠂ ᠪᠣᠬᠢᠷᠳᠤᠯ ᠶᠡᠬᠡᠲᠠᠢ ᠲᠦᠯᠡᠰᠢ ᠲᠦᠯᠡᠬᠦ ᠶᠢ ᠴᠠᠭᠠᠵᠠᠯᠠᠵᠤ ᠴᠡᠪᠡᠷ ᠲᠦᠯᠡᠰᠢ ᠪᠠᠷ ᠣᠷᠤᠯᠠᠬᠤ ᠶᠢ ᠪᠥᠬᠦᠨ ᠢ ᠪᠡᠶᠡᠯᠡᠭᠦᠯᠵᠦ᠂ ᠲᠣᠭᠤᠰᠤ ᠳᠡᠭᠳᠡᠬᠦ ᠶᠢ ᠬᠠᠮᠢᠶᠠᠷᠴᠤ ᠡᠵᠡᠮᠳᠡᠬᠦ ᠪᠠᠨ ᠴᠢᠩᠭᠠᠳᠬᠠᠵᠤ᠂ ᠪᠥᠬᠦ ᠵᠢᠯ ᠤᠨ ᠴᠡᠪᠡᠷ ᠠᠭᠠᠷ ᠤᠨ ᠡᠳᠦᠷ ᠤᠨ ᠲᠤᠭᠠᠨ ᠤ ᠬᠠᠷᠢᠴᠠᠯ ᠢ 82.2% ᠲᠤ ᠬᠦᠷᠭᠡᠨ᠎ᠡ᠃ ᠶᠡᠭᠡ ᠲᠦᠷᠭᠡᠨ ᠭᠤᠣᠯ᠂ ᠾᠦᠨ ᠾᠧ ᠭᠤᠣᠯ ᠤᠨ ᠰᠠᠪᠠ ᠭᠠᠵᠠᠷ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠭᠦᠨᠵᠡᠭᠡᠢ ᠥᠷᠨᠢᠭᠦᠯᠦᠨ᠎ᠡ᠃ ᠪᠠᠨᠳᠢ ᠠᠶᠢᠯ ᠤᠨ ᠪᠣᠬᠢᠷ ᠤᠰᠤ ᠶᠢ ᠴᠡᠪᠡᠷᠰᠢᠭᠦᠯᠬᠦ ᠦᠢᠯᠡᠳᠪᠦᠷᠢ ᠶᠢᠨ ᠭᠤᠷᠪᠠᠳᠤᠭᠠᠷ ᠬᠤᠭᠤᠴᠠᠭ᠎ᠠ ᠶᠢᠨ12 ᠲᠦᠮᠡᠨ ᠳᠣᠨ ᠪᠣᠬᠢᠷ ᠤᠰᠤ ᠶᠢ ᠴᠡᠪᠡᠷᠰᠢᠭᠦᠯᠬᠦ ᠢᠨᠵᠧᠨᠧᠷᠢᠩ ᠢ ᠡᠬᠢᠯᠡᠭᠦᠯᠵᠦ᠂ ᠨᠢᠭᠡ ᠰᠠᠭᠤᠷᠢ ᠪᠤᠵᠠᠷ ᠰᠢᠪᠠᠷ ᠢ ᠰᠢᠢᠳᠪᠦᠷᠢᠯᠡᠬᠦ ᠦᠢᠯᠡᠳᠪᠦᠷᠢ ᠶᠢ ᠰᠢᠨ᠎ᠡ ᠪᠠᠷ ᠪᠠᠶᠢᠭᠤᠯᠵᠤ᠂ ᠪᠣᠬᠢᠷ ᠦᠮᠡᠬᠡᠢ ᠤᠰᠤᠨ ᠴᠤᠭᠴᠠ ᠶᠢ ᠴᠡᠭᠴᠡᠯᠡᠨ ᠵᠠᠰᠠᠬᠤ ᠦᠷ᠎ᠡ ᠪᠥᠲᠦᠮᠵᠢ ᠶᠢ ᠪᠠᠬᠢᠵᠢᠭᠦᠯᠦᠨ ᠰᠠᠶᠢᠵᠢᠷᠠᠭᠤᠯᠤᠨ᠎ᠠ᠃ ᠴᠢᠨᠠᠷ ᠢᠶᠠᠷ ᠬᠤᠪᠢᠶᠠᠨ ᠲᠥᠷᠦᠯ ᠢᠶᠠᠷ ᠬᠤᠪᠢᠶᠠᠵᠤ ᠤᠰᠤ ᠬᠠᠩᠭᠠᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂  ᠲᠣᠭᠲᠠᠬᠤ ᠴᠢᠩ ᠱᠦᠢ ᠾᠧ ‍ᠦᠨ‌‍ᠬᠦ᠋ᠷᠢᠶᠡᠯᠡᠩ ᠲᠣᠭᠤᠷᠢᠭ ᠤᠨ ᠡᠭᠦᠰᠦᠮᠡᠯ ᠤᠰᠤ ᠶᠢᠨ ᠤᠷᠲᠤ ᠳᠠᠮᠵᠢᠭᠤᠯᠬᠤ ᠬᠤᠭᠤᠯᠠᠢ ᠶᠢᠨ ᠢᠨᠵᠧᠨᠧᠷᠢᠩ ᠢ ᠡᠬᠢᠯᠡᠭᠦᠯᠵᠦ᠂ ᠤᠰᠤ ᠶᠡᠭᠡ ᠵᠠᠷᠤᠴᠠᠭᠤᠯᠬᠤ ᠠᠵᠤ ᠠᠬᠤᠶᠢᠯᠠᠯ ᠤᠨ ᠡᠭᠦᠰᠦᠮᠡᠯ ᠤᠰᠤ ᠶᠢ ᠬᠡᠷᠡᠭᠯᠡᠬᠦ ᠶᠢ ᠠᠬᠢᠭᠤᠯᠵᠤ᠂ ᠴᠡᠪᠡᠷᠰᠢᠭᠦᠯᠦᠭᠰᠡᠨ ᠤᠰᠤ ᠶᠢ ᠡᠭᠡᠭᠦᠯᠦᠨ ᠬᠡᠷᠡᠭᠯᠡᠬᠦ ᠨᠤᠷᠮ᠎ᠠ ᠶᠢ50% ᠳᠤ ᠬᠦᠷᠭᠡᠨ᠎ᠡ᠃ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠮᠠᠯᠲᠠᠵᠤ ᠬᠡᠷᠡᠭᠯᠡᠭᠰᠡᠨ ᠣᠷᠤᠨ ᠢ ᠶᠡᠷᠦᠩᠬᠡᠶᠢᠯᠡᠨ ᠵᠠᠰᠠᠬᠤ ᠶᠢ ᠲᠦᠷᠭᠡᠳᠬᠡᠵᠤ᠂ ᠬᠠᠮᠢᠶᠠᠷᠤᠯᠲᠠ ᠶᠢᠨ ᠲᠣᠣᠷ ᠤᠨ ᠬᠡᠪᠴᠢᠶᠠᠨ ᠳᠠᠬᠢ ᠥᠪᠡᠷᠲᠡᠭᠡᠨ ᠮᠠᠯᠲᠠᠭᠰᠠᠨ74 ᠬᠤᠳᠳᠤᠭ ᠢ ᠪᠢᠲᠡᠭᠦᠮᠵᠢᠯᠡᠨ᠎ᠡ᠃《 ᠬᠡᠨ ᠪᠣᠬᠢᠷᠳᠤᠭᠤᠯᠪᠠᠯ ᠬᠡᠨ ᠵᠠᠰᠠᠬᠤ》 ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠪᠣᠬᠢᠷᠳᠤᠭᠰᠠᠨ ᠭᠠᠵᠠᠷ ᠢ ᠰᠡᠷᠭᠦᠭᠡᠨ ᠵᠠᠰᠠᠬᠤ ᠶᠢ ᠥᠷᠨᠢᠭᠦᠯᠵᠦ᠂ ᠳᠠᠯᠠᠨ ᠬᠠᠷ᠎ᠠ ᠶᠢᠨ ᠠᠮᠢ ᠠᠬᠤᠢ ᠶᠢ ᠰᠡᠷᠭᠦᠭᠡᠬᠦ ᠵᠠᠰᠠᠯᠲᠠ ᠶᠢᠨ ᠡᠷᠴᠢᠮ ᠢ ᠴᠢᠩᠭᠠᠷᠠᠭᠤᠯᠤᠨ᠎ᠠ᠃       ︵ᠬᠤᠶᠠᠷ︶ ᠬᠦᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠤᠯᠭ᠎ᠠ ᠶᠢ ᠭᠦᠨᠵᠡᠭᠡᠶᠢᠷᠡᠭᠦᠯᠦᠨ ᠬᠡᠷᠡᠭᠵᠢᠭᠦᠯᠦᠨ᠎ᠡ       ᠠᠵᠤ ᠦᠢᠯᠡᠰ ᠢᠶᠠᠷ ᠬᠦᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠤᠨ᠎ᠠ᠃ ᠠᠵᠤ ᠦᠢᠯᠡᠰᠵᠢᠭᠰᠡᠨ ᠲᠣᠯᠤᠭᠠᠶᠢᠯᠠᠭᠴᠢ ᠠᠵᠤ ᠦᠢᠯᠡᠰ ᠢᠶᠠᠷ ᠳᠠᠭᠠᠭᠤᠯᠤᠭᠴᠢ ᠪᠤᠯᠭᠠᠵᠤ᠂ ᠲᠠᠷᠢᠵᠤ ᠲᠡᠵᠢᠭᠡᠬᠦ ᠦᠢᠯᠡᠰ ᠤᠨ ᠪᠥᠲᠦᠴᠡ ᠶᠢᠨ ᠲᠣᠬᠢᠷᠠᠭᠤᠯᠤᠯᠲᠠ ᠶᠢ ᠲᠦᠷᠭᠡᠳᠬᠡᠨ᠎ᠡ᠃ ᠰᠦ ᠰᠠᠭᠠᠯᠢ ᠶᠢᠨ ᠦᠢᠯᠡᠰ ᠤᠨ ᠬᠥᠭᠵᠢᠯᠲᠡ ᠳᠤ ᠲᠦᠰᠢᠭᠯᠡᠵᠦ᠂ 5 ᠲᠦᠮᠡᠨ ᠰᠠᠭᠠᠯᠢ ᠶᠢᠨ ᠦᠨᠢᠶ᠎ᠡ  ᠶᠢ ᠨᠡᠮᠡᠵᠤ᠂ ᠰᠢᠯᠢᠳᠡᠭ ᠪᠡᠯᠴᠢᠭᠡᠷ ᠤᠨ ᠲᠠᠯᠠᠪᠠᠢ ᠶᠢ10 ᠲᠦᠮᠡᠨ ᠮᠦ ᠳᠤ ᠬᠦᠷᠭᠡᠨ᠎ᠡ᠃ ᠢᠳᠡᠰᠢᠨ ᠡᠯᠵᠢᠭᠡ᠂  ᠢᠳᠡᠰᠢᠨ ᠬᠤᠨᠢ᠂ ᠪᠡᠯᠴᠢᠭᠡᠷ ᠡᠪᠡᠰᠦ᠂ ᠡᠷᠳᠡᠨᠢ ᠱᠢᠰᠢ᠂ ᠡᠯᠳᠡᠪ ᠠᠮᠤ᠂ ᠡᠮ ᠤᠨ ᠮᠠᠲ᠋ᠧᠷᠢᠶᠠᠯ ᠵᠡᠷᠭᠡ ᠲᠠᠷᠢᠶᠠᠯᠠᠩ  ᠤᠨ ᠪᠥᠲᠦᠭᠡᠭᠳᠡᠬᠦᠨ‌ᠮᠠᠯ ᠤᠨ ᠠᠰᠢᠭ ᠰᠢᠮ᠎ᠡ ᠶᠢ ᠨᠠᠷᠢᠯᠢᠭᠵᠢᠭᠤᠯᠤᠨ ᠪᠣᠯᠪᠠᠰᠤᠷᠠᠭᠤᠯᠬᠤ ᠦᠢᠯᠡᠰ ᠶᠢ  ᠶᠡᠭᠡ ᠪᠠᠷ ᠬᠥᠭᠵᠢᠭᠦᠯᠵᠦ᠂ ᠲᠤᠬᠠᠢ ᠶᠢᠨ ᠭᠠᠵᠠᠷ ᠲᠤ ᠨᠢ  ᠤᠯᠠᠷᠢᠭᠤᠯᠤᠨ ᠦᠷᠲᠡᠭ ᠨᠡᠮᠡᠭᠳᠡᠭᠦᠯᠬᠦ ᠶᠢ ᠪᠡᠶᠡᠯᠡᠭᠦᠯᠦᠨ᠎ᠡ᠃ ᠲᠠᠷᠢᠶᠠᠴᠢᠨ  ᠪᠠ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠤᠬᠤ᠂ ᠠᠵᠤ ᠠᠬᠤᠶᠢᠯᠠᠯ ᠬᠢᠭᠡᠳ‌‍ᠲ᠋ᠠᠷᠢᠵᠤ ᠲᠡᠵᠢᠭᠡᠬᠦ ᠰᠠᠭᠤᠷᠢᠨ ᠭᠠᠵᠠᠷ ᠬᠤᠯᠪᠤᠭᠠᠯᠠᠬᠤ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠡᠬᠡ ᠮᠥᠩᠭᠦ ᠶᠢ ᠨᠢ ᠪᠠᠲᠤᠯᠠᠵᠤ ᠠᠰᠢᠭ ᠬᠤᠪᠢᠶᠠᠬᠤ᠂ ᠬᠤᠪᠢ ᠣᠷᠤᠵᠤ ᠬᠤᠷᠰᠢᠬᠤ᠂ ᠠᠰᠢᠭ ᠬᠤᠨᠵᠢᠪᠤᠷᠢ ᠶᠢ ᠨᠢ ᠪᠤᠴᠠᠭᠠᠬᠤ ᠵᠡᠷᠭᠡ ᠬᠡᠯᠪᠡᠷᠢ ᠪᠠᠷ᠂85 % ᠶᠢᠨ ᠮᠠᠯᠴᠢᠨ ᠲᠠᠷᠢᠶᠠᠴᠢᠨ ᠢ ᠪᠥᠬᠦ ᠠᠵᠤ ᠦᠢᠯᠡᠰ ᠤᠨ ᠬᠡᠯᠬᠢᠶ᠎ᠡ ᠳᠤ ᠣᠷᠤᠭᠤᠯᠵᠤ ᠨᠡᠮᠡᠭᠳᠡᠯ ᠠᠰᠢᠭ ᠣᠷᠤᠯᠭ᠎ᠠ  ᠶᠢ ᠬᠤᠪᠢᠶᠠᠯᠴᠠᠭᠤᠯᠤᠨ᠎ᠠ᠃ ᠣᠳᠣ ᠦᠶ᠎ᠡ ᠶᠢᠨ ᠬᠤᠲᠠ ᠶᠢᠨ ᠲᠠᠷᠢᠶᠠᠯᠠᠩ ᠢ ᠢᠳᠡᠪᠬᠢᠲᠠᠢ ᠬᠥᠭᠵᠢᠭᠦᠯᠵᠦ᠂ ᠰᠡᠯᠡᠭᠦᠴᠡᠯ ᠲᠠᠷᠢᠶᠠᠯᠠᠩ ᠪᠣᠯᠤᠨ ᠬᠦᠳᠡᠭᠡ ᠲᠤᠰᠬᠤᠨ ᠤ ᠵᠢᠭᠤᠯᠴᠢᠯᠠᠯ ᠤᠨ ᠰᠣᠳᠤᠨ ᠢᠨᠵᠧᠨᠧᠷᠢᠩ ᠢ ᠬᠡᠷᠡᠭᠵᠢᠭᠦᠯᠵᠦ ᠂  ᠨᠢᠭᠡ ᠪᠥᠯᠦᠭ ᠴᠢᠨᠠᠷ  ᠰᠠᠶᠢᠲᠠᠢ᠂ ᠲᠤᠰᠬᠠᠢ ᠰᠡᠳᠦᠪᠲᠦ  ᠵᠢᠭᠤᠯᠴᠢᠯᠠᠯ ᠤᠨ ᠰᠣᠳᠤᠨ ᠵᠢᠱᠢᠶ᠎ᠡ ᠦᠵᠡᠭᠦᠯᠬᠦ ᠴᠡᠭ  ᠪᠣᠯᠤᠨ ᠬᠦᠳᠡᠭᠡ ᠬᠡᠭᠡᠷ᠎ᠡ ᠶᠢᠨ ᠶᠡᠷᠦᠩᠬᠡᠶᠢᠯᠡᠭᠰᠡᠨ ᠴᠣᠭᠴᠠ ᠶᠢ ᠪᠠᠶᠢᠭᠤᠯᠵᠤ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠦᠨ᠎ᠡ᠃《 ᠬᠤᠯᠢᠰᠢᠨ ᠢᠳᠡᠭᠡᠨ ᠤ ᠢᠨᠵᠧᠨᠧᠷᠢᠩ》 ᠢ ᠶᠡᠬᠡᠪᠡᠷ ᠲᠦᠯᠬᠢᠨ ᠠᠬᠢᠭᠤᠯᠵᠤ᠂ ᠨᠣᠭᠤᠭᠠᠨ ᠤ ᠦᠨ᠎ᠡ ᠶᠢ ᠪᠥᠲᠦᠮᠵᠢᠲᠠᠢ ᠪᠠᠭᠤᠷᠠᠭᠤᠯᠵᠤ᠂ ᠲᠤᠰ ᠭᠠᠵᠠᠷ ᠤᠨ ᠢᠳᠡᠰᠢᠨ ᠨᠣᠭᠤᠭᠠᠨ ᠤ ᠥᠪᠡᠷ ᠢ ᠪᠠᠨ ᠬᠠᠩᠭᠠᠬᠤ ᠨᠣᠷᠮ᠎ᠠ ᠶᠢ ᠨᠡᠮᠡᠭᠳᠡᠭᠦᠯᠦᠨ᠎ᠡ᠃ ᠲᠤᠰᠬᠤᠨ ᠤ ᠬᠠᠮᠲᠤ ᠨᠡᠶᠢᠲᠡ ᠪᠣᠯᠤᠨ ᠲᠠᠷᠢᠶᠠᠴᠢᠳ ᠤᠨ ᠬᠠᠮᠵᠢᠯᠴᠠᠭᠠᠨ ᠤ ᠵᠣᠬᠢᠶᠠᠨ ᠪᠠᠶᠢᠭᠤᠯᠤᠯᠲᠠ ᠪᠣᠶᠤ ᠠᠵᠤ ᠦᠢᠯᠡᠰ ᠤᠨ ᠺᠣᠮᠫᠠᠨᠢ ᠪᠠᠶᠢᠭᠤᠯᠬᠤ ᠶᠢ ᠳᠡᠮᠵᠢᠵᠤ᠂ ᠲᠣᠯᠤᠭᠠᠶᠢᠯᠠᠭᠴᠢ ᠠᠵᠤ ᠠᠬᠤᠶᠢᠯᠠᠯ ᠤᠨ ᠡᠵᠡᠩᠨᠡᠯᠲᠡ ᠳᠤ ᠣᠷᠤᠯᠴᠠᠬᠤ᠂ ᠣᠯᠠᠨ ᠲᠥᠷᠦᠯ ᠤᠨ ᠡᠵᠡᠩᠨᠡᠯᠲᠡ ᠶᠢ ᠬᠥᠭᠵᠢᠭᠦᠯᠬᠦ᠂ ᠠᠵᠤ ᠠᠬᠤᠢ ᠶᠢᠨ ᠬᠠᠮᠲᠤ ᠶᠢᠨ ᠴᠤᠭᠴᠠ ᠶᠢ ᠪᠤᠵᠠᠭᠠᠶᠢᠷᠠᠭᠤᠯᠤᠨ᠎ᠠ᠃      ᠲᠠᠷᠢᠶᠠᠯᠠᠩ ᠦᠢᠯᠡᠳᠪᠦᠷᠢᠯᠡᠯ ᠤᠨ ᠴᠢᠳᠠᠪᠤᠷᠢ ᠪᠣᠯᠤᠨ ᠣᠯᠠᠨ ᠨᠡᠶᠢᠲᠡ ᠶᠢᠨ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠨ᠎ᠠ᠃ ᠬᠦᠳᠡᠭᠡ ᠲᠤᠰᠬᠤᠨ ᠤ ᠭᠠᠵᠠᠷ ᠰᠢᠷᠤᠢ ᠶᠢ ᠴᠡᠭᠴᠡᠯᠡᠨ ᠵᠠᠰᠠᠬᠤ ᠪᠠ ᠥᠨᠳᠦᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠦᠭᠡᠨ ᠪᠠᠶᠢᠭᠤᠯᠤᠯᠲᠠ ᠶᠢ ᠶᠡᠭᠡ ᠬᠡᠪᠴᠢᠶ᠎ᠡ ᠪᠠᠷ ᠠᠬᠢᠭᠤᠯᠵᠤ᠂ ᠬᠤᠵᠢᠷᠰᠢᠭᠰᠠᠨ ᠲᠠᠷᠢᠶᠠᠨ ᠭᠠᠵᠠᠷ ᠢ ᠰᠠᠶᠢᠵᠢᠷᠠᠭᠤᠯᠬᠤ ᠢᠨᠵᠧᠨᠧᠷᠢᠩ ᠢ ᠥᠷᠨᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠨᠠᠷᠢᠯᠢᠭᠵᠢᠯᠲᠠ ᠶᠢᠨ ᠬᠢᠷᠢ ᠲᠥᠪᠰᠢᠨ ᠢ ᠳᠡᠭᠡᠭᠰᠢᠯᠡᠭᠦᠯᠦᠨ᠎ᠡ᠃ ᠲᠠᠷᠢᠶᠠᠯᠠᠩ ᠣᠢ ᠰᠢᠭᠤᠢ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠬᠡᠷᠡᠭᠴᠡᠭᠡ ᠲᠠᠢ ᠤᠶᠠᠯᠳᠤᠭᠤᠯᠤᠨ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠲᠥᠪ ᠢ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠳᠤ ᠲᠦᠰᠢᠭᠯᠡᠵᠦ᠂ ᠪᠥᠬᠦ ᠬᠤᠲᠠ ᠶᠢ ᠪᠥᠷᠬᠦᠭᠰᠡᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠢ ᠲᠦᠭᠡᠮᠡᠯᠵᠢᠭᠦᠯᠬᠦ ᠦᠢᠯᠡᠴᠢᠯᠡᠭᠡᠨ ᠤ ᠰᠢᠰᠲ᠋ᠧᠮᠵᠢ ᠶᠢ ᠴᠣᠭᠴᠠᠯᠠᠨ᠎ᠠ᠃ ᠶᠠᠰᠤ ᠴᠢᠨᠠᠷ ᠢᠶᠠᠷ ᠲᠠᠷᠢᠶᠠᠯᠠᠩ ᠢ ᠬᠥᠭᠵᠢᠭᠦᠯᠦᠨ ᠮᠠᠨᠳᠤᠭᠤᠯᠬᠤ ᠶᠢ ᠬᠡᠷᠡᠭᠵᠢᠭᠦᠯᠵᠦ᠂ ᠡᠯ᠎ᠡ ᠬᠤᠰᠢᠭᠤ ᠰᠢᠶᠠᠨ ᠲᠣᠭᠤᠷᠢᠭ ᠤᠨ ᠲᠠᠷᠢᠶᠠᠯᠠᠩ ᠤᠨ ᠪᠥᠲᠦᠭᠡᠭᠳᠡᠬᠦᠨ ᠢ ᠲᠤᠰᠬᠠᠢ ᠰᠢᠯᠭᠠᠨ ᠪᠠᠶᠢᠴᠠᠭᠠᠬᠤ ᠪᠠᠶᠢᠭᠤᠯᠤᠮᠵᠢ ᠶᠢ ᠲᠡᠭᠦᠯᠳᠡᠷᠵᠢᠭᠦᠯᠵᠦ᠂ ᠪᠥᠬᠦ ᠬᠤᠲᠠ ᠶᠢᠨ ᠨᠢᠭᠡᠳᠦᠯᠲᠠᠢ ᠲᠠᠷᠢᠶᠠᠯᠠᠩ ᠤᠨ ᠪᠥᠲᠦᠭᠡᠭᠳᠡᠬᠦᠨ ᠢ ᠮᠦᠷᠳᠡᠨ ᠪᠠᠶᠢᠴᠠᠭᠠᠬᠤ ᠰᠢᠰᠲ᠋ᠧᠮᠵᠢ ᠶᠢ ᠪᠠᠶᠢᠭᠤᠯᠤᠨ᠎ᠠ᠃ ᠲᠠᠷᠢᠶᠠᠯᠠᠩ ᠤᠨ ᠪᠥᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠨᠡᠷᠡᠲᠦ ᠲᠡᠮᠳᠡᠭᠲᠦ ᠶᠢ ᠳᠡᠯᠭᠡᠷᠡᠭᠦᠯᠬᠦ ᠲᠥᠯᠦᠪᠯᠡᠭᠡ ᠶᠢ ᠬᠡᠷᠡᠭᠵᠢᠭᠦᠯᠵᠦ ᠂ ᠣᠨᠴᠠᠯᠢᠭᠲᠤ ᠨᠡᠷᠡᠲᠤ ᠲᠡᠮᠳᠡᠭᠲᠦ ᠶᠢᠨ ᠨᠡᠷᠡᠰ ᠤᠨ ᠬᠠᠭᠤᠳᠠᠰᠤ ᠶᠢ ᠪᠠᠶᠢᠭᠤᠯᠵᠤ᠂ ᠨᠢᠭᠡᠳᠦᠯᠲᠠᠢ  ᠭᠠᠵᠠᠷ ᠣᠷᠤᠨ ᠤ ᠢᠯᠡᠳᠬᠡᠬᠦ ᠲᠡᠮᠳᠡᠭ ᠢ ᠴᠣᠭᠴᠠᠯᠠᠨ᠎ᠠ᠃ ᠤᠯᠤᠰ ᠤᠨ ᠳᠡᠰ ᠤᠨ ᠬᠦᠳᠡᠭᠡ ᠲᠤᠰᠬᠤᠨ ᠤ ᠡᠯᠧᠺᠲᠷᠤᠨ ᠬᠤᠳᠠᠯᠳᠤᠭᠠᠨ ᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠰᠢᠶᠠᠨ ᠤ ᠪᠥᠲᠦᠭᠡᠨ ᠪᠠᠶᠢᠭᠤᠯᠤᠯᠲᠠ ᠶᠢ ᠠᠬᠢᠭᠤᠯᠵᠤ᠂ ᠦᠨᠳᠦᠷ ᠪᠥᠲᠦᠮᠵᠢᠲᠠᠢ ᠰᠠᠭᠠᠳ ᠦᠭᠡᠢ ᠨᠡᠪᠲᠡᠷᠡᠬᠦ ᠲᠠᠷᠢᠶᠠᠯᠠᠩ ᠤᠨ ᠪᠥᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠭᠦᠢᠯᠭᠡᠭᠡᠨ ᠤ ᠰᠢᠰᠲ᠋ᠧᠮᠵᠢ ᠶᠢ ᠪᠠᠶᠢᠭᠤᠯᠤᠨ᠎ᠠ᠃ ᠠᠹᠷᠢᠺᠠ ᠲᠢᠪ ᠤᠨ ᠭᠠᠭ᠋ᠠᠢ ᠶᠢᠨ ᠬᠢᠵᠢᠭ ᠵᠡᠷᠭᠡ ᠠᠮᠢᠲᠠᠨ ᠤ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃      ᠬᠦᠳᠡᠭᠡ ᠲᠤᠰᠬᠤᠨ ᠤ ᠬᠥᠮᠦᠨ ᠠᠮᠠ ᠶᠢᠨ ᠰᠠᠭᠤᠷᠢᠰᠢᠨ ᠠᠮᠢᠳᠤᠷᠠᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠨᠢᠭᠡᠳᠦᠯᠲᠠᠢ ᠲᠥᠯᠦᠪᠯᠡᠨ ᠠᠬᠢᠭᠤᠯᠤᠨ᠎ᠠ᠃ ᠲᠤᠬᠠᠢ ᠶᠢᠨ ᠭᠠᠵᠠᠷ ᠲᠤ ᠨᠢ ᠲᠣᠬᠢᠷᠠᠭᠤᠯᠤᠨ᠂ ᠲᠤᠰᠬᠤᠨ ᠤ ᠪᠠᠶᠢᠳᠠᠯ ᠢ ᠨᠢ ᠦᠨᠳᠦᠰᠦᠯᠡᠨ ᠲᠥᠷᠦ ᠶᠢᠨ ᠪᠣᠳᠤᠯᠭ᠎ᠠ ᠬᠡᠷᠡᠭᠵᠢᠭᠦᠯᠵᠦ᠂ ᠲᠤᠷᠰᠢᠯᠲᠠ ᠶᠢᠨ ᠴᠡᠭ ᠥᠷᠨᠢᠭᠦᠯᠦᠭᠰᠡᠨ ᠰᠠᠭᠤᠷᠢᠨ ᠳᠡᠭᠡᠷ᠎ᠡ᠂ ᠲᠤᠷᠰᠢᠯᠭ᠎ᠠ ᠪᠠᠨ ᠳ᠋ᠦᠩᠨᠡᠵᠤ᠂ ᠲᠥᠷᠦ ᠶᠢᠨ ᠪᠣᠳᠤᠯᠭ᠎ᠠ ᠠᠷᠭ᠎ᠠ ᠠᠪᠴᠠᠯ ᠢᠶᠠᠨ ᠲᠡᠭᠦᠯᠳᠡᠷᠵᠢᠭᠦᠯᠵᠦ᠂ ᠲᠠᠷᠢᠶᠠᠴᠢᠨ ᠤ ᠭᠤᠣᠯ ᠴᠣᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠥᠬᠦ ᠬᠤᠲᠠ ᠶᠢᠨ80 % ᠶᠢᠨ ᠵᠠᠰᠠᠭ ᠵᠠᠬᠢᠷᠭᠠᠨ ᠤ ᠲᠤᠰᠬᠤᠨ ᠤ ᠰᠠᠭᠤᠷᠢᠰᠢᠨ ᠠᠮᠢᠳᠤᠷᠠᠬᠤ ᠣᠷᠴᠢᠨ ᠢ ᠴᠡᠭᠴᠡᠯᠡᠨ ᠵᠠᠰᠠᠬᠤ ᠠᠵᠢᠯ ᠢ ᠠᠬᠢᠭᠤᠯᠤᠨ᠎ᠠ᠃ ᠬᠦᠳᠡᠭᠡ ᠲᠤᠰᠬᠤᠨ ᠤ《 ᠵᠣᠷᠯᠤᠩ ᠤᠨ ᠬᠤᠪᠢᠰᠤᠯᠲᠠ》 ᠶᠢ ᠪᠥᠬᠦ ᠲᠠᠯ᠎ᠠ ᠪᠠᠷ ᠥᠷᠨᠢᠭᠦᠯᠵᠦ᠂ ᠰᠢᠭᠢᠭ ᠰᠠᠩᠭᠠᠰᠤ᠂ ᠬᠠᠶᠠᠭᠳᠠᠮᠠᠯ ᠡᠳ᠋᠂ ᠡᠰᠢ ᠰᠦᠷᠡᠯ ᠢ ᠪᠥᠲᠦᠮᠵᠢᠲᠠᠢ ᠣᠷᠴᠢᠯᠳᠤᠭᠤᠯᠤᠨ ᠠᠰᠢᠭᠯᠠᠬᠤ ᠶᠢ ᠠᠬᠢᠭᠤᠯᠵᠤ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ85% ᠳᠤ ᠬᠦᠷᠭᠡᠨ᠎ᠡ᠃ ᠬᠦᠳᠡᠭᠡ ᠲᠤᠰᠬᠤᠨ ᠤ ᠪᠣᠬᠢᠷ ᠤᠰᠤ ᠶᠢ ᠵᠠᠰᠠᠬᠤ ᠠᠵᠢᠯᠯᠠᠭ᠎ᠠ ᠶᠢ ᠥᠷᠨᠢᠭᠦᠯᠵᠦ᠂ ᠬᠤᠲᠠ ᠪᠠᠯᠭᠠᠰᠤ ᠶᠢᠨ ᠪᠣᠬᠢᠷ ᠤᠰᠤ ᠶᠢ ᠭᠠᠳᠠᠭᠰᠢᠯᠠᠭᠤᠯᠬᠤ ᠬᠤᠭᠤᠯᠠᠢ ᠶᠢ ᠡᠷᠭᠢᠨ ᠲᠣᠭᠤᠷᠢᠨ ᠤ ᠲᠣᠰᠬᠤᠨ ᠪᠠᠯᠭᠠᠰᠤ ᠬᠦᠷᠲᠡᠯ᠎ᠡ ᠦᠷᠬᠦᠯᠵᠢᠯᠡᠬᠦ ᠶᠢ ᠠᠬᠢᠭᠤᠯᠤᠨ᠎ᠠ᠃ ᠬᠦᠳᠡᠭᠡ ᠲᠤᠰᠬᠤᠨ ᠤ ᠠᠮᠢᠳᠤᠷᠠᠯ ᠤᠨ ᠬᠠᠶᠠᠭᠳᠠᠮᠠᠯ ᠢ ᠳᠠᠮᠵᠢᠭᠤᠯᠤᠨ ᠵᠥᠭᠡᠭᠡᠪᠦᠷᠢᠯᠡᠵᠦ ᠰᠢᠢᠳᠪᠦᠷᠢᠯᠡᠬᠦ ᠶᠢ ᠴᠢᠩᠭᠠᠳᠬᠠᠵᠤ᠂ ᠲᠤᠰᠬᠤᠨ ᠤ ᠠᠷᠠᠳ ᠤᠨ ᠣᠷᠴᠢᠨ ᠲᠣᠭᠤᠷᠢᠨ ᠤ ᠠᠷᠢᠭᠤᠨ ᠴᠡᠪᠡᠷ ᠢ  ᠬᠠᠮᠢᠶᠠᠷᠤᠨ ᠬᠠᠮᠠᠭᠠᠯᠠᠬᠤ ᠶᠢ ᠳᠠᠶᠢᠴᠢᠯᠠᠵᠤ᠂ ᠬᠦᠳᠡᠭᠡ ᠲᠤᠰᠬᠤᠨ ᠤ ᠪᠠᠶᠢᠭᠠᠯᠢ ᠶᠢᠨ ᠥᠩᠭᠡ ᠦᠵᠡᠮᠵᠢ ᠶᠢ ᠬᠠᠮᠠᠭᠠᠯᠠᠬᠤ ᠶᠢ ᠤᠷᠢᠶᠠᠯᠠᠨ᠎ᠠ᠃       ︵ᠭᠤᠷᠪᠠ︶ ᠠᠵᠤ ᠦᠢᠯᠡᠳᠪᠦᠷᠢ ᠶᠢ ᠰᠢᠯᠢᠳᠡᠭᠵᠢᠭᠦᠯᠦᠨ ᠳᠡᠰ ᠳᠡᠪᠰᠢᠬᠦ ᠶᠢ ᠲᠥᠷᠭᠡᠳᠬᠡᠨ ᠠᠬᠢᠭᠤᠯᠤᠨ᠎ᠠ᠃ ᠬᠤᠷᠢᠨᠭᠡᠷ ᠰᠢᠨ᠎ᠡ ᠲᠣᠭᠤᠷᠢᠭ᠂ ᠬᠦᠬᠡᠬᠤᠲᠠ ᠶᠢᠨ ᠰᠢᠨᠵᠢᠯᠡᠭᠡ ᠮᠡᠷᠭᠡᠵᠢᠯ ᠤᠨ ᠬᠤᠲᠠ᠂ ᠪᠡᠭᠡᠵᠢᠩ ᠥᠪᠦᠷ ᠮᠣᠩᠭᠤᠯ ᠤᠨ ᠬᠠᠮᠵᠢᠯᠴᠠᠭᠠᠨ ᠤ ᠠᠵᠤ ᠦᠢᠯᠡᠰ ᠤᠨ ᠬᠦᠷᠢᠶᠡᠯᠡᠩ ᠵᠡᠷᠭᠡ ᠭᠤᠷᠪᠠᠨ ᠶᠡᠭᠡ ᠲᠠᠪᠴᠠᠩ ᠳᠤ ᠲᠦᠰᠢᠭᠯᠡᠵᠦ᠂ ᠪᠥᠬᠦ ᠬᠦᠴᠦᠨ ᠢᠶᠠᠷ ᠢᠶᠠᠨ ᠰᠠᠭᠤᠷᠢ ᠪᠠᠨ ᠪᠠᠬᠢᠵᠢᠭᠦᠯᠵᠦ᠂ ᠣᠷᠴᠢᠨ ᠲᠣᠭᠤᠷᠢᠨ ᠢᠶᠠᠨ ᠰᠢᠯᠢᠳᠡᠭᠵᠢᠭᠦᠯᠵᠦ᠂  ᠴᠢᠳᠠᠪᠤᠷᠢᠲᠠᠨ ᠢ ᠤᠷᠢᠵᠤ ᠪᠡᠯᠡ ᠮᠥᠩᠭᠦ ᠲᠠᠲᠠᠵᠤ᠂ ᠲᠥᠷᠦᠯ ᠵᠦᠢᠯ ᠬᠢᠵᠤ᠂ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠤᠳᠤᠷᠢᠳᠬᠤ ᠠᠵᠤ ᠦᠢᠯᠡᠰ ᠨᠢ ᠲᠣᠳᠤᠷᠬᠠᠢ᠂ ᠬᠠᠷᠢᠴᠠᠩᠭᠤᠢ ᠳᠠᠪᠠᠭᠤᠯᠢᠭ ᠨᠢ ᠢᠯᠡᠷᠬᠡᠢ᠂  ᠲᠥᠪᠯᠡᠷᠡᠩᠭᠦᠢ ᠦᠢᠯᠡᠳᠦᠯ ᠨᠢ ᠳᠣᠪᠤᠶᠢᠮ᠎ᠠ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮᠵᠢ ᠶᠢ ᠲᠥᠷᠭᠡᠳᠬᠡᠨ ᠪᠠᠶᠢᠭᠤᠯᠤᠨ᠎ᠠ᠃      ᠬᠤᠷᠢᠨᠭᠡᠷ ᠰᠢᠨ᠎ᠡ ᠲᠣᠭᠤᠷᠢᠭ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠵᠤ᠂ ᠠᠵᠤ ᠠᠬᠤᠢ ᠶᠢᠨ ᠥᠨᠳᠦᠷ ᠴᠢᠨᠰᠠᠭ᠎ᠠ ᠲᠠᠢ ᠬᠥᠭᠵᠢᠯᠲᠡ ᠶᠢᠨ ᠲᠡᠷᠢᠭᠦᠨ ᠤ ᠣᠷᠤᠨ ᠪᠣᠯᠭᠠᠨ᠎ᠠ᠃ ᠳᠤᠮᠳᠠ ᠬᠡᠰᠡᠭ ᠤᠨ ᠭᠤᠣᠯ ᠣᠷᠤᠨ ᠳᠤ ᠪᠠᠶᠢᠯᠳᠤᠬᠤ ᠪᠣᠳᠤᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ᠂ ᠲᠠᠯ᠎ᠠ ᠨᠤᠲᠤᠭ ᠤᠨ ᠣᠨᠴᠠᠯᠢᠭ ᠲᠠᠢ ᠠᠵᠤ ᠦᠢᠯᠡᠰ᠂ ᠰᠢᠨ᠎ᠡ ᠪᠠᠷ ᠮᠠᠨᠳᠤᠭᠰᠠᠨ ᠦᠢᠯᠡᠴᠢᠯᠡᠭᠡᠨ ᠤ ᠦᠢᠯᠡᠰ ᠵᠡᠷᠭᠡ ᠭᠤᠷᠪᠠᠨ ᠶᠡᠭᠡ ᠠᠵᠤ ᠦᠢᠯᠡᠰ ᠤᠨ ᠰᠢᠰᠲ᠋ᠧᠮᠵᠢ ᠶᠢ ᠬᠦᠴᠦᠯᠡᠨ ᠪᠠᠶᠢᠭᠤᠯᠵᠤ᠂ ᠤᠯᠤᠰ ᠤᠨ ᠢᠨᠲ᠋ᠧᠷ ᠰᠦᠯᠵᠢᠶᠡᠨ ᠤ ᠭᠤᠣᠯᠯᠠᠭᠴᠢ ᠰᠢᠭᠤᠳ ᠬᠤᠯᠪᠤᠭᠠᠨ ᠤ ᠴᠡᠭ᠂  ᠣᠯᠠᠨ ᠤᠯᠤᠰ ᠤᠨ ᠬᠤᠯᠪᠤᠭᠠᠨ ᠤ ᠲᠤᠰᠬᠠᠢ ᠵᠠᠮ ᠵᠡᠷᠭᠡ ᠲᠥᠷᠦᠯ ᠵᠦᠢᠯ ᠢ ᠨᠠᠶᠢᠳᠠᠪᠤᠷᠢᠵᠢᠭᠤᠯᠬᠤ ᠶᠢ ᠭᠤᠣᠯᠳᠠᠯᠭ᠎ᠠ ᠲᠠᠢ ᠠᠬᠢᠭᠤᠯᠵᠤ᠂ ᠱᠠᠩᠬᠠᠢ ᠶᠢᠨ ᠾᠧ ᠰᠢᠣᠢ ᠮᠠᠰᠢᠨ ᠲᠡᠷᠭᠡ᠂ ᠴᠢᠩ ᠬᠤᠸᠠ ᠲᠦᠩ ᠹᠠᠩ᠂ ᠸᠧᠢ ᠫᠢᠨ ᠾᠦᠢ ᠶᠢᠨ ᠥᠪᠦᠷ ᠮᠣᠩᠭᠤᠯ ᠳᠠᠬᠢ ᠡᠵᠡᠩᠨᠡᠯᠲᠡ ᠶᠢᠨ ᠶᠡᠷᠦᠩᠬᠡᠢ ᠬᠡᠯᠲᠡᠰ ᠵᠡᠷᠭᠡ ᠲᠥᠷᠦᠯ ᠵᠦᠢᠯ ᠢ ᠡᠬᠢᠯᠡᠭᠦᠯᠦᠨ ᠪᠥᠲᠦᠭᠡᠨ ᠪᠠᠶᠢᠭᠤᠯᠬᠤ ᠶᠢ ᠠᠬᠢᠭᠤᠯᠤᠨ᠎ᠠ᠃ ᠰᠤᠷᠭᠠᠨ ᠬᠥᠮᠦᠵᠢᠯ ᠤᠨ ᠵᠢᠵᠢᠭ ᠪᠠᠯᠭᠠᠰᠤ᠂ ᠲᠤᠭ᠎ᠠ ᠪᠥᠭᠡᠭᠡᠨᠡᠷᠡᠯ ᠤᠨ ᠵᠢᠵᠢᠭ ᠪᠠᠯᠭᠠᠰᠤ᠂ ᠮᠥᠩᠭᠦᠨ ᠭᠦᠢᠯᠭᠡᠭᠡᠨ ᠤ ᠵᠢᠵᠢᠭ ᠪᠠᠯᠭᠠᠰᠤ᠂ ᠤᠶᠤᠨᠯᠢᠭ ᠦᠢᠯᠡᠳᠬᠦ ᠦᠢᠯᠡᠰ ᠤᠨ ᠠᠵᠤ ᠦᠢᠯᠡᠰ ᠤᠨ ᠬᠦᠷᠢᠶᠡᠯᠡᠩ ᠵᠡᠷᠭᠡ ᠲᠠᠪᠴᠠᠩ ᠤᠨ ᠪᠥᠲᠦᠭᠡᠨ ᠪᠠᠶᠢᠭᠤᠯᠤᠯᠲᠠ ᠶᠢ ᠲᠦᠷᠭᠡᠳᠬᠡᠵᠤ᠂  ᠰᠣᠶᠣᠯ ᠤᠨ ᠡᠭᠦᠳᠦᠨ ᠪᠥᠲᠦᠭᠡᠬᠦ ᠵᠢᠵᠢᠭ ᠪᠠᠯᠭᠠᠰᠤ ᠶᠢ ᠡᠬᠢᠯᠡᠭᠦᠯᠦᠨ ᠪᠠᠶᠢᠭᠤᠯᠵᠤ᠂14 ᠵᠣᠷᠪᠤᠰ ᠭᠤᠣᠯ ᠲᠣᠭᠤᠷᠢᠭ ᠤᠨ ᠬᠤᠲᠠ ᠶᠢᠨ ᠶᠠᠪᠤᠳᠠᠯ ᠤᠨ ᠢᠵᠢ ᠪᠦᠷᠢᠳᠦᠭᠦᠯᠦᠭᠰᠡᠨ ᠵᠠᠮ ᠱᠣᠭᠤᠮ ᠢ ᠰᠢᠨ᠎ᠡ ᠪᠠᠷ ᠪᠠᠶᠢᠭᠤᠯᠵᠤ᠂ ᠠᠵᠤ ᠦᠢᠯᠡᠰ ᠤᠨ ᠳᠠᠭᠠᠭᠠᠴᠠ ᠶᠢᠨ ᠬᠡᠮᠵᠢᠶ᠎ᠡ ᠪᠠ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠪᠤᠷᠢ ᠶᠢ ᠨᠡᠮᠡᠭᠳᠡᠭᠦᠯᠦᠨ᠎ᠡ᠃ ᠬᠤᠶᠢᠰᠢ ᠪᠠᠨ ᠶᠢᠨ ᠴᠢᠶᠣᠣ ᠨᠡᠭᠡᠭᠡᠯᠲᠡ ᠶᠢᠨ ᠲᠣᠭᠤᠷᠢᠭ᠂ ᠰᠠᠶᠢᠷᠠᠮ ᠤᠨ ᠪᠠᠷᠠᠭᠠᠨ ᠤ ᠭᠦᠢᠯᠭᠡᠭᠡ ᠶᠢᠨ ᠬᠦᠷᠢᠶᠡᠯᠡᠩ ᠳᠤ ᠲᠦᠰᠢᠭᠯᠡᠵᠦ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠲᠣᠭᠤᠷᠢᠭ ᠪᠣᠯᠤᠨ ᠣᠷᠤᠨ ᠪᠦᠰᠡ ᠶᠢᠨ ᠴᠢᠨᠠᠷᠲᠠᠢ ᠪᠠᠷᠠᠭᠠᠨ ᠤ ᠭᠦᠢᠯᠭᠡᠭᠡ ᠶᠢᠨ ᠭᠤᠣᠯ ᠲᠥᠪ ᠢ ᠴᠣᠭᠴᠠᠯᠠᠨ᠎ᠠ᠃ ᠵᠦᠩ ᠬᠤᠸᠠᠨ ᠭᠡᠷᠡᠯ ᠸᠣᠯᠲ ᠤᠨ ᠳᠦᠷᠪᠡᠳᠦᠭᠡᠷ ᠬᠤᠭᠤᠴᠠᠭ᠎ᠠ ᠶᠢᠨ ᠴᠢᠳᠠᠪᠬᠢ ᠶᠢ ᠦᠷᠭᠡᠳᠭᠡᠬᠦ᠂ ᠵᠦᠩ ᠬᠤᠸᠠᠨ ᠲᠠᠪᠤᠳᠤᠭᠠᠷ ᠬᠤᠭᠤᠴᠠᠭ᠎ᠠ᠂ ᠵᠦᠩ ᠵᠢᠩ ᠰᠣᠳᠤᠯᠭᠠᠨ ᠤ ᠬᠦᠷᠢᠶᠡᠯᠡᠩ ᠤᠨ ᠨᠡᠶᠢᠯᠡᠮᠡᠯ ᠮᠠᠲ᠋ᠧᠷᠢᠶᠠᠯ ᠵᠡᠷᠭᠡ ᠲᠥᠷᠦᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠤᠭᠤᠯᠬᠤ ᠶᠢ ᠠᠬᠢᠭᠤᠯᠵᠤ᠂ ᠵᠦᠩ ᠬᠤᠸᠠᠨ ᠤ ᠲᠡᠷᠢᠭᠦᠨ ᠤ ᠶᠡᠭᠡ ᠳ᠋ᠢᠶᠠᠮᠧᠲᠷ ᠤᠨ ᠬᠠᠭᠠᠰ ᠳᠠᠮᠵᠢᠭᠤᠯᠤᠭᠴᠢ ᠮᠠᠲ᠋ᠧᠷᠢᠶᠠᠯ ᠤᠨ ᠪᠥᠲᠦᠭᠡᠨ ᠪᠠᠶᠢᠭᠤᠯᠤᠯᠲᠠ ᠶᠢ ᠲᠦᠷᠭᠡᠳᠬᠡᠵᠤ᠂ ᠰᠢᠨᠬᠤᠸᠠ ᠰᠣᠶᠣᠯ ᠤᠨ ᠪᠠᠷᠠᠭᠠᠨ ᠤ ᠭᠦᠢᠯᠭᠡᠭᠡ ᠶᠢᠨ ᠲᠥᠷᠦᠯ ᠵᠦᠢᠯ ᠤᠨ ᠠᠵᠢᠯ ᠡᠬᠢᠯᠡᠨ ᠪᠥᠲᠦᠭᠡᠨ ᠪᠠᠶᠢᠭᠤᠯᠬᠤ ᠶᠢ ᠠᠬᠢᠭᠤᠯᠤᠨ᠎ᠠ᠃ ᠡᠮᠦᠨᠡᠰᠢ ᠲᠣᠭᠲᠠᠬᠤ ᠰᠢᠶᠠᠨ ᠴᠢᠩ ᠱᠦᠢ ᠾᠧ ᠰᠢᠶᠠᠨ ᠤ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠲᠤ ᠲᠦᠰᠢᠭᠯᠡᠵᠦ᠂ ᠨᠡᠭᠦᠷᠡᠰᠦ ᠴᠠᠬᠢᠯᠭᠠᠨ ᠬᠦᠩᠭᠡᠨᠴᠠᠭᠠᠨ ᠤ ᠣᠷᠴᠢᠯ ᠠᠵᠤ ᠠᠬᠤᠢ᠂ ᠳᠡᠭᠡᠳᠦ ᠳᠡᠰ ᠤᠨ ᠣᠷᠴᠢᠨ ᠲᠣᠭᠤᠷᠢᠨ ᠢ ᠬᠠᠮᠠᠭᠠᠯᠠᠬᠤ ᠪᠠᠷᠢᠯᠭ᠎ᠠ ᠶᠢᠨ ᠮᠠᠲ᠋ᠧᠷᠢᠶᠠᠯ᠂ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠠᠮᠢᠳᠤ ᠪᠤᠳᠠᠰ ᠤᠨ ᠡᠮ ᠦᠢᠯᠡᠳᠬᠦ ᠵᠡᠷᠭᠡ ᠠᠵᠤ ᠦᠢᠯᠡᠰ ᠢ ᠢᠳᠡᠪᠬᠢᠲᠠᠢ ᠬᠥᠭᠵᠢᠭᠦᠯᠵᠦ᠂ ᠤᠯᠤᠰ ᠤᠨ ᠡᠨᠧᠷᠭᠢ ᠶᠢᠨ ᠬᠢᠮᠢ ᠶᠢᠨ ᠠᠵᠤ ᠦᠢᠯᠡᠳᠪᠦᠷᠢ ᠶᠢᠨ ᠣᠷᠴᠢᠯ ᠠᠵᠤ ᠠᠬᠤᠢ ᠶᠢᠨ ᠵᠢᠱᠢᠶ᠎ᠡ ᠦᠵᠡᠭᠦᠯᠬᠦ ᠲᠣᠭᠤᠷᠢᠭ ᠢ ᠪᠠᠶᠢᠭᠤᠯᠤᠨ᠎ᠠ᠃ ᠵᠢᠦ ᠲᠠᠢ ᠡᠨᠧᠷᠭᠢ ᠶᠢᠨ ᠨᠡᠭᠦᠷᠡᠰᠦ ᠪᠠᠷ ᠡᠲ᠋ᠠ ᠠᠯᠺᠦᠦᠯ ᠦᠢᠯᠡᠳᠬᠦ᠂ ᠶᠢᠨ ᠾᠧ ᠶᠸᠤ ᠪᠧᠨ ᠠᠮᠢᠲᠠᠨ ᠤ ᠸᠠᠺᠼᠢᠨ ᠵᠡᠷᠭᠡ ᠲᠥᠷᠦᠯ ᠵᠦᠢᠯ ᠤᠨ ᠪᠥᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃      ᠬᠦᠬᠡᠬᠤᠲᠠ ᠶᠢᠨ ᠰᠢᠨᠵᠢᠯᠡᠭᠡ ᠮᠡᠷᠭᠡᠵᠢᠯ ᠤᠨ ᠬᠤᠲᠠ ᠪᠠᠷ ᠳᠠᠭᠠᠭᠤᠯᠤᠭᠴᠢ ᠪᠤᠯᠭᠠᠵᠤ᠂ ᠤᠯᠤᠰ ᠤᠨ ᠰᠢᠨ᠎ᠡ ᠶᠢ ᠡᠭᠦᠳᠬᠦ ᠮᠠᠶ᠋ᠢᠭ ᠤᠨ ᠬᠤᠲᠠ ᠶᠢ ᠪᠥᠬᠦ ᠲᠠᠯ᠎ᠠ ᠪᠠᠷ ᠪᠥᠲᠦᠭᠡᠨ ᠪᠠᠶᠢᠭᠤᠯᠤᠨ᠎ᠠ᠃  ᠰᠢᠨᠵᠢᠯᠡᠭᠡ ᠮᠡᠷᠭᠡᠵᠢᠯ ᠤᠨ ᠬᠤᠲᠠ ᠳᠤ 2700 ᠮᠦ ᠰᠢᠨ᠎ᠡ ᠶᠢ ᠡᠭᠦᠳᠬᠦ ᠲᠥᠪ ᠲᠣᠭᠤᠷᠢᠭ ᠪᠠ 800 ᠮᠦ ᠭᠤᠣᠯ ᠲᠣᠭᠤᠷᠢᠭ ᠢ ᠡᠬᠢᠯᠡᠭᠦᠯᠦᠨ ᠪᠠᠶᠢᠭᠤᠯᠵᠤ᠂ ᠭᠠᠵᠠᠷ ᠰᠢᠷᠤᠢ ᠬᠠᠩᠭᠠᠬᠤ᠂ ᠮᠥᠩᠭᠦᠨ ᠭᠦᠢᠯᠭᠡᠭᠡᠨ ᠤ ᠳᠡᠮᠵᠢᠯᠭᠡ ᠵᠡᠷᠭᠡ ᠲᠠᠯ᠎ᠠ ᠪᠠᠷ ᠵᠦᠷᠢᠶᠡᠨᠲᠠᠢ ᠬᠠᠷᠠᠭᠠᠯᠵᠠᠯ ᠤᠨ ᠲᠥᠷᠦ ᠶᠢᠨ ᠪᠣᠳᠤᠯᠭ᠎ᠠ ᠶᠢ ᠬᠡᠷᠡᠭᠵᠢᠭᠦᠯᠵᠦ᠂ᠮᠡᠳᠡᠭᠡ ᠵᠠᠩᠬᠢ ᠶᠢᠨ ᠮᠡᠷᠭᠡᠵᠢᠯ᠂ ᠣᠶᠤᠨᠲᠤ ᠡᠨᠧᠷᠭᠢ᠂ ᠠᠮᠢ ᠨᠠᠰᠤᠨ ᠤ ᠰᠢᠨᠵᠢᠯᠡᠬᠦ ᠤᠬᠠᠭᠠᠨ ᠵᠡᠷᠭᠡ ᠳᠡᠭᠡᠳᠦ ᠳᠡᠰ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠪᠠᠷᠠᠭᠤᠨ ᠬᠡᠰᠡᠭ ᠤᠨ ᠭᠠᠵᠠᠷ ᠣᠷᠤᠨ ᠤ ᠣᠯᠠᠨ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ  ᠤᠨ ᠬᠠᠮᠵᠢᠯᠴᠠᠭᠠᠨ ᠤ ᠲᠥᠪ ᠢ ᠪᠣᠢ ᠪᠤᠯᠭᠠᠨ᠎ᠠ᠃ ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ ᠲᠠᠢ ᠬᠠᠮᠵᠢᠯᠴᠠᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠠᠵᠤ ᠦᠢᠯᠡᠰ ᠤᠨ ᠬᠦᠷᠢᠶᠡᠯᠡᠩ ᠢ ᠲᠥᠯᠦᠪᠵᠢᠭᠦᠯᠦᠨ ᠪᠥᠲᠦᠭᠡᠨ ᠪᠠᠶᠢᠭᠤᠯᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠠᠵᠢᠯᠯᠠᠭᠠᠨ ᠤ ᠲᠠᠪᠴᠠᠩ᠂ ᠬᠠᠮᠠᠭᠠᠯᠠᠯᠲᠠ ᠶᠢᠨ ᠲᠥᠪ ᠵᠡᠷᠭᠡ ᠭᠤᠣᠯᠳᠠᠯᠭ᠎ᠠ ᠲᠠᠢ ᠲᠥᠷᠦᠯ ᠵᠦᠢᠯ ᠢ ᠬᠡᠷᠡᠭᠵᠢᠭᠦᠯᠦᠨ᠎ᠡ᠃ ᠳ᠋ᠦᠩ ᠶᠤᠸᠠᠨ ᠪᠥᠯᠦᠭᠯᠡᠯ ᠤᠨ ᠶᠡᠷᠦᠩᠬᠡᠢ ᠬᠡᠯᠲᠡᠰ ᠤᠨ ᠰᠠᠭᠤᠷᠢᠨ ᠭᠠᠵᠠᠷ᠂ ᠰᠧᠨ‌ᠬᠠᠢ ᠪᠥᠯᠦᠭᠯᠡᠯ ᠤᠨ ᠶᠡᠷᠦᠩᠬᠡᠢ ᠬᠡᠯᠲᠡᠰ ᠤᠨ ᠰᠠᠭᠤᠷᠢᠨ ᠭᠠᠵᠠᠷ᠂ ᠯᠠᠩ ᠴᠣᠣ ᠲᠣᠮᠤ ᠳ᠋ᠠᠶᠢᠲ᠋ᠠ ᠶᠢᠨ ᠠᠵᠤ ᠦᠢᠯᠡᠰ ᠤᠨ ᠬᠦᠷᠢᠶᠡᠯᠡᠩ᠂ ᠬᠤᠸᠠ ᠸᠧᠢ ᠶᠢᠨ ᠬᠤᠲᠠ ᠶᠢᠨ ᠡᠭᠦᠯᠡ᠂ ᠳᠣᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠬᠠᠮᠠᠳ ᠡᠷᠳᠡᠮᠲᠡᠳ ᠤᠨ ᠲᠥᠪ ᠠᠵᠤ ᠦᠢᠯᠡᠰ ᠤᠨ ᠬᠦᠷᠢᠶᠡᠯᠡᠩ ᠵᠡᠷᠭᠡ ᠲᠥᠷᠦᠯ ᠵᠦᠢᠯ ᠢ ᠡᠬᠢᠯᠡᠭᠦᠯᠦᠨ ᠪᠥᠲᠦᠭᠡᠨ ᠪᠠᠶᠢᠭᠤᠯᠤᠨ᠎ᠠ᠃ ᠰᠢᠨᠵᠢᠯᠡᠭᠡ ᠮᠡᠷᠭᠡᠵᠢᠯ ᠤᠨ ᠬᠤᠲᠠ ᠪᠠᠷ ᠳᠠᠭᠠᠭᠤᠯᠣᠭᠴᠢ ᠪᠤᠯᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠤᠷᠤᠭᠤᠯᠤᠯᠲᠠ ᠪᠠᠨ ᠴᠢᠩᠭᠠᠳᠬᠠᠵᠤ᠂ ᠰᠢᠨ᠎ᠡ ᠶᠢ ᠡᠭᠦᠳᠬᠦ ᠶᠢ ᠤᠷᠠᠮᠰᠢᠭᠤᠯᠤᠨ ᠵᠣᠷᠢᠭᠵᠢᠭᠤᠯᠬᠤ ᠲᠡᠳᠬᠦᠮᠵᠢ ᠶᠢᠨ ᠮᠥᠩᠭᠦ ᠪᠣᠯᠤᠨ ᠰᠢᠨ᠎ᠡ ᠶᠢ ᠡᠭᠦᠳᠬᠦ ᠪᠡᠯᠡ ᠣᠷᠤᠭᠤᠯᠤᠯᠲᠠ ᠵᠢᠨ‌‍ᠬᠥ᠋ᠲᠦᠯᠦᠨ ᠵᠢᠯᠤᠭᠤᠳᠬᠤ ᠰᠠᠭᠤᠷᠢ ᠮᠥᠩᠭᠦ ᠶᠢᠨ ᠦᠢᠯᠡᠳᠦᠯ ᠢ ᠪᠠᠳᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠳᠤ ᠦᠵᠡᠭᠦᠯᠬᠦ ᠳᠡᠮᠵᠢᠯᠭᠡ ᠪᠠᠨ ᠴᠢᠩᠭᠠᠳᠬᠠᠵᠤ᠂ ᠵᠢᠯ ᠤᠨ ᠳᠣᠲᠤᠷ᠎ᠠ 20ᠠᠺᠠᠳᠧᠮᠢᠴᠢ ᠶᠢᠨ ᠠᠵᠢᠯᠯᠠᠬᠤ ᠥᠷᠲᠡᠭᠡ᠂10 ᠰᠢᠨ᠎ᠡ ᠶᠢ ᠡᠭᠦᠳᠴᠦ ᠰᠣᠳᠤᠯᠤᠨ ᠨᠡᠭᠡᠭᠡᠬᠦ ᠪᠠᠶᠢᠭᠤᠯᠤᠮᠵᠢ᠂50 ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠪᠠᠶᠢᠭᠤᠯᠵᠤ᠂ ᠥᠪᠡᠷᠲᠡᠭᠡᠨ ᠵᠠᠰᠠᠬᠤ ᠣᠷᠤᠨ ᠤ ᠤᠯᠠᠨ ᠢᠶᠠᠷ ᠢᠶᠠᠨ ᠦᠢᠯᠡᠰ ᠪᠥᠲᠦᠭᠡᠬᠦ ᠣᠷᠤᠨ ᠵᠠᠢ ᠪᠣᠯᠤᠨ ᠰᠣᠳᠤᠴᠤᠳ ᠤᠨ ᠠᠳᠠᠯ ᠦᠢᠯᠡᠰ ᠴᠣᠭᠴᠠᠯᠠᠬᠤ ᠭᠠᠵᠠᠷ10 ᠶᠢ ᠰᠢᠨ᠎ᠡ ᠪᠠᠷ ᠪᠠᠶᠢᠭᠤᠯᠤᠨ᠎ᠠ᠃      ᠪᠡᠭᠡᠵᠢᠩ ᠥᠪᠦᠷ ᠮᠣᠩᠭᠤᠯ ᠤᠨ ᠬᠠᠮᠵᠢᠯᠴᠠᠬᠤ ᠠᠵᠤ ᠦᠢᠯᠡᠰ ᠤᠨ ᠬᠦᠷᠢᠶᠡᠯᠡᠩ ᠤᠨ ᠪᠥᠲᠦᠭᠡᠨ ᠪᠠᠶᠢᠭᠤᠯᠤᠯᠲᠠ ᠶᠢ ᠠᠬᠢᠭᠤᠯᠵᠤ᠂ ᠬᠤᠲᠠ ᠶᠢᠨ ᠲᠣᠭᠤᠷᠢᠭ ᠤᠨ ᠪᠠᠷᠠᠭᠤᠨ ᠬᠡᠰᠡᠭ ᠤᠨ ᠠᠵᠤ ᠦᠢᠯᠡᠰ ᠪᠣᠯᠤᠨ ᠬᠤᠲᠠ ᠶᠢ ᠠᠭᠤᠰᠤᠯᠴᠠᠭᠤᠯᠬᠤ ᠰᠢᠨ᠎ᠡ ᠲᠡᠮᠳᠡᠭᠯᠡᠯ ᠢ ᠡᠭᠦᠳᠦᠨ᠎ᠡ᠃ ᠠᠵᠤ ᠦᠢᠯᠡᠰ ᠪᠣᠯᠣᠨ ᠬᠤᠲᠠ ᠶᠢ ᠨᠢᠭᠡ ᠴᠣᠭᠴᠠᠵᠢᠭᠤᠯᠬᠤ᠂ ᠬᠠᠮᠵᠢᠯᠴᠠᠨ ᠬᠠᠮᠲᠤᠪᠠᠷ ᠪᠥᠲᠦᠭᠡᠨ ᠪᠠᠶᠢᠭᠤᠯᠬᠤ᠂ ᠠᠰᠢᠭ ᠲᠤᠰᠠ ᠶᠢ ᠬᠠᠮᠲᠤᠪᠡᠷ ᠡᠳ᠋ᠯᠡᠬᠦ ᠰᠡᠳᠬᠢᠮᠵᠢ ᠪᠠᠷ᠂ ᠪᠡᠭᠡᠵᠢᠩ ᠥᠪᠦᠷ ᠮᠣᠩᠭᠤᠯ ᠤᠨ ᠬᠠᠮᠵᠢᠯᠴᠠᠬᠤ ᠠᠵᠤ ᠦᠢᠯᠡᠰ ᠤᠨ ᠬᠦᠷᠢᠶᠡᠯᠡᠩ ᠤᠨ ᠪᠥᠲᠦᠭᠡᠨ ᠪᠠᠶᠢᠭᠤᠯᠤᠯᠲᠠ ᠶᠢ ᠲᠥᠷᠭᠡᠳᠬᠡᠨ ᠠᠬᠢᠭᠤᠯᠤᠨ᠎ᠠ᠃ ᠪᠡᠭᠡᠵᠢᠩ ᠤᠨ ᠨᠡᠶᠢᠰᠯᠡᠯ ᠤᠨ ᠪᠣᠰᠤ ᠴᠢᠳᠠᠮᠵᠢ ᠶᠢ ᠲᠠᠷᠬᠠᠭᠠᠬᠤ  ᠲᠠᠢ ᠤᠶᠠᠯᠳᠤᠭᠤᠯᠤᠨ᠂ ᠣᠳᠣ ᠪᠠᠶᠢᠭ᠎ᠠ ᠠᠵᠤ ᠦᠢᠯᠡᠰ ᠤᠨ ᠰᠠᠭᠤᠷᠢ ᠳᠤ ᠪᠠᠨ ᠲᠦᠰᠢᠭᠯᠡᠵᠦ᠂ ᠪᠡᠭᠡᠵᠢᠩ ᠲᠢᠶᠠᠨᠵᠢᠨ ᠾᠧᠪᠸᠢ ᠯᠦᠭᠡ ᠶᠢᠨ ᠭᠠᠵᠠᠷ ᠣᠷᠤᠨ ᠠᠯᠤᠰᠯᠠᠭᠰᠠᠨ ᠠᠵᠤ ᠠᠬᠤᠢ᠂ ᠬᠦᠷᠢᠶᠡᠯᠡᠩ ᠳᠣᠲᠤᠷᠠᠬᠢ ᠬᠦᠷᠢᠶᠡᠯᠡᠩ ᠵᠡᠷᠭᠡ ᠣᠯᠠᠨ ᠬᠡᠯᠪᠡᠷᠢ ᠪᠠᠷ ᠬᠠᠮᠵᠢᠯᠴᠠᠵᠤ᠂ ᠳᠡᠭᠡᠳᠦ ᠳᠡᠰ ᠤᠨ ᠲᠣᠨᠤᠭᠯᠠᠯ ᠦᠢᠯᠡᠳᠬᠦ᠂ ᠰᠢᠨ᠎ᠡ ᠡᠨᠧᠷᠭᠢ ᠶᠢᠨ ᠮᠠᠰᠢᠨ ᠲᠡᠷᠭᠡ᠂ ᠰᠣᠶᠣᠯ ᠤᠨ ᠰᠢᠨ᠎ᠡ ᠶᠢ ᠡᠭᠦᠳᠬᠦ ᠵᠡᠷᠭᠡ ᠠᠵᠤ ᠦᠢᠯᠡᠰ ᠢ ᠬᠥᠭᠵᠢᠭᠦᠯᠵᠦ᠂ ᠪᠡᠭᠡᠵᠢᠩ ᠲᠢᠶᠠᠨᠵᠢᠨ ᠾᠧᠪᠸᠢ ᠶᠢᠨ ᠠᠵᠤ ᠦᠢᠯᠡᠰ ᠤᠨ ᠰᠢᠯᠵᠢᠯᠲᠡ ᠶᠢ ᠬᠦᠯᠢᠶᠡᠨ ᠠᠪᠬᠤ ᠣᠷᠤᠨ ᠢ ᠪᠠᠶᠢᠭᠤᠯᠤᠨ᠎ᠠ      ᠬᠦᠷᠢᠶᠡᠯᠡᠩ ᠲᠣᠭᠤᠷᠢᠭ ᠢ ᠬᠥᠭᠵᠢᠭᠦᠯᠦᠨ ᠮᠠᠨᠳᠤᠭᠤᠯᠬᠤ ᠲᠥᠯᠦᠪᠯᠡᠯᠭᠡ ᠶᠢ ᠭᠦᠨᠵᠡᠭᠡᠢ ᠲᠦᠯᠬᠢᠨ ᠠᠬᠢᠭᠤᠯᠵᠤ᠂ ᠵᠠᠭᠤᠨ ᠳ᠋ᠦᠩᠰᠢᠭᠤᠷ ᠲᠥᠭᠦᠷᠢᠭ ᠤᠨ ᠳᠡᠰ ᠤᠨ ᠠᠵᠤ ᠦᠢᠯᠡᠳᠪᠦᠷᠢ ᠶᠢᠨ ᠲᠤᠯᠭᠠᠭᠤᠷᠢ ᠠᠵᠤ ᠠᠬᠤᠶᠢᠯᠠᠯ ᠪᠠ《 ᠪᠢᠴᠢᠬᠠᠨ ᠠᠪᠤᠷᠭᠤ ᠬᠥᠮᠦᠨ》ᠠᠵᠤ ᠠᠬᠤᠶᠢᠯᠠᠯ ᠢ ᠶᠡᠬᠡᠪᠡᠷ ᠬᠥᠮᠦᠵᠢᠭᠦᠯᠦᠨ᠎ᠡ᠃ ᠬᠦᠷᠢᠶᠡᠯᠡᠩ ᠲᠣᠭᠤᠷᠢᠭ ᠢ ᠪᠥᠲᠦᠭᠡᠨ ᠪᠠᠶᠢᠭᠤᠯᠬᠤ ᠰᠠᠭᠤᠷᠢ ᠮᠥᠩᠭᠦ ᠪᠠ ᠠᠵᠤ ᠦᠢᠯᠡᠰ ᠢ ᠳᠡᠮᠵᠢᠬᠦ ᠰᠠᠭᠤᠷᠢ ᠮᠥᠩᠭᠦ ᠶᠢ ᠰᠠᠶᠢᠲᠤᠷ ᠬᠡᠷᠡᠭᠯᠡᠵᠦ᠂ ᠡᠯ᠎ᠡ ᠬᠦᠷᠢᠶᠡᠯᠡᠩ ᠲᠣᠭᠤᠷᠢᠭ ᠤᠨ ᠰᠠᠭᠤᠷᠢ ᠪᠡᠯᠡᠳᠬᠡᠮᠵᠢ ᠶᠢ ᠪᠦᠷᠢᠨᠰᠢᠭᠦᠯᠵᠤ᠂  ᠠᠵᠤ ᠦᠢᠯᠡᠰ ᠤᠨ ᠲᠥᠪᠯᠡᠷᠡᠨ ᠪᠥᠭᠡᠮᠨᠡᠷᠡᠭᠦᠯᠬᠦ ᠶᠢ ᠠᠬᠢᠭᠤᠯᠤᠨ᠎ᠠ᠃  ᠤᠳᠤᠷᠢᠳᠤᠯᠭ᠎ᠠ ᠠᠴᠠ ᠭᠤᠣᠯᠳᠠᠯᠭ᠎ᠠ ᠲᠠᠢ ᠠᠵᠤ ᠠᠬᠤᠶᠢᠯᠠᠯ ᠢ ᠳᠠᠭᠠᠭᠠᠴᠢᠯᠠᠬᠤ ᠳᠦᠷᠢᠮ ᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠳᠠᠬᠢ ᠦᠢᠯᠡᠴᠢᠯᠡᠭᠡ ᠪᠠᠨ ᠴᠢᠩᠭᠠᠳᠬᠠᠵᠤ᠂ ᠵᠠᠭᠤᠨ ᠳ᠋ᠦᠩᠰᠢᠭᠤᠷ ᠲᠥᠭᠦᠷᠢᠭ ᠤᠨ ᠳᠡᠰ ᠂ 80 ᠳ᠋ᠦᠩᠰᠢᠭᠤᠷ ᠲᠥᠭᠦᠷᠢᠭ ᠤᠨ ᠳᠡᠰ᠂50 ᠳ᠋ᠦᠩᠰᠢᠭᠤᠷ ᠲᠥᠭᠦᠷᠢᠭ ᠤᠨ ᠳᠡᠰ ᠤᠨ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠲᠤᠰᠪᠦᠷᠢ 2 ᠢ ᠰᠢᠨ᠎ᠡ ᠪᠠᠷ ᠨᠡᠮᠡᠵᠤ᠂ ᠲᠤᠰᠬᠠᠶᠢᠵᠢᠭᠰᠠᠨ ᠨᠠᠷᠢᠯᠢᠭᠵᠢᠭᠰᠠᠨ ᠣᠨᠴᠠᠭᠠᠶᠢᠵᠢᠭᠰᠠᠨ ᠰᠢᠨ᠎ᠡ ᠬᠡᠯᠪᠡᠷᠢ ᠶᠢᠨ《 ᠪᠢᠴᠢᠬᠠᠨ ᠠᠪᠤᠷᠭᠤ ᠬᠥᠮᠦᠨ》 ᠠᠵᠤ ᠠᠬᠤᠶᠢᠯᠠᠯ ᠢ3 ᠠᠴᠠ5 ᠶᠢ ᠰᠢᠨ᠎ᠡ ᠪᠠᠷ ᠨᠡᠮᠡᠵᠤ ᠪᠠᠶᠢᠭᠤᠯᠬᠤ ᠪᠠᠷ ᠴᠢᠷᠮᠠᠶᠢᠨ᠎ᠠ᠃       ︵ᠳᠥᠷᠪᠡ︶  ᠣᠳᠣ ᠦᠶ᠎ᠡ ᠶᠢᠨ ᠦᠢᠯᠡᠴᠢᠯᠡᠭᠡᠨ ᠤ ᠠᠵᠤ ᠦᠢᠯᠡᠰ ᠢ ᠬᠦᠴᠦᠯᠡᠨ ᠬᠥᠭᠵᠢᠭᠦᠯᠦᠨ᠎ᠡ᠃      ᠮᠠᠨ ᠤ ᠬᠤᠲᠠ ᠶᠢᠨ ᠥᠪᠡᠷᠮᠢᠴᠡ ᠣᠨᠴᠠᠯᠢᠭ ᠪᠥᠬᠦᠢ ᠰᠣᠶᠣᠯ ᠤᠨ ᠡᠬᠢ ᠪᠠᠶᠠᠯᠢᠭ ᠲᠤ ᠲᠤᠯᠭᠠᠭᠤᠷᠢᠯᠠᠵᠤ᠂ ᠰᠣᠶᠣᠯ ᠤᠨ ᠠᠵᠤ ᠦᠢᠯᠡᠰ᠂ ᠬᠤᠷᠠᠯ ᠦᠵᠡᠰᠬᠦᠯᠡᠩ ᠤᠨ ᠠᠵᠤ ᠠᠬᠤᠢ᠂ ᠤᠳᠬ᠎ᠠ ᠤᠷᠠᠯᠢᠭ ᠪᠡᠶ᠎ᠡ ᠶᠢᠨ ᠲᠠᠮᠢᠷ ᠤᠨ ᠤᠷᠤᠯᠳᠤᠭᠠᠨ ᠵᠡᠷᠭᠡ ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ ᠶᠢᠨ ᠪᠠᠶᠢᠳᠠᠯ ᠢ ᠪᠠᠶᠠᠯᠢᠭᠵᠢᠭᠤᠯᠤᠨ ᠪᠤᠵᠠᠭᠠᠶᠢᠷᠠᠭᠤᠯᠵᠤ᠂ ᠳᠤᠮᠳᠠᠳᠤ ᠤᠯᠤᠰ ᠤᠨ ᠲᠠᠯ᠎ᠠ ᠨᠤᠲᠤᠭ ᠤᠨ ᠰᠣᠶᠣᠯ ᠤᠨ ᠲᠥᠪ ᠣᠷᠤᠨ ᠢ ᠪᠠᠶᠢᠭᠤᠯᠤᠨ᠎ᠠ᠃ ᠥᠪᠦᠷ ᠮᠣᠩᠭᠤᠯ ᠤᠨ ᠳᠠᠭᠤᠤ ᠬᠥᠭᠵᠢᠮ ᠤᠨ ᠲᠠᠩᠬᠢᠮ᠂ ᠹᠧᠩᠵᠸᠤ ᠡᠷᠲᠡᠨ ᠤ ᠬᠤᠲᠠ ᠶᠢᠨ ᠪᠠᠭᠤᠷᠢ ᠶᠢᠨ ᠴᠡᠴᠡᠷᠯᠢᠭ᠂《 ᠲᠠᠯ᠎ᠠ ᠨᠤᠲᠤᠭ ᠤᠨ ᠡᠵᠢ ᠪᠠ ᠤᠯᠤᠰ ᠤᠨ ᠬᠡᠤᠬᠡᠳ》ᠰᠣᠶᠣᠯ ᠤᠨ ᠴᠡᠴᠡᠷᠯᠢᠭ᠂ ᠥᠪᠦᠷ ᠮᠣᠩᠭᠤᠯ ᠤᠨ ᠺᠢᠨᠤ᠋ ᠲᠧᠯᠸᠢᠰ ᠰᠣᠶᠣᠯ ᠤᠨ ᠠᠵᠤ ᠦᠢᠯᠡᠰ ᠤᠨ ᠰᠢᠨᠵᠢᠯᠡᠭᠡ ᠮᠡᠷᠭᠡᠵᠢᠯ ᠤᠨ ᠬᠤᠲᠠ ᠵᠡᠷᠭᠡ ᠲᠥᠷᠦᠯ ᠵᠦᠢᠯ ᠤᠨ ᠪᠥᠲᠦᠭᠡᠨ ᠪᠠᠶᠢᠭᠤᠯᠤᠯᠲᠠ ᠶᠢ ᠲᠥᠷᠭᠡᠳᠬᠡᠵᠤ᠂ ᠰᠢᠩ ᠭᠤᠸᠠᠩ ᠺᠢᠨᠤ᠋ ᠲᠧᠯᠸᠢᠰ ᠤᠨ ᠰᠠᠭᠤᠷᠢᠨ ᠭᠠᠵᠠᠷ᠂ ᠷᠦᠩ ᠴᠤᠸᠠᠩ ᠴᠢᠨ᠋ᠸ᠎ᠠ ᠲᠣᠲ᠋ᠧᠮ ᠪᠠᠯᠭᠠᠰᠤ᠂ ᠵᠦᠩ ᠭᠤᠸᠠᠨ ᠼᠦᠨ ᠰᠣᠶᠣᠯ ᠤᠨ ᠰᠢᠨ᠎ᠡ ᠶᠢ ᠡᠭᠦᠳᠬᠦ ᠠᠵᠤ ᠦᠢᠯᠡᠰ ᠤᠨ ᠬᠦᠷᠢᠶᠡᠯᠡᠩ᠂ ᠲᠠᠩᠱᠠᠨ ᠾᠦᠩ ᠸᠧᠨ ᠣᠨᠴᠠᠭᠠᠢ ᠲᠥᠷᠦᠯ ᠤᠨ ᠮᠠᠰᠢᠨ ᠬᠥᠮᠦᠨ᠂ ᠲᠠᠯ᠎ᠠ ᠨᠤᠲᠤᠭ ᠤᠨ ᠦᠨᠳᠦᠰᠦ᠂ ᠠᠳᠤᠭᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠵᠡᠷᠭᠡ ᠲᠥᠷᠦᠯ ᠵᠦᠢᠯ ᠤᠨ ᠨᠠᠶᠢᠳᠠᠪᠤᠷᠢᠵᠢᠬᠤ ᠶᠢ ᠠᠬᠢᠭᠤᠯᠤᠨ᠎ᠠ᠃ ᠵᠣᠣ ᠵᠢᠶᠦ᠋ᠨ ᠰᠣᠶᠣᠯ ᠤᠨ ᠨᠠᠶᠢᠷ᠂ ᠴᠥᠬᠡᠨ ᠲᠣᠭᠠᠲᠤ ᠦᠨᠳᠦᠰᠦᠲᠡᠨ ᠤ ᠰᠣᠶᠣᠯ ᠵᠢᠭᠤᠯᠴᠢᠯᠠᠯ ᠤᠷᠠᠯᠢᠭ ᠤᠨ ᠬᠦᠳᠡᠯᠭᠡᠭᠡᠨ ᠢ ᠦᠷᠬᠦᠯᠵᠢᠯᠡᠨ ᠰᠠᠶᠢᠲᠤᠷ ᠬᠢᠵᠤ᠂ ᠳᠤᠮᠳᠠᠳᠤ ᠤᠯᠤᠰ ᠤᠨ ᠣᠯᠠᠨ ᠤᠯᠤᠰ ᠤᠨ ᠠᠷᠠᠳ ᠤᠨ ᠤᠷᠠᠯᠢᠭ ᠤᠨ ᠨᠠᠶᠢᠷ ᠢ ᠰᠠᠶᠢᠲᠤᠷ ᠳᠠᠭᠠᠭᠠᠴᠢᠯᠠᠨ ᠡᠷᠬᠢᠯᠡᠨ᠎ᠡ᠃ ᠵᠢᠭᠤᠯᠴᠢᠯᠠᠯ ᠤᠨ ᠬᠥᠭᠵᠢᠯᠲᠡ ᠪᠣᠯᠤᠨ ᠣᠯᠠᠨ ᠲᠦᠮᠡᠨ ᠤ ᠱᠠᠭᠠᠷᠳᠠᠯᠭ᠎ᠠ ᠳᠤ ᠵᠣᠬᠢᠴᠠᠭᠤᠯᠵᠤ᠂ ᠨᠢᠭᠡ ᠪᠥᠯᠦᠭ ᠰᠣᠳᠤᠨ ᠵᠦᠴᠦᠭᠡ᠂ ᠤᠷᠠᠨ ᠵᠣᠬᠢᠶᠠᠯ ᠪᠠ ᠤᠷᠠᠯᠢᠭ ᠤᠨ ᠪᠥᠲᠦᠭᠡᠯ ᠢ ᠡᠭᠦᠳᠦᠨ ᠪᠥᠲᠦᠭᠡᠨ᠎ᠡ᠃ ᠲᠡᠤᠬᠡ ᠰᠣᠶᠣᠯ ᠤᠨ ᠵᠡᠭᠡᠯᠢ ᠭᠤᠳᠤᠮᠵᠢ᠂ ᠲᠡᠤᠬᠡ ᠶᠢᠨ ᠪᠠᠷᠢᠯᠭ᠎ᠠ ᠶᠢ ᠬᠤᠪᠢᠶᠠᠷᠢᠯᠠᠨ ᠲᠣᠭᠲᠠᠭᠠᠬᠤ ᠠᠵᠢᠯ ᠢ ᠡᠬᠢᠯᠡᠭᠦᠯᠵᠤ᠂ ᠲᠡᠤᠬᠡ ᠶᠢᠨ ᠪᠠᠷᠢᠯᠭ᠎ᠠ ᠶᠢᠨ ᠢᠯᠡᠷᠬᠡᠶᠢᠯᠡᠯ ᠡᠯᠭᠦᠵᠤ ᠳᠠᠩᠰᠠ ᠡᠪᠬᠡᠮᠡᠯ ᠪᠠᠶᠢᠭᠤᠯᠬᠤ ᠶᠢ ᠪᠡᠶᠡᠯᠡᠭᠦᠯᠦᠨ᠎ᠡ  ᠃ ᠣᠶᠢᠯᠠᠯᠭ᠎ᠠ ᠨᠠᠶᠢᠷᠠᠭᠤᠯᠬᠤ ᠲᠣᠯᠢ ᠪᠤᠯᠭᠠᠬᠤ ᠠᠵᠢᠯ ᠢ ᠰᠠᠶᠢᠲᠤᠷ ᠬᠢᠨ᠎ᠡ᠃ ᠡᠯ᠎ᠡ ᠲᠥᠷᠦᠯ ᠤᠨ ᠰᠣᠶᠣᠯ ᠤᠨ ᠣᠷᠳᠤᠨ ᠤ ᠦᠢᠯᠡᠴᠢᠯᠡᠭᠡᠨ ᠤ ᠴᠢᠳᠠᠮᠵᠢ ᠶᠢ ᠪᠦᠷᠢᠨᠰᠢᠭᠦᠯᠵᠤ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠬᠢᠷᠢ ᠲᠥᠪᠰᠢᠨ ᠢ ᠳᠡᠭᠡᠭᠰᠢᠯᠡᠭᠦᠯᠦᠨ᠎ᠡ᠃ ᠳᠣᠮᠳᠠᠳᠤ ᠮᠣᠩᠭᠤᠯ ᠤᠨ ᠦᠵᠡᠰᠬᠦᠯᠡᠩ ᠤᠨ  ᠴᠣᠭᠯᠠᠭᠠᠨ ᠤ ᠡᠭᠦᠷᠢᠳᠡ ᠶᠢᠨ ᠴᠢᠨᠠᠷᠲᠠᠢ ᠣᠯᠠᠨ ᠤᠯᠤᠰ ᠤᠨ ᠦᠵᠡᠰᠬᠦᠯᠡᠩ ᠤᠨ ᠲᠥᠪ ᠢ ᠡᠬᠢᠯᠡᠨ ᠪᠥᠲᠦᠭᠡᠨ ᠪᠠᠶᠢᠭᠤᠯᠵᠤ᠂ ᠬᠤᠷᠠᠯ ᠦᠵᠡᠰᠬᠦᠯᠡᠩ ᠤᠨ ᠠᠵᠤ ᠦᠢᠯᠡᠰ ᠤᠨ ᠵᠠᠬ᠎ᠠ ᠳᠡᠯᠭᠡᠭᠦᠷᠴᠢᠯᠡᠬᠦ᠂ ᠲᠤᠰᠬᠠᠶᠢᠵᠢᠬᠤ᠂ ᠣᠯᠠᠨ ᠤᠯᠤᠰᠴᠢᠯᠠᠬᠤ ᠶᠢ ᠠᠬᠢᠭᠤᠯᠵᠤ᠂ ᠣᠯᠠᠨ ᠤᠯᠤᠰ ᠤᠨ ᠠᠮᠲᠠᠲᠤ ᠢᠳᠡᠭᠡᠨ ᠤ ᠦᠵᠡᠰᠬᠦᠯᠡᠩ᠂ ᠣᠯᠠᠨ ᠤᠯᠤᠰ ᠤᠨ ᠮᠠᠰᠢᠨ ᠲᠡᠷᠭᠡᠨ ᠤ ᠦᠵᠡᠰᠬᠦᠯᠡᠩ᠂ ᠪᠣᠬᠢᠷᠳᠤᠯ ᠦᠭᠡᠢ ᠲᠠᠷᠢᠶᠠᠯᠠᠩ ᠤᠨ ᠪᠥᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠵᠡᠰᠬᠦᠯᠡᠩ ᠵᠡᠷᠭᠡ ᠬᠤᠷᠠᠯ ᠦᠵᠡᠰᠬᠦᠯᠡᠩ ᠤᠨ ᠬᠢᠷᠢ ᠲᠥᠪᠰᠢᠨ ᠢ ᠳᠡᠭᠡᠭᠰᠢᠯᠡᠭᠦᠯᠵᠦ᠂ ᠠᠩᠬᠠᠳᠠᠭᠴᠢ ᠬᠤᠭᠤᠴᠠᠭᠠᠨ ᠤ ᠥᠪᠦᠷ ᠮᠣᠩᠭᠤᠯ ᠤᠨ ᠣᠯᠠᠨ ᠤᠯᠤᠰ ᠤᠨ ᠠᠳᠤᠭᠤᠨ ᠰᠤᠶᠤᠯ ᠤᠨ ᠦᠵᠡᠰᠬᠦᠯᠡᠩ ᠢ ᠡᠷᠬᠢᠯᠡᠨ ᠶᠠᠪᠤᠭᠳᠠᠭᠤᠯᠤᠨ᠎ᠠ᠃ ᠤᠯᠤᠰ ᠤᠨ ᠲᠣᠲᠤᠭᠠᠳᠤ ᠭᠠᠳᠠᠭᠠᠳᠤ ᠶᠢᠨ ᠨᠡᠷᠡᠲᠦ ᠲᠥᠷᠦᠯ ᠲᠡᠮᠳᠡᠭᠲᠦ ᠶᠢᠨ ᠤᠷᠤᠯᠳᠤᠭᠠᠨ ᠢ ᠢᠳᠡᠪᠬᠢᠲᠠᠢ ᠲᠠᠲᠠᠨ ᠣᠷᠤᠭᠤᠯᠵᠤ ᠂ ᠰᠢᠨ᠎ᠡ ᠡᠨᠧᠷᠭᠢ ᠶᠢᠨ ᠮᠠᠰᠢᠨ ᠲᠡᠷᠭᠡ ᠶᠢᠨ ᠤᠷᠤᠯᠳᠤᠭᠠᠨ᠂ ᠬᠦᠬᠡᠬᠤᠲᠠ ᠶᠢᠨ ᠣᠯᠠᠨ ᠤᠯᠤᠰ ᠤᠨ ᠮᠠᠷᠠᠽᠤᠨ ᠤ ᠤᠷᠤᠯᠳᠤᠭᠠᠨ ᠵᠡᠷᠭᠡ ᠨᠥᠯᠦᠭᠡ ᠶᠡᠬᠡᠲᠠᠢ ᠤᠷᠤᠯᠳᠤᠭᠠᠨ ᠤ ᠠᠵᠢᠯᠯᠠᠭ᠎ᠠ ᠶᠢ ᠰᠠᠶᠢᠲᠤᠷ ᠡᠷᠬᠢᠯᠡᠵᠦ᠂ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃      ᠮᠥᠩᠭᠦᠨ ᠭᠦᠢᠯᠭᠡᠭᠡᠨ ᠤ ᠦᠢᠯᠡᠴᠢᠯᠡᠭᠡ ᠶᠢᠨ ᠪᠤᠳᠠᠳᠤ ᠠᠵᠤ ᠠᠬᠤᠢ ᠶᠢᠨ ᠲᠥᠷᠦ ᠶᠢᠨ ᠪᠣᠳᠤᠯᠭ᠎ᠠ ᠶᠢ ᠲᠡᠭᠦᠯᠳᠡᠷᠵᠢᠭᠦᠯᠵᠦ᠂ ᠮᠥᠩᠭᠦᠨ ᠭᠦᠢᠯᠭᠡᠭᠡ ᠶᠢᠨ ᠦᠢᠯᠡᠴᠢᠯᠡᠭᠡᠨ ᠤ ᠲᠦᠭᠡᠮᠡᠯ ᠬᠠᠷᠠᠭᠠᠯᠵᠠᠬᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠣᠷᠤᠨ ᠨᠤᠲᠤᠭ ᠤᠨ ᠴᠢᠨᠠᠷᠲᠠᠢ ᠴᠢᠬᠤᠯᠠ ᠮᠥᠩᠭᠦᠨ ᠭᠦᠢᠯᠭᠡᠭᠡᠨ ᠤ ᠠᠷᠠᠯᠵᠢᠶ᠎ᠠ ᠶᠢᠨ ᠳ᠋ᠦᠩᠨᠡᠨ ᠪᠣᠳᠤᠬᠤ ᠲᠥᠪ ᠢ ᠪᠥᠲᠦᠭᠡᠨ ᠪᠠᠶᠢᠭᠤᠯᠤᠨ᠎ᠠ᠃ ᠵᠦᠩ ᠯᠢᠶᠠᠩ ᠯᠢᠶᠠᠨ᠂ ᠵᠦᠩ ᠺᠦᠨ ᠵᠢᠤᠢ ᠯᠢᠨ ᠳᠤᠮᠳᠠᠳᠤ ᠣᠷᠤᠰ ᠮᠣᠩᠭᠤᠯ ᠤᠨ ᠰᠠᠭᠤᠷᠢᠨ ᠭᠠᠵᠠᠷ ᠵᠡᠷᠭᠡ ᠠᠷᠠᠯᠵᠢᠶᠠᠨ ᠤ ᠲᠠᠪᠴᠠᠩ ᠤᠨ ᠪᠥᠲᠦᠭᠡᠨ ᠪᠠᠶᠢᠭᠤᠯᠤᠯᠲᠠ ᠶᠢ ᠠᠬᠢᠭᠤᠯᠵᠤ᠂ ᠭᠤᠸᠠᠩ ᠹᠠ᠂ ᠵᠧ ᠱᠠᠩ᠂ ᠫᠢᠩ ᠠᠨ ᠪᠠᠩᠬᠢ ᠵᠡᠷᠭᠡ ᠮᠥᠩᠭᠦᠨ ᠭᠦᠢᠯᠭᠡᠭᠡᠨ ᠤ ᠠᠵᠤ ᠠᠬᠤᠶᠢᠯᠠᠯ ᠤᠨ ᠮᠠᠨ ᠤ ᠬᠤᠲᠠ ᠳᠤ ᠬᠤᠪᠢᠶᠠᠷᠢ ᠪᠠᠶᠢᠭᠤᠯᠤᠮᠵᠢ ᠪᠠᠶᠢᠭᠤᠯᠬᠤ᠂ ᠳᠤᠮᠳᠠᠳᠤ ᠤᠯᠤᠰ ᠤᠨ ᠪᠥᠲᠦᠭᠡᠨ ᠪᠠᠶᠢᠭᠤᠯᠤᠯᠲᠠ ᠶᠢᠨ ᠪᠠᠩᠬᠢ᠂ ᠳᠤᠮᠳᠠᠳᠤ ᠤᠯᠤᠰ ᠤᠨ ᠪᠠᠩᠬᠢ᠂ ᠰᠢᠤᠳᠠᠨ ᠤ ᠬᠠᠳᠠᠭᠠᠯᠠᠮᠵᠢ ᠶᠢᠨ ᠪᠠᠩᠬᠢ᠂ ᠥᠪᠦᠷ ᠮᠣᠩᠭᠤᠯ ᠤᠨ ᠪᠠᠩᠬᠢ ᠵᠡᠷᠭᠡ ᠶᠢᠨ ᠬᠤᠰᠢᠭᠤ ᠰᠢᠶᠠᠨ ᠳᠤ ᠰᠠᠯᠪᠤᠷᠢ ᠪᠠᠩᠬᠢ ᠪᠠᠶᠢᠭᠤᠯᠬᠤ ᠶᠢ ᠲᠦᠯᠬᠢᠨ ᠠᠬᠢᠭᠤᠯᠤᠨ᠎ᠠ᠃ ᠠᠵᠤ ᠠᠬᠤᠶᠢᠯᠠᠯ ᠤᠨ ᠰᠲ᠋ᠤᠺ ᠤᠨ ᠵᠠᠬ᠎ᠠ ᠳᠡᠯᠭᠡᠭᠦᠷ ᠲᠤ ᠭᠠᠷᠴᠤ ᠢᠯᠡᠷᠬᠡᠶᠢᠯᠡᠯ ᠡᠯᠭᠦᠨ ᠱᠠᠩᠨᠠᠨ ᠨᠥᠬᠦᠪᠦᠷᠢ ᠥᠭᠬᠦ ᠲᠥᠷᠦ ᠶᠢᠨ ᠪᠣᠳᠤᠯᠭ᠎ᠠ ᠶᠢ ᠪᠦᠷᠢᠨᠰᠢᠭᠦᠯᠵᠤ᠂ ᠵᠠᠬ᠎ᠠ ᠳᠡᠯᠭᠡᠭᠦᠷ ᠤᠨ ᠭᠠᠳᠠᠨ᠎ᠠ ᠬᠥᠮᠦᠵᠢᠭᠦᠯᠬᠦ ᠶᠢ ᠴᠢᠩᠭᠠᠳᠬᠠᠵᠤ᠂2 ᠠᠵᠤ ᠠᠬᠤᠶᠢᠯᠠᠯ ᠢ ᠦᠨᠡᠲᠦ ᠲᠡᠮᠳᠡᠭᠲᠦ ᠶᠢᠨ ᠭᠤᠣᠯ ᠵᠠᠬ᠎ᠠ ᠳᠡᠯᠭᠡᠭᠦᠷ᠂ ᠦᠨᠡᠲᠦ ᠲᠡᠮᠳᠡᠭᠲᠦ ᠶᠢᠨ ᠰᠢᠨ᠎ᠡ ᠭᠤᠷᠪᠳᠤᠭᠠᠷ ᠵᠠᠬ᠎ᠠ ᠳᠡᠯᠭᠡᠭᠦᠷ ᠲᠤ ᠭᠠᠷᠴᠤ᠂11 ᠠᠵᠤ ᠠᠬᠤᠶᠢᠯᠠᠯ ᠢ ᠥᠪᠡᠷᠲᠡᠭᠡᠨ ᠵᠠᠰᠠᠬᠤ ᠣᠷᠤᠨ ᠤ ᠬᠤᠪᠢᠴᠠᠭᠠᠨ ᠤ ᠡᠷᠬᠡ ᠶᠢᠨ ᠠᠷᠠᠯᠵᠢᠶᠠᠨ ᠤ ᠲᠥᠪ ᠲᠤ ᠢᠯᠡᠷᠬᠡᠶᠢᠯᠡᠯ ᠡᠯᠭᠦᠬᠦ ᠶᠢ ᠠᠬᠢᠭᠤᠯᠤᠨ᠎ᠠ᠃       ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭ᠎ᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠤᠨ ᠪᠥᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂《 ᠬᠤᠶᠠᠷ ᠠᠷᠠᠯ ᠭᠤᠷᠪᠠᠨ ᠣᠷᠤᠨ》 ᠤ ᠦᠨᠳᠦᠰᠦᠨ ᠢᠵᠢ ᠪᠦᠷᠢᠳᠦᠭᠦᠯᠬᠦ ᠶᠢ ᠰᠠᠶᠢᠵᠢᠷᠠᠭᠤᠯᠤᠨ ᠳᠡᠭᠡᠭᠰᠢᠯᠡᠭᠦᠯᠵᠦ᠂ ᠣᠪᠣᠭ᠎ᠠ ᠲᠦᠷᠭᠡᠨ ᠢᠯᠡᠭᠡᠮᠵᠢ ᠶᠢᠨ ᠡᠯᠧᠺᠲᠷᠤᠨ ᠬᠤᠳᠠᠯᠳᠤᠭ᠎ᠠ ᠶᠢᠨ ᠠᠵᠤ ᠦᠢᠯᠡᠰ ᠤᠨ ᠬᠦᠷᠢᠶᠡᠯᠡᠩ ᠢ ᠥᠭᠡᠷᠡᠴᠢᠯᠡᠨ ᠳᠡᠰ ᠳᠡᠪᠰᠢᠭᠦᠯᠵᠦ᠂ ᠵᠢᠶᠠ ᠨᠠᠨ ᠶᠦᠨ ᡁᠢ ᠲᠣᠮᠤ ᠳ᠋ᠠᠶᠢᠲ᠋ᠠ᠂ ᠱᠧᠨ ᠲᠦᠩ ᠲᠦᠷᠭᠡᠨ ᠢᠯᠡᠭᠡᠮᠵᠢ ᠶᠢᠨ ᠣᠶᠤᠨᠲᠤ ᠪᠠᠷᠠᠭᠠᠨ ᠤ ᠭᠦᠢᠯᠭᠡᠭᠡ᠂ ᠹᠷᠠᠨᠼᠢ ᠶᠢᠨ ᠲᠦᠷᠭᠡᠨ ᠢᠯᠡᠭᠡᠮᠵᠢ ᠶᠢᠨ ᠬᠢᠯᠢ ᠠᠯᠤᠰᠯᠠᠭᠰᠠᠨ ᠪᠠᠷᠠᠭ᠎ᠠ ᠲᠠᠸᠠᠷ ᠢ ᠲᠥᠪᠯᠡᠷᠡᠭᠦᠯᠦᠨ ᠲᠠᠷᠬᠠᠭᠠᠬᠤ ᠲᠥᠪ ᠵᠡᠷᠭᠡ ᠲᠥᠷᠦᠯ ᠵᠦᠢᠯ ᠤᠨ ᠨᠠᠶᠢᠳᠠᠪᠤᠷᠢᠵᠢᠬᠤ ᠶᠢ ᠠᠬᠢᠭᠤᠯᠵᠤ᠂ ᠡᠯᠧᠺᠲᠷᠤᠨ ᠬᠤᠳᠠᠯᠳᠤᠭ᠎ᠠ ᠶᠢᠨ ᠬᠥᠭᠵᠢᠯᠲᠡ ᠶᠢ ᠪᠥᠬᠦ ᠲᠠᠯ᠎ᠠ ᠪᠠᠷ ᠲᠥᠷᠭᠡᠳᠬᠡᠵᠤ᠂ ᠡᠯᠧᠺᠲᠷᠤᠨ ᠬᠤᠳᠠᠯᠳᠤᠭ᠎ᠠ ᠶᠢᠨ ᠠᠷᠠᠯᠵᠢᠶᠠᠨ ᠤ ᠮᠥᠩᠭᠦ ᠶᠢ1000 ᠳ᠋ᠦᠩᠰᠢᠭᠤᠷ ᠠᠴᠠ ᠳᠡᠭᠡᠭᠰᠢ ᠪᠠᠶᠢᠯᠭᠠᠬᠤ ᠶᠢ ᠪᠡᠶᠡᠯᠡᠭᠦᠯᠦᠨ᠎ᠡ᠃ ᠬᠤᠲᠠ ᠬᠦᠳᠡᠭᠡ ᠶᠢᠨ ᠪᠠᠷᠠᠭ᠎ᠠ ᠶᠢᠨ ᠭᠦᠢᠯᠭᠡᠭᠡ ᠶᠢᠨ ᠲᠣᠬᠢᠷᠠᠭᠤᠯᠤᠨ ᠬᠦᠷᠭᠡᠬᠦ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂100 ᠲᠦᠷᠭᠡᠨ ᠢᠯᠡᠭᠡᠮᠵᠢ ᠶᠢᠨ ᠲᠣᠬᠢᠷᠠᠭᠤᠯᠤᠨ ᠬᠦᠷᠭᠡᠬᠦ ᠲᠣᠣᠷ ᠴᠡᠭ ᠢ ᠰᠢᠨ᠎ᠡ ᠪᠠᠷ ᠨᠡᠮᠡᠨ᠎ᠡ᠃       ᠬᠠᠮ ᠵᠢᠭᠤᠯᠴᠢᠯᠠᠯ᠂ ᠳᠦᠷᠪᠡᠨ ᠤᠯᠠᠷᠢᠯ ᠤᠨ ᠵᠢᠭᠤᠯᠴᠢᠯᠠᠯ ᠢ ᠠᠬᠢᠭᠤᠯᠵᠤ᠂ ᠣᠶᠤᠨᠲᠤ ᠵᠢᠭᠤᠯᠴᠢᠯᠠᠯ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠵᠢᠭᠤᠯᠴᠢᠯᠠᠯ ᠤᠨ ᠰᠠᠭᠤᠷᠢ ᠪᠡᠯᠡᠳᠬᠡᠮᠵᠢ ᠶᠢ ᠲᠡᠭᠦᠯᠳᠡᠷᠵᠢᠭᠦᠯᠵᠦ᠂5A ᠳᠡᠰ᠂4A ᠳᠡᠰ ᠤᠨ ᠦᠵᠡᠮᠵᠢ ᠶᠢᠨ ᠣᠷᠤᠨ ᠢ ᠡᠭᠦᠳᠦᠨ ᠪᠠᠶᠢᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠤᠨ᠎ᠠ᠃ ᠡᠷᠡᠭᠦᠯᠵᠢᠭᠦᠯᠦᠨ ᠰᠣᠪᠢᠯᠠᠬᠤ ᠠᠵᠤ ᠦᠢᠯᠡᠰ ᠢ ᠬᠦᠴᠦᠯᠡᠨ ᠬᠥᠭᠵᠢᠭᠦᠯᠵᠦ᠂ ᠾᠧᠩ ᠳ᠋ᠠ ᠪᠡᠶ᠎ᠡ ᠰᠣᠪᠢᠯᠠᠯᠲᠠ ᠶᠢᠨ ᠬᠦᠨᠳᠡᠢ᠂ ᠤᠯᠤᠰ ᠤᠨ ᠡᠷᠡᠭᠦᠯᠵᠢᠭᠦᠯᠬᠦ ᠳᠤ ᠲᠤᠰᠠᠯᠠᠬᠤ ᠪᠠᠭᠠᠵᠢ ᠬᠡᠷᠡᠭᠰᠡᠯ ᠤᠨ ᠠᠵᠤ ᠦᠢᠯᠡᠰ ᠤᠨ ᠬᠦᠷᠢᠶᠡᠯᠡᠩ ᠵᠡᠷᠭᠡ ᠲᠥᠷᠦᠯ ᠵᠦᠢᠯ ᠤᠨ ᠪᠥᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠭᠡᠷ ᠲᠡᠭᠡᠨ ᠪᠡᠶ᠎ᠡ ᠰᠣᠪᠢᠯᠠᠬᠤ ᠦᠢᠯᠡᠴᠢᠯᠡᠭᠡᠨ ᠤ ᠰᠢᠰᠲ᠋ᠧᠮᠵᠢ ᠶᠢᠨ ᠪᠥᠲᠦᠭᠡᠨ ᠪᠠᠶᠢᠭᠤᠯᠤᠯᠲᠠ ᠶᠢ ᠠᠬᠢᠭᠤᠯᠵᠤ᠂ ᠨᠡᠶᠢᠭᠡᠮ ᠲᠣᠭᠤᠷᠢᠭ ᠤᠨ ᠨᠠᠰᠤᠲᠠᠨ ᠢ ᠠᠰᠠᠷᠠᠬᠤ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠵᠢᠱᠢᠶ᠎ᠡ ᠦᠵᠡᠭᠦᠯᠬᠦ ᠴᠢᠨᠠᠷᠲᠠᠢ ᠨᠠᠰᠤᠲᠠᠶᠢᠴᠤᠳ ᠤᠨ ᠣᠷᠤᠨ ᠰᠠᠭᠤᠴᠠ ᠶᠢ ᠠᠰᠢᠭᠯᠠᠯᠲᠠ ᠳᠤ ᠣᠷᠤᠭᠤᠯᠵᠤ᠂ ᠨᠠᠰᠤᠲᠠᠶᠢᠴᠤᠳ ᠰᠠᠭᠤᠵᠤ ᠪᠠᠶᠢᠭ᠎ᠠ ᠬᠠᠷᠢᠴᠠᠯ ᠢᠶᠠᠷ ᠥᠨᠳᠦᠷ ᠰᠠᠭᠤᠭᠠᠯᠢ ᠠᠷᠠᠳ ᠤᠨ ᠠᠰᠠᠷ ᠲᠤ 40 ᠴᠠᠬᠢᠯᠭᠠᠨ ᠱᠠᠲᠤ ᠤᠭᠰᠠᠷᠠᠨ᠎ᠠ᠃      ᠬᠡᠷᠡᠭᠯᠡᠭᠡᠨ ᠤ ᠱᠠᠭᠠᠷᠳᠠᠯᠭ᠎ᠠ ᠶᠢᠨ ᠰᠢᠨ᠎ᠡ ᠬᠤᠪᠢᠷᠠᠯᠲᠠ ᠳᠤ ᠵᠣᠬᠢᠴᠠᠭᠤᠯᠤᠨ᠂ ᠬᠡᠷᠡᠭᠯᠡᠭᠡᠨ ᠤ ᠠᠵᠤ ᠦᠢᠯᠡᠰ ᠤᠨ ᠬᠤᠷᠳᠤᠴᠠ ᠪᠠᠨ ᠨᠡᠮᠡᠵᠤ ᠳᠡᠰ ᠲᠡᠪᠰᠢᠬᠦ ᠶᠢ ᠲᠥᠷᠭᠡᠳᠬᠡᠨ᠎ᠡ᠃ ᠰᠢᠣᠢ ᠾᠦᠢ ᠪᠥᠯᠦᠭᠯᠡᠯ ᠤᠨ《 ᠭᠡᠷ ᠭᠠᠵᠠᠷ ᠬᠥᠷᠦᠩᠭᠡ ᠶᠢᠨ ᠦᠢᠯᠡᠰ+ ᠬᠡᠳᠦ ᠪᠣᠳᠤᠯᠲᠠ》ᠲᠥᠷᠦᠯ ᠵᠦᠢᠯ ᠤᠨ ᠨᠠᠶᠢᠳᠠᠪᠤᠷᠢᠵᠢᠬᠤ ᠶᠢ ᠠᠬᠢᠭᠤᠯᠵᠤ᠂  ᠰᠢᠨᠬᠤᠸᠠ ᠲᠠᠯᠠᠪᠠᠢ ᠶᠢᠨ ᠬᠤᠳᠠᠯᠳᠤᠭᠠᠨ ᠤ ᠲᠣᠭᠤᠷᠢᠭ ᠢ ᠶᠡᠷᠦᠩᠬᠡᠶᠢᠯᠡᠨ ᠥᠭᠡᠷᠡᠴᠢᠯᠡᠨ ᠰᠠᠶᠢᠵᠢᠷᠠᠭᠤᠯᠬᠤ ᠪᠠ ᠵᠧᠨ ᠬᠤᠸᠠ ᠬᠤᠳᠠᠯᠳᠤᠭᠠᠨ ᠤ ᠲᠥᠪ ᠤᠨ ᠲᠥᠷᠦᠯ ᠵᠦᠢᠯ ᠤᠨ ᠪᠥᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠷᠦᠩ ᠾᠧᠩ ᠲᠠᠯᠠᠪᠠᠢ᠂ ᠡᠦ ᠶᠤᠸᠢ ᠲᠠᠯᠠᠪᠠᠢ᠂ ᠰᠢᠨ ᠲᠢᠶᠠᠨ ᠳ᠋ᠢ ᠲᠠᠯᠠᠪᠠᠢ ᠵᠡᠷᠭᠡ ᠬᠤᠳᠠᠯᠳᠤᠭᠠᠨ ᠤ ᠶᠡᠷᠦᠩᠬᠡᠶᠢᠯᠡᠭᠰᠡᠨ ᠪᠥᠲᠦᠭᠡᠨ ᠪᠠᠶᠢᠭᠤᠯᠤᠯᠲᠠ ᠶᠢ ᠨᠢᠭᠡᠳᠦᠯᠲᠠᠢ ᠲᠥᠯᠦᠪᠯᠡᠨ ᠬᠡᠷᠡᠭᠵᠢᠭᠦᠯᠵᠦ᠂ ᠭᠡᠷ ᠭᠠᠵᠠᠷ ᠬᠥᠷᠦᠩᠭᠡ᠂ ᠠᠷᠠᠯᠵᠢᠶ᠎ᠠ ᠬᠤᠳᠠᠯᠳᠤᠭ᠎ᠠ᠂ ᠬᠤᠭᠤᠯᠨ ᠤᠮᠳᠠᠭᠠᠨ ᠵᠡᠷᠭᠡ ᠡᠵᠡᠩᠨᠡᠯᠲᠡ ᠶᠢᠨ ᠬᠡᠯᠪᠡᠷᠢ ᠶᠢᠨ ᠬᠥᠭᠵᠢᠯᠲᠡ ᠶᠢᠨ ᠬᠢᠷᠢ ᠲᠥᠪᠰᠢᠨ ᠢ ᠳᠡᠭᠡᠭᠰᠢᠯᠡᠭᠦᠯᠦᠨ᠎ᠡ᠃      ︵ᠲᠠᠪᠤ︶ ᠬᠤᠲᠠ ᠶᠢᠨ ᠴᠢᠳᠠᠮᠵᠢ ᠶᠢᠨ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃      ᠰᠠᠭᠤᠷᠢ ᠪᠡᠯᠡᠳᠬᠡᠮᠵᠢ ᠶᠢᠨ ᠬᠤᠷᠳᠤᠴᠠ ᠪᠠᠨ ᠨᠡᠮᠡᠵᠤ ᠳᠡᠰ ᠳᠡᠪᠰᠢᠬᠦ ᠶᠢ ᠠᠬᠢᠭᠤᠯᠤᠨ᠎ᠠ᠃ ᠬᠤᠲᠠ ᠶᠢᠨ ᠵᠠᠮ ᠲᠣᠣᠷ ᠤᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠪᠠᠶᠠᠨ ᠵᠠᠮ᠂ ᠶᠢᠨ ᠬᠠᠢ ᠵᠠᠮ᠂  ᠵᠢᠷᠢᠮ ᠵᠠᠮ ᠢ ᠥᠭᠡᠷᠡᠴᠢᠯᠡᠨ ᠰᠠᠶᠢᠵᠢᠷᠠᠭᠤᠯᠬᠤ ᠢᠨᠵᠧᠨᠧᠷᠢᠩ ᠪᠠ ᠭᠤᠷᠪᠠᠳᠤᠭᠠᠷ ᠲᠣᠭᠤᠷᠢᠭᠤᠯ ᠵᠠᠮ᠂  ᠶᠦᠨ ᠵᠦᠩ ᠵᠠᠮ ᠤᠨ ᠡᠮᠦᠨ᠎ᠡ ᠱᠣᠭᠤᠮ ᠵᠡᠷᠭᠡ ᠲᠥᠷᠦᠯ ᠵᠦᠢᠯ ᠤᠨ ᠪᠥᠲᠦᠭᠡᠨ ᠪᠠᠶᠢᠭᠤᠯᠤᠯᠲᠠ ᠶᠢ ᠲᠥᠷᠭᠡᠳᠬᠡᠵᠤ᠂ ᠵᠢᠯ ᠤᠨ ᠡᠴᠦᠰ ᠪᠣᠯᠬᠤ ᠳᠤ ᠪᠥᠬᠦᠨ ᠢ ᠪᠠᠷᠢᠵᠤ ᠳᠠᠭᠤᠰᠬᠠᠭᠠᠳ ᠲᠡᠷᠭᠡ ᠨᠡᠪᠲᠡᠷᠡᠭᠰᠡᠨ ᠪᠠᠶᠢᠬᠤ ᠶᠢ ᠪᠠᠲᠤᠯᠠᠨ᠎ᠠ᠃ ᠬᠢᠩᠭᠠᠨ ᠡᠮᠦᠨ᠎ᠡ ᠵᠠᠮ᠂ ᠸᠠᠨ ᠲᠦᠩ ᠵᠠᠮ ᠵᠡᠷᠭᠡ14 ᠵᠦᠢᠯ ᠤᠨ ᠬᠤᠲᠠ ᠶᠢᠨ ᠶᠠᠪᠤᠳᠠᠯ ᠤᠨ ᠵᠠᠮ ᠱᠣᠭᠤᠮ ᠤᠨ ᠢᠨᠵᠧᠨᠧᠷᠢᠩ ᠪᠠ3  ᠵᠦᠢᠯ ᠤᠨ ᠬᠥᠭᠦᠷᠭᠡ ᠶᠢᠨ ᠢᠨᠵᠧᠨᠧᠷᠢᠩ ᠢ ᠬᠡᠷᠡᠭᠵᠢᠭᠦᠯᠵᠦ᠂ ᠶᠠᠪᠠᠭᠠᠨ ᠬᠥᠮᠦᠨ ᠵᠡᠭᠡᠯᠢ ᠭᠡᠲᠦᠯᠬᠦ ᠬᠥᠭᠦᠷᠭᠡ ᠶᠢ10 ᠰᠠᠭᠤᠷᠢ ᠰᠢᠨ᠎ᠡ ᠪᠠᠷ ᠪᠠᠶᠢᠭᠤᠯᠤᠨ᠎ᠠ᠃ ᠬᠤᠲᠠ ᠶᠢᠨ ᠲᠣᠭᠤᠷᠢᠭ ᠤᠨ ᠪᠠᠷᠠᠭᠤᠨ ᠬᠡᠰᠡᠭ ᠤᠨ ᠦᠨᠳᠦᠷ ᠬᠤᠷᠳᠤᠴᠠᠲᠤ  ᠲᠡᠮᠦᠷ ᠵᠠᠮ ᠤᠨ ᠥᠷᠲᠡᠭᠡ ᠶᠢ ᠲᠥᠯᠦᠪᠵᠢᠭᠦᠯᠦᠨ ᠪᠠᠶᠢᠭᠤᠯᠵᠤ᠂ ᠪᠡᠭᠡᠵᠢᠩ ᠬᠦᠬᠡᠬᠤᠲᠠ ᠶᠢᠨ ᠬᠤᠭᠤᠷᠤᠨᠳᠤᠬᠢ ᠦᠨᠳᠦᠷ ᠬᠤᠷᠳᠤᠴᠠᠲᠤ ᠲᠡᠮᠦᠷ ᠵᠠᠮ ᠤᠨ ᠵᠢᠯ ᠤᠨ ᠳᠣᠲᠤᠷ᠎ᠠ ᠲᠡᠷᠭᠡ ᠨᠡᠪᠲᠡᠷᠡᠵᠤ᠂ ᠮᠧᠲᠷᠤ᠋ ᠨᠢᠭᠡᠳᠦᠭᠡᠷ ᠱᠣᠭᠤᠮ ᠤᠨ ᠨᠢᠭᠡᠳᠦᠭᠡᠷ ᠬᠤᠭᠤᠴᠠᠭ᠎ᠠ ᠶᠢ ᠲᠤᠷᠰᠢᠨ ᠠᠵᠢᠯᠯᠠᠭᠤᠯᠵᠤ᠂ ᠬᠤᠶᠠᠳᠤᠭᠠᠷ ᠱᠣᠭᠤᠮ ᠤᠨ ᠨᠢᠭᠡᠳᠦᠭᠡᠷ ᠬᠤᠭᠤᠴᠠᠭ᠎ᠠ ᠶᠢᠨ ᠪᠥᠬᠦ ᠱᠣᠭᠤᠮ ᠤᠨ ᠨᠥᠬᠡᠨ ᠵᠠᠮ᠂ ᠵᠢᠮᠲᠤ ᠵᠠᠮ᠂ ᠴᠠᠬᠢᠯᠭᠠᠨ ᠤ ᠨᠡᠪᠲᠡᠷᠡᠬᠦ ᠶᠢ ᠲᠦᠯᠬᠢᠨ ᠠᠬᠢᠭᠤᠯᠤᠨ᠎ᠠ᠃ ᠬᠤᠲᠠ ᠶᠢᠨ ᠬᠤᠭᠤᠯᠠᠢ ᠲᠣᠣᠷ ᠤᠨ ᠰᠢᠰᠲ᠋ᠧᠮᠵᠢ ᠶᠢ ᠪᠦᠷᠢᠨᠰᠢᠭᠦᠯᠵᠤ᠂ ᠬᠤᠭᠤᠯᠠᠢ ᠲᠣᠣᠷ ᠤᠨ ᠪᠡᠯᠡᠳᠬᠡᠮᠵᠢ ᠶᠢᠨ ᠬᠠᠷᠢᠯᠴᠠᠨ ᠬᠤᠯᠪᠤᠯᠳᠤᠵᠤ ᠬᠠᠷᠢᠯᠴᠠᠨ ᠨᠡᠪᠲᠡᠷᠡᠬᠦ ᠶᠢ ᠠᠬᠢᠭᠤᠯᠵᠤ᠂ ᠤᠰᠤ ᠬᠠᠩᠭᠠᠵᠤ ᠤᠰᠤ ᠭᠠᠳᠠᠭᠰᠢᠯᠠᠭᠤᠯᠬᠤ ᠬᠤᠭᠤᠯᠠᠢ ᠲᠣᠣᠷ ᠢ 40 ᠺᠢᠯᠤᠮᠧᠲᠷ ᠳᠡᠪᠢᠰᠴᠤ᠂40 ᠺᠢᠯᠤᠮᠧᠲᠷ ᠤᠨ ᠰᠢᠲᠠᠮᠠᠬᠠᠢ ᠬᠡᠢ ᠶᠢᠨ ᠬᠤᠭᠤᠯᠠᠢ ᠲᠣᠣᠷ᠂200 ᠺᠢᠯᠤᠮᠧᠲᠷ ᠢᠯᠴᠢ ᠬᠠᠩᠭᠠᠬᠤ ᠬᠤᠭᠤᠯᠠᠢ ᠲᠣᠣᠷ ᠢ ᠰᠢᠨ᠎ᠡ ᠪᠠᠷ ᠥᠭᠡᠷᠡᠴᠢᠯᠡᠨ ᠵᠠᠰᠠᠨ᠎ᠠ᠃ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠤᠰᠤ ᠬᠠᠩᠭᠠᠵᠤ ᠤᠰᠤ ᠭᠠᠳᠠᠭᠰᠢᠯᠠᠭᠤᠯᠬᠤ ᠬᠤᠭᠤᠯᠠᠢ ᠲᠣᠣᠷ ᠵᠢᠴᠢ ᠬᠤᠶᠠᠷ ᠤᠳᠠᠭ᠎ᠠ ᠳᠠᠷᠤᠯᠲᠠᠲᠤ ᠪᠡᠯᠡᠳᠬᠡᠮᠵᠢ ᠶᠢ ᠰᠡᠯᠪᠢᠨ ᠵᠠᠰᠠᠵᠤ ᠥᠭᠡᠷᠡᠴᠢᠯᠡᠬᠦ ᠶᠢ ᠦᠷᠬᠦᠯᠵᠢᠯᠡᠨ ᠥᠷᠨᠢᠭᠦᠯᠦᠨ᠎ᠡ᠃      ᠬᠤᠲᠠ ᠶᠢᠨ ᠲᠣᠭᠤᠷᠢᠭ ᠤᠨ ᠪᠠᠷᠠᠭᠤᠨ ᠬᠡᠰᠡᠭ ᠢ ᠨᠢᠭᠡ ᠴᠣᠭᠴᠠᠲᠣ ᠦᠨᠳᠦᠷ ᠴᠢᠨᠰᠠᠭ᠎ᠠ ᠲᠠᠢ ᠬᠦᠭᠵᠢᠭᠦᠯᠬᠦ ᠶᠢ ᠯᠠᠪᠳᠠᠭᠤᠨ ᠪᠠᠳᠣᠲᠠᠢ ᠠᠬᠢᠭᠤᠯᠣᠨ᠎ᠠ᠃ ᠡᠮᠦᠨᠡᠬᠢ ᠬᠤᠭᠤᠴᠠᠭᠠᠨ ᠳᠤ ᠨᠢᠭᠡ ᠪᠦᠯᠦᠭ ᠠᠵᠣ ᠦᠢᠯᠡᠰ᠂ ᠠᠮᠢ ᠠᠬᠤᠢ᠂ ᠰᠠᠭᠤᠷᠢ ᠪᠡᠯᠡᠳᠬᠡᠮᠵᠢ ᠶᠢᠨ ᠲᠦᠷᠥᠯ ᠵᠦᠢᠯ ᠢ ᠡᠬᠢᠯᠡᠭᠦᠯᠵᠦ᠂ ᠬᠤᠲᠠ ᠶᠢᠨ ᠵᠠᠰᠠᠭ ᠤᠨ ᠶᠠᠪᠣᠳᠠᠯ ᠤᠨ ᠵᠠᠮ ᠤᠨ ᠲᠣᠣᠷ᠂ ᠭᠠᠵᠠᠷ ᠳᠣᠣᠷᠠᠬᠢ ᠬᠤᠭᠤᠯᠠᠢ ᠲᠣᠣᠷ᠂ ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ ᠢ ᠪᠠᠶᠢᠭᠤᠯᠣᠨ ᠪᠦᠷᠢᠨᠰᠢᠭᠦᠯᠦᠨ᠎ᠡ᠃ ︽ᠵᠢᠷᠭᠤᠭᠠᠨ ᠣᠷᠳᠣᠨ ᠨᠢᠭᠡ ᠬᠦᠷᠢᠶᠡᠯᠡᠩ︾ ᠤᠨ ᠶᠡᠷᠦᠩᠬᠡᠢ ᠴᠣᠭᠴᠠ ᠶᠢᠨ ᠲᠦᠷᠥᠯ ᠵᠦᠢᠯ ᠢ ᠬᠡᠷᠡᠭᠵᠢᠭᠦᠯᠦᠨ᠎ᠡ᠃ ᠢᠯᠢ ᠪᠦᠯᠦᠭᠯᠡᠯ ᠤᠨ ᠲᠡᠷᠢᠭᠦᠨ ᠵᠡᠷᠭᠡ ᠶᠢᠨ ᠡᠷᠡᠭᠦᠯ ᠢᠳᠡᠭᠡᠨ ᠤ ᠠᠵᠣ ᠦᠢᠯᠡᠰ ᠤᠨ ᠬᠦᠷᠢᠶᠡᠯᠡᠩ ᠲᠣᠭᠤᠷᠢᠭ ᠢ ᠪᠦᠲᠦᠭᠡᠨ ᠪᠠᠶᠢᠭᠤᠯᠬᠤ ᠶᠢ ᠳᠡᠮᠵᠢᠨ᠎ᠡ᠃ ᠬᠦᠬᠡᠬᠤᠲᠠ ᠶᠢᠨ ᠤᠯᠠᠨ ᠣᠯᠣᠰ ᠤᠨ ᠣᠶᠣᠨᠲᠣ ᠲᠠᠷᠢᠶᠠᠯᠠᠩ ᠮᠠᠯ ᠠᠵᠣ ᠠᠬᠤᠢ ᠶᠢᠨ ᠦᠢᠯᠡᠰ ᠤᠨ ᠦᠵᠡᠰᠭᠦᠯᠡᠩ ᠤᠨ ᠲᠥᠪ ᠤᠨ ᠪᠦᠲᠦᠭᠡᠨ ᠪᠠᠶᠢᠭᠤᠯᠣᠯᠲᠠ ᠶᠢ ᠲᠦᠷᠭᠡᠳᠬᠡᠵᠦ᠂ ᠨᠢᠭᠡᠳᠦᠭᠡᠷ ᠬᠤᠭᠤᠴᠠᠭᠠᠨ ᠤ 926 ᠮᠦ ᠭᠤᠣᠯᠯᠠᠭᠴᠢ ᠲᠣᠭᠤᠷᠢᠭ ᠤᠨ ᠲᠦᠷᠥᠯ ᠵᠦᠢᠯ ᠢ ᠠᠰᠢᠭᠯᠠᠯᠲᠠ ᠳᠤ ᠣᠷᠣᠭᠤᠯᠣᠨ᠎ᠠ᠃ ᠣᠷᠴᠢᠨ ᠲᠣᠭᠤᠷᠢᠨ ᠤ ᠶᠡᠷᠦᠩᠬᠡᠢ ᠵᠠᠰᠠᠨ ᠴᠡᠭᠴᠡᠯᠡᠯᠲᠡ ᠶᠢᠨ 50 ᠲᠣᠰᠬᠠᠢ ᠠᠵᠢᠯᠯᠠᠭ᠎ᠠ ᠶᠢ ᠬᠡᠷᠡᠭᠵᠢᠭᠦᠯᠵᠦ᠂ ︽ᠭᠤᠷᠪᠠᠨ ᠭᠤᠤ ᠭᠤᠷᠪᠠᠨ ᠭᠤᠣᠯ︾ ᠠᠮᠢ ᠠᠬᠤᠢ ᠶᠢ ᠰᠡᠷᠭᠦᠭᠡᠬᠦ ᠪᠠ ᠴᠡᠭᠴᠡᠯᠡᠨ ᠰᠠᠶᠢᠵᠢᠷᠠᠭᠤᠯᠬᠤ ᠢᠨᠵᠧᠨᠧᠷᠢᠩ ᠢ ᠡᠬᠢᠯᠡᠭᠦᠯᠵᠦ᠂ ᠵᠠᠭᠤᠨ ᠮᠦ ᠶᠢᠨ ᠨᠣᠭᠤᠭᠠᠷᠠᠭᠤᠯᠣᠯᠲᠠ ᠶᠢᠨ ᠭᠠᠵᠠᠷ 10 ᠶᠢ ᠲᠦᠯᠦᠪᠵᠢᠭᠦᠯᠦᠨ ᠪᠠᠶᠢᠭᠤᠯᠵᠣ᠂ ᠶᠢᠨ ᠬᠠᠢ ᠵᠠᠮ ᠤᠨ ᠪᠠᠷᠠᠭᠤᠨᠲᠠᠬᠢ ᠦᠷᠭᠦᠯᠵᠢᠯᠡᠯ ᠤᠨ ᠱᠤᠭᠤᠮ ᠤᠨ ᠠᠮᠢ ᠠᠬᠤᠢ ᠶᠢᠨ ᠬᠤᠩᠬᠢᠯ ᠢ ᠪᠠᠶᠢᠭᠤᠯᠵᠣ᠂ ᠬᠤᠲᠠ ᠶᠢᠨ ᠲᠣᠭᠤᠷᠢᠭ ᠤᠨ ᠪᠠᠷᠠᠭᠤᠨ ᠬᠡᠰᠡᠭ ᠤᠨ ᠤᠰᠤ ᠨᠣᠭᠤᠭᠠᠷᠠᠭᠤᠯᠣᠯᠲᠠ ᠬᠠᠮᠲᠣᠷᠠᠨ ᠠᠭᠤᠰᠣᠯᠴᠠᠬᠤ ᠠᠮᠢ ᠠᠬᠤᠢ ᠶᠢᠨ ᠪᠠᠶᠢᠳᠠᠯ ᠢ ᠪᠦᠲᠦᠭᠡᠨ ᠪᠠᠶᠢᠭᠤᠯᠣᠨ᠎ᠠ᠃ ᠰᠣᠷᠭᠠᠭᠤᠯᠢ᠂ ᠬᠡᠥᠬᠡᠳ ᠤᠨ ᠴᠡᠴᠡᠷᠯᠢᠭ 23 ᠶᠢ᠂ ᠭᠤᠷᠪᠠᠳᠣᠭᠠᠷ ᠳᠡᠰ ᠤᠨ ᠡᠮᠨᠡᠯᠭᠡ 1 ᠶᠢ ᠪᠣᠯᠣᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ 3 ᠶᠢ ᠰᠢᠨ᠎ᠡ ᠪᠠᠷ ᠪᠠᠶᠢᠭᠤᠯᠵᠣ᠂ ᠬᠤᠲᠠ ᠶᠢᠨ ᠲᠣᠭᠤᠷᠢᠭ ᠤᠨ ᠪᠠᠷᠠᠭᠤᠨ ᠬᠡᠰᠡᠭ ᠤᠨ ᠨᠡᠶᠢᠭᠡᠮ ᠤᠨ ᠠᠵᠢᠯ ᠦᠢᠯᠡᠰ ᠤᠨ ᠳᠣᠲᠠᠭᠤᠳᠠᠯ ᠢᠶᠠᠨ ᠨᠦᠬᠦᠪᠦᠷᠢᠯᠡᠨ᠎ᠡ᠃       ︽ᠭᠤᠷᠪᠠᠨ ᠬᠤᠲᠠ ᠶᠢ ᠵᠡᠷᠭᠡᠪᠡᠷ ᠡᠭᠦᠳᠦᠨ ᠪᠠᠶᠢᠭᠤᠯᠬᠤ︾ ᠶᠢ ᠲᠦᠯᠬᠢᠨ ᠠᠬᠢᠭᠤᠯᠬᠤ ᠡᠷᠴᠢᠮ ᠢᠶᠠᠨ ᠴᠢᠩᠭᠠᠷᠠᠭᠤᠯᠣᠨ᠎ᠠ᠃ ᠪᠦᠬᠦ ᠣᠯᠣᠰ ᠤᠨ ᠪᠣᠯᠪᠠᠰᠣᠨ ᠬᠤᠲᠠ ᠶᠢ ᠡᠭᠦᠳᠦᠨ ᠪᠠᠶᠢᠭᠤᠯᠬᠤ ᠪᠠᠷ ᠲᠣᠬᠢᠶᠠᠯ ᠪᠣᠯᠭᠠᠵᠣ᠂ ᠨᠡᠶᠢᠭᠡᠮ ᠵᠢᠷᠣᠮ ᠤᠨ ᠭᠤᠣᠯᠯᠠᠬᠤ ᠦᠷᠲᠡᠭ ᠤᠨ ᠦᠵᠡᠯᠲᠡ ᠶᠢᠨ ᠤᠬᠠᠭᠤᠯᠭ᠎ᠠ ᠬᠦᠮᠦᠵᠢᠯ ᠢ ᠴᠢᠩᠭᠠᠳᠬᠠᠵᠣ᠂ ᠬᠤᠲᠠ ᠶᠢᠨ ᠠᠷᠠᠳ ᠤᠨ ᠤᠬᠠᠮᠰᠠᠷ ᠢ ᠪᠣᠢ ᠪᠣᠯᠭᠠᠬᠤ ᠶᠢ ᠬᠦᠴᠦᠯᠡᠨ ᠴᠢᠩᠭᠠᠷᠠᠭᠤᠯᠵᠣ᠂ ᠬᠦᠮᠦᠨ ᠪᠦᠬᠦᠨ ᠬᠤᠲᠠ ᠶᠢᠨ ᠪᠦᠲᠦᠭᠡᠨ ᠪᠠᠶᠢᠭᠤᠯᠣᠯᠲᠠ ᠳᠤ ᠣᠷᠣᠯᠴᠠᠭᠰᠠᠨ ᠭᠦᠨ ᠵᠣᠵᠠᠭᠠᠨ ᠠᠭᠤᠷ ᠠᠮᠢᠰᠬᠤᠯ ᠢ ᠪᠣᠢ ᠪᠣᠯᠭᠠᠨ᠎ᠠ᠃ ᠣᠯᠣᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠶᠢ ᠭᠦᠨᠵᠡᠭᠡᠢ ᠲᠦᠯᠬᠢᠨ ᠠᠬᠢᠭᠤᠯᠵᠣ᠂ ᠬᠤᠲᠠ ᠶᠢᠨ ᠣᠷᠴᠢᠨ ᠲᠣᠭᠤᠷᠢᠨ ᠤ ᠶᠡᠷᠦᠩᠬᠡᠢ ᠴᠡᠭᠴᠡᠯᠡᠨ ᠰᠠᠶᠢᠵᠢᠷᠠᠭᠤᠯᠬᠤ ᠠᠵᠢᠯᠯᠠᠭ᠎ᠠ ᠶᠢ ᠯᠠᠪᠳᠠᠭᠤᠨ ᠪᠠᠳᠣᠲᠠᠢ ᠥᠷᠨᠢᠭᠦᠯᠵᠦ᠂ ᠤᠯᠠᠨ ᠲᠥᠮᠡᠨ ᠤ ᠡᠷᠡᠭᠦᠯ ᠮᠡᠨᠳᠦ ᠪᠣᠯᠣᠨ ᠬᠤᠲᠠ ᠶᠢᠨ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ ᠨᠦᠯᠦᠭᠡᠯᠡᠵᠦ ᠪᠠᠶᠢᠭ᠎ᠠ ᠳᠣᠪᠣᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠣᠯᠣᠰ ᠤᠨ ᠢᠳᠡᠭᠡᠨ ᠤ ᠵᠦᠢᠯ ᠤᠨ ᠠᠶᠣᠯ ᠦᠭᠡᠢ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠶᠢ ᠲᠦᠯᠬᠢᠨ ᠠᠬᠢᠭᠤᠯᠵᠣ᠂ ᠢᠳᠡᠭᠡᠨ ᠤ ᠵᠦᠢᠯ ᠤᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠣᠯᠲᠠ ᠶᠢ ᠲᠦᠷᠭᠡᠳᠬᠡᠵᠦ᠂ ᠰᠦᠯᠵᠢᠶᠡᠨ ᠳᠡᠭᠡᠷᠡᠬᠢ ᠢᠳᠡᠭᠡᠨ ᠤᠮᠳᠠᠭᠠᠨ ᠤ ᠦᠢᠯᠡᠴᠢᠯᠡᠭᠡ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷ᠎ᠠ ᠳᠠᠬᠢ ᠬᠢᠨᠠᠯᠲᠠ ᠬᠠᠮᠢᠶᠠᠷᠣᠯᠲᠠ ᠶᠢ ᠴᠢᠩᠭᠠᠳᠬᠠᠵᠣ᠂ ᠣᠯᠠᠨ ᠲᠦᠮᠡᠨ ᠤ ᠢᠳᠡᠭᠡᠨ ᠤ ᠠᠶᠣᠯ ᠦᠭᠡᠢ ᠶᠢ ᠪᠠᠲᠣᠯᠠᠨ᠎ᠠ᠃     ᠬᠤᠲᠠ ᠶᠢᠨ ᠨᠠᠷᠢᠯᠢᠭᠵᠢᠭᠤᠯᠣᠭᠰᠠᠨ ᠬᠠᠮᠢᠶᠠᠷᠣᠯᠲᠠ ᠶᠢᠨ ᠭᠤᠷᠪᠠᠨ ᠵᠢᠯ ᠤᠨ ᠠᠵᠢᠯᠯᠠᠭᠠᠨ ᠤ ᠲᠦᠯᠦᠪᠯᠡᠭᠡ ᠶᠢ ᠭᠦᠨᠵᠡᠭᠡᠢ ᠥᠷᠨᠢᠭᠦᠯᠦᠨ᠎ᠡ᠃ ᠬᠤᠲᠠ ᠶᠢᠨ ᠲᠦᠯᠦᠪᠵᠢᠭᠦᠯᠭᠡ᠂ ᠪᠦᠲᠦᠭᠡᠨ ᠪᠠᠶᠢᠭᠤᠯᠣᠯᠲᠠ᠂ ᠬᠠᠮᠢᠶᠠᠷᠣᠯᠲᠠ ᠶᠢᠨ ᠪᠠᠷᠢᠮᠵᠢᠶ᠎ᠠ ᠶᠢᠨ ᠰᠢᠰᠲ᠋ᠧᠮᠵᠢ ᠶᠢ ᠲᠦᠷᠭᠡᠳᠬᠡᠨ ᠪᠦᠷᠢᠨᠰᠢᠭᠦᠯᠵᠦ᠂ ᠴᠢᠩᠭ᠎ᠠ ᠬᠠᠮᠢᠶᠠᠷᠣᠯᠲᠠ ᠶᠢ ᠲᠦᠯᠦᠪᠵᠢᠭᠦᠯᠬᠦ ᠪᠠᠨ ᠴᠢᠩᠭᠠᠳᠬᠠᠵᠣ᠂ ᠴᠢᠩᠭ᠎ᠠ ᠪᠠᠷᠢᠮᠵᠢᠶ᠎ᠠ ᠪᠠᠷ ᠬᠤᠲᠠ ᠶᠢᠨ ᠬᠦᠭᠵᠢᠯᠲᠡ ᠶᠢ ᠬᠦᠲᠦᠯᠦᠨ ᠵᠢᠯᠣᠭᠤᠳᠣᠨ᠎ᠠ᠃ ᠵᠠᠮ ᠤᠨ ᠲᠡᠮᠳᠡᠭ ᠢᠯᠡᠷᠬᠡᠶᠢᠯᠡᠯ ᠢ ᠳᠦᠷᠢᠮᠵᠢᠭᠦᠯᠬᠦ᠂ ᠬᠤᠲᠠ ᠶᠢᠨ ᠱᠤᠭᠤᠮᠠᠯ᠂ ᠲᠡᠷᠭᠡᠨ ᠤ ᠴᠠᠬᠢᠯᠭᠠᠨ ᠴᠡᠨᠡᠭᠯᠡᠬᠦ ᠱᠤᠩ ᠵᠡᠷᠭᠡ ᠲᠦᠷᠥᠯ ᠵᠦᠢᠯ ᠢ ᠬᠡᠷᠡᠭᠵᠢᠭᠦᠯᠦᠨ᠎ᠡ᠃ ︽ᠡᠭᠦᠳᠡᠨ ᠡᠮᠦᠨᠡᠬᠢ ᠭᠤᠷᠪᠠᠨ ᠳᠠᠭᠠᠭᠠᠴᠢᠯᠠᠯᠲᠠ︾ ᠶᠢ ᠳᠠᠩᠰᠠᠯᠠᠬᠤ ᠢᠲᠡᠭᠡᠮᠵᠢ ᠶᠢᠨ ᠳᠦᠷᠢᠮ ᠢ ᠪᠠᠶᠢᠭᠤᠯᠵᠣ᠂ ᠬᠤᠲᠠ ᠶᠢᠨ ᠳᠦᠷᠢ ᠳᠥᠷᠬᠦ ᠶᠢᠨ ᠳᠦᠷᠢᠮᠵᠢᠭᠦᠯᠦᠭᠰᠡᠨ ᠬᠠᠮᠢᠶᠠᠷᠣᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠠᠮᠢᠳᠣᠷᠠᠯ ᠤᠨ ᠬᠠᠶᠠᠭᠳᠠᠮᠠᠯ ᠪᠣᠳᠠᠰ᠂ ᠲᠣᠭᠤᠭᠠᠨ ᠭᠡᠷ ᠤᠨ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠶᠢ ᠴᠢᠩᠭᠠᠳᠬᠠᠵᠣ᠂ ᠬᠠᠶᠠᠭᠳᠠᠮᠠᠯ ᠪᠣᠳᠠᠰ ᠢ ᠬᠤᠷᠢᠶᠠᠨ ᠠᠪᠴᠣ ᠠᠰᠢᠭᠯᠠᠬᠤ ᠨᠤᠷᠮ᠎ᠠ ᠶᠢ 20% ᠳᠤ ᠬᠦᠷᠭᠡᠨ᠎ᠡ᠃ ᠪᠡᠯᠡᠳᠬᠡᠯ ᠠᠳᠠᠯ ᠠᠬᠤᠢ ᠶᠢᠨ ᠬᠠᠮᠢᠶᠠᠷᠣᠯᠲᠠ ᠶᠢ ᠥᠷᠭᠡᠳᠬᠡᠵᠦ ᠂ ᠠᠳᠠᠯ ᠠᠬᠤᠢ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︽ᠵᠣᠷᠯᠣᠩ ᠤᠨ ᠬᠤᠪᠢᠰᠤᠯᠲᠠ︾ ᠶᠢᠨ ᠦᠷ᠎ᠡ ᠪᠦᠲᠦᠮᠵᠢ ᠶᠢ ᠪᠠᠲᠣᠵᠢᠭᠤᠯᠵᠣ᠂ᠣᠰᠣᠨ ᠲᠠᠲᠠᠭᠤᠷᠲᠣ ᠨᠡᠶᠢᠲᠡ ᠶᠢᠨ ᠵᠣᠷᠯᠣᠩ 200 ᠶᠢ ᠰᠢᠨ᠎ᠡ ᠪᠠᠷ ᠪᠠᠶᠢᠭᠤᠯᠣᠨ᠎ᠠ᠃ ᠬᠤᠲᠠ ᠲᠣᠭᠤᠷᠢᠭ ᠤᠨ ᠵᠠᠮ ᠡᠵᠡᠯᠡᠭᠰᠡᠨ ᠴᠠᠬᠢᠯᠭᠠᠨ ᠱᠣᠩ ᠢ ᠰᠢᠯᠵᠢᠭᠦᠯᠬᠦ ᠠᠵᠢᠯ ᠢ ᠪᠦᠬᠦ ᠲᠠᠯ᠎ᠠ ᠪᠠᠷ ᠳᠠᠭᠤᠰᠬᠠᠵᠣ᠂ ᠲᠣᠷᠰᠢᠯᠲᠠ ᠶᠢᠨ ᠴᠡᠭ ᠢᠶᠠᠷ ︽ᠤᠯᠠᠨ ᠱᠤᠩ ᠢ ᠨᠡᠶᠢᠯᠡᠭᠦᠯᠬᠦ︾ ᠶᠢ ᠳᠡᠯᠭᠡᠷᠡᠭᠦᠯᠦᠨ᠂ ᠵᠠᠮ ᠤᠨ ᠪᠢᠴᠢᠯ ᠣᠷᠴᠢᠯ ᠢ ᠰᠢᠯᠣᠭᠤᠨ ᠪᠠᠶᠢᠯᠭᠠᠨ᠎ᠠ᠃ ᠣᠶᠣᠨᠲᠣ ᠵᠠᠮ ᠬᠠᠷᠢᠯᠴᠠᠭᠠᠨ ᠤ ᠵᠢᠯᠣᠭᠤᠳᠬᠤ ᠰᠢᠰᠲ᠋ᠧᠮ ᠢ ᠪᠦᠷᠢᠨᠰᠢᠭᠦᠯᠵᠦ᠂ ᠵᠠᠮ ᠬᠠᠷᠢᠯᠴᠠᠭᠠᠨ ᠤ ᠵᠢᠯᠣᠭᠤᠳᠬᠤ ᠲᠣᠮᠣ ᠳ᠋ᠠᠶᠢᠲ᠋ᠠ ᠶᠢᠨ ᠲᠠᠪᠴᠠᠩ ᠪᠣᠯᠣᠨ ᠬᠦᠩᠭᠡᠪᠲᠦᠷ ᠠᠳᠡᠯ ᠢ ᠰᠦᠯᠵᠢᠶᠡᠨ ᠳᠡᠭᠡᠷ᠎ᠡ ᠰᠢᠢᠳᠪᠦᠷᠢᠯᠡᠬᠦ ᠲᠠᠪᠴᠠᠩ ᠢ ᠪᠠᠶᠢᠭᠤᠯᠣᠨ᠎ᠠ᠃ ᠭᠠᠵᠠᠷ ᠳᠣᠣᠷᠠᠬᠢ ᠲᠡᠷᠭᠡ ᠵᠣᠭᠰᠣᠭᠠᠬᠤ ᠣᠷᠣᠨ ᠵᠠᠢ ᠶᠢᠨ ᠡᠬᠢ ᠪᠠᠶᠠᠯᠢᠭ ᠢ ᠠᠭᠤᠳᠠᠯᠣᠨ᠂ ᠲᠡᠷᠭᠡᠨ ᠵᠣᠭᠰᠣᠭᠠᠯ ᠤᠨ ᠲᠤᠭ᠎ᠠ ᠶᠢ ᠪᠦᠲᠦᠮᠵᠢᠲᠡᠢ ᠨᠡᠮᠡᠭᠳᠡᠭᠦᠯᠦᠨ᠎ᠡ᠃ ᠰᠢᠨ᠎ᠡ ᠡᠨᠧᠷᠭᠢ ᠶᠢᠨ ᠨᠡᠶᠢᠲᠡ ᠶᠢᠨ ᠮᠠᠰᠢᠨ ᠲᠡᠷᠭᠡ 500 ᠶᠢ ᠰᠢᠨ᠎ᠡ ᠪᠠᠷ ᠨᠡᠮᠡᠵᠦ᠂ ᠨᠡᠶᠢᠭᠡᠮ ᠲᠣᠭᠤᠷᠢᠭ ᠤᠨ ᠨᠡᠶᠢᠲᠡ ᠶᠢᠨ ᠮᠠᠰᠢᠨ ᠲᠡᠷᠭᠡ᠂ ᠰᠣᠷᠣᠭᠴᠢ ᠶᠢᠨ ᠲᠣᠰᠬᠠᠢ ᠮᠠᠰᠢᠨ ᠲᠡᠷᠭᠡ᠂ ᠵᠣᠷᠰᠢᠯᠲᠣ ᠨᠡᠶᠢᠲᠡ ᠶᠢᠨ ᠮᠠᠰᠢᠨ ᠲᠡᠷᠭᠡ ᠪᠣᠯᠣᠨ ᠴᠡᠭ ᠠᠴᠠ ᠴᠡᠭ ᠲᠤ ᠬᠦᠷᠬᠦ ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ 25 ᠶᠢ ᠰᠢᠨ᠎ᠡ ᠪᠠᠷ ᠨᠡᠮᠡᠵᠦ᠂ 89 ᠦᠷᠲᠡᠭᠡᠨ ᠴᠡᠭ ᠢ ᠭᠠᠷᠠᠮ ᠪᠣᠯᠣᠩ ᠤᠨ ᠮᠠᠶ᠋ᠢᠭ ᠢᠶᠠᠷ ᠥᠭᠡᠷᠡᠴᠢᠯᠡᠵᠦ᠂ ᠨᠡᠶᠢᠲᠡ ᠶᠢᠨ ᠮᠠᠰᠢᠨ ᠲᠡᠷᠭᠡ ᠪᠠᠷ ᠭᠠᠳᠠᠭᠰᠢ ᠶᠠᠪᠣᠬᠤ ᠶᠢᠨ ᠬᠤᠪᠢᠳᠠᠨ ᠡᠭᠦᠷᠭᠡᠯᠡᠬᠦ ᠨᠤᠷᠮ᠎ᠠ ᠶᠢ 5 ᠵᠠᠭᠤᠨ ᠤ ᠬᠤᠪᠢ ᠶᠢᠨ ᠴᠡᠭ ᠳᠡᠭᠡᠭᠰᠢᠯᠡᠭᠦᠯᠬᠦ ᠪᠠᠷ ᠬᠦᠴᠦᠯᠡᠨ᠎ᠡ᠃       ︽ᠠᠮᠢ ᠠᠬᠤᠢ ᠶᠢᠨ ᠬᠦᠬᠡᠬᠤᠲᠠ︾ ᠶᠢ ᠪᠦᠬᠦ ᠬᠦᠴᠦᠨ ᠢᠶᠠᠷ ᠪᠦᠲᠦᠭᠡᠨ ᠪᠠᠶᠢᠭᠤᠯᠣᠨ᠎ᠠ᠃ ︽ᠨᠣᠮᠢᠨ ᠣᠰᠤ ᠬᠦᠬᠡᠮᠳᠦᠭ ᠠᠭᠤᠯᠠ ᠪᠣᠯ ᠳᠠᠷᠣᠢ ᠠᠯᠲᠠᠨ ᠠᠭᠤᠯᠠ ᠮᠦᠩᠭᠦᠨ ᠠᠭᠤᠯᠠ ᠮᠦᠨ︾ ᠭᠡᠬᠦ ᠣᠨᠣᠯᠵᠢᠬᠤᠨ ᠢ ᠪᠠᠲᠣ ᠪᠠᠬᠢ ᠪᠣᠢ ᠪᠣᠯᠭᠠᠵᠣ᠂ ︽ᠬᠦᠬᠡᠬᠤᠲᠠ ᠶᠢᠨ ᠠᠮᠢ ᠠᠬᠤᠢ ᠶᠢᠨ ᠪᠣᠯᠪᠠᠰᠣᠨ ᠤ ᠪᠦᠲᠦᠭᠡᠨ ᠪᠠᠶᠢᠭᠤᠯᠣᠯᠲᠠ ᠶᠢᠨ ᠬᠠᠮᠢᠶᠠᠷᠣᠯᠲᠠ ᠶᠢᠨ ᠲᠣᠭᠲᠠᠭᠠᠯ︾ ᠢ ᠲᠣᠭᠲᠠᠭᠠᠨ ᠨᠡᠶᠢᠲᠡᠯᠡᠵᠦ᠂ ᠠᠮᠢ ᠠᠬᠤᠢ ᠶᠢᠨ ᠪᠣᠯᠪᠠᠰᠣᠨ ᠤ ᠪᠦᠲᠦᠭᠡᠨ ᠪᠠᠶᠢᠭᠤᠯᠣᠯᠲᠠ ᠶᠢᠨ ᠲᠦᠯᠦᠪᠵᠢᠭᠦᠯᠭᠡ ᠵᠢᠴᠢ ᠲᠣᠰᠬᠠᠢ ᠲᠦᠯᠦᠪᠵᠢᠭᠦᠯᠭᠡ ᠶᠢ ᠨᠠᠶᠢᠷᠠᠭᠤᠯᠵᠣ᠂ ᠣᠯᠣᠰ ᠤᠨ ᠠᠮᠢ ᠠᠬᠤᠢ ᠶᠢᠨ ᠪᠣᠯᠪᠠᠰᠣᠨ ᠤ ᠵᠢᠱᠢᠶ᠎ᠡ ᠦᠵᠡᠭᠦᠯᠬᠦ ᠬᠤᠲᠠ ᠶᠢ ᠢᠳᠡᠪᠬᠢᠲᠡᠢ ᠪᠠᠷ ᠡᠭᠦᠳᠦᠨ ᠪᠠᠶᠢᠭᠤᠯᠣᠨ᠎ᠠ᠃ ᠬᠦᠬᠡᠬᠤᠲᠠ ᠶᠢᠨ 2018 ᠣᠨ ᠤ ᠪᠣᠬᠢᠷᠳᠣᠯ ᠦᠭᠡᠢ ᠬᠦᠭᠵᠢᠯᠲᠡ ᠶᠢᠨ ᠮᠡᠳᠡᠭᠦᠯᠦᠯᠲᠡ ᠶᠢ ᠨᠠᠶᠢᠷᠠᠭᠤᠯᠣᠨ᠂ ᠪᠣᠬᠢᠷᠳᠣᠯ ᠦᠭᠡᠢ ᠬᠦᠭᠵᠢᠯᠲᠡ ᠶᠢᠨ ᠦᠷ᠎ᠡ ᠪᠦᠲᠦᠮᠵᠢ ᠶᠢ ᠰᠢᠨᠵᠢᠯᠡᠬᠦ ᠤᠬᠠᠭᠠᠨᠴᠢ ᠪᠠᠷ ᠦᠨᠡᠯᠡᠨ᠎ᠡ᠃ ᠠᠮᠢ ᠠᠬᠤᠢ ᠶᠢᠨ ᠪᠣᠯᠪᠠᠰᠣᠨ ᠤ ᠲᠣᠮᠣ ᠳ᠋ᠠᠶᠢᠲ᠋ᠠ ᠶᠢᠨ ᠬᠠᠮᠢᠶᠠᠷᠣᠯᠲᠠ ᠶᠢᠨ ᠲᠠᠪᠴᠠᠩ ᠢ ᠡᠬᠢᠯᠡᠭᠦᠯᠦᠨ ᠪᠠᠶᠢᠭᠤᠯᠵᠣ᠂ ᠡᠬᠢ ᠪᠠᠶᠠᠯᠢᠭ᠂ ᠠᠮᠢ ᠠᠬᠤᠢ᠂ ᠣᠷᠴᠢᠨ ᠲᠣᠭᠤᠷᠢᠨ ᠤ ᠳᠠᠭᠠᠭᠠᠴᠠ ᠪᠣᠯᠣᠨ ᠦᠷᠭᠦᠯᠵᠢᠯᠡᠭᠦᠶᠢᠴᠡ ᠬᠦᠭᠵᠢᠯᠲᠡ ᠶᠢᠨ ᠬᠢᠷᠢ ᠲᠦᠪᠰᠢᠨ ᠶᠢ ᠵᠠᠳᠠᠯᠣᠨ ᠰᠣᠳᠣᠯᠵᠣ ᠮᠠᠭᠠᠳᠯᠠᠨ᠎ᠠ᠃ ᠶᠡᠭᠡ ᠬᠡᠪᠴᠢᠶᠡᠨ ᠤ ᠣᠯᠣᠰ ᠤᠨ ᠭᠠᠵᠠᠷ ᠰᠢᠷᠣᠢ ᠶᠢᠨ ᠨᠣᠭᠤᠭᠠᠷᠠᠭᠤᠯᠣᠯᠲᠠ ᠶᠢ ᠪᠦᠬᠦ ᠬᠦᠴᠦᠨ ᠢᠶᠠᠷ ᠲᠦᠯᠬᠢᠨ ᠠᠬᠢᠭᠤᠯᠵᠣ᠂ ᠨᠡᠶᠢᠭᠡᠮ ᠤᠨ ᠬᠦᠴᠦᠨ ᠣᠷᠣᠯᠴᠠᠬᠤ ᠶᠢ ᠬᠦᠬᠢᠭᠦᠯᠵᠦ᠂ ︽ᠶᠢᠰᠦᠨ ᠶᠡᠭᠡ ᠢᠨᠵᠧᠨᠧᠷᠢᠩ︾ ᠢ ᠡᠬᠢᠯᠡᠭᠦᠯᠦᠨ ᠬᠡᠷᠡᠭᠵᠢᠭᠦᠯᠵᠦ᠂ ᠨᠣᠭᠤᠭᠠᠷᠠᠭᠤᠯᠣᠯᠲᠠ ᠶᠢᠨ ᠲᠠᠯᠠᠪᠠᠢ ᠶᠢ 60 ᠲᠥᠮᠡᠨ ᠮᠦ ᠰᠢᠨ᠎ᠡ ᠪᠠᠷ ᠨᠡᠮᠡᠭᠳᠡᠭᠦᠯᠵᠦ᠂ ᠥᠪᠡᠷᠲᠡᠭᠡᠨ ᠵᠠᠰᠠᠬᠤ ᠣᠷᠣᠨ ᠤ ᠣᠢ ᠰᠢᠭᠤᠢ ᠶᠢᠨ ᠬᠤᠰᠢᠭᠤ ᠰᠢᠶᠠᠨ 1᠂ ᠣᠢ ᠰᠢᠭᠤᠢ ᠶᠢᠨ ᠰᠢᠶᠠᠩ ᠪᠠᠯᠭᠠᠰᠣ5᠂ ᠣᠢ ᠰᠢᠭᠤᠢ ᠶᠢᠨ ᠲᠣᠰᠬᠤᠨ 50 ᠶᠢ ᠡᠭᠦᠳᠦᠨ ᠪᠠᠶᠢᠭᠤᠯᠣᠨ᠎ᠠ᠃ ᠣᠢ ᠰᠢᠭᠤᠢ ᠶᠢᠨ ᠠᠵᠣ ᠦᠢᠯᠡᠰ ᠢ ᠶᠡᠬᠡᠪᠡᠷ ᠬᠦᠭᠵᠢᠭᠦᠯᠵᠦ᠂ ᠣᠢ ᠰᠢᠭᠤᠢ ᠶᠢᠨ ᠠᠵᠣ ᠦᠢᠯᠡᠰᠵᠢᠯᠲᠡ᠂ ᠠᠵᠣ ᠦᠢᠯᠡᠰ ᠤᠨ ᠠᠮᠢ ᠠᠬᠤᠶᠢᠵᠢᠯᠲᠠ ᠶᠢ ᠲᠦᠯᠬᠢᠨ ᠠᠬᠢᠭᠤᠯᠵᠣ᠂ ᠪᠣᠲᠠᠲᠠᠢ ᠳᠤ ᠨᠡᠶᠢᠴᠡᠭᠰᠡᠨ ᠪᠣᠬᠢᠷᠳᠣᠯ ᠦᠭᠡᠢ ᠬᠦᠭᠵᠢᠯᠲᠡ᠂ ᠠᠮᠢ ᠠᠬᠤᠢ ᠶᠢᠨ ᠬᠦᠭᠵᠢᠯᠲᠡ ᠶᠢᠨ ᠰᠢᠨ᠎ᠡ ᠵᠠᠮ ᠢᠶᠠᠷ ᠵᠠᠮᠨᠠᠨ᠎ᠠ᠃       ︵ᠵᠢᠷᠭᠤᠭ᠎ᠠ︶ ᠠᠵᠣ ᠠᠬᠤᠢ ᠶᠢᠨ ᠬᠦᠭᠵᠢᠯᠲᠡ ᠶᠢᠨ ᠬᠦᠳᠡᠯᠭᠡᠬᠦ ᠬᠦᠴᠦᠨ ᠠᠮᠢᠵᠢᠷᠠᠯ ᠤᠨ ᠬᠦᠴᠦᠨ ᠢ ᠦᠷᠭᠦᠯᠵᠢᠯᠡᠨ ᠨᠡᠮᠡᠭᠳᠡᠭᠦᠯᠦᠨ᠎ᠡ      ᠡᠯ᠎ᠡ ᠬᠦᠷᠢᠶ᠎ᠡ ᠴᠠᠷ᠎ᠠ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠲᠦᠯᠬᠢᠨ ᠠᠬᠢᠭᠤᠯᠵᠣ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠪᠦᠬᠦᠨ ᠢ ᠦᠢᠯᠡᠴᠢᠯᠡᠭᠡᠨ ᠤ ᠶᠡᠭᠡ ᠲᠢᠩᠬᠢᠮ ᠳᠤ ᠣᠷᠣᠭᠤᠯᠬᠤ ᠶᠢ ᠠᠬᠢᠭᠤᠯᠣᠨ᠂ ᠬᠤᠲᠠ ᠶᠢᠨ ᠲᠣᠰ ᠱᠠᠲᠣᠨ ᠤ ᠪᠣᠯᠣᠨ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠶᠠᠪᠣᠳᠠᠯ ᠤᠨ ᠦᠢᠯᠡᠴᠢᠯᠡᠭᠡᠨ ᠤ ᠵᠦᠢᠯᠡᠰ ᠤᠨ ᠰᠦᠯᠵᠢᠶᠡᠨ ᠳᠡᠭᠡᠷ᠎ᠡ ᠰᠢᠢᠳᠪᠦᠷᠢᠯᠡᠬᠦ ᠨᠣᠷᠮ᠎ᠠ ᠶᠢ 70% ᠠᠴᠠ ᠳᠡᠭᠡᠭᠰᠢ ᠬᠦᠷᠭᠡᠨ᠎ᠡ᠃ ᠬᠤᠶᠠᠷ ᠦᠯᠦ ᠬᠦᠳᠡᠯᠬᠦ ᠬᠦᠷᠦᠩᠭᠡ ᠶᠢ ᠳᠠᠩᠰᠠᠯᠠᠬᠤ ᠦᠢᠯᠡᠴᠢᠯᠡᠭᠡᠨ ᠤ ᠲᠢᠩᠬᠢᠮ ᠢ ᠰᠢᠨ᠎ᠡ ᠪᠠᠷ ᠨᠡᠮᠡᠭᠳᠡᠭᠦᠯᠦᠨ᠎ᠡ᠃ ︽ᠦᠨᠡᠮᠯᠡᠯ ᠭᠡᠷᠡᠴᠢ ᠶᠢ ᠰᠠᠯᠭᠠᠬᠤ︾ ᠥᠭᠡᠷᠡᠴᠢᠯᠡᠯᠲᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠣ᠂ ︽ᠡᠵᠡᠩᠨᠡᠯᠲᠡ ᠶᠢᠨ ᠦᠨᠡᠮᠯᠡᠯ ᠢᠶᠠᠨ ᠠᠪᠴᠣ ᠳᠠᠷᠠᠭ᠎ᠠ ᠨᠢ ᠵᠥᠪᠰᠢᠶᠡᠷᠡᠯ ᠤᠨ ᠦᠨᠡᠮᠯᠡᠯ ᠢᠶᠠᠨ ᠴᠥᠬᠡᠴᠢᠯᠡᠬᠦ︾ ᠶᠢ ᠬᠠᠶᠢᠨ ᠰᠥᠪᠡᠭᠴᠢᠯᠡᠵᠦ ᠲᠦᠯᠬᠢᠨ ᠠᠬᠢᠭᠤᠯᠵᠣ ᠂ ︽ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠠᠴᠠ ᠪᠢᠰᠢ ᠡᠵᠡᠩᠨᠡᠬᠦ ᠶᠢ ᠵᠥᠪᠰᠢᠶᠡᠷᠡᠬᠦ ᠦᠭᠡᠢ︾ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠬᠦᠳᠡᠭᠡ ᠲᠣᠰᠬᠤᠨ ᠤ ᠬᠠᠮᠲᠣ ᠶᠢᠨ ᠦᠮᠴᠢᠯᠡᠬᠦ ᠡᠷᠬᠡ ᠶᠢᠨ ᠳᠥᠷᠢᠮ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠥᠷᠨᠢᠭᠦᠯᠵᠦ᠂ ︽ᠭᠤᠷᠪᠠᠨ ᠡᠷᠬᠡ ᠶᠢ ᠰᠠᠯᠭᠠᠬᠤ︾ ᠪᠠ ᠬᠦᠳᠡᠭᠡ ᠲᠣᠰᠬᠤᠨ ᠤ ︽ᠭᠤᠷᠪᠠ ᠶᠢ ᠬᠤᠪᠢᠷᠠᠭᠠᠬᠤ︾ ᠥᠭᠡᠷᠡᠴᠢᠯᠡᠯᠲᠡ ᠶᠢ ᠯᠠᠪᠳᠠᠭᠤᠨ ᠢᠶᠠᠷ ᠥᠷᠨᠢᠭᠦᠯᠵᠦ᠂ ᠣᠢ ᠰᠢᠭᠤᠢ ᠶᠢᠨ ᠡᠷᠬᠡ ᠶᠢᠨ ᠳᠦᠷᠢᠮ ᠤᠨ ᠥᠭᠡᠷᠡᠴᠢᠯᠡᠯᠲᠡ ᠢ ᠭᠦᠨᠵᠡᠭᠡᠶᠢᠷᠡᠭᠦᠯᠵᠦ᠂ ᠬᠦᠳᠡᠭᠡ ᠲᠣᠰᠬᠤᠨ ᠤ ᠦᠬᠦᠰᠢᠷᠡᠮᠡᠯ ᠡᠬᠢ ᠪᠠᠶᠠᠯᠢᠭ ᠢ ᠬᠦᠭᠵᠢᠭᠡᠨ᠎ᠡ᠃  ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠪᠦᠬᠦ ᠶᠠᠪᠣᠴᠠ ᠢ ᠡᠯᠧᠺᠲᠷᠣᠨᠴᠢᠯᠠᠬᠤ ᠶᠢ ᠠᠬᠢᠭᠤᠯᠵᠣ᠂ ︽ᠢᠯᠡ ᠠᠷᠠᠯᠵᠢᠶ᠎ᠠ︾ ᠶᠢ ᠪᠡᠶᠡᠯᠡᠭᠦᠯᠦᠨ᠎ᠡ᠃ ᠢᠨᠵᠧᠨᠧᠷᠢᠩ ᠤᠨ ᠳᠠᠭᠠᠭᠠᠴᠢᠯᠠᠯᠲᠠ ᠵᠠᠷᠯᠠᠨ ᠳᠠᠭᠠᠭᠠᠴᠢᠯᠠᠯᠲᠠ ᠬᠦᠯᠢᠶᠡᠬᠦ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠳᠠᠭᠠᠭᠠᠴᠢᠯᠠᠯᠲᠠ ᠵᠠᠷᠯᠠᠭᠴᠢ ᠶᠢᠨ ᠡᠵᠡᠨ ᠮᠡᠳᠡᠬᠦ ᠡᠷᠬᠡ ᠶᠢ ᠥᠷᠭᠡᠳᠬᠡᠵᠦ᠂  ᠢᠨᠵᠧᠨᠧᠷᠢᠩ ᠢ ᠶᠡᠷᠦᠩᠬᠡᠶᠢᠯᠡᠨ ᠳᠠᠭᠠᠭᠠᠴᠢᠯᠠᠬᠤ ᠶᠢ ᠬᠡᠷᠡᠭᠵᠢᠭᠦᠯᠵᠦ᠂ ᠪᠦᠬᠦ ᠶᠠᠪᠣᠴᠠ ᠳᠠᠬᠢ ᠢᠨᠵᠧᠨᠧᠷᠢᠩ ᠤᠨ ᠵᠥᠪᠯᠡᠯᠭᠡ ᠶᠢ ᠬᠦᠭᠵᠢᠭᠦᠯᠦᠨ᠎ᠡ᠃ ᠦᠢᠯᠡᠴᠢᠯᠡᠭᠡᠨ ᠤ ᠲᠦᠷᠥᠯ ᠤᠨ ᠲᠦᠷᠥᠯ ᠵᠦᠢᠯ ᠤᠨ ᠳᠠᠭᠠᠭᠠᠴᠢᠯᠠᠯᠲᠠ ᠵᠠᠷᠯᠠᠬᠤ ᠠᠵᠣ ᠠᠬᠤᠶᠢᠯᠠᠯ ᠤᠨ ᠬᠦᠮᠦᠷᠭᠡ ᠶᠢ ᠪᠠᠶᠢᠭᠤᠯᠵᠣ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠶᠠᠪᠣᠴᠠ ᠶᠢ ᠬᠢᠯᠪᠠᠷᠴᠢᠯᠠᠵᠣ᠂ ᠲᠦᠷᠥᠯ ᠵᠦᠢᠯ ᠬᠡᠷᠡᠭᠵᠢᠭᠦᠯᠬᠦ ᠨᠢᠭᠡᠴᠡ ᠶᠢ ᠲᠦᠷᠭᠡᠨ ᠮᠦᠷᠲᠡᠭᠡᠨ ᠳᠦᠭᠦᠮ ᠲᠥᠳᠡ ᠲᠣᠭᠲᠠᠭᠠᠨ᠎ᠠ᠃ ᠠᠵᠢᠯ ᠶᠠᠪᠣᠳᠠᠯ ᠤᠨ ᠡᠷᠬᠡ ᠬᠢᠭᠡᠳ ᠵᠠᠷᠣᠯᠭ᠎ᠠ ᠶᠢᠨ ᠬᠠᠷᠢᠭᠤᠴᠠᠯᠭ᠎ᠠ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠵᠣ᠂ ᠡᠷᠬᠡ ᠬᠠᠷᠢᠭᠤᠴᠠᠯᠭ᠎ᠠ ᠲᠣᠳᠣᠷᠬᠠᠢ ᠡᠳ᠋ ᠤᠨ ᠵᠠᠰᠠᠭ ᠤᠨ ᠬᠠᠷᠢᠴᠠᠭ᠎ᠠ ᠶᠢ ᠪᠠᠶᠢᠭᠤᠯᠣᠨ᠎ᠠ᠃ ᠵᠠᠰᠠᠭ ᠤᠨ ᠣᠷᠳᠣᠨ ᠤ ᠪᠠᠶᠢᠭᠤᠯᠣᠮᠵᠢ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠠᠵᠢᠯ ᠦᠢᠯᠡᠰ ᠤᠨ ᠨᠢᠭᠡᠴᠡ ᠶᠢᠨ ᠠᠯᠪᠠᠨ ᠤ ᠲᠡᠷᠭᠡ ᠬᠡᠷᠡᠭᠯᠡᠬᠦ ᠥᠭᠡᠷᠡᠴᠢᠯᠡᠯᠲᠡ ᠶᠢ ᠢᠳᠡᠪᠬᠢᠲᠡᠢ ᠥᠷᠨᠢᠭᠦᠯᠦᠨ᠂ ᠬᠤᠷᠢᠨᠭᠡᠷ ᠤᠨ ᠰᠢᠶᠠᠨ ᠢ ᠬᠠᠰᠣᠵᠣ ᠲᠣᠭᠤᠷᠢᠭ ᠪᠠᠶᠢᠭᠤᠯᠬᠤ ᠶᠢ ᠯᠠᠪᠳᠠᠭᠤᠨ ᠢᠶᠠᠷ ᠲᠦᠯᠬᠢᠨ ᠠᠬᠢᠭᠤᠯᠣᠨ᠎ᠠ᠃ ᠴᠢᠩ ᠴᠧᠩ ᠬᠦᠷᠦᠩᠭᠡ ᠶᠢᠨ ᠺᠤᠮᠫᠠᠨᠢ ᠶᠢᠨ ᠡᠵᠡᠩᠨᠡᠯᠲᠡ ᠶᠢᠨ ᠴᠢᠨᠠᠷ ᠲᠠᠢ ᠬᠦᠷᠦᠩᠭᠡ ᠣᠷᠣᠭᠤᠯᠬᠤ ᠵᠢᠴᠢ ᠡᠷᠭᠢᠯᠲᠡ ᠶᠢ ᠰᠠᠶᠢᠲᠣᠷ ᠠᠳᠬᠤᠵᠣ᠂ ᠨᠡᠶᠢᠲᠡ ᠶᠢᠨ ᠮᠠᠰᠢᠨ ᠲᠡᠷᠭᠡᠨ ᠤ ᠺᠤᠮᠫᠠᠨᠢ ᠶᠢᠨ ᠳᠦᠷᠢᠮ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠣᠨ᠎ᠠ᠃ ᠤᠯᠠᠨ ᠨᠡᠶᠢᠲᠡ ᠶᠢᠨ ᠢᠲᠡᠭᠡᠮᠵᠢ ᠶᠢᠨ ᠰᠣᠷᠠᠭ ᠵᠠᠩᠭᠢ ᠶᠢᠨ ᠬᠠᠮᠲᠤ ᠪᠠᠷ ᠡᠳ᠋ᠯᠡᠬᠦ ᠰᠣᠯᠢᠯᠴᠠᠭᠠᠨ ᠤ ᠲᠠᠪᠴᠠᠩ ᠢ ᠪᠠᠶᠢᠭᠤᠯᠵᠣ᠂ ︽ᠣᠯᠠᠭᠠᠨ ᠬᠠᠷ᠎ᠠ ᠨᠡᠷ᠎ᠡ ᠶᠢᠨ ᠳᠠᠩᠰᠠ︾ ᠪᠣᠯᠣᠨ ︽ᠬᠤᠣᠰ ᠵᠠᠷᠯᠠᠯ︾ ᠤᠨ ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃      ᠦᠨᠳᠦᠷ ᠬᠢᠷᠢ ᠲᠦᠪᠰᠢᠨ ᠲᠠᠢ ᠭᠠᠳᠠᠭᠠᠳᠣ ᠨᠡᠭᠡᠭᠡᠯᠲᠡ ᠶᠢ ᠲᠦᠯᠬᠢᠨ ᠠᠬᠢᠭᠤᠯᠣᠨ᠎ᠠ᠃ ︽ᠨᠢᠭᠡ ᠪᠦᠰᠡ ᠨᠢᠭᠡ ᠵᠠᠮ︾ ᠪᠣᠯᠣᠨ ︽ᠳᠤᠮᠳᠠᠳᠤ ᠮᠤᠩᠭᠤᠯ ᠤᠷᠤᠰ ᠠᠵᠤ ᠠᠬᠤᠢ ᠶᠢᠨ ᠬᠤᠩᠬᠢᠯ︾ ᠤᠨ ᠪᠦᠲᠦᠭᠡᠨ ᠪᠠᠶᠢᠭᠤᠯᠣᠯᠲᠠ ᠳᠤ ᠭᠦᠨᠵᠡᠭᠡᠢ ᠠᠭᠤᠰᠣᠯᠴᠠᠵᠣ᠂ ᠳᠤᠮᠳᠠᠳᠤ ᠤᠷᠤᠰ᠂ ᠳᠤᠮᠳᠠᠳᠤ ᠮᠣᠩᠭᠤᠯ ᠤᠨ ᠭᠠᠳᠠᠭᠠᠳᠣ ᠬᠠᠷᠢᠯᠴᠠᠭ᠎ᠠ ᠪᠠᠶᠢᠭᠤᠯᠣᠭᠰᠠᠨ 70 ᠵᠢᠯ ᠤᠨ ᠤᠢ ᠶᠢᠨ ᠬᠤᠯᠪᠣᠭᠳᠠᠯ ᠪᠦᠬᠦᠢ ᠠᠵᠢᠯᠯᠠᠭ᠎ᠠ ᠶᠢ ᠨᠠᠷᠢᠨ ᠨᠢᠮᠪᠠᠢ ᠵᠣᠬᠢᠶᠠᠨ ᠪᠠᠶᠢᠭᠤᠯᠵᠣ᠂ ᠠᠵᠣ ᠠᠬᠤᠶᠢᠯᠠᠯ ᠢ ᠢᠳᠡᠪᠬᠢᠲᠡᠢ ᠵᠣᠬᠢᠶᠠᠨ  ᠪᠠᠶᠢᠭᠤᠯᠣᠨ᠂ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ᠂ ᠳᠣᠮᠳᠠᠳᠣ ᠮᠣᠩᠭᠤᠯ ᠣᠷᠣᠰ ᠵᠡᠷᠭᠡ ᠡᠯ᠎ᠡ ᠲᠦᠷᠥᠯ ᠤᠨ ᠤᠯᠠᠨ ᠣᠯᠣᠰ ᠤᠨ ᠦᠵᠡᠰᠭᠦᠯᠡᠩ ᠳᠤ ᠣᠷᠣᠯᠴᠠᠭᠤᠯᠣᠨ᠎ᠠ᠃ ᠯᠣᠨᠳᠣᠨ ᠤ ︽ᠬᠦᠬᠡᠬᠤᠲᠠ ᠶᠢ ᠲᠠᠨᠢᠯᠴᠠᠭᠤᠯᠬᠤ ᠬᠤᠷᠠᠯ︾ ᠢ ᠰᠠᠶᠢᠲᠣᠷ ᠡᠷᠬᠢᠯᠡᠨ᠎ᠡ᠃ ᠶᠡᠷᠦᠩᠬᠡᠢ ᠭᠠᠶᠢᠯᠢ ᠪᠠᠲᠣᠯᠠᠬᠤ ᠣᠷᠣᠨ ᠤ ᠪᠣᠭᠤᠮᠲᠠ ᠪᠢᠲᠡᠭᠦᠮᠵᠢᠯᠡᠨ ᠰᠢᠯᠭᠠᠨ ᠠᠪᠬᠤ ᠶᠢ ᠪᠦᠬᠦ ᠬᠦᠴᠦᠨ ᠢᠶᠠᠷ ᠲᠦᠯᠬᠢᠨ ᠠᠬᠢᠭᠤᠯᠣᠨ᠎ᠠ︔ ᠨᠡᠩ ᠤᠯᠠᠨ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠨᠡᠪᠲᠡᠷᠡᠭᠦᠯᠬᠦ ᠶᠢ ᠲᠡᠮᠡᠴᠡᠨ ᠣᠯᠣᠨ᠎ᠠ︔ ᠤᠯᠠᠨ ᠤᠯᠤᠰ ᠤᠨ ᠠᠶᠠᠯᠠᠯ ᠤᠨ ᠱᠤᠭᠤᠮ ᠢ ᠪᠠᠲᠣᠵᠢᠭᠤᠯᠣᠨ ᠣᠯᠠᠰᠢᠷᠠᠭᠤᠯᠵᠣ᠂ ᠤᠯᠠᠨ ᠤᠯᠤᠰ ᠤᠨ ᠲᠦᠷᠭᠡᠨ ᠢᠯᠡᠭᠡᠮᠵᠢ ︵ᠪᠣᠭᠤᠳᠠᠯ︶ ᠤᠨ ᠪᠣᠭᠤᠮᠲᠠ ᠨᠡᠪᠲᠡᠷᠡᠬᠦ ᠠᠵᠢᠯ ᠤᠨ ᠳᠡᠰ ᠳᠡᠪᠰᠢᠯᠲᠡ ᠶᠢ ᠲᠦᠯᠬᠢᠨ ᠠᠬᠢᠭᠤᠯᠣᠨ᠎ᠠ᠃ ᠬᠦᠬᠡᠬᠤᠲᠠ ᠪᠤᠭᠤᠲᠤ ᠣᠷᠳᠣᠰ ᠭᠤᠷᠪᠠᠨ ᠬᠤᠲᠠ ᠶᠢᠨ ︽ᠨᠢᠭᠡ ᠴᠠᠭ ᠤᠨ ᠵᠠᠮ ᠬᠠᠷᠢᠯᠴᠠᠭᠠᠨ ᠤ ᠴᠠᠭᠠᠷᠢᠭ︾ ᠢ ᠪᠦᠷᠢᠨᠰᠢᠭᠦᠯᠵᠦ᠂ ᠰᠣᠷᠭᠠᠭᠤᠯᠢ ᠳᠤ ᠣᠷᠣᠬᠤ᠂ ᠡᠷᠦᠬᠡ ᠠᠮᠠ᠂ ᠡᠮᠴᠢᠯᠡᠭᠡ᠂ ᠨᠡᠶᠢᠭᠡᠮ ᠤᠨ ᠪᠠᠲᠣᠯᠠᠭ᠎ᠠ ᠵᠡᠷᠭᠡ ᠤᠯᠠᠨ ᠨᠡᠶᠢᠲᠡ ᠶᠢᠨ ᠦᠢᠯᠡᠴᠢᠯᠡᠭᠡ ᠶᠢᠨ ︽ᠭᠤᠷᠪᠠᠨ ᠬᠤᠲᠠ ᠶᠢᠨ ᠠᠳᠠᠯᠢᠠᠬᠨ ᠬᠠᠷᠠᠭᠠᠯᠵᠠᠯ︾ ᠢ ᠠᠬᠢᠭᠤᠯᠣᠨ᠎ᠠ᠃      ᠪᠦᠲᠦᠮᠵᠢᠲᠡᠢ ᠪᠡᠯᠡ ᠣᠷᠣᠭᠤᠯᠣᠯᠲᠠ ᠶᠢ ᠦᠷᠭᠦᠯᠵᠢᠯᠡᠨ ᠨᠡᠮᠡᠭᠳᠡᠭᠦᠯᠦᠨ᠎ᠡ᠃ ᠳ᠋ᠦᠩᠰᠢᠭᠤᠷ ᠲᠦᠭᠦᠷᠢᠭ ᠠᠴᠠ ᠳᠡᠭᠡᠭᠰᠢᠬᠢ ᠴᠢᠬᠤᠯᠠ ᠶᠡᠭᠡ ᠲᠦᠷᠥᠯ ᠵᠦᠢᠯ 300 ᠶᠢ ᠬᠡᠷᠡᠭᠵᠢᠭᠦᠯᠵᠦ᠂ 600 ᠳ᠋ᠦᠩᠰᠢᠭᠤᠷ ᠲᠦᠭᠦᠷᠢᠭ ᠤᠨ ᠪᠡᠯᠡ ᠣᠷᠣᠭᠤᠯᠣᠯᠲᠠ ᠶᠢ ᠪᠡᠶᠡᠯᠡᠭᠦᠯᠦᠨ᠎ᠡ᠃ ᠬᠦᠬᠡᠬᠤᠲᠠ ᠠᠴᠠ ᠱᠦᠸᠧᠵᠸᠦ ᠬᠦᠷᠬᠦ ᠲᠦᠷᠭᠡᠨ ᠤ ᠵᠠᠮ ᠤᠨ ᠬᠤᠷᠢᠨᠭᠡᠷ  ᠰᠢᠨ᠎ᠡ ᠲᠣᠭᠤᠷᠢᠭ ᠤᠨ ᠭᠠᠷᠴᠠ᠂ ᠶᠢᠨ ᠱᠧᠩ ᠵᠠᠮ ᠬᠢᠭᠡᠳ G209 ᠶᠢ ᠬᠤᠯᠪᠣᠭᠰᠠᠨ ᠱᠤᠭᠤᠮ ᠤᠨ ᠪᠦᠲᠦᠭᠡᠨ ᠪᠠᠶᠢᠭᠤᠯᠣᠯᠲᠠ ᠶᠢ ᠲᠦᠯᠬᠢᠨ ᠠᠬᠢᠭᠤᠯᠵᠣ᠂ ᠬᠦᠬᠡᠬᠤᠲᠠ ᠠᠴᠠ ᠯᠢᠶᠠᠩᠴᠧᠩ ᠬᠦᠷᠬᠦ ᠵᠠᠰᠠᠮᠠᠯ ᠵᠠᠮ ᠵᠢᠴᠢ ᠬᠦᠬᠡᠬᠤᠲᠠ ᠠᠴᠠ ᠮᠣᠳᠣᠲᠠᠢ ᠬᠦᠷᠬᠦ ᠵᠡᠷᠭᠡ ᠲᠣᠰᠬᠤᠨ ᠤ ᠵᠠᠰᠠᠮᠠᠯ ᠵᠠᠮ11 ᠶᠢ ᠡᠬᠢᠯᠡᠭᠦᠯᠵᠦ᠂ ᠣᠯᠣᠰ ᠤᠨ ᠵᠠᠮ 110 ᠱᠤᠭᠤᠮ ᠤᠨ ᠪᠢᠴᠢᠭᠡᠴᠢ ᠠᠴᠠ ᠰᠢᠷᠡᠭᠡᠴᠢ ᠬᠦᠷᠬᠦ ᠬᠡᠰᠡᠭ ᠪᠣᠯᠣᠨ ᠮᠤᠵᠢ ᠶᠢᠨ ᠵᠠᠮ311 ᠱᠤᠭᠤᠮ ᠤᠨ ᠦᠴᠣᠸᠠᠨ ᠤ ᠬᠥᠬᠡ ᠡᠷᠭᠢ ᠪᠠᠯᠭᠠᠰᠣ ᠠᠴᠠ ᠶᠠᠩ ᠱᠤ᠋ ᠪᠠ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ ᠢ ᠡᠬᠢᠯᠡᠭᠦᠯᠦᠨ ᠪᠦᠲᠦᠭᠡᠨ ᠪᠠᠶᠢᠭᠤᠯᠬᠤ ᠪᠠᠷ ᠬᠦᠴᠦᠯᠡᠨ᠎ᠡ᠃ ᠶᠢᠨ ᠱᠧᠩ ᠬᠤᠷᠳᠣᠨ ᠤ ᠵᠠᠮ᠂ ᠬᠦᠬᠡᠬᠤᠲᠠ ᠠᠴᠠ ᠦᠴᠣᠸᠠᠨ ᠬᠦᠷᠬᠦ ᠵᠠᠰᠠᠮᠠᠯ ᠵᠠᠮ ᠤᠨ ᠳᠠᠯᠠᠨ ᠬᠠᠷ᠎ᠠ ᠠᠭᠤᠯᠠ ᠶᠢᠨ ᠨᠥᠬᠡᠨ ᠵᠠᠮ ᠵᠢᠴᠢ ᠱᠤᠭᠤᠮ ᠲᠠᠲᠠᠬᠤ ᠪᠠᠷᠢᠯᠭ᠎ᠠ ᠶᠢ ᠪᠠᠶᠢᠭᠤᠯᠣᠨ ᠲᠡᠷᠭᠡ  ᠨᠡᠪᠲᠡᠷᠡᠭᠦᠯᠦᠨ᠎ᠡ᠃ ᠬᠦᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠢ ᠪᠠᠷᠢᠯᠭ᠎ᠠ ᠡᠬᠢᠯᠡᠭᠦᠯᠵᠦ ᠪᠦᠲᠦᠭᠡᠨ ᠪᠠᠶᠢᠭᠤᠯᠣᠨ᠎ᠠ᠃ ᠱᠠᠨᠰᠢ ᠠᠴᠠ ᠪᠡᠭᠡᠵᠢᠩ ᠬᠦᠷᠬᠦ ᠳᠦᠷᠪᠡᠨ ᠱᠤᠭᠤᠮ ᠤᠨ ᠬᠤᠪᠢᠶᠠᠷᠢᠯᠠᠨ ᠵᠥᠭᠡᠭᠡᠪᠦᠷᠢᠯᠡᠬᠦ ᠢᠨᠵᠧᠨᠧᠷᠢᠩ ᠤᠨ ᠪᠦᠲᠦᠭᠡᠨ ᠪᠠᠶᠢᠭᠤᠯᠣᠯᠲᠠ ᠶᠢᠨ ᠠᠬᠢᠴᠠ ᠶᠢ ᠲᠦᠷᠭᠡᠳᠬᠡᠵᠦ᠂ ᠰᠢᠲᠠᠮᠠᠬᠠᠢ ᠬᠡᠢ ᠬᠡᠷᠡᠭᠯᠡᠬᠦ ᠪᠠᠲᠣᠯᠠᠭ᠎ᠠ ᠶᠢ ᠳᠡᠭᠡᠭᠰᠢᠯᠡᠭᠦᠯᠦᠨ᠎ᠡ᠃ ᠣᠰᠤ ᠠᠷᠪᠢᠯᠠᠬᠤ ᠶᠢ ᠥᠭᠡᠷᠡᠴᠢᠯᠡᠨ ᠰᠠᠶᠢᠵᠢᠷᠠᠭᠤᠯᠬᠤ᠂ ᠴᠥᠭᠦᠷᠦᠮ ᠤᠨ ᠠᠶᠣᠯ ᠢ ᠠᠷᠢᠯᠭᠠᠨ ᠪᠠᠬᠢᠵᠢᠭᠦᠯᠬᠦ ᠵᠡᠷᠭᠡ ᠲᠦᠷᠥᠯ ᠵᠦᠢᠯ ᠤᠨ ᠪᠦᠲᠦᠭᠡᠨ ᠪᠠᠶᠢᠭᠤᠯᠣᠯᠲᠠ ᠶᠢ ᠲᠦᠯᠬᠢᠨ ᠠᠬᠢᠭᠤᠯᠵᠣ᠂ ᠬᠠᠲᠣᠨ ᠭᠤᠣᠯ ᠤᠨ ᠣᠰᠤ ᠶᠢ ᠲᠠᠲᠠᠬᠤ ᠭᠤᠷᠪᠠᠳᠣᠭᠠᠷ ᠬᠤᠭᠤᠴᠠᠭ᠎ᠠ᠂ ᠬᠠᠷ᠎ᠠ ᠣᠰᠤ ᠣᠰᠣᠨ ᠴᠦᠭᠦᠷᠦᠮ ᠤᠨ ᠣᠰᠤ ᠬᠠᠩᠭᠠᠯᠲᠠ᠂ ᠱᠢ ᠽᠦᠢᠽᠢ ᠣᠰᠣᠨ ᠴᠦᠭᠦᠷᠦᠮ ᠤᠨ ᠰᠢᠪᠠᠷ ᠢ ᠠᠷᠢᠯᠭᠠᠬᠤ᠂ ᠬᠦᠢᠰᠦ ᠶᠢᠨ ᠭᠤᠣᠯ ᠤᠨ ᠰᠠᠪᠠ ᠰᠢᠯᠵᠢᠬᠦ ᠵᠡᠷᠭᠡ ᠢᠨᠵᠧᠨᠧᠷᠢᠩ ᠢ ᠬᠡᠷᠡᠭᠵᠢᠭᠦᠯᠦᠨ᠎ᠡ᠃ ᠲᠠᠪᠣᠨ 220 ᠸᠣᠯᠲ ᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠤᠨ ᠪᠦᠲᠦᠭᠡᠨ ᠪᠠᠶᠢᠭᠤᠯᠣᠯᠲᠠ ᠶᠢ ᠲᠦᠯᠬᠢᠨ ᠠᠬᠢᠭᠤᠯᠵᠣ᠂ ᠠᠶᠣᠯ ᠦᠭᠡᠢ ᠪᠠᠷ ᠴᠠᠬᠢᠯᠭᠠᠨ ᠬᠡᠷᠡᠭᠯᠡᠬᠦ ᠶᠢ ᠪᠠᠲᠣᠯᠠᠬᠤ ᠴᠢᠳᠠᠪᠣᠷᠢ ᠶᠢ ᠨᠡᠮᠡᠭᠳᠡᠭᠦᠯᠦᠨ᠎ᠡ᠃      ᠬᠤᠳᠠᠯᠳᠣᠭᠠᠴᠢᠨ ᠤᠷᠢᠵᠤ ᠪᠡᠯᠡ ᠣᠷᠣᠭᠤᠯᠬᠤ᠂ ᠴᠢᠳᠠᠪᠣᠷᠢᠲᠠᠨ ᠢ ᠲᠠᠲᠠᠵᠣ ᠡᠷᠳᠡᠮᠳᠡᠨ ᠢ ᠣᠷᠣᠭᠤᠯᠬᠤ ᠬᠦᠴᠦᠯᠡᠴᠡ ᠶᠢ ᠨᠡᠮᠡᠭᠳᠡᠭᠦᠯᠦᠨ᠎ᠡ᠃ ᠬᠤᠳᠠᠯᠳᠣᠭᠠᠴᠢᠨ ᠣᠷᠢᠵᠣ ᠪᠡᠯᠡ ᠣᠷᠣᠭᠤᠯᠬᠤ ᠲᠦᠷᠥᠯ ᠵᠦᠢᠯ ᠤᠨ ᠬᠦᠮᠦᠷᠭᠡ ᠶᠢ ᠪᠦᠷᠢᠨᠰᠢᠭᠦᠯᠵᠦ᠂ ᠴᠢᠬᠤᠯᠠ ᠶᠡᠭᠡ ᠲᠦᠷᠥᠯ ᠵᠦᠢᠯ ᠤᠨ ︽ᠨᠢᠭᠡ ᠪᠦᠯᠦᠭ ᠢ ᠲᠦᠰᠦᠪᠯᠡᠵᠦ᠂ ᠨᠢᠭᠡ ᠪᠦᠯᠦᠭ ᠢ ᠪᠠᠶᠢᠭᠤᠯᠵᠣ᠂ ᠨᠢᠭᠡ ᠪᠦᠯᠦᠭ ᠢ ᠬᠠᠳᠠᠭᠠᠯᠠᠵᠣ᠂ ᠡᠷᠭᠢᠯᠳᠦᠭᠦᠯᠦᠨ ᠬᠦᠭᠵᠢᠭᠦᠯᠬᠦ︾ ᠶᠢ ᠪᠡᠶᠡᠯᠡᠭᠦᠯᠦᠨ᠎ᠡ᠃ ᠪᠡᠯᠡ ᠣᠷᠣᠭᠤᠯᠬᠤ ᠲᠦᠷᠥᠯ ᠵᠦᠢᠯ ᠤᠨ ᠦᠢᠯᠡᠴᠢᠯᠡᠭᠡᠨ ᠤ ᠲᠥᠪ ᠢ ᠪᠠᠶᠢᠭᠤᠯᠵᠣ᠂ ᠪᠡᠭᠡᠵᠢᠩ᠂ ᠱᠠᠩᠬᠠᠢ᠂ ᠱᠧᠨᠵᠧᠨ᠂ ᠶᠠᠨᠲ᠋ᠠᠢ ᠳᠤ ᠬᠤᠳᠠᠯᠳᠣᠭᠠᠴᠢᠨ ᠤᠷᠢᠵᠤ ᠪᠡᠯᠡ ᠣᠷᠣᠭᠤᠯᠬᠤ ᠬᠤᠯᠪᠣᠭᠠᠯᠠᠯ ᠤᠨ ᠭᠠᠵᠠᠷ ᠢ ᠪᠠᠶᠢᠭᠤᠯᠣᠨ᠂ ᠪᠡᠭᠡᠵᠢᠩ ᠲᠢᠶᠠᠨᠵᠢᠨ ᠾᠧᠪᠸᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠵᠡᠷᠭᠡ ᠭᠠᠵᠠᠷ ᠣᠷᠣᠨ ᠳᠤ ᠬᠤᠳᠠᠯᠳᠣᠭᠠᠴᠢᠨ ᠢ ᠣᠷᠢᠵᠣ ᠪᠡᠯᠡ ᠣᠷᠣᠭᠤᠯᠬᠤ ᠲᠠᠨᠢᠯᠴᠠᠭᠤᠯᠭ᠎ᠠ ᠶᠢᠨ ᠬᠤᠷᠠᠯ ᠢ ᠡᠷᠬᠢᠯᠡᠵᠦ᠂ 200 ᠲᠦᠷᠥᠯ ᠵᠦᠢᠯ᠂ 2000 ᠳ᠋ᠦᠩᠰᠢᠭᠤᠷ ᠲᠦᠭᠦᠷᠢᠭ ᠤᠨ ᠶᠡᠷᠦᠩᠬᠡᠢ ᠪᠡᠯᠡ ᠣᠷᠣᠭᠤᠯᠣᠯᠲᠠ ᠶᠢ ᠲᠠᠲᠠᠨ ᠣᠷᠣᠭᠤᠯᠬᠤ ᠪᠠᠷ ᠬᠦᠴᠦᠯᠡᠨ᠎ᠡ᠃ ᠴᠢᠳᠠᠪᠣᠷᠢᠲᠠᠨ ᠢ ᠲᠠᠲᠠᠬᠤ ᠲᠦᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠵᠣ᠂ ᠶᠡᠭᠡ ᠰᠣᠷᠭᠠᠭᠤᠯᠢ ᠠᠴᠠ ᠲᠡᠭᠦᠰᠦᠭᠰᠡᠨ ᠰᠣᠷᠣᠭᠴᠢᠳ ᠤᠨ ᠬᠢᠮᠳᠠ ᠣᠷᠣᠨ ᠰᠠᠭᠤᠴᠠ ᠶᠢᠨ ᠪᠠᠲᠣᠯᠠᠭ᠎ᠠ ᠶᠢᠨ ᠲᠦᠷᠥ ᠶᠢᠨ ᠪᠣᠳᠣᠯᠭ᠎ᠠ ᠶᠢ ᠨᠡᠶᠢᠲᠡᠯᠡᠵᠦ᠂ ᠨᠡᠩ ᠤᠯᠠᠨ ᠰᠢᠯᠢᠳᠡᠭ ᠴᠢᠳᠠᠪᠣᠷᠢᠲᠠᠨ ᠬᠦᠬᠡᠬᠤᠲᠠ ᠳᠤ ᠰᠠᠭᠤᠷᠢᠰᠢᠬᠤ ᠶᠢ ᠲᠠᠲᠠᠨ᠎ᠠ᠃      ᠠᠷᠠᠳ ᠠᠴᠠ ᠡᠵᠡᠩᠨᠡᠭᠰᠡᠨ ᠠᠵᠣ ᠠᠬᠤᠢ ᠶᠢ ᠶᠡᠬᠡᠪᠡᠷ ᠬᠦᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠠᠷᠠᠳ ᠠᠴᠠ ᠡᠵᠡᠩᠨᠡᠭᠰᠡᠨ ᠠᠵᠣ ᠠᠬᠤᠢ ᠶᠢ ᠡᠷᠡᠭᠦᠯ ᠢᠶᠠᠷ ᠬᠦᠭᠵᠢᠭᠦᠯᠬᠦ ᠶᠢ ᠳᠡᠮᠵᠢᠭᠰᠡᠨ 26 ᠵᠣᠷᠪᠣᠰ ᠪᠣᠯᠣᠨ ᠮᠠᠨ ᠤ ᠬᠤᠲᠠ ᠶᠢᠨ 50 ᠵᠣᠷᠪᠣᠰ ᠲᠦᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠵᠣ᠂ ᠠᠷᠠᠳ ᠤᠨ ᠳᠤᠮᠳᠠᠬᠢ ᠪᠡᠯᠡ ᠣᠷᠣᠭᠤᠯᠣᠯᠲᠠ ᠶᠢ 5% ᠠᠴᠠ ᠳᠡᠭᠡᠭᠰᠢ ᠨᠡᠮᠡᠭᠳᠡᠭᠦᠯᠦᠨ᠎ᠡ᠃ ᠭᠠᠶᠢᠯᠢ ᠶᠢ ᠪᠠᠭᠠᠰᠬᠠᠵᠣ ᠰᠦᠢᠳᠬᠡᠯ ᠢ ᠪᠠᠭᠤᠷᠠᠭᠤᠯᠬᠤ ᠲᠦᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠣᠨ᠂ ᠮᠦᠩᠭᠦᠨ ᠭᠦᠢᠯᠭᠡᠭᠡᠨ ᠤ ᠪᠠᠶᠢᠭᠤᠯᠣᠮᠵᠢ ᠶᠢᠨ ᠢᠲᠡᠭᠡᠮᠵᠢᠲᠦ ᠵᠢᠭᠡᠯᠡᠯᠭᠡ ᠶᠢᠨ ᠬᠦᠷᠢᠶ᠎ᠡ ᠬᠡᠪᠴᠢᠶ᠎ᠡ ᠪᠠᠨ ᠥᠷᠭᠡᠳᠬᠡᠬᠦ ᠶᠢ ᠬᠦᠲᠦᠯᠦᠨ ᠵᠢᠯᠣᠭᠤᠳᠴᠣ᠂ ᠠᠷᠠᠳ ᠠᠴᠠ ᠡᠵᠡᠩᠨᠡᠭᠰᠡᠨ ᠠᠵᠣ ᠠᠬᠤᠢ ᠶᠢᠨ ᠪᠡᠯᠡ ᠲᠣᠬᠢᠷᠠᠭᠤᠯᠬᠤ ᠳᠤ ᠬᠦᠴᠢᠷ᠂ ᠪᠡᠯᠡ ᠲᠣᠬᠢᠷᠠᠭᠤᠯᠬᠤ ᠳᠤ ᠦᠨᠡᠲᠡᠢ ᠠᠰᠠᠭᠤᠳᠠᠯ ᠢ ᠦᠨᠡᠨᠬᠦ ᠰᠢᠢᠳᠪᠦᠷᠢᠯᠡᠨ᠎ᠡ᠃ ᠵᠠᠰᠠᠭ ᠤᠨ ᠣᠷᠳᠣᠨ ᠪᠣᠯᠣᠨ ᠣᠯᠣᠰ ᠤᠨ ᠦᠮᠴᠢᠯᠡᠯ ᠤᠨ ᠠᠵᠣ ᠠᠬᠤᠶᠢᠯᠠᠯ ᠠᠷᠠᠳ ᠠᠴᠠ ᠡᠵᠡᠩᠨᠡᠭᠰᠡᠨ ᠠᠵᠣ ᠠᠬᠤᠢ ᠶᠢᠨ ᠳᠠᠩᠰᠠ ᠲᠣᠭᠠᠴᠠᠭ᠎ᠠ ᠶᠢ ᠦᠷᠢᠲᠦᠵᠦ ᠣᠳᠠᠭᠠᠰᠢᠷᠠᠭᠤᠯᠣᠭᠰᠠᠨ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠵᠣ᠂ ᠦᠷᠢᠲᠦᠭᠰᠡᠨ ᠮᠦᠩᠭᠦ ᠶᠢ ︽ᠴᠠᠭ ᠲᠣᠭᠲᠠᠭᠠᠨ ᠥᠭᠴᠡᠭᠡ ᠶᠢ ᠢᠯᠭᠠᠷᠠᠭᠤᠯᠣᠨ᠎ᠠ︾᠃ ᠠᠵᠣ ᠦᠢᠯᠡᠳᠪᠦᠷᠢ ᠶᠢᠨ ᠲᠦᠷᠥᠯ ᠵᠦᠢᠯ ︽ᠭᠠᠵᠠᠷ ᠢᠶᠠᠨ ᠣᠯᠣᠮᠠᠭᠴᠠ ᠠᠵᠢᠯ ᠢᠶᠠᠨ ᠡᠬᠢᠯᠡᠭᠦᠯᠬᠦ︾ ᠶᠢ ᠬᠡᠷᠡᠭᠵᠢᠭᠦᠯᠵᠦ᠂ ︽ᠬᠤᠷᠢᠭ᠎ᠠ ᠦᠭᠡᠢ ᠪᠣᠯ ᠣᠷᠣᠵᠣ ᠪᠣᠯᠬᠤ︾ ᠶᠢ ᠨᠡᠶᠢᠳᠡᠮ ᠨᠠᠶᠢᠳᠠᠪᠣᠷᠢᠵᠢᠭᠤᠯᠬᠤ ᠶᠢ ᠲᠦᠯᠬᠢᠨ ᠠᠬᠢᠭᠤᠯᠣᠨ᠎ᠠ᠃ ᠠᠵᠣ ᠠᠬᠤᠶᠢᠯᠠᠯ ᠤᠨ ᠵᠠᠭᠠᠯᠳᠣᠬᠤ ᠶᠢ ᠰᠢᠢᠳᠪᠦᠷᠢᠯᠡᠬᠦ ᠦᠢᠯᠡᠴᠢᠯᠡᠭᠡᠨ ᠤ ᠲᠣᠭᠲᠠᠴᠠ ᠶᠢ ᠪᠠᠶᠢᠭᠤᠯᠵᠣ᠂ ᠵᠠᠰᠠᠭ ᠤᠨ ᠣᠷᠳᠣᠨ ᠠᠵᠣ ᠠᠬᠤᠶᠢᠯᠠᠯ ᠤᠨ ᠨᠡᠪᠲᠡᠷᠡᠯᠴᠡᠬᠦ ᠠᠷᠭ᠎ᠠ ᠵᠠᠮ ᠢ ᠰᠢᠯᠣᠭᠤᠬᠠᠨ ᠪᠠᠶᠢᠯᠭᠠᠵᠣ᠂ ᠲᠣᠳᠣᠨᠣ ᠴᠢᠭᠡᠴᠢ ᠬᠡᠯᠪᠡᠷᠢ ᠶᠢᠨ ᠵᠠᠰᠠᠭ ᠤᠨ ᠣᠷᠳᠣᠨ ᠬᠤᠳᠠᠯᠳᠣᠭᠠᠴᠢᠨ ᠤ ᠬᠠᠷᠢᠴᠠᠭ᠎ᠠ ᠶᠢ ᠪᠠᠶᠢᠭᠤᠯᠣᠨ᠎ᠠ᠃ ᠠᠵᠣ ᠠᠬᠤᠶᠢᠯᠠᠯ ᠢ ᠬᠦᠭᠵᠢᠭᠦᠯᠬᠦ ᠶᠢ ᠬᠦᠬᠢᠭᠦᠯᠦᠨ ᠳᠡᠮᠵᠢᠬᠦ ᠲᠦᠷᠥ ᠶᠢᠨ ᠪᠣᠳᠣᠯᠭ᠎ᠠ ᠠᠷᠭ᠎ᠠ ᠠᠪᠴᠠᠯ ᠪᠣᠯᠭᠠᠨ ᠢ ᠪᠦᠬᠦᠨ ᠢ ᠲᠡᠷᠡ ᠶᠣᠰᠣᠭᠠᠷ ᠨᠢ ᠪᠡᠶᠡᠯᠡᠭᠦᠯᠵᠦ᠂ ᠠᠵᠣ ᠠᠬᠤᠶᠢᠯᠠᠯᠲᠠᠨ ᠢ ᠬᠦᠬᠡᠬᠤᠲᠠ ᠳᠤ ᠰᠡᠳᠬᠢᠯ ᠲᠠᠶᠢᠪᠣᠭᠤ ᠪᠡᠯᠡ ᠣᠷᠣᠭᠤᠯᠵᠣ᠂ ᠰᠡᠳᠬᠢᠯ ᠲᠠᠭᠠᠯᠠᠮᠵᠢᠲᠠᠢ ᠦᠢᠯᠡᠰ ᠴᠣᠭᠴᠠᠯᠠᠵᠣ᠂ ᠰᠠᠨᠠᠭ᠎ᠠ ᠲᠠᠶᠢᠪᠣᠩ ᠬᠦᠭᠵᠢᠯᠲᠡ ᠪᠠᠨ ᠣᠯᠬᠤ ᠶᠢ ᠪᠢᠳᠡ ᠲᠥᠪ ᠴᠢᠭᠡᠴᠢ ᠪᠠᠷ ᠠᠮᠠᠯᠳᠠᠨ᠎ᠠ︕       ︵ᠳᠣᠯᠤᠭ᠎ᠠ︶ ᠠᠷᠠᠳ ᠤᠨ ᠠᠮᠢᠳᠣᠷᠠᠯ ᠪᠣᠯᠣᠨ ᠨᠡᠶᠢᠭᠡᠮ ᠤᠨ ᠠᠵᠢᠯ ᠦᠢᠯᠡᠰ ᠤᠨ ᠬᠦᠭᠵᠢᠯᠲᠡ ᠶᠢᠨ ᠬᠢᠷᠢ ᠲᠦᠪᠰᠢᠨ ᠢ ᠲᠠᠰᠣᠷᠠᠯᠲᠠ ᠦᠭᠡᠢ ᠳᠡᠭᠡᠭᠰᠢᠯᠡᠭᠦᠯᠦᠨ᠎ᠡ      ᠠᠵᠢᠯ ᠣᠯᠭᠤᠯᠲᠠ ᠪᠣᠯᠣᠨ ᠨᠡᠶᠢᠭᠡᠮ ᠤᠨ ᠪᠠᠲᠣᠯᠠᠭ᠎ᠠ ᠶᠢᠨ ᠰᠢᠰᠲ᠋ᠧᠮᠵᠢ ᠶᠢ ᠪᠦᠷᠢᠨᠰᠢᠭᠦᠯᠦᠨ᠎ᠡ᠃ ︽ᠠᠩᠬᠠᠨ ᠤ ᠡᠭᠦᠳᠦᠯᠲᠡ ᠳᠤ ᠲᠣᠰᠠᠯᠠᠬᠤ︾ ᠲᠦᠷᠥᠯ ᠲᠡᠮᠳᠡᠭᠲᠦ ᠶᠢᠨ ᠠᠵᠢᠯᠯᠠᠭ᠎ᠠ ᠶᠢ ᠦᠷᠭᠦᠯᠵᠢᠯᠡᠨ ᠲᠦᠯᠬᠢᠨ ᠠᠬᠢᠭᠤᠯᠵᠣ᠂ ᠡᠯ᠎ᠡ ᠲᠦᠷᠥᠯ ᠤᠨ  ᠬᠠᠮᠲᠣ ᠴᠣᠭᠴᠠ ᠶᠢᠨ ᠠᠵᠢᠯ ᠣᠯᠬᠤ ᠪᠠ ᠠᠳᠠᠯ ᠦᠢᠯᠡᠰ ᠴᠣᠭᠴᠠᠯᠠᠬᠤ ᠴᠢᠳᠠᠪᠣᠷᠢ ᠶᠢ ᠯᠠᠪᠳᠠᠭᠤᠨ ᠳᠡᠭᠡᠭᠰᠢᠯᠡᠭᠦᠯᠦᠨ᠂ ᠪᠦᠬᠦ ᠵᠢᠯ ᠳᠤ ᠰᠢᠨ᠎ᠡ ᠪᠠᠷ ᠠᠵᠢᠯ ᠣᠯᠭᠤᠭᠰᠠᠨ ᠬᠦᠮᠦᠨ ᠤ ᠲᠤᠭ᠎ᠠ ᠶᠢ 3.6 ᠲᠦᠮᠡᠨ ᠬᠦᠮᠦᠨ ᠪᠣᠯᠭᠠᠵᠣ᠂ ︽ᠠᠵᠢᠯ ᠣᠯᠣᠭᠰᠠᠨ ᠬᠦᠮᠦᠨ ᠦᠭᠡᠢ︾ ᠭᠡᠷ ᠪᠦᠯᠢ ᠶᠢᠨ ᠬᠦᠳᠡᠯᠭᠡᠨᠲᠦ ᠮᠠᠶ᠋ᠢᠭ ᠢᠶᠠᠷ ᠠᠵᠢᠯ ᠣᠯᠬᠤ ᠶᠢ ᠪᠠᠲᠣᠯᠠᠨ᠎ᠠ᠃ ᠳᠠᠭᠠᠳᠬᠠᠯ ᠳᠤ ᠣᠷᠣᠬᠤ ᠶᠢ ᠳᠡᠮᠵᠢᠨ ᠬᠦᠬᠢᠭᠦᠯᠬᠦ ᠲᠦᠷᠥ ᠶᠢᠨ ᠪᠣᠳᠣᠯᠭ᠎ᠠ ᠶᠢ ᠪᠦᠷᠢᠨᠰᠢᠭᠦᠯᠵᠦ᠂ ᠲᠠᠪᠣᠨ ᠪᠠᠲᠣᠯᠠᠭᠠᠲᠣ ᠠᠰᠠᠷᠠᠨ ᠲᠡᠵᠢᠭᠡᠬᠦ ᠡᠷᠦᠬᠡ᠂ ᠳᠠᠩᠰᠠᠯᠠᠵᠣ ᠺᠠᠷᠲᠯᠠᠭᠰᠠᠨ ᠶᠠᠳᠠᠭᠤ ᠠᠴᠠ ᠠᠩᠭᠢᠵᠢᠷᠠᠭ᠎ᠠ ᠦᠭᠡᠢ ᠬᠦᠮᠦᠨ᠂ ᠬᠦᠨᠳᠦ ᠬᠡᠮᠵᠢᠶᠡᠨ ᠤ ᠵᠡᠮᠳᠡᠭ ᠬᠦᠮᠦᠨ᠂ ᠬᠤᠲᠠ ᠬᠦᠳᠡᠭᠡ ᠶᠢᠨ  ᠨᠠᠭᠠᠳᠣᠮ ᠵᠠᠬ᠎ᠠ ᠶᠢᠨ ᠠᠮᠢᠳᠣᠷᠠᠯ ᠤᠨ ᠪᠠᠲᠣᠯᠠᠭᠠᠲᠣ ᠡᠷᠦᠬᠡ᠂ ᠭᠠᠭᠴᠠ ᠬᠡᠥᠬᠡᠳ ᠢᠶᠠᠨ ᠠᠯᠳᠠᠭᠰᠠᠨ ᠭᠡᠷ ᠪᠦᠯᠢ ᠵᠡᠷᠭᠡ ᠣᠨᠴᠠ ᠬᠦᠴᠢᠷᠲᠡᠢ ᠬᠠᠮᠲᠣ ᠴᠣᠭᠴᠠ ᠶᠢᠨ ᠨᠠᠰᠣᠵᠢᠯ ᠤᠨ ᠠᠰᠠᠷᠠᠮᠵᠢ ᠶᠢᠨ ᠳᠠᠭᠠᠳᠬᠠᠯ ᠢ ᠣᠷᠣᠯᠠᠨ ᠲᠣᠰᠢᠶᠠᠵᠣ᠂ ᠣᠣᠯ ᠤᠨ ᠣᠯᠣᠰ ᠤᠨ ᠠᠵᠣ ᠠᠬᠤᠶᠢᠯᠠᠯ ᠤᠨ ᠨᠠᠰᠤ ᠬᠡᠲᠦᠷᠡᠭᠰᠡᠨ ᠠᠵᠢᠯ ᠠᠴᠠ ᠪᠠᠨ ᠪᠠᠭᠤᠵᠣ ᠠᠵᠢᠯ ᠠᠯᠳᠠᠭᠰᠠᠨ ᠬᠦᠮᠦᠰ ᠲᠤ ᠨᠡᠶᠢᠭᠡᠮ ᠤᠨ ᠳᠠᠭᠠᠳᠬᠠᠯ ᠤᠨ ᠰᠦᠢᠳᠬᠡᠯ ᠢ  ᠲᠣᠰᠢᠶᠠᠵᠣ ᠥᠭᠬᠦ ᠲᠣᠰᠠᠯᠠᠮᠵᠢ ᠬᠦᠷᠲᠡᠭᠡᠵᠦ᠂ ᠬᠤᠲᠠ ᠬᠦᠳᠡᠭᠡ ᠶᠢᠨ ᠬᠦᠴᠢᠷᠳᠡᠯ ᠲᠠᠢ ᠭᠡᠷ ᠪᠦᠯᠢ ᠶᠢ ᠲᠡᠩᠬᠡᠷᠡᠭᠦᠯᠦᠨ ᠲᠣᠰᠠᠯᠠᠬᠤ ᠶᠢ ᠰᠠᠶᠢᠲᠣᠷ ᠬᠢᠨ᠎ᠡ᠃ ᠬᠦᠴᠦ ᠶᠠᠪᠣᠭᠴᠢ ᠮᠠᠯᠴᠢᠨ ᠲᠠᠷᠢᠶᠠᠴᠢᠨ ᠤ ᠴᠠᠯᠢᠩ ᠣᠯᠭᠤᠮᠵᠢ ᠶᠢ ᠥᠭᠬᠦ ᠬᠢᠨᠠᠯᠲᠠ ᠬᠠᠮᠢᠶᠠᠷᠣᠯᠲᠠ ᠶᠢ ᠴᠢᠩᠭᠠᠳᠬᠠᠵᠣ᠂ ᠬᠦᠴᠦ ᠶᠠᠪᠣᠭᠴᠢ ᠮᠠᠯᠴᠢᠨ ᠲᠠᠷᠢᠶᠠᠴᠢᠨ ᠤ ᠬᠠᠣᠯᠢ ᠶᠣᠰᠣᠨ ᠤ ᠡᠷᠬᠡ ᠠᠰᠢᠭ ᠢ ᠪᠠᠲᠣᠯᠠᠨ᠎ᠠ᠃ ᠬᠢᠮᠳᠠ ᠣᠷᠣᠨ ᠰᠠᠭᠤᠴᠠ ᠶᠢᠨ ᠪᠠᠲᠣᠯᠠᠭ᠎ᠠ ᠶᠢᠨ ᠢᠨᠵᠧᠨᠧᠷᠢᠩ ᠢ ᠦᠷᠭᠦᠯᠵᠢᠯᠡᠨ ᠠᠬᠢᠭᠤᠯᠵᠣ᠂ ᠳᠦᠭᠦᠮ  ᠪᠦᠲᠦᠴᠡᠲᠦ ᠣᠷᠣᠨ ᠰᠠᠭᠤᠴᠠ ᠶᠢ 2000 ᠢᠵᠢ ᠥᠭᠡᠷᠡᠴᠢᠯᠡᠨ ᠰᠠᠶᠢᠵᠢᠷᠠᠭᠤᠯᠵᠣ᠂ 20 ᠬᠠᠭᠤᠴᠢᠷᠠᠭᠰᠠᠨ ᠬᠤᠷᠢᠶᠠᠯᠠᠯ ᠢ ᠪᠠᠷᠢᠮᠵᠢᠶ᠎ᠠ ᠶᠢ ᠨᠢ ᠳᠡᠭᠡᠭᠰᠢᠯᠡᠭᠦᠯᠵᠦ ᠥᠭᠡᠷᠡᠴᠢᠯᠡᠨ ᠰᠠᠶᠢᠵᠢᠷᠠᠭᠤᠯᠣᠨ᠎ᠠ᠃      ᠡᠷᠡᠭᠦᠯ ᠬᠦᠬᠡᠬᠤᠲᠠ ᠶᠢ ᠲᠦᠷᠭᠡᠳᠬᠡᠨ ᠪᠠᠶᠢᠭᠤᠯᠣᠨ᠎ᠠ᠃ ᠴᠡᠯᠡᠭᠡᠷ ᠲᠠᠯ᠎ᠠ ᠡᠮᠨᠡᠯᠭᠡ ᠶᠢᠨ ᠬᠤᠷᠢᠶ᠎ᠠ ᠪᠣᠯᠣᠨ ᠣᠶᠣᠨᠲᠣ ᠪᠠᠴᠢᠮ ᠠᠪᠣᠷᠠᠯᠲᠠ ᠶᠢᠨ ᠲᠠᠪᠴᠠᠩ ᠢ ᠡᠬᠢᠯᠡᠵᠦ ᠪᠦᠲᠦᠭᠡᠨ ᠪᠠᠶᠢᠭᠤᠯᠣᠨ᠂ ᠬᠤᠲᠠ ᠶᠢᠨ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠶᠢᠨ ᠡᠮᠨᠡᠨ ᠰᠤᠪᠢᠯᠠᠬᠤ ᠲᠥᠪ᠂ ᠬᠤᠲᠠ ᠶᠢᠨ ᠬᠤᠶᠠᠳᠣᠭᠠᠷ ᠡᠮᠨᠡᠯᠭᠡ ᠶᠢᠨ ᠬᠤᠷᠢᠶ᠎ᠠ ᠵᠡᠷᠭᠡ ᠭᠤᠣᠯᠳᠠᠯᠭ᠎ᠠ ᠲᠠᠢ ᠲᠦᠷᠥᠯ ᠵᠦᠢᠯ ᠢ  ᠲᠦᠷᠭᠡᠳᠬᠡᠨ ᠪᠠᠶᠢᠭᠤᠯᠣᠨ᠎ᠠ᠃ ᠬᠤᠲᠠ ᠶᠢᠨ ᠳᠦᠷᠪᠡᠨ ᠲᠣᠭᠤᠷᠢᠭ ᠤᠨ ᠡᠮᠨᠡᠯᠭᠡ ᠶᠢᠨ ᠬᠤᠷᠢᠶ᠎ᠠ ᠬᠢᠭᠡᠳ ᠣᠯᠣᠰ ᠤᠨ ᠳᠣᠲᠣᠭᠠᠳᠣ ᠶᠢᠨ ᠨᠡᠷᠡᠲᠦ ᠡᠮᠴᠢᠯᠡᠭᠡᠨ ᠤ ᠪᠠᠶᠢᠭᠤᠯᠣᠮᠵᠢ ᠶᠢᠨ ᠬᠤᠭᠤᠷᠣᠨᠳᠣᠬᠢ ᠬᠠᠮᠲᠣᠷᠠᠯᠴᠠᠭ᠎ᠠ ᠶᠢ ᠲᠦᠯᠬᠢᠨ ᠠᠬᠢᠭᠤᠯᠵᠣ᠂ ᠵᠢᠷᠦᠬᠡ ᠴᠢᠰᠣᠨ ᠰᠤᠳᠠᠯ᠂ ᠬᠠᠪᠣᠳᠠᠷ ᠵᠡᠷᠭᠡ ᠣᠨᠴᠠᠯᠢᠭ ᠪᠦᠬᠦᠢ ᠲᠣᠰᠬᠠᠢ ᠡᠮᠨᠡᠯᠭᠡ ᠶᠢᠨ ᠬᠤᠷᠢᠶ᠎ᠠ ᠶᠢ ᠴᠣᠭᠴᠠᠯᠠᠨ ᠪᠠᠶᠢᠭᠤᠯᠣᠨ᠎ᠠ᠃ ᠰᠢᠶᠠᠨ ᠤ ᠬᠡᠪᠴᠢᠶᠡᠨ ᠤ ᠡᠮᠴᠢᠯᠡᠭᠡᠨ ᠤ ᠪᠠᠶᠢᠭᠤᠯᠣᠮᠵᠢ ᠶᠢᠨ ᠶᠡᠷᠦᠩᠬᠡᠢ ᠥᠭᠡᠷᠡᠴᠢᠯᠡᠯᠲᠡ ᠶᠢ ᠬᠡᠷᠡᠭᠵᠢᠭᠦᠯᠦᠨ᠂ ᠦᠨᠳᠦᠰᠦᠨ ᠱᠠᠲᠣᠨ ᠤ ᠡᠮᠴᠢᠯᠡᠭᠡ ᠶᠢᠨ ᠦᠢᠯᠡᠴᠢᠯᠡᠭᠡᠨ ᠤ ᠴᠢᠳᠠᠪᠣᠷᠢ ᠶᠢ ᠳᠡᠭᠡᠭᠰᠢᠯᠡᠭᠦᠯᠦᠨ᠎ᠡ᠃ ᠳᠡᠰ ᠬᠤᠪᠢᠶᠠᠨ ᠣᠨᠣᠰᠢᠯᠠᠨ ᠡᠮᠴᠢᠯᠡᠬᠦ ᠳᠦᠷᠢᠮ ᠢ ᠪᠦᠷᠢᠨᠰᠢᠭᠦᠯᠵᠦ᠂ ᠨᠡᠷᠡᠲᠦ ᠡᠮᠴᠢ ᠶᠢᠨ ᠠᠵᠢᠯᠯᠠᠬᠤ ᠲᠠᠰᠤᠭ 20 ᠶᠢ ᠰᠢᠨ᠎ᠡ ᠪᠠᠷ ᠪᠠᠶᠢᠭᠤᠯᠣᠨ᠎ᠠ ᠃ ᠠᠭᠠᠷ ᠤᠨ ᠡᠮᠴᠢᠯᠡᠭᠡᠨ ᠤ ᠠᠪᠣᠷᠠᠨ ᠲᠣᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠲᠣᠭᠲᠠᠴᠠ ᠶᠢ ᠬᠠᠶᠢᠨ ᠰᠦᠪᠡᠭᠴᠢᠯᠡᠨ᠎ᠡ᠃ ᠵᠠᠰᠠᠭ ᠤᠨ ᠣᠷᠳᠣᠨ ᠤ ᠵᠡᠮᠳᠡᠭ ᠲᠤ ᠲᠣᠰᠠᠯᠠᠬᠤ ᠦᠢᠯᠡᠴᠢᠯᠡᠭᠡ ᠬᠤᠳᠠᠯᠳᠣᠨ ᠠᠪᠬᠤ ᠬᠡᠪᠴᠢᠶᠡᠵᠢᠯ ᠢ ᠥᠷᠭᠡᠳᠬᠡᠵᠦ᠂ ︽ᠬᠠᠷᠠᠭ᠎ᠠ ᠣᠷᠣᠭᠤᠯᠬᠤ ᠠᠶᠠᠯᠠᠯ︾ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠰᠠᠶ᠋ᠢ ᠲᠦᠷᠦᠭᠰᠡᠨ ᠬᠡᠥᠬᠡᠳ ᠲᠤ ᠣᠳᠣᠮᠰᠢᠯ ᠤᠨ ᠴᠢᠨᠠᠷᠲᠠᠢ ᠴᠢᠬᠢ ᠳᠦᠯᠡᠶᠢᠷᠡᠬᠦ ᠭᠧᠨ ᠪᠣᠯᠣᠨ ᠣᠳᠣᠮᠰᠢᠯ ᠤᠨ ᠴᠢᠨᠠᠷᠲᠠᠢ ᠰᠣᠯᠢᠯᠴᠠᠭ᠎ᠠ ᠶᠢᠨ ᠡᠪᠡᠳᠴᠢᠨ ᠢ ᠰᠦᠢᠳᠭᠡᠯ ᠬᠤᠷᠢᠶᠠᠬᠤ ᠦᠭᠡᠢ ᠪᠠᠷ ᠰᠢᠭᠰᠢᠨ ᠪᠠᠶᠢᠴᠠᠭᠠᠯᠲᠠ ᠬᠢᠵᠦ ᠥᠭᠭᠦᠨ᠎ᠡ᠃ ᠰᠢᠶᠠᠩ ᠪᠠᠯᠭᠠᠰᠣ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠲᠣᠭᠠᠵᠢᠭᠤᠯᠣᠭᠰᠠᠨ ᠡᠮᠴᠢᠯᠡᠭᠡᠨ ᠤ ᠲᠦᠬᠦᠭᠡᠷᠦᠮᠵᠢ ᠶᠢᠨ ᠣᠷᠣᠭᠤᠯᠣᠯᠲᠠ ᠶᠢ ᠨᠡᠮᠡᠭᠳᠡᠭᠦᠯᠵᠦ᠂ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠠᠵᠢᠯ ᠤᠨ ᠪᠠᠶᠢᠷᠢᠨ ᠳᠤ ᠪᠠᠨ ᠪᠠᠶᠢᠭ᠎ᠠ ᠬᠦᠮᠦᠰ ᠲᠤ ᠵᠢᠯ ᠪᠦᠷᠢ ᠬᠦᠮᠦᠨ ᠪᠣᠯᠭᠠᠨ ᠳᠤ ᠲᠣᠰᠬᠠᠢ ᠵᠦᠢᠯ ᠤᠨ ᠨᠦᠬᠦᠪᠦᠷᠢ 1 ᠲᠦᠮᠡᠨ ᠲᠦᠭᠦᠷᠢᠭ ᠨᠡᠮᠡᠵᠦ ᠥᠭᠭᠦᠨ᠎ᠡ᠃      ᠠᠷᠠᠳ ᠤᠯᠠᠨ ᠬᠠᠨᠣᠮᠵᠢᠲᠠᠢ ᠰᠣᠷᠭᠠᠨ ᠬᠦᠮᠦᠵᠢᠯ ᠢ ᠪᠦᠬᠦ ᠬᠦᠴᠦᠨ ᠢᠶᠠᠷ ᠰᠠᠶᠢᠲᠣᠷ ᠡᠷᠬᠢᠯᠡᠨ᠎ᠡ᠃ ᠰᠣᠷᠭᠠᠭᠤᠯᠢ ᠶᠢᠨ ᠲᠣᠭᠤᠷᠢᠭ ᠤᠨ ᠳᠦᠷᠢᠮ ᠤᠨ ᠬᠠᠮᠢᠶᠠᠷᠣᠯᠲᠠ᠂ ᠬᠤᠯᠪᠣᠭᠠᠯᠠᠯ ᠤᠨ ᠳᠦᠷᠢᠮ ᠢᠶᠠᠷ ᠰᠣᠷᠭᠠᠭᠤᠯᠢ ᠡᠷᠬᠢᠯᠡᠬᠦ ᠪᠠ ᠬᠤᠪᠢᠶᠠᠷᠢ ᠰᠣᠷᠭᠠᠭᠤᠯᠢ ᠡᠷᠬᠢᠯᠡᠬᠦ ᠶᠢ ᠵᠣᠷᠢᠭᠵᠢᠭᠤᠯᠵᠣ᠂ ᠴᠢᠨᠠᠷᠯᠢᠭ ᠰᠣᠷᠭᠠᠨ ᠬᠦᠮᠦᠵᠢᠯ ᠤᠨ ᠡᠬᠢ ᠪᠠᠶᠠᠯᠢᠭ ᠢ ᠬᠠᠮᠲᠣᠪᠠᠷ ᠡᠳ᠋ᠯᠡᠬᠦ ᠶᠢ ᠪᠡᠶᠡᠯᠡᠭᠦᠯᠦᠨ᠂ ︽ᠬᠡᠳᠥ ᠲᠣᠭᠠᠲᠤ ᠠᠩᠭᠢ︾ ︽ᠰᠤᠷᠭᠠᠭᠤᠯᠢ ᠰᠣᠩᠭᠤᠬᠤ ᠬᠠᠯᠠᠮᠰᠢᠯ︾ ᠤᠨ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠨ᠎ᠡ᠃ ᠰᠣᠷᠬᠤ ᠨᠠᠰᠣᠨ ᠠᠴᠠ ᠡᠮᠦᠨᠡᠬᠢ ᠰᠣᠷᠭᠠᠨ ᠬᠦᠮᠦᠵᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠦᠷᠢᠮᠵᠢᠭᠦᠨ ᠬᠦᠭᠵᠢᠭᠦᠯᠬᠦ ᠬᠡᠷᠡᠭᠵᠢᠭᠦᠯᠬᠦ ᠲᠦᠰᠥᠯ ᠢ ᠨᠡᠶᠢᠲᠡᠯᠡᠵᠦ᠂ ᠠᠯᠪᠠᠨ ᠠᠴᠠ ᠡᠷᠬᠢᠯᠡᠭᠰᠡᠨ ᠬᠡᠥᠬᠡᠳ ᠤᠨ ᠴᠡᠴᠡᠷᠯᠢᠭ 30 ᠶᠢ ᠰᠢᠨ᠎ᠡ ᠪᠠᠷ ᠪᠠᠶᠢᠭᠤᠯᠵᠣ᠂ ᠨᠡᠶᠢᠭᠡᠮ ᠤᠨ ᠬᠦᠷᠦᠩᠭᠡ ᠪᠠᠷ ᠲᠦᠭᠡᠮᠡᠯ ᠬᠠᠷᠠᠭᠠᠯᠵᠠᠯ ᠤᠨ ᠴᠢᠨᠠᠷᠲᠠᠢ ᠠᠷᠠᠳ ᠠᠴᠠ ᠡᠷᠬᠢᠯᠡᠭᠰᠡᠨ ᠬᠡᠥᠬᠡᠳ ᠤᠨ ᠴᠡᠴᠡᠷᠯᠢᠭ ᠪᠠᠶᠢᠭᠤᠯᠬᠤ ᠶᠢ ᠳᠡᠮᠵᠢᠨ᠎ᠡ᠃ ᠰᠣᠷᠣᠭᠴᠢᠳ ᠲᠤ ᠵᠣᠷᠢᠭᠤᠯᠣᠭᠰᠠᠨ ᠠᠮᠠᠷᠠᠵᠣ ᠬᠤᠭᠤᠯᠠᠯᠠᠬᠤ ᠭᠠᠵᠠᠷ ᠤᠨ ᠬᠢᠨᠠᠯᠲᠠ ᠬᠠᠮᠢᠶᠠᠷᠣᠯᠲᠠ ᠶᠢᠨ ᠡᠷᠴᠢᠮ ᠢ ᠴᠢᠩᠭᠠᠳᠬᠠᠵᠣ᠂ ᠰᠣᠷᠭᠠᠭᠤᠯᠢ ᠠᠴᠠ ᠬᠤᠭᠤᠯᠠᠨ ᠭᠡᠷ ᠪᠦᠷᠢᠳᠦᠭᠦᠯᠦᠨ ᠪᠠᠶᠢᠭᠤᠯᠵᠣ᠂ ᠲᠣᠬᠢᠷᠠᠭᠤᠯᠣᠨ ᠬᠦᠷᠭᠡᠬᠦ ᠬᠤᠭᠤᠯᠠ ᠪᠣᠳᠠᠭ᠎ᠠ  ᠣᠷᠣᠭᠤᠯᠬᠤ ᠶᠢ ᠳᠡᠮᠵᠢᠵᠦ᠂ ᠰᠣᠷᠣᠭᠴᠢᠳ ᠤᠨ ᠢᠳᠡᠭᠡᠨ ᠤᠮᠳᠠᠭᠠᠨ ᠤ ᠠᠶᠣᠯ ᠦᠭᠡᠢ ᠶᠢ ᠪᠠᠲᠣᠯᠠᠨ᠎ᠠ᠃ ᠦᠨᠳᠦᠰᠦᠲᠡᠨ ᠤ ᠰᠤᠷᠭᠠᠨ ᠬᠦᠮᠦᠵᠢᠯ᠂ ᠠᠵᠢᠯ ᠮᠡᠷᠭᠡᠵᠢᠯ ᠤᠨ ᠰᠣᠷᠭᠠᠨ ᠬᠦᠮᠦᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠵᠦ᠂15 ᠵᠢᠯ ᠤᠨ ᠲᠣᠭᠤᠰᠢ ᠵᠢᠷᠤᠮᠯᠠᠬᠤ ᠳᠦᠷᠢᠮᠲᠦ ᠮᠣᠩᠭᠤᠯ ᠦᠨᠳᠦᠰᠦᠲᠡᠨ ᠤ ᠲᠣᠷᠰᠢᠯᠲᠠ ᠶᠢᠨ ᠰᠣᠷᠭᠠᠭᠤᠯᠢ ᠶᠢ ᠪᠠᠶᠢᠭᠤᠯᠣᠨ ᠠᠰᠢᠭᠯᠠᠯᠲᠠ ᠳᠤ ᠣᠷᠣᠭᠤᠯᠣᠨ᠎ᠠ᠃ ᠦᠨᠳᠦᠰᠦᠨ ᠱᠠᠲᠣᠨ ᠤ ᠪᠠᠭᠰᠢ ᠶᠢᠨ ᠬᠠᠷᠠᠭᠠᠯᠵᠠᠯ ᠢ ᠰᠠᠶᠢᠵᠢᠷᠠᠭᠤᠯᠣᠨ᠂ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠤ ᠪᠠᠶᠢᠭ᠎ᠠ ᠭᠠᠵᠠᠷ ᠠᠴᠠ ᠭᠠᠳᠠᠨᠠᠬᠢ ᠰᠢᠶᠠᠩ ᠲᠣᠰᠬᠤᠨ ᠤ ᠠᠯᠪᠠᠨ ᠠᠴᠠ ᠡᠷᠬᠢᠯᠡᠭᠰᠡᠨ ᠰᠣᠷᠭᠠᠭᠤᠯᠢ᠂ ᠬᠡᠥᠬᠡᠳ ᠤᠨ ᠴᠡᠴᠡᠷᠯᠢᠭ ᠤᠨ ᠠᠵᠢᠯ ᠤᠨ ᠪᠠᠶᠢᠷᠢᠨ ᠳᠤ ᠪᠠᠨ ᠪᠠᠶᠢᠭ᠎ᠠ ᠪᠠᠭᠰᠢ ᠠᠵᠢᠯᠲᠠᠨ ᠠᠵᠢᠯᠴᠢᠨ ᠳᠤ ᠵᠢᠯ ᠪᠦᠷᠢ ᠬᠦᠮᠦᠨ ᠪᠣᠯᠭᠠᠨ ᠳᠤ ᠲᠣᠰᠬᠠᠢ ᠵᠦᠢᠯ ᠤᠨ ᠨᠦᠬᠦᠪᠦᠷᠢ 1 ᠲᠦᠮᠡᠨ ᠲᠦᠭᠦᠷᠢᠭ ᠨᠡᠮᠡᠵᠦ ᠥᠭᠭᠦᠨ᠎ᠡ᠃       ︽ᠠᠮᠣᠷ ᠲᠦᠪᠰᠢᠨ ᠬᠦᠬᠡᠬᠤᠲᠠ︾ ᠶᠢ ᠪᠦᠬᠦ ᠬᠦᠴᠦᠨ ᠢᠶᠠᠷ ᠪᠦᠲᠦᠭᠡᠨ ᠪᠠᠶᠢᠭᠤᠯᠣᠨ᠎ᠠ᠃ ᠲᠦᠯᠦᠪᠵᠢᠭᠦᠯᠭᠡ᠂ ᠪᠦᠲᠦᠭᠡᠨ ᠪᠠᠶᠢᠭᠤᠯᠣᠯᠲᠠ᠂ ᠬᠠᠮᠢᠶᠠᠷᠣᠯᠲᠠ᠂ ᠠᠮᠤᠷ ᠲᠦᠪᠰᠢᠨ ᠵᠡᠷᠭᠡ ᠲᠠᠪᠴᠠᠩ ᠤᠨ ᠮᠡᠳᠡᠭᠡ ᠵᠠᠩᠭᠢ ᠶᠢ ᠨᠢᠭᠡᠳᠬᠡᠵᠦ᠂ ᠰᠢᠨ᠎ᠡ ᠬᠡᠯᠪᠡᠷᠢ ᠶᠢᠨ ᠣᠶᠣᠨᠲᠣ ᠬᠤᠲᠠ ᠶᠢᠨ ᠵᠢᠯᠣᠭᠤᠳᠬᠤ ᠠᠵᠢᠯᠯᠠᠭᠠᠨ ᠤ ᠲᠠᠪᠴᠠᠩ ᠢ ᠪᠠᠶᠢᠭᠤᠯᠣᠨ᠂ ᠠᠶᠣᠯ ᠲᠦᠭᠰᠢᠭᠦᠷᠢ ᠶᠢ ᠬᠠᠮᠢᠶᠠᠷᠣᠨ ᠡᠵᠡᠮᠳᠡᠬᠦ᠂ ᠳᠠᠯᠳᠠ ᠭᠡᠮ ᠢ ᠵᠢᠭᠰᠠᠭᠠᠨ ᠪᠠᠶᠢᠴᠠᠭᠠᠬᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠵᠡᠷᠭᠡ ᠶᠢ ᠬᠠᠮᠣᠷᠣᠭᠰᠠᠨ ᠪᠦᠬᠦ ᠲᠠᠯ᠎ᠠ ᠶᠢᠨ ᠬᠤᠲᠠ ᠶᠢᠨ ᠠᠮᠣᠷ ᠲᠦᠪᠰᠢᠨ ᠤ ᠪᠠᠲᠣᠯᠠᠭ᠎ᠠ ᠶᠢᠨ ᠰᠢᠰᠲ᠋ᠧᠮᠵᠢ ᠶᠢ ᠪᠠᠶᠢᠭᠤᠯᠣᠨ᠎ᠠ᠃ ᠵᠠᠬᠢᠳᠠᠯ ᠰᠣᠷᠪᠣᠯᠵᠢᠯᠠᠭ᠎ᠠ ᠲᠣᠭᠲᠠᠭᠤᠨ  ᠢ ᠬᠠᠮᠠᠭᠠᠯᠠᠬᠤ ᠶᠢ ᠴᠢᠩᠭᠠᠳᠬᠠᠵᠣ᠂ ︽ᠣᠴᠢᠷ ᠶᠠᠪᠣᠳᠠᠯ ᠢ ᠵᠠᠪᠠᠯ ᠰᠢᠢᠳᠪᠦᠷᠢᠯᠡᠬᠦ︾ ᠣᠪᠣᠷ ᠢᠶᠠᠷ ᠵᠦᠷᠢᠴᠡᠯ ᠵᠢᠭᠤᠷᠠᠯᠳᠣᠭᠠᠨ ᠢ ᠪᠦᠲᠦᠮᠵᠢᠲᠡᠢ ᠰᠢᠢᠳᠪᠦᠷᠢᠯᠡᠨ᠎ᠡ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠣᠯᠲᠠ ᠶᠢ ᠴᠢᠩᠭᠠᠳᠬᠠᠵᠣ᠂ ᠭᠠᠯ  ᠤᠨᠲᠠᠷᠠᠭᠠᠭᠤᠷ ᠪᠣᠯᠣᠨ ᠲᠡᠭᠡᠯᠡᠢ ᠭᠤᠭᠤᠵᠢᠭᠤᠷ ᠵᠡᠷᠭᠡ ᠠᠪᠣᠷᠠᠯᠲᠠ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠣᠯᠲᠠ ᠶᠢ ᠲᠦᠯᠬᠢᠨ ᠠᠬᠢᠭᠤᠯᠵᠣ᠂ ᠭᠤᠣᠯᠳᠠᠯᠭ᠎ᠠ ᠲᠠᠢ ᠠᠵᠢᠯ ᠲᠦᠷᠥᠯ ᠤᠨ ᠠᠶᠣᠯ ᠦᠭᠡᠢ ᠦᠢᠯᠡᠳᠪᠦᠷᠢᠯᠡᠯ ᠤᠨ ᠴᠡᠭᠴᠡᠯᠡᠨ ᠵᠠᠰᠠᠯᠲᠠ ᠶᠢ ᠰᠠᠶᠢᠲᠣᠷ ᠠᠳᠬᠤᠵᠣ᠂ ᠬᠦᠨᠳᠦ ᠣᠨᠴᠠ ᠶᠡᠭᠡ ᠠᠶᠣᠯ ᠦᠭᠡᠢ ᠦᠢᠯᠡᠳᠪᠦᠷᠢᠯᠡᠯ ᠤᠨ ᠠᠳᠡᠯ ᠡᠭᠦᠰᠬᠦ ᠦᠭᠡᠢ ᠪᠠᠶᠢᠬᠤ ᠶᠢ ᠪᠠᠲᠣᠯᠠᠨ᠎ᠠ᠃ ᠬᠠᠷ᠎ᠠ ᠪᠦᠯᠦᠭᠲᠡᠨ ᠬᠠᠷᠬᠢᠰ ᠬᠦᠴᠦᠨ ᠢ ᠠᠷᠢᠯᠭᠠᠬᠤ ᠲᠣᠰᠬᠠᠢ ᠲᠡᠮᠡᠴᠡᠯ ᠢ ᠭᠦᠨᠵᠡᠭᠡᠢ ᠲᠦᠯᠬᠢᠨ ᠠᠬᠢᠭᠤᠯᠵᠣ᠂ ᠳᠠᠶᠢᠰᠤᠨ ᠢ ᠡᠰᠡᠷᠭᠦᠴᠡᠬᠦ ᠲᠡᠮᠡᠴᠡᠯ᠂ ᠰᠦᠷᠳᠡᠭᠦᠯᠦᠯ ᠢ ᠡᠰᠡᠷᠭᠦᠴᠡᠬᠦ ᠬᠦᠴᠦᠷᠬᠡᠭᠯᠡᠯ ᠢ ᠰᠡᠷᠭᠡᠶᠢᠯᠡᠬᠦ ᠠᠵᠢᠯ ᠢ ᠴᠢᠩᠭᠠᠳᠬᠠᠨ᠂ ᠰᠣᠷᠭᠠᠭᠤᠯᠢ ᠶᠢᠨ ᠬᠦᠷᠢᠶᠡᠨ ᠤ ᠬᠠᠵᠠᠭᠤ ᠬᠠᠪᠢ᠂ ᠨᠡᠶᠢᠲᠡ ᠶᠢᠨ ᠮᠠᠰᠢᠨ ᠲᠡᠷᠭᠡ ᠵᠡᠷᠭᠡ ᠭᠤᠣᠯᠳᠠᠯᠭ᠎ᠠ ᠲᠠᠢ ᠣᠷᠣᠨ ᠬᠡᠪᠴᠢᠶ᠎ᠡ᠂ ᠭᠤᠣᠯᠳᠠᠯᠭ᠎ᠠ ᠲᠠᠢ ᠬᠦᠷᠢᠶᠡᠨ ᠳᠠᠬᠢ ᠠᠮᠣᠷ ᠲᠦᠪᠰᠢᠨ ᠤ ᠰᠡᠷᠭᠡᠶᠢᠯᠡᠯᠲᠡ ᠶᠢ ᠴᠢᠩᠭᠠᠷᠠᠭᠤᠯᠵᠣ᠂ ᠤᠯᠠᠨ ᠲᠦᠮᠡᠨ ᠤ ᠠᠮᠣᠷ ᠲᠦᠪᠰᠢᠨ ᠤ ᠰᠡᠳᠬᠢᠯᠭᠡ ᠶᠢ ᠦᠨᠡᠨᠬᠦ ᠨᠡᠮᠡᠭᠳᠡᠭᠦᠯᠦᠨ᠎ᠡ᠃ ᠣᠯᠣᠰ ᠤᠨ ᠪᠠᠲᠣᠯᠠᠨ ᠬᠠᠮᠠᠭᠠᠯᠠᠯᠲᠠ ᠶᠢᠨ ᠬᠦᠮᠦᠵᠢᠯ ᠢ ᠢᠳᠡᠪᠬᠢᠲᠡᠢ ᠥᠷᠨᠢᠭᠦᠯᠵᠦ᠂ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ ᠠᠵᠢᠯ ᠢ ᠰᠠᠶᠢᠲᠣᠷ ᠬᠢᠵᠦ᠂ ᠭᠠᠵᠠᠷ ᠬᠦᠳᠡᠯᠦᠯᠲᠡ ᠶᠢ ᠰᠡᠷᠭᠡᠶᠢᠯᠡᠨ ᠭᠠᠮᠰᠢᠭ ᠢ ᠪᠠᠭᠠᠰᠬᠠᠬᠤ᠂ ᠴᠠᠭ ᠠᠭᠤᠷ ᠤᠨ ᠪᠠᠶᠢᠳᠠᠯ ᠵᠡᠷᠭᠡ ᠠᠵᠢᠯ ᠢ ᠴᠢᠩᠭᠠᠳᠬᠠᠨ᠎ᠠ᠃      ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠦᠳᠡᠭᠡ ᠲᠣᠰᠬᠤᠨ᠂ ᠨᠡᠶᠢᠭᠡᠮ ᠲᠣᠭᠤᠷᠢᠭ ᠤᠨ ᠦᠨᠳᠦᠰᠦᠨ ᠱᠠᠲᠣᠨ ᠤ ᠵᠣᠬᠢᠶᠠᠨ ᠪᠠᠶᠢᠭᠤᠯᠣᠯᠲᠠ ᠶᠢᠨ ᠪᠦᠲᠦᠭᠡᠨ ᠪᠠᠶᠢᠭᠤᠯᠣᠯᠲᠠ ᠶᠢ ᠴᠢᠩᠭᠠᠳᠬᠠᠵᠣ᠂ ᠦᠨᠳᠦᠰᠦᠨ ᠱᠠᠲᠣᠨ ᠤ ᠵᠣᠬᠢᠶᠠᠨ ᠪᠠᠶᠢᠭᠤᠯᠣᠯᠲᠠ ᠶᠢᠨ ᠳᠠᠭᠠᠭᠤᠯᠣᠭᠴᠢ ᠶᠢ ᠰᠠᠶᠢᠲᠣᠷ ᠰᠣᠩᠭᠤᠨ᠂ ᠰᠠᠶᠢᠲᠣᠷ ᠬᠡᠷᠡᠭᠯᠡᠵᠦ᠂ ᠰᠠᠶᠢᠲᠣᠷ ᠬᠠᠮᠢᠶᠠᠷᠣᠨ᠎ᠠ᠃ ᠬᠠᠣᠯᠢ ᠶᠣᠰᠣᠭᠠᠷ ᠦᠨᠳᠦᠰᠦᠨ ᠱᠠᠲᠣᠨ ᠤ ᠡᠭᠦᠷᠭᠡ ᠴᠢᠳᠠᠮᠵᠢ ᠲᠣᠰᠢᠶᠠᠯ ᠬᠠᠷᠢᠭᠤᠴᠠᠯᠭ᠎ᠠ ᠶᠢ ᠴᠢᠩᠭᠠᠳᠬᠠᠨ᠂ ᠦᠨᠳᠦᠰᠦᠨ ᠱᠠᠲᠣᠨ ᠤ ᠬᠤᠲᠠ ᠶᠢᠨ ᠬᠠᠮᠢᠶᠠᠷᠣᠯᠲᠠ᠂ ᠵᠠᠮ ᠬᠠᠷᠢᠯᠴᠠᠭᠠᠨ ᠤ ᠬᠠᠮᠢᠶᠠᠷᠣᠯᠲᠠ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠬᠦᠴᠦᠨ ᠢ ᠨᠢᠭᠡᠲᠦᠯᠲᠡᠢ ᠲᠦᠯᠦᠪᠵᠢᠭᠦᠯᠦᠨ ᠳᠣᠷᠣᠭᠰᠢ ᠪᠠᠭᠤᠯᠭᠠᠵᠣ᠂ ᠦᠨᠳᠦᠰᠦᠨ ᠱᠠᠲᠣᠨ ᠤ ᠬᠠᠮᠢᠶᠠᠷᠣᠯᠲᠠ ᠶᠢᠨ ︽ᠠᠵᠢᠯ ᠶᠠᠪᠣᠳᠠᠯ ᠤᠨ ᠡᠷᠬᠡ ᠨᠢᠭᠡᠲᠦᠯ ᠦᠭᠡᠢ᠂ ᠡᠷᠬᠡ ᠪᠣᠯᠣᠨ ᠬᠠᠷᠢᠭᠤᠴᠠᠯᠭ᠎ᠠ ᠲᠡᠩᠴᠡᠯᠳᠦᠬᠦ ᠦᠭᠡᠢ︾ ᠠᠰᠠᠭᠤᠳᠠᠯ ᠢ ᠦᠨᠡᠨᠬᠦ ᠰᠢᠢᠳᠪᠦᠷᠢᠯᠡᠨ᠎ᠡ᠃ ᠦᠨᠳᠦᠰᠦᠲᠡᠨ ᠤ ᠪᠦᠯᠬᠦᠮᠳᠠᠯ ᠳᠠᠪᠰᠢᠯᠲᠠ ᠶᠢᠨ ᠤᠬᠠᠭᠤᠯᠭ᠎ᠠ ᠬᠦᠮᠦᠵᠢᠯ ᠪᠣᠯᠣᠨ ᠡᠭᠦᠳᠦᠨ ᠪᠠᠶᠢᠭᠤᠯᠣᠯᠲᠠ ᠶᠢ ᠴᠢᠩᠭᠠᠳᠬᠠᠵᠣ᠂ ᠱᠠᠰᠢᠨ ᠰᠣᠷᠲᠠᠬᠤᠨ ᠤ ᠡᠶ᠎ᠡ ᠵᠣᠬᠢᠴᠠᠩᠭᠤᠢ ᠲᠣᠭᠲᠠᠭᠤᠨ ᠢ ᠬᠠᠮᠠᠭᠠᠯᠠᠵᠣ᠂ ᠦᠨᠳᠦᠰᠦᠲᠡᠨ ᠤ ᠪᠦᠯᠬᠦᠮᠳᠡᠯ ᠪᠣᠯᠣᠨ ᠬᠢᠯᠢ ᠬᠢᠵᠠᠭᠠᠷ ᠤᠨ ᠠᠮᠣᠷ ᠲᠣᠭᠲᠠᠭᠤᠨ ᠢ ᠯᠠᠪᠳᠠᠭᠤᠨ ᠪᠠᠳᠣᠲᠠᠢ ᠲᠦᠯᠬᠢᠨ ᠠᠬᠢᠭᠤᠯᠣᠨ᠎ᠠ᠃ ᠰᠠᠶᠢᠨ ᠳᠣᠷᠠᠴᠣᠣᠯ ᠤᠨ ᠪᠦᠯᠬᠦᠮ ᠤᠨ ᠪᠦᠲᠦᠭᠡᠨ ᠪᠠᠶᠢᠭᠤᠯᠣᠯᠲᠠ ᠶᠢ ᠳᠡᠮᠵᠢᠵᠦ᠂ ᠰᠠᠶᠢᠨ ᠳᠣᠷᠠᠴᠣᠣᠯ ᠤᠨ ᠨᠡᠶᠢᠲᠡ ᠶᠢᠨ ᠠᠰᠠᠷᠠᠮᠵᠢ ᠳᠤ ᠣᠷᠣᠯᠴᠠᠬᠤ᠂ ᠪᠣᠯᠪᠠᠰᠣᠨ ᠢ ᠳᠡᠯᠭᠡᠷᠡᠭᠦᠯᠬᠦ ᠦᠢᠯᠡᠳᠦᠯ ᠢ ᠰᠠᠶᠢᠲᠣᠷ ᠪᠠᠳᠠᠷᠠᠭᠤᠯᠣᠨ᠎ᠠ᠃ ᠤᠯᠠᠭᠠᠨ ᠵᠠᠭᠠᠯᠮᠠᠢ ᠶᠢᠨ ᠠᠵᠢᠯ ᠦᠢᠯᠡᠰ ᠢ ᠶᠡᠬᠡᠪᠡᠷ ᠬᠦᠭᠵᠢᠭᠦᠯᠵᠦ᠂ ᠬᠠᠣᠯᠢ ᠶᠣᠰᠣᠭᠠᠷ ᠨᠡᠶᠢᠲᠡ ᠶᠢᠨ ᠠᠰᠠᠷᠠᠮᠵᠢ ᠪᠣᠯᠣᠨ ᠨᠢᠭᠦᠯᠡᠰᠦᠩᠭᠦᠢ ᠶᠢᠨ ᠠᠵᠢᠯ ᠦᠢᠯᠡᠰ ᠤᠨ ᠡᠷᠡᠭᠦᠯ ᠢᠶᠠᠷ ᠬᠦᠭᠵᠢᠬᠦ ᠶᠢ ᠲᠦᠯᠬᠢᠨ ᠠᠬᠢᠭᠤᠯᠣᠨ᠎ᠠ᠃ ᠲᠠᠶᠢᠸᠠᠨ᠂ ᠬᠠᠷᠢᠶᠠᠲᠣ ᠶᠢᠨ ᠶᠠᠪᠣᠳᠠᠯ ᠵᠡᠷᠭᠡ ᠠᠵᠢᠯ ᠢ ᠰᠠᠶᠢᠲᠣᠷ ᠬᠢᠨ᠎ᠡ᠃ ᠠᠵᠢᠯᠴᠢᠨ ᠤ ᠡᠪᠯᠡᠯ᠂ ᠡᠪ ᠬᠠᠮᠲᠣ ᠵᠠᠯᠠᠭᠤᠴᠣᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠬᠤᠶᠢᠴᠢ ᠦᠶ᠎ᠡ ᠪᠠᠨ ᠬᠠᠷᠠᠭᠠᠯᠵᠠᠬᠤ ᠠᠵᠢᠯ ᠤᠨ ᠵᠥᠪᠯᠡᠯ ᠵᠡᠷᠭᠡ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠣᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠣ᠂ ᠡᠮᠡᠭᠲᠡᠶᠢᠴᠦᠳ᠂ ᠬᠡᠥᠬᠡᠳ ᠤᠳ ᠤᠨ ᠬᠠᠣᠯᠢ ᠶᠣᠰᠣᠨ ᠤ ᠡᠷᠬᠡ ᠠᠰᠢᠭ ᠢ ᠪᠠᠲᠣᠯᠠᠨ᠎ᠠ᠃       ︵ᠨᠠᠢᠮᠠ︶ ᠵᠠᠰᠠᠭ ᠤᠨ ᠣᠷᠳᠣᠨ ᠤ ᠲᠣᠰ ᠪᠡᠶ᠎ᠡ ᠶᠢᠨ ᠪᠦᠲᠦᠭᠡᠨ ᠪᠠᠶᠢᠭᠤᠯᠣᠯᠲᠠ ᠶᠢ ᠴᠢᠩᠭᠠᠳᠬᠠᠨ᠎ᠠ᠃ ᠨᠠᠮ ᠠᠴᠠ ᠠᠯᠢᠪᠠ ᠠᠵᠢᠯ ᠢ ᠣᠳᠣᠷᠢᠳᠬᠤ ᠶᠢ ᠪᠠᠷᠢᠮᠲᠠᠯᠠᠵᠣ᠂ ᠪᠢᠳᠡ ᠵᠠᠪᠠᠯ ᠤᠭ ᠰᠠᠨᠠᠭ᠎ᠠ ᠪᠠᠨ ᠦᠯᠦ ᠮᠠᠷᠲᠠᠨ᠂ ᠡᠭᠦᠷᠭᠡ ᠬᠠᠷᠢᠭᠤᠴᠯᠠᠭ᠎ᠠ ᠪᠠᠨ ᠪᠠᠲᠣ ᠴᠡᠭᠡᠵᠢᠯᠡᠵᠦ᠂ ︽ᠳᠦᠷᠪᠡᠨ ᠤᠬᠠᠮᠰᠠᠷ︾ ᠢ ᠪᠠᠲᠣ ᠪᠠᠬᠢ ᠪᠣᠢ ᠪᠣᠯᠭᠠᠵᠣ᠂ ︽ᠳᠦᠷᠪᠡᠨ ᠢᠲᠡᠭᠡᠯ︾ ᠢ ᠪᠠᠲᠣᠳᠬᠠᠵᠣ᠂ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠵᠦ᠂ ᠵᠠᠰᠠᠭ ᠤᠨ ᠣᠷᠳᠣᠨ ᠤ ᠨᠠᠮ ᠤᠨ ᠣᠳᠣᠷᠢᠳᠬᠤ ᠳᠣᠭᠤᠶᠢᠯᠠᠩ ᠠᠴᠠ ᠴᠢᠭᠯᠡᠯ ᠢ ᠠᠳᠬᠤᠵᠣ᠂ ᠶᠡᠭᠡ ᠲᠠᠯ᠎ᠠ ᠶᠢ ᠬᠠᠮᠢᠶᠠᠷᠴᠣ᠂ ᠨᠠᠶᠢᠳᠠᠪᠣᠷᠢᠵᠢᠭᠤᠯᠣᠯᠲᠠ ᠶᠢ ᠪᠠᠲᠣᠯᠠᠬᠤ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠣᠨ᠂ ᠴᠠᠭ ᠮᠦᠴᠡ ᠪᠢᠳᠡᠨ ᠢ ᠬᠦᠯᠢᠶᠡᠯᠡᠯ ᠦᠭᠡᠢ᠂ ᠴᠠᠭ ᠢ ᠠᠮᠵᠢᠨ ᠴᠢᠷᠮᠠᠶᠢᠨ ᠲᠡᠮᠡᠴᠡᠵᠦ᠂ ᠠᠷᠠᠳ ᠲᠦᠮᠡᠨ ᠬᠠᠨᠣᠮᠵᠢᠲᠠᠢ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠴᠢᠷᠮᠠᠶᠢᠨ ᠪᠦᠲᠦᠭᠡᠨ ᠪᠠᠶᠢᠭᠤᠯᠣᠨ᠎ᠠ᠃      ᠠᠷᠠᠳ ᠤᠨ ᠲᠦᠯᠦᠭᠡ ᠵᠠᠰᠠᠭ ᠪᠠᠷᠢᠬᠤ ᠶᠢ ᠪᠠᠷᠢᠮᠲᠠᠯᠠᠵᠣ᠂ ᠠᠷᠠᠳ ᠲᠦᠮᠡᠨ ᠯᠦᠭᠡ ᠶᠢᠨ ᠴᠢᠰᠣ ᠮᠢᠬᠠᠨ ᠤ ᠬᠠᠷᠢᠴᠠᠭ᠎ᠠ ᠶᠢ ᠪᠠᠲᠣᠯᠠᠨ᠎ᠠ᠃ ᠣᠯᠠᠨ ᠲᠦᠮᠡᠨ ᠤ ᠠᠮᠣᠷ ᠲᠦᠪᠰᠢᠨ ᠠᠶᠣᠯ ᠲᠦᠭᠰᠢᠭᠦᠷᠢ ᠢ ᠴᠠᠭ ᠢᠮᠠᠭᠲᠠ ᠰᠡᠳᠬᠢᠯ ᠳᠤ ᠪᠠᠨ ᠠᠪᠴᠣ᠂ ᠠᠷᠠᠳ ᠲᠥᠮᠡᠨ ᠳᠤ ᠵᠢᠷᠭᠠᠯ ᠡᠳ᠋ᠯᠡᠭᠦᠯᠬᠦ ᠶᠢ ᠬᠠᠮᠤᠭ ᠶᠡᠭᠡ ᠵᠠᠰᠠᠭ ᠤᠨ ᠠᠵᠢᠯ ᠤᠨ ᠪᠦᠲᠦᠮᠵᠢ ᠪᠣᠯᠭᠠᠨ᠂ ᠬᠤᠲᠠ ᠶᠢᠨ ᠵᠠᠰᠠᠭ ᠤᠨ ᠣᠷᠳᠣᠨ ᠤ ᠣᠳᠣᠷᠢᠳᠬᠤ ᠪᠠᠭ ᠠᠴᠠ ᠡᠬᠢᠯᠡᠨ᠂ ᠦᠨᠳᠦᠰᠦᠨ ᠱᠠᠲᠣᠨ ᠳᠤ᠂ ᠨᠢᠭᠡᠳᠦᠭᠡᠷ ᠹᠷᠣᠨᠲ ᠳᠤ᠂ ᠣᠯᠠᠨ ᠲᠦᠮᠡᠨ ᠤ ᠳᠤᠮᠳᠠ ᠳᠠᠭᠠᠭᠤᠯᠣᠨ ᠭᠦᠨᠵᠡᠭᠡᠶᠢᠷᠡᠵᠦ᠂ ᠤᠯᠠᠨ ᠲᠦᠮᠡᠨ ᠤ ᠬᠠᠵᠠᠭᠤᠳᠠᠬᠢ ᠣᠴᠢᠷ᠂ ᠡᠭᠦᠳᠡᠨ ᠡᠮᠦᠨᠡᠬᠢ ᠶᠠᠪᠣᠳᠠᠯ ᠢ ᠰᠠᠶᠢᠲᠣᠷ ᠬᠢᠨ᠎ᠡ᠃ ᠤᠯᠠᠨ ᠲᠦᠮᠡᠨ ᠲᠠᠢ ᠬᠠᠷᠢᠴᠠᠬᠤ ᠠᠷᠭ᠎ᠠ ᠵᠠᠮ ᠢ ᠰᠢᠯᠣᠭᠤᠳᠬᠠᠵᠣ᠂ ᠸᠢᠴᠠᠲ ᠤᠨ ᠤᠯᠠᠨ ᠨᠡᠶᠢᠲᠡ ᠶᠢᠨ ᠲᠠᠪᠴᠠᠩ᠂ ᠲᠧᠯᠸᠢᠰ ᠢᠶᠠᠷ ᠵᠠᠰᠠᠭ ᠤᠨ ᠶᠠᠪᠣᠳᠠᠯ ᠬᠡᠯᠡᠯᠴᠡᠬᠦ ᠲᠠᠪᠴᠠᠩ ᠢ ᠭᠦᠢᠴᠡᠳ ᠠᠰᠢᠭᠯᠠᠵᠣ᠂ ᠤᠯᠠᠨ ᠲᠦᠮᠡᠨ ᠤ ︽ᠰᠡᠳᠬᠢᠯ ᠤᠨ ᠳᠠᠭᠤᠨ ︾ ᠢ ᠬᠠᠷᠰᠢ ᠦᠭᠡᠢ ᠢᠯᠡᠳᠬᠡᠯᠭᠡᠨ᠎ᠡ᠃ ᠠᠵᠣ ᠠᠬᠤᠢ ᠨᠡᠶᠢᠭᠡᠮ ᠤᠨ ᠬᠦᠭᠵᠢᠯᠲᠡ ᠶᠢᠨ ᠬᠠᠯᠠᠮᠰᠢᠯ ᠬᠦᠴᠢᠷ ᠠᠰᠠᠭᠤᠳᠠᠯ ᠤᠨ ᠲᠣᠭᠤᠷᠢᠨ ᠳᠤ᠂ ︽ᠠᠷᠠᠳ ᠤᠨ ᠰᠠᠶᠢᠬᠠᠨ ᠠᠷᠭ᠎ᠠ ᠤᠬᠠᠭᠠᠨ︾ ᠢ ᠰᠢᠯᠭᠠᠷᠠᠭᠤᠯᠤᠨ ᠱᠠᠩᠨᠠᠬᠤ ᠠᠵᠢᠯᠯᠠᠭ᠎ᠠ ᠶᠢ ᠥᠷᠨᠢᠭᠦᠯᠵᠦ᠂ ᠤᠯᠠᠨ ᠲᠦᠮᠡᠨ ᠤ ᠵᠠᠰᠠᠭ ᠤᠨ ᠶᠠᠪᠣᠳᠠᠯ ᠳᠤ ᠣᠷᠣᠯᠴᠠᠵᠣ ᠲᠦᠷᠥ ᠶᠢᠨ ᠬᠡᠷᠡᠭ ᠵᠥᠪᠯᠡᠬᠦ ᠢᠳᠡᠪᠬᠢᠵᠢᠯ ᠢ ᠳᠡᠭᠡᠭᠰᠢᠯᠡᠭᠦᠯᠦᠨ᠎ᠡ᠃      ᠵᠠᠰᠠᠭ ᠢ ᠴᠢᠩᠭ᠎ᠠ ᠵᠠᠰᠠᠬᠤ ᠶᠢ ᠪᠠᠷᠢᠮᠲᠠᠯᠠᠵᠣ᠂ ᠬᠤᠳᠠᠯᠳᠤᠭ᠎ᠠ ᠡᠵᠡᠩᠨᠡᠭᠦ ᠣᠷᠴᠢᠨ ᠲᠣᠭᠤᠷᠢᠨ ᠢ ᠪᠦᠬᠦ ᠲᠠᠯ᠎ᠠ ᠪᠠᠷ ᠰᠢᠯᠢᠳᠡᠭᠵᠢᠭᠦᠯᠦᠨ᠎ᠡ᠃ ︽ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠳᠡᠭᠡᠭᠰᠢᠯᠡᠭᠦᠯᠬᠦ ᠣᠨ︾ ᠤ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠠᠵᠣ ᠠᠬᠤᠶᠢᠯᠠᠯ᠂ ᠲᠦᠷᠥᠯ ᠵᠦᠢᠯ ᠪᠣᠯᠣᠨ ᠤᠯᠠᠨ ᠲᠦᠮᠡᠨ ᠤ ᠰᠠᠶᠢᠨ ︽ᠦᠢᠯᠡᠴᠢᠯᠡᠭᠴᠢ︾ ᠪᠣᠯᠵᠤ᠂ ᠬᠦᠬᠡᠬᠤᠲᠠ ᠶᠢᠨ ᠬᠠᠮᠤᠭ ᠰᠢᠯᠢᠳᠡᠭ ᠦᠢᠯᠡᠴᠢᠯᠡᠭᠡᠨ ᠤ ᠲᠦᠷᠥᠯ ᠲᠡᠮᠳᠡᠭᠲᠦ ᠶᠢ ᠪᠣᠢ ᠪᠣᠯᠭᠠᠨ᠎ᠠ᠃ ᠠᠵᠢᠯ ᠤᠨ ᠣᠪᠣᠷ ᠰᠣᠷᠲᠠᠯ ᠢᠶᠠᠨ ᠰᠢᠨᠲᠠᠷᠠᠰᠢ ᠦᠭᠡᠢ ᠥᠭᠡᠷᠡᠴᠢᠯᠡᠨ ᠰᠠᠶᠢᠵᠢᠷᠠᠭᠤᠯᠵᠣ᠂ ᠲᠣᠭᠲᠠᠭᠰᠠᠨ ᠬᠡᠷᠡᠭ ᠣᠴᠢᠷ ᠢᠶᠠᠨ ᠲᠡᠷᠡ ᠳᠣᠣᠷ᠎ᠠ ᠨᠢ ᠰᠢᠢᠳᠪᠦᠷᠢᠯᠡᠵᠦ᠂ ᠡᠴᠦᠰ ᠲᠤᠨᠢ ᠲᠣᠯᠲᠠᠯ᠎ᠠ ᠠᠳᠬᠤᠨ᠎ᠠ᠃ ︽ᠵᠠᠯᠬᠠᠭᠤ ᠬᠤᠶᠢᠷᠭᠤ︾ ᠵᠡᠷᠭᠡ ᠦᠢᠯᠡ ᠠᠵᠢᠯᠯᠠᠭ᠎ᠠ ᠶᠢ ᠴᠢᠩᠭ᠎ᠠ ᠴᠡᠭᠴᠡᠯᠡᠨ ᠵᠠᠰᠠᠵᠣ᠂ ᠴᠢᠩᠭ᠎ᠠ ᠪᠠᠶᠢᠴᠠᠭᠠᠨ ᠬᠠᠮᠢᠶᠠᠷᠴᠣ᠂ ᠴᠢᠩᠭ᠎ᠠ ᠬᠠᠷᠢᠭᠤᠴᠠᠯᠭ᠎ᠠ ᠲᠣᠯᠭᠠᠨ᠂ ᠣᠴᠢᠷ ᠶᠠᠪᠣᠳᠠᠯ ᠢ ᠬᠢᠬᠦ ᠳᠣᠷ᠎ᠠ ᠦᠭᠡᠢ᠂ ᠬᠠᠷᠢᠭᠤᠴᠠᠯᠭ᠎ᠠ ᠡᠭᠦᠷᠭᠡᠯᠡᠬᠦ ᠳᠣᠷ᠎ᠠ ᠦᠭᠡᠢ᠂ ᠦᠨᠡᠨᠴᠢ ᠪᠠᠷ ᠠᠵᠢᠯᠯᠠᠬᠤ ᠦᠭᠡᠢ ᠬᠦᠮᠦᠰ ᠢ ᠣᠷᠣᠨ ᠵᠠᠢ ᠦᠭᠡᠢ ᠪᠣᠯᠭᠠᠵᠣ᠂ ᠲᠣᠭᠲᠠᠨᠢᠬᠤ ᠶᠢᠨ ᠠᠷᠭ᠎ᠠ ᠦᠭᠡᠢ ᠪᠣᠯᠭᠠᠨ᠎ᠠ᠃      ᠬᠠᠤᠯᠢ ᠶᠣᠰᠣᠭᠠᠷ ᠵᠠᠰᠠᠭ ᠪᠠᠷᠢᠬᠤ ᠶᠢ ᠪᠠᠷᠢᠮᠲᠠᠯᠠᠵᠣ᠂ ᠡᠷᠬᠡ ᠶᠢ ᠢᠯᠡ ᠪᠠᠶᠢᠯᠭᠠᠨ᠎ᠠ᠃ ᠬᠠᠣᠯᠢ ᠪᠠᠷ ᠵᠠᠰᠠᠬᠤ ᠰᠡᠳᠬᠢᠭᠦᠢ ᠶᠢ ᠪᠠᠲᠣ ᠪᠠᠬᠢ ᠪᠣᠢ ᠪᠣᠯᠭᠠᠵᠣ᠂ ᠵᠠᠰᠠᠭ ᠤᠨ ᠣᠷᠳᠣᠨ ᠤ ᠡᠯ᠎ᠡ ᠵᠦᠢᠯ ᠤᠨ ᠠᠵᠢᠯ ᠢ ᠥᠪ ᠦᠨᠨᠡᠬᠦ ᠬᠠᠣᠯᠢ ᠪᠠᠷ ᠵᠠᠰᠠᠬᠤ ᠵᠠᠮ ᠳᠤ ᠣᠷᠣᠭᠤᠯᠣᠨ᠎ᠠ᠃ ᠬᠤᠲᠠ ᠶᠢᠨ ᠵᠠᠰᠠᠭ ᠤᠨ ᠣᠷᠳᠣᠨ ᠤ ᠠᠯᠢᠪᠠ ᠴᠢᠬᠤᠯᠠ ᠶᠡᠭᠡ ᠠᠷᠭ᠎ᠠ ᠪᠣᠳᠣᠯᠭ᠎ᠠ᠂ ᠴᠢᠬᠤᠯᠠ ᠶᠡᠭᠡ ᠲᠦᠷᠥᠯ ᠵᠦᠢᠯ ᠤᠨ ᠬᠡᠷᠡᠭᠵᠢᠭᠦᠯᠦᠯᠲᠡ ᠨᠢ ᠤᠯᠠᠨ ᠨᠡᠶᠢᠲᠡ ᠶᠢᠨ ᠣᠷᠣᠯᠴᠠᠯᠭ᠎ᠠ ᠂ ᠲᠣᠰᠬᠠᠢ ᠮᠡᠷᠭᠡᠵᠢᠯᠲᠡᠨ ᠤ ᠨᠤᠲᠠᠯᠠᠯᠲᠠ᠂ ᠲᠦᠭᠰᠢᠭᠦᠷᠢ ᠶᠢᠨ ᠦᠨᠡᠯᠡᠯᠲᠡ᠂ ᠬᠠᠣᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢ ᠥᠩᠭᠡᠷᠡᠭᠡᠵᠦ᠂ ᠠᠷᠭ᠎ᠠ ᠪᠣᠳᠣᠯᠭ᠎ᠠ ᠶᠢᠨ ᠰᠢᠨᠵᠢᠯᠡᠬᠦ ᠤᠬᠠᠭᠠᠨᠴᠢ ᠪᠠᠶᠢᠬᠤ ᠶᠢ ᠪᠠᠲᠣᠯᠠᠬᠤ ᠶᠢᠨ ᠬᠠᠮᠲᠣ ᠲᠣᠭᠲᠠᠭᠰᠠᠨ ᠬᠤᠭᠤᠴᠠᠭᠠᠨ ᠳᠤ ᠠᠬᠢᠴᠠ ᠪᠠᠨ ᠵᠠᠷᠯᠠᠨ ᠮᠡᠳᠡᠭᠳᠡᠵᠦ᠂ ᠤᠯᠠᠨ ᠲᠦᠮᠡᠨ ᠤ ᠬᠢᠨᠠᠯᠲᠠ ᠶᠢ ᠬᠦᠯᠢᠶᠡᠨ᠎ᠡ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠣᠯᠢ ᠴᠠᠭᠠᠵᠠ ᠶᠢᠨ ᠬᠢᠨᠠᠯᠲᠠ᠂ ᠣᠯᠣᠰ ᠲᠦᠷᠥ ᠶᠢᠨ ᠵᠥᠪᠯᠡᠯᠭᠡᠨ ᠤ ᠠᠷᠠᠳᠴᠢᠯᠠᠯ ᠤᠨ ᠬᠢᠨᠠᠯᠲᠠ᠂ ᠰᠠᠬᠢᠯᠭ᠎ᠠ ᠪᠠᠲᠣ ᠪᠠᠶᠢᠴᠠᠭᠠᠬᠤ ᠬᠤᠷᠢᠶ᠎ᠠ ᠶᠢᠨ ᠬᠢᠨᠠᠨ ᠪᠠᠶᠢᠴᠠᠭᠠᠬᠤ ᠬᠤᠷᠢᠶ᠎ᠠ ᠶᠢᠨ ᠬᠢᠨᠠᠯᠲᠠ ᠪᠣᠯᠣᠨ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ᠎ᠡ᠃ ᠥᠪᠡᠷ ᠤᠨ ᠤᠬᠠᠮᠰᠠᠷ ᠠᠴᠠ ᠪᠠᠨ ᠳᠣᠲᠣᠭᠠᠳᠣ ᠶᠢᠨ ᠬᠢᠨᠠᠯᠲᠠ ᠶᠢ ᠥᠷᠨᠢᠭᠦᠯᠦᠨ᠂ ᠲᠣᠰ ᠬᠤᠭᠤᠴᠠᠭᠠᠨ ᠤ ᠵᠠᠰᠠᠭ ᠤᠨ ᠣᠷᠳᠣᠨ ᠤ ᠪᠦᠷᠢᠯᠳᠦᠭᠦᠨ ᠰᠠᠯᠠᠭ᠎ᠠ ᠮᠦᠴᠢᠷ ᠤᠨ ᠬᠢᠨᠠᠨ ᠪᠣᠳᠣᠯᠲᠠ ᠶᠢᠨ ︽ᠪᠦᠬᠦᠨ ᠢ ᠪᠦᠷᠬᠦᠭᠦᠯᠬᠦ︾ ᠶᠢ ᠲᠦᠯᠬᠢᠨ ᠠᠬᠢᠭᠤᠯᠣᠨ᠎ᠠ᠃      ᠠᠷᠢᠭᠤᠨ ᠴᠢᠭᠡᠴᠢ ᠪᠠᠷ ᠵᠠᠰᠠᠭ ᠪᠠᠷᠢᠬᠤ ᠶᠢ ᠪᠠᠷᠢᠮᠲᠠᠯᠠᠵᠣ᠂ ᠲᠥᠪ ᠴᠢᠭᠡᠴᠢ ᠬᠡᠪ ᠰᠣᠷᠲᠠᠯ ᠪᠦᠬᠦᠢ ᠰᠠᠶᠢᠨ ᠰᠠᠶᠢᠬᠠᠨ ᠵᠠᠰᠠᠭ ᠤᠨ ᠰᠣᠷᠲᠠᠯ ᠢ ᠪᠣᠢ ᠪᠣᠯᠭᠠᠨ᠎ᠠ᠃ ᠰᠠᠬᠢᠯᠭ᠎ᠠ ᠪᠠᠲᠣ ᠪᠣᠯᠣᠨ ᠶᠣᠰᠣ ᠳᠦᠷᠢᠮ ᠢ ᠴᠠᠭ ᠢᠮᠠᠭᠲᠠ ᠡᠮᠦᠨ᠎ᠡ ᠪᠠᠨ ᠲᠠᠯᠪᠢᠵᠤ᠂ ᠪᠢᠰᠢᠷᠡᠨ ᠰᠦᠷᠳᠡᠬᠦ ᠰᠡᠳᠬᠢᠯᠭᠡ ᠲᠠᠢ ᠪᠠᠶᠢᠵᠤ᠂ ᠰᠡᠷᠡᠮᠵᠢᠯᠡᠨ ᠴᠡᠭᠡᠷᠯᠡᠬᠦ ᠪᠠ ᠬᠤᠷᠢᠭ᠎ᠠ ᠱᠤᠭᠤᠮ ᠢ ᠰᠠᠬᠢᠵᠣ᠂ ᠤᠯᠠᠨ ᠲᠦᠮᠡᠨ ᠤ ᠠᠰᠢᠭ ᠲᠣᠰᠠ ᠶᠢ ᠬᠤᠬᠢᠷᠠᠭᠤᠯᠣᠭᠰᠠᠨ ᠲᠥᠪ ᠪᠤᠰᠤ ᠰᠣᠷᠲᠠᠯ ᠪᠤᠯᠤᠨ ᠢᠯᠵᠠᠷᠠᠯ ᠤᠨ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠭᠠᠮᠨᠠᠵᠤ ᠠᠷᠪᠢᠯᠠᠬᠤ ᠦᠵᠡᠯ ᠰᠠᠨᠠᠭ᠎ᠠ ᠶᠢ ᠪᠠᠲᠣ ᠪᠠᠬᠢ ᠪᠣᠢ ᠪᠣᠯᠭᠠᠵᠣ᠂ ᠵᠠᠰᠠᠭ ᠵᠠᠬᠢᠷᠭᠠᠨ ᠤ ᠠᠯᠪᠠᠨ ᠤ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠦᠨ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠲᠤᠬᠠᠶ ᠲᠣᠭᠲᠠᠭᠠᠯ ᠢ ᠲᠣᠭᠲᠠᠭᠠᠨ ᠨᠡᠶᠢᠲᠡᠯᠡᠵᠦ᠂ ︽ᠠᠯᠪᠠᠨ ᠤ ᠭᠤᠷᠪᠠᠨ︾ ᠵᠠᠷᠤᠳᠠᠯ ᠢ ᠤᠯᠠᠮ ᠨᠢᠭᠡ ᠠᠯᠬᠤᠮ ᠪᠠᠭᠠᠰᠬᠠᠵᠤ᠂ ᠵᠠᠰᠠᠭ ᠤᠨ ᠣᠷᠳᠣᠨ ︽ᠠᠷᠪᠢᠯᠠᠵᠤ ᠭᠠᠮᠨᠠᠨ ᠠᠮᠢᠳᠣᠷᠠᠵᠣ︾᠂ ᠠᠷᠠᠳ ᠲᠦᠮᠡᠨ ᠢ ︽ᠡᠯᠪᠡᠭ ᠲᠠᠩᠰᠤᠭ ᠠᠮᠢᠳᠣᠷᠠᠭᠤᠯᠣᠨ᠎ᠠ︾᠃      ᠲᠥᠯᠥᠭᠡᠯᠡᠭᠴᠢᠳ ᠡ᠂ ᠵᠡᠭᠦᠳᠦ ᠪᠣᠯ ᠬᠦᠰᠡᠯ ᠡᠷᠡᠮᠡᠯᠵᠡᠯ ᠢ ᠠᠴᠢᠶᠠᠯᠠᠵᠣ᠂ ᠲᠡᠮᠡᠴᠡᠯ ᠪᠣᠯ ᠢᠷᠡᠭᠡᠳᠦᠶ ᠶᠢ ᠡᠭᠦᠳᠦᠨ ᠨᠡᠭᠡᠭᠡᠨ᠎ᠡ᠃ ᠪᠢᠳᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ  ᠬᠤᠷᠢᠶ᠎ᠠ ᠶᠢᠨ ᠲᠣᠭᠤᠷᠢᠨ ᠳ᠋ᠤ᠋‌ᠨᠡᠩ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠬᠤᠳᠠ ᠶᠢᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠴᠢᠩᠭ᠎ᠠ ᠲᠦᠰᠢᠭᠯᠡᠨ᠂ ᠰᠠᠬᠢᠨ ᠪᠠᠷᠠᠯᠠᠵᠣ ᠬᠠᠷᠢᠯᠴᠠᠨ ᠬᠠᠪᠰᠣᠷᠣᠯᠴᠠᠨ᠂ ᠪᠦᠯᠬᠦᠮᠳᠡᠨ ᠲᠡᠮᠡᠴᠡᠵᠦ᠂ ᠬᠦᠴᠢᠷ ᠢ ᠲᠡᠰᠪᠦᠷᠢᠯᠡᠵᠦ ᠬᠠᠯᠠ ᠶᠢ ᠳᠠᠭᠠᠭᠠᠨ᠂ ᠪᠤᠴᠠᠯᠲᠠ ᠦᠭᠡᠢ ᠤᠷᠤᠭᠰᠢᠯᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠣᠨ ᠪᠦᠲᠦᠭᠡᠬᠦ ᠰᠢᠢᠳᠪᠦᠷᠢᠲᠦ ᠢᠯᠠᠯᠲᠠ ᠶᠢ ᠣᠯᠵᠤ᠂ ᠲᠥᠪ ᠬᠤᠲᠠ ᠶᠢᠨ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠨ᠂ ᠰᠢᠯᠢᠳᠡᠭ ᠬᠢᠷᠢ ᠪᠦᠲᠦᠮᠵᠢ ᠪᠠᠷ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠶ᠎ᠡ︕
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号