2019 ᠣᠨ ᠤ 1 ᠳ᠋ᠦ᠋ᠭᠡᠷ ᠰᠠᠷ᠎ᠠ ᠶᠢᠨ 4 ᠤ ᠡᠳᠦᠷ ᠤᠨ ᠬᠥᠬᠡᠬᠤᠲᠠ ᠶᠢᠨ ᠠᠷᠪᠠᠨ ᠲᠠᠪᠤᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠳᠡᠭᠡᠷ᠎ᠡ | ᠬᠥᠬᠡᠬᠤᠲᠠ ᠶᠢᠨ ᠬᠤᠲᠠ ᠶᠢᠨ ᠳᠠᠷᠤᠭ᠎ᠠ ᠹᠧᠩ ᠢᠦᠶ ᠵᠧᠨ | ᠲᠥᠯᠥᠭᠡᠯᠡᠭᠴᠢᠳ ᠡ᠄ | ᠣᠳᠣ ᠪᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠠ᠂ ᠬᠢᠨᠠᠨ ᠵᠦᠪᠯᠡᠬᠦ | ᠪᠣᠯᠪᠠᠤ᠂ ᠲᠡᠷᠡᠴᠢᠯᠡᠨ ᠤᠯᠤᠰ ᠲᠥᠷᠤ ᠶᠢᠨ ᠵᠥᠪᠯᠡᠯᠭᠡᠨ ᠤ ᠭᠡᠰᠢᠭᠦᠳ ᠪᠣᠯᠤᠨ ᠬᠤᠷᠠᠯ ᠳᠤ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ 2018 ᠣᠨ ᠤ ᠠᠵᠢᠯ ᠤᠨ ᠲᠤᠬᠠᠶ ᠡᠷᠭᠢᠴᠡᠭᠦᠯᠦᠯ | ᠥᠩᠭᠡᠷᠡᠭᠰᠡᠨ ᠨᠢᠭᠡ ᠵᠢᠯ ᠪᠣᠯ ᠬᠥᠬᠡᠬᠤᠲᠠ ᠶᠢᠨ ᠥᠭᠡᠷᠡᠴᠢᠯᠡᠯᠲᠡ ᠨᠡᠭᠡᠭᠡᠯᠲᠡ ᠶᠢᠨ ᠠᠬᠢᠴᠠ ᠳᠤ ᠬᠢ ᠥᠷᠢᠰᠦᠯᠳᠦᠭᠡᠨ ᠳᠦᠭᠦᠷᠡᠩ᠂ ᠦᠷ᠎ᠡ | ᠪᠦᠲᠦᠮᠵᠢ ᠡᠯᠪᠡᠭ ᠪᠠᠶᠠᠯᠢᠭ ᠨᠢᠭᠡ ᠵᠢᠯ ᠪᠣᠯᠣᠨ᠎ᠠ᠃ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠠᠵᠤ ᠠᠬᠤᠢ ᠶᠢᠨ ᠪᠠᠶᠢᠳᠠᠯ ᠳᠣᠣᠷ᠎ᠠ᠂ ᠮᠠᠨ ᠤ ᠬᠤᠲᠠ ᠶᠢᠨ | ᠰᠢᠨ᠎ᠡ ᠴᠠᠭ ᠦᠶ᠎ᠡ ᠳᠤ ᠬᠠᠨᠳᠤᠭᠤᠯᠤᠭᠰᠠᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠠᠯᠢ ᠣᠯᠠᠨ ᠭᠦᠨᠵᠡᠭᠡᠢ ᠬᠤᠪᠢᠷᠠᠯᠲᠠ ᠳᠣᠣᠷ᠎ᠠ᠂ ᠪᠢᠳᠡ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠮᠵᠢ ᠪᠣᠯᠭᠠᠬᠤ ᠶᠢ | ᠪᠠᠷᠢᠮᠲᠠᠯᠠᠨ᠂ ᠲᠣᠭᠲᠠᠭᠤᠨ ᠢᠶᠠᠷ ᠤᠷᠤᠭᠰᠢᠯᠠᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ᠂ ᠨᠡᠮᠡᠭᠳᠡᠯ ᠢ ᠲᠣᠭᠲᠠᠪᠤᠷᠢᠵᠢᠭᠤᠯᠬᠤ᠂ | ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ | ᠡᠯ᠎ᠡ ᠵᠦᠢᠯ ᠤᠨ ᠠᠵᠢᠯ ᠢ ᠨᠢᠭᠡᠳᠦᠯᠲᠡᠢ ᠪᠠᠷ ᠲᠥᠯᠥᠪᠯᠡᠨ ᠰᠠᠶᠢᠳᠤᠷ ᠬᠢᠵᠦ᠂ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠠᠵᠢᠯ ᠦᠢᠯᠡᠰ ᠰᠢᠨ᠎ᠡ ᠦᠷ᠎ᠡ | ᠪᠦᠲᠦᠮᠵᠢ ᠣᠯᠪᠠ᠃ | —— ᠠᠵᠤ ᠠᠬᠤᠢ ᠶᠢᠨ ᠬᠥᠭᠵᠢᠯᠲᠡ ᠲᠣᠭᠲᠠᠭᠤᠨ ᠢᠶᠠᠷ ᠤᠷᠤᠭᠰᠢᠯᠠᠨ᠂ ᠲᠣᠭᠲᠠᠭᠤᠨ ᠢᠶᠠᠷ ᠰᠠᠶᠢᠵᠢᠷᠠᠪᠠ᠃ ᠲᠥᠰᠥᠪᠯᠡᠭᠰᠡᠨ ᠢᠶᠠᠷ ᠪᠦᠬᠦ | ᠬᠤᠲᠠ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 2900 ᠳ᠋ᠦᠩᠰᠢᠭᠤᠷ ᠲᠥᠭᠦᠷᠢᠭ ᠪᠡᠶᠡᠯᠡᠭᠦᠯᠵᠦ᠂ 4% ᠪᠠᠷ ᠨᠡᠮᠡᠭᠳᠡᠬᠦ | ᠪᠣᠯᠣᠨ᠎ᠠ︔ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 204.7 ᠳ᠋ᠦᠩᠰᠢᠭᠤᠷ ᠲᠥᠭᠦᠷᠢᠭ ᠪᠡᠶᠡᠯᠡᠭᠦᠯᠵᠦ᠂ 1.53% ᠪᠠᠷ ᠨᠡᠮᠡᠭᠳᠡᠬᠦ | ᠪᠣᠯᠣᠨ᠎ᠠ︔ ᠬᠡᠪᠴᠢᠶᠡᠵᠢᠯ ᠠᠴᠠ ᠳᠡᠭᠡᠭᠰᠢ ᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 4% ᠪᠠᠷ ᠨᠡᠮᠡᠭᠳᠡᠬᠦ ᠪᠣᠯᠣᠨ᠎ᠠ︔ ᠬᠡᠪᠴᠢᠶᠡᠵᠢᠯ ᠠᠴᠠ ᠳᠡᠭᠡᠭᠰᠢ | ᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ 10% ᠪᠠᠷ ᠨᠡᠮᠡᠭᠳᠡᠬᠦ ᠪᠣᠯᠣᠨ᠎ᠠ︔ | ᠠᠰᠢᠭ ᠬᠤᠨᠵᠢᠪᠤᠷᠢ 15% ᠪᠠᠷ ᠨᠡᠮᠡᠭᠳᠡᠬᠦ ᠪᠣᠯᠣᠨ᠎ᠠ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠥᠷᠲᠡᠭ 1600 | ᠳ᠋ᠦᠩᠰᠢᠭᠤᠷ ᠲᠥᠭᠦᠷᠢᠭ ᠪᠡᠶᠡᠯᠡᠭᠦᠯᠵᠦ᠂ 6% ᠪᠠᠷ ᠨᠡᠮᠡᠭᠳᠡᠬᠦ ᠪᠣᠯᠣᠨ᠎ᠠ᠃ | —— ᠠᠵᠤ ᠦᠢᠯᠡᠰ ᠤᠨ ᠬᠡᠯᠪᠡᠷᠢ ᠬᠤᠪᠢᠷᠠᠭᠤᠯᠬᠤ ᠶᠢ ᠲᠦᠷᠭᠡᠳᠬᠡᠵᠦ᠂ ᠥᠨᠳᠥᠷ ᠴᠢᠨᠰᠠᠭ᠎ᠠ ᠲᠠᠢ ᠬᠥᠭᠵᠢᠯᠲᠡ ᠶᠢ ᠲᠣᠭᠲᠠᠭᠤᠨ ᠢᠶᠠᠷ | ᠠᠬᠢᠭᠤᠯᠪᠠ᠃ ᠪᠠᠶᠢᠯᠳᠤᠬᠤ ᠪᠣᠳᠣᠯᠭ᠎ᠠ ᠶᠢᠨ ᠴᠢᠨᠠᠷ ᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠦᠢᠯᠡᠳᠪᠦᠷᠢᠯᠡᠯ ᠤᠨ ᠥᠷᠲᠡᠭ ᠤᠨ | ᠬᠡᠪᠴᠢᠶᠡᠵᠢᠯ ᠠᠴᠠ ᠳᠡᠭᠡᠭᠰᠢ ᠬᠢ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠥᠷᠲᠡᠭ ᠲᠤ ᠡᠵᠡᠯᠡᠬᠦ ᠬᠠᠷᠢᠴᠠᠯ ᠨᠢ 30% ᠳᠤ ᠬᠦᠷᠴᠦ᠂ ᠨᠢᠳᠤᠨᠤᠨ ᠤ | ᠬᠢ ᠠᠴᠠ 1.7 ᠵᠠᠭᠤᠨ ᠤ ᠴᠡᠭ ᠨᠡᠮᠡᠭᠳᠡᠪᠡ︔ ᠣᠳᠣ ᠦᠶ᠎ᠡ ᠶᠢᠨ ᠦᠢᠯᠡᠴᠢᠯᠡᠭᠡ ᠶᠢᠨ ᠦᠢᠯᠡᠰ ᠤᠨ ᠦᠢᠯᠡᠴᠢᠯᠡᠭᠡ ᠶᠢᠨ ᠦᠢᠯᠡᠰ ᠲᠤ ᠡᠵᠡᠯᠡᠬᠦ ᠬᠠᠷᠢᠴᠠᠯ ᠨᠢ | 50% ᠠᠴᠠ ᠳᠠᠪᠠᠪᠠ︔ ᠭᠠᠶᠢᠯᠢ ᠶᠢᠨ ᠣᠷᠣᠯᠭ᠎ᠠ ᠶᠢᠨ ᠡᠳ᠋ ᠤᠨ ᠵᠠᠰᠠᠭ ᠤᠨ ᠣᠷᠣᠯᠭ᠎ᠠ ᠳᠤ ᠡᠵᠡᠯᠡᠬᠦ ᠬᠠᠷᠢᠴᠠᠯ ᠨᠢ 84.4% ᠳᠤ ᠬᠦᠷᠪᠡ᠃ | —— ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠠ ᠣᠷᠴᠢᠨ ᠲᠣᠭᠤᠷᠢᠨ ᠤ ᠵᠠᠰᠠᠯᠲᠠ ᠶᠢ ᠭᠦᠨᠵᠡᠭᠡᠢ ᠬᠡᠷᠡᠭᠵᠢᠭᠦᠯᠵᠦ᠂ ᠬᠤᠲᠠ | ᠬᠥᠳᠡᠭᠡ ᠶᠢᠨ ᠳᠦᠷᠰᠦ ᠪᠠᠶᠢᠳᠠᠯ ᠳᠠᠬᠢᠨᠲᠠ ᠰᠢᠨ᠎ᠡ ᠰᠠᠶᠢᠵᠢᠷᠠᠯᠲᠠ ᠲᠠᠢ ᠪᠣᠯᠪᠠ᠃ ᠬᠤᠲᠠ ᠶᠢᠨ ᠰᠢᠨ᠎ᠡ ᠪᠠᠷ ᠳᠡᠪᠢᠰᠦᠭᠰᠡᠨ ᠵᠠᠮ 31.9 ᠲᠡᠭᠰᠢ | ᠳᠥᠷᠪᠡᠯᠵᠢᠨ ᠮᠧᠲᠷ ᠲᠤ ᠬᠦᠷᠴᠦ᠂ ᠬᠥᠳᠡᠭᠡ ᠲᠣᠰᠬᠤᠨ ᠤ ᠲᠡᠷᠭᠡ ᠨᠡᠪᠲᠡᠷᠡᠭᠰᠡᠨ ᠵᠠᠰᠠᠮᠠᠯ ᠵᠠᠮ 6117 ᠺᠢᠯᠣᠮᠧᠲᠷ ᠲᠤ ᠬᠦᠷᠪᠡ︔ ᠪᠦᠬᠦ ᠬᠤᠲᠠ ᠶᠢᠨ | ᠣᠢ ᠰᠢᠭᠤᠢ ᠶᠢᠨ ᠪᠦᠷᠬᠦᠯᠲᠡ ᠶᠢᠨ ᠨᠣᠷᠮ᠎ᠠ 21.4% ᠬᠦᠷᠲᠡᠯ᠎ᠡ ᠳᠡᠭᠡᠭᠰᠢᠯᠡᠵᠦ᠂ ᠪᠦᠲᠦᠭᠡᠨ ᠪᠠᠶᠢᠭᠤᠯᠤᠭᠰᠠᠨ ᠲᠣᠭᠤᠷᠢᠭ ᠤᠨ ᠨᠣᠭᠤᠭᠠᠷᠠᠭᠤᠯᠤᠯᠲᠠ ᠶᠢᠨ | ᠨᠤᠷᠮ᠎ᠠ 39.87% ᠳᠤ ᠬᠦᠷᠪᠡ︔ ᠴᠡᠪᠡᠷ ᠠᠭᠠᠷ ᠤᠨ ᠡᠳᠦᠷ ᠤᠨ ᠲᠤᠭ᠎ᠠ 272 ᠡᠳᠦᠷ ᠲᠤ ᠬᠦᠷᠴᠦ᠂ ᠨᠢᠳᠤᠨᠤᠨ ᠤ ᠬᠢ ᠠᠴᠠ17 ᠡᠳᠦᠷ ᠨᠡᠮᠡᠭᠳᠡᠪᠡ᠃ | —— ᠠᠷᠠᠳ ᠤᠨ ᠠᠮᠢᠳᠤᠷᠠᠯ ᠳᠤ ᠬᠢ ᠣᠷᠤᠭᠤᠯᠤᠯᠲᠠ ᠢᠶᠠᠨ ᠲᠠᠰᠤᠷᠠᠯᠲᠠ ᠦᠭᠡᠢ ᠨᠡᠮᠡᠭᠳᠡᠭᠦᠯᠵᠦ᠂ ᠣᠯᠠᠨ ᠲᠦᠮᠡᠨ ᠤ ᠵᠣᠯ ᠵᠢᠷᠭᠠᠯᠲᠤ | ᠲᠥᠷᠥᠭᠳᠡᠯ ᠢ ᠦᠷᠭᠦᠯᠵᠢᠯᠡᠨ ᠨᠡᠮᠡᠭᠳᠡᠭᠦᠯᠪᠡ᠃ ᠪᠦᠬᠦ ᠬᠤᠲᠠ ᠶᠢᠨ ᠠᠷᠠᠳ ᠤᠨ ᠠᠮᠢᠳᠤᠷᠠᠯ ᠳᠤ ᠬᠢ ᠵᠠᠷᠤᠯᠭ᠎ᠠ ᠨᠢ ᠡᠳ᠋ ᠤᠨ ᠵᠠᠰᠠᠭ ᠤᠨ ᠶᠡᠷᠦᠩᠬᠡᠢ | ᠵᠠᠷᠤᠯᠭ᠎ᠠ ᠶᠢᠨ 70% ᠢ ᠡᠵᠡᠯᠡᠪᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠵᠢᠱᠢᠯᠲᠡ ᠪᠠᠷ | ᠲᠤᠰ ᠲᠤᠰ 7% ᠪᠠ 9% ᠪᠠᠷ ᠨᠡᠮᠡᠭᠳᠡᠬᠦ ᠪᠣᠯᠣᠨ᠎ᠠ᠂ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ 2.6% ᠪᠠᠷ ᠥᠰᠬᠦ ᠪᠣᠯᠣᠨ᠎ᠠ᠃ | ᠨᠢᠭᠡ ᠵᠢᠯ ᠤᠨ ᠲᠤᠷᠰᠢ᠂ ᠪᠢᠳᠡ ᠭᠤᠣᠯᠳᠠᠭᠤ ᠳᠣᠣᠷᠠᠬᠢ ᠠᠵᠢᠯ ᠤᠳ ᠢ ᠬᠢᠭᠰᠡᠨ ᠪᠠᠶᠢᠨ᠎ᠠ᠄ | ︵ᠨᠢᠭᠡ︶ ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ ᠢ ᠡᠷᠡᠰ ᠰᠠᠶᠢᠳᠤᠷ ᠬᠢᠪᠡ᠃ ᠥᠷᠢ ᠥᠭᠴᠡᠭᠡᠨ ᠤ ᠰᠠᠭᠤᠷᠢ ᠲᠤᠭ᠎ᠠ ᠶᠢ ᠪᠦᠬᠦ | ᠲᠠᠯ᠎ᠠ ᠪᠠᠷ ᠣᠶᠢᠯᠭᠠᠵᠤ᠂ ᠨᠡᠶᠢᠲᠡ 320.7 ᠳ᠋ᠦᠩᠰᠢᠭᠤᠷ ᠲᠥᠭᠦᠷᠢᠭ ᠤᠨ ᠥᠷᠢ ᠥᠭᠴᠡᠭᠡ ᠶᠢ ᠠᠷᠢᠯᠭᠠᠪᠠ︔ ᠬᠠᠤᠯᠢ ᠪᠤᠰᠤ ᠪᠠᠷ ᠮᠥᠩᠭᠦ ᠴᠤᠭᠯᠠᠭᠤᠯᠬᠤ | ᠪᠠ ᠢᠨᠲ᠋ᠧᠷ ᠰᠦᠯᠵᠢᠶ᠎ᠡ ᠶᠢᠨ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢᠨ ᠲᠤᠰᠬᠠᠢ ᠴᠡᠭᠴᠡᠯᠡᠨ ᠵᠠᠰᠠᠯᠲᠠ ᠶᠢ ᠥᠷᠨᠢᠭᠦᠯᠵᠦ᠂ ᠬᠦᠨᠳᠦ ᠶᠡᠭᠡ ᠠᠶᠤᠯ | ᠲᠦᠭᠰᠢᠭᠦᠷᠢ ᠨᠢ ᠲᠣᠭᠲᠠᠭᠤᠨ ᠡᠵᠡᠮᠳᠡᠭᠳᠡᠭ ᠪᠣᠯᠪᠠ᠃ ᠣᠨᠢᠨ ᠳᠡᠭᠡᠷ᠎ᠡ ᠨᠢ ᠲᠥᠪᠯᠡᠷᠡᠭᠦᠯᠵᠦ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠪᠠᠷ ᠭᠤᠣᠯᠳᠠᠯᠭ᠎ᠠ | ᠪᠣᠯᠭᠠᠵᠤ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ᠂ ᠰᠤᠷᠭᠠᠨ ᠬᠥᠮᠥᠵᠢᠯ ᠢᠶᠠᠷ ᠶᠠᠳᠠᠭᠤ ᠶᠢ ᠲᠡᠳᠬᠦᠬᠦ᠂ ᠮᠥᠩᠭᠦᠨ ᠭᠦᠢᠯᠭᠡᠭᠡ ᠪᠠᠷ ᠶᠠᠳᠠᠭᠤ ᠶᠢ ᠲᠡᠳᠬᠦᠬᠦ | ᠂ ᠨᠡᠶᠢᠭᠡᠮ ᠤᠨ ᠦᠨᠳᠦᠰᠦᠨ ᠪᠠᠲᠤᠯᠠᠭ᠎ᠠ ᠵᠡᠷᠭᠡ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠪᠡᠭᠡᠵᠢᠩ ᠥᠪᠥᠷ ᠮᠣᠩᠭᠤᠯ ᠤᠨ ᠶᠠᠳᠠᠭᠤ ᠶᠢ | ᠲᠡᠳᠬᠦᠬᠦ ᠬᠠᠮᠵᠢᠯᠴᠠᠭ᠎ᠠ᠂ ︽ᠵᠠᠭᠤᠨ ᠠᠵᠤ ᠠᠬᠤᠶᠢᠯᠠᠯ ᠵᠠᠭᠤᠨ ᠲᠣᠰᠬᠤᠨ ᠲᠠᠢ ᠬᠤᠯᠪᠣᠭᠠᠯᠠᠬᠤ︾ ᠴᠡᠭ ᠲᠣᠭᠲᠠᠭᠠᠨ ᠲᠤᠰᠠᠯᠠᠨ ᠲᠡᠳᠬᠦᠬᠦ ᠵᠡᠷᠭᠡ ᠣᠯᠠᠨ | ᠲᠠᠯ᠎ᠠ ᠪᠠᠷ ᠬᠦᠴᠦᠯᠡᠵᠦ᠂ ︽ᠶᠠᠳᠠᠭᠤ ᠶᠢ ᠶᠡᠬᠡᠪᠡᠷ ᠲᠡᠳᠬᠦᠬᠦ︾ ᠠᠵᠢᠯ ᠤᠨ ᠪᠠᠶᠢᠷᠢᠰᠢᠯ ᠢ ᠪᠠᠶᠢᠭᠤᠯᠪᠠ᠃ ᠪᠦᠬᠦ ᠬᠤᠲᠠ ᠶᠢᠨ ᠡᠯ᠎ᠡ ᠱᠠᠲᠤ ᠠᠴᠠ ᠨᠢᠭᠡᠳᠦᠭᠡᠷ | ᠱᠦᠵᠢ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠭᠡᠰᠢᠭᠦᠨ ᠢ ᠨᠡᠶᠢᠲᠡ 2143 ᠬᠥᠮᠥᠨ ᠲᠣᠮᠢᠯᠠᠵᠤ᠂ ᠶᠠᠳᠠᠭᠤ ᠶᠢ ᠲᠡᠳᠬᠦᠬᠦ ᠪᠡᠯᠡ ᠮᠥᠩᠭᠦ ᠶᠢ | ᠨᠡᠶᠢᠲᠡ 6.6 ᠳ᠋ᠦᠩᠰᠢᠭᠤᠷ ᠲᠥᠭᠦᠷᠢᠭ ᠣᠷᠣᠭᠤᠯᠵᠤ᠂ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠢ ᠲᠠᠢ ᠬᠥᠮᠥᠨ ᠠᠴᠠ 9013 ᠶᠢ ᠶᠠᠳᠠᠭᠤ ᠠᠴᠠ | ᠠᠩᠭᠢᠵᠢᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠳᠡᠰ ᠤᠨ ᠶᠠᠳᠠᠭᠤ ᠬᠦᠴᠢᠷᠳᠡᠯᠲᠡᠢ ᠲᠠᠢ 53 ᠲᠣᠰᠬᠤᠨ᠂ ᠬᠤᠲᠠ ᠶᠢᠨ ᠳᠡᠰ ᠤᠨ ᠶᠠᠳᠠᠭᠤ | ᠬᠦᠴᠢᠷᠳᠡᠯᠲᠡᠢ ᠲᠠᠢ 68 ᠲᠣᠰᠬᠤᠨ ᠢ ᠶᠠᠳᠠᠭᠤ ᠠᠴᠠ ᠠᠩᠭᠢᠵᠢᠷᠠᠭᠤᠯᠵᠤ᠂ ᠦᠴᠤᠸᠠᠨ᠂ ᠴᠢᠩ ᠱᠦᠢ ᠾᠧ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ | ᠡᠲᠡᠭᠡᠳ ᠤᠨ ᠶᠠᠳᠠᠭᠤ ᠠᠴᠠ ᠠᠩᠭᠢᠵᠢᠷᠠᠬᠤ ᠬᠢᠨᠠᠨ ᠬᠠᠷᠭᠤᠭᠤᠯᠬᠤ ᠦᠨᠡᠯᠡᠨ ᠵᠢᠱᠢᠯᠲᠡ ᠶᠢ ᠪᠡᠶᠡᠯᠡᠭᠦᠯᠪᠡ᠃ ᠪᠤᠬᠢᠷᠳᠤᠯ ᠢ ᠰᠡᠷᠭᠡᠶᠢᠯᠡᠨ ᠵᠠᠰᠠᠬᠤ | ᠰᠢᠪᠲᠤᠯᠤᠯᠲᠠ ᠶᠢᠨ ᠳᠠᠶᠢᠯᠠᠯᠳᠤᠭᠠᠨ ᠢ ᠭᠦᠨᠵᠡᠭᠡᠢ ᠲᠦᠯᠬᠢᠨ ᠠᠬᠢᠭᠤᠯᠵᠤ᠂ ᠠᠭᠠᠷ ᠢ ᠵᠠᠰᠠᠬᠤ᠂ ᠤᠰᠤ ᠶᠢ ᠵᠠᠰᠠᠬᠤ᠂ ᠬᠥᠷᠥᠰᠥ ᠶᠢ ᠵᠠᠰᠠᠬᠤ᠂ ᠠᠭᠤᠯᠠ ᠶᠢ | ᠵᠠᠰᠠᠬᠤ ᠢᠨᠵᠧᠨᠧᠷᠢᠩ ᠢ ᠶᠡᠬᠡᠪᠡᠷ ᠥᠷᠨᠢᠭᠦᠯᠪᠡ᠃ ᠬᠤᠲᠠ ᠶᠢᠨ ᠭᠤᠣᠯ ᠲᠣᠭᠤᠷᠢᠭ ᠤᠨ ︽ᠨᠡᠭᠦᠷᠡᠰᠦ ᠦᠭᠡᠢ ᠪᠣᠯᠭᠠᠬᠤ︾ ᠶᠢ ᠪᠦᠬᠦ ᠬᠦᠴᠦ ᠪᠠᠷ ᠢᠶᠠᠨ | ᠲᠦᠯᠬᠢᠨ ᠠᠬᠢᠭᠤᠯᠵᠤ᠂ ᠵᠢᠩ ᠨᠧᠩ ᠢᠯᠴᠢ ᠶᠢᠨ ᠡᠨᠧᠷᠭᠢ ᠶᠢᠨ ᠤᠷᠲᠤ ᠳᠠᠮᠵᠢᠭᠤᠯᠬᠤ ᠬᠤᠭᠤᠯᠠᠢ ᠶᠢ ᠪᠦᠲᠦᠭᠡᠨ ᠪᠠᠶᠢᠭᠤᠯᠵᠤ᠂ ᠰᠠᠭᠤᠭᠠᠯᠢ ᠠᠷᠠᠳ ᠤᠨ | ᠴᠡᠪᠡᠷ ᠨᠡᠭᠦᠷᠡᠰᠦ ᠰᠣᠯᠢᠬᠤ ᠠᠵᠢᠯ ᠢ ᠬᠡᠷᠡᠭᠵᠢᠭᠦᠯᠪᠡ︔ ᠪᠣᠬᠢᠷ ᠤᠰᠤ ᠶᠢ ᠴᠡᠭᠴᠡᠯᠡᠨ ᠵᠠᠰᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠪᠠ︔ 1031 | ᠲᠡᠭᠰᠢ ᠳᠥᠷᠪᠡᠯᠵᠢᠨ ᠮᠧᠲᠷ ᠢ ᠪᠦᠷᠬᠦᠭᠦᠯᠦᠭᠰᠡᠨ ᠭᠠᠵᠠᠷ ᠳᠣᠣᠷᠠᠬᠢ ᠤᠰᠤ ᠶᠢ ᠬᠡᠲᠦᠷᠡᠭᠦᠯᠦᠨ ᠠᠭᠤᠳᠠᠯᠤᠭᠰᠠᠨ ᠣᠷᠣᠨ ᠢ ᠶᠡᠷᠦᠩᠬᠡᠶᠢᠯᠡᠨ ᠴᠡᠭᠴᠡᠯᠡᠨ ᠵᠠᠰᠠᠬᠤ | ᠢᠨᠵᠧᠨᠧᠷᠢᠩ ᠢ ᠡᠬᠢᠯᠡᠭᠦᠯᠪᠡ︔ ᠳᠠᠯᠠᠨ ᠬᠠᠷ᠎ᠠ ᠠᠭᠤᠯᠠ ᠶᠢᠨ ᠡᠯ᠎ᠡ ᠵᠦᠢᠯ ᠤᠨ ᠦᠢᠯᠡᠳᠪᠦᠷᠢᠯᠡᠯ ᠨᠡᠭᠡᠭᠡᠯᠲᠡ ᠶᠢᠨ ᠠᠵᠢᠯᠯᠠᠭ᠎ᠠ ᠶᠢ ᠪᠦᠬᠦᠨ ᠢ ᠵᠣᠭᠰᠣᠭᠠᠵᠤ᠂ | ᠠᠭᠤᠷᠬᠠᠢ ᠬᠠᠶᠢᠬᠤ ᠮᠠᠯᠲᠠᠬᠤ 93 ᠠᠵᠤ ᠠᠬᠤᠶᠢᠯᠠᠯ ᠢ ᠬᠠᠭᠠᠯᠭᠠᠵᠤ᠂ ᠠᠮᠢ ᠠᠬᠤᠢ ᠶᠢᠨ ᠵᠠᠰᠠᠨ ᠰᠡᠷᠭᠦᠭᠡᠯᠲᠡ ᠢᠯᠡᠳᠲᠡ ᠦᠷ᠎ᠡ ᠪᠦᠲᠦᠮᠵᠢ ᠣᠯᠪᠠ᠃ | ︵ᠬᠤᠶᠠᠷ︶ ᠣᠳᠣᠬᠢᠴᠢᠯᠠᠭᠰᠠᠨ ᠠᠵᠣ ᠦᠢᠯᠡᠰ ᠤᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠪᠡ᠃ ᠪᠤᠳᠠᠳᠤ ᠠᠵᠤ ᠠᠬᠤᠢ ᠶᠢ | ᠲᠠᠰᠤᠷᠠᠯᠲᠠ ᠦᠭᠡᠢ ᠬᠥᠭᠵᠢᠭᠦᠯᠦᠨ ᠪᠤᠵᠠᠭᠠᠶᠢᠷᠠᠭᠤᠯᠵᠤ᠂ ᠬᠡᠪᠴᠢᠶᠡᠵᠢᠯ ᠠᠴᠠ ᠳᠡᠭᠡᠭᠰᠢ ᠬᠢ 16 ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠰᠢᠨ᠎ᠡ ᠪᠠᠷ | ᠨᠡᠮᠡᠭᠳᠡᠭᠦᠯᠪᠡ᠃ ᠰᠦ ᠰᠠᠭᠠᠯᠢ ᠶᠢᠨ ᠠᠵᠤ ᠦᠢᠯᠡᠰ ᠤᠨ ᠳᠡᠰ ᠳᠡᠪᠰᠢᠬᠦ ᠭᠤᠷᠪᠠᠨ ᠵᠢᠯ ᠤᠨ ᠠᠵᠢᠯᠯᠠᠭ᠎ᠠ ᠶᠢᠨ ᠲᠥᠯᠥᠪᠯᠡᠭᠡ ᠶᠢ ᠡᠬᠢᠯᠡᠨ ᠬᠡᠷᠡᠭᠵᠢᠭᠦᠯᠵᠦ᠂ ᠢᠯᠢ | ᠂ ᠮᠧᠩ ᠨᠢᠦ ᠬᠤᠶᠠᠷ ᠶᠡᠭᠡ ᠰᠦ ᠰᠠᠭᠠᠯᠢ ᠶᠢᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠵᠢᠱᠢᠯᠲᠡ ᠪᠠᠷ 1500 ᠳ᠋ᠦᠩᠰᠢᠭᠤᠷ ᠲᠥᠭᠦᠷᠢᠭ ᠢ | ᠳᠠᠪᠠᠵᠤ᠂ ᠴᠢᠯᠠᠭᠤᠨ ᠲᠣᠰᠣ ᠬᠢᠮᠢ ᠶᠢᠨ ᠦᠢᠯᠡᠳᠪᠦᠷᠢ᠂ ᠴᠠᠬᠢᠯᠭᠠᠨ ᠡᠨᠧᠷᠭᠢ ᠵᠡᠷᠭᠡ ᠤᠯᠠᠮᠵᠢᠯᠠᠯᠲᠤ ᠳᠠᠪᠠᠭᠤᠯᠢᠭᠲᠤ ᠠᠵᠤ ᠠᠬᠤᠶᠢᠯᠠᠯ ᠮᠡᠷᠭᠡᠵᠢᠯ ᠤᠨ | ᠥᠭᠡᠷᠡᠴᠢᠯᠡᠯᠲᠡ ᠶᠢᠨ ᠳᠡᠰ ᠳᠡᠪᠰᠢᠬᠦ ᠶᠢ ᠪᠡᠶᠡᠯᠡᠭᠦᠯᠪᠡ᠃ ᠰᠢᠨ᠎ᠡ ᠡᠨᠧᠷᠭᠢ ᠶᠢᠨ ᠮᠠᠰᠢᠨ ᠲᠡᠷᠭᠡ᠂ ᠭᠡᠷᠡᠯ ᠸᠣᠯᠲ ᠤᠨ ᠰᠢᠨ᠎ᠡ ᠮᠠᠲ᠋ᠧᠷᠢᠶᠠᠯ᠂ ᠲᠣᠮᠣ ᠳ᠋ᠠᠶᠢᠲ᠋ᠠ | ᠡᠭᠦᠯᠡᠨ ᠪᠣᠳᠣᠯᠲᠠ᠂ ᠠᠮᠢᠳᠤ ᠪᠤᠳᠠᠰ ᠤᠨ ᠡᠮ ᠡᠮᠨᠡᠯᠭᠡ ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷ ᠲᠠᠢ ᠰᠢᠨ᠎ᠡ ᠪᠠᠷ ᠬᠥᠭᠵᠢᠭᠰᠡᠨ ᠠᠵᠤ ᠠᠬᠤᠶᠢᠯᠠᠯ ᠤᠨ | ᠬᠥᠭᠵᠢᠯᠲᠡ ᠶᠢᠨ ᠪᠠᠶᠢᠳᠠᠯ ᠰᠠᠶᠢᠨ ᠪᠠᠶᠢᠵᠤ᠂ ᠵᠢᠦ ᠲᠠᠢ ᠡᠨᠧᠷᠭᠢ ᠶᠢᠨ ᠨᠡᠭᠦᠷᠡᠰᠦ ᠪᠠᠷ ᠡᠲ᠋ᠠ ᠠᠯᠺᠦᠦᠯ ᠦᠢᠯᠡᠳᠬᠦ᠂ ᠺᠠᠢ ᠸᠧ ᠰᠢᠨ᠎ᠡ ᠡᠨᠧᠷᠭᠢ ᠶᠢᠨ ᠮᠠᠰᠢᠨ | ᠲᠡᠷᠭᠡ ᠶᠢᠨ ᠪᠦᠬᠦᠯᠢ ᠲᠡᠷᠭᠡ ᠦᠢᠯᠡᠳᠬᠦ ᠵᠡᠷᠭᠡ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠧᠦ ᠵᠢᠩ ᠰᠢᠨᠵᠢᠯᠡᠬᠦ | ᠤᠬᠠᠭᠠᠨ ᠮᠡᠷᠭᠡᠵᠢᠯ ᠤᠨ ᠬᠤᠶᠠᠳᠤᠭᠠᠷ ᠬᠤᠭᠤᠴᠠᠭ᠎ᠠ᠂ ᠶᠢᠨ ᠢᠦᠢ ᠠᠮᠢᠳᠤ ᠪᠤᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ | ᠬᠦᠷᠢᠶᠡᠯᠡᠩ ᠤᠨ ᠨᠢᠭᠡᠳᠦᠭᠡᠷ ᠬᠤᠭᠤᠴᠠᠭ᠎ᠠ ᠵᠡᠷᠭᠡ ᠲᠥᠷᠥᠯ ᠵᠦᠢᠯ ᠢ ᠪᠦᠲᠦᠭᠡᠨ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠪᠠ᠃ ᠣᠳᠣ | ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠲᠦᠷᠭᠡᠳᠴᠦ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠷᠠᠯᠵᠢᠶᠠᠯᠠᠭᠰᠠᠨ ᠲᠤᠭ᠎ᠠ 980 | ᠳ᠋ᠦᠩᠰᠢᠭᠤᠷ ᠲᠥᠭᠦᠷᠢᠭ ᠲᠤ ᠬᠦᠷᠪᠡ︔ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠵᠢᠭᠡᠯᠡᠯᠭᠡ ᠶᠢᠨ ᠦᠯᠡᠳᠡᠪᠦᠷᠢ ᠲᠤᠭ᠎ᠠ ᠲᠤᠰ ᠲᠤᠰ | 5990 ᠳ᠋ᠦᠩᠰᠢᠭᠤᠷ ᠲᠥᠭᠦᠷᠢᠭ ᠪᠠ 7996 ᠳ᠋ᠦᠩᠰᠢᠭᠤᠷ ᠲᠥᠭᠦᠷᠢᠭ ᠲᠤ ᠬᠦᠷᠪᠡ︔ ᠬᠤᠷᠠᠯ ᠦᠵᠡᠰᠬᠦᠯᠡᠩ ᠤᠨ ᠠᠷᠠᠯᠵᠢᠶ᠎ᠠ ᠪᠦᠲᠦᠭᠰᠡᠨ ᠶᠡᠷᠦᠩᠬᠡᠢ | ᠲᠤᠭ᠎ᠠ 43 ᠳ᠋ᠦᠩᠰᠢᠭᠤᠷ ᠲᠥᠭᠦᠷᠢᠭ ᠢ ᠳᠠᠪᠠᠪᠠ︔ ᠪᠦᠬᠦ ᠵᠢᠯ ᠳᠤ ᠵᠢᠭᠤᠯᠴᠢᠯᠠᠭᠴᠢᠳ ᠢ 4372 ᠲᠦᠮᠡᠨ ᠬᠥᠮᠥᠨ ᠤᠳᠠᠭ᠎ᠠ ᠬᠦᠯᠢᠶᠡᠨ ᠠᠪᠴᠤ᠂ | ᠵᠢᠭᠤᠯᠴᠢᠯᠠᠯ ᠤᠨ ᠪᠦᠬᠦ ᠣᠷᠣᠯᠭ᠎ᠠ 924 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠲᠤᠰ ᠲᠤᠰ 11.9% ᠪᠣᠯᠣᠨ 21.7% ᠨᠡᠮᠡᠭᠳᠡᠪᠡ᠃ ᠬᠤᠷᠢᠨᠭᠡᠷ | ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ᠂ ᠡᠬᠢᠯᠡᠯᠲᠡ ᠶᠢᠨ ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ ᠶᠢ 25 | ᠳ᠋ᠦᠩᠰᠢᠭᠤᠷ ᠪᠡᠶᠡᠯᠡᠭᠦᠯᠵᠦ᠂ 52 ᠲᠥᠷᠥᠯ ᠵᠦᠢᠯ ᠢ ᠵᠥᠪᠳᠡᠨ ᠲᠣᠭᠲᠠᠵᠤ᠂ ᠨᠡᠶᠢᠲᠡ 240.8 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ | ᠰᠢᠨ᠎ᠡ ᠲᠣᠭᠤᠷᠢᠭ ᠤᠨ ᠬᠥᠳᠡᠯᠭᠡᠭᠦᠷ ᠤᠨ ᠦᠢᠯᠡᠳᠦᠯ ᠠᠭᠠᠵᠢᠮ ᠢᠶᠠᠷ ᠢᠯᠡᠷᠡᠪᠡ᠃ | ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠪᠡ᠃ ᠬᠥᠬᠡᠬᠤᠲᠠ ᠶᠢᠨ ᠰᠢᠨᠵᠢᠯᠡᠭᠡ ᠮᠡᠷᠭᠡᠵᠢᠯ ᠤᠨ | ᠬᠤᠲᠠ ᠶᠢ ᠡᠬᠢᠯᠡᠨ ᠪᠦᠲᠦᠭᠡᠨ ᠪᠠᠶᠢᠭᠤᠯᠵᠤ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ ᠶᠢᠨ ᠠᠵᠢᠯᠯᠬᠤ ᠥᠷᠲᠡᠭᠡ ᠶᠢ | 3 ᠣᠷᠣᠭᠤᠯᠵᠤ᠂ ᠶᠡᠷᠦᠩᠬᠡᠢ ᠪᠡᠯᠡ ᠣᠷᠤᠭᠤᠯᠤᠯᠲᠠ ᠨᠢ 155.6 ᠳ᠋ᠦᠩᠰᠢᠭᠤᠷ ᠲᠥᠭᠦᠷᠢᠭ ᠪᠣᠯᠬᠤ 23 ᠰᠢᠨᠵᠢᠯᠡᠭᠡ ᠮᠡᠷᠭᠡᠵᠢᠯ ᠤᠨ ᠠᠵᠤ ᠠᠬᠤᠶᠢᠯᠠᠯ | ᠭᠡᠷ᠎ᠡ ᠲᠣᠭᠲᠠᠨ ᠨᠠᠶᠢᠳᠠᠪᠤᠷᠢᠵᠢᠪᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠲᠡᠳᠬᠦᠨ ᠲᠡᠮᠵᠢᠬᠦ ᠡᠷᠴᠢᠮ ᠢ ᠴᠢᠩᠭᠠᠷᠠᠭᠤᠯᠵᠤ᠂ ᠪᠦᠬᠦ | ᠵᠢᠯ ᠳᠤ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 74 ᠶᠢ ᠰᠢᠨ᠎ᠡ ᠪᠠᠷ ᠨᠡᠮᠡᠭᠳᠡᠭᠦᠯᠵᠦ᠂ ᠪᠦᠬᠦ ᠲᠤᠭ᠎ᠠ ᠨᠢ 270 ᠳᠤ ᠬᠦᠷᠴᠦ᠂ ᠳᠡᠭᠡᠳᠦ ᠰᠢᠨ᠎ᠡ | ᠮᠡᠷᠭᠡᠵᠢᠯ ᠤᠨ ᠠᠵᠤ ᠠᠬᠤᠶᠢᠯᠠᠯ ᠨᠢ ᠪᠦᠬᠦ ᠣᠷᠣᠨ ᠤ ᠪᠦᠬᠦ ᠲᠤᠭ᠎ᠠ ᠶᠢᠨ 38% ᠶᠢ ᠡᠵᠡᠯᠡᠪᠡ᠃ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠢ ᠶᠢᠨ | ᠥᠰᠦᠯᠲᠡ ᠳᠤ ᠬᠢ ᠬᠤᠪᠢ ᠨᠡᠮᠡᠷᠢ ᠶᠢᠨ ᠨᠤᠷᠮ᠎ᠠ 56% ᠬᠦᠷᠲᠡᠯ᠎ᠡ ᠳᠡᠭᠡᠭᠰᠢᠯᠡᠵᠦ᠂ ᠨᠢᠳᠤᠨᠤᠨ ᠤ ᠬᠢ ᠠᠴᠠ 1 ᠵᠠᠭᠤᠨ ᠤ ᠴᠡᠭ ᠨᠡᠮᠡᠭᠳᠡᠪᠡ᠃ | ᠴᠢᠳᠠᠪᠤᠷᠢᠲᠠᠨ ᠣᠷᠣᠭᠤᠯᠤᠨ ᠠᠪᠴᠢᠷᠠᠬᠤ 9 ᠰᠢᠨ᠎ᠡ ᠲᠥᠷᠥ ᠶᠢᠨ ᠪᠣᠳᠣᠯᠭ᠎ᠠ ᠶᠢ ᠲᠣᠭᠲᠠᠭᠠᠨ ᠨᠡᠶᠢᠲᠡᠯᠡᠵᠦ᠂ ᠪᠦᠬᠦ ᠬᠤᠲᠠ ᠶᠢᠨ 298 ᠠᠵᠤ ᠠᠬᠤᠶᠢᠯᠠᠯ | ᠠᠵᠢᠯ ᠦᠢᠯᠡᠰ ᠤᠨ ᠨᠢᠭᠡᠴᠡ ᠳᠤ 745 ᠨᠡᠷ᠎ᠡ ᠲᠤᠲᠠᠭᠳᠠᠵᠤ ᠪᠠᠶᠢᠭ᠎ᠠ ᠴᠢᠳᠠᠪᠤᠷᠢᠲᠠᠨ ᠢ ᠣᠷᠣᠭᠤᠯᠤᠭᠰᠠᠨ ᠪᠠᠶᠢᠨ᠎ᠠ᠃ | ︵ᠭᠤᠷᠪᠠ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ ᠥᠷᠨᠢᠭᠦᠯᠪᠡ᠃ ᠨᠢᠭᠡᠳᠦᠭᠡᠷ ᠠᠵᠤ | ᠦᠢᠯᠡᠰ ᠢ ᠨᠠᠷᠢᠯᠢᠭ ᠬᠢᠬᠦ ᠶᠢ ᠤᠶᠠᠯᠳᠤᠭᠤᠯᠤᠨ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ᠂ ᠬᠡᠪᠴᠢᠶᠡᠵᠢᠭᠦᠯᠬᠦ ᠶᠢ | ᠲᠦᠯᠬᠢᠨ ᠠᠬᠢᠭᠤᠯᠵᠤ᠂ ᠪᠦᠬᠦ ᠬᠤᠲᠠ ᠶᠢᠨ ᠭᠤᠣᠯ ᠪᠣᠯᠬᠤ ᠪᠠᠷᠢᠮᠵᠢᠶᠠᠵᠢᠭᠤᠯᠤᠭᠰᠠᠨ ᠲᠠᠷᠢᠮᠠᠯ ᠤᠨ ᠪᠦᠷᠬᠦᠯᠲᠡ ᠶᠢᠨ ᠨᠤᠷᠮ᠎ᠠ 25.2% ᠳᠤ ᠬᠦᠷᠪᠡ︔ | ᠲᠡᠵᠢᠭᠡᠵᠦ ᠪᠠᠶᠢᠭ᠎ᠠ 30 ᠲᠦᠮᠡᠨ ᠰᠠᠭᠠᠯᠢ ᠶᠢᠨ ᠦᠨᠢᠶ᠎ᠡ ᠶᠢ ᠪᠦᠷ ᠬᠡᠪᠴᠢᠶᠡᠵᠢᠭᠦᠯᠦᠨ ᠲᠡᠵᠢᠭᠡᠨ ᠦᠷᠡᠵᠢᠭᠦᠯᠪᠡ᠃ ᠲᠠᠷᠢᠶᠠᠯᠠᠩ ᠮᠠᠯ ᠠᠵᠤ ᠠᠬᠤᠢ ᠶᠢᠨ ᠠᠵᠤ | ᠦᠢᠯᠡᠰᠵᠢᠭᠰᠡᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠬᠤᠲᠠ ᠶᠢᠨ ᠱᠠᠲᠤᠨ ᠠᠴᠠ ᠳᠡᠭᠡᠭᠰᠢ ᠬᠢ ᠠᠵᠤ ᠦᠢᠯᠡᠰᠵᠢᠭᠰᠡᠨ ᠲᠣᠯᠣᠭᠠᠶᠢᠯᠠᠭᠴᠢ | ᠠᠵᠤ ᠠᠬᠤᠶᠢᠯᠠᠯ 347 ᠳᠤ ᠬᠦᠷᠴᠦ᠂ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠠᠵᠣ ᠠᠬᠤᠶᠢᠯᠠᠯ 9 ᠪᠠᠶᠢᠵᠤ᠂ ᠲᠥᠰᠥᠪᠯᠡᠭᠰᠡᠨ ᠢᠶᠠᠷ | ᠲᠣᠯᠣᠭᠠᠶᠢᠯᠠᠭᠴᠢ ᠠᠵᠤ ᠠᠬᠤᠶᠢᠯᠠᠯ 1650 ᠳ᠋ᠦᠩᠰᠢᠭᠤᠷ ᠲᠥᠭᠦᠷᠢᠭ ᠤᠨ ᠪᠣᠷᠣᠯᠠᠭᠤᠯᠤᠭᠰᠠᠨ ᠣᠷᠣᠯᠭ᠎ᠠ ᠶᠢ ᠪᠡᠶᠡᠯᠡᠭᠦᠯᠵᠦ᠂ 8.2% ᠢᠶᠠᠷ ᠨᠡᠮᠡᠭᠳᠡᠨ᠎ᠡ᠃ | ᠬᠤᠲᠠᠴᠢᠯᠠᠭᠰᠠᠨ ᠣᠳᠣ ᠦᠶ᠎ᠡ ᠶᠢᠨ ᠲᠠᠷᠢᠶᠠᠯᠠᠩ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠪᠦᠬᠦ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ | ᠰᠡᠯᠡᠭᠦᠴᠡᠯ ᠵᠢᠭᠤᠯᠴᠢᠯᠠᠯ ᠤᠨ ᠴᠡᠭ 136 ᠲᠤ ᠬᠦᠷᠴᠦ᠂ 5000 ᠢᠯᠡᠭᠦᠦ ᠲᠠᠷᠢᠶᠠᠯᠠᠩ ᠡᠷᠦᠬᠡ ᠶᠢ ᠳᠠᠶᠢᠴᠢᠯᠠᠪᠠ᠃ ᠬᠥᠳᠡᠭᠡ ᠲᠣᠰᠬᠤᠨ ᠤ ᠬᠥᠮᠥᠨ | ᠠᠮᠠ ᠶᠢᠨ ᠰᠠᠭᠤᠷᠢᠰᠢᠨ ᠠᠮᠢᠳᠤᠷᠠᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ ᠲᠥᠯᠥᠪᠯᠡᠭᠡ ᠶᠢ ᠬᠡᠷᠡᠭᠵᠢᠭᠦᠯᠵᠦ᠂ | 3000 ᠲᠦᠮᠡᠨ ᠲᠥᠭᠦᠷᠢᠭ ᠤᠨ ᠬᠥᠲᠥᠯᠥᠨ ᠵᠢᠯᠣᠭᠤᠳᠬᠤ ᠪᠡᠯᠡ ᠮᠥᠩᠭᠦ ᠶᠢ ᠣᠷᠣᠭᠤᠯᠵᠤ᠂ 70% ᠶᠢᠨ ᠵᠠᠰᠠᠭ ᠵᠠᠬᠢᠷᠭᠠᠨ ᠤ ᠲᠣᠰᠬᠤᠨ ᠤ | ᠶᠡᠷᠦᠩᠬᠡᠶᠢᠯᠡᠭᠰᠡᠨ ᠴᠡᠭᠴᠡᠯᠡᠨ ᠵᠠᠰᠠᠯᠲᠠ ᠶᠢᠨ ᠠᠵᠢᠯ ᠢ ᠡᠬᠢᠯᠡᠭᠦᠯᠵᠦ᠂ 134 ᠵᠠᠰᠠᠭ ᠵᠠᠬᠢᠷᠭᠠᠨ ᠤ ᠲᠣᠰᠬᠤᠨ ᠤ ᠠᠮᠢᠳᠤᠷᠠᠯ ᠤᠨ ᠪᠤᠬᠢᠷ ᠤᠰᠤ ᠶᠢ | ᠰᠢᠢᠳᠪᠦᠷᠢᠯᠡᠬᠦ ᠥᠭᠡᠷᠡᠴᠢᠯᠡᠯᠲᠡ ᠶᠢ ᠪᠡᠶᠡᠯᠡᠭᠦᠯᠵᠦ᠂ 2572 ᠡᠷᠦᠬᠡ ᠶᠢᠨ ᠵᠣᠷᠯᠣᠩ ᠤᠨ ᠥᠭᠡᠷᠡᠴᠢᠯᠡᠯᠲᠡ ᠶᠢ ᠪᠡᠶᠡᠯᠡᠭᠦᠯᠪᠡ᠃ 1556 ᠲᠦᠮᠡᠨ | ᠲᠥᠭᠦᠷᠢᠭ ᠢ ᠣᠷᠣᠭᠤᠯᠵᠤ᠂ ᠬᠥᠳᠡᠭᠡ ᠲᠣᠰᠬᠤᠨ ᠤ ᠤᠤᠭᠤᠬᠤ ᠤᠰᠤᠨ ᠤ ᠠᠶᠤᠯ ᠦᠭᠡᠢ ᠶᠢᠨ ᠢᠨᠵᠧᠨᠧᠷᠢᠩ ᠢ ᠬᠡᠷᠡᠭᠵᠢᠭᠦᠯᠪᠡ᠃ ᠵᠠᠰᠠᠭ ᠵᠠᠬᠢᠷᠭᠠᠨ ᠤ | ᠲᠣᠰᠬᠤᠨ ᠤ ᠵᠠᠰᠠᠮᠠᠯ ᠵᠠᠮ ᠢ ᠬᠠᠲᠠᠭᠤᠷᠠᠭᠤᠯᠤᠭᠰᠠᠨ ᠨᠤᠷᠮ᠎ᠠ 98.2% ᠬᠦᠷᠴᠦ᠂ ᠨᠡᠶᠢᠲᠡ ᠶᠢᠨ ᠭᠡᠷᠡᠯᠲᠦᠭᠦᠯᠬᠦ ᠪᠡᠯᠡᠳᠬᠡᠮᠵᠢ ᠶᠢᠨ ᠪᠦᠷᠬᠦᠯᠲᠡ ᠶᠢᠨ ᠨᠤᠷᠮ᠎ᠠ | 93.4% ᠬᠦᠷᠴᠦ᠂ ᠠᠶᠢᠯ ᠲᠣᠰᠬᠤᠨ ᠤ ᠨᠣᠭᠤᠭᠠᠷᠠᠭᠤᠯᠤᠯᠲᠠ ᠶᠢᠨ ᠨᠤᠷᠮ᠎ᠠ 55% ᠬᠦᠷᠪᠡ᠃ | ︵ᠳᠥᠷᠪᠡ︶ ᠬᠤᠲᠠ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠬᠢᠷᠢ ᠲᠦᠪᠰᠢᠨ ᠢ ᠶᠡᠬᠡᠪᠡᠷ ᠳᠡᠭᠡᠭᠰᠢᠯᠡᠭᠦᠯᠪᠡ᠃ ︽ᠭᠤᠷᠪᠠᠨ ᠬᠤᠲᠠ ᠶᠢ | ᠵᠡᠷᠭᠡ ᠪᠠᠷ ᠪᠦᠲᠦᠭᠡᠨ ᠪᠠᠶᠢᠭᠤᠯᠬᠤ︾ ᠶᠢ ᠪᠦᠬᠦ ᠲᠠᠯ᠎ᠠ ᠪᠠᠷ ᠥᠷᠨᠢᠭᠦᠯᠵᠦ᠂ ᠬᠤᠲᠠ ᠶᠢᠨ ᠣᠷᠴᠢᠨ ᠲᠣᠭᠤᠷᠢᠨ ᠤ ᠶᠡᠷᠦᠩᠬᠡᠶᠢᠯᠡᠨ ᠴᠡᠭᠴᠡᠯᠡᠨ ᠵᠠᠰᠠᠯᠲᠠ | ᠳᠠᠬᠢᠨᠲᠠ ᠰᠢᠨ᠎ᠡ ᠳᠡᠭᠳᠡᠷ ᠲᠤ ᠭᠠᠷᠴᠤ᠂ ︽ᠵᠣᠷᠯᠣᠩ ᠤᠨ ᠬᠤᠪᠢᠰᠤᠯᠲᠠ︾ ᠪᠦᠬᠦ ᠤᠯᠤᠰ ᠤᠨ ᠡᠮᠦᠨ᠎ᠡ ᠡᠩᠨᠡᠭᠡ ᠳᠤ ᠣᠷᠣᠵᠤ᠂ ᠬᠤᠲᠠ ᠶᠢᠨ ᠭᠤᠣᠯ | ᠲᠣᠭᠤᠷᠢᠭ ᠤᠨ ᠬᠥᠬᠡᠬᠤᠲᠠ ᠶᠢᠨ ᠵᠣᠭᠰᠣᠭᠠᠯ᠂ ᠨᠡᠶᠢᠲᠡ ᠶᠢᠨ ᠵᠣᠷᠯᠣᠩ᠂ ᠬᠤᠷᠢᠶᠠᠯᠠᠯ ᠤᠨ ᠵᠣᠭᠰᠣᠭᠠᠯ 4213 ᠳᠤ ᠬᠦᠷᠪᠡ︔ ᠬᠤᠲᠠ ᠶᠢᠨ ᠵᠠᠮ ᠤᠨ | ᠮᠠᠰᠢᠨᠴᠢᠯᠠᠨ ᠴᠡᠪᠡᠷᠯᠡᠨ ᠠᠷᠢᠯᠭᠠᠬᠤ ᠨᠤᠷᠮ᠎ᠠ 80% ᠠᠴᠠ ᠳᠡᠭᠡᠭᠰᠢ ᠳᠤ ᠬᠦᠷᠴᠦ᠂ ᠬᠤᠲᠠ ᠶᠢᠨ ᠲᠣᠭᠤᠷᠢᠭ ᠵᠢᠴᠢ ᠡᠷᠭᠢᠨ ᠲᠣᠭᠤᠷᠢᠨ ᠤ 200 ᠭᠠᠷᠤᠢ | ᠲᠦᠮᠡᠨ ᠲᠣᠨ ᠬᠤᠭ ᠨᠣᠪᠰᠢ ᠢ ᠴᠡᠪᠡᠷᠯᠡᠪᠡ᠃ ᠢᠳᠡᠭᠡᠨ ᠪᠠ ᠡᠮ ᠤᠨ ᠵᠦᠢᠯ ᠢ ᠦᠢᠯᠡᠳᠪᠦᠷᠢᠯᠡᠨ ᠡᠵᠡᠩᠨᠡᠬᠦ 6.3 ᠲᠦᠮᠡᠨ ᠠᠵᠤ ᠠᠬᠤᠶᠢᠯᠠᠯ ᠢ ᠵᠢᠭᠰᠠᠭᠠᠨ | ᠪᠠᠶᠢᠴᠠᠭᠠᠨ ᠴᠡᠭᠴᠡᠯᠡᠨ ᠵᠠᠰᠠᠵᠤ᠂ ᠢᠳᠡᠭᠡᠨ ᠤᠮᠳᠠᠭᠠᠨ ᠡᠷᠬᠢᠯᠡᠵᠦ ᠪᠠᠶᠢᠭ᠎ᠠ 1.6 ᠲᠠᠯᠠᠪᠠᠢ ᠭᠠᠵᠠᠷ ︽ᠭᠡᠭᠡᠨ ᠭᠠᠯ ᠲᠣᠭᠤᠭᠠᠨ ᠤ ᠥᠷᠥᠭᠡ︾ ᠶᠢ | ᠪᠡᠶᠡᠯᠡᠭᠦᠯᠪᠡ᠃ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠳ᠋ᠦᠩ ᠶᠢᠩ ᠡᠮᠦᠨ᠎ᠡ ᠵᠠᠮ ᠤᠨ ᠲᠠᠷᠢᠶᠠᠯᠠᠩ ᠤᠨ | ᠶᠡᠭᠡ ᠰᠤᠷᠭᠠᠭᠤᠯᠢ ᠶᠢᠨ ᠭᠠᠵᠠᠷ ᠳᠣᠣᠷᠠᠬᠢ ᠵᠠᠮ ᠢ ᠪᠠᠶᠢᠭᠤᠯᠵᠤ ᠳᠠᠭᠤᠰᠬᠠᠨ ᠲᠡᠷᠭᠡ ᠨᠡᠪᠲᠡᠷᠡᠵᠦ᠂ 6 ︽ᠮᠤᠬᠤᠷ ᠵᠠᠮ︾ ᠢ ᠨᠡᠪᠲᠡᠷᠡᠭᠦᠯᠵᠦ᠂ ᠶᠠᠪᠠᠭᠠᠨ | ᠬᠥᠮᠥᠨ ᠤ ᠵᠠᠮ ᠭᠡᠲᠦᠯᠬᠦ ᠬᠥᠭᠦᠷᠭᠡ ᠶᠢ ᠰᠢᠨ᠎ᠡ ᠪᠠᠷ 10 ᠪᠠᠶᠢᠭᠤᠯᠵᠤ᠂ ᠵᠠᠮ ᠢ ᠡᠵᠡᠯᠡᠭᠰᠡᠨ 80 ᠴᠠᠬᠢᠯᠭᠠᠨ ᠤᠲᠠᠰᠤᠨ ᠤ ᠱᠤᠩ ᠢ ᠰᠢᠯᠵᠢᠭᠦᠯᠪᠡ᠃ ᠪᠠᠶᠠᠨ | ᠵᠠᠮ᠂ ᠶᠢᠨ ᠬᠠᠢ ᠵᠠᠮ᠂ ᠵᠢᠷᠢᠮ ᠵᠠᠮ ᠵᠡᠷᠭᠡ ᠵᠠᠮ ᠤᠨ ᠲᠣᠣᠷ ᠢ ᠥᠭᠡᠷᠡᠴᠢᠯᠡᠨ ᠰᠠᠶᠢᠵᠢᠷᠠᠭᠤᠯᠬᠤ ᠪᠠ ᠭᠤᠷᠪᠠᠳᠤᠭᠠᠷ ᠲᠣᠭᠤᠷᠢᠭᠤᠯ ᠵᠠᠮ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠵᠦ᠂ ᠬᠥᠬᠡᠬᠤᠲᠠ ᠠᠴᠠ ᠴᠢᠭᠤᠯᠤᠯᠲᠤ ᠬᠠᠭᠠᠯᠭ᠎ᠠ ᠬᠦᠷᠬᠦ ᠥᠨᠳᠥᠷ ᠬᠤᠷᠳᠤᠴᠠᠲᠤ ᠲᠡᠮᠦᠷ ᠵᠠᠮ ᠤᠨ ᠬᠥᠬᠡᠬᠤᠲᠠ ᠠᠴᠠ ᠵᠢᠨᠢᠩ | ᠬᠦᠷᠬᠦ ᠬᠡᠰᠡᠭ᠂ ᠬᠥᠬᠡᠬᠤᠲᠠ ᠵᠡᠭᠦᠨᠭᠠᠷ ᠣᠷᠳᠣᠰ ᠲᠡᠮᠦᠷ ᠵᠠᠮ ᠲᠡᠷᠭᠡ ᠨᠡᠪᠲᠡᠷᠡᠵᠦ ᠡᠵᠡᠩᠨᠡᠯᠲᠡ ᠳᠤ ᠣᠷᠣᠵᠤ᠂ ᠮᠧᠲᠷᠤ᠋ ᠶᠢᠨ ᠨᠢᠭᠡᠳᠦᠭᠡᠷ ᠱᠤᠭᠤᠮ ᠤᠨ | ᠨᠢᠭᠡᠳᠦᠭᠡᠷ ᠬᠤᠭᠤᠴᠠᠭᠠᠨ ᠤ ᠪᠠᠷᠢᠯᠭ᠎ᠠ ᠶᠢᠨ ᠪᠦᠬᠦ ᠱᠤᠭᠤᠮ ᠤᠨ ᠨᠦᠬᠡ ᠨᠡᠪᠲᠡᠷᠡᠵᠦ᠂ ᠬᠤᠶᠠᠳᠤᠭᠠᠷ ᠱᠤᠭᠤᠮ ᠤᠨ ᠨᠢᠭᠡᠳᠦᠭᠡᠷ ᠬᠤᠭᠤᠴᠠᠭᠠᠨ ᠤ ᠪᠠᠷᠢᠯᠭ᠎ᠠ ᠶᠢ | ᠲᠦᠷᠭᠡᠳᠬᠡᠨ ᠠᠬᠢᠭᠤᠯᠵᠤ ᠪᠤᠢ᠃ ᠴᠠᠭᠠᠨ ᠰᠤᠪᠤᠷᠭ᠎ᠠ ᠨᠢᠰᠬᠡᠯ ᠤᠨ ᠪᠠᠭᠤᠳᠠᠯ ᠵᠢᠭᠤᠯᠴᠢᠯᠠᠭᠴᠢᠳ ᠢ ᠣᠷᠣᠭᠤᠯᠵᠤ ᠭᠠᠷᠭᠠᠬᠤ ᠬᠡᠮᠵᠢᠶ᠎ᠡ 1200 ᠲᠦᠮᠡᠨ | ᠬᠥᠮᠥᠨ ᠤᠳᠠᠭ᠎ᠠ ᠶᠢ ᠰᠢᠪᠲᠤᠯᠵᠤ᠂ ᠬᠥᠬᠡᠬᠤᠲᠠ ᠶᠢᠨ ᠰᠢᠨ᠎ᠡ ᠨᠢᠰᠬᠡᠯ ᠤᠨ ᠲᠠᠯᠠᠪᠠᠢ ᠰᠤᠳᠤᠯᠵᠤ ᠪᠣᠯᠬᠤᠶᠢᠴᠠ ᠤᠯᠤᠰ ᠤᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠤᠨ ᠴᠣᠬᠤᠯᠠᠪᠤᠷᠢ ᠶᠢ ᠣᠯᠪᠠ᠃ ᠣᠶᠣᠨᠲᠤ ᠬᠤᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠵᠠᠰᠠᠭ ᠤᠨ | ᠶᠠᠪᠤᠳᠠᠯ ᠤᠨ ᠡᠭᠦᠯᠡᠨ ᠲᠥᠪ᠂ ᠣᠶᠣᠨᠴᠢᠷ ᠭᠠᠶᠢᠯᠢ ᠶᠢᠨ ᠶᠠᠪᠤᠳᠠᠯ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠬᠢᠨᠠᠯᠲᠠ ᠲᠠᠯᠪᠢᠬᠤ ᠳᠠᠪᠴᠠᠩ ᠵᠡᠷᠭᠡ | ᠨᠢᠭᠡ ᠪᠥᠯᠥᠭ ᠲᠥᠷᠥᠯ ᠵᠦᠢᠯ ᠢ ᠡᠵᠡᠩᠨᠡᠯᠲᠡ ᠳᠤ ᠣᠷᠣᠭᠤᠯᠪᠠ᠃ ᠬᠤᠲᠠ ᠶᠢᠨ ᠲᠣᠭᠤᠷᠢᠭ ᠤᠨ ᠪᠠᠷᠠᠭᠤᠨ ᠬᠡᠰᠡᠭ ᠤᠨ ᠨᠢᠭᠡ ᠴᠣᠭᠴᠠᠲᠤ ᠥᠨᠳᠥᠷ ᠴᠢᠨᠰᠠᠭ᠎ᠠ | ᠲᠠᠢ ᠬᠥᠭᠵᠢᠯᠲᠡ ᠶᠢ ᠡᠬᠢᠯᠡᠭᠦᠯᠵᠦ᠂ ᠬᠤᠲᠠ ᠶᠢᠨ ᠵᠡᠭᠦᠨ ᠪᠠᠷᠠᠭᠤᠨ ᠬᠡᠰᠡᠭ ᠤᠨ ᠬᠥᠭᠵᠢᠯᠲᠡ ᠨᠢ ᠲᠡᠩᠴᠡᠭᠦᠷᠢ ᠪᠤᠰᠤ ᠠᠰᠠᠭᠤᠳᠠᠯ ᠢ ᠬᠦᠴᠦᠯᠡᠨ | ᠰᠢᠢᠳᠪᠦᠷᠢᠯᠡᠪᠡ᠃ ︽ᠠᠭᠤᠯᠠ ᠶᠢ ᠬᠤᠲᠠ ᠳᠤ ᠣᠷᠣᠭᠤᠯᠬᠤ︾᠂ ᠬᠠᠲᠤᠨ ᠭᠤᠣᠯ ᠤᠨ ᠳᠠᠭᠠᠤ ᠠᠮᠢ ᠠᠬᠤᠢ ᠶᠢᠨ ᠬᠤᠩᠬᠢᠯ᠂ ᠮᠤᠨᠢ ᠠᠭᠤᠯᠠ ᠶᠢᠨ ᠠᠷᠤ | ᠬᠤᠷᠮᠣᠢ ᠶᠢᠨ ᠨᠣᠭᠤᠭᠠᠷᠠᠭᠤᠯᠤᠯᠲᠠ ᠵᠡᠷᠭᠡ ᠭᠤᠣᠯᠳᠠᠯᠭ᠎ᠠ ᠲᠠᠢ ᠢᠨᠵᠧᠨᠧᠷᠢᠩ ᠢ ᠪᠦᠬᠦ ᠲᠠᠯ᠎ᠠ ᠪᠠᠷ ᠬᠡᠷᠡᠭᠵᠢᠭᠦᠯᠵᠦ᠂ ᠠᠮᠢ ᠠᠬᠤᠢ ᠶᠢᠨ ᠰᠡᠷᠭᠦᠭᠡᠯᠲᠡ ᠶᠢ 37 | ᠲᠦᠮᠡᠨ ᠮᠦ ᠪᠡᠶᠡᠯᠡᠭᠦᠯᠪᠡ᠃ | ︵ᠲᠠᠪᠤ︶ ᠥᠭᠡᠷᠡᠴᠢᠯᠡᠯᠲᠡ ᠨᠡᠭᠡᠭᠡᠯᠲᠡ ᠶᠢᠨ ᠡᠷᠴᠢᠮ ᠢ ᠲᠠᠰᠤᠷᠠᠯᠲᠠ ᠦᠭᠡᠢ ᠴᠢᠩᠭᠠᠷᠠᠭᠤᠯᠪᠠ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷ | ᠲᠠᠢ ᠥᠭᠡᠷᠡᠴᠢᠯᠡᠯᠲᠡ ᠶᠢ ᠦᠷᠭᠦᠯᠵᠢᠯᠡᠨ ᠲᠦᠯᠬᠢᠨ ᠠᠬᠢᠭᠤᠯᠵᠤ᠂ ᠲᠣᠭᠲᠠᠭᠠᠯ ᠠᠴᠠ ᠵᠥᠷᠢᠴᠡᠨ ᠦᠢᠯᠡᠳᠪᠦᠷᠢᠯᠡᠯ ᠤᠨ ᠴᠢᠳᠠᠪᠬᠢ ᠶᠢ ᠰᠢᠨ᠎ᠡ ᠪᠠᠷ | ᠨᠡᠮᠡᠭᠳᠡᠭᠦᠯᠬᠦ ᠶᠢ ᠡᠷᠡᠰ ᠬᠤᠷᠢᠭᠯᠠᠵᠤ᠂ 61 ᠠᠵᠤ ᠠᠬᠤᠶᠢᠯᠠᠯ ᠢ ᠥᠪᠡᠷᠲᠡᠭᠡᠨ ᠵᠠᠰᠠᠬᠤ ᠣᠷᠣᠨ ᠤ ᠴᠠᠬᠢᠯᠭᠠᠨ ᠬᠦᠴᠦᠨ ᠤ ᠣᠯᠠᠨ ᠲᠠᠯᠠᠲᠤ ᠠᠷᠠᠯᠵᠢᠶ᠎ᠠ ᠶᠢᠨ | ᠬᠦᠷᠢᠶ᠎ᠡ ᠬᠡᠪᠴᠢᠶᠡᠨ ᠳᠤ ᠣᠷᠣᠭᠤᠯᠵᠤ᠂ ᠠᠵᠤ ᠠᠬᠤᠶᠢᠯᠠᠯ ᠤᠨ ᠬᠡᠷᠡᠭᠯᠡᠬᠦ ᠴᠠᠬᠢᠯᠭᠠᠨ ᠤ ᠥᠪᠡᠷ ᠤᠨ ᠥᠷᠳᠡᠭ ᠢ 5 ᠳ᠋ᠦᠩᠰᠢᠭᠤᠷ ᠲᠥᠭᠦᠷᠢᠭ ᠠᠴᠠ ᠳᠡᠭᠡᠭᠰᠢ | ᠪᠠᠭᠤᠷᠠᠭᠤᠯᠪᠠ᠃ ︽ᠪᠠᠭᠤᠯᠭᠠᠬᠤ᠂ ᠬᠠᠮᠢᠶᠠᠷᠬᠤ᠂ ᠦᠢᠯᠡᠴᠢᠯᠡᠬᠦ︾ ᠥᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ︽ᠨᠢᠭᠡ ᠲᠠᠮᠠᠭ᠎ᠠ ᠪᠠᠷ | ᠬᠢᠨᠠᠨ ᠵᠥᠪᠰᠢᠶᠡᠷᠡᠬᠦ︾ ᠴᠤ᠋ ᠰᠢᠨ᠎ᠡ ᠬᠢᠨᠠᠨ ᠵᠥᠪᠰᠢᠶᠡᠷᠡᠯᠲᠡ ᠶᠢᠨ ᠬᠡᠯᠪᠡᠷᠢ ᠶᠢ ᠠᠩᠬ᠎ᠠ ᠠᠯᠬᠤᠮ ᠪᠠᠶᠢᠭᠤᠯᠪᠠ᠃ ᠬᠡᠷᠡᠭ ᠶᠠᠪᠤᠳᠠᠯ ᠭᠦᠢᠴᠡᠳᠬᠡᠬᠦ ᠠᠯᠬᠤᠮ | ᠳᠠᠷᠠᠭ᠎ᠠ ᠶᠢ ᠤᠯᠠᠮ ᠨᠢᠭᠡ ᠠᠯᠬᠤᠮ ᠬᠢᠯᠪᠠᠷᠴᠢᠯᠠᠵᠤ᠂ ︽32 ᠦᠨᠡᠮᠯᠡᠯ ᠢ ᠨᠢᠭᠡᠳᠬᠡᠬᠦ︾ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ︽ᠦᠨᠡᠮᠯᠡᠯ ᠭᠡᠷᠡᠴᠢ ᠶᠢ | ᠰᠠᠯᠭᠠᠬᠤ︾ ᠶᠢ ᠴᠡᠭ ᠲᠣᠭᠲᠠᠭᠠᠨ ᠬᠡᠷᠡᠭᠵᠢᠭᠦᠯᠵᠦ᠂ ᠠᠵᠤ ᠠᠬᠤᠶᠢᠯᠠᠯ ᠤᠨ ᠨᠡᠭᠡᠭᠡᠨ ᠡᠷᠬᠢᠯᠡᠬᠦ ᠴᠠᠭ ᠢ 5 ᠠᠵᠢᠯᠯᠠᠬᠤ ᠡᠳᠦᠷ ᠬᠦᠷᠲᠡᠯ᠎ᠡ ᠪᠠᠭᠠᠰᠬᠠᠵᠤ᠂ ᠡᠯ᠎ᠡ | ᠲᠥᠷᠥᠯ ᠤᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠰᠢᠨ᠎ᠡ ᠪᠠᠷ 5.2 ᠲᠦᠮᠡ ᠨᠡᠮᠡᠭᠳᠡᠭᠦᠯᠪᠡ᠃ ᠥᠯᠥ ᠬᠥᠳᠡᠯᠬᠦ ᠬᠥᠷᠥᠩᠭᠡ ᠶᠢᠨ ᠳᠠᠩᠰᠠᠯᠠᠯ᠂ | ᠠᠷᠠᠯᠵᠢᠶ᠎ᠠ᠂ ᠭᠠᠶᠢᠯᠢ ᠶᠢᠨ ᠶᠠᠪᠤᠳᠠᠯ ᠤᠨ ︽ᠨᠢᠭᠡ ᠴᠣᠩᠬᠤᠪᠴᠢ︾ ᠶᠢᠨ ᠶᠡᠷᠦᠩᠬᠡᠶᠢᠯᠡᠨ ᠬᠦᠯᠢᠶᠡᠨ ᠠᠪᠴᠤ ᠰᠢᠢᠳᠪᠦᠷᠢᠯᠡᠬᠦ ᠠᠵᠢᠯ ᠨᠢ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠰᠠᠶᠢᠰᠢᠶᠠᠯ ᠢ ᠬᠦᠷᠲᠡᠪᠡ᠃ ᠡᠳ᠋ ᠤᠨ ᠵᠠᠰᠠᠭ ᠭᠠᠶᠢᠯᠢ ᠶᠢᠨ ᠶᠠᠪᠤᠳᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠤᠷᠤᠭᠰᠢᠲᠠᠢ | ᠬᠡᠷᠡᠭᠵᠢᠭᠦᠯᠵᠦ᠂ 7 ᠶᠡᠭᠡ ᠲᠥᠷᠥᠯ ᠤᠨ 133 ᠭᠠᠶᠢᠯᠢ ᠳᠤ ᠬᠤᠯᠪᠣᠭᠳᠠᠬᠤ ᠬᠡᠷᠡᠭ ᠶᠠᠪᠤᠳᠠᠯ ᠴᠥᠮ ︽ᠬᠠᠮᠤᠭ ᠣᠯᠠᠨ ᠳᠠᠭᠠᠨ ᠨᠢᠭᠡ ᠤᠳᠠᠭ᠎ᠠ ᠭᠦᠶᠦᠬᠦ︾ | ᠶᠢ ᠪᠡᠶᠡᠯᠡᠭᠦᠯᠪᠡ᠃ ᠤᠯᠤᠰ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠢᠳᠡᠪᠬᠢᠲᠡᠢ ᠪᠠᠷ ᠠᠬᠢᠭᠤᠯᠤᠨ᠂ ᠬᠥᠬᠡᠬᠤᠲᠠ ᠶᠢᠨ ᠤᠯᠤᠰ ᠤᠨ ᠥᠮᠴᠢᠯᠡᠯ ᠤᠨ | ᠬᠥᠷᠥᠩᠭᠡ ᠡᠵᠡᠩᠨᠡᠬᠦ ᠺᠣᠮᠫᠠᠨᠢ ᠶᠢ ᠥᠭᠡᠷᠡᠴᠢᠯᠡᠨ ᠪᠠᠶᠢᠭᠤᠯᠵᠤ᠂ ᠡᠵᠡᠩᠨᠡᠯᠲᠡ ᠶᠢᠨ ᠴᠢᠨᠠᠷ ᠲᠠᠢ ᠤᠯᠤᠰ ᠤᠨ ᠪᠡᠯᠡ ᠬᠥᠷᠥᠩᠭᠡ ᠶᠢᠨ ᠨᠢᠭᠡᠳᠦᠯᠲᠡᠢ ᠬᠢᠨᠠᠨ | ᠬᠠᠮᠢᠶᠠᠷᠤᠯᠲᠠ ᠦᠨᠡᠨ ᠪᠣᠳᠠᠳᠤ ᠠᠬᠢᠯᠲᠠ ᠲᠠᠢ ᠪᠣᠯᠪᠠ᠃ ᠬᠥᠳᠡᠭᠡ ᠲᠣᠰᠬᠤᠨ ᠤ ᠭᠠᠵᠠᠷ ᠰᠢᠷᠤᠢ ᠶᠢᠨ ︽ᠭᠤᠷᠪᠠᠨ ᠡᠷᠬᠡ ᠶᠢ ᠰᠠᠯᠭᠠᠬᠤ︾ | ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠢ ᠥᠷᠨᠢᠭᠦᠯᠵᠦ᠂ ᠣᠶᠢᠲᠤ ᠭᠠᠵᠠᠷ ᠢ ᠡᠷᠬᠡ ᠲᠣᠭᠲᠠᠭᠠᠨ ᠦᠨᠡᠮᠯᠡᠯ ᠣᠯᠭᠤᠬᠤ ᠪᠠ ᠬᠥᠳᠡᠭᠡ ᠲᠣᠰᠬᠤᠨ ᠤ | ᠭᠠᠵᠠᠷ ᠰᠢᠷᠣᠢ᠂ ᠲᠠᠯ᠎ᠠ ᠨᠤᠲᠤᠭ ᠤᠨ ᠡᠷᠬᠡ ᠶᠢ ᠨᠤᠲᠠᠯᠠᠨ ᠲᠣᠭᠲᠠᠭᠠᠬᠤ ᠳᠠᠩᠰᠠᠯᠠᠬᠤ ᠠᠵᠢᠯ ᠢ ᠲᠦᠯᠬᠢᠨ ᠠᠬᠢᠭᠤᠯᠪᠠ᠃ ᠭᠠᠳᠠᠭᠠᠳᠤ ᠨᠡᠭᠡᠭᠡᠯᠲᠡ ᠰᠢᠨ᠎ᠡ | ᠠᠬᠢᠯᠲᠠ ᠲᠠᠢ ᠪᠣᠯᠵᠤ᠂ ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠭᠠᠯᠲᠤ ᠲᠡᠷᠭᠡ ᠶᠢ ᠠᠩᠬ᠎ᠠ ᠤᠳᠠᠭ᠎ᠠ ᠨᠡᠪᠲᠡᠷᠡᠭᠦᠯᠵᠦ᠂ ᠢᠨᠳᠤᠨᠧᠰᠢᠶ᠎ᠠ ᠶᠢᠨ ᠵᠠᠺᠠᠷᠲ᠋ᠠ ᠳᠤ | ︽ᠬᠥᠬᠡᠬᠤᠲᠠ ᠶᠢ ᠲᠠᠨᠢᠯᠴᠠᠭᠤᠯᠬᠤ ᠬᠤᠷᠠᠯ︾ ᠢ ᠡᠷᠬᠢᠯᠡᠵᠦ᠂ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠪᠠᠶᠢᠭᠠᠳ ᠮᠣᠩᠭᠤᠯ ᠤᠯᠤᠰ᠂ ᠣᠷᠣᠰ ᠵᠡᠷᠭᠡ | ᠤᠯᠤᠰ ᠤᠨ ᠡᠷᠬᠢᠯᠡᠭᠰᠡᠨ ᠲᠠᠸᠠᠷ ᠤᠨ ᠦᠵᠡᠭᠦᠯᠭᠡ ᠳᠤ ᠣᠷᠣᠯᠴᠠᠭᠤᠯᠪᠠ᠃ 20 ᠳ᠋ᠤᠭᠠᠷ ᠬᠤᠭᠤᠴᠠᠭᠠᠨ ᠤ ᠳᠤᠮᠳᠠᠳᠤ ᠶᠠᠫᠤᠨ ᠺᠣᠷᠢᠶᠠ ᠶᠢᠨ ᠨᠥᠬᠦᠷᠰᠡᠭ | ᠬᠤᠲᠠ ᠶᠢᠨ ᠰᠣᠯᠢᠯᠴᠠᠭ᠎ᠠ ᠶᠢᠨ ᠶᠡᠭᠡ ᠬᠤᠷᠠᠯ ᠳᠤ ᠢᠳᠡᠪᠬᠢᠲᠡᠢ ᠣᠷᠣᠯᠴᠠᠵᠤ᠂ ︽ᠰᠢᠯᠢᠳᠡᠭ ᠨᠥᠬᠦᠷᠰᠡᠭ ᠬᠤᠲᠠ ᠶᠢᠨ ᠬᠠᠮᠲᠤᠷᠠᠯᠴᠠᠭᠠᠨ ᠤ ᠱᠠᠩᠨᠠᠯ︾ ᠢ | ᠣᠯᠪᠠ᠃ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ ᠬᠥᠭᠵᠢᠬᠦ ᠥᠷᠭᠡᠳᠬᠡᠯ ᠤᠨ ᠣᠷᠣᠨ ᠢ ᠪᠦᠬᠦ ᠲᠠᠯ᠎ᠠ ᠪᠠᠷ ᠴᠣᠭᠴᠠᠯᠠᠵᠤ᠂ ᠬᠤᠲᠠ ᠶᠢᠨ | ᠲᠣᠭᠤᠷᠢᠭ ᠤᠨ ᠪᠠᠷᠠᠭᠤᠨ ᠬᠡᠰᠡᠭ ᠲᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠤ ᠦᠢᠯᠡᠰ ᠤᠨ ᠬᠦᠷᠢᠶᠡᠯᠡᠩ ᠢ ᠲᠥᠯᠥᠪᠵᠢᠭᠦᠯᠦᠨ | ᠬᠡᠷᠡᠭᠵᠢᠭᠦᠯᠪᠡ᠃ ᠬᠤᠳᠠᠯᠳᠤᠭᠠᠴᠢᠨ ᠤᠷᠢᠵᠤ ᠪᠡᠯᠡ ᠮᠥᠩᠭᠦ ᠲᠠᠲᠠᠬᠤ ᠡᠷᠴᠢᠮ ᠢᠶᠠᠨ ᠪᠦᠬᠦ ᠲᠠᠯ᠎ᠠ ᠪᠠᠷ ᠴᠢᠩᠭᠠᠷᠠᠭᠤᠯᠵᠤ᠂ ᠴᠢᠬᠤᠯᠠ ᠶᠡᠭᠡ ᠲᠥᠷᠥᠯ ᠵᠦᠢᠯ ᠢ | 186 ᠣᠷᠣᠭᠤᠯᠵᠤ᠂ ᠨᠡᠶᠢᠲᠡ 2015.6 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠪᠠ᠃ ᠬᠥᠬᠡᠬᠤᠲᠠ ᠪᠣᠭᠤᠲᠤ ᠣᠷᠳᠣᠰ ᠤᠨ ᠬᠠᠮᠵᠢᠯᠴᠠᠨ | ᠬᠥᠭᠵᠢᠬᠦ ᠶᠢ ᠴᠢᠩᠭᠠᠳᠬᠠᠵᠤ᠂ ᠠᠵᠤ ᠦᠢᠯᠡᠰ ᠬᠤᠯᠪᠣᠭᠠᠯᠠᠨ ᠬᠥᠳᠡᠯᠦᠯᠴᠡᠵᠦ᠂ ᠰᠠᠭᠤᠷᠢ ᠮᠡᠳᠡᠭᠡ ᠬᠤᠯᠪᠣᠭᠠᠯᠠᠨ ᠨᠡᠪᠲᠡᠷᠡᠯᠴᠡᠵᠦ᠂ ᠠᠮᠢ ᠠᠬᠤᠢ ᠬᠤᠯᠪᠣᠭᠠᠯᠠᠨ | ᠵᠠᠰᠠᠬᠤ ᠵᠡᠷᠭᠡ ᠠᠵᠢᠯ ᠢ ᠲᠠᠰᠤᠷᠠᠯᠲᠠ ᠦᠭᠡᠢ ᠭᠦᠨᠵᠡᠭᠡᠶᠢᠷᠡᠭᠦᠯᠪᠡ᠃ | ︵ᠵᠢᠷᠭᠤᠭ᠎ᠠ︶ ᠠᠷᠠᠳ ᠤᠨ ᠠᠮᠢᠳᠤᠷᠠᠯ ᠢ ᠦᠨᠡᠨᠬᠦ ᠪᠠᠲᠤᠯᠠᠨ ᠰᠠᠶᠢᠵᠢᠷᠠᠭᠤᠯᠪᠠ᠃ ᠬᠤᠲᠠ ᠪᠠᠯᠭᠠᠰᠤ ᠶᠢᠨ 4.17 ᠲᠦᠮᠡᠨ ᠬᠥᠮᠥᠨ ᠤ ᠠᠵᠢᠯ | ᠣᠯᠭᠤᠯᠲᠠ ᠶᠢ ᠰᠢᠨ᠎ᠡ ᠪᠠᠷ ᠨᠡᠮᠡᠭᠳᠡᠭᠦᠯᠵᠦ᠂ ᠬᠥᠳᠡᠭᠡ ᠲᠣᠰᠬᠤᠨ ᠤ ᠬᠥᠳᠡᠯᠮᠦᠷᠢ ᠬᠦᠴᠦᠨ 29.1 ᠲᠦᠮᠡᠨ ᠬᠥᠮᠥᠨ ᠢ ᠰᠢᠯᠵᠢᠭᠦᠯᠦᠨ ᠠᠵᠢᠯ ᠣᠯᠭᠤᠵᠤ᠂ | ᠬᠤᠲᠠ ᠪᠠᠯᠭᠠᠰᠤ ᠶᠢᠨ ᠪᠠᠶᠢᠴᠠᠭᠠᠯᠲᠠ ᠬᠢᠭᠰᠡᠨ ᠠᠵᠢᠯ ᠠᠯᠳᠠᠯᠲᠠ ᠶᠢᠨ ᠨᠤᠷᠮ᠎ᠠ ᠢ 5% ᠶᠢᠨ ᠳᠣᠲᠣᠷ᠎ᠠ ᠬᠢᠵᠠᠭᠠᠷᠯᠠᠵᠤ᠂ ᠬᠦᠴᠦ ᠶᠠᠪᠤᠭᠴᠢ ᠮᠠᠯᠴᠢᠨ | ᠲᠠᠷᠢᠶᠠᠴᠢᠨ ᠤ ᠴᠠᠯᠢᠩ ᠣᠯᠭᠤᠮᠵᠢ ᠶᠢ ᠪᠠᠲᠤᠯᠠᠬᠤ ᠬᠢᠨᠠᠨ ᠬᠠᠮᠢᠶᠠᠷᠤᠯᠲᠠ ᠶᠢᠨ ᠤᠷᠲᠤ ᠬᠤᠭᠤᠴᠠᠭ᠎ᠠ ᠪᠦᠬᠦᠢ ᠲᠣᠭᠲᠠᠴᠠ ᠶᠢ ᠲᠡᠭᠦᠯᠳᠡᠷᠵᠢᠭᠦᠯᠪᠡ᠃ | ᠰᠤᠷᠭᠠᠭᠤᠯᠢ ᠶᠢᠨ ᠪᠠᠶᠢᠷᠢᠯᠠᠭᠤᠯᠤᠯᠲᠠ ᠶᠢ ᠰᠠᠶᠢᠵᠢᠷᠠᠭᠤᠯᠤᠨ ᠲᠣᠬᠢᠷᠠᠭᠤᠯᠵᠤ᠂ ᠪᠦᠬᠦ ᠬᠤᠲᠠ ᠳᠤ 12 ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ | ᠴᠡᠴᠡᠷᠯᠢᠭ ᠢ ᠰᠢᠨ᠎ᠡ ᠪᠠᠷ ᠪᠠᠶᠢᠭᠤᠯᠬᠤ ᠪᠤᠶᠤ ᠥᠷᠭᠡᠳᠬᠡᠨ ᠪᠠᠶᠢᠭᠤᠯᠵᠤ᠂ ᠪᠦᠬᠦ ᠬᠤᠰᠢᠭᠤ ᠰᠢᠶᠠᠨ ᠴᠥᠮ ᠠᠯᠪᠠᠨ ᠵᠢᠷᠤᠮ ᠤᠨ ᠰᠤᠷᠭᠠᠨ ᠬᠥᠮᠥᠵᠢᠯ ᠤᠨ | ᠲᠡᠩᠴᠡᠭᠦᠷᠢ ᠲᠠᠢ ᠰᠢᠶᠠᠨ ᠤ ᠰᠢᠯᠭᠠᠨ ᠬᠤᠷᠢᠶᠠᠬᠤ ᠳᠤ ᠪᠠᠲᠤᠯᠠᠭᠳᠠᠪᠠ᠃ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶ᠎ᠠ ᠶᠢᠨ ᠥᠭᠡᠷᠡᠴᠢᠯᠡᠯᠲᠡ ᠶᠢ | ᠢᠳᠡᠪᠬᠢᠲᠡᠢ ᠲᠦᠯᠬᠢᠨ ᠠᠬᠢᠭᠤᠯᠵᠤ᠂ ᠳᠠᠰ ᠬᠤᠪᠢᠶᠠᠨ ᠡᠮᠴᠢᠯᠡᠬᠦ ᠶᠢ ᠶᠡᠬᠡᠪᠡᠷ ᠬᠥᠭᠵᠢᠭᠦᠯᠵᠦ᠂ ᠡᠮ ᠡᠮᠨᠡᠯᠭᠡ ᠶᠢᠨ ᠬᠤᠯᠪᠤᠭᠠᠲᠤ ᠴᠣᠭᠴᠠ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠵᠤ᠂ ᠡᠮᠴᠢᠯᠡᠭᠡᠨ ᠤ ᠪᠦᠯᠦᠭᠯᠡᠯ ᠢ 3᠂ ᠲᠤᠰᠬᠠᠢ ᠰᠠᠯᠠᠭ᠎ᠠ ᠶᠢᠨ ᠬᠤᠯᠪᠣᠭ᠎ᠠ ᠶᠢ 43᠂ ᠡᠮᠴᠢ ᠬᠠᠩᠭᠠᠬᠤ ᠴᠣᠭᠴᠠ ᠶᠢ 12᠂ | ᠨᠡᠷᠡᠲᠦ ᠡᠮᠴᠢ ᠶᠢᠨ ᠠᠵᠢᠯᠯᠠᠬᠤ ᠲᠠᠰᠤᠭ ᠢ 32 ᠪᠠᠶᠢᠭᠤᠯᠵᠤ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠢ 10 ᠰᠢᠨ᠎ᠡ ᠪᠠᠷ | ᠪᠠᠶᠢᠭᠤᠯᠬᠤ ᠪᠤᠶᠤ ᠥᠷᠭᠡᠳᠬᠡᠨ ᠪᠠᠶᠢᠭᠤᠯᠪᠠ᠃ ︽ᠶᠠᠳᠠᠭᠤ ᠬᠦᠴᠢᠷᠳᠡᠯᠲᠡᠢ ᠨᠠᠰᠤᠲᠠᠳ ᠢ ᠬᠠᠯᠠᠮᠵᠢᠯᠠᠬᠤ ᠬᠠᠷᠠᠭ᠎ᠠ ᠰᠡᠷᠭᠦᠭᠡᠬᠦ ᠠᠶᠠᠯᠠᠯ︾ ᠤᠨ ᠲᠠᠪᠤᠨ ᠵᠢᠯ ᠤᠨ | ᠠᠵᠢᠯ ᠤᠨ ᠲᠥᠯᠥᠪᠯᠡᠭᠡ ᠶᠢ ᠡᠬᠢᠯᠡᠨ ᠬᠡᠷᠡᠭᠵᠢᠭᠦᠯᠵᠦ᠂ ᠰᠦᠢᠳᠬᠡᠯ ᠬᠤᠷᠢᠶᠠᠬᠤ ᠦᠭᠡᠢ ᠬᠠᠷᠠᠭ᠎ᠠ ᠰᠡᠷᠭᠦᠭᠡᠬᠦ ᠮᠡᠰᠡ ᠵᠠᠰᠠᠯ ᠢ 734 ᠬᠢᠪᠡ᠃ ᠪᠦᠬᠦ | ᠠᠷᠠᠳ ᠤᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ ᠡᠯ᠎ᠡ ᠵᠦᠢᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠢ 105. | 2 ᠳ᠋ᠦᠩᠰᠢᠭᠤᠷ ᠲᠥᠭᠦᠷᠢᠭ ᠬᠤᠷᠢᠶᠠᠵᠤ᠂ ᠴᠠᠭ ᠲᠤᠬᠠᠢ ᠳᠤ ᠨᠢ ᠲᠤᠭ᠎ᠠ ᠶᠣᠰᠤᠭᠠᠷ 109.6 ᠳ᠋ᠦᠩᠰᠢᠭᠤᠷ ᠲᠥᠭᠦᠷᠢᠭ ᠢ ᠪᠠᠭᠤᠯᠭᠠᠪᠠ᠃ ᠡᠯ᠎ᠡ | ᠲᠥᠷᠥᠯ ᠤᠨ ᠲᠡᠩᠬᠡᠷᠡᠭᠦᠯᠦᠨ ᠲᠤᠰᠠᠯᠠᠬᠤ ᠪᠡᠯᠡ ᠮᠥᠩᠭᠦ ᠶᠢ ᠨᠡᠶᠢᠲᠡ 5.74 ᠳ᠋ᠦᠩᠰᠢᠭᠤᠷ ᠲᠥᠭᠦᠷᠢᠭ ᠪᠠᠭᠤᠯᠭᠠᠵᠤ᠂ ᠬᠤᠲᠠ ᠬᠥᠳᠡᠭᠡ ᠶᠢᠨ ᠨᠠᠭᠠᠲᠤ | ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯᠲᠡᠢ ᠲᠠᠢ ᠬᠥᠮᠥᠰ᠂ ᠥᠨᠥᠴᠢᠨ ᠬᠡᠦᠬᠡᠳ ᠤᠨ ᠡᠮ ᠡᠮᠨᠡᠯᠭᠡ ᠶᠢᠨ ᠦᠨᠳᠦᠰᠦᠨ ᠳᠠᠭᠠᠳᠬᠠᠯ ᠳᠤ | ᠣᠷᠣᠯᠴᠠᠬᠤ ᠳᠤ ᠪᠦᠬᠦ ᠲᠤᠭ᠎ᠠ ᠪᠠᠷ ᠳᠡᠮᠵᠢᠪᠡ᠃ 43 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 10044 ᠲᠥᠬᠦᠮ ᠪᠦᠲᠦᠴᠡᠲᠦ ᠭᠡᠷ | ᠪᠠᠶᠢᠰᠢᠩ ᠢ ᠥᠭᠡᠷᠡᠴᠢᠯᠡᠨ ᠵᠠᠰᠠᠬᠤ᠂ 11298 ᠡᠷᠦᠬᠡ ᠶᠢᠨ ᠪᠤᠴᠠᠭᠠᠨ ᠨᠡᠭᠦᠯᠭᠡᠨ ᠲᠥᠪᠬᠢᠨᠡᠭᠦᠯᠬᠦ ᠶᠢ ᠪᠡᠶᠡᠯᠡᠭᠦᠯᠪᠡ᠃ ᠤᠯᠤᠰ ᠤᠨ ᠬᠠᠮᠠᠭᠠᠯᠠᠯᠲᠠ ᠪᠣᠯᠣᠨ | ᠴᠡᠷᠢᠭ ᠤᠨ ᠡᠩᠨᠡᠭᠡ ᠶᠢᠨ ᠥᠭᠡᠷᠡᠴᠢᠯᠡᠯᠲᠡ ᠶᠢ ᠢᠳᠡᠪᠬᠢᠲᠡᠢ ᠳᠡᠮᠵᠢᠵᠦ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡ ᠬᠠᠮᠢᠶᠠᠷᠤᠯᠲᠠ ᠶᠢᠨ | ᠠᠵᠢᠯ ᠢ ᠲᠣᠭᠲᠠᠭᠤᠨ ᠪᠠᠷ ᠠᠬᠢᠭᠤᠯᠵᠤ᠂ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ᠂ ᠴᠡᠷᠢᠭ ᠠᠷᠠᠳ ᠠᠭᠤᠰᠤᠯᠴᠠᠬᠤ᠂ ᠴᠡᠷᠢᠭ ᠠᠩᠭᠢ ᠦᠨ᠎ᠡ | ᠲᠥᠯᠥᠪᠦᠷᠢ ᠲᠠᠢ ᠦᠢᠯᠡᠴᠢᠯᠡᠭᠡ ᠪᠠᠨ ᠵᠣᠭᠰᠤᠭᠠᠬᠤ ᠪᠠ ᠬᠥᠬᠡᠬᠤᠲᠠ ᠳᠤ ᠰᠠᠭᠤᠭ᠎ᠠ ᠴᠡᠷᠢᠭ ᠠᠩᠭᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠳᠤ ᠣᠷᠣᠯᠴᠠᠬᠤ ᠵᠡᠷᠭᠡ ᠲᠠᠯ᠎ᠠ ᠪᠠᠷ ᠢᠯᠡᠳᠲᠡ ᠠᠮᠵᠢᠯᠲᠠ ᠣᠯᠪᠠ᠃ ᠰᠣᠶᠣᠯ ᠤᠨ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠭᠦᠨᠵᠡᠭᠡᠢ | ᠠᠬᠢᠭᠤᠯᠵᠤ᠂ 4 ᠤᠯᠠᠭᠠᠨᠮᠥ᠋ᠴᠢᠷ ᠤᠨ ᠡᠩᠨᠡᠭᠡ ᠶᠢ ᠰᠡᠷᠭᠦᠭᠡᠨ ᠪᠠᠶᠢᠭᠤᠯᠵᠤ᠂ ︽ᠬᠤᠨ ᠭᠠᠯᠠᠭᠤ ᠤᠩᠰᠢᠯᠭ᠎ᠠ︾ ᠶᠢᠨ ᠲᠥᠯᠥᠪᠯᠡᠭᠡ ᠶᠢ ᠪᠦᠬᠦ ᠣᠷᠣᠨ ᠳᠤ | ᠳᠡᠯᠭᠡᠷᠡᠭᠦᠯᠵᠦ᠂ ᠦᠨᠳᠦᠰᠦᠨ ᠱᠠᠲᠤᠨ ᠤ ᠣᠯᠠᠨ ᠨᠡᠶᠢᠲᠡ ᠶᠢᠨ ᠰᠣᠶᠣᠯ ᠤᠨ ᠥᠷᠲᠡᠭᠡ ᠶᠢ ᠨᠡᠶᠢᠲᠡ 1332 ᠪᠠᠶᠢᠭᠤᠯᠵᠤ᠂ ᠤᠯᠤᠰ ᠤᠨ ᠣᠯᠠᠨ | ᠨᠡᠶᠢᠲᠡ ᠶᠢᠨ ᠰᠣᠶᠣᠯ ᠤᠨ ᠵᠢᠱᠢᠶ᠎ᠡ ᠦᠵᠡᠭᠦᠯᠬᠦ ᠲᠣᠭᠤᠷᠢᠭ ᠤᠨ ᠡᠴᠦᠰ ᠤᠨ ᠰᠢᠯᠭᠠᠨ ᠬᠤᠷᠢᠶᠠᠬᠤ ᠳᠤ ᠪᠠᠲᠤᠯᠠᠭᠳᠠᠪᠠ᠃ ᠥᠪᠥᠷ ᠮᠣᠩᠭᠤᠯ ᠤᠨ | ᠬᠤᠪᠢᠰᠬᠠᠯ ᠤᠨ ᠲᠡᠦᠬᠡ ᠶᠢᠨ ᠮᠦᠽᠧᠢ᠂ ᠥᠪᠥᠷ ᠮᠣᠩᠭᠤᠯ ᠤᠨ ᠣᠯᠠᠨ ᠲᠦᠮᠡᠨ ᠤ ᠤᠷᠠᠯᠢᠭ ᠤᠨ ᠣᠷᠳᠣᠨ᠂ ᠤᠯᠠᠭᠠᠨᠮᠥ᠋ᠴᠢᠷ ᠲᠢᠶᠠᠲᠷ᠂ ᠰᠣᠶᠣᠯ ᠤᠨ | ᠵᠣᠴᠢᠳ ᠤᠨ ᠥᠷᠥᠭᠡ ᠵᠡᠷᠭᠡ ᠲᠠᠯᠠᠪᠠᠢ ᠭᠠᠵᠠᠷ ᠤᠨ ᠪᠦᠲᠦᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠠᠬᠢᠭᠤᠯᠪᠠ᠃ ᠬᠠᠷ᠎ᠠ ᠪᠦᠯᠦᠭᠲᠡᠨ ᠬᠠᠷᠭᠢᠰ ᠬᠦᠴᠦᠨ ᠢ | ᠠᠷᠢᠯᠭᠠᠬᠤ ᠲᠤᠰᠬᠠᠢ ᠲᠡᠮᠡᠴᠡᠯ ᠢ ᠪᠦᠬᠦ ᠲᠠᠯ᠎ᠠ ᠪᠠᠷ ᠥᠷᠨᠢᠭᠦᠯᠵᠦ᠂ ᠣᠯᠠᠨ ᠲᠦᠮᠡᠨ ᠤ ᠠᠮᠢ ᠪᠡᠶ᠎ᠡ ᠶᠢᠨ ᠠᠰᠢᠭ ᠲᠤᠰᠠ ᠳᠤ ᠬᠠᠯᠳᠠᠭᠰᠠᠨ ᠨᠢᠭᠡ ᠪᠥᠯᠥᠭ ᠬᠠᠷ᠎ᠠ | ᠪᠦᠯᠦᠭᠲᠡᠨ ᠬᠠᠷᠭᠢᠰ ᠬᠦᠴᠦᠨ ᠢ ᠬᠠᠤᠯᠢ ᠶᠣᠰᠤᠭᠠᠷ ᠰᠢᠢᠳᠬᠡᠪᠡ᠃ ᠠᠶᠤᠯ ᠦᠭᠡᠢ ᠦᠢᠯᠡᠳᠪᠦᠷᠢᠯᠡᠯ ᠲᠣᠭᠲᠠᠭᠤᠨ ᠪᠠᠶᠢᠳᠠᠯ ᠢᠶᠠᠨ ᠪᠠᠷᠢᠮᠲᠠᠯᠠᠵᠤ᠂ ᠪᠦᠬᠦ | ᠵᠢᠯ ᠳᠤ ᠬᠦᠨᠳᠦ ᠣᠨᠴᠠ ᠶᠡᠭᠡ ᠠᠶᠤᠯ ᠦᠭᠡᠢ ᠶᠢᠨ ᠦᠢᠯᠡᠳᠪᠦᠷᠢᠯᠡᠯ ᠤᠨ ᠠᠳᠡᠯ ᠭᠠᠷᠤᠭᠰᠠᠨ ᠦᠭᠡᠢ᠃ | ᠨᠢᠭᠡ ᠵᠢᠯ ᠤᠨ ᠲᠤᠷᠰᠢ᠂ ᠪᠢᠳᠡ ᠴᠠᠭ ᠢᠮᠠᠭᠲᠠ ᠲᠤᠰ ᠪᠡᠶ᠎ᠡ ᠶᠢᠨ ᠪᠦᠲᠦᠭᠡᠨ ᠪᠠᠶᠢᠭᠤᠯᠤᠯᠲᠠ ᠶᠢ ᠴᠢᠬᠤᠯᠠ ᠪᠠᠶᠢᠷᠢᠨ ᠳᠤ ᠲᠠᠯᠪᠢᠵᠤ᠂ ᠤᠯᠤᠰ | ᠲᠥᠷᠥ ᠶᠢᠨ ᠵᠣᠭᠰᠣᠯᠲᠠ ᠪᠠᠨ ᠲᠠᠰᠤᠷᠠᠯᠲᠠ ᠳᠡᠭᠡᠭᠰᠢᠯᠡᠭᠦᠯᠵᠦ᠂ ᠨᠠᠮ ᠢ ᠬᠠᠮᠢᠶᠠᠷᠬᠤ ᠨᠠᠮ ᠢ ᠵᠠᠰᠠᠬᠤ ᠬᠠᠷᠢᠴᠠᠭᠤᠯᠭ᠎ᠠ ᠶᠢ ᠬᠢᠨᠠᠮᠠᠭᠠᠢ ᠭᠦᠢᠴᠡᠳᠬᠡᠵᠦ᠂ ᠨᠠᠮ ᠤᠨ | ᠰᠤᠷᠲᠠᠯ ᠴᠢᠬᠡᠴᠢ ᠵᠠᠰᠠᠭ ᠤᠨ ᠪᠦᠲᠦᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠥᠷᠭᠡᠨ ᠣᠯᠠᠨ ᠨᠠᠮ ᠤᠨ | ᠬᠡᠰᠢᠭᠦᠨ ᠺᠠᠳ᠋ᠷᠴᠤᠳ ᠤᠨ ︽ᠳᠥᠷᠪᠡᠨ ᠤᠬᠠᠮᠰᠠᠷ︾ ᠲᠠᠰᠤᠷᠠᠯᠲᠠ ᠦᠭᠡᠢ ᠴᠢᠩᠭᠠᠷᠠᠪᠠ᠃ ᠵᠠᠰᠠᠭ ᠵᠠᠬᠢᠷᠭᠠᠨ ᠤ ᠰᠤᠷᠲᠠᠯ ᠢ ᠦᠷᠭᠦᠯᠵᠢᠯᠡᠨ ᠰᠠᠶᠢᠵᠢᠷᠠᠭᠤᠯᠵᠤ᠂ | ᠲᠥᠪ ᠬᠤᠷᠢᠶ᠎ᠠ ᠶᠢᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠪᠡ᠃ ᠪᠦᠬᠦ ᠵᠢᠯ ᠳᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠯ ᠢ 341᠂ ᠤᠯᠤᠰ ᠲᠥᠷᠥ ᠶᠢᠨ ᠵᠥᠪᠯᠡᠯᠭᠡᠨ ᠤ ᠬᠡᠰᠢᠭᠦᠳ ᠤᠨ ᠰᠠᠨᠠᠯ ᠳᠤᠷᠠᠳᠤᠯᠭ᠎ᠠ ᠶᠢ 522 | ᠰᠢᠢᠳᠪᠦᠷᠢᠯᠡᠵᠦ᠂ ᠰᠢᠢᠳᠪᠦᠷᠢᠯᠡᠨ ᠳᠠᠭᠤᠰᠤᠭᠰᠠᠨ ᠨᠤᠷᠮ᠎ᠠ ᠴᠥᠮ 100% ᠳᠤ ᠬᠦᠷᠪᠡ᠃ ᠬᠠᠤᠯᠢ ᠶᠣᠰᠤᠭᠠᠷ ᠵᠠᠰᠠᠭ ᠶᠠᠪᠤᠭᠤᠯᠬᠤ ᠶᠢ ᠪᠠᠷᠢᠮᠲᠠᠯᠠᠵᠤ᠂ | ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠲᠦᠯᠬᠢᠨ ᠠᠬᠢᠭᠤᠯᠵᠤ᠂ ᠵᠠᠰᠠᠭ ᠤᠨ ᠣᠷᠳᠣᠨ ᠤ ᠣᠯᠠᠨ ᠨᠡᠶᠢᠲᠡ ᠶᠢ ᠢᠲᠡᠭᠡᠭᠦᠯᠬᠦ ᠬᠦᠴᠦᠨ᠂ ᠭᠦᠢᠴᠡᠳᠬᠡᠬᠦ | ᠬᠦᠴᠦᠨ ᠲᠠᠰᠤᠷᠠᠯᠲᠠ ᠦᠭᠡᠢ ᠴᠢᠩᠭᠠᠷᠠᠪᠠ᠃ | ᠲᠥᠯᠥᠭᠡᠯᠡᠭᠴᠢᠳ ᠡ᠂ ᠳᠡᠭᠡᠷᠡᠬᠢ ᠠᠮᠵᠢᠯᠲᠠ ᠶᠢ ᠣᠯᠣᠭᠰᠠᠨ ᠨᠢ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ | ᠳᠣᠲᠣᠨᠣ ᠬᠠᠯᠠᠮᠵᠢᠯᠠᠯ ᠤᠨ ᠦᠷ᠎ᠡ ᠳ᠋ᠦᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠬᠤᠲᠠ ᠶᠢᠨ ᠨᠠᠮ ᠤᠨ | ᠬᠤᠷᠢᠶ᠎ᠠ ᠶᠢᠨ ᠵᠥᠪ ᠣᠨᠣᠪᠴᠢᠲᠠᠢ ᠤᠳᠤᠷᠢᠳᠤᠯᠭ᠎ᠠ ᠶᠢᠨ ᠦᠷ᠎ᠡ ᠳ᠋ᠦᠩ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠲᠠ ᠶᠢᠨ | ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ᠂ ᠬᠠᠮᠲᠤ ᠶᠢᠨ ᠴᠢᠷᠮᠠᠶᠢᠯᠲᠠ ᠶᠢᠨ ᠦᠷ᠎ᠡ ᠳ᠋ᠦᠩ᠂ ᠪᠦᠬᠦ ᠬᠤᠲᠠ ᠶᠢᠨ ᠡᠯ᠎ᠡ | ᠦᠨᠳᠦᠰᠦᠲᠡᠨ ᠨᠦᠭᠦᠳ ᠤᠨ ᠪᠦᠯᠬᠦᠮᠳᠡᠯ ᠲᠡᠮᠡᠴᠡᠯ᠂ ᠰᠢᠷᠭᠠᠭᠤ ᠦᠨᠡᠨᠴᠢ ᠠᠵᠢᠯᠯᠠᠭᠰᠠᠨ ᠤ ᠦᠷ᠎ᠡ ᠳ᠋ᠦᠩ ᠪᠣᠯᠣᠨ᠎ᠠ᠃ ᠠᠳᠡ᠂ ᠪᠢ ᠬᠤᠲᠠ ᠶᠢᠨ ᠠᠷᠠᠳ ᠤᠨ | ᠵᠠᠰᠠᠭ ᠤᠨ ᠣᠷᠳᠣᠨ ᠤ ᠡᠮᠦᠨ᠎ᠡ ᠠᠴᠠ᠂ ᠬᠤᠷᠠᠯ ᠤᠨ ᠲᠥᠯᠥᠭᠡᠯᠡᠭᠴᠢᠳ᠂ ᠬᠡᠰᠢᠭᠦᠳ ᠪᠣᠯᠣᠨ ᠪᠦᠬᠦ ᠬᠤᠲᠠ ᠶᠢᠨ ᠡᠯ᠎ᠡ ᠦᠨᠳᠦᠰᠦᠲᠡᠨ ᠨᠦᠭᠦᠳ ᠤᠨ ᠠᠷᠠᠳ | ᠲᠦᠮᠡᠨ᠂ ᠬᠥᠬᠡᠬᠤᠲᠠ ᠶᠢᠨ ᠪᠦᠲᠦᠭᠡᠨ ᠪᠠᠶᠢᠭᠤᠯᠤᠯᠲᠠ ᠶᠢ ᠠᠩᠬᠠᠷᠴᠤ᠂ ᠳᠡᠮᠵᠢᠵᠦ ᠪᠠᠶᠢᠭ᠎ᠠ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ | ᠢᠯᠡᠳᠬᠡᠶ᠎ᠡ︕ | ᠠᠮᠵᠢᠯᠲᠠ ᠪᠠᠨ ᠨᠤᠲᠠᠯᠠᠬᠤ ᠶᠢᠨ ᠬᠠᠮᠲᠤ᠂ ᠪᠢᠳᠡ ᠪᠠᠰᠠ ᠬᠥᠭᠵᠢᠯᠲᠡ ᠶᠢᠨ ᠳᠤᠮᠳᠠ ᠣᠷᠣᠰᠢᠵᠤ ᠪᠠᠶᠢᠭ᠎ᠠ ᠮᠠᠰᠢ ᠣᠯᠠᠨ ᠬᠦᠴᠢᠷᠳᠡᠯᠲᠡᠢ ᠪᠣᠯᠣᠨ | ᠬᠦᠷᠦᠯᠴᠡᠬᠦ ᠦᠭᠡᠢ ᠲᠠᠯ᠎ᠠ ᠪᠠᠨ ᠣᠯᠵᠤ ᠬᠠᠷᠠᠪᠠ᠃ ᠨᠢᠭᠡ ᠳᠤ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠡᠭᠡ ᠪᠢᠰᠢ᠂ ᠠᠵᠤ ᠦᠢᠯᠡᠳᠪᠦᠷᠢ ᠶᠢᠨ ᠬᠥᠭᠵᠢᠯᠲᠡ | ᠭᠦᠢᠴᠡᠳ ᠪᠢᠰᠢ᠂ ᠣᠳᠣ ᠦᠶ᠎ᠡ ᠶᠢᠨ ᠦᠢᠯᠡᠴᠢᠯᠡᠭᠡ ᠶᠢᠨ ᠦᠢᠯᠡᠰ ᠬᠠᠷᠢᠴᠠᠩᠭᠤᠢ ᠬᠤᠴᠣᠷᠣᠩᠭᠤᠢ᠂ ᠠᠵᠤ ᠠᠬᠤᠢ ᠶᠢᠨ ᠪᠠᠭᠤᠷᠠᠯᠲᠠ ᠶᠢ ᠠᠷᠭᠠᠴᠠᠬᠤ | ᠡᠷᠭᠢᠯᠲᠡ ᠶᠢᠨ ᠣᠷᠣᠨ ᠵᠠᠢ ᠪᠠᠭ᠎ᠠ᠃ ᠬᠤᠶᠠᠷ ᠲᠤ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠬᠢᠷᠢ ᠲᠦᠪᠰᠢᠨ ᠥᠨᠳᠦᠷ ᠪᠢᠰᠢ᠂ ᠰᠢᠨ᠎ᠡ ᠶᠢ | ᠡᠭᠦᠳᠬᠦ ᠴᠢᠳᠠᠪᠤᠷᠢ ᠴᠢᠩᠭ᠎ᠠ ᠪᠢᠰᠢ᠂ ᠴᠢᠳᠠᠪᠤᠷᠢᠲᠠᠨ ᠤ ᠬᠠᠩᠭᠠᠯᠭ᠎ᠠ ᠬᠡᠷᠡᠭᠴᠡᠭᠡ ᠶᠢᠨ ᠵᠥᠷᠢᠴᠡᠯ ᠳᠣᠪᠤᠶᠢᠮ᠎ᠠ᠂ ᠥᠨᠳᠥᠷ ᠴᠢᠨᠰᠠᠭ᠎ᠠ ᠲᠠᠢ ᠬᠥᠭᠵᠢᠯᠲᠡ ᠶᠢ | ᠪᠡᠶᠡᠯᠡᠭᠦᠯᠬᠦ ᠬᠦᠳᠡᠯᠭᠡᠬᠦ ᠬᠦᠴᠦᠨ ᠬᠦᠷᠦᠯᠴᠡᠬᠦ ᠦᠭᠡᠢ᠃ ᠭᠤᠷᠪᠠ ᠳᠤ ᠨᠡᠭᠡᠭᠡᠯᠲᠡ ᠶᠢᠨ ᠳᠠᠪᠴᠠᠩ ᠤᠨ ᠪᠦᠲᠦᠭᠡᠨ ᠪᠠᠶᠢᠭᠤᠯᠤᠯᠲᠠ ᠬᠠᠷᠢᠴᠠᠩᠭᠤᠢ | ᠬᠤᠴᠣᠷᠣᠩᠭᠤᠢ᠂ ᠠᠷᠠᠳ ᠤᠨ ᠳᠤᠮᠳᠠᠬᠢ ᠪᠡᠯᠡ ᠣᠷᠤᠭᠤᠯᠤᠯᠲᠠ ᠶᠢᠨ ᠬᠦᠴᠦᠨ ᠮᠡᠬᠦᠰᠳᠡᠵᠦ᠂ ᠪᠤᠳᠠᠳᠤ ᠠᠵᠤ ᠠᠬᠤᠢ ᠶᠢᠨ ᠬᠢᠷᠢ ᠲᠦᠪᠰᠢᠨ ᠳᠡᠭᠡᠭᠰᠢᠯᠡᠬᠦ | ᠴᠢᠬᠤᠯᠠ ᠲᠠᠢ ᠪᠠᠶᠢᠨ᠎ᠠ᠃ ᠳᠥᠷᠪᠡ ᠳᠤ ᠬᠥᠳᠡᠭᠡ ᠠᠵᠤ ᠠᠬᠤᠢ ᠬᠥᠳᠡᠭᠡ ᠲᠣᠰᠬᠤᠨ ᠤ ᠬᠥᠭᠵᠢᠯᠲᠡ ᠶᠢᠨ ᠲᠤᠲᠠᠭᠤᠳᠠᠯ ᠳᠣᠪᠤᠶᠢᠮ᠎ᠠ᠂ ᠲᠠᠷᠢᠶᠠᠯᠠᠩ ᠤᠨ | ᠦᠨᠳᠦᠰᠦᠨ ᠪᠦᠲᠦᠭᠡᠨ ᠪᠠᠶᠢᠭᠤᠯᠤᠯᠲᠠ ᠶᠢᠨ ᠬᠢᠷᠢ ᠬᠡᠮᠵᠢᠶ᠎ᠡ ᠳᠣᠣᠷ᠎ᠠ᠂ ᠲᠠᠷᠢᠶᠠᠯᠠᠩ ᠤᠨ ᠦᠢᠯᠡᠳᠪᠦᠷᠢᠯᠡᠯ ᠤᠨ ᠠᠷᠭ᠎ᠠ ᠮᠠᠶ᠋ᠢᠭ ᠪᠠᠰᠠ ᠨᠡᠯᠢᠶᠡᠳ ᠤᠯᠠᠮᠵᠢᠯᠠᠯᠲᠤ | ᠮᠠᠶ᠋ᠢᠭ ᠤᠨ ᠪᠠᠶᠢᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠪᠠᠲᠤᠯᠠᠭ᠎ᠠ ᠶᠢᠨ ᠴᠢᠳᠠᠪᠤᠷᠢ᠂ ᠶᠡᠷᠦᠩᠬᠡᠢ ᠦᠢᠯᠡᠴᠢᠯᠡᠭᠡᠨ ᠤ ᠰᠢᠰᠲ᠋ᠧᠮᠵᠢ ᠶᠢᠨ ᠪᠦᠲᠦᠭᠡᠨ | ᠪᠠᠶᠢᠭᠤᠯᠤᠯᠲᠠ ᠶᠢ ᠳᠠᠷᠤᠢ ᠲᠦᠷᠭᠡᠨ ᠴᠢᠩᠭᠠᠳᠬᠠᠬᠤ ᠴᠢᠬᠤᠯᠠ ᠲᠠᠢ᠃ ᠲᠠᠪᠤ ᠳᠤ ᠬᠤᠲᠠ ᠶᠢᠨ ᠣᠷᠣᠨ ᠵᠠᠢ ᠶᠢᠨ ᠪᠠᠶᠢᠷᠢᠯᠠᠭᠤᠯᠤᠯᠲᠠ ᠰᠢᠯᠢᠳᠡᠭ ᠪᠤᠰᠤ᠂ | ᠣᠷᠣᠨ ᠨᠤᠲᠤᠭ ᠤᠨ ᠬᠤᠭᠤᠷᠣᠨᠳᠤ ᠬᠤᠲᠠ ᠬᠥᠳᠡᠭᠡ ᠶᠢᠨ ᠬᠤᠭᠤᠷᠣᠨᠳᠤᠬᠢ ᠬᠥᠭᠵᠢᠯᠲᠡ ᠶᠢᠨ ᠵᠥᠷᠢᠶ᠎ᠡ ᠳᠣᠪᠤᠶᠢᠮ᠎ᠠ᠂ ᠠᠮᠢ ᠠᠬᠤᠢ ᠶᠢᠨ ᠣᠷᠴᠢᠨ | ᠲᠣᠭᠤᠷᠢᠨ᠂ ᠨᠡᠶᠢᠲᠡ ᠶᠢᠨ ᠦᠢᠯᠡᠴᠢᠯᠡᠭᠡ ᠵᠡᠷᠭᠡ ᠲᠠᠯ᠎ᠠ ᠪᠠᠷ ᠪᠠᠰᠠ ᠨᠡᠯᠢᠶᠡᠳ ᠣᠯᠠᠨ ᠲᠡᠩᠴᠡᠭᠦᠷᠢ ᠦᠭᠡᠢ᠂ ᠭᠦᠢᠴᠡᠳ ᠪᠤᠰᠤ ᠠᠰᠠᠭᠤᠳᠠᠯ ᠣᠷᠣᠰᠢᠭᠰᠠᠭᠠᠷ | ᠪᠠᠶᠢᠨ᠎ᠠ᠃ ᠵᠢᠷᠭᠤᠭ᠎ᠠ ᠳᠤ ᠰᠤᠷᠭᠠᠨ ᠬᠥᠮᠥᠵᠢᠯ᠂ ᠡᠮᠴᠢᠯᠡᠭᠡ᠂ ᠭᠠᠳᠠᠭᠰᠢ ᠭᠠᠷᠬᠤ᠂ ᠣᠷᠣᠨ ᠰᠠᠭᠤᠴᠠ ᠵᠡᠷᠭᠡ ᠬᠦᠷᠢᠶ᠎ᠡ ᠬᠡᠪᠴᠢᠶ᠎ᠡ ᠳᠤ ᠪᠠᠰᠠ ᠴᠥᠭᠡᠨ ᠪᠤᠰᠤ | ᠲᠤᠲᠠᠭᠤᠳᠠᠯ ᠣᠷᠣᠰᠢᠵᠤ᠂ ᠠᠷᠠᠳ ᠤᠨ ᠠᠮᠢᠳᠤᠷᠠᠯ ᠢ ᠪᠠᠲᠤᠯᠠᠬᠤ ᠪᠠ ᠰᠠᠶᠢᠵᠢᠷᠠᠭᠤᠯᠬᠤ ᠳᠤ ᠪᠠᠰᠠ ᠨᠡᠯᠢᠶᠡᠳ ᠶᠡᠭᠡ ᠳᠡᠭᠡᠭᠰᠢᠯᠡᠬᠦ ᠣᠷᠣᠨ ᠵᠠᠢ ᠲᠠᠢ | ᠪᠠᠶᠢᠭᠰᠠᠭᠠᠷ᠃ ᠡᠭᠦᠨ ᠠᠴᠠ ᠭᠠᠳᠠᠨ᠎ᠠ᠂ ᠳᠤᠮᠳᠠᠳᠤ ᠠᠮᠧᠷᠢᠺᠠ ᠶᠢᠨ ᠠᠷᠠᠯᠵᠢᠶ᠎ᠠ ᠶᠢᠨ ᠥᠷᠥᠯᠲᠡ᠂ ᠬᠤᠷᠸ᠎ᠠ ᠠᠵᠤ ᠠᠬᠤᠢ ᠶᠢᠨ ᠪᠠᠭᠤᠷᠠᠯᠲᠠ᠂ ᠥᠷᠢ | ᠥᠭᠴᠡᠭᠡ ᠶᠢ ᠠᠷᠢᠯᠭᠠᠬᠤ ᠳᠠᠷᠤᠯᠲᠠ ᠨᠡᠯᠢᠶᠡᠳ ᠶᠡᠭᠡ ᠪᠠᠶᠢᠵᠤ ᠴᠥᠭᠡᠨ ᠲᠣᠭᠠᠨ ᠤ ᠲᠤᠯᠭᠠᠭᠤᠷᠢ ᠠᠵᠤ ᠠᠬᠤᠶᠢᠯᠠᠯ ᠶᠢᠨ ᠦᠶᠡᠯᠡᠯ ᠤᠨ ᠴᠢᠨᠠᠷᠲᠠᠢ | ᠦᠢᠯᠡᠳᠪᠦᠷᠢᠯᠡᠯ ᠢᠶᠠᠨ ᠵᠣᠭᠰᠣᠭᠠᠨ ᠰᠡᠯᠪᠢᠯᠲᠡ ᠬᠢᠬᠦ᠂ ᠦᠢᠯᠡᠳᠬᠦᠨ ᠤ ᠦᠨ᠎ᠡ ᠪᠠᠭᠤᠷᠠᠬᠤ ᠵᠡᠷᠭᠡ ᠡᠯᠧᠮᠧᠨ᠋ᠲ ᠤᠨ ᠨᠥᠯᠥᠭᠡ ᠠᠴᠠ ᠪᠣᠯᠵᠤ᠂ ᠬᠡᠰᠡᠭ | ᠭᠦᠢᠴᠡᠳᠬᠡᠯ ᠲᠤᠭ᠎ᠠ ᠵᠢᠯ ᠤᠨ ᠡᠬᠢᠨ ᠤ ᠲᠥᠰᠥᠪ ᠲᠤ ᠬᠦᠷᠴᠦ ᠴᠢᠳᠠᠭᠰᠠᠨ ᠦᠭᠡᠢ᠃ ᠡᠭᠦᠨ ᠤ ᠬᠠᠮᠲᠤ᠂ ᠣᠨᠴᠠ ᠵᠠᠷᠢᠮ ᠰᠠᠯᠠᠭ᠎ᠠ ᠮᠥᠴᠢᠷ ᠪᠣᠯᠣᠨ | ᠺᠠᠳ᠋ᠷᠴᠤᠳ ᠤᠨ ᠦᠵᠡᠯ ᠰᠠᠨᠠᠭ᠎ᠠ ᠬᠤᠴᠣᠷᠤᠩᠭᠤᠢ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠤᠬᠠᠮᠰᠠᠷ ᠳᠤᠲᠠᠭᠤ᠂ ᠬᠠᠷᠢᠭᠤᠴᠠᠯᠭ᠎ᠠ ᠡᠭᠦᠷᠭᠡᠯᠡᠬᠦ ᠵᠣᠷᠢᠭ | ᠰᠠᠨᠠᠭ᠎ᠠ ᠬᠦᠷᠦᠯᠴᠡᠬᠦ ᠦᠭᠡᠢ᠂ ᠦᠢᠯᠡᠴᠢᠯᠡᠬᠦ ᠦᠷ᠎ᠡ ᠠᠰᠢᠭ ᠥᠨᠳᠥᠷ ᠪᠢᠰᠢ᠂ ᠵᠠᠷᠢᠮ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠴᠠᠭ ᠲᠤᠬᠠᠢ ᠳᠤ ᠨᠢ᠂ | ᠣᠷᠣᠨ ᠪᠠᠶᠢᠷᠢ ᠳᠤ ᠨᠢ ᠨᠠᠶᠢᠳᠠᠪᠤᠷᠢᠵᠢᠭᠤᠯᠵᠤ ᠴᠢᠳᠠᠬᠤ ᠦᠭᠡᠢ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠲᠡᠶᠢᠮᠦ ᠬᠠᠩᠭᠠᠮᠵᠢᠲᠠᠢ ᠪᠢᠰᠢ ᠪᠠᠶᠢᠭᠰᠠᠭᠠᠷ᠃ | ᠡᠭᠦᠨ ᠳᠤ᠂ ᠪᠢᠳᠡ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠢᠯ ᠤᠨ ᠰᠡᠳᠬᠢᠮᠵᠢ ᠪᠠᠨ ᠰᠢᠨᠡᠴᠢᠯᠡᠵᠦ᠂ ᠰᠤᠷᠲᠠᠯ ᠤᠨ | ᠪᠠᠶᠢᠭᠤᠯᠤᠯᠲᠠ ᠪᠠᠨ ᠴᠢᠩᠭᠠᠳᠬᠠᠵᠤ᠂ ᠰᠠᠭᠤᠷᠢ ᠶᠢ ᠠᠳᠬᠤᠨ᠂ ᠲᠤᠲᠠᠭᠤᠳᠠᠯ ᠢ ᠨᠥᠬᠦᠪᠦᠷᠢᠯᠡᠵᠦ᠂ ᠠᠵᠢᠯ ᠪᠠᠨ ᠨᠡᠩ ᠰᠠᠶᠢᠨ ᠬᠢᠬᠦ ᠪᠠᠷ ᠴᠢᠷᠮᠠᠶᠢᠬᠤ ᠪᠣᠯᠣᠨ᠎ᠠ᠃ | | ᠬᠤᠶᠠᠷ᠂ 2019 ᠣᠨ ᠤ ᠠᠵᠢᠯ ᠤᠨ ᠲᠣᠬᠢᠷᠠᠭᠤᠯᠤᠯᠲᠠ | 2019 ᠣᠨ ᠪᠣᠯ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠣᠢ᠂ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠠᠶᠢᠭᠤᠯᠬᠤ᠂ ︽13·5︾ ᠶᠢᠨ ᠲᠥᠯᠥᠪᠵᠢᠭᠦᠯᠭᠡ ᠶᠢᠨ ᠬᠠᠷᠠᠯᠲᠠ ᠶᠢ ᠪᠡᠶᠡᠯᠡᠭᠦᠯᠬᠦ ᠵᠠᠩᠭᠢᠯᠠᠭ᠎ᠠ ᠶᠢᠨ ᠵᠢᠯ ᠮᠥᠨ᠃ ᠰᠢᠨ᠎ᠡ ᠨᠢᠭᠡᠨ ᠵᠢᠯ ᠳᠤ᠂ | ᠪᠢᠳᠡᠨ ᠳᠤ ᠠᠵᠠ ᠲᠣᠬᠢᠶᠠᠯ ᠲᠠᠢ᠂ ᠮᠥᠨ ᠴᠦ ᠥᠷᠢᠰᠦᠯᠳᠦᠭᠡᠨ ᠲᠠᠢ᠃ ᠶᠡᠷᠦᠩᠬᠡᠢ ᠳᠤ ᠨᠢ ᠠᠪᠴᠤ ᠬᠡᠯᠡᠪᠡᠯ᠂ ᠮᠠᠨ ᠤ ᠤᠯᠤᠰ ᠤᠨ ᠠᠵᠤ ᠠᠬᠤᠢ ᠶᠢᠨ | ᠪᠠᠶᠢᠳᠠᠯ ᠤᠷᠲᠤ ᠬᠤᠭᠤᠴᠠᠭ᠎ᠠ ᠪᠠᠷ ᠰᠠᠶᠢᠨ ᠪᠠᠶᠢᠬᠤ ᠦᠨᠳᠦᠰᠦᠨ ᠪᠠᠶᠢᠳᠠᠯ ᠬᠤᠪᠢᠷᠠᠭ᠎ᠠ ᠦᠭᠡᠢ᠂ ᠮᠠᠨ ᠤ ᠬᠤᠲᠠ ᠶᠢᠨ ᠠᠵᠤ ᠠᠬᠤᠢ ᠬᠡᠯᠪᠡᠷᠢ ᠪᠠᠨ | ᠬᠤᠪᠢᠷᠠᠭᠤᠯᠤᠨ ᠳᠡᠰ ᠳᠡᠪᠰᠢᠬᠦ᠂ ᠲᠣᠭᠲᠠᠭᠤᠨ ᠢᠶᠠᠷ ᠤᠷᠤᠭᠰᠢᠯᠠᠬᠤ ᠪᠠᠶᠢᠳᠠᠯ ᠬᠤᠪᠢᠷᠠᠭ᠎ᠠ ᠦᠭᠡᠢ᠃ ᠣᠨᠴᠠᠭᠠᠶᠢᠯᠠᠨ ᠥᠨᠳᠥᠷ ᠬᠤᠷᠳᠤᠴᠠᠲᠤ ᠲᠡᠮᠦᠷ | ᠵᠠᠮ ᠤᠨ ᠴᠠᠭ ᠦᠶ᠎ᠡ ᠶᠢᠨ ᠬᠦᠷᠴᠦ ᠢᠷᠡᠭᠰᠡᠨ ᠢ ᠳᠠᠭᠠᠯᠳᠤᠨ᠂ ᠮᠠᠨ ᠤ ᠬᠤᠲᠠ ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠪᠠ ᠪᠡᠭᠡᠵᠢᠩ | ᠲᠢᠶᠠᠨᠵᠢᠨ ᠾᠧᠪᠸᠢ ᠶᠢᠨ ᠬᠠᠮᠵᠢᠯᠴᠠᠨ ᠬᠥᠭᠵᠢᠬᠦ ᠳᠤ ᠠᠭᠤᠰᠤᠯᠴᠠᠬᠤ ᠬᠢᠷᠢ ᠬᠡᠮᠵᠢᠶ᠎ᠡ ᠢᠯᠡᠳᠲᠡ ᠳᠡᠭᠡᠭᠰᠢᠯᠡᠵᠦ᠂ ᠣᠷᠣᠨ ᠨᠤᠲᠤᠭ ᠤᠨ ᠬᠥᠭᠵᠢᠯᠲᠡ | ᠳᠤᠮᠳᠠᠬᠢ ᠳᠠᠶᠢᠴᠢᠯᠠᠯᠲᠠ ᠶᠢᠨ ᠦᠢᠯᠡᠳᠦᠯ ᠪᠠ ᠰᠢᠩᠭᠡᠭᠡᠬᠦ ᠴᠢᠳᠠᠪᠤᠷᠢ ᠤᠯᠠᠮ ᠳᠤᠪᠤᠶᠢᠮ᠎ᠠ ᠪᠣᠯᠪᠠ᠃ ᠪᠢᠳᠡ ᠭᠠᠭᠴᠠ ᠬᠦ ᠠᠤᠭ᠎ᠠ ᠶᠡᠭᠡ ᠬᠠᠨᠳᠤᠰᠢ ᠶᠢ | ᠡᠵᠡᠮᠳᠡᠵᠦ᠂ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢ ᠪᠠᠲᠤᠯᠠᠵᠤ᠂ ᠥᠨᠳᠥᠷ ᠴᠢᠨᠰᠠᠭ᠎ᠠ ᠲᠠᠢ ᠬᠥᠭᠵᠢᠯᠲᠡ ᠶᠢ ᠪᠡᠶᠡᠯᠡᠭᠦᠯᠬᠦ ᠭᠤᠣᠯᠳᠠᠴᠠ ᠶᠢ | ᠣᠨᠣᠪᠴᠢᠲᠠᠢ ᠣᠯᠣᠭᠰᠠᠭᠠᠷ ᠯᠠᠪᠲᠠᠢ ᠡᠯ᠎ᠡ ᠵᠦᠢᠯ ᠤᠨ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠨᠡᠩ ᠰᠠᠶᠢᠨ ᠬᠥᠭᠵᠢᠯᠲᠡ ᠶᠢ ᠪᠡᠶᠡᠯᠡᠭᠦᠯᠵᠦ ᠴᠢᠳᠠᠨ᠎ᠠ᠃ | ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠪᠦᠬᠦᠢ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ | ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠶᠡᠷᠦᠩᠬᠡᠢ ᠱᠦᠵᠢ | ᠰᠢ ᠶᠢᠨ ᠫᠢᠩ ᠤᠨ ᠥᠭᠡᠷᠡᠴᠢᠯᠡᠯᠲᠡ ᠨᠡᠭᠡᠭᠡᠯᠲᠡ ᠶᠢᠨ 40 ᠵᠢᠯ ᠤᠨ ᠣᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠡᠷᠢᠶ᠎ᠠ ᠶᠢᠨ ᠵᠣᠷᠢᠭ ᠰᠠᠨᠠᠭ᠎ᠠ | ᠪᠣᠯᠣᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ | ᠫᠢᠩ ᠤᠨ ᠥᠪᠥᠷ ᠮᠣᠩᠭᠤᠯ ᠤᠨ ᠠᠵᠢᠯ ᠳᠤ ᠬᠢ ᠠᠯᠢ ᠣᠯᠠᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠬᠤᠲᠠ ᠶᠢᠨ ᠨᠠᠮ ᠤᠨ ᠬᠤᠷᠢᠶ᠎ᠠ ᠶᠢᠨ ᠠᠷᠪᠠᠨ ᠬᠤᠶᠠᠳᠤᠭᠠᠷ ᠬᠤᠭᠤᠴᠠᠭᠠᠨ ᠤ ᠳᠣᠯᠣᠳᠤᠭᠠᠷ | ᠪᠦᠭᠦᠳᠡ ᠬᠤᠷᠠᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠤᠭᠠᠷ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ | ᠪᠠᠶᠢᠷᠢᠰᠢᠭᠤᠯᠤᠯᠳᠠ ᠶᠢ ᠨᠢᠭᠡᠳᠦᠯᠲᠡᠢ ᠲᠥᠯᠥᠪᠯᠡᠨ ᠲᠦᠯᠬᠢᠨ ᠠᠬᠢᠭᠤᠯᠵᠤ ︽ᠳᠥᠷᠪᠡᠨ ᠪᠦᠬᠦ ᠲᠠᠯ᠎ᠠ︾ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠳᠠ ᠶᠢ | ᠬᠠᠮᠵᠢᠯᠴᠠᠨ ᠲᠦᠯᠬᠢᠨ ᠠᠬᠢᠭᠤᠯᠵᠤ᠂ ︽ᠲᠠᠪᠤᠨ ᠵᠦᠢᠯ ᠤᠨ ᠵᠢᠮ ᠶᠣᠰᠤᠴᠢ ᠴᠢᠨᠠᠷ ᠲᠠᠢ ᠲᠠᠨᠢᠯᠲᠠ︾ ︽ᠲᠠᠪᠤ ᠶᠢ ᠪᠠᠷᠢᠮᠲᠠᠯᠠᠬᠤ︾ ᠪᠣᠯᠣᠨ ︽ᠵᠢᠷᠭᠤᠭᠠᠨ | ᠲᠣᠭᠲᠠᠭᠤᠨ︾ ᠴᠢᠬᠤᠯᠠ ᠱᠠᠭᠠᠷᠳᠠᠯᠭ᠎ᠠ ᠲᠠᠢ ᠬᠠᠷᠢᠴᠠᠭᠤᠯᠤᠨ᠂ ᠥᠨᠳᠥᠷ ᠴᠢᠨᠰᠠᠭ᠎ᠠ ᠲᠠᠢ ᠬᠥᠭᠵᠢᠯᠲᠡ ᠶᠢ ᠡᠴᠦᠰ ᠲᠤᠨᠢ ᠬᠦᠷᠲᠡᠯ᠎ᠡ ᠲᠤᠭᠤᠰᠢᠯᠠᠭᠤᠯᠵᠤ᠂ | ᠲᠣᠭᠲᠠᠭᠤᠨ ᠢᠶᠠᠷ ᠨᠡᠮᠡᠭᠳᠡᠬᠦ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ | ᠲᠦᠭᠰᠢᠭᠦᠷᠢ ᠶᠢ ᠰᠡᠷᠭᠡᠶᠢᠯᠡᠬᠦ ᠠᠵᠢᠯ ᠢ ᠯᠠᠪᠳᠠᠭᠤᠨ ᠪᠠᠲᠤᠲᠠᠢ ᠰᠠᠶᠢᠳᠤᠷ ᠬᠢᠵᠦ᠂ ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ ᠢ ᠦᠷᠭᠦᠯᠵᠢᠯᠡᠨ | ᠰᠠᠶᠢᠳᠤᠷ ᠬᠢᠵᠦ᠂ ᠪᠤᠳᠠᠳᠤ ᠠᠵᠤ ᠠᠬᠤᠢ᠂ ᠠᠷᠠᠳ ᠠᠴᠠ ᠡᠵᠡᠩᠨᠡᠭᠰᠡᠨ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠨᠢᠭᠡᠳᠦᠭᠡᠷ ᠠᠵᠤ ᠦᠢᠯᠡᠰ ᠢ | ᠦᠷᠭᠦᠯᠵᠢᠯᠡᠨ ᠨᠠᠷᠢᠯᠢᠭᠵᠢᠭᠤᠯᠵᠤ᠂ ᠬᠤᠶᠠᠳᠤᠭᠠᠷ ᠠᠵᠤ ᠦᠢᠯᠡᠰ ᠢ ᠬᠦᠴᠦᠷᠬᠡᠭᠵᠢᠭᠦᠯᠵᠦ᠂ ᠭᠤᠷᠪᠠᠳᠤᠭᠠᠷ ᠠᠵᠤ ᠦᠢᠯᠡᠰ ᠢ ᠰᠢᠯᠢᠳᠡᠭᠵᠢᠭᠦᠯᠤᠨ᠂ ᠠᠵᠤ | ᠠᠬᠤᠢ ᠶᠢᠨ ᠡᠷᠭᠢᠯᠲᠡ ᠶᠢ ᠵᠦᠢ ᠵᠣᠬᠢᠰᠲᠠᠢ ᠣᠷᠣᠨ ᠪᠠᠶᠢᠷᠢ ᠳᠤ ᠪᠠᠶᠢᠯᠭᠠᠬᠤ ᠶᠢ ᠪᠠᠲᠤᠯᠠᠵᠤ᠂ ᠬᠤᠲᠠ ᠶᠢᠨ ᠬᠥᠭᠵᠢᠯᠲᠡ ᠶᠢᠨ ᠲᠡᠩᠴᠡᠭᠦᠷᠢ ᠦᠭᠡᠢ᠂ | ᠭᠦᠢᠴᠡᠳ ᠪᠤᠰᠤ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ | ᠂ ᠠᠷᠠᠳ ᠣᠯᠠᠨ ᠤ ᠬᠦᠷᠲᠡᠭᠡᠮᠵᠢᠲᠦ ᠰᠡᠳᠬᠢᠯᠭᠡ᠂ ᠵᠢᠷᠭᠠᠯᠠᠩᠲᠤ ᠰᠡᠳᠬᠢᠯᠭᠡ᠂ ᠠᠮᠤᠷ ᠲᠦᠪᠰᠢᠨ ᠰᠡᠳᠬᠢᠯᠭᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ | ᠠᠵᠤ ᠠᠬᠤᠢ ᠶᠢᠨ ᠥᠨᠳᠦᠷ ᠴᠢᠨᠰᠠᠭ᠎ᠠ ᠲᠠᠢ ᠬᠥᠭᠵᠢᠯᠲᠡ ᠪᠠ ᠨᠡᠶᠢᠭᠡᠮ ᠤᠨ ᠡᠶ᠎ᠡ ᠵᠣᠬᠢᠴᠠᠯ ᠲᠣᠭᠲᠠᠭᠤᠨ ᠢ ᠪᠡᠶᠡᠯᠡᠭᠦᠯᠵᠦ᠂ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠠᠶᠢᠭᠤᠯᠬᠤ ᠳᠤ ᠰᠢᠢᠳᠪᠦᠷᠢᠲᠦ ᠴᠢᠨᠠᠷ ᠲᠠᠢ ᠰᠠᠭᠤᠷᠢ ᠲᠠᠯᠪᠢᠵᠤ᠂ ᠰᠢᠯᠢᠳᠡᠭ ᠬᠢᠷᠢ ᠪᠦᠲᠦᠮᠵᠢ ᠪᠠᠷ ᠤᠯᠤᠰ ᠪᠠᠶᠢᠭᠤᠯᠤᠭᠳᠠᠭᠰᠠᠨ 70 ᠵᠢᠯ ᠤᠨ | ᠣᠢ ᠶᠢ ᠪᠡᠯᠡᠭᠯᠡᠨ᠎ᠡ᠃ | ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠤᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 6% ᠣᠷᠴᠢᠮ ᠢᠶᠠᠷ ᠨᠡᠮᠡᠭᠳᠡᠵᠦ᠂ | ᠬᠡᠪᠴᠢᠶᠡᠵᠢᠯ ᠡᠴᠡᠲ᠋ᠡᠭᠡᠭᠰᠢᠬᠢ ᠠᠵᠤ ᠦᠢᠯᠡᠳᠪᠦᠷᠢ ᠶᠢᠨ ᠶᠡᠷᠦᠩᠬᠡᠢ ᠥᠷᠲᠡᠭ 4 % ᠠᠴᠠ ᠳᠡᠭᠡᠭᠰᠢ ᠨᠡᠮᠡᠭᠳᠡᠵᠦ᠂ ᠲᠣᠭᠲᠠᠮᠠᠯ ᠬᠥᠷᠦᠩᠭᠡ ᠶᠢᠨ ᠪᠡᠯᠡ | ᠣᠷᠤᠭᠤᠯᠤᠯᠲᠠ5% ᠣᠷᠴᠢᠮ ᠢᠶᠠᠷ ᠨᠡᠮᠡᠭᠳᠡᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠤᠯᠠᠭᠤᠯᠤᠭᠰᠠᠨ ᠶᠡᠷᠦᠩᠬᠡᠢ ᠲᠤᠭ᠎ᠠ6.5% | ᠣᠷᠴᠢᠮ ᠢᠶᠠᠷ ᠨᠡᠮᠡᠭᠳᠡᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠤᠯᠭ᠎ᠠ ᠨᠢ ᠭᠠᠶᠢᠯᠢ ᠶᠢ ᠬᠥᠩᠭᠡᠯᠡᠵᠤ ᠰᠦᠢᠳᠬᠡᠯ ᠢ ᠪᠠᠭᠤᠷᠠᠭᠤᠯᠬᠤ ᠲᠥᠷᠦ ᠶᠢᠨ | ᠪᠣᠳᠤᠯᠭ᠎ᠠ ᠶᠢᠨ ᠡᠯᠧᠮᠧᠨ᠋ᠲ ᠶᠢ ᠠᠷᠢᠯᠭᠠᠭᠰᠠᠨ ᠤ ᠳᠠᠷᠠᠭ᠎ᠠ᠂ ᠠᠳᠠᠯᠢ ᠪᠠᠷᠢᠮᠵᠢᠶ᠎ᠠ ᠳᠤ5% ᠣᠷᠴᠢᠮ ᠢᠶᠠᠷ ᠨᠡᠮᠡᠭᠳᠡᠵᠦ᠂ ᠬᠤᠲᠠ ᠬᠦᠳᠡᠭᠡ ᠶᠢᠨ ᠰᠠᠭᠤᠭᠠᠯᠢ | ᠠᠷᠠᠳ ᠤᠨ ᠬᠥᠮᠦᠨ ᠤ ᠳᠤᠮᠳᠠᠴᠢ ᠡᠵᠡᠮᠳᠡᠵᠤ ᠪᠣᠯᠬᠤ ᠣᠷᠤᠯᠭ᠎ᠠ ᠲᠤᠰ ᠪᠦᠷᠢ 8% ᠪᠠ 8.5% ᠣᠷᠴᠢᠮ ᠢᠶᠠᠷ ᠨᠡᠮᠡᠭᠳᠡᠵᠦ᠂ ᠨᠢᠭᠡᠴᠢ GDP ᠤᠨ | ᠬᠤᠷᠤᠭᠳᠠᠯ3.3% ᠣᠷᠴᠢᠮ ᠢᠶᠠᠷ ᠪᠠᠭᠤᠷᠠᠵᠤ᠂ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠶᠢᠨ ᠥᠰᠦᠯᠲᠡ ᠶᠢᠨ ᠬᠡᠮᠵᠢᠶ᠎ᠡ ᠶᠢ 3% ᠳᠣᠲᠤᠷ᠎ᠠ | ᠬᠢᠵᠠᠭᠠᠷᠯᠠᠵᠤ᠂ ᠬᠤᠲᠠ ᠪᠠᠯᠭᠠᠰᠤ ᠵᠢᠨᠠᠵᠢᠯ ᠠᠯᠳᠠᠯᠲᠠ ᠶᠢᠨ ᠪᠠᠶᠢᠴᠠᠭᠠᠯᠲᠠ ᠶᠢᠨ ᠨᠤᠷᠮ᠎ᠠ ᠶᠢ5 % ᠶᠢᠨ ᠳᠣᠲᠤᠷ᠎ᠠ ᠬᠢᠵᠠᠭᠠᠷᠯᠠᠵᠤ᠂ ᠬᠤᠲᠠ ᠪᠠᠯᠭᠠᠰᠤ ᠶᠢᠨ | ᠠᠵᠢᠯ ᠠᠯᠳᠠᠯᠲᠠ ᠶᠢᠨ ᠳᠠᠩᠰᠠᠯᠠᠭᠰᠠᠨ ᠨᠤᠷᠮ᠎ᠠ ᠶᠢ3.8 % ᠶᠢᠨ ᠳᠣᠲᠤᠷ᠎ᠠ ᠬᠢᠵᠠᠭᠠᠷᠯᠠᠵᠤ᠂ ᠤᠯᠤᠰ᠂ ᠥᠪᠡᠷᠲᠡᠭᠡᠨ ᠵᠠᠰᠠᠬᠤ ᠣᠷᠤᠨ ᠤ ᠪᠠᠭᠤᠯᠭᠠᠭᠰᠠᠨ | ᠪᠣᠰᠤᠳ ᠬᠢᠵᠠᠭᠠᠷᠯᠠᠬᠤ ᠴᠢᠨᠠᠷᠲᠠᠢ ᠭᠦᠢᠴᠡᠳᠬᠡᠯ ᠲᠤᠭ᠎ᠠ ᠶᠢ ᠪᠡᠶᠡᠯᠡᠭᠦᠯᠦᠨ᠎ᠡ᠃ ᠡᠳᠡᠭᠡᠷ ᠠᠯᠢ ᠣᠯᠠᠨ ᠭᠦᠢᠴᠡᠳᠬᠡᠯ ᠲᠤᠭ᠎ᠠ ᠨᠢ ᠨᠠᠮ ᠤᠨ ᠲᠥᠪ ᠬᠤᠷᠢᠶ᠎ᠠ ᠪᠠ | ᠥᠪᠡᠷᠲᠡᠭᠡᠨ ᠵᠠᠰᠠᠬᠤ ᠣᠷᠤᠨ ᠤ ᠶᠡᠷᠦᠩᠬᠡᠢ ᠱᠠᠭᠠᠷᠳᠠᠯᠭ᠎ᠠ ᠶᠢ ᠲᠤᠭᠤᠰᠢᠯᠠᠭᠤᠯᠤᠭᠰᠠᠨ ᠢᠶᠠᠷ ᠪᠠᠷᠠᠬᠤ ᠦᠭᠡᠢ ᠮᠠᠨ ᠤ ᠬᠤᠲᠠ ᠶᠢᠨ ᠪᠤᠳᠠᠲᠤ ᠪᠠᠶᠢᠳᠠᠯ ᠲᠠᠢ | ᠨᠡᠶᠢᠴᠡᠪᠡ︔ᠬᠤᠷᠳᠤᠴᠠ ᠠᠴᠠ ᠴᠢᠨᠠᠷ ᠤᠨ ᠬᠤᠪᠢᠷᠠᠯᠲᠠ ᠵᠦᠭ ᠰᠢᠯᠵᠢᠬᠦ ᠬᠠᠨᠳᠤᠰᠢ ᠶᠢ ᠪᠣᠳᠤᠯᠬᠢᠯᠠᠭᠰᠠᠨ ᠢᠶᠠᠷ ᠪᠠᠷᠠᠬᠤ ᠦᠭᠡᠢ ᠬᠥᠭᠡᠭᠡᠵᠤ ᠳᠠᠪᠠᠭ᠋ᠤ | ᠱᠠᠭᠠᠷᠳᠠᠯᠭ᠎ᠠ ᠶᠢ ᠳᠤᠰᠬᠠᠵᠤ᠂ ᠲᠥᠪ ᠬᠤᠲᠠ ᠶᠢᠨ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠪᠡ᠃ | ᠶᠡᠷᠦᠩᠬᠡᠢ ᠱᠠᠭᠠᠷᠳᠠᠯᠭ᠎ᠠ ᠪᠠ ᠵᠢᠱᠢᠭᠰᠡᠨ ᠬᠠᠷᠠᠯᠲᠠ ᠶᠢ ᠦᠨᠳᠦᠰᠦᠯᠡᠵᠤ᠂ ᠣᠳᠣᠬᠠᠨ ᠤ ᠪᠠ ᠬᠤᠶᠢᠰᠢᠲᠠ ᠶᠢᠨ ᠨᠢᠭᠡ ᠬᠤᠭᠤᠴᠠᠭᠠᠨ ᠤ ᠠᠵᠢᠯ ᠢ | ᠰᠠᠶᠢᠲᠤᠷ ᠬᠢᠬᠦ ᠳᠤ ᠳᠣᠣᠷᠠᠬᠢ ᠬᠡᠳᠦᠨ ᠲᠠᠯ᠎ᠠ ᠶᠢᠨ ᠬᠠᠷᠢᠴᠠᠭ᠎ᠠ ᠶᠢ ᠰᠠᠶᠢᠲᠤᠷ ᠠᠳᠬᠤᠬᠤ ᠬᠡᠷᠡᠭᠲᠡᠢ᠄ | ᠨᠢᠭᠡ ᠳᠤ᠂ ᠲᠤᠰ ᠪᠡᠶ᠎ᠡ ᠶᠢᠨ ᠬᠥᠭᠵᠢᠯᠲᠡ ᠬᠢᠭᠡᠳ ᠪᠥᠬᠦ ᠲᠠᠯ᠎ᠠ ᠳᠤ ᠦᠢᠯᠡᠴᠢᠯᠡᠬᠦ ᠬᠠᠷᠢᠴᠠᠭ᠎ᠠ ᠶᠢ ᠰᠠᠶᠢᠲᠤᠷ ᠠᠳᠬᠤᠬᠤ ᠬᠡᠷᠡᠭᠲᠡᠢ᠃ ᠲᠥᠪ | ᠬᠤᠲᠠ ᠶᠢᠨ ᠪᠤᠳᠠᠳᠤ ᠪᠠᠶᠢᠳᠠᠯ ᠳᠤ ᠰᠠᠭᠤᠷᠢᠯᠠᠵᠤ᠂ ᠬᠥᠭᠵᠢᠯᠲᠡ ᠶᠢᠨ ᠬᠡᠷᠡᠭᠴᠡᠭᠡ ᠪᠠ ᠠᠷᠠᠳ ᠤᠨ ᠠᠮᠢᠳᠤᠷᠠᠯ ᠤᠨ ᠬᠡᠷᠡᠭᠴᠡᠭᠡ ᠲᠠᠢ ᠨᠢᠭᠲᠠ ᠤᠶᠠᠯᠳᠤᠭᠤᠯᠤᠨ | ᠂ ᠳᠣᠲᠤᠭᠠᠳᠤ ᠶᠢᠨ ᠭᠦᠨ ᠳᠠᠪᠬᠤᠷᠭ᠎ᠠ ᠶᠢᠨ ᠵᠦᠷᠢᠴᠡᠯ ᠢ ᠬᠦᠴᠦᠯᠡᠨ ᠰᠢᠢᠳᠪᠦᠷᠢᠯᠡᠵᠦ᠂ ᠬᠠᠯᠬᠠᠪᠴᠢ ᠶᠢ ᠲᠠᠰᠤᠷᠠᠯᠲᠠ ᠦᠭᠡᠢ ᠳᠠᠪᠠᠵᠤ᠂ ᠥᠪᠡᠷ ᠢ ᠪᠠᠨ | ᠲᠡᠭᠦᠯᠳᠡᠷᠵᠢᠭᠦᠯᠦᠨ᠎ᠡ᠃ ᠡᠭᠦᠨ ᠤ ᠬᠠᠮᠲᠤ᠂ ᠶᠡᠭᠡ ᠲᠠᠯ᠎ᠠ ᠶᠢ ᠪᠣᠳᠤᠯᠬᠢᠯᠠᠵᠤ᠂ ᠬᠥᠬᠡᠬᠤᠲᠠ ᠶᠢᠨ ᠬᠥᠭᠵᠢᠯᠲᠡ ᠶᠢ ᠯᠡ ᠪᠣᠳᠤᠯᠬᠢᠯᠠᠬᠤ ᠪᠢᠰᠢ ᠬᠠᠷᠢᠨ | ᠲᠡᠯᠡᠬᠡᠶᠢᠵᠢᠯᠲᠡ ᠶᠢᠨ ᠰᠡᠳᠬᠢᠭᠦᠢ ᠪᠣᠯᠤᠨ ᠨᠢᠭᠡ ᠴᠣᠭᠴᠠᠵᠢᠯᠲᠠ ᠶᠢᠨ ᠬᠠᠷᠠᠭᠠᠰᠤ ᠪᠠᠷ᠂ ᠬᠦᠬᠡᠬᠤᠲᠠ- ᠪᠣᠭᠤᠲᠤ- ᠣᠷᠳᠤᠰ ᠢ ᠨᠢᠭᠡ ᠴᠤᠭᠴᠠᠵᠢᠭᠤᠯᠬᠤ᠂ | ᠪᠡᠭᠡᠵᠢᠩ ᠲᠢᠶᠠᠨᠵᠢᠨ ᠾᠧᠪᠸᠢ ᠶᠢ ᠬᠠᠮᠵᠢᠯᠴᠠᠨ ᠬᠥᠭᠵᠢᠭᠦᠯᠬᠦ᠂《 ᠨᠢᠭᠡ ᠪᠦᠰᠡ ᠨᠢᠭᠡ ᠵᠠᠮ》 ᠤᠨ ᠪᠥᠲᠦᠭᠡᠨ ᠪᠠᠶᠢᠭᠤᠯᠤᠯᠲᠠ ᠳᠤᠮᠳᠠ ᠣᠷᠤᠨ | ᠪᠠᠶᠢᠷᠢ ᠪᠠᠨ ᠣᠯᠵᠤ᠂ ᠳᠠᠪᠠᠭᠤᠯᠢᠭ ᠢᠶᠠᠨ ᠪᠠᠳᠠᠷᠠᠭᠤᠯᠤᠨ᠂ ᠦᠨ᠎ᠡ ᠦᠷᠲᠡᠭ ᠢᠶᠠᠨ ᠢᠯᠡᠷᠡᠭᠦᠯᠵᠦ᠂ ᠬᠤᠪᠢ ᠨᠡᠮᠡᠷᠢ ᠦᠵᠡᠭᠦᠯᠬᠦ ᠬᠡᠷᠡᠭᠲᠡᠢ᠃ | ᠬᠤᠶᠠᠷ ᠲᠤ᠂ ᠬᠥᠭᠵᠢᠯᠲᠡ ᠶᠢᠨ ᠬᠤᠷᠳᠤᠴᠠ ᠶᠢ ᠲᠦᠷᠭᠡᠳᠭᠡᠬᠦ ᠬᠢᠭᠡᠳ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠬᠠᠷᠢᠴᠠᠭ᠎ᠠ ᠶᠢ | ᠰᠠᠶᠢᠲᠤᠷ ᠠᠳᠬᠤᠬᠤ ᠬᠡᠷᠡᠭᠲᠡᠢ᠃ ᠪᠢᠳᠡ ᠶᠡᠷᠦᠩᠬᠡᠢ ᠬᠡᠮᠵᠢᠶ᠎ᠡ᠂ ᠬᠤᠷᠳᠤᠴᠠ᠂ ᠶᠠᠰᠤ ᠴᠢᠨᠠᠷ ᠵᠡᠷᠭᠡ ᠲᠠᠯ᠎ᠠ ᠪᠠᠷ ᠬᠢ ᠬᠥᠭᠵᠢᠭᠰᠡᠨ ᠭᠠᠵᠠᠷ ᠣᠷᠤᠨ ᠯᠤᠭ᠎ᠠ | ᠣᠷᠤᠰᠢᠵᠤ ᠪᠣᠢ ᠵᠦᠷᠢᠶ᠎ᠡ ᠪᠠᠨ ᠲᠣᠳᠤᠷᠬᠠᠢ ᠣᠶᠢᠯᠭᠠᠵᠤ᠂ ᠵᠣᠪᠠᠨᠢᠬᠤ ᠤᠬᠠᠮᠰᠠᠷ᠂ ᠲᠦᠭᠰᠢᠭᠦᠷᠢ ᠶᠢᠨ ᠤᠬᠠᠮᠰᠠᠷ ᠢ ᠨᠡᠮᠡᠭᠳᠡᠭᠦᠯᠵᠦ᠂ ᠬᠥᠭᠵᠢᠯᠲᠡ ᠶᠢ | ᠲᠡᠷᠢᠭᠦᠨ ᠴᠢᠬᠤᠯᠠ ᠡᠭᠦᠷᠭᠡ ᠪᠤᠯᠭᠠᠬᠤ ᠶᠢ ᠡᠷᠡᠰ ᠭᠤᠶᠢᠪᠢᠰᠢ ᠦᠭᠡᠢ ᠪᠠᠷᠢᠮᠲᠠᠯᠠᠵᠤ᠂ ᠵᠣᠬᠢᠬᠤ ᠬᠡᠮᠵᠢᠶᠡᠨ ᠤ ᠨᠡᠮᠡᠭᠳᠡᠯ ᠤᠨ ᠬᠤᠷᠳᠤᠴᠠ ᠶᠢ ᠦᠨᠡᠨᠬᠦ ᠪᠠᠲᠤᠯᠠᠵᠤ | ᠂ ᠪᠥᠬᠦ ᠣᠷᠤᠨ ᠤ ᠳᠣᠲᠤᠷ᠎ᠠ ᠳᠠᠭᠠᠭᠤᠯᠤᠭᠴᠢ ᠪᠣᠯᠵᠤ᠂ ᠪᠥᠬᠦ ᠤᠯᠤᠰ ᠤᠨ ᠳᠣᠲᠤᠷ᠎ᠠ ᠳᠠᠪᠠᠵᠤ ᠭᠦᠢᠴᠡᠬᠦ ᠪᠠᠷ ᠴᠢᠷᠮᠠᠶᠢᠨ᠎ᠠ᠃ ᠡᠭᠦᠨ ᠤ ᠬᠠᠮᠲᠤ᠂ ᠥᠨᠳᠦᠷ | ᠴᠢᠨᠰᠠᠭ᠎ᠠ ᠲᠠᠢ ᠬᠥᠭᠵᠢᠯᠲᠡ ᠶᠢᠨ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠴᠢᠭᠯᠡᠯ ᠢᠶᠠᠨ ᠲᠣᠭᠲᠠᠭᠠᠵᠤ᠂ ᠵᠠᠮ ᠱᠣᠭᠤᠮ ᠢᠶᠠᠨ ᠰᠠᠶᠢᠲᠤᠷ ᠰᠤᠩᠭᠤᠵᠤ᠂ | ᠲᠡᠩᠴᠡᠭᠦᠷᠢ ᠶᠢ ᠪᠠᠷᠢᠮᠲᠠᠯᠠᠵᠤ᠂ ᠬᠤᠷᠳᠤᠴᠠ ᠪᠣᠯᠤᠨ ᠶᠠᠰᠤ ᠴᠢᠨᠠᠷ ᠤᠨ ᠤᠷᠭᠠᠨᠢᠭ ᠨᠢᠭᠡᠳᠦᠯ ᠢ ᠪᠡᠶᠡᠯᠡᠭᠦᠯᠬᠦ ᠬᠡᠷᠡᠭᠲᠡᠢ᠃ | ᠭᠤᠷᠪᠠ ᠳᠤ᠂ ᠳᠠᠪᠠᠭᠤᠯᠢᠭ ᠢᠶᠠᠨ ᠪᠠᠳᠠᠷᠠᠭᠤᠯᠬᠤ ᠬᠢᠭᠡᠳ ᠳᠤᠲᠠᠭᠤᠳᠠᠯ ᠢᠶᠠᠨ ᠨᠥᠬᠦᠪᠦᠷᠢᠯᠡᠬᠦ ᠶᠢᠨ ᠬᠠᠷᠢᠴᠠᠭ᠎ᠠ ᠶᠢ ᠰᠠᠶᠢᠲᠤᠷ ᠠᠳᠬᠤᠬᠤ ᠬᠡᠷᠡᠭᠲᠡᠢ᠃ | ᠪᠢᠳᠡ ᠲᠥᠪ ᠬᠤᠲᠠ ᠶᠢᠨ ᠰᠢᠨ᠎ᠡ ᠳᠠᠪᠠᠭᠤᠯᠢᠭ ᠢ ᠤᠯᠠᠮ ᠨᠢᠭᠡ ᠠᠯᠬᠤᠮ ᠬᠢᠨᠠᠨ ᠦᠵᠡᠵᠣ᠂ ᠰᠢᠨᠵᠢᠯᠡᠬᠦ ᠤᠬᠠᠭᠠᠨ ᠮᠡᠷᠭᠡᠵᠢᠯ᠂ ᠴᠢᠳᠠᠪᠤᠷᠢᠲᠠᠨ᠂ ᠮᠡᠳᠡᠭᠡ | ᠵᠠᠩᠬᠢ᠂ ᠪᠡᠯᠡ ᠮᠥᠩᠭᠦ ᠵᠡᠷᠭᠡ ᠡᠯᠧᠮᠧᠨ᠋ᠲ ᠤᠨ ᠬᠠᠮᠲᠤᠳᠬᠠᠭᠰᠠᠨ ᠳᠠᠪᠠᠭᠤᠯᠢᠭ ᠢᠶᠠᠨ ᠪᠠᠳᠠᠷᠠᠭᠤᠯᠵᠤ᠂ ᠵᠠᠮ ᠨᠡᠪᠲᠡᠷᠡᠭᠦᠯᠭᠡ᠂ ᠣᠷᠤᠨ ᠪᠠᠶᠢᠷᠢ᠂ ᠣᠷᠴᠢᠨ | ᠲᠣᠭᠤᠷᠢᠨ᠂ ᠥᠪᠡᠷ ᠤᠨ ᠦᠷᠲᠡᠭ ᠤᠨ ᠤᠭᠰᠠᠷᠠᠭ᠎ᠠ ᠴᠣᠬᠢᠯᠲᠠ ᠶᠢ ᠰᠠᠶᠢᠲᠤᠷ ᠬᠢᠵᠤ᠂ ᠰᠦ ᠰᠠᠭᠠᠯᠢ ᠶᠢᠨ ᠦᠢᠯᠡᠰ ᠵᠡᠷᠭᠡ ᠤᠯᠠᠮᠵᠢᠯᠠᠯᠲᠤ ᠠᠵᠤ ᠦᠢᠯᠡᠰ᠂ | ᠲᠤᠮᠤ ᠳ᠋ᠠᠶᠢᠲ᠋ᠠ ᠵᠡᠷᠭᠡ ᠪᠠᠶᠢᠯᠳᠤᠬᠤ ᠪᠣᠳᠤᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠬᠥᠭᠵᠢᠭᠦᠯᠵᠦ᠂ ᠳᠠᠪᠠᠭᠤᠯᠢᠭ ᠢᠶᠠᠨ ᠪᠠᠳᠠᠷᠠᠭᠤᠯᠵᠤ | ᠳᠤᠲᠠᠭᠤᠳᠠᠯ ᠢᠶᠠᠨ ᠨᠥᠬᠦᠪᠦᠷᠢᠯᠡᠵᠤ᠂ ᠳᠠᠪᠠᠵᠤ ᠭᠦᠢᠴᠡᠬᠦ ᠶᠢ ᠪᠡᠶᠡᠯᠡᠭᠦᠯᠬᠦ ᠬᠡᠷᠡᠭᠲᠡᠢ᠃ ᠡᠭᠦᠨ ᠤ ᠬᠠᠮᠲᠤ᠂ ᠬᠦᠴᠦᠷᠬᠡᠭ ᠢᠶᠠᠷ ᠪᠠᠭᠤᠷᠠᠢ ᠶᠢ ᠨᠥᠬᠦᠪᠦᠷᠢᠯᠡᠬᠦ᠂ | ᠳᠠᠪᠠᠭᠤᠯᠢᠭ ᠢᠶᠠᠷ ᠳᠤᠲᠠᠭᠤᠳᠠᠯ ᠢ ᠨᠥᠬᠦᠪᠦᠷᠢᠯᠡᠬᠦ ᠶᠢ ᠪᠠᠷᠢᠮᠲᠠᠯᠠᠵᠤ᠂ ᠠᠵᠤ ᠦᠢᠯᠡᠳᠪᠦᠷᠢ ᠪᠠᠷ ᠲᠠᠷᠢᠶᠠᠯᠠᠩ ᠢ ᠲᠡᠵᠢᠭᠡᠬᠦ᠂ ᠬᠤᠲᠠ ᠪᠠᠯᠭᠠᠰᠤ ᠪᠠᠷ ᠬᠦᠳᠡᠭᠡ | ᠲᠤᠰᠬᠤᠨ ᠢ ᠳᠠᠭᠠᠭᠤᠯᠬᠤ ᠶᠢ ᠴᠢᠩᠭᠠᠳᠬᠠᠵᠤ᠂ ᠪᠣᠬᠢᠷᠳᠤᠯ ᠦᠭᠡᠢ ᠠᠮᠢ ᠠᠬᠤᠢ᠂ ᠬᠤᠲᠠ ᠬᠦᠳᠡᠭᠡ ᠶᠢ ᠨᠢᠭᠡ ᠴᠣᠭᠴᠠᠵᠢᠭᠤᠯᠬᠤ᠂ ᠣᠯᠠᠨ ᠨᠡᠶᠢᠲᠡ ᠶᠢᠨ | ᠦᠢᠯᠡᠴᠢᠯᠡᠭᠡ ᠵᠡᠷᠭᠡ ᠪᠠᠭᠤᠷᠠᠢ ᠭᠤᠭᠴᠤᠭ᠎ᠠ ᠳᠡᠭᠡᠷ᠎ᠡ ᠲᠠᠰᠤᠷᠠᠯᠲᠠ ᠦᠭᠡᠢ ᠰᠢᠪᠲᠤᠯᠤᠯᠲᠠ ᠲᠠᠢ ᠪᠣᠯᠵᠤ᠂ ᠨᠡᠩ ᠲᠡᠩᠴᠡᠭᠦᠷᠢᠲᠠᠢ᠂ ᠨᠡᠩ ᠭᠦᠢᠴᠡᠳ | ᠬᠥᠭᠵᠢᠯᠲᠡ ᠶᠢ ᠪᠡᠶᠡᠯᠡᠭᠦᠯᠬᠦ ᠪᠠᠷ ᠴᠢᠷᠮᠠᠶᠢᠬᠤ ᠬᠡᠷᠡᠭᠲᠡᠢ᠃ | ᠳᠦᠷᠪᠡ ᠳᠤ᠂ ᠤᠯᠠᠮᠵᠢᠯᠠᠯᠲᠤ ᠬᠦᠳᠡᠯᠭᠡᠭᠴᠢ ᠡᠨᠧᠷᠭᠢ ᠶᠢ ᠬᠥᠭᠵᠢᠭᠡᠬᠦ ᠬᠢᠭᠡᠳ ᠰᠢᠨ᠎ᠡ ᠬᠦᠳᠡᠯᠭᠡᠭᠴᠢ ᠡᠨᠧᠷᠭᠢ ᠶᠢ ᠪᠣᠶᠢᠵᠢᠭᠤᠯᠬᠤ ᠬᠠᠷᠢᠴᠠᠭ᠎ᠠ ᠶᠢ | ᠰᠠᠶᠢᠲᠤᠷ ᠠᠳᠬᠤᠬᠤ ᠬᠡᠷᠡᠭᠲᠡᠢ᠃ ᠪᠢᠳᠡ ᠬᠠᠩᠭᠠᠯᠭ᠎ᠠ ᠶᠢᠨ ᠲᠠᠯ᠎ᠠ ᠶᠢᠨ ᠪᠥᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠣᠯ ᠪᠤᠯᠭᠠᠵᠤ᠂《 ᠪᠠᠬᠢᠵᠢᠭᠦᠯᠬᠦ | ᠂ ᠴᠢᠩᠭᠠᠳᠬᠠᠬᠤ᠂ ᠰᠠᠶᠢᠵᠢᠷᠠᠭᠤᠯᠬᠤ᠂ ᠨᠡᠪᠲᠡᠷᠡᠭᠦᠯᠬᠦ》 ᠳᠡᠭᠡᠷ᠎ᠡ ᠬᠦᠴᠦ ᠣᠷᠤᠭᠤᠯᠵᠤ᠂ ᠡᠨᠧᠷᠭᠢ᠂ ᠪᠡᠯᠡ ᠣᠷᠤᠭᠤᠯᠤᠯᠲᠠ᠂ ᠬᠡᠷᠡᠭᠯᠡᠭᠡ ᠵᠡᠷᠭᠡ | ᠤᠯᠠᠮᠵᠢᠯᠠᠯᠲᠤ ᠬᠦᠳᠡᠯᠭᠡᠭᠴᠢ ᠡᠨᠧᠷᠭᠢ ᠶᠢᠨ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠬᠥᠭᠵᠢᠭᠡᠵᠦ᠂ ᠬᠥᠭᠵᠢᠯᠲᠡ ᠶᠢᠨ ᠰᠢᠨ᠎ᠡ ᠳᠠᠪᠠᠭᠤᠯᠢᠭ ᠢ | ᠴᠢᠷᠮᠠᠶᠢᠨ ᠳᠠᠬᠢᠨ ᠪᠥᠲᠦᠭᠡᠨ᠎ᠡ᠃ ᠡᠭᠦᠨ ᠤ ᠬᠠᠮᠲᠤ᠂ ᠰᠢᠨ᠎ᠡ ᠶᠢ ᠡᠭᠦᠳᠬᠦ ᠪᠠᠷ ᠬᠦᠳᠡᠯᠭᠡᠭᠴᠢ ᠬᠦᠴᠦ ᠪᠤᠯᠭᠠᠬᠤ᠂ ᠥᠭᠡᠷᠡᠴᠢᠯᠡᠯᠲᠡ ᠶᠢ ᠠᠬᠢᠭᠤᠯᠬᠤ᠂ | ᠴᠢᠯᠦᠭᠡᠲᠠᠢ ᠶᠠᠪᠤᠯᠴᠠᠬᠤ ᠪᠠᠷ ᠳᠠᠶᠢᠴᠢᠯᠠᠬᠤ᠂ ᠴᠢᠳᠠᠪᠤᠷᠢᠲᠠᠨ ᠢ ᠬᠥᠭᠵᠢᠭᠡᠬᠦ ᠶᠢ ᠪᠠᠷᠢᠮᠲᠠᠯᠠᠵᠤ᠂ ᠪᠥᠬᠦ ᠡᠯᠧᠮᠧᠨ᠋ᠲ ᠤᠨ ᠦᠢᠯᠡᠳᠪᠦᠷᠢᠯᠡᠯ ᠤᠨ ᠨᠤᠷᠮ᠎ᠠ ᠶᠢ | ᠬᠦᠴᠦᠯᠡᠨ ᠳᠡᠭᠡᠭᠰᠢᠯᠡᠭᠦᠯᠵᠦ᠂ ᠰᠢᠨ᠎ᠡ ᠬᠦᠳᠡᠯᠭᠡᠭᠴᠢ ᠡᠨᠧᠷᠭᠢ ᠪᠠᠷ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠤᠨ ᠬᠤᠪᠢᠷᠠᠯᠲᠠ᠂ ᠦᠷ᠎ᠡ ᠠᠰᠢᠭ ᠤᠨ | ᠬᠤᠪᠢᠷᠠᠯᠲᠠ᠂ ᠬᠦᠳᠡᠯᠭᠡᠭᠴᠢ ᠬᠦᠴᠦᠨ ᠤ ᠬᠤᠪᠢᠷᠠᠯᠲᠠ ᠶᠢ ᠠᠬᠢᠭᠤᠯᠬᠤ ᠬᠡᠷᠡᠭᠲᠡᠢ᠃ | ᠲᠠᠪᠤ ᠳᠤ᠂ ᠵᠠᠬ᠎ᠠ ᠳᠡᠯᠭᠡᠭᠦᠷ ᠤᠨ ᠦᠢᠯᠡᠳᠦᠯ ᠢ ᠰᠠᠶᠢᠲᠤᠷ ᠪᠠᠳᠠᠷᠠᠭᠤᠯᠬᠤ ᠬᠢᠭᠡᠳ ᠪᠡᠶᠡᠴᠢ ᠴᠢᠳᠠᠮᠠᠭᠠᠢ ᠴᠢᠨᠠᠷ ᠢ ᠳᠡᠭᠡᠭᠰᠢᠯᠡᠭᠦᠯᠬᠦ ᠶᠢᠨ ᠬᠠᠷᠢᠴᠠᠭ᠎ᠠ ᠶᠢ | ᠰᠠᠶᠢᠲᠤᠷ ᠠᠳᠬᠤᠬᠤ ᠬᠡᠷᠡᠭᠲᠡᠢ᠃ ᠪᠢᠳᠡ ᠵᠠᠬ᠎ᠠ ᠳᠡᠯᠭᠡᠭᠦᠷ ᠤᠨ ᠦᠵᠡᠯ ᠤᠬᠠᠮᠰᠠᠷ ᠢ ᠪᠠᠲᠤ ᠪᠠᠬᠢ ᠪᠤᠯᠭᠠᠵᠤ᠂ ᠵᠠᠬ᠎ᠠ ᠳᠡᠯᠭᠡᠭᠦᠷ ᠤᠨ ᠵᠢᠮ᠎ᠡ ᠶᠣᠰᠤ ᠶᠢ | ᠵᠢᠷᠤᠮᠯᠠᠵᠤ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ ᠠᠷᠭ᠎ᠠ ᠪᠠᠷᠢᠯ ᠢᠶᠠᠷ᠂ ᠡᠬᠢ ᠪᠠᠶᠠᠯᠢᠭ ᠤᠨ ᠡᠯᠧᠮᠧᠨ᠋ᠲ ᠢ ᠲᠣᠬᠢᠷᠠᠭᠤᠯᠵᠤ᠂ ᠥᠨᠳᠦᠷ ᠴᠢᠨᠰᠠᠭ᠎ᠠ | ᠲᠠᠢ ᠬᠥᠭᠵᠢᠯᠲᠡ ᠶᠢᠨ ᠬᠢᠷᠢ ᠲᠥᠪᠰᠢᠨ ᠢᠶᠠᠨ ᠳᠡᠭᠡᠭᠰᠢᠯᠡᠭᠦᠯᠦᠨ᠎ᠡ᠃ ᠡᠭᠦᠨ ᠤ ᠬᠠᠮᠲᠤ᠂ ᠨᠡᠩ ᠢᠯᠠᠩᠭᠤᠶ᠎ᠠ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠬᠤ᠂ | ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠬᠤ ᠳᠡᠭᠡᠷ᠎ᠡ ᠬᠦᠴᠦ ᠲᠠᠯᠪᠢᠵᠤ᠂ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠪᠠᠷ ᠭᠤᠣᠯᠳᠠᠯᠭ᠎ᠠ | ᠪᠤᠯᠭᠠᠵᠤ᠂ ᠤᠳᠤᠷᠢᠳᠤᠯᠭ᠎ᠠ ᠪᠠᠷ ᠲᠣᠯᠤᠭᠠᠶᠢᠯᠠᠭᠤᠯᠵᠤ᠂ ᠺᠠᠳ᠋ᠷ ᠭᠠᠪᠰᠢᠭᠠᠶᠢᠯᠠᠬᠤ ᠶᠢ ᠪᠠᠷᠢᠮᠲᠠᠯᠠᠵᠤ᠂ ᠪᠥᠬᠦ ᠬᠤᠲᠠ ᠶᠢᠨ ᠬᠦᠴᠦᠨ ᠴᠢᠳᠠᠯ ᠢ ᠳᠠᠶᠢᠴᠢᠯᠠᠵᠤ᠂ | ᠰᠢᠨ᠎ᠡ ᠳᠦᠷᠢ ᠳᠦᠷᠬᠦ ᠶᠢ ᠪᠤᠢ ᠪᠤᠯᠭᠠᠵᠤ᠂ ᠰᠢᠨ᠎ᠡ ᠦᠢᠯᠡ ᠶᠢ ᠪᠥᠲᠦᠭᠡᠵᠤ᠂ ᠰᠠᠶᠢᠨ ᠰᠠᠶᠢᠬᠠᠨ ᠭᠡᠷ ᠣᠷᠤᠨ ᠢᠶᠠᠨ ᠪᠥᠲᠦᠭᠡᠨ ᠪᠠᠶᠢᠭᠤᠯᠬᠤ ᠠᠤᠭ᠎ᠠ | ᠬᠦᠴᠦᠨ ᠢ ᠦᠨᠡᠨᠬᠦ ᠨᠢᠭᠲᠠᠷᠠᠭᠤᠯᠬᠤ ᠬᠡᠷᠡᠭᠲᠡᠢ᠃ | ᠡᠨᠡ ᠵᠢᠯ ᠳᠣᠣᠷᠠᠬᠢ ᠬᠡᠳᠤᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠢ᠄ | ︵ᠨᠢᠭᠡ︶ ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠨ᠎ᠡ | ᠬᠦᠨᠳᠦ ᠶᠡᠭᠡ ᠲᠥᠭᠰᠢᠭᠦᠷᠢ ᠶᠢ ᠰᠡᠷᠭᠡᠶᠢᠯᠡᠨ ᠠᠷᠢᠯᠭᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠨ᠎ᠡ᠃ ᠤᠯᠤᠰ ᠤᠨ ᠥᠮᠴᠢᠯᠡᠯᠲᠤ ᠡᠳ᠋ | ᠬᠥᠷᠦᠩᠭᠡ ᠶᠢ ᠡᠵᠡᠩᠨᠡᠬᠦ᠂ ᠲᠥᠰᠦᠪ ᠤᠨ ᠲᠣᠬᠢᠷᠠᠭᠤᠯᠤᠯᠲᠠ᠂ ᠭᠠᠵᠠᠷ ᠰᠢᠷᠤᠢ ᠶᠢ ᠰᠢᠯᠵᠢᠭᠦᠯᠦᠨ ᠬᠤᠳᠠᠯᠳᠤᠵᠤ ᠠᠰᠢᠭ ᠬᠤᠨᠵᠢᠪᠤᠷᠢ ᠣᠯᠬᠤ ᠵᠡᠷᠭᠡ ᠠᠷᠭ᠎ᠠ | ᠠᠪᠴᠠᠯ ᠢ ᠠᠪᠴᠤ᠂ ᠵᠢᠯ ᠤᠨ ᠳᠣᠲᠤᠷ᠎ᠠ157.47 ᠳ᠋ᠦᠩᠰᠢᠭᠤᠷ ᠲᠥᠭᠦᠷᠢᠭ ᠤᠨ ᠳᠠᠯᠳᠠ ᠥᠷᠢ ᠥᠭᠴᠡᠭᠡ ᠶᠢ ᠠᠷᠢᠯᠭᠠᠨ᠎ᠠ᠃ ᠵᠠᠰᠠᠭ ᠤᠨ ᠣᠷᠳᠤᠨ ᠠᠴᠠ | ᠪᠡᠯᠡ ᠣᠷᠤᠭᠤᠯᠤᠭᠰᠠᠨ ᠲᠥᠷᠦᠯ ᠵᠦᠢᠯ ᠤᠨ ᠬᠠᠮᠢᠶᠠᠷᠤᠯᠲᠠ ᠶᠢ ᠴᠢᠩᠭᠠᠳᠬᠠᠵᠤ᠂ ᠵᠠᠰᠠᠭ ᠤᠨ ᠣᠷᠳᠤᠨ ᠪᠡᠯᠡ ᠲᠣᠬᠢᠷᠠᠭᠤᠯᠵᠤ ᠵᠢᠭᠡᠯᠡᠯᠭᠡ ᠵᠢᠭᠡᠯᠡᠬᠦ | ᠠᠵᠢᠯᠯᠠᠭ᠎ᠠ ᠶᠢ ᠳᠦᠷᠢᠮᠵᠢᠭᠦᠯᠵᠦ᠂ ᠥᠷᠢ ᠥᠭᠴᠡᠭᠡ ᠶᠢ ᠡᠬᠢ ᠡᠭᠦᠰᠦᠯ ᠠᠴᠠ ᠨᠢ ᠬᠠᠮᠢᠶᠠᠷᠴᠤ ᠡᠵᠡᠮᠳᠡᠨ᠎ᠡ᠃ ᠥᠷᠢ ᠥᠭᠴᠡᠭᠡ ᠶᠢᠨ ᠪᠥᠲᠦᠴᠡ ᠶᠢ | ᠰᠢᠯᠢᠳᠡᠭᠵᠢᠭᠦᠯᠵᠦ᠂ ᠨᠡᠶᠢᠭᠡᠮ ᠤᠨ ᠡᠳ᠋ ᠬᠥᠷᠦᠩᠭᠡ ᠶᠢᠨ ᠣᠯᠠᠨ ᠨᠡᠶᠢᠲᠡ ᠶᠢᠨ ᠦᠢᠯᠡᠴᠢᠯᠡᠭᠡ᠂ ᠰᠠᠭᠤᠷᠢ ᠪᠡᠯᠡᠳᠬᠡᠮᠵᠢ ᠵᠡᠷᠭᠡ ᠬᠦᠷᠢᠶᠡᠨ ᠤ ᠪᠥᠲᠦᠭᠡᠨ | ᠪᠠᠶᠢᠭᠤᠯᠤᠯᠲᠠ ᠶᠢᠨ ᠠᠵᠢᠯᠯᠠᠭ᠎ᠠ ᠳᠤ ᠣᠷᠤᠯᠴᠠᠬᠤ ᠶᠢ ᠢᠳᠡᠪᠬᠢᠲᠠᠢ ᠵᠢᠯᠤᠭᠤᠳᠤᠨ᠎ᠠ᠃ ᠬᠠᠤᠯᠢ ᠪᠤᠰᠤ ᠪᠠᠷ ᠪᠡᠯᠡ ᠴᠤᠭᠯᠠᠭᠤᠯᠬᠤ᠂ ᠰᠤᠷᠭᠠᠭᠤᠯᠢ ᠶᠢᠨ | ᠬᠦᠷᠢᠶᠡᠨ ᠤ ᠵᠢᠭᠡᠯᠡᠯᠭᠡ ᠵᠡᠷᠭᠡ ᠬᠠᠤᠯᠢ ᠠᠴᠠ ᠵᠦᠷᠢᠴᠡᠭᠰᠡᠨ ᠶᠠᠯᠠᠲᠤ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠬᠦᠨᠳᠦ ᠶᠡᠭᠡ ᠲᠥᠭᠰᠢᠭᠦᠷᠢ ᠶᠢ | ᠪᠥᠲᠦᠮᠵᠢᠲᠠᠢ ᠰᠡᠷᠭᠡᠶᠢᠯᠡᠨ᠎ᠡ᠃ | ᠣᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠨ᠎ᠡ᠃ ᠠᠵᠤ ᠦᠢᠯᠡᠰ ᠢ ᠬᠥᠭᠵᠢᠭᠦᠯᠬᠦ ᠶᠢ | ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠨᠳᠦᠰᠦᠨ ᠪᠣᠳᠤᠯᠭ᠎ᠠ ᠪᠠᠷ ᠦᠵᠡᠵᠤ᠂ ᠣᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠬᠢᠭᠡᠳ ᠬᠦᠳᠡᠭᠡ | ᠲᠤᠰᠬᠤᠨ ᠤ ᠪᠥᠬᠦᠯᠢ ᠴᠤᠭᠴᠠ ᠶᠢᠨ ᠬᠥᠭᠵᠢᠯᠲᠡ ᠶᠢᠨ ᠬᠠᠷᠢᠴᠠᠭ᠎ᠠ ᠶᠢ ᠨᠢᠭᠡᠳᠦᠯᠲᠠᠢ ᠲᠥᠯᠦᠪᠯᠡᠵᠤ᠂ ᠶᠠᠳᠠᠭᠤ ᠬᠦᠴᠢᠷᠳᠡᠯᠲᠠᠢᠣᠯᠠᠨ ᠲᠦᠮᠡᠨ ᠤ ᠳᠣᠲᠤᠭᠠᠳᠤ | ᠬᠦᠳᠡᠯᠭᠡᠬᠦ ᠬᠦᠴᠦ ᠶᠢ ᠨᠢ ᠬᠥᠭᠵᠢᠭᠡᠬᠦ ᠪᠠᠷ ᠭᠤᠣᠯᠳᠠᠴᠠ ᠪᠤᠯᠭᠠᠵᠤ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠬᠢᠭᠡᠳ ᠬᠦᠳᠡᠭᠡ ᠲᠤᠰᠬᠤᠨ ᠢ | ᠬᠥᠭᠵᠢᠭᠦᠯᠦᠨ ᠮᠠᠨᠳᠤᠭᠤᠯᠬᠤ᠂ ᠠᠮᠢ ᠠᠬᠤᠢ ᠶᠢᠨ ᠪᠥᠲᠦᠭᠡᠨ ᠪᠠᠶᠢᠭᠤᠯᠤᠯᠲᠠ᠂ ᠬᠦᠳᠡᠭᠡ ᠲᠤᠰᠬᠤᠨ ᠤ ᠵᠢᠭᠤᠯᠴᠢᠯᠠᠯ᠂ ᠲᠣᠯᠤᠭᠠᠶᠢᠯᠠᠭᠴᠢ ᠠᠵᠤ ᠠᠬᠤᠶᠢᠯᠠᠯ ᠢ | ᠪᠣᠶᠢᠵᠢᠭᠤᠯᠬᠤ᠂ ᠬᠤᠲᠠ ᠶᠢᠨ ᠬᠠᠩᠭᠠᠯᠭ᠎ᠠ ᠬᠡᠷᠡᠭᠴᠡᠭᠡ ᠶᠢ ᠤᠶᠠᠯᠳᠤᠭᠤᠯᠬᠤ ᠶᠢ ᠭᠦᠨᠵᠡᠭᠡᠢ ᠲᠦᠯᠬᠢᠨ ᠠᠬᠢᠭᠤᠯᠵᠤ᠂ ᠶᠠᠳᠠᠭᠤ ᠶᠢ ᠲᠡᠳᠬᠦᠬᠦ ᠠᠵᠤ | ᠦᠢᠯᠡᠰ ᠤᠨ ᠤᠷᠲᠤ ᠬᠤᠭᠤᠴᠠᠭᠠᠨ ᠤ ᠬᠥᠭᠵᠢᠯᠲᠡ᠂ ᠶᠠᠳᠠᠭᠤ ᠬᠦᠴᠢᠷᠳᠡᠯᠲᠠᠢ ᠣᠯᠠᠨ ᠲᠦᠮᠡᠨ ᠤ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠬᠤ ᠶᠢ | ᠪᠡᠶᠡᠯᠡᠭᠦᠯᠦᠨ᠎ᠡ᠃《 ᠵᠢᠷᠭᠤᠭᠠᠨ ᠣᠨᠣᠪᠴᠢᠲᠠᠢ ᠪᠠᠶᠢᠬᠤ》 ᠱᠠᠭᠠᠷᠳᠠᠯᠭ᠎ᠠ ᠶᠣᠰᠤᠭᠠᠷ᠂ ᠰᠤᠷᠭᠠᠨ ᠬᠥᠮᠦᠵᠢᠯ᠂ ᠡᠮ ᠡᠮᠨᠡᠯᠭᠡ ᠵᠡᠷᠭᠡ ᠲᠥᠷᠦ | ᠵᠢᠨᠪᠣᠳᠤᠯᠭ᠎ᠠ ᠶᠢᠨ ᠪᠥᠬᠦᠨ ᠢ ᠪᠠᠲᠤᠯᠠᠬᠤ ᠶᠢ ᠲᠠᠰᠤᠷᠠᠯᠲᠠ ᠦᠭᠡᠢ ᠴᠢᠩᠭᠠᠳᠬᠠᠵᠤ᠂ ᠪᠡᠭᠡᠵᠢᠩ ᠥᠪᠦᠷ ᠮᠣᠩᠭᠤᠯ ᠤᠨ ᠬᠠᠮᠵᠢᠯᠴᠠᠭ᠎ᠠ᠂《 ᠵᠠᠭᠤᠨ ᠠᠵᠤ | ᠠᠬᠤᠶᠢᠯᠠᠯ ᠵᠠᠭᠤᠨ ᠲᠤᠰᠬᠤᠨ ᠲᠠᠢ ᠬᠤᠯᠪᠤᠭᠠᠯᠠᠬᠤ》 ᠵᠡᠷᠭᠡ ᠶᠢᠨ ᠶᠠᠳᠠᠭᠤ ᠶᠢ ᠲᠡᠳᠬᠦᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠵᠢᠯ ᠤᠨ | ᠳᠣᠲᠤᠷ᠎ᠠ260 ᠡᠷᠦᠬᠡ᠂588 ᠬᠥᠮᠦᠨ ᠠᠮᠠ ᠶᠢ ᠲᠤᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠶᠢ ᠪᠡᠶᠡᠯᠡᠭᠦᠯᠦᠨ᠎ᠡ᠃ ᠳᠠᠩᠰᠠᠯᠠᠵᠤ ᠺᠠᠷᠲᠯᠠᠭᠰᠠᠨ | ᠶᠠᠳᠠᠭᠤ ᠬᠦᠴᠢᠷᠳᠡᠯᠲᠠᠢ ᠡᠷᠦᠬᠡ ᠠᠴᠠ ᠠᠷᠠᠢ ᠳᠡᠭᠡᠷ᠎ᠡ ᠰᠢᠭ ᠣᠯᠠᠨ ᠲᠦᠮᠡᠨ ᠳᠤ ᠦᠵᠡᠭᠦᠯᠬᠦ ᠲᠥᠷᠦ ᠶᠢᠨ ᠪᠣᠳᠤᠯᠭ᠎ᠠ ᠶᠢᠨ ᠳᠡᠮᠵᠢᠯᠭᠡ ᠶᠢ ᠨᠡᠮᠡᠭᠳᠡᠭᠦᠯᠵᠦ᠂ | ᠶᠠᠳᠠᠭᠤᠷᠠᠬᠤ ᠠᠶᠤᠯ ᠲᠠᠢ᠂ ᠠᠮᠠᠷᠬᠠᠨ ᠶᠠᠳᠠᠭᠤᠷᠠᠬᠤ ᠣᠯᠠᠨ ᠲᠦᠮᠡᠨ ᠤ ᠣᠷᠤᠯᠭ᠎ᠠ ᠶᠢ ᠨᠡᠮᠡᠭᠳᠡᠭᠦᠯᠦᠨ᠎ᠡ᠃ ᠦᠴᠦᠸᠠᠨ ᠰᠢᠶᠠᠨ᠂ ᠴᠢᠩ ᠱᠦᠢ ᠾᠧ ᠰᠢᠶᠠᠨ ᠤ | ᠥᠨᠳᠦᠷ ᠴᠢᠨᠰᠠᠭ᠎ᠠ ᠲᠠᠢ ᠬᠥᠭᠵᠢᠯᠲᠡ ᠶᠢ ᠳᠡᠮᠵᠢᠬᠦ ᠲᠥᠷᠦ ᠶᠢᠨ ᠪᠣᠳᠤᠯᠭ᠎ᠠ ᠶᠢ ᠨᠡᠶᠢᠲᠡᠯᠡᠵᠤ᠂ ᠶᠠᠳᠠᠭᠤ ᠬᠦᠴᠢᠷᠳᠡᠯᠲᠠᠢ ᠭᠠᠵᠠᠷ ᠣᠷᠤᠨ ᠤ ᠦᠷᠬᠦᠯᠵᠢᠯᠡᠨ | ᠬᠥᠭᠵᠢᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ | ᠪᠣᠬᠢᠷᠳᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠨ᠎ᠡ᠃ ᠲᠥᠪ ᠤᠨ ᠣᠷᠴᠢᠨ ᠲᠣᠭᠤᠷᠢᠨ ᠢ ᠬᠠᠮᠠᠭᠠᠯᠠᠬᠤ | ᠰᠢᠮᠳᠠᠭᠤᠯᠤᠨ ᠪᠠᠶᠢᠴᠠᠭᠠᠯᠲᠠ ᠶᠢᠨ《 ᠡᠷᠭᠢᠵᠤ ᠬᠠᠷᠠᠬᠤ》 ᠳᠤ ᠳᠤᠰᠬᠠᠭᠰᠠᠨ ᠠᠰᠠᠭᠤᠳᠠᠯ ᠢ ᠴᠡᠭᠴᠡᠯᠡᠨ ᠵᠠᠰᠠᠬᠤ ᠶᠢ ᠦᠨᠡᠨᠬᠦ ᠰᠠᠶᠢᠲᠤᠷ ᠪᠡᠶᠡᠯᠡᠭᠦᠯᠵᠦ᠂ | ᠬᠦᠬᠡᠮᠳᠦᠭ ᠲᠡᠭᠷᠢ᠂ ᠨᠣᠮᠢᠨ ᠤᠰᠤ᠂ ᠠᠷᠢᠭᠤᠨ ᠬᠦᠷᠦᠰᠦ ᠶᠢ ᠬᠠᠮᠠᠭᠠᠯᠠᠬᠤ ᠭᠤᠷᠪᠠᠨ ᠶᠡᠭᠡ ᠳᠠᠶᠢᠯᠠᠯᠳᠤᠭᠠᠨ ᠢ ᠰᠠᠶᠢᠲᠤᠷ ᠬᠢᠨ᠎ᠡ᠃ ᠭᠤᠣᠯ ᠬᠤᠲᠠ ᠶᠢᠨ | ᠲᠣᠭᠤᠷᠢᠭ ᠤᠨ《 ᠨᠡᠭᠦᠷᠡᠰᠦ ᠦᠭᠡᠢ ᠪᠤᠯᠭᠠᠬᠤ》 ᠶᠢ ᠦᠷᠬᠦᠯᠵᠢᠯᠡᠨ ᠠᠬᠢᠭᠤᠯᠵᠤ᠂ ᠣᠳᠣᠬᠠᠨ ᠤ ᠪᠠᠶᠢᠭ᠎ᠠ ᠢᠯᠴᠢ ᠴᠠᠬᠢᠯᠭᠠᠨ ᠤ ᠢᠯᠴᠢ ᠬᠠᠩᠭᠠᠬᠤ | ᠴᠢᠳᠠᠪᠤᠷᠢ ᠶᠢ ᠠᠭᠤᠳᠠᠯᠠᠵᠤ᠂ ᠲᠤᠭᠲᠠᠬᠤ ᠰᠢᠶᠠᠨ ᠤ ᠴᠠᠬᠢᠯᠭᠠᠨ ᠦᠢᠯᠡᠳᠪᠦᠷᠢ ᠵᠢᠨᠤᠷᠲᠤ ᠳᠠᠮᠵᠢᠭᠤᠯᠬᠤ ᠬᠤᠭᠤᠯᠠᠢ ᠶᠢᠨ ᠢᠯᠴᠢ ᠡᠭᠦᠰᠬᠡᠭᠴᠢ ᠶᠢᠨ | ᠬᠦᠬᠡᠬᠤᠲᠠ ᠳᠤ ᠣᠷᠤᠬᠤ ᠨᠣᠲᠠᠯᠠᠯᠲᠠ ᠶᠢ ᠲᠦᠷᠭᠡᠳᠬᠡᠨ᠎ᠡ᠃ ᠪᠣᠬᠢᠷᠳᠤᠯ ᠢ ᠭᠠᠳᠠᠭᠰᠢᠯᠠᠭᠤᠯᠬᠤ ᠪᠠᠷᠢᠮᠵᠢᠶ᠎ᠠ ᠳᠤ ᠨᠡᠶᠢᠴᠡᠬᠦ ᠦᠭᠡᠢ ᠠᠵᠤ ᠠᠬᠤᠶᠢᠯᠠᠯ ᠢ ᠴᠢᠩᠭ᠎ᠠ | ᠵᠠᠰᠠᠵᠤ᠂ 35 ᠠᠭᠤᠷᠰᠢᠯᠲᠠ ᠳᠦ᠋ᠨ ᠵᠢᠴᠢ ᠲᠡᠭᠦᠨ ᠠᠴᠠ ᠪᠠᠭ᠎ᠠ 26 ᠨᠡᠭᠦᠷᠡᠰᠦ ᠰᠢᠲᠠᠭᠠᠬᠤ ᠵᠣᠤᠬ᠎ᠠ ᠶᠢ ᠰᠢᠭᠰᠢᠵᠦ᠂ ᠪᠣᠬᠢᠷᠳᠤᠯ ᠶᠡᠬᠡᠲᠠᠢ ᠲᠦᠯᠡᠰᠢ | ᠲᠦᠯᠡᠬᠦ ᠶᠢ ᠴᠠᠭᠠᠵᠠᠯᠠᠵᠤ ᠴᠡᠪᠡᠷ ᠲᠦᠯᠡᠰᠢ ᠪᠠᠷ ᠣᠷᠤᠯᠠᠬᠤ ᠶᠢ ᠪᠥᠬᠦᠨ ᠢ ᠪᠡᠶᠡᠯᠡᠭᠦᠯᠵᠦ᠂ ᠲᠣᠭᠤᠰᠤ ᠳᠡᠭᠳᠡᠬᠦ ᠶᠢ ᠬᠠᠮᠢᠶᠠᠷᠴᠤ ᠡᠵᠡᠮᠳᠡᠬᠦ ᠪᠠᠨ ᠴᠢᠩᠭᠠᠳᠬᠠᠵᠤ᠂ | ᠪᠥᠬᠦ ᠵᠢᠯ ᠤᠨ ᠴᠡᠪᠡᠷ ᠠᠭᠠᠷ ᠤᠨ ᠡᠳᠦᠷ ᠤᠨ ᠲᠤᠭᠠᠨ ᠤ ᠬᠠᠷᠢᠴᠠᠯ ᠢ 82.2% ᠲᠤ ᠬᠦᠷᠭᠡᠨ᠎ᠡ᠃ ᠶᠡᠭᠡ ᠲᠦᠷᠭᠡᠨ ᠭᠤᠣᠯ᠂ ᠾᠦᠨ ᠾᠧ ᠭᠤᠣᠯ ᠤᠨ | ᠰᠠᠪᠠ ᠭᠠᠵᠠᠷ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠭᠦᠨᠵᠡᠭᠡᠢ ᠥᠷᠨᠢᠭᠦᠯᠦᠨ᠎ᠡ᠃ ᠪᠠᠨᠳᠢ ᠠᠶᠢᠯ ᠤᠨ ᠪᠣᠬᠢᠷ ᠤᠰᠤ ᠶᠢ ᠴᠡᠪᠡᠷᠰᠢᠭᠦᠯᠬᠦ ᠦᠢᠯᠡᠳᠪᠦᠷᠢ ᠶᠢᠨ | ᠭᠤᠷᠪᠠᠳᠤᠭᠠᠷ ᠬᠤᠭᠤᠴᠠᠭ᠎ᠠ ᠶᠢᠨ12 ᠲᠦᠮᠡᠨ ᠳᠣᠨ ᠪᠣᠬᠢᠷ ᠤᠰᠤ ᠶᠢ ᠴᠡᠪᠡᠷᠰᠢᠭᠦᠯᠬᠦ ᠢᠨᠵᠧᠨᠧᠷᠢᠩ ᠢ ᠡᠬᠢᠯᠡᠭᠦᠯᠵᠦ᠂ ᠨᠢᠭᠡ ᠰᠠᠭᠤᠷᠢ ᠪᠤᠵᠠᠷ ᠰᠢᠪᠠᠷ ᠢ | ᠰᠢᠢᠳᠪᠦᠷᠢᠯᠡᠬᠦ ᠦᠢᠯᠡᠳᠪᠦᠷᠢ ᠶᠢ ᠰᠢᠨ᠎ᠡ ᠪᠠᠷ ᠪᠠᠶᠢᠭᠤᠯᠵᠤ᠂ ᠪᠣᠬᠢᠷ ᠦᠮᠡᠬᠡᠢ ᠤᠰᠤᠨ ᠴᠤᠭᠴᠠ ᠶᠢ ᠴᠡᠭᠴᠡᠯᠡᠨ ᠵᠠᠰᠠᠬᠤ ᠦᠷ᠎ᠡ ᠪᠥᠲᠦᠮᠵᠢ ᠶᠢ ᠪᠠᠬᠢᠵᠢᠭᠦᠯᠦᠨ | ᠰᠠᠶᠢᠵᠢᠷᠠᠭᠤᠯᠤᠨ᠎ᠠ᠃ ᠴᠢᠨᠠᠷ ᠢᠶᠠᠷ ᠬᠤᠪᠢᠶᠠᠨ ᠲᠥᠷᠦᠯ ᠢᠶᠠᠷ ᠬᠤᠪᠢᠶᠠᠵᠤ ᠤᠰᠤ ᠬᠠᠩᠭᠠᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠲᠣᠭᠲᠠᠬᠤ ᠴᠢᠩ | ᠱᠦᠢ ᠾᠧ ᠦᠨᠬᠦ᠋ᠷᠢᠶᠡᠯᠡᠩ ᠲᠣᠭᠤᠷᠢᠭ ᠤᠨ ᠡᠭᠦᠰᠦᠮᠡᠯ ᠤᠰᠤ ᠶᠢᠨ ᠤᠷᠲᠤ ᠳᠠᠮᠵᠢᠭᠤᠯᠬᠤ ᠬᠤᠭᠤᠯᠠᠢ ᠶᠢᠨ ᠢᠨᠵᠧᠨᠧᠷᠢᠩ ᠢ ᠡᠬᠢᠯᠡᠭᠦᠯᠵᠦ᠂ ᠤᠰᠤ ᠶᠡᠭᠡ | ᠵᠠᠷᠤᠴᠠᠭᠤᠯᠬᠤ ᠠᠵᠤ ᠠᠬᠤᠶᠢᠯᠠᠯ ᠤᠨ ᠡᠭᠦᠰᠦᠮᠡᠯ ᠤᠰᠤ ᠶᠢ ᠬᠡᠷᠡᠭᠯᠡᠬᠦ ᠶᠢ ᠠᠬᠢᠭᠤᠯᠵᠤ᠂ ᠴᠡᠪᠡᠷᠰᠢᠭᠦᠯᠦᠭᠰᠡᠨ ᠤᠰᠤ ᠶᠢ ᠡᠭᠡᠭᠦᠯᠦᠨ ᠬᠡᠷᠡᠭᠯᠡᠬᠦ | ᠨᠤᠷᠮ᠎ᠠ ᠶᠢ50% ᠳᠤ ᠬᠦᠷᠭᠡᠨ᠎ᠡ᠃ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠮᠠᠯᠲᠠᠵᠤ ᠬᠡᠷᠡᠭᠯᠡᠭᠰᠡᠨ ᠣᠷᠤᠨ ᠢ ᠶᠡᠷᠦᠩᠬᠡᠶᠢᠯᠡᠨ ᠵᠠᠰᠠᠬᠤ ᠶᠢ ᠲᠦᠷᠭᠡᠳᠬᠡᠵᠤ | ᠂ ᠬᠠᠮᠢᠶᠠᠷᠤᠯᠲᠠ ᠶᠢᠨ ᠲᠣᠣᠷ ᠤᠨ ᠬᠡᠪᠴᠢᠶᠠᠨ ᠳᠠᠬᠢ ᠥᠪᠡᠷᠲᠡᠭᠡᠨ ᠮᠠᠯᠲᠠᠭᠰᠠᠨ74 ᠬᠤᠳᠳᠤᠭ ᠢ ᠪᠢᠲᠡᠭᠦᠮᠵᠢᠯᠡᠨ᠎ᠡ᠃《 ᠬᠡᠨ ᠪᠣᠬᠢᠷᠳᠤᠭᠤᠯᠪᠠᠯ ᠬᠡᠨ | ᠵᠠᠰᠠᠬᠤ》 ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠪᠣᠬᠢᠷᠳᠤᠭᠰᠠᠨ ᠭᠠᠵᠠᠷ ᠢ ᠰᠡᠷᠭᠦᠭᠡᠨ ᠵᠠᠰᠠᠬᠤ ᠶᠢ ᠥᠷᠨᠢᠭᠦᠯᠵᠦ᠂ ᠳᠠᠯᠠᠨ | ᠬᠠᠷ᠎ᠠ ᠶᠢᠨ ᠠᠮᠢ ᠠᠬᠤᠢ ᠶᠢ ᠰᠡᠷᠭᠦᠭᠡᠬᠦ ᠵᠠᠰᠠᠯᠲᠠ ᠶᠢᠨ ᠡᠷᠴᠢᠮ ᠢ ᠴᠢᠩᠭᠠᠷᠠᠭᠤᠯᠤᠨ᠎ᠠ᠃ | ︵ᠬᠤᠶᠠᠷ︶ ᠬᠦᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠤᠯᠭ᠎ᠠ ᠶᠢ ᠭᠦᠨᠵᠡᠭᠡᠶᠢᠷᠡᠭᠦᠯᠦᠨ ᠬᠡᠷᠡᠭᠵᠢᠭᠦᠯᠦᠨ᠎ᠡ | ᠠᠵᠤ ᠦᠢᠯᠡᠰ ᠢᠶᠠᠷ ᠬᠦᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠤᠨ᠎ᠠ᠃ ᠠᠵᠤ ᠦᠢᠯᠡᠰᠵᠢᠭᠰᠡᠨ | ᠲᠣᠯᠤᠭᠠᠶᠢᠯᠠᠭᠴᠢ ᠠᠵᠤ ᠦᠢᠯᠡᠰ ᠢᠶᠠᠷ ᠳᠠᠭᠠᠭᠤᠯᠤᠭᠴᠢ ᠪᠤᠯᠭᠠᠵᠤ᠂ ᠲᠠᠷᠢᠵᠤ ᠲᠡᠵᠢᠭᠡᠬᠦ ᠦᠢᠯᠡᠰ ᠤᠨ ᠪᠥᠲᠦᠴᠡ ᠶᠢᠨ ᠲᠣᠬᠢᠷᠠᠭᠤᠯᠤᠯᠲᠠ ᠶᠢ ᠲᠦᠷᠭᠡᠳᠬᠡᠨ᠎ᠡ᠃ | ᠰᠦ ᠰᠠᠭᠠᠯᠢ ᠶᠢᠨ ᠦᠢᠯᠡᠰ ᠤᠨ ᠬᠥᠭᠵᠢᠯᠲᠡ ᠳᠤ ᠲᠦᠰᠢᠭᠯᠡᠵᠦ᠂ 5 ᠲᠦᠮᠡᠨ ᠰᠠᠭᠠᠯᠢ ᠶᠢᠨ ᠦᠨᠢᠶ᠎ᠡ ᠶᠢ ᠨᠡᠮᠡᠵᠤ᠂ ᠰᠢᠯᠢᠳᠡᠭ ᠪᠡᠯᠴᠢᠭᠡᠷ ᠤᠨ | ᠲᠠᠯᠠᠪᠠᠢ ᠶᠢ10 ᠲᠦᠮᠡᠨ ᠮᠦ ᠳᠤ ᠬᠦᠷᠭᠡᠨ᠎ᠡ᠃ ᠢᠳᠡᠰᠢᠨ ᠡᠯᠵᠢᠭᠡ᠂ ᠢᠳᠡᠰᠢᠨ ᠬᠤᠨᠢ᠂ ᠪᠡᠯᠴᠢᠭᠡᠷ ᠡᠪᠡᠰᠦ᠂ ᠡᠷᠳᠡᠨᠢ ᠱᠢᠰᠢ᠂ ᠡᠯᠳᠡᠪ ᠠᠮᠤ᠂ ᠡᠮ ᠤᠨ | ᠮᠠᠲ᠋ᠧᠷᠢᠶᠠᠯ ᠵᠡᠷᠭᠡ ᠲᠠᠷᠢᠶᠠᠯᠠᠩ ᠤᠨ ᠪᠥᠲᠦᠭᠡᠭᠳᠡᠬᠦᠨᠮᠠᠯ ᠤᠨ ᠠᠰᠢᠭ ᠰᠢᠮ᠎ᠡ ᠶᠢ ᠨᠠᠷᠢᠯᠢᠭᠵᠢᠭᠤᠯᠤᠨ ᠪᠣᠯᠪᠠᠰᠤᠷᠠᠭᠤᠯᠬᠤ ᠦᠢᠯᠡᠰ ᠶᠢ ᠶᠡᠭᠡ ᠪᠠᠷ | ᠬᠥᠭᠵᠢᠭᠦᠯᠵᠦ᠂ ᠲᠤᠬᠠᠢ ᠶᠢᠨ ᠭᠠᠵᠠᠷ ᠲᠤ ᠨᠢ ᠤᠯᠠᠷᠢᠭᠤᠯᠤᠨ ᠦᠷᠲᠡᠭ ᠨᠡᠮᠡᠭᠳᠡᠭᠦᠯᠬᠦ ᠶᠢ ᠪᠡᠶᠡᠯᠡᠭᠦᠯᠦᠨ᠎ᠡ᠃ ᠲᠠᠷᠢᠶᠠᠴᠢᠨ ᠪᠠ ᠠᠵᠤ ᠠᠬᠤᠶᠢᠯᠠᠯ ᠤᠨ ᠠᠰᠢᠭ | ᠲᠤᠰᠠ ᠶᠢ ᠬᠤᠯᠪᠤᠬᠤ᠂ ᠠᠵᠤ ᠠᠬᠤᠶᠢᠯᠠᠯ ᠬᠢᠭᠡᠳᠲ᠋ᠠᠷᠢᠵᠤ ᠲᠡᠵᠢᠭᠡᠬᠦ ᠰᠠᠭᠤᠷᠢᠨ ᠭᠠᠵᠠᠷ ᠬᠤᠯᠪᠤᠭᠠᠯᠠᠬᠤ ᠲᠣᠭᠲᠠᠴᠠ ᠶᠢ ᠲᠠᠰᠤᠷᠠᠯᠲᠠ ᠦᠭᠡᠢ | ᠲᠡᠭᠦᠯᠳᠡᠷᠵᠢᠭᠦᠯᠵᠦ᠂ ᠡᠬᠡ ᠮᠥᠩᠭᠦ ᠶᠢ ᠨᠢ ᠪᠠᠲᠤᠯᠠᠵᠤ ᠠᠰᠢᠭ ᠬᠤᠪᠢᠶᠠᠬᠤ᠂ ᠬᠤᠪᠢ ᠣᠷᠤᠵᠤ ᠬᠤᠷᠰᠢᠬᠤ᠂ ᠠᠰᠢᠭ ᠬᠤᠨᠵᠢᠪᠤᠷᠢ ᠶᠢ ᠨᠢ ᠪᠤᠴᠠᠭᠠᠬᠤ ᠵᠡᠷᠭᠡ | ᠬᠡᠯᠪᠡᠷᠢ ᠪᠠᠷ᠂85 % ᠶᠢᠨ ᠮᠠᠯᠴᠢᠨ ᠲᠠᠷᠢᠶᠠᠴᠢᠨ ᠢ ᠪᠥᠬᠦ ᠠᠵᠤ ᠦᠢᠯᠡᠰ ᠤᠨ ᠬᠡᠯᠬᠢᠶ᠎ᠡ ᠳᠤ ᠣᠷᠤᠭᠤᠯᠵᠤ ᠨᠡᠮᠡᠭᠳᠡᠯ ᠠᠰᠢᠭ ᠣᠷᠤᠯᠭ᠎ᠠ ᠶᠢ | ᠬᠤᠪᠢᠶᠠᠯᠴᠠᠭᠤᠯᠤᠨᠠ᠃ ᠣᠳᠣ ᠦᠶ᠎ᠡ ᠶᠢᠨ ᠬᠤᠲᠠ ᠶᠢᠨ ᠲᠠᠷᠢᠶᠠᠯᠠᠩ ᠢ ᠢᠳᠡᠪᠬᠢᠲᠠᠢ ᠬᠥᠭᠵᠢᠭᠦᠯᠵᠦ᠂ ᠰᠡᠯᠡᠭᠦᠴᠡᠯ ᠲᠠᠷᠢᠶᠠᠯᠠᠩ ᠪᠣᠯᠤᠨ ᠬᠦᠳᠡᠭᠡ | ᠲᠤᠰᠬᠤᠨ ᠤ ᠵᠢᠭᠤᠯᠴᠢᠯᠠᠯ ᠤᠨ ᠰᠣᠳᠤᠨ ᠢᠨᠵᠧᠨᠧᠷᠢᠩ ᠢ ᠬᠡᠷᠡᠭᠵᠢᠭᠦᠯᠵᠦ᠂ ᠨᠢᠭᠡ ᠪᠥᠯᠦᠭ ᠴᠢᠨᠠᠷ ᠰᠠᠶᠢᠲᠠᠢ᠂ ᠲᠤᠰᠬᠠᠢ ᠰᠡᠳᠦᠪᠲᠦ ᠵᠢᠭᠤᠯᠴᠢᠯᠠᠯ ᠤᠨ | ᠰᠣᠳᠤᠨ ᠵᠢᠱᠢᠶ᠎ᠡ ᠦᠵᠡᠭᠦᠯᠬᠦ ᠴᠡᠭ ᠪᠣᠯᠤᠨ ᠬᠦᠳᠡᠭᠡ ᠬᠡᠭᠡᠷ᠎ᠡ ᠶᠢᠨ ᠶᠡᠷᠦᠩᠬᠡᠶᠢᠯᠡᠭᠰᠡᠨ ᠴᠣᠭᠴᠠ ᠶᠢ ᠪᠠᠶᠢᠭᠤᠯᠵᠤ᠂ ᠨᠢᠭᠡᠳᠦᠭᠡᠷ ᠬᠤᠶᠠᠳᠤᠭᠠᠷ ᠭᠤᠷᠪᠠᠳᠤᠭᠠᠷ | ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠦᠨ᠎ᠡ᠃《 ᠬᠤᠯᠢᠰᠢᠨ ᠢᠳᠡᠭᠡᠨ ᠤ ᠢᠨᠵᠧᠨᠧᠷᠢᠩ》 ᠢ ᠶᠡᠬᠡᠪᠡᠷ ᠲᠦᠯᠬᠢᠨ ᠠᠬᠢᠭᠤᠯᠵᠤ᠂ ᠨᠣᠭᠤᠭᠠᠨ ᠤ | ᠦᠨ᠎ᠡ ᠶᠢ ᠪᠥᠲᠦᠮᠵᠢᠲᠠᠢ ᠪᠠᠭᠤᠷᠠᠭᠤᠯᠵᠤ᠂ ᠲᠤᠰ ᠭᠠᠵᠠᠷ ᠤᠨ ᠢᠳᠡᠰᠢᠨ ᠨᠣᠭᠤᠭᠠᠨ ᠤ ᠥᠪᠡᠷ ᠢ ᠪᠠᠨ ᠬᠠᠩᠭᠠᠬᠤ ᠨᠣᠷᠮ᠎ᠠ ᠶᠢ ᠨᠡᠮᠡᠭᠳᠡᠭᠦᠯᠦᠨ᠎ᠡ᠃ | ᠲᠤᠰᠬᠤᠨ ᠤ ᠬᠠᠮᠲᠤ ᠨᠡᠶᠢᠲᠡ ᠪᠣᠯᠤᠨ ᠲᠠᠷᠢᠶᠠᠴᠢᠳ ᠤᠨ ᠬᠠᠮᠵᠢᠯᠴᠠᠭᠠᠨ ᠤ ᠵᠣᠬᠢᠶᠠᠨ ᠪᠠᠶᠢᠭᠤᠯᠤᠯᠲᠠ ᠪᠣᠶᠤ ᠠᠵᠤ ᠦᠢᠯᠡᠰ ᠤᠨ ᠺᠣᠮᠫᠠᠨᠢ ᠪᠠᠶᠢᠭᠤᠯᠬᠤ ᠶᠢ | ᠳᠡᠮᠵᠢᠵᠤ᠂ ᠲᠣᠯᠤᠭᠠᠶᠢᠯᠠᠭᠴᠢ ᠠᠵᠤ ᠠᠬᠤᠶᠢᠯᠠᠯ ᠤᠨ ᠡᠵᠡᠩᠨᠡᠯᠲᠡ ᠳᠤ ᠣᠷᠤᠯᠴᠠᠬᠤ᠂ ᠣᠯᠠᠨ ᠲᠥᠷᠦᠯ ᠤᠨ ᠡᠵᠡᠩᠨᠡᠯᠲᠡ ᠶᠢ ᠬᠥᠭᠵᠢᠭᠦᠯᠬᠦ᠂ ᠠᠵᠤ | ᠠᠬᠤᠢ ᠶᠢᠨ ᠬᠠᠮᠲᠤ ᠶᠢᠨ ᠴᠤᠭᠴᠠ ᠶᠢ ᠪᠤᠵᠠᠭᠠᠶᠢᠷᠠᠭᠤᠯᠤᠨ᠎ᠠ᠃ | ᠲᠠᠷᠢᠶᠠᠯᠠᠩ ᠦᠢᠯᠡᠳᠪᠦᠷᠢᠯᠡᠯ ᠤᠨ ᠴᠢᠳᠠᠪᠤᠷᠢ ᠪᠣᠯᠤᠨ ᠣᠯᠠᠨ ᠨᠡᠶᠢᠲᠡ ᠶᠢᠨ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠨ᠎ᠠ᠃ ᠬᠦᠳᠡᠭᠡ | ᠲᠤᠰᠬᠤᠨ ᠤ ᠭᠠᠵᠠᠷ ᠰᠢᠷᠤᠢ ᠶᠢ ᠴᠡᠭᠴᠡᠯᠡᠨ ᠵᠠᠰᠠᠬᠤ ᠪᠠ ᠥᠨᠳᠦᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠦᠭᠡᠨ ᠪᠠᠶᠢᠭᠤᠯᠤᠯᠲᠠ ᠶᠢ ᠶᠡᠭᠡ ᠬᠡᠪᠴᠢᠶ᠎ᠡ ᠪᠠᠷ | ᠠᠬᠢᠭᠤᠯᠵᠤ᠂ ᠬᠤᠵᠢᠷᠰᠢᠭᠰᠠᠨ ᠲᠠᠷᠢᠶᠠᠨ ᠭᠠᠵᠠᠷ ᠢ ᠰᠠᠶᠢᠵᠢᠷᠠᠭᠤᠯᠬᠤ ᠢᠨᠵᠧᠨᠧᠷᠢᠩ ᠢ ᠥᠷᠨᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ | ᠨᠠᠷᠢᠯᠢᠭᠵᠢᠯᠲᠠ ᠶᠢᠨ ᠬᠢᠷᠢ ᠲᠥᠪᠰᠢᠨ ᠢ ᠳᠡᠭᠡᠭᠰᠢᠯᠡᠭᠦᠯᠦᠨ᠎ᠡ᠃ ᠲᠠᠷᠢᠶᠠᠯᠠᠩ ᠣᠢ ᠰᠢᠭᠤᠢ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠬᠡᠷᠡᠭᠴᠡᠭᠡ ᠲᠠᠢ | ᠤᠶᠠᠯᠳᠤᠭᠤᠯᠤᠨ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠲᠥᠪ ᠢ ᠪᠠᠶᠢᠭᠤᠯᠵᠤ᠂ ᠰᠢᠨᠵᠢᠯᠡᠬᠦ ᠤᠬᠠᠭᠠᠨ | ᠮᠡᠷᠭᠡᠵᠢᠯ ᠤᠨ ᠬᠦᠴᠦᠨ ᠳᠤ ᠲᠦᠰᠢᠭᠯᠡᠵᠦ᠂ ᠪᠥᠬᠦ ᠬᠤᠲᠠ ᠶᠢ ᠪᠥᠷᠬᠦᠭᠰᠡᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠢ ᠲᠦᠭᠡᠮᠡᠯᠵᠢᠭᠦᠯᠬᠦ | ᠦᠢᠯᠡᠴᠢᠯᠡᠭᠡᠨ ᠤ ᠰᠢᠰᠲ᠋ᠧᠮᠵᠢ ᠶᠢ ᠴᠣᠭᠴᠠᠯᠠᠨ᠎ᠠ᠃ ᠶᠠᠰᠤ ᠴᠢᠨᠠᠷ ᠢᠶᠠᠷ ᠲᠠᠷᠢᠶᠠᠯᠠᠩ ᠢ ᠬᠥᠭᠵᠢᠭᠦᠯᠦᠨ ᠮᠠᠨᠳᠤᠭᠤᠯᠬᠤ ᠶᠢ ᠬᠡᠷᠡᠭᠵᠢᠭᠦᠯᠵᠦ᠂ ᠡᠯ᠎ᠡ ᠬᠤᠰᠢᠭᠤ | ᠰᠢᠶᠠᠨ ᠲᠣᠭᠤᠷᠢᠭ ᠤᠨ ᠲᠠᠷᠢᠶᠠᠯᠠᠩ ᠤᠨ ᠪᠥᠲᠦᠭᠡᠭᠳᠡᠬᠦᠨ ᠢ ᠲᠤᠰᠬᠠᠢ ᠰᠢᠯᠭᠠᠨ ᠪᠠᠶᠢᠴᠠᠭᠠᠬᠤ ᠪᠠᠶᠢᠭᠤᠯᠤᠮᠵᠢ ᠶᠢ ᠲᠡᠭᠦᠯᠳᠡᠷᠵᠢᠭᠦᠯᠵᠦ᠂ ᠪᠥᠬᠦ ᠬᠤᠲᠠ ᠶᠢᠨ | ᠨᠢᠭᠡᠳᠦᠯᠲᠠᠢ ᠲᠠᠷᠢᠶᠠᠯᠠᠩ ᠤᠨ ᠪᠥᠲᠦᠭᠡᠭᠳᠡᠬᠦᠨ ᠢ ᠮᠦᠷᠳᠡᠨ ᠪᠠᠶᠢᠴᠠᠭᠠᠬᠤ ᠰᠢᠰᠲ᠋ᠧᠮᠵᠢ ᠶᠢ ᠪᠠᠶᠢᠭᠤᠯᠤᠨ᠎ᠠ᠃ ᠲᠠᠷᠢᠶᠠᠯᠠᠩ ᠤᠨ ᠪᠥᠲᠦᠭᠡᠭᠳᠡᠬᠦᠨ ᠮᠠᠯ ᠤᠨ ᠠᠰᠢᠭ | ᠰᠢᠮ᠎ᠡ ᠶᠢᠨ ᠨᠡᠷᠡᠲᠦ ᠲᠡᠮᠳᠡᠭᠲᠦ ᠶᠢ ᠳᠡᠯᠭᠡᠷᠡᠭᠦᠯᠬᠦ ᠲᠥᠯᠦᠪᠯᠡᠭᠡ ᠶᠢ ᠬᠡᠷᠡᠭᠵᠢᠭᠦᠯᠵᠦ᠂ ᠣᠨᠴᠠᠯᠢᠭᠲᠤ ᠨᠡᠷᠡᠲᠤ ᠲᠡᠮᠳᠡᠭᠲᠦ ᠶᠢᠨ ᠨᠡᠷᠡᠰ ᠤᠨ ᠬᠠᠭᠤᠳᠠᠰᠤ ᠶᠢ | ᠪᠠᠶᠢᠭᠤᠯᠵᠤ᠂ ᠨᠢᠭᠡᠳᠦᠯᠲᠠᠢ ᠭᠠᠵᠠᠷ ᠣᠷᠤᠨ ᠤ ᠢᠯᠡᠳᠬᠡᠬᠦ ᠲᠡᠮᠳᠡᠭ ᠢ ᠴᠣᠭᠴᠠᠯᠠᠨ᠎ᠠ᠃ ᠤᠯᠤᠰ ᠤᠨ ᠳᠡᠰ ᠤᠨ ᠬᠦᠳᠡᠭᠡ ᠲᠤᠰᠬᠤᠨ ᠤ ᠡᠯᠧᠺᠲᠷᠤᠨ | ᠬᠤᠳᠠᠯᠳᠤᠭᠠᠨ ᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠰᠢᠶᠠᠨ ᠤ ᠪᠥᠲᠦᠭᠡᠨ ᠪᠠᠶᠢᠭᠤᠯᠤᠯᠲᠠ ᠶᠢ ᠠᠬᠢᠭᠤᠯᠵᠤ᠂ ᠦᠨᠳᠦᠷ ᠪᠥᠲᠦᠮᠵᠢᠲᠠᠢ ᠰᠠᠭᠠᠳ ᠦᠭᠡᠢ | ᠨᠡᠪᠲᠡᠷᠡᠬᠦ ᠲᠠᠷᠢᠶᠠᠯᠠᠩ ᠤᠨ ᠪᠥᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠭᠦᠢᠯᠭᠡᠭᠡᠨ ᠤ ᠰᠢᠰᠲ᠋ᠧᠮᠵᠢ ᠶᠢ ᠪᠠᠶᠢᠭᠤᠯᠤᠨ᠎ᠠ᠃ ᠠᠹᠷᠢᠺᠠ ᠲᠢᠪ ᠤᠨ ᠭᠠᠭ᠋ᠠᠢ ᠶᠢᠨ | ᠬᠢᠵᠢᠭ ᠵᠡᠷᠭᠡ ᠠᠮᠢᠲᠠᠨ ᠤ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃ | ᠬᠦᠳᠡᠭᠡ ᠲᠤᠰᠬᠤᠨ ᠤ ᠬᠥᠮᠦᠨ ᠠᠮᠠ ᠶᠢᠨ ᠰᠠᠭᠤᠷᠢᠰᠢᠨ ᠠᠮᠢᠳᠤᠷᠠᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠨᠢᠭᠡᠳᠦᠯᠲᠠᠢ ᠲᠥᠯᠦᠪᠯᠡᠨ | ᠠᠬᠢᠭᠤᠯᠤᠨ᠎ᠠ᠃ ᠲᠤᠬᠠᠢ ᠶᠢᠨ ᠭᠠᠵᠠᠷ ᠲᠤ ᠨᠢ ᠲᠣᠬᠢᠷᠠᠭᠤᠯᠤᠨ᠂ ᠲᠤᠰᠬᠤᠨ ᠤ ᠪᠠᠶᠢᠳᠠᠯ ᠢ ᠨᠢ ᠦᠨᠳᠦᠰᠦᠯᠡᠨ ᠲᠥᠷᠦ ᠶᠢᠨ ᠪᠣᠳᠤᠯᠭ᠎ᠠ ᠬᠡᠷᠡᠭᠵᠢᠭᠦᠯᠵᠦ᠂ | ᠲᠤᠷᠰᠢᠯᠲᠠ ᠶᠢᠨ ᠴᠡᠭ ᠥᠷᠨᠢᠭᠦᠯᠦᠭᠰᠡᠨ ᠰᠠᠭᠤᠷᠢᠨ ᠳᠡᠭᠡᠷ᠎ᠡ᠂ ᠲᠤᠷᠰᠢᠯᠭ᠎ᠠ ᠪᠠᠨ ᠳ᠋ᠦᠩᠨᠡᠵᠤ᠂ ᠲᠥᠷᠦ ᠶᠢᠨ ᠪᠣᠳᠤᠯᠭ᠎ᠠ ᠠᠷᠭ᠎ᠠ ᠠᠪᠴᠠᠯ ᠢᠶᠠᠨ | ᠲᠡᠭᠦᠯᠳᠡᠷᠵᠢᠭᠦᠯᠵᠦ᠂ ᠲᠠᠷᠢᠶᠠᠴᠢᠨ ᠤ ᠭᠤᠣᠯ ᠴᠣᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠥᠬᠦ ᠬᠤᠲᠠ ᠶᠢᠨ80 % ᠶᠢᠨ ᠵᠠᠰᠠᠭ ᠵᠠᠬᠢᠷᠭᠠᠨ ᠤ | ᠲᠤᠰᠬᠤᠨ ᠤ ᠰᠠᠭᠤᠷᠢᠰᠢᠨ ᠠᠮᠢᠳᠤᠷᠠᠬᠤ ᠣᠷᠴᠢᠨ ᠢ ᠴᠡᠭᠴᠡᠯᠡᠨ ᠵᠠᠰᠠᠬᠤ ᠠᠵᠢᠯ ᠢ ᠠᠬᠢᠭᠤᠯᠤᠨ᠎ᠠ᠃ ᠬᠦᠳᠡᠭᠡ ᠲᠤᠰᠬᠤᠨ ᠤ《 ᠵᠣᠷᠯᠤᠩ ᠤᠨ | ᠬᠤᠪᠢᠰᠤᠯᠲᠠ》 ᠶᠢ ᠪᠥᠬᠦ ᠲᠠᠯ᠎ᠠ ᠪᠠᠷ ᠥᠷᠨᠢᠭᠦᠯᠵᠦ᠂ ᠰᠢᠭᠢᠭ ᠰᠠᠩᠭᠠᠰᠤ᠂ ᠬᠠᠶᠠᠭᠳᠠᠮᠠᠯ ᠡᠳ᠋᠂ ᠡᠰᠢ ᠰᠦᠷᠡᠯ ᠢ ᠪᠥᠲᠦᠮᠵᠢᠲᠠᠢ ᠣᠷᠴᠢᠯᠳᠤᠭᠤᠯᠤᠨ | ᠠᠰᠢᠭᠯᠠᠬᠤ ᠶᠢ ᠠᠬᠢᠭᠤᠯᠵᠤ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ85% ᠳᠤ ᠬᠦᠷᠭᠡᠨ᠎ᠡ᠃ ᠬᠦᠳᠡᠭᠡ ᠲᠤᠰᠬᠤᠨ ᠤ ᠪᠣᠬᠢᠷ ᠤᠰᠤ ᠶᠢ | ᠵᠠᠰᠠᠬᠤ ᠠᠵᠢᠯᠯᠠᠭ᠎ᠠ ᠶᠢ ᠥᠷᠨᠢᠭᠦᠯᠵᠦ᠂ ᠬᠤᠲᠠ ᠪᠠᠯᠭᠠᠰᠤ ᠶᠢᠨ ᠪᠣᠬᠢᠷ ᠤᠰᠤ ᠶᠢ ᠭᠠᠳᠠᠭᠰᠢᠯᠠᠭᠤᠯᠬᠤ ᠬᠤᠭᠤᠯᠠᠢ ᠶᠢ ᠡᠷᠭᠢᠨ ᠲᠣᠭᠤᠷᠢᠨ ᠤ ᠲᠣᠰᠬᠤᠨ | ᠪᠠᠯᠭᠠᠰᠤ ᠬᠦᠷᠲᠡᠯ᠎ᠡ ᠦᠷᠬᠦᠯᠵᠢᠯᠡᠬᠦ ᠶᠢ ᠠᠬᠢᠭᠤᠯᠤᠨ᠎ᠠ᠃ ᠬᠦᠳᠡᠭᠡ ᠲᠤᠰᠬᠤᠨ ᠤ ᠠᠮᠢᠳᠤᠷᠠᠯ ᠤᠨ ᠬᠠᠶᠠᠭᠳᠠᠮᠠᠯ ᠢ ᠳᠠᠮᠵᠢᠭᠤᠯᠤᠨ ᠵᠥᠭᠡᠭᠡᠪᠦᠷᠢᠯᠡᠵᠦ | ᠰᠢᠢᠳᠪᠦᠷᠢᠯᠡᠬᠦ ᠶᠢ ᠴᠢᠩᠭᠠᠳᠬᠠᠵᠤ᠂ ᠲᠤᠰᠬᠤᠨ ᠤ ᠠᠷᠠᠳ ᠤᠨ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠢᠶᠠᠷᠤᠨ ᠬᠠᠮᠠᠭᠠᠯᠠᠬᠤ ᠶᠢ ᠳᠠᠶᠢᠴᠢᠯᠠᠵᠤ᠂ | ᠬᠦᠳᠡᠭᠡ ᠲᠤᠰᠬᠤᠨ ᠤ ᠪᠠᠶᠢᠭᠠᠯᠢ ᠶᠢᠨ ᠥᠩᠭᠡ ᠦᠵᠡᠮᠵᠢ ᠶᠢ ᠬᠠᠮᠠᠭᠠᠯᠠᠬᠤ ᠶᠢ ᠤᠷᠢᠶᠠᠯᠠᠨ᠎ᠠ᠃ | ︵ᠭᠤᠷᠪᠠ︶ ᠠᠵᠤ ᠦᠢᠯᠡᠳᠪᠦᠷᠢ ᠶᠢ ᠰᠢᠯᠢᠳᠡᠭᠵᠢᠭᠦᠯᠦᠨ ᠳᠡᠰ ᠳᠡᠪᠰᠢᠬᠦ ᠶᠢ ᠲᠥᠷᠭᠡᠳᠬᠡᠨ ᠠᠬᠢᠭᠤᠯᠤᠨ᠎ᠠ᠃ ᠬᠤᠷᠢᠨᠭᠡᠷ ᠰᠢᠨ᠎ᠡ ᠲᠣᠭᠤᠷᠢᠭ᠂ | ᠬᠦᠬᠡᠬᠤᠲᠠ ᠶᠢᠨ ᠰᠢᠨᠵᠢᠯᠡᠭᠡ ᠮᠡᠷᠭᠡᠵᠢᠯ ᠤᠨ ᠬᠤᠲᠠ᠂ ᠪᠡᠭᠡᠵᠢᠩ ᠥᠪᠦᠷ ᠮᠣᠩᠭᠤᠯ ᠤᠨ ᠬᠠᠮᠵᠢᠯᠴᠠᠭᠠᠨ ᠤ ᠠᠵᠤ ᠦᠢᠯᠡᠰ ᠤᠨ ᠬᠦᠷᠢᠶᠡᠯᠡᠩ ᠵᠡᠷᠭᠡ ᠭᠤᠷᠪᠠᠨ | ᠶᠡᠭᠡ ᠲᠠᠪᠴᠠᠩ ᠳᠤ ᠲᠦᠰᠢᠭᠯᠡᠵᠦ᠂ ᠪᠥᠬᠦ ᠬᠦᠴᠦᠨ ᠢᠶᠠᠷ ᠢᠶᠠᠨ ᠰᠠᠭᠤᠷᠢ ᠪᠠᠨ ᠪᠠᠬᠢᠵᠢᠭᠦᠯᠵᠦ᠂ ᠣᠷᠴᠢᠨ ᠲᠣᠭᠤᠷᠢᠨ ᠢᠶᠠᠨ ᠰᠢᠯᠢᠳᠡᠭᠵᠢᠭᠦᠯᠵᠦ᠂ | ᠴᠢᠳᠠᠪᠤᠷᠢᠲᠠᠨ ᠢ ᠤᠷᠢᠵᠤ ᠪᠡᠯᠡ ᠮᠥᠩᠭᠦ ᠲᠠᠲᠠᠵᠤ᠂ ᠲᠥᠷᠦᠯ ᠵᠦᠢᠯ ᠬᠢᠵᠤ᠂ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠤᠳᠤᠷᠢᠳᠬᠤ ᠠᠵᠤ ᠦᠢᠯᠡᠰ | ᠨᠢ ᠲᠣᠳᠤᠷᠬᠠᠢ᠂ ᠬᠠᠷᠢᠴᠠᠩᠭᠤᠢ ᠳᠠᠪᠠᠭᠤᠯᠢᠭ ᠨᠢ ᠢᠯᠡᠷᠬᠡᠢ᠂ ᠲᠥᠪᠯᠡᠷᠡᠩᠭᠦᠢ ᠦᠢᠯᠡᠳᠦᠯ ᠨᠢ ᠳᠣᠪᠤᠶᠢᠮ᠎ᠠ ᠣᠳᠣᠬᠢᠴᠢᠯᠠᠭᠰᠠᠨ ᠠᠵᠤ ᠦᠢᠯᠡᠰ ᠤᠨ | ᠰᠢᠰᠲ᠋ᠧᠮᠵᠢ ᠶᠢ ᠲᠥᠷᠭᠡᠳᠬᠡᠨ ᠪᠠᠶᠢᠭᠤᠯᠤᠨ᠎ᠠ᠃ | ᠬᠤᠷᠢᠨᠭᠡᠷ ᠰᠢᠨ᠎ᠡ ᠲᠣᠭᠤᠷᠢᠭ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠵᠤ᠂ ᠠᠵᠤ ᠠᠬᠤᠢ ᠶᠢᠨ ᠥᠨᠳᠦᠷ ᠴᠢᠨᠰᠠᠭ᠎ᠠ ᠲᠠᠢ ᠬᠥᠭᠵᠢᠯᠲᠡ ᠶᠢᠨ | ᠲᠡᠷᠢᠭᠦᠨ ᠤ ᠣᠷᠤᠨ ᠪᠣᠯᠭᠠᠨ᠎ᠠ᠃ ᠳᠤᠮᠳᠠ ᠬᠡᠰᠡᠭ ᠤᠨ ᠭᠤᠣᠯ ᠣᠷᠤᠨ ᠳᠤ ᠪᠠᠶᠢᠯᠳᠤᠬᠤ ᠪᠣᠳᠤᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ᠂ | ᠲᠠᠯ᠎ᠠ ᠨᠤᠲᠤᠭ ᠤᠨ ᠣᠨᠴᠠᠯᠢᠭ ᠲᠠᠢ ᠠᠵᠤ ᠦᠢᠯᠡᠰ᠂ ᠰᠢᠨ᠎ᠡ ᠪᠠᠷ ᠮᠠᠨᠳᠤᠭᠰᠠᠨ ᠦᠢᠯᠡᠴᠢᠯᠡᠭᠡᠨ ᠤ ᠦᠢᠯᠡᠰ ᠵᠡᠷᠭᠡ ᠭᠤᠷᠪᠠᠨ ᠶᠡᠭᠡ ᠠᠵᠤ ᠦᠢᠯᠡᠰ ᠤᠨ | ᠰᠢᠰᠲ᠋ᠧᠮᠵᠢ ᠶᠢ ᠬᠦᠴᠦᠯᠡᠨ ᠪᠠᠶᠢᠭᠤᠯᠵᠤ᠂ ᠤᠯᠤᠰ ᠤᠨ ᠢᠨᠲ᠋ᠧᠷ ᠰᠦᠯᠵᠢᠶᠡᠨ ᠤ ᠭᠤᠣᠯᠯᠠᠭᠴᠢ ᠰᠢᠭᠤᠳ ᠬᠤᠯᠪᠤᠭᠠᠨ ᠤ ᠴᠡᠭ᠂ ᠣᠯᠠᠨ ᠤᠯᠤᠰ ᠤᠨ | ᠬᠤᠯᠪᠤᠭᠠᠨ ᠤ ᠲᠤᠰᠬᠠᠢ ᠵᠠᠮ ᠵᠡᠷᠭᠡ ᠲᠥᠷᠦᠯ ᠵᠦᠢᠯ ᠢ ᠨᠠᠶᠢᠳᠠᠪᠤᠷᠢᠵᠢᠭᠤᠯᠬᠤ ᠶᠢ ᠭᠤᠣᠯᠳᠠᠯᠭ᠎ᠠ ᠲᠠᠢ ᠠᠬᠢᠭᠤᠯᠵᠤ᠂ ᠱᠠᠩᠬᠠᠢ ᠶᠢᠨ ᠾᠧ ᠰᠢᠣᠢ ᠮᠠᠰᠢᠨ ᠲᠡᠷᠭᠡ | ᠂ ᠴᠢᠩ ᠬᠤᠸᠠ ᠲᠦᠩ ᠹᠠᠩ᠂ ᠸᠧᠢ ᠫᠢᠨ ᠾᠦᠢ ᠶᠢᠨ ᠥᠪᠦᠷ ᠮᠣᠩᠭᠤᠯ ᠳᠠᠬᠢ ᠡᠵᠡᠩᠨᠡᠯᠲᠡ ᠶᠢᠨ ᠶᠡᠷᠦᠩᠬᠡᠢ ᠬᠡᠯᠲᠡᠰ ᠵᠡᠷᠭᠡ ᠲᠥᠷᠦᠯ ᠵᠦᠢᠯ ᠢ ᠡᠬᠢᠯᠡᠭᠦᠯᠦᠨ | ᠪᠥᠲᠦᠭᠡᠨ ᠪᠠᠶᠢᠭᠤᠯᠬᠤ ᠶᠢ ᠠᠬᠢᠭᠤᠯᠤᠨ᠎ᠠ᠃ ᠰᠤᠷᠭᠠᠨ ᠬᠥᠮᠦᠵᠢᠯ ᠤᠨ ᠵᠢᠵᠢᠭ ᠪᠠᠯᠭᠠᠰᠤ᠂ ᠲᠤᠭ᠎ᠠ ᠪᠥᠭᠡᠭᠡᠨᠡᠷᠡᠯ ᠤᠨ ᠵᠢᠵᠢᠭ ᠪᠠᠯᠭᠠᠰᠤ᠂ ᠮᠥᠩᠭᠦᠨ | ᠭᠦᠢᠯᠭᠡᠭᠡᠨ ᠤ ᠵᠢᠵᠢᠭ ᠪᠠᠯᠭᠠᠰᠤ᠂ ᠤᠶᠤᠨᠯᠢᠭ ᠦᠢᠯᠡᠳᠬᠦ ᠦᠢᠯᠡᠰ ᠤᠨ ᠠᠵᠤ ᠦᠢᠯᠡᠰ ᠤᠨ ᠬᠦᠷᠢᠶᠡᠯᠡᠩ ᠵᠡᠷᠭᠡ ᠲᠠᠪᠴᠠᠩ ᠤᠨ ᠪᠥᠲᠦᠭᠡᠨ ᠪᠠᠶᠢᠭᠤᠯᠤᠯᠲᠠ ᠶᠢ | ᠲᠦᠷᠭᠡᠳᠬᠡᠵᠤ᠂ ᠰᠣᠶᠣᠯ ᠤᠨ ᠡᠭᠦᠳᠦᠨ ᠪᠥᠲᠦᠭᠡᠬᠦ ᠵᠢᠵᠢᠭ ᠪᠠᠯᠭᠠᠰᠤ ᠶᠢ ᠡᠬᠢᠯᠡᠭᠦᠯᠦᠨ ᠪᠠᠶᠢᠭᠤᠯᠵᠤ᠂14 ᠵᠣᠷᠪᠤᠰ ᠭᠤᠣᠯ ᠲᠣᠭᠤᠷᠢᠭ ᠤᠨ ᠬᠤᠲᠠ ᠶᠢᠨ | ᠶᠠᠪᠤᠳᠠᠯ ᠤᠨ ᠢᠵᠢ ᠪᠦᠷᠢᠳᠦᠭᠦᠯᠦᠭᠰᠡᠨ ᠵᠠᠮ ᠱᠣᠭᠤᠮ ᠢ ᠰᠢᠨ᠎ᠡ ᠪᠠᠷ ᠪᠠᠶᠢᠭᠤᠯᠵᠤ᠂ ᠠᠵᠤ ᠦᠢᠯᠡᠰ ᠤᠨ ᠳᠠᠭᠠᠭᠠᠴᠠ ᠶᠢᠨ ᠬᠡᠮᠵᠢᠶ᠎ᠡ ᠪᠠ ᠶᠡᠷᠦᠩᠬᠡᠶᠢᠯᠡᠭᠰᠡᠨ | ᠦᠢᠯᠡᠴᠢᠯᠡᠭᠡᠨ ᠤ ᠴᠢᠳᠠᠪᠤᠷᠢ ᠶᠢ ᠨᠡᠮᠡᠭᠳᠡᠭᠦᠯᠦᠨ᠎ᠡ᠃ ᠬᠤᠶᠢᠰᠢ ᠪᠠᠨ ᠶᠢᠨ ᠴᠢᠶᠣᠣ ᠨᠡᠭᠡᠭᠡᠯᠲᠡ ᠶᠢᠨ ᠲᠣᠭᠤᠷᠢᠭ᠂ ᠰᠠᠶᠢᠷᠠᠮ ᠤᠨ ᠪᠠᠷᠠᠭᠠᠨ ᠤ ᠭᠦᠢᠯᠭᠡᠭᠡ ᠶᠢᠨ | ᠬᠦᠷᠢᠶᠡᠯᠡᠩ ᠳᠤ ᠲᠦᠰᠢᠭᠯᠡᠵᠦ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠲᠣᠭᠤᠷᠢᠭ ᠪᠣᠯᠤᠨ ᠣᠷᠤᠨ ᠪᠦᠰᠡ ᠶᠢᠨ ᠴᠢᠨᠠᠷᠲᠠᠢ | ᠪᠠᠷᠠᠭᠠᠨ ᠤ ᠭᠦᠢᠯᠭᠡᠭᠡ ᠶᠢᠨ ᠭᠤᠣᠯ ᠲᠥᠪ ᠢ ᠴᠣᠭᠴᠠᠯᠠᠨ᠎ᠠ᠃ ᠵᠦᠩ ᠬᠤᠸᠠᠨ ᠭᠡᠷᠡᠯ ᠸᠣᠯᠲ ᠤᠨ ᠳᠦᠷᠪᠡᠳᠦᠭᠡᠷ ᠬᠤᠭᠤᠴᠠᠭ᠎ᠠ ᠶᠢᠨ ᠴᠢᠳᠠᠪᠬᠢ ᠶᠢ | ᠦᠷᠭᠡᠳᠭᠡᠬᠦ᠂ ᠵᠦᠩ ᠬᠤᠸᠠᠨ ᠲᠠᠪᠤᠳᠤᠭᠠᠷ ᠬᠤᠭᠤᠴᠠᠭ᠎ᠠ᠂ ᠵᠦᠩ ᠵᠢᠩ ᠰᠣᠳᠤᠯᠭᠠᠨ ᠤ ᠬᠦᠷᠢᠶᠡᠯᠡᠩ ᠤᠨ ᠨᠡᠶᠢᠯᠡᠮᠡᠯ ᠮᠠᠲ᠋ᠧᠷᠢᠶᠠᠯ ᠵᠡᠷᠭᠡ ᠲᠥᠷᠦᠯ ᠵᠦᠢᠯ ᠢ | ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠤᠭᠤᠯᠬᠤ ᠶᠢ ᠠᠬᠢᠭᠤᠯᠵᠤ᠂ ᠵᠦᠩ ᠬᠤᠸᠠᠨ ᠤ ᠲᠡᠷᠢᠭᠦᠨ ᠤ ᠶᠡᠭᠡ ᠳ᠋ᠢᠶᠠᠮᠧᠲᠷ ᠤᠨ ᠬᠠᠭᠠᠰ | ᠳᠠᠮᠵᠢᠭᠤᠯᠤᠭᠴᠢ ᠮᠠᠲ᠋ᠧᠷᠢᠶᠠᠯ ᠤᠨ ᠪᠥᠲᠦᠭᠡᠨ ᠪᠠᠶᠢᠭᠤᠯᠤᠯᠲᠠ ᠶᠢ ᠲᠦᠷᠭᠡᠳᠬᠡᠵᠤ᠂ ᠰᠢᠨᠬᠤᠸᠠ ᠰᠣᠶᠣᠯ ᠤᠨ ᠪᠠᠷᠠᠭᠠᠨ ᠤ ᠭᠦᠢᠯᠭᠡᠭᠡ ᠶᠢᠨ ᠲᠥᠷᠦᠯ ᠵᠦᠢᠯ ᠤᠨ | ᠠᠵᠢᠯ ᠡᠬᠢᠯᠡᠨ ᠪᠥᠲᠦᠭᠡᠨ ᠪᠠᠶᠢᠭᠤᠯᠬᠤ ᠶᠢ ᠠᠬᠢᠭᠤᠯᠤᠨ᠎ᠠ᠃ ᠡᠮᠦᠨᠡᠰᠢ ᠲᠣᠭᠲᠠᠬᠤ ᠰᠢᠶᠠᠨ ᠴᠢᠩ ᠱᠦᠢ ᠾᠧ ᠰᠢᠶᠠᠨ ᠤ ᠠᠵᠤ ᠠᠬᠤᠢ ᠶᠢᠨ ᠨᠡᠭᠡᠭᠡᠯᠲᠡ ᠶᠢᠨ | ᠲᠣᠭᠤᠷᠢᠭ ᠲᠤ ᠲᠦᠰᠢᠭᠯᠡᠵᠦ᠂ ᠨᠡᠭᠦᠷᠡᠰᠦ ᠴᠠᠬᠢᠯᠭᠠᠨ ᠬᠦᠩᠭᠡᠨᠴᠠᠭᠠᠨ ᠤ ᠣᠷᠴᠢᠯ ᠠᠵᠤ ᠠᠬᠤᠢ᠂ ᠳᠡᠭᠡᠳᠦ ᠳᠡᠰ ᠤᠨ ᠣᠷᠴᠢᠨ ᠲᠣᠭᠤᠷᠢᠨ ᠢ ᠬᠠᠮᠠᠭᠠᠯᠠᠬᠤ | ᠪᠠᠷᠢᠯᠭ᠎ᠠ ᠶᠢᠨ ᠮᠠᠲ᠋ᠧᠷᠢᠶᠠᠯ᠂ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠠᠮᠢᠳᠤ ᠪᠤᠳᠠᠰ ᠤᠨ ᠡᠮ ᠦᠢᠯᠡᠳᠬᠦ ᠵᠡᠷᠭᠡ ᠠᠵᠤ ᠦᠢᠯᠡᠰ ᠢ | ᠢᠳᠡᠪᠬᠢᠲᠠᠢ ᠬᠥᠭᠵᠢᠭᠦᠯᠵᠦ᠂ ᠤᠯᠤᠰ ᠤᠨ ᠡᠨᠧᠷᠭᠢ ᠶᠢᠨ ᠬᠢᠮᠢ ᠶᠢᠨ ᠠᠵᠤ ᠦᠢᠯᠡᠳᠪᠦᠷᠢ ᠶᠢᠨ ᠣᠷᠴᠢᠯ ᠠᠵᠤ ᠠᠬᠤᠢ ᠶᠢᠨ ᠵᠢᠱᠢᠶ᠎ᠡ ᠦᠵᠡᠭᠦᠯᠬᠦ ᠲᠣᠭᠤᠷᠢᠭ ᠢ | ᠪᠠᠶᠢᠭᠤᠯᠤᠨ᠎ᠠ᠃ ᠵᠢᠦ ᠲᠠᠢ ᠡᠨᠧᠷᠭᠢ ᠶᠢᠨ ᠨᠡᠭᠦᠷᠡᠰᠦ ᠪᠠᠷ ᠡᠲ᠋ᠠ ᠠᠯᠺᠦᠦᠯ ᠦᠢᠯᠡᠳᠬᠦ᠂ ᠶᠢᠨ ᠾᠧ ᠶᠸᠤ ᠪᠧᠨ ᠠᠮᠢᠲᠠᠨ ᠤ ᠸᠠᠺᠼᠢᠨ ᠵᠡᠷᠭᠡ ᠲᠥᠷᠦᠯ | ᠵᠦᠢᠯ ᠤᠨ ᠪᠥᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ | ᠬᠦᠬᠡᠬᠤᠲᠠ ᠶᠢᠨ ᠰᠢᠨᠵᠢᠯᠡᠭᠡ ᠮᠡᠷᠭᠡᠵᠢᠯ ᠤᠨ ᠬᠤᠲᠠ ᠪᠠᠷ ᠳᠠᠭᠠᠭᠤᠯᠤᠭᠴᠢ ᠪᠤᠯᠭᠠᠵᠤ᠂ ᠤᠯᠤᠰ ᠤᠨ ᠰᠢᠨ᠎ᠡ ᠶᠢ ᠡᠭᠦᠳᠬᠦ ᠮᠠᠶ᠋ᠢᠭ ᠤᠨ ᠬᠤᠲᠠ ᠶᠢ ᠪᠥᠬᠦ | ᠲᠠᠯ᠎ᠠ ᠪᠠᠷ ᠪᠥᠲᠦᠭᠡᠨ ᠪᠠᠶᠢᠭᠤᠯᠤᠨ᠎ᠠ᠃ ᠰᠢᠨᠵᠢᠯᠡᠭᠡ ᠮᠡᠷᠭᠡᠵᠢᠯ ᠤᠨ ᠬᠤᠲᠠ ᠳᠤ 2700 ᠮᠦ ᠰᠢᠨ᠎ᠡ ᠶᠢ ᠡᠭᠦᠳᠬᠦ ᠲᠥᠪ ᠲᠣᠭᠤᠷᠢᠭ ᠪᠠ 800 ᠮᠦ ᠭᠤᠣᠯ | ᠲᠣᠭᠤᠷᠢᠭ ᠢ ᠡᠬᠢᠯᠡᠭᠦᠯᠦᠨ ᠪᠠᠶᠢᠭᠤᠯᠵᠤ᠂ ᠭᠠᠵᠠᠷ ᠰᠢᠷᠤᠢ ᠬᠠᠩᠭᠠᠬᠤ᠂ ᠮᠥᠩᠭᠦᠨ ᠭᠦᠢᠯᠭᠡᠭᠡᠨ ᠤ ᠳᠡᠮᠵᠢᠯᠭᠡ ᠵᠡᠷᠭᠡ ᠲᠠᠯ᠎ᠠ ᠪᠠᠷ ᠵᠦᠷᠢᠶᠡᠨᠲᠠᠢ ᠬᠠᠷᠠᠭᠠᠯᠵᠠᠯ ᠤᠨ | ᠲᠥᠷᠦ ᠶᠢᠨ ᠪᠣᠳᠤᠯᠭ᠎ᠠ ᠶᠢ ᠬᠡᠷᠡᠭᠵᠢᠭᠦᠯᠵᠦ᠂ᠮᠡᠳᠡᠭᠡ ᠵᠠᠩᠬᠢ ᠶᠢᠨ ᠮᠡᠷᠭᠡᠵᠢᠯ᠂ ᠣᠶᠤᠨᠲᠤ ᠡᠨᠧᠷᠭᠢ᠂ ᠠᠮᠢ ᠨᠠᠰᠤᠨ ᠤ ᠰᠢᠨᠵᠢᠯᠡᠬᠦ ᠤᠬᠠᠭᠠᠨ ᠵᠡᠷᠭᠡ ᠳᠡᠭᠡᠳᠦ | ᠳᠡᠰ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠪᠠᠷᠠᠭᠤᠨ ᠬᠡᠰᠡᠭ ᠤᠨ ᠭᠠᠵᠠᠷ ᠣᠷᠤᠨ ᠤ ᠣᠯᠠᠨ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ | ᠤᠨ ᠬᠠᠮᠵᠢᠯᠴᠠᠭᠠᠨ ᠤ ᠲᠥᠪ ᠢ ᠪᠣᠢ ᠪᠤᠯᠭᠠᠨ᠎ᠠ᠃ ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ ᠲᠠᠢ ᠬᠠᠮᠵᠢᠯᠴᠠᠵᠤ᠂ ᠮᠡᠳᠡᠯᠭᠡ ᠶᠢᠨ | ᠥᠮᠴᠢᠯᠡᠯ ᠤᠨ ᠡᠷᠬᠡ ᠶᠢᠨ ᠠᠵᠤ ᠦᠢᠯᠡᠰ ᠤᠨ ᠬᠦᠷᠢᠶᠡᠯᠡᠩ ᠢ ᠲᠥᠯᠦᠪᠵᠢᠭᠦᠯᠦᠨ ᠪᠥᠲᠦᠭᠡᠨ ᠪᠠᠶᠢᠭᠤᠯᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ | ᠠᠵᠢᠯᠯᠠᠭᠠᠨ ᠤ ᠲᠠᠪᠴᠠᠩ᠂ ᠬᠠᠮᠠᠭᠠᠯᠠᠯᠲᠠ ᠶᠢᠨ ᠲᠥᠪ ᠵᠡᠷᠭᠡ ᠭᠤᠣᠯᠳᠠᠯᠭ᠎ᠠ ᠲᠠᠢ ᠲᠥᠷᠦᠯ ᠵᠦᠢᠯ ᠢ ᠬᠡᠷᠡᠭᠵᠢᠭᠦᠯᠦᠨ᠎ᠡ᠃ ᠳ᠋ᠦᠩ ᠶᠤᠸᠠᠨ ᠪᠥᠯᠦᠭᠯᠡᠯ ᠤᠨ | ᠶᠡᠷᠦᠩᠬᠡᠢ ᠬᠡᠯᠲᠡᠰ ᠤᠨ ᠰᠠᠭᠤᠷᠢᠨ ᠭᠠᠵᠠᠷ᠂ ᠰᠧᠨᠬᠠᠢ ᠪᠥᠯᠦᠭᠯᠡᠯ ᠤᠨ ᠶᠡᠷᠦᠩᠬᠡᠢ ᠬᠡᠯᠲᠡᠰ ᠤᠨ ᠰᠠᠭᠤᠷᠢᠨ ᠭᠠᠵᠠᠷ᠂ ᠯᠠᠩ ᠴᠣᠣ ᠲᠣᠮᠤ ᠳ᠋ᠠᠶᠢᠲ᠋ᠠ ᠶᠢᠨ ᠠᠵᠤ | ᠦᠢᠯᠡᠰ ᠤᠨ ᠬᠦᠷᠢᠶᠡᠯᠡᠩ᠂ ᠬᠤᠸᠠ ᠸᠧᠢ ᠶᠢᠨ ᠬᠤᠲᠠ ᠶᠢᠨ ᠡᠭᠦᠯᠡ᠂ ᠳᠣᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠬᠠᠮᠠᠳ | ᠡᠷᠳᠡᠮᠲᠡᠳ ᠤᠨ ᠲᠥᠪ ᠠᠵᠤ ᠦᠢᠯᠡᠰ ᠤᠨ ᠬᠦᠷᠢᠶᠡᠯᠡᠩ ᠵᠡᠷᠭᠡ ᠲᠥᠷᠦᠯ ᠵᠦᠢᠯ ᠢ ᠡᠬᠢᠯᠡᠭᠦᠯᠦᠨ ᠪᠥᠲᠦᠭᠡᠨ ᠪᠠᠶᠢᠭᠤᠯᠤᠨ᠎ᠠ᠃ ᠰᠢᠨᠵᠢᠯᠡᠭᠡ ᠮᠡᠷᠭᠡᠵᠢᠯ ᠤᠨ | ᠬᠤᠲᠠ ᠪᠠᠷ ᠳᠠᠭᠠᠭᠤᠯᠣᠭᠴᠢ ᠪᠤᠯᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠤᠷᠤᠭᠤᠯᠤᠯᠲᠠ ᠪᠠᠨ ᠴᠢᠩᠭᠠᠳᠬᠠᠵᠤ᠂ ᠰᠢᠨ᠎ᠡ ᠶᠢ ᠡᠭᠦᠳᠬᠦ ᠶᠢ | ᠤᠷᠠᠮᠰᠢᠭᠤᠯᠤᠨ ᠵᠣᠷᠢᠭᠵᠢᠭᠤᠯᠬᠤ ᠲᠡᠳᠬᠦᠮᠵᠢ ᠶᠢᠨ ᠮᠥᠩᠭᠦ ᠪᠣᠯᠤᠨ ᠰᠢᠨ᠎ᠡ ᠶᠢ ᠡᠭᠦᠳᠬᠦ ᠪᠡᠯᠡ ᠣᠷᠤᠭᠤᠯᠤᠯᠲᠠ ᠵᠢᠨᠬᠥ᠋ᠲᠦᠯᠦᠨ ᠵᠢᠯᠤᠭᠤᠳᠬᠤ ᠰᠠᠭᠤᠷᠢ | ᠮᠥᠩᠭᠦ ᠶᠢᠨ ᠦᠢᠯᠡᠳᠦᠯ ᠢ ᠪᠠᠳᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠳᠤ ᠦᠵᠡᠭᠦᠯᠬᠦ ᠳᠡᠮᠵᠢᠯᠭᠡ ᠪᠠᠨ | ᠴᠢᠩᠭᠠᠳᠬᠠᠵᠤ᠂ ᠵᠢᠯ ᠤᠨ ᠳᠣᠲᠤᠷ᠎ᠠ 20ᠠᠺᠠᠳᠧᠮᠢᠴᠢ ᠶᠢᠨ ᠠᠵᠢᠯᠯᠠᠬᠤ ᠥᠷᠲᠡᠭᠡ᠂10 ᠰᠢᠨ᠎ᠡ ᠶᠢ ᠡᠭᠦᠳᠴᠦ ᠰᠣᠳᠤᠯᠤᠨ ᠨᠡᠭᠡᠭᠡᠬᠦ ᠪᠠᠶᠢᠭᠤᠯᠤᠮᠵᠢ᠂50 | ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠪᠠᠶᠢᠭᠤᠯᠵᠤ᠂ ᠥᠪᠡᠷᠲᠡᠭᠡᠨ ᠵᠠᠰᠠᠬᠤ ᠣᠷᠤᠨ ᠤ ᠤᠯᠠᠨ ᠢᠶᠠᠷ ᠢᠶᠠᠨ ᠦᠢᠯᠡᠰ ᠪᠥᠲᠦᠭᠡᠬᠦ ᠣᠷᠤᠨ ᠵᠠᠢ | ᠪᠣᠯᠤᠨ ᠰᠣᠳᠤᠴᠤᠳ ᠤᠨ ᠠᠳᠠᠯ ᠦᠢᠯᠡᠰ ᠴᠣᠭᠴᠠᠯᠠᠬᠤ ᠭᠠᠵᠠᠷ10 ᠶᠢ ᠰᠢᠨ᠎ᠡ ᠪᠠᠷ ᠪᠠᠶᠢᠭᠤᠯᠤᠨ᠎ᠠ᠃ | ᠪᠡᠭᠡᠵᠢᠩ ᠥᠪᠦᠷ ᠮᠣᠩᠭᠤᠯ ᠤᠨ ᠬᠠᠮᠵᠢᠯᠴᠠᠬᠤ ᠠᠵᠤ ᠦᠢᠯᠡᠰ ᠤᠨ ᠬᠦᠷᠢᠶᠡᠯᠡᠩ ᠤᠨ ᠪᠥᠲᠦᠭᠡᠨ ᠪᠠᠶᠢᠭᠤᠯᠤᠯᠲᠠ ᠶᠢ ᠠᠬᠢᠭᠤᠯᠵᠤ᠂ ᠬᠤᠲᠠ ᠶᠢᠨ | ᠲᠣᠭᠤᠷᠢᠭ ᠤᠨ ᠪᠠᠷᠠᠭᠤᠨ ᠬᠡᠰᠡᠭ ᠤᠨ ᠠᠵᠤ ᠦᠢᠯᠡᠰ ᠪᠣᠯᠤᠨ ᠬᠤᠲᠠ ᠶᠢ ᠠᠭᠤᠰᠤᠯᠴᠠᠭᠤᠯᠬᠤ ᠰᠢᠨ᠎ᠡ ᠲᠡᠮᠳᠡᠭᠯᠡᠯ ᠢ ᠡᠭᠦᠳᠦᠨ᠎ᠡ᠃ ᠠᠵᠤ ᠦᠢᠯᠡᠰ ᠪᠣᠯᠣᠨ | ᠬᠤᠲᠠ ᠶᠢ ᠨᠢᠭᠡ ᠴᠣᠭᠴᠠᠵᠢᠭᠤᠯᠬᠤ᠂ ᠬᠠᠮᠵᠢᠯᠴᠠᠨ ᠬᠠᠮᠲᠤᠪᠠᠷ ᠪᠥᠲᠦᠭᠡᠨ ᠪᠠᠶᠢᠭᠤᠯᠬᠤ᠂ ᠠᠰᠢᠭ ᠲᠤᠰᠠ ᠶᠢ ᠬᠠᠮᠲᠤᠪᠡᠷ ᠡᠳ᠋ᠯᠡᠬᠦ ᠰᠡᠳᠬᠢᠮᠵᠢ ᠪᠠᠷ᠂ ᠪᠡᠭᠡᠵᠢᠩ | ᠥᠪᠦᠷ ᠮᠣᠩᠭᠤᠯ ᠤᠨ ᠬᠠᠮᠵᠢᠯᠴᠠᠬᠤ ᠠᠵᠤ ᠦᠢᠯᠡᠰ ᠤᠨ ᠬᠦᠷᠢᠶᠡᠯᠡᠩ ᠤᠨ ᠪᠥᠲᠦᠭᠡᠨ ᠪᠠᠶᠢᠭᠤᠯᠤᠯᠲᠠ ᠶᠢ ᠲᠥᠷᠭᠡᠳᠬᠡᠨ ᠠᠬᠢᠭᠤᠯᠤᠨ᠎ᠠ᠃ ᠪᠡᠭᠡᠵᠢᠩ ᠤᠨ | ᠨᠡᠶᠢᠰᠯᠡᠯ ᠤᠨ ᠪᠣᠰᠤ ᠴᠢᠳᠠᠮᠵᠢ ᠶᠢ ᠲᠠᠷᠬᠠᠭᠠᠬᠤ ᠲᠠᠢ ᠤᠶᠠᠯᠳᠤᠭᠤᠯᠤᠨ᠂ ᠣᠳᠣ ᠪᠠᠶᠢᠭ᠎ᠠ ᠠᠵᠤ ᠦᠢᠯᠡᠰ ᠤᠨ ᠰᠠᠭᠤᠷᠢ ᠳᠤ ᠪᠠᠨ ᠲᠦᠰᠢᠭᠯᠡᠵᠦ᠂ ᠪᠡᠭᠡᠵᠢᠩ | ᠲᠢᠶᠠᠨᠵᠢᠨ ᠾᠧᠪᠸᠢ ᠯᠦᠭᠡ ᠶᠢᠨ ᠭᠠᠵᠠᠷ ᠣᠷᠤᠨ ᠠᠯᠤᠰᠯᠠᠭᠰᠠᠨ ᠠᠵᠤ ᠠᠬᠤᠢ᠂ ᠬᠦᠷᠢᠶᠡᠯᠡᠩ ᠳᠣᠲᠤᠷᠠᠬᠢ ᠬᠦᠷᠢᠶᠡᠯᠡᠩ ᠵᠡᠷᠭᠡ ᠣᠯᠠᠨ ᠬᠡᠯᠪᠡᠷᠢ ᠪᠠᠷ | ᠬᠠᠮᠵᠢᠯᠴᠠᠵᠤ᠂ ᠳᠡᠭᠡᠳᠦ ᠳᠡᠰ ᠤᠨ ᠲᠣᠨᠤᠭᠯᠠᠯ ᠦᠢᠯᠡᠳᠬᠦ᠂ ᠰᠢᠨ᠎ᠡ ᠡᠨᠧᠷᠭᠢ ᠶᠢᠨ ᠮᠠᠰᠢᠨ ᠲᠡᠷᠭᠡ᠂ ᠰᠣᠶᠣᠯ ᠤᠨ ᠰᠢᠨ᠎ᠡ ᠶᠢ ᠡᠭᠦᠳᠬᠦ ᠵᠡᠷᠭᠡ ᠠᠵᠤ | ᠦᠢᠯᠡᠰ ᠢ ᠬᠥᠭᠵᠢᠭᠦᠯᠵᠦ᠂ ᠪᠡᠭᠡᠵᠢᠩ ᠲᠢᠶᠠᠨᠵᠢᠨ ᠾᠧᠪᠸᠢ ᠶᠢᠨ ᠠᠵᠤ ᠦᠢᠯᠡᠰ ᠤᠨ ᠰᠢᠯᠵᠢᠯᠲᠡ ᠶᠢ ᠬᠦᠯᠢᠶᠡᠨ ᠠᠪᠬᠤ ᠣᠷᠤᠨ ᠢ ᠪᠠᠶᠢᠭᠤᠯᠤᠨ᠎ᠠ᠃ | ᠬᠦᠷᠢᠶᠡᠯᠡᠩ ᠲᠣᠭᠤᠷᠢᠭ ᠢ ᠬᠥᠭᠵᠢᠭᠦᠯᠦᠨ ᠮᠠᠨᠳᠤᠭᠤᠯᠬᠤ ᠲᠥᠯᠦᠪᠯᠡᠯᠭᠡ ᠶᠢ ᠭᠦᠨᠵᠡᠭᠡᠢ ᠲᠦᠯᠬᠢᠨ ᠠᠬᠢᠭᠤᠯᠵᠤ᠂ ᠵᠠᠭᠤᠨ ᠳ᠋ᠦᠩᠰᠢᠭᠤᠷ ᠲᠥᠭᠦᠷᠢᠭ ᠤᠨ | ᠳᠡᠰ ᠤᠨ ᠠᠵᠤ ᠦᠢᠯᠡᠳᠪᠦᠷᠢ ᠶᠢᠨ ᠲᠤᠯᠭᠠᠭᠤᠷᠢ ᠠᠵᠤ ᠠᠬᠤᠶᠢᠯᠠᠯ ᠪᠠ《 ᠪᠢᠴᠢᠬᠠᠨ ᠠᠪᠤᠷᠭᠤ ᠬᠥᠮᠦᠨ》ᠠᠵᠤ ᠠᠬᠤᠶᠢᠯᠠᠯ ᠢ ᠶᠡᠬᠡᠪᠡᠷ ᠬᠥᠮᠦᠵᠢᠭᠦᠯᠦᠨ᠎ᠡ᠃ | ᠬᠦᠷᠢᠶᠡᠯᠡᠩ ᠲᠣᠭᠤᠷᠢᠭ ᠢ ᠪᠥᠲᠦᠭᠡᠨ ᠪᠠᠶᠢᠭᠤᠯᠬᠤ ᠰᠠᠭᠤᠷᠢ ᠮᠥᠩᠭᠦ ᠪᠠ ᠠᠵᠤ ᠦᠢᠯᠡᠰ ᠢ ᠳᠡᠮᠵᠢᠬᠦ ᠰᠠᠭᠤᠷᠢ ᠮᠥᠩᠭᠦ ᠶᠢ ᠰᠠᠶᠢᠲᠤᠷ ᠬᠡᠷᠡᠭᠯᠡᠵᠦ᠂ ᠡᠯ᠎ᠡ | ᠬᠦᠷᠢᠶᠡᠯᠡᠩ ᠲᠣᠭᠤᠷᠢᠭ ᠤᠨ ᠰᠠᠭᠤᠷᠢ ᠪᠡᠯᠡᠳᠬᠡᠮᠵᠢ ᠶᠢ ᠪᠦᠷᠢᠨᠰᠢᠭᠦᠯᠵᠤ᠂ ᠠᠵᠤ ᠦᠢᠯᠡᠰ ᠤᠨ ᠲᠥᠪᠯᠡᠷᠡᠨ ᠪᠥᠭᠡᠮᠨᠡᠷᠡᠭᠦᠯᠬᠦ ᠶᠢ ᠠᠬᠢᠭᠤᠯᠤᠨ᠎ᠠ᠃ | ᠤᠳᠤᠷᠢᠳᠤᠯᠭ᠎ᠠ ᠠᠴᠠ ᠭᠤᠣᠯᠳᠠᠯᠭ᠎ᠠ ᠲᠠᠢ ᠠᠵᠤ ᠠᠬᠤᠶᠢᠯᠠᠯ ᠢ ᠳᠠᠭᠠᠭᠠᠴᠢᠯᠠᠬᠤ ᠳᠦᠷᠢᠮ ᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠳᠠᠬᠢ | ᠦᠢᠯᠡᠴᠢᠯᠡᠭᠡ ᠪᠠᠨ ᠴᠢᠩᠭᠠᠳᠬᠠᠵᠤ᠂ ᠵᠠᠭᠤᠨ ᠳ᠋ᠦᠩᠰᠢᠭᠤᠷ ᠲᠥᠭᠦᠷᠢᠭ ᠤᠨ ᠳᠡᠰ ᠂ 80 ᠳ᠋ᠦᠩᠰᠢᠭᠤᠷ ᠲᠥᠭᠦᠷᠢᠭ ᠤᠨ ᠳᠡᠰ᠂50 ᠳ᠋ᠦᠩᠰᠢᠭᠤᠷ ᠲᠥᠭᠦᠷᠢᠭ | ᠤᠨ ᠳᠡᠰ ᠤᠨ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠲᠤᠰᠪᠦᠷᠢ 2 ᠢ ᠰᠢᠨ᠎ᠡ ᠪᠠᠷ ᠨᠡᠮᠡᠵᠤ᠂ ᠲᠤᠰᠬᠠᠶᠢᠵᠢᠭᠰᠠᠨ ᠨᠠᠷᠢᠯᠢᠭᠵᠢᠭᠰᠠᠨ ᠣᠨᠴᠠᠭᠠᠶᠢᠵᠢᠭᠰᠠᠨ | ᠰᠢᠨ᠎ᠡ ᠬᠡᠯᠪᠡᠷᠢ ᠶᠢᠨ《 ᠪᠢᠴᠢᠬᠠᠨ ᠠᠪᠤᠷᠭᠤ ᠬᠥᠮᠦᠨ》 ᠠᠵᠤ ᠠᠬᠤᠶᠢᠯᠠᠯ ᠢ3 ᠠᠴᠠ5 ᠶᠢ ᠰᠢᠨ᠎ᠡ ᠪᠠᠷ ᠨᠡᠮᠡᠵᠤ ᠪᠠᠶᠢᠭᠤᠯᠬᠤ ᠪᠠᠷ ᠴᠢᠷᠮᠠᠶᠢᠨ᠎ᠠ᠃ | ︵ᠳᠥᠷᠪᠡ︶ ᠣᠳᠣ ᠦᠶ᠎ᠡ ᠶᠢᠨ ᠦᠢᠯᠡᠴᠢᠯᠡᠭᠡᠨ ᠤ ᠠᠵᠤ ᠦᠢᠯᠡᠰ ᠢ ᠬᠦᠴᠦᠯᠡᠨ ᠬᠥᠭᠵᠢᠭᠦᠯᠦᠨ᠎ᠡ᠃ | ᠮᠠᠨ ᠤ ᠬᠤᠲᠠ ᠶᠢᠨ ᠥᠪᠡᠷᠮᠢᠴᠡ ᠣᠨᠴᠠᠯᠢᠭ ᠪᠥᠬᠦᠢ ᠰᠣᠶᠣᠯ ᠤᠨ ᠡᠬᠢ ᠪᠠᠶᠠᠯᠢᠭ ᠲᠤ ᠲᠤᠯᠭᠠᠭᠤᠷᠢᠯᠠᠵᠤ᠂ ᠰᠣᠶᠣᠯ ᠤᠨ ᠠᠵᠤ ᠦᠢᠯᠡᠰ᠂ ᠬᠤᠷᠠᠯ | ᠦᠵᠡᠰᠬᠦᠯᠡᠩ ᠤᠨ ᠠᠵᠤ ᠠᠬᠤᠢ᠂ ᠤᠳᠬ᠎ᠠ ᠤᠷᠠᠯᠢᠭ ᠪᠡᠶ᠎ᠡ ᠶᠢᠨ ᠲᠠᠮᠢᠷ ᠤᠨ ᠤᠷᠤᠯᠳᠤᠭᠠᠨ ᠵᠡᠷᠭᠡ ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ ᠶᠢᠨ | ᠪᠠᠶᠢᠳᠠᠯ ᠢ ᠪᠠᠶᠠᠯᠢᠭᠵᠢᠭᠤᠯᠤᠨ ᠪᠤᠵᠠᠭᠠᠶᠢᠷᠠᠭᠤᠯᠵᠤ᠂ ᠳᠤᠮᠳᠠᠳᠤ ᠤᠯᠤᠰ ᠤᠨ ᠲᠠᠯ᠎ᠠ ᠨᠤᠲᠤᠭ ᠤᠨ ᠰᠣᠶᠣᠯ ᠤᠨ ᠲᠥᠪ ᠣᠷᠤᠨ ᠢ ᠪᠠᠶᠢᠭᠤᠯᠤᠨ᠎ᠠ᠃ ᠥᠪᠦᠷ | ᠮᠣᠩᠭᠤᠯ ᠤᠨ ᠳᠠᠭᠤᠤ ᠬᠥᠭᠵᠢᠮ ᠤᠨ ᠲᠠᠩᠬᠢᠮ᠂ ᠹᠧᠩᠵᠸᠤ ᠡᠷᠲᠡᠨ ᠤ ᠬᠤᠲᠠ ᠶᠢᠨ ᠪᠠᠭᠤᠷᠢ ᠶᠢᠨ ᠴᠡᠴᠡᠷᠯᠢᠭ᠂《 ᠲᠠᠯ᠎ᠠ ᠨᠤᠲᠤᠭ ᠤᠨ ᠡᠵᠢ ᠪᠠ | ᠤᠯᠤᠰ ᠤᠨ ᠬᠡᠤᠬᠡᠳ》ᠰᠣᠶᠣᠯ ᠤᠨ ᠴᠡᠴᠡᠷᠯᠢᠭ᠂ ᠥᠪᠦᠷ ᠮᠣᠩᠭᠤᠯ ᠤᠨ ᠺᠢᠨᠤ᠋ ᠲᠧᠯᠸᠢᠰ ᠰᠣᠶᠣᠯ ᠤᠨ ᠠᠵᠤ ᠦᠢᠯᠡᠰ ᠤᠨ ᠰᠢᠨᠵᠢᠯᠡᠭᠡ ᠮᠡᠷᠭᠡᠵᠢᠯ ᠤᠨ | ᠬᠤᠲᠠ ᠵᠡᠷᠭᠡ ᠲᠥᠷᠦᠯ ᠵᠦᠢᠯ ᠤᠨ ᠪᠥᠲᠦᠭᠡᠨ ᠪᠠᠶᠢᠭᠤᠯᠤᠯᠲᠠ ᠶᠢ ᠲᠥᠷᠭᠡᠳᠬᠡᠵᠤ᠂ ᠰᠢᠩ ᠭᠤᠸᠠᠩ ᠺᠢᠨᠤ᠋ ᠲᠧᠯᠸᠢᠰ ᠤᠨ ᠰᠠᠭᠤᠷᠢᠨ ᠭᠠᠵᠠᠷ᠂ ᠷᠦᠩ ᠴᠤᠸᠠᠩ | ᠴᠢᠨ᠋ᠸ᠎ᠠ ᠲᠣᠲ᠋ᠧᠮ ᠪᠠᠯᠭᠠᠰᠤ᠂ ᠵᠦᠩ ᠭᠤᠸᠠᠨ ᠼᠦᠨ ᠰᠣᠶᠣᠯ ᠤᠨ ᠰᠢᠨ᠎ᠡ ᠶᠢ ᠡᠭᠦᠳᠬᠦ ᠠᠵᠤ ᠦᠢᠯᠡᠰ ᠤᠨ ᠬᠦᠷᠢᠶᠡᠯᠡᠩ᠂ ᠲᠠᠩᠱᠠᠨ ᠾᠦᠩ ᠸᠧᠨ | ᠣᠨᠴᠠᠭᠠᠢ ᠲᠥᠷᠦᠯ ᠤᠨ ᠮᠠᠰᠢᠨ ᠬᠥᠮᠦᠨ᠂ ᠲᠠᠯ᠎ᠠ ᠨᠤᠲᠤᠭ ᠤᠨ ᠦᠨᠳᠦᠰᠦ᠂ ᠠᠳᠤᠭᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠵᠡᠷᠭᠡ ᠲᠥᠷᠦᠯ | ᠵᠦᠢᠯ ᠤᠨ ᠨᠠᠶᠢᠳᠠᠪᠤᠷᠢᠵᠢᠬᠤ ᠶᠢ ᠠᠬᠢᠭᠤᠯᠤᠨ᠎ᠠ᠃ ᠵᠣᠣ ᠵᠢᠶᠦ᠋ᠨ ᠰᠣᠶᠣᠯ ᠤᠨ ᠨᠠᠶᠢᠷ᠂ ᠴᠥᠬᠡᠨ ᠲᠣᠭᠠᠲᠤ ᠦᠨᠳᠦᠰᠦᠲᠡᠨ ᠤ ᠰᠣᠶᠣᠯ ᠵᠢᠭᠤᠯᠴᠢᠯᠠᠯ | ᠤᠷᠠᠯᠢᠭ ᠤᠨ ᠬᠦᠳᠡᠯᠭᠡᠭᠡᠨ ᠢ ᠦᠷᠬᠦᠯᠵᠢᠯᠡᠨ ᠰᠠᠶᠢᠲᠤᠷ ᠬᠢᠵᠤ᠂ ᠳᠤᠮᠳᠠᠳᠤ ᠤᠯᠤᠰ ᠤᠨ ᠣᠯᠠᠨ ᠤᠯᠤᠰ ᠤᠨ ᠠᠷᠠᠳ ᠤᠨ ᠤᠷᠠᠯᠢᠭ ᠤᠨ ᠨᠠᠶᠢᠷ ᠢ ᠰᠠᠶᠢᠲᠤᠷ | ᠳᠠᠭᠠᠭᠠᠴᠢᠯᠠᠨ ᠡᠷᠬᠢᠯᠡᠨ᠎ᠡ᠃ ᠵᠢᠭᠤᠯᠴᠢᠯᠠᠯ ᠤᠨ ᠬᠥᠭᠵᠢᠯᠲᠡ ᠪᠣᠯᠤᠨ ᠣᠯᠠᠨ ᠲᠦᠮᠡᠨ ᠤ ᠱᠠᠭᠠᠷᠳᠠᠯᠭ᠎ᠠ ᠳᠤ ᠵᠣᠬᠢᠴᠠᠭᠤᠯᠵᠤ᠂ ᠨᠢᠭᠡ ᠪᠥᠯᠦᠭ ᠰᠣᠳᠤᠨ | ᠵᠦᠴᠦᠭᠡ᠂ ᠤᠷᠠᠨ ᠵᠣᠬᠢᠶᠠᠯ ᠪᠠ ᠤᠷᠠᠯᠢᠭ ᠤᠨ ᠪᠥᠲᠦᠭᠡᠯ ᠢ ᠡᠭᠦᠳᠦᠨ ᠪᠥᠲᠦᠭᠡᠨ᠎ᠡ᠃ ᠲᠡᠤᠬᠡ ᠰᠣᠶᠣᠯ ᠤᠨ ᠵᠡᠭᠡᠯᠢ ᠭᠤᠳᠤᠮᠵᠢ᠂ ᠲᠡᠤᠬᠡ ᠶᠢᠨ ᠪᠠᠷᠢᠯᠭ᠎ᠠ ᠶᠢ | ᠬᠤᠪᠢᠶᠠᠷᠢᠯᠠᠨ ᠲᠣᠭᠲᠠᠭᠠᠬᠤ ᠠᠵᠢᠯ ᠢ ᠡᠬᠢᠯᠡᠭᠦᠯᠵᠤ᠂ ᠲᠡᠤᠬᠡ ᠶᠢᠨ ᠪᠠᠷᠢᠯᠭ᠎ᠠ ᠶᠢᠨ ᠢᠯᠡᠷᠬᠡᠶᠢᠯᠡᠯ ᠡᠯᠭᠦᠵᠤ ᠳᠠᠩᠰᠠ ᠡᠪᠬᠡᠮᠡᠯ ᠪᠠᠶᠢᠭᠤᠯᠬᠤ ᠶᠢ ᠪᠡᠶᠡᠯᠡᠭᠦᠯᠦᠨ᠎ᠡ ᠃ | ᠣᠶᠢᠯᠠᠯᠭ᠎ᠠ ᠨᠠᠶᠢᠷᠠᠭᠤᠯᠬᠤ ᠲᠣᠯᠢ ᠪᠤᠯᠭᠠᠬᠤ ᠠᠵᠢᠯ ᠢ ᠰᠠᠶᠢᠲᠤᠷ ᠬᠢᠨ᠎ᠡ᠃ ᠡᠯ᠎ᠡ ᠲᠥᠷᠦᠯ ᠤᠨ ᠰᠣᠶᠣᠯ ᠤᠨ ᠣᠷᠳᠤᠨ ᠤ ᠦᠢᠯᠡᠴᠢᠯᠡᠭᠡᠨ ᠤ ᠴᠢᠳᠠᠮᠵᠢ ᠶᠢ | ᠪᠦᠷᠢᠨᠰᠢᠭᠦᠯᠵᠤ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠬᠢᠷᠢ ᠲᠥᠪᠰᠢᠨ ᠢ ᠳᠡᠭᠡᠭᠰᠢᠯᠡᠭᠦᠯᠦᠨ᠎ᠡ᠃ ᠳᠣᠮᠳᠠᠳᠤ ᠮᠣᠩᠭᠤᠯ ᠤᠨ | ᠦᠵᠡᠰᠬᠦᠯᠡᠩ ᠤᠨ ᠴᠣᠭᠯᠠᠭᠠᠨ ᠤ ᠡᠭᠦᠷᠢᠳᠡ ᠶᠢᠨ ᠴᠢᠨᠠᠷᠲᠠᠢ ᠣᠯᠠᠨ ᠤᠯᠤᠰ ᠤᠨ ᠦᠵᠡᠰᠬᠦᠯᠡᠩ ᠤᠨ ᠲᠥᠪ ᠢ ᠡᠬᠢᠯᠡᠨ ᠪᠥᠲᠦᠭᠡᠨ ᠪᠠᠶᠢᠭᠤᠯᠵᠤ᠂ ᠬᠤᠷᠠᠯ | ᠦᠵᠡᠰᠬᠦᠯᠡᠩ ᠤᠨ ᠠᠵᠤ ᠦᠢᠯᠡᠰ ᠤᠨ ᠵᠠᠬ᠎ᠠ ᠳᠡᠯᠭᠡᠭᠦᠷᠴᠢᠯᠡᠬᠦ᠂ ᠲᠤᠰᠬᠠᠶᠢᠵᠢᠬᠤ᠂ ᠣᠯᠠᠨ ᠤᠯᠤᠰᠴᠢᠯᠠᠬᠤ ᠶᠢ ᠠᠬᠢᠭᠤᠯᠵᠤ᠂ ᠣᠯᠠᠨ ᠤᠯᠤᠰ ᠤᠨ ᠠᠮᠲᠠᠲᠤ | ᠢᠳᠡᠭᠡᠨ ᠤ ᠦᠵᠡᠰᠬᠦᠯᠡᠩ᠂ ᠣᠯᠠᠨ ᠤᠯᠤᠰ ᠤᠨ ᠮᠠᠰᠢᠨ ᠲᠡᠷᠭᠡᠨ ᠤ ᠦᠵᠡᠰᠬᠦᠯᠡᠩ᠂ ᠪᠣᠬᠢᠷᠳᠤᠯ ᠦᠭᠡᠢ ᠲᠠᠷᠢᠶᠠᠯᠠᠩ ᠤᠨ ᠪᠥᠲᠦᠭᠡᠭᠳᠡᠬᠦᠨ ᠮᠠᠯ ᠤᠨ ᠠᠰᠢᠭ | ᠰᠢᠮ᠎ᠡ ᠶᠢᠨ ᠦᠵᠡᠰᠬᠦᠯᠡᠩ ᠵᠡᠷᠭᠡ ᠬᠤᠷᠠᠯ ᠦᠵᠡᠰᠬᠦᠯᠡᠩ ᠤᠨ ᠬᠢᠷᠢ ᠲᠥᠪᠰᠢᠨ ᠢ ᠳᠡᠭᠡᠭᠰᠢᠯᠡᠭᠦᠯᠵᠦ᠂ ᠠᠩᠬᠠᠳᠠᠭᠴᠢ ᠬᠤᠭᠤᠴᠠᠭᠠᠨ ᠤ ᠥᠪᠦᠷ ᠮᠣᠩᠭᠤᠯ ᠤᠨ | ᠣᠯᠠᠨ ᠤᠯᠤᠰ ᠤᠨ ᠠᠳᠤᠭᠤᠨ ᠰᠤᠶᠤᠯ ᠤᠨ ᠦᠵᠡᠰᠬᠦᠯᠡᠩ ᠢ ᠡᠷᠬᠢᠯᠡᠨ ᠶᠠᠪᠤᠭᠳᠠᠭᠤᠯᠤᠨ᠎ᠠ᠃ ᠤᠯᠤᠰ ᠤᠨ ᠲᠣᠲᠤᠭᠠᠳᠤ ᠭᠠᠳᠠᠭᠠᠳᠤ ᠶᠢᠨ ᠨᠡᠷᠡᠲᠦ ᠲᠥᠷᠦᠯ | ᠲᠡᠮᠳᠡᠭᠲᠦ ᠶᠢᠨ ᠤᠷᠤᠯᠳᠤᠭᠠᠨ ᠢ ᠢᠳᠡᠪᠬᠢᠲᠠᠢ ᠲᠠᠲᠠᠨ ᠣᠷᠤᠭᠤᠯᠵᠤ᠂ ᠰᠢᠨ᠎ᠡ ᠡᠨᠧᠷᠭᠢ ᠶᠢᠨ ᠮᠠᠰᠢᠨ ᠲᠡᠷᠭᠡ ᠶᠢᠨ ᠤᠷᠤᠯᠳᠤᠭᠠᠨ᠂ ᠬᠦᠬᠡᠬᠤᠲᠠ ᠶᠢᠨ ᠣᠯᠠᠨ | ᠤᠯᠤᠰ ᠤᠨ ᠮᠠᠷᠠᠽᠤᠨ ᠤ ᠤᠷᠤᠯᠳᠤᠭᠠᠨ ᠵᠡᠷᠭᠡ ᠨᠥᠯᠦᠭᠡ ᠶᠡᠬᠡᠲᠠᠢ ᠤᠷᠤᠯᠳᠤᠭᠠᠨ ᠤ ᠠᠵᠢᠯᠯᠠᠭ᠎ᠠ ᠶᠢ ᠰᠠᠶᠢᠲᠤᠷ ᠡᠷᠬᠢᠯᠡᠵᠦ᠂ ᠪᠡᠶ᠎ᠡ ᠶᠢᠨ ᠲᠠᠮᠢᠷ ᠤᠨ ᠠᠵᠤ | ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ | ᠮᠥᠩᠭᠦᠨ ᠭᠦᠢᠯᠭᠡᠭᠡᠨ ᠤ ᠦᠢᠯᠡᠴᠢᠯᠡᠭᠡ ᠶᠢᠨ ᠪᠤᠳᠠᠳᠤ ᠠᠵᠤ ᠠᠬᠤᠢ ᠶᠢᠨ ᠲᠥᠷᠦ ᠶᠢᠨ ᠪᠣᠳᠤᠯᠭ᠎ᠠ ᠶᠢ ᠲᠡᠭᠦᠯᠳᠡᠷᠵᠢᠭᠦᠯᠵᠦ᠂ ᠮᠥᠩᠭᠦᠨ ᠭᠦᠢᠯᠭᠡᠭᠡ ᠶᠢᠨ | ᠦᠢᠯᠡᠴᠢᠯᠡᠭᠡᠨ ᠤ ᠲᠦᠭᠡᠮᠡᠯ ᠬᠠᠷᠠᠭᠠᠯᠵᠠᠬᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠣᠷᠤᠨ ᠨᠤᠲᠤᠭ ᠤᠨ ᠴᠢᠨᠠᠷᠲᠠᠢ ᠴᠢᠬᠤᠯᠠ ᠮᠥᠩᠭᠦᠨ | ᠭᠦᠢᠯᠭᠡᠭᠡᠨ ᠤ ᠠᠷᠠᠯᠵᠢᠶ᠎ᠠ ᠶᠢᠨ ᠳ᠋ᠦᠩᠨᠡᠨ ᠪᠣᠳᠤᠬᠤ ᠲᠥᠪ ᠢ ᠪᠥᠲᠦᠭᠡᠨ ᠪᠠᠶᠢᠭᠤᠯᠤᠨ᠎ᠠ᠃ ᠵᠦᠩ ᠯᠢᠶᠠᠩ ᠯᠢᠶᠠᠨ᠂ ᠵᠦᠩ ᠺᠦᠨ ᠵᠢᠤᠢ ᠯᠢᠨ ᠳᠤᠮᠳᠠᠳᠤ | ᠣᠷᠤᠰ ᠮᠣᠩᠭᠤᠯ ᠤᠨ ᠰᠠᠭᠤᠷᠢᠨ ᠭᠠᠵᠠᠷ ᠵᠡᠷᠭᠡ ᠠᠷᠠᠯᠵᠢᠶᠠᠨ ᠤ ᠲᠠᠪᠴᠠᠩ ᠤᠨ ᠪᠥᠲᠦᠭᠡᠨ ᠪᠠᠶᠢᠭᠤᠯᠤᠯᠲᠠ ᠶᠢ ᠠᠬᠢᠭᠤᠯᠵᠤ᠂ ᠭᠤᠸᠠᠩ ᠹᠠ᠂ ᠵᠧ ᠱᠠᠩ᠂ | ᠫᠢᠩ ᠠᠨ ᠪᠠᠩᠬᠢ ᠵᠡᠷᠭᠡ ᠮᠥᠩᠭᠦᠨ ᠭᠦᠢᠯᠭᠡᠭᠡᠨ ᠤ ᠠᠵᠤ ᠠᠬᠤᠶᠢᠯᠠᠯ ᠤᠨ ᠮᠠᠨ ᠤ ᠬᠤᠲᠠ ᠳᠤ ᠬᠤᠪᠢᠶᠠᠷᠢ ᠪᠠᠶᠢᠭᠤᠯᠤᠮᠵᠢ ᠪᠠᠶᠢᠭᠤᠯᠬᠤ᠂ ᠳᠤᠮᠳᠠᠳᠤ | ᠤᠯᠤᠰ ᠤᠨ ᠪᠥᠲᠦᠭᠡᠨ ᠪᠠᠶᠢᠭᠤᠯᠤᠯᠲᠠ ᠶᠢᠨ ᠪᠠᠩᠬᠢ᠂ ᠳᠤᠮᠳᠠᠳᠤ ᠤᠯᠤᠰ ᠤᠨ ᠪᠠᠩᠬᠢ᠂ ᠰᠢᠤᠳᠠᠨ ᠤ ᠬᠠᠳᠠᠭᠠᠯᠠᠮᠵᠢ ᠶᠢᠨ ᠪᠠᠩᠬᠢ᠂ ᠥᠪᠦᠷ ᠮᠣᠩᠭᠤᠯ ᠤᠨ | ᠪᠠᠩᠬᠢ ᠵᠡᠷᠭᠡ ᠶᠢᠨ ᠬᠤᠰᠢᠭᠤ ᠰᠢᠶᠠᠨ ᠳᠤ ᠰᠠᠯᠪᠤᠷᠢ ᠪᠠᠩᠬᠢ ᠪᠠᠶᠢᠭᠤᠯᠬᠤ ᠶᠢ ᠲᠦᠯᠬᠢᠨ ᠠᠬᠢᠭᠤᠯᠤᠨ᠎ᠠ᠃ ᠠᠵᠤ ᠠᠬᠤᠶᠢᠯᠠᠯ ᠤᠨ ᠰᠲ᠋ᠤᠺ ᠤᠨ ᠵᠠᠬ᠎ᠠ | ᠳᠡᠯᠭᠡᠭᠦᠷ ᠲᠤ ᠭᠠᠷᠴᠤ ᠢᠯᠡᠷᠬᠡᠶᠢᠯᠡᠯ ᠡᠯᠭᠦᠨ ᠱᠠᠩᠨᠠᠨ ᠨᠥᠬᠦᠪᠦᠷᠢ ᠥᠭᠬᠦ ᠲᠥᠷᠦ ᠶᠢᠨ ᠪᠣᠳᠤᠯᠭ᠎ᠠ ᠶᠢ ᠪᠦᠷᠢᠨᠰᠢᠭᠦᠯᠵᠤ᠂ ᠵᠠᠬ᠎ᠠ ᠳᠡᠯᠭᠡᠭᠦᠷ ᠤᠨ ᠭᠠᠳᠠᠨ᠎ᠠ | ᠬᠥᠮᠦᠵᠢᠭᠦᠯᠬᠦ ᠶᠢ ᠴᠢᠩᠭᠠᠳᠬᠠᠵᠤ᠂2 ᠠᠵᠤ ᠠᠬᠤᠶᠢᠯᠠᠯ ᠢ ᠦᠨᠡᠲᠦ ᠲᠡᠮᠳᠡᠭᠲᠦ ᠶᠢᠨ ᠭᠤᠣᠯ ᠵᠠᠬ᠎ᠠ ᠳᠡᠯᠭᠡᠭᠦᠷ᠂ ᠦᠨᠡᠲᠦ ᠲᠡᠮᠳᠡᠭᠲᠦ ᠶᠢᠨ ᠰᠢᠨ᠎ᠡ ᠭᠤᠷᠪᠳᠤᠭᠠᠷ | ᠵᠠᠬ᠎ᠠ ᠳᠡᠯᠭᠡᠭᠦᠷ ᠲᠤ ᠭᠠᠷᠴᠤ᠂11 ᠠᠵᠤ ᠠᠬᠤᠶᠢᠯᠠᠯ ᠢ ᠥᠪᠡᠷᠲᠡᠭᠡᠨ ᠵᠠᠰᠠᠬᠤ ᠣᠷᠤᠨ ᠤ ᠬᠤᠪᠢᠴᠠᠭᠠᠨ ᠤ ᠡᠷᠬᠡ ᠶᠢᠨ ᠠᠷᠠᠯᠵᠢᠶᠠᠨ ᠤ ᠲᠥᠪ ᠲᠤ | ᠢᠯᠡᠷᠬᠡᠶᠢᠯᠡᠯ ᠡᠯᠭᠦᠬᠦ ᠶᠢ ᠠᠬᠢᠭᠤᠯᠤᠨ᠎ᠠ᠃ | ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭ᠎ᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠤᠨ ᠪᠥᠲᠦᠭᠡᠨ ᠪᠠᠶᠢᠭᠤᠯᠤᠯᠲᠠ ᠶᠢ ᠰᠠᠶᠢᠲᠤᠷ | ᠠᠳᠬᠤᠵᠤ᠂《 ᠬᠤᠶᠠᠷ ᠠᠷᠠᠯ ᠭᠤᠷᠪᠠᠨ ᠣᠷᠤᠨ》 ᠤ ᠦᠨᠳᠦᠰᠦᠨ ᠢᠵᠢ ᠪᠦᠷᠢᠳᠦᠭᠦᠯᠬᠦ ᠶᠢ ᠰᠠᠶᠢᠵᠢᠷᠠᠭᠤᠯᠤᠨ ᠳᠡᠭᠡᠭᠰᠢᠯᠡᠭᠦᠯᠵᠦ᠂ ᠣᠪᠣᠭ᠎ᠠ ᠲᠦᠷᠭᠡᠨ | ᠢᠯᠡᠭᠡᠮᠵᠢ ᠶᠢᠨ ᠡᠯᠧᠺᠲᠷᠤᠨ ᠬᠤᠳᠠᠯᠳᠤᠭ᠎ᠠ ᠶᠢᠨ ᠠᠵᠤ ᠦᠢᠯᠡᠰ ᠤᠨ ᠬᠦᠷᠢᠶᠡᠯᠡᠩ ᠢ ᠥᠭᠡᠷᠡᠴᠢᠯᠡᠨ ᠳᠡᠰ ᠳᠡᠪᠰᠢᠭᠦᠯᠵᠦ᠂ ᠵᠢᠶᠠ ᠨᠠᠨ ᠶᠦᠨ ᡁᠢ ᠲᠣᠮᠤ | ᠳ᠋ᠠᠶᠢᠲ᠋ᠠ᠂ ᠱᠧᠨ ᠲᠦᠩ ᠲᠦᠷᠭᠡᠨ ᠢᠯᠡᠭᠡᠮᠵᠢ ᠶᠢᠨ ᠣᠶᠤᠨᠲᠤ ᠪᠠᠷᠠᠭᠠᠨ ᠤ ᠭᠦᠢᠯᠭᠡᠭᠡ᠂ ᠹᠷᠠᠨᠼᠢ ᠶᠢᠨ ᠲᠦᠷᠭᠡᠨ ᠢᠯᠡᠭᠡᠮᠵᠢ ᠶᠢᠨ ᠬᠢᠯᠢ ᠠᠯᠤᠰᠯᠠᠭᠰᠠᠨ ᠪᠠᠷᠠᠭ᠎ᠠ | ᠲᠠᠸᠠᠷ ᠢ ᠲᠥᠪᠯᠡᠷᠡᠭᠦᠯᠦᠨ ᠲᠠᠷᠬᠠᠭᠠᠬᠤ ᠲᠥᠪ ᠵᠡᠷᠭᠡ ᠲᠥᠷᠦᠯ ᠵᠦᠢᠯ ᠤᠨ ᠨᠠᠶᠢᠳᠠᠪᠤᠷᠢᠵᠢᠬᠤ ᠶᠢ ᠠᠬᠢᠭᠤᠯᠵᠤ᠂ ᠡᠯᠧᠺᠲᠷᠤᠨ ᠬᠤᠳᠠᠯᠳᠤᠭ᠎ᠠ ᠶᠢᠨ | ᠬᠥᠭᠵᠢᠯᠲᠡ ᠶᠢ ᠪᠥᠬᠦ ᠲᠠᠯ᠎ᠠ ᠪᠠᠷ ᠲᠥᠷᠭᠡᠳᠬᠡᠵᠤ᠂ ᠡᠯᠧᠺᠲᠷᠤᠨ ᠬᠤᠳᠠᠯᠳᠤᠭ᠎ᠠ ᠶᠢᠨ ᠠᠷᠠᠯᠵᠢᠶᠠᠨ ᠤ ᠮᠥᠩᠭᠦ ᠶᠢ1000 ᠳ᠋ᠦᠩᠰᠢᠭᠤᠷ ᠠᠴᠠ ᠳᠡᠭᠡᠭᠰᠢ | ᠪᠠᠶᠢᠯᠭᠠᠬᠤ ᠶᠢ ᠪᠡᠶᠡᠯᠡᠭᠦᠯᠦᠨ᠎ᠡ᠃ ᠬᠤᠲᠠ ᠬᠦᠳᠡᠭᠡ ᠶᠢᠨ ᠪᠠᠷᠠᠭ᠎ᠠ ᠶᠢᠨ ᠭᠦᠢᠯᠭᠡᠭᠡ ᠶᠢᠨ ᠲᠣᠬᠢᠷᠠᠭᠤᠯᠤᠨ ᠬᠦᠷᠭᠡᠬᠦ ᠰᠢᠰᠲ᠋ᠧᠮᠵᠢ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂100 ᠲᠦᠷᠭᠡᠨ ᠢᠯᠡᠭᠡᠮᠵᠢ ᠶᠢᠨ ᠲᠣᠬᠢᠷᠠᠭᠤᠯᠤᠨ ᠬᠦᠷᠭᠡᠬᠦ ᠲᠣᠣᠷ ᠴᠡᠭ ᠢ ᠰᠢᠨ᠎ᠡ ᠪᠠᠷ ᠨᠡᠮᠡᠨ᠎ᠡ᠃ | ᠬᠠᠮ ᠵᠢᠭᠤᠯᠴᠢᠯᠠᠯ᠂ ᠳᠦᠷᠪᠡᠨ ᠤᠯᠠᠷᠢᠯ ᠤᠨ ᠵᠢᠭᠤᠯᠴᠢᠯᠠᠯ ᠢ ᠠᠬᠢᠭᠤᠯᠵᠤ᠂ ᠣᠶᠤᠨᠲᠤ ᠵᠢᠭᠤᠯᠴᠢᠯᠠᠯ ᠶᠡᠷᠦᠩᠬᠡᠶᠢᠯᠡᠭᠰᠡᠨ ᠦᠢᠯᠡᠴᠢᠯᠡᠭᠡᠨ ᠤ | ᠲᠠᠪᠴᠠᠩ ᠢ ᠪᠠᠶᠢᠭᠤᠯᠵᠤ᠂ ᠵᠢᠭᠤᠯᠴᠢᠯᠠᠯ ᠤᠨ ᠰᠠᠭᠤᠷᠢ ᠪᠡᠯᠡᠳᠬᠡᠮᠵᠢ ᠶᠢ ᠲᠡᠭᠦᠯᠳᠡᠷᠵᠢᠭᠦᠯᠵᠦ᠂5A ᠳᠡᠰ᠂4A ᠳᠡᠰ ᠤᠨ ᠦᠵᠡᠮᠵᠢ ᠶᠢᠨ ᠣᠷᠤᠨ ᠢ ᠡᠭᠦᠳᠦᠨ | ᠪᠠᠶᠢᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠤᠨ᠎ᠠ᠃ ᠡᠷᠡᠭᠦᠯᠵᠢᠭᠦᠯᠦᠨ ᠰᠣᠪᠢᠯᠠᠬᠤ ᠠᠵᠤ ᠦᠢᠯᠡᠰ ᠢ ᠬᠦᠴᠦᠯᠡᠨ ᠬᠥᠭᠵᠢᠭᠦᠯᠵᠦ᠂ | ᠾᠧᠩ ᠳ᠋ᠠ ᠪᠡᠶ᠎ᠡ ᠰᠣᠪᠢᠯᠠᠯᠲᠠ ᠶᠢᠨ ᠬᠦᠨᠳᠡᠢ᠂ ᠤᠯᠤᠰ ᠤᠨ ᠡᠷᠡᠭᠦᠯᠵᠢᠭᠦᠯᠬᠦ ᠳᠤ ᠲᠤᠰᠠᠯᠠᠬᠤ ᠪᠠᠭᠠᠵᠢ ᠬᠡᠷᠡᠭᠰᠡᠯ ᠤᠨ ᠠᠵᠤ ᠦᠢᠯᠡᠰ ᠤᠨ ᠬᠦᠷᠢᠶᠡᠯᠡᠩ ᠵᠡᠷᠭᠡ | ᠲᠥᠷᠦᠯ ᠵᠦᠢᠯ ᠤᠨ ᠪᠥᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠭᠡᠷ ᠲᠡᠭᠡᠨ ᠪᠡᠶ᠎ᠡ ᠰᠣᠪᠢᠯᠠᠬᠤ ᠦᠢᠯᠡᠴᠢᠯᠡᠭᠡᠨ ᠤ ᠰᠢᠰᠲ᠋ᠧᠮᠵᠢ ᠶᠢᠨ ᠪᠥᠲᠦᠭᠡᠨ | ᠪᠠᠶᠢᠭᠤᠯᠤᠯᠲᠠ ᠶᠢ ᠠᠬᠢᠭᠤᠯᠵᠤ᠂ ᠨᠡᠶᠢᠭᠡᠮ ᠲᠣᠭᠤᠷᠢᠭ ᠤᠨ ᠨᠠᠰᠤᠲᠠᠨ ᠢ ᠠᠰᠠᠷᠠᠬᠤ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠵᠢᠱᠢᠶ᠎ᠡ | ᠦᠵᠡᠭᠦᠯᠬᠦ ᠴᠢᠨᠠᠷᠲᠠᠢ ᠨᠠᠰᠤᠲᠠᠶᠢᠴᠤᠳ ᠤᠨ ᠣᠷᠤᠨ ᠰᠠᠭᠤᠴᠠ ᠶᠢ ᠠᠰᠢᠭᠯᠠᠯᠲᠠ ᠳᠤ ᠣᠷᠤᠭᠤᠯᠵᠤ᠂ ᠨᠠᠰᠤᠲᠠᠶᠢᠴᠤᠳ ᠰᠠᠭᠤᠵᠤ ᠪᠠᠶᠢᠭ᠎ᠠ ᠬᠠᠷᠢᠴᠠᠯ ᠢᠶᠠᠷ | ᠥᠨᠳᠦᠷ ᠰᠠᠭᠤᠭᠠᠯᠢ ᠠᠷᠠᠳ ᠤᠨ ᠠᠰᠠᠷ ᠲᠤ 40 ᠴᠠᠬᠢᠯᠭᠠᠨ ᠱᠠᠲᠤ ᠤᠭᠰᠠᠷᠠᠨ᠎ᠠ᠃ | ᠬᠡᠷᠡᠭᠯᠡᠭᠡᠨ ᠤ ᠱᠠᠭᠠᠷᠳᠠᠯᠭ᠎ᠠ ᠶᠢᠨ ᠰᠢᠨ᠎ᠡ ᠬᠤᠪᠢᠷᠠᠯᠲᠠ ᠳᠤ ᠵᠣᠬᠢᠴᠠᠭᠤᠯᠤᠨ᠂ ᠬᠡᠷᠡᠭᠯᠡᠭᠡᠨ ᠤ ᠠᠵᠤ ᠦᠢᠯᠡᠰ ᠤᠨ ᠬᠤᠷᠳᠤᠴᠠ ᠪᠠᠨ ᠨᠡᠮᠡᠵᠤ ᠳᠡᠰ | ᠲᠡᠪᠰᠢᠬᠦ ᠶᠢ ᠲᠥᠷᠭᠡᠳᠬᠡᠨ᠎ᠡ᠃ ᠰᠢᠣᠢ ᠾᠦᠢ ᠪᠥᠯᠦᠭᠯᠡᠯ ᠤᠨ《 ᠭᠡᠷ ᠭᠠᠵᠠᠷ ᠬᠥᠷᠦᠩᠭᠡ ᠶᠢᠨ ᠦᠢᠯᠡᠰ+ ᠬᠡᠳᠦ ᠪᠣᠳᠤᠯᠲᠠ》ᠲᠥᠷᠦᠯ ᠵᠦᠢᠯ ᠤᠨ | ᠨᠠᠶᠢᠳᠠᠪᠤᠷᠢᠵᠢᠬᠤ ᠶᠢ ᠠᠬᠢᠭᠤᠯᠵᠤ᠂ ᠰᠢᠨᠬᠤᠸᠠ ᠲᠠᠯᠠᠪᠠᠢ ᠶᠢᠨ ᠬᠤᠳᠠᠯᠳᠤᠭᠠᠨ ᠤ ᠲᠣᠭᠤᠷᠢᠭ ᠢ ᠶᠡᠷᠦᠩᠬᠡᠶᠢᠯᠡᠨ ᠥᠭᠡᠷᠡᠴᠢᠯᠡᠨ ᠰᠠᠶᠢᠵᠢᠷᠠᠭᠤᠯᠬᠤ ᠪᠠ ᠵᠧᠨ | ᠬᠤᠸᠠ ᠬᠤᠳᠠᠯᠳᠤᠭᠠᠨ ᠤ ᠲᠥᠪ ᠤᠨ ᠲᠥᠷᠦᠯ ᠵᠦᠢᠯ ᠤᠨ ᠪᠥᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠷᠦᠩ ᠾᠧᠩ ᠲᠠᠯᠠᠪᠠᠢ᠂ ᠡᠦ ᠶᠤᠸᠢ | ᠲᠠᠯᠠᠪᠠᠢ᠂ ᠰᠢᠨ ᠲᠢᠶᠠᠨ ᠳ᠋ᠢ ᠲᠠᠯᠠᠪᠠᠢ ᠵᠡᠷᠭᠡ ᠬᠤᠳᠠᠯᠳᠤᠭᠠᠨ ᠤ ᠶᠡᠷᠦᠩᠬᠡᠶᠢᠯᠡᠭᠰᠡᠨ ᠪᠥᠲᠦᠭᠡᠨ ᠪᠠᠶᠢᠭᠤᠯᠤᠯᠲᠠ ᠶᠢ ᠨᠢᠭᠡᠳᠦᠯᠲᠠᠢ ᠲᠥᠯᠦᠪᠯᠡᠨ ᠬᠡᠷᠡᠭᠵᠢᠭᠦᠯᠵᠦ᠂ | ᠭᠡᠷ ᠭᠠᠵᠠᠷ ᠬᠥᠷᠦᠩᠭᠡ᠂ ᠠᠷᠠᠯᠵᠢᠶ᠎ᠠ ᠬᠤᠳᠠᠯᠳᠤᠭ᠎ᠠ᠂ ᠬᠤᠭᠤᠯᠨ ᠤᠮᠳᠠᠭᠠᠨ ᠵᠡᠷᠭᠡ ᠡᠵᠡᠩᠨᠡᠯᠲᠡ ᠶᠢᠨ ᠬᠡᠯᠪᠡᠷᠢ ᠶᠢᠨ ᠬᠥᠭᠵᠢᠯᠲᠡ ᠶᠢᠨ ᠬᠢᠷᠢ ᠲᠥᠪᠰᠢᠨ ᠢ | ᠳᠡᠭᠡᠭᠰᠢᠯᠡᠭᠦᠯᠦᠨ᠎ᠡ᠃ | ︵ᠲᠠᠪᠤ︶ ᠬᠤᠲᠠ ᠶᠢᠨ ᠴᠢᠳᠠᠮᠵᠢ ᠶᠢᠨ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ | ᠰᠠᠭᠤᠷᠢ ᠪᠡᠯᠡᠳᠬᠡᠮᠵᠢ ᠶᠢᠨ ᠬᠤᠷᠳᠤᠴᠠ ᠪᠠᠨ ᠨᠡᠮᠡᠵᠤ ᠳᠡᠰ ᠳᠡᠪᠰᠢᠬᠦ ᠶᠢ ᠠᠬᠢᠭᠤᠯᠤᠨ᠎ᠠ᠃ ᠬᠤᠲᠠ ᠶᠢᠨ ᠵᠠᠮ ᠲᠣᠣᠷ ᠤᠨ ᠰᠢᠰᠲ᠋ᠧᠮᠵᠢ ᠶᠢ | ᠲᠡᠭᠦᠯᠳᠡᠷᠵᠢᠭᠦᠯᠵᠦ᠂ ᠪᠠᠶᠠᠨ ᠵᠠᠮ᠂ ᠶᠢᠨ ᠬᠠᠢ ᠵᠠᠮ᠂ ᠵᠢᠷᠢᠮ ᠵᠠᠮ ᠢ ᠥᠭᠡᠷᠡᠴᠢᠯᠡᠨ ᠰᠠᠶᠢᠵᠢᠷᠠᠭᠤᠯᠬᠤ ᠢᠨᠵᠧᠨᠧᠷᠢᠩ ᠪᠠ ᠭᠤᠷᠪᠠᠳᠤᠭᠠᠷ ᠲᠣᠭᠤᠷᠢᠭᠤᠯ ᠵᠠᠮ᠂ | ᠶᠦᠨ ᠵᠦᠩ ᠵᠠᠮ ᠤᠨ ᠡᠮᠦᠨ᠎ᠡ ᠱᠣᠭᠤᠮ ᠵᠡᠷᠭᠡ ᠲᠥᠷᠦᠯ ᠵᠦᠢᠯ ᠤᠨ ᠪᠥᠲᠦᠭᠡᠨ ᠪᠠᠶᠢᠭᠤᠯᠤᠯᠲᠠ ᠶᠢ ᠲᠥᠷᠭᠡᠳᠬᠡᠵᠤ᠂ ᠵᠢᠯ ᠤᠨ ᠡᠴᠦᠰ ᠪᠣᠯᠬᠤ ᠳᠤ | ᠪᠥᠬᠦᠨ ᠢ ᠪᠠᠷᠢᠵᠤ ᠳᠠᠭᠤᠰᠬᠠᠭᠠᠳ ᠲᠡᠷᠭᠡ ᠨᠡᠪᠲᠡᠷᠡᠭᠰᠡᠨ ᠪᠠᠶᠢᠬᠤ ᠶᠢ ᠪᠠᠲᠤᠯᠠᠨ᠎ᠠ᠃ ᠬᠢᠩᠭᠠᠨ ᠡᠮᠦᠨ᠎ᠡ ᠵᠠᠮ᠂ ᠸᠠᠨ ᠲᠦᠩ ᠵᠠᠮ ᠵᠡᠷᠭᠡ14 ᠵᠦᠢᠯ ᠤᠨ | ᠬᠤᠲᠠ ᠶᠢᠨ ᠶᠠᠪᠤᠳᠠᠯ ᠤᠨ ᠵᠠᠮ ᠱᠣᠭᠤᠮ ᠤᠨ ᠢᠨᠵᠧᠨᠧᠷᠢᠩ ᠪᠠ3 ᠵᠦᠢᠯ ᠤᠨ ᠬᠥᠭᠦᠷᠭᠡ ᠶᠢᠨ ᠢᠨᠵᠧᠨᠧᠷᠢᠩ ᠢ ᠬᠡᠷᠡᠭᠵᠢᠭᠦᠯᠵᠦ᠂ ᠶᠠᠪᠠᠭᠠᠨ ᠬᠥᠮᠦᠨ ᠵᠡᠭᠡᠯᠢ | ᠭᠡᠲᠦᠯᠬᠦ ᠬᠥᠭᠦᠷᠭᠡ ᠶᠢ10 ᠰᠠᠭᠤᠷᠢ ᠰᠢᠨ᠎ᠡ ᠪᠠᠷ ᠪᠠᠶᠢᠭᠤᠯᠤᠨ᠎ᠠ᠃ ᠬᠤᠲᠠ ᠶᠢᠨ ᠲᠣᠭᠤᠷᠢᠭ ᠤᠨ ᠪᠠᠷᠠᠭᠤᠨ ᠬᠡᠰᠡᠭ ᠤᠨ ᠦᠨᠳᠦᠷ ᠬᠤᠷᠳᠤᠴᠠᠲᠤ ᠲᠡᠮᠦᠷ | ᠵᠠᠮ ᠤᠨ ᠥᠷᠲᠡᠭᠡ ᠶᠢ ᠲᠥᠯᠦᠪᠵᠢᠭᠦᠯᠦᠨ ᠪᠠᠶᠢᠭᠤᠯᠵᠤ᠂ ᠪᠡᠭᠡᠵᠢᠩ ᠬᠦᠬᠡᠬᠤᠲᠠ ᠶᠢᠨ ᠬᠤᠭᠤᠷᠤᠨᠳᠤᠬᠢ ᠦᠨᠳᠦᠷ ᠬᠤᠷᠳᠤᠴᠠᠲᠤ ᠲᠡᠮᠦᠷ ᠵᠠᠮ ᠤᠨ ᠵᠢᠯ ᠤᠨ | ᠳᠣᠲᠤᠷ᠎ᠠ ᠲᠡᠷᠭᠡ ᠨᠡᠪᠲᠡᠷᠡᠵᠤ᠂ ᠮᠧᠲᠷᠤ᠋ ᠨᠢᠭᠡᠳᠦᠭᠡᠷ ᠱᠣᠭᠤᠮ ᠤᠨ ᠨᠢᠭᠡᠳᠦᠭᠡᠷ ᠬᠤᠭᠤᠴᠠᠭ᠎ᠠ ᠶᠢ ᠲᠤᠷᠰᠢᠨ ᠠᠵᠢᠯᠯᠠᠭᠤᠯᠵᠤ᠂ ᠬᠤᠶᠠᠳᠤᠭᠠᠷ ᠱᠣᠭᠤᠮ ᠤᠨ | ᠨᠢᠭᠡᠳᠦᠭᠡᠷ ᠬᠤᠭᠤᠴᠠᠭ᠎ᠠ ᠶᠢᠨ ᠪᠥᠬᠦ ᠱᠣᠭᠤᠮ ᠤᠨ ᠨᠥᠬᠡᠨ ᠵᠠᠮ᠂ ᠵᠢᠮᠲᠤ ᠵᠠᠮ᠂ ᠴᠠᠬᠢᠯᠭᠠᠨ ᠤ ᠨᠡᠪᠲᠡᠷᠡᠬᠦ ᠶᠢ ᠲᠦᠯᠬᠢᠨ ᠠᠬᠢᠭᠤᠯᠤᠨ᠎ᠠ᠃ ᠬᠤᠲᠠ ᠶᠢᠨ | ᠬᠤᠭᠤᠯᠠᠢ ᠲᠣᠣᠷ ᠤᠨ ᠰᠢᠰᠲ᠋ᠧᠮᠵᠢ ᠶᠢ ᠪᠦᠷᠢᠨᠰᠢᠭᠦᠯᠵᠤ᠂ ᠬᠤᠭᠤᠯᠠᠢ ᠲᠣᠣᠷ ᠤᠨ ᠪᠡᠯᠡᠳᠬᠡᠮᠵᠢ ᠶᠢᠨ ᠬᠠᠷᠢᠯᠴᠠᠨ ᠬᠤᠯᠪᠤᠯᠳᠤᠵᠤ ᠬᠠᠷᠢᠯᠴᠠᠨ ᠨᠡᠪᠲᠡᠷᠡᠬᠦ ᠶᠢ | ᠠᠬᠢᠭᠤᠯᠵᠤ᠂ ᠤᠰᠤ ᠬᠠᠩᠭᠠᠵᠤ ᠤᠰᠤ ᠭᠠᠳᠠᠭᠰᠢᠯᠠᠭᠤᠯᠬᠤ ᠬᠤᠭᠤᠯᠠᠢ ᠲᠣᠣᠷ ᠢ 40 ᠺᠢᠯᠤᠮᠧᠲᠷ ᠳᠡᠪᠢᠰᠴᠤ᠂40 ᠺᠢᠯᠤᠮᠧᠲᠷ ᠤᠨ ᠰᠢᠲᠠᠮᠠᠬᠠᠢ ᠬᠡᠢ ᠶᠢᠨ | ᠬᠤᠭᠤᠯᠠᠢ ᠲᠣᠣᠷ᠂200 ᠺᠢᠯᠤᠮᠧᠲᠷ ᠢᠯᠴᠢ ᠬᠠᠩᠭᠠᠬᠤ ᠬᠤᠭᠤᠯᠠᠢ ᠲᠣᠣᠷ ᠢ ᠰᠢᠨ᠎ᠡ ᠪᠠᠷ ᠥᠭᠡᠷᠡᠴᠢᠯᠡᠨ ᠵᠠᠰᠠᠨ᠎ᠠ᠃ ᠬᠠᠭᠤᠴᠢᠨ ᠰᠠᠭᠤᠭᠠᠯᠢ ᠠᠷᠠᠳ ᠤᠨ | ᠲᠣᠭᠤᠷᠢᠭ ᠤᠨ ᠤᠰᠤ ᠬᠠᠩᠭᠠᠵᠤ ᠤᠰᠤ ᠭᠠᠳᠠᠭᠰᠢᠯᠠᠭᠤᠯᠬᠤ ᠬᠤᠭᠤᠯᠠᠢ ᠲᠣᠣᠷ ᠵᠢᠴᠢ ᠬᠤᠶᠠᠷ ᠤᠳᠠᠭ᠎ᠠ ᠳᠠᠷᠤᠯᠲᠠᠲᠤ ᠪᠡᠯᠡᠳᠬᠡᠮᠵᠢ ᠶᠢ ᠰᠡᠯᠪᠢᠨ ᠵᠠᠰᠠᠵᠤ | ᠥᠭᠡᠷᠡᠴᠢᠯᠡᠬᠦ ᠶᠢ ᠦᠷᠬᠦᠯᠵᠢᠯᠡᠨ ᠥᠷᠨᠢᠭᠦᠯᠦᠨ᠎ᠡ᠃ | ᠬᠤᠲᠠ ᠶᠢᠨ ᠲᠣᠭᠤᠷᠢᠭ ᠤᠨ ᠪᠠᠷᠠᠭᠤᠨ ᠬᠡᠰᠡᠭ ᠢ ᠨᠢᠭᠡ ᠴᠣᠭᠴᠠᠲᠣ ᠦᠨᠳᠦᠷ ᠴᠢᠨᠰᠠᠭ᠎ᠠ ᠲᠠᠢ ᠬᠦᠭᠵᠢᠭᠦᠯᠬᠦ ᠶᠢ ᠯᠠᠪᠳᠠᠭᠤᠨ ᠪᠠᠳᠣᠲᠠᠢ ᠠᠬᠢᠭᠤᠯᠣᠨ᠎ᠠ᠃ | ᠡᠮᠦᠨᠡᠬᠢ ᠬᠤᠭᠤᠴᠠᠭᠠᠨ ᠳᠤ ᠨᠢᠭᠡ ᠪᠦᠯᠦᠭ ᠠᠵᠣ ᠦᠢᠯᠡᠰ᠂ ᠠᠮᠢ ᠠᠬᠤᠢ᠂ ᠰᠠᠭᠤᠷᠢ ᠪᠡᠯᠡᠳᠬᠡᠮᠵᠢ ᠶᠢᠨ ᠲᠦᠷᠥᠯ ᠵᠦᠢᠯ ᠢ ᠡᠬᠢᠯᠡᠭᠦᠯᠵᠦ᠂ ᠬᠤᠲᠠ ᠶᠢᠨ | ᠵᠠᠰᠠᠭ ᠤᠨ ᠶᠠᠪᠣᠳᠠᠯ ᠤᠨ ᠵᠠᠮ ᠤᠨ ᠲᠣᠣᠷ᠂ ᠭᠠᠵᠠᠷ ᠳᠣᠣᠷᠠᠬᠢ ᠬᠤᠭᠤᠯᠠᠢ ᠲᠣᠣᠷ᠂ ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ ᠢ ᠪᠠᠶᠢᠭᠤᠯᠣᠨ | ᠪᠦᠷᠢᠨᠰᠢᠭᠦᠯᠦᠨ᠎ᠡ᠃ ︽ᠵᠢᠷᠭᠤᠭᠠᠨ ᠣᠷᠳᠣᠨ ᠨᠢᠭᠡ ᠬᠦᠷᠢᠶᠡᠯᠡᠩ︾ ᠤᠨ ᠶᠡᠷᠦᠩᠬᠡᠢ ᠴᠣᠭᠴᠠ ᠶᠢᠨ ᠲᠦᠷᠥᠯ ᠵᠦᠢᠯ ᠢ ᠬᠡᠷᠡᠭᠵᠢᠭᠦᠯᠦᠨ᠎ᠡ᠃ ᠢᠯᠢ | ᠪᠦᠯᠦᠭᠯᠡᠯ ᠤᠨ ᠲᠡᠷᠢᠭᠦᠨ ᠵᠡᠷᠭᠡ ᠶᠢᠨ ᠡᠷᠡᠭᠦᠯ ᠢᠳᠡᠭᠡᠨ ᠤ ᠠᠵᠣ ᠦᠢᠯᠡᠰ ᠤᠨ ᠬᠦᠷᠢᠶᠡᠯᠡᠩ ᠲᠣᠭᠤᠷᠢᠭ ᠢ ᠪᠦᠲᠦᠭᠡᠨ ᠪᠠᠶᠢᠭᠤᠯᠬᠤ ᠶᠢ ᠳᠡᠮᠵᠢᠨ᠎ᠡ᠃ | ᠬᠦᠬᠡᠬᠤᠲᠠ ᠶᠢᠨ ᠤᠯᠠᠨ ᠣᠯᠣᠰ ᠤᠨ ᠣᠶᠣᠨᠲᠣ ᠲᠠᠷᠢᠶᠠᠯᠠᠩ ᠮᠠᠯ ᠠᠵᠣ ᠠᠬᠤᠢ ᠶᠢᠨ ᠦᠢᠯᠡᠰ ᠤᠨ ᠦᠵᠡᠰᠭᠦᠯᠡᠩ ᠤᠨ ᠲᠥᠪ ᠤᠨ ᠪᠦᠲᠦᠭᠡᠨ | ᠪᠠᠶᠢᠭᠤᠯᠣᠯᠲᠠ ᠶᠢ ᠲᠦᠷᠭᠡᠳᠬᠡᠵᠦ᠂ ᠨᠢᠭᠡᠳᠦᠭᠡᠷ ᠬᠤᠭᠤᠴᠠᠭᠠᠨ ᠤ 926 ᠮᠦ ᠭᠤᠣᠯᠯᠠᠭᠴᠢ ᠲᠣᠭᠤᠷᠢᠭ ᠤᠨ ᠲᠦᠷᠥᠯ ᠵᠦᠢᠯ ᠢ ᠠᠰᠢᠭᠯᠠᠯᠲᠠ ᠳᠤ | ᠣᠷᠣᠭᠤᠯᠣᠨ᠎ᠠ᠃ ᠣᠷᠴᠢᠨ ᠲᠣᠭᠤᠷᠢᠨ ᠤ ᠶᠡᠷᠦᠩᠬᠡᠢ ᠵᠠᠰᠠᠨ ᠴᠡᠭᠴᠡᠯᠡᠯᠲᠡ ᠶᠢᠨ 50 ᠲᠣᠰᠬᠠᠢ ᠠᠵᠢᠯᠯᠠᠭ᠎ᠠ ᠶᠢ ᠬᠡᠷᠡᠭᠵᠢᠭᠦᠯᠵᠦ᠂ ︽ᠭᠤᠷᠪᠠᠨ ᠭᠤᠤ | ᠭᠤᠷᠪᠠᠨ ᠭᠤᠣᠯ︾ ᠠᠮᠢ ᠠᠬᠤᠢ ᠶᠢ ᠰᠡᠷᠭᠦᠭᠡᠬᠦ ᠪᠠ ᠴᠡᠭᠴᠡᠯᠡᠨ ᠰᠠᠶᠢᠵᠢᠷᠠᠭᠤᠯᠬᠤ ᠢᠨᠵᠧᠨᠧᠷᠢᠩ ᠢ ᠡᠬᠢᠯᠡᠭᠦᠯᠵᠦ᠂ ᠵᠠᠭᠤᠨ ᠮᠦ ᠶᠢᠨ ᠨᠣᠭᠤᠭᠠᠷᠠᠭᠤᠯᠣᠯᠲᠠ ᠶᠢᠨ | ᠭᠠᠵᠠᠷ 10 ᠶᠢ ᠲᠦᠯᠦᠪᠵᠢᠭᠦᠯᠦᠨ ᠪᠠᠶᠢᠭᠤᠯᠵᠣ᠂ ᠶᠢᠨ ᠬᠠᠢ ᠵᠠᠮ ᠤᠨ ᠪᠠᠷᠠᠭᠤᠨᠲᠠᠬᠢ ᠦᠷᠭᠦᠯᠵᠢᠯᠡᠯ ᠤᠨ ᠱᠤᠭᠤᠮ ᠤᠨ ᠠᠮᠢ ᠠᠬᠤᠢ ᠶᠢᠨ ᠬᠤᠩᠬᠢᠯ ᠢ | ᠪᠠᠶᠢᠭᠤᠯᠵᠣ᠂ ᠬᠤᠲᠠ ᠶᠢᠨ ᠲᠣᠭᠤᠷᠢᠭ ᠤᠨ ᠪᠠᠷᠠᠭᠤᠨ ᠬᠡᠰᠡᠭ ᠤᠨ ᠤᠰᠤ ᠨᠣᠭᠤᠭᠠᠷᠠᠭᠤᠯᠣᠯᠲᠠ ᠬᠠᠮᠲᠣᠷᠠᠨ ᠠᠭᠤᠰᠣᠯᠴᠠᠬᠤ ᠠᠮᠢ ᠠᠬᠤᠢ ᠶᠢᠨ ᠪᠠᠶᠢᠳᠠᠯ ᠢ | ᠪᠦᠲᠦᠭᠡᠨ ᠪᠠᠶᠢᠭᠤᠯᠣᠨ᠎ᠠ᠃ ᠰᠣᠷᠭᠠᠭᠤᠯᠢ᠂ ᠬᠡᠥᠬᠡᠳ ᠤᠨ ᠴᠡᠴᠡᠷᠯᠢᠭ 23 ᠶᠢ᠂ ᠭᠤᠷᠪᠠᠳᠣᠭᠠᠷ ᠳᠡᠰ ᠤᠨ ᠡᠮᠨᠡᠯᠭᠡ 1 ᠶᠢ ᠪᠣᠯᠣᠨ ᠨᠡᠶᠢᠭᠡᠮ ᠲᠣᠭᠤᠷᠢᠭ ᠤᠨ | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ 3 ᠶᠢ ᠰᠢᠨ᠎ᠡ ᠪᠠᠷ ᠪᠠᠶᠢᠭᠤᠯᠵᠣ᠂ ᠬᠤᠲᠠ ᠶᠢᠨ ᠲᠣᠭᠤᠷᠢᠭ ᠤᠨ ᠪᠠᠷᠠᠭᠤᠨ ᠬᠡᠰᠡᠭ ᠤᠨ ᠨᠡᠶᠢᠭᠡᠮ ᠤᠨ ᠠᠵᠢᠯ | ᠦᠢᠯᠡᠰ ᠤᠨ ᠳᠣᠲᠠᠭᠤᠳᠠᠯ ᠢᠶᠠᠨ ᠨᠦᠬᠦᠪᠦᠷᠢᠯᠡᠨ᠎ᠡ᠃ | ︽ᠭᠤᠷᠪᠠᠨ ᠬᠤᠲᠠ ᠶᠢ ᠵᠡᠷᠭᠡᠪᠡᠷ ᠡᠭᠦᠳᠦᠨ ᠪᠠᠶᠢᠭᠤᠯᠬᠤ︾ ᠶᠢ ᠲᠦᠯᠬᠢᠨ ᠠᠬᠢᠭᠤᠯᠬᠤ ᠡᠷᠴᠢᠮ ᠢᠶᠠᠨ ᠴᠢᠩᠭᠠᠷᠠᠭᠤᠯᠣᠨ᠎ᠠ᠃ ᠪᠦᠬᠦ ᠣᠯᠣᠰ ᠤᠨ | ᠪᠣᠯᠪᠠᠰᠣᠨ ᠬᠤᠲᠠ ᠶᠢ ᠡᠭᠦᠳᠦᠨ ᠪᠠᠶᠢᠭᠤᠯᠬᠤ ᠪᠠᠷ ᠲᠣᠬᠢᠶᠠᠯ ᠪᠣᠯᠭᠠᠵᠣ᠂ ᠨᠡᠶᠢᠭᠡᠮ ᠵᠢᠷᠣᠮ ᠤᠨ ᠭᠤᠣᠯᠯᠠᠬᠤ ᠦᠷᠲᠡᠭ ᠤᠨ ᠦᠵᠡᠯᠲᠡ ᠶᠢᠨ ᠤᠬᠠᠭᠤᠯᠭ᠎ᠠ | ᠬᠦᠮᠦᠵᠢᠯ ᠢ ᠴᠢᠩᠭᠠᠳᠬᠠᠵᠣ᠂ ᠬᠤᠲᠠ ᠶᠢᠨ ᠠᠷᠠᠳ ᠤᠨ ᠤᠬᠠᠮᠰᠠᠷ ᠢ ᠪᠣᠢ ᠪᠣᠯᠭᠠᠬᠤ ᠶᠢ ᠬᠦᠴᠦᠯᠡᠨ ᠴᠢᠩᠭᠠᠷᠠᠭᠤᠯᠵᠣ᠂ ᠬᠦᠮᠦᠨ ᠪᠦᠬᠦᠨ ᠬᠤᠲᠠ ᠶᠢᠨ | ᠪᠦᠲᠦᠭᠡᠨ ᠪᠠᠶᠢᠭᠤᠯᠣᠯᠲᠠ ᠳᠤ ᠣᠷᠣᠯᠴᠠᠭᠰᠠᠨ ᠭᠦᠨ ᠵᠣᠵᠠᠭᠠᠨ ᠠᠭᠤᠷ ᠠᠮᠢᠰᠬᠤᠯ ᠢ ᠪᠣᠢ ᠪᠣᠯᠭᠠᠨ᠎ᠠ᠃ ᠣᠯᠣᠰ ᠤᠨ ᠡᠷᠡᠭᠦᠯ ᠬᠠᠮᠠᠭᠠᠯᠠᠯ ᠤᠨ ᠬᠤᠲᠠ ᠶᠢ | ᠡᠭᠦᠳᠦᠨ ᠪᠠᠶᠢᠭᠤᠯᠬᠤ ᠶᠢ ᠭᠦᠨᠵᠡᠭᠡᠢ ᠲᠦᠯᠬᠢᠨ ᠠᠬᠢᠭᠤᠯᠵᠣ᠂ ᠬᠤᠲᠠ ᠶᠢᠨ ᠣᠷᠴᠢᠨ ᠲᠣᠭᠤᠷᠢᠨ ᠤ ᠶᠡᠷᠦᠩᠬᠡᠢ ᠴᠡᠭᠴᠡᠯᠡᠨ ᠰᠠᠶᠢᠵᠢᠷᠠᠭᠤᠯᠬᠤ ᠠᠵᠢᠯᠯᠠᠭ᠎ᠠ ᠶᠢ | ᠯᠠᠪᠳᠠᠭᠤᠨ ᠪᠠᠳᠣᠲᠠᠢ ᠥᠷᠨᠢᠭᠦᠯᠵᠦ᠂ ᠤᠯᠠᠨ ᠲᠥᠮᠡᠨ ᠤ ᠡᠷᠡᠭᠦᠯ ᠮᠡᠨᠳᠦ ᠪᠣᠯᠣᠨ ᠬᠤᠲᠠ ᠶᠢᠨ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ ᠨᠦᠯᠦᠭᠡᠯᠡᠵᠦ | ᠪᠠᠶᠢᠭ᠎ᠠ ᠳᠣᠪᠣᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠣᠯᠣᠰ ᠤᠨ ᠢᠳᠡᠭᠡᠨ ᠤ ᠵᠦᠢᠯ ᠤᠨ ᠠᠶᠣᠯ ᠦᠭᠡᠢ ᠶᠢᠨ ᠵᠢᠱᠢᠶ᠎ᠡ ᠦᠵᠡᠭᠦᠯᠬᠦ ᠬᠤᠲᠠ ᠶᠢ | ᠡᠭᠦᠳᠦᠨ ᠪᠠᠶᠢᠭᠤᠯᠬᠤ ᠶᠢ ᠲᠦᠯᠬᠢᠨ ᠠᠬᠢᠭᠤᠯᠵᠣ᠂ ᠢᠳᠡᠭᠡᠨ ᠤ ᠵᠦᠢᠯ ᠤᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠣᠯᠲᠠ ᠶᠢ ᠲᠦᠷᠭᠡᠳᠬᠡᠵᠦ᠂ | ᠰᠦᠯᠵᠢᠶᠡᠨ ᠳᠡᠭᠡᠷᠡᠬᠢ ᠢᠳᠡᠭᠡᠨ ᠤᠮᠳᠠᠭᠠᠨ ᠤ ᠦᠢᠯᠡᠴᠢᠯᠡᠭᠡ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷ᠎ᠠ ᠳᠠᠬᠢ ᠬᠢᠨᠠᠯᠲᠠ ᠬᠠᠮᠢᠶᠠᠷᠣᠯᠲᠠ ᠶᠢ ᠴᠢᠩᠭᠠᠳᠬᠠᠵᠣ᠂ | ᠣᠯᠠᠨ ᠲᠦᠮᠡᠨ ᠤ ᠢᠳᠡᠭᠡᠨ ᠤ ᠠᠶᠣᠯ ᠦᠭᠡᠢ ᠶᠢ ᠪᠠᠲᠣᠯᠠᠨ᠎ᠠ᠃ | ᠬᠤᠲᠠ ᠶᠢᠨ ᠨᠠᠷᠢᠯᠢᠭᠵᠢᠭᠤᠯᠣᠭᠰᠠᠨ ᠬᠠᠮᠢᠶᠠᠷᠣᠯᠲᠠ ᠶᠢᠨ ᠭᠤᠷᠪᠠᠨ ᠵᠢᠯ ᠤᠨ ᠠᠵᠢᠯᠯᠠᠭᠠᠨ ᠤ ᠲᠦᠯᠦᠪᠯᠡᠭᠡ ᠶᠢ ᠭᠦᠨᠵᠡᠭᠡᠢ ᠥᠷᠨᠢᠭᠦᠯᠦᠨ᠎ᠡ᠃ ᠬᠤᠲᠠ ᠶᠢᠨ | ᠲᠦᠯᠦᠪᠵᠢᠭᠦᠯᠭᠡ᠂ ᠪᠦᠲᠦᠭᠡᠨ ᠪᠠᠶᠢᠭᠤᠯᠣᠯᠲᠠ᠂ ᠬᠠᠮᠢᠶᠠᠷᠣᠯᠲᠠ ᠶᠢᠨ ᠪᠠᠷᠢᠮᠵᠢᠶ᠎ᠠ ᠶᠢᠨ ᠰᠢᠰᠲ᠋ᠧᠮᠵᠢ ᠶᠢ ᠲᠦᠷᠭᠡᠳᠬᠡᠨ ᠪᠦᠷᠢᠨᠰᠢᠭᠦᠯᠵᠦ᠂ ᠴᠢᠩᠭ᠎ᠠ | ᠬᠠᠮᠢᠶᠠᠷᠣᠯᠲᠠ ᠶᠢ ᠲᠦᠯᠦᠪᠵᠢᠭᠦᠯᠬᠦ ᠪᠠᠨ ᠴᠢᠩᠭᠠᠳᠬᠠᠵᠣ᠂ ᠴᠢᠩᠭ᠎ᠠ ᠪᠠᠷᠢᠮᠵᠢᠶ᠎ᠠ ᠪᠠᠷ ᠬᠤᠲᠠ ᠶᠢᠨ ᠬᠦᠭᠵᠢᠯᠲᠡ ᠶᠢ ᠬᠦᠲᠦᠯᠦᠨ ᠵᠢᠯᠣᠭᠤᠳᠣᠨ᠎ᠠ᠃ ᠵᠠᠮ ᠤᠨ | ᠲᠡᠮᠳᠡᠭ ᠢᠯᠡᠷᠬᠡᠶᠢᠯᠡᠯ ᠢ ᠳᠦᠷᠢᠮᠵᠢᠭᠦᠯᠬᠦ᠂ ᠬᠤᠲᠠ ᠶᠢᠨ ᠱᠤᠭᠤᠮᠠᠯ᠂ ᠲᠡᠷᠭᠡᠨ ᠤ ᠴᠠᠬᠢᠯᠭᠠᠨ ᠴᠡᠨᠡᠭᠯᠡᠬᠦ ᠱᠤᠩ ᠵᠡᠷᠭᠡ ᠲᠦᠷᠥᠯ ᠵᠦᠢᠯ ᠢ ᠬᠡᠷᠡᠭᠵᠢᠭᠦᠯᠦᠨ᠎ᠡ᠃ ︽ | ᠡᠭᠦᠳᠡᠨ ᠡᠮᠦᠨᠡᠬᠢ ᠭᠤᠷᠪᠠᠨ ᠳᠠᠭᠠᠭᠠᠴᠢᠯᠠᠯᠲᠠ︾ ᠶᠢ ᠳᠠᠩᠰᠠᠯᠠᠬᠤ ᠢᠲᠡᠭᠡᠮᠵᠢ ᠶᠢᠨ ᠳᠦᠷᠢᠮ ᠢ ᠪᠠᠶᠢᠭᠤᠯᠵᠣ᠂ ᠬᠤᠲᠠ ᠶᠢᠨ ᠳᠦᠷᠢ ᠳᠥᠷᠬᠦ ᠶᠢᠨ | ᠳᠦᠷᠢᠮᠵᠢᠭᠦᠯᠦᠭᠰᠡᠨ ᠬᠠᠮᠢᠶᠠᠷᠣᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠠᠮᠢᠳᠣᠷᠠᠯ ᠤᠨ ᠬᠠᠶᠠᠭᠳᠠᠮᠠᠯ ᠪᠣᠳᠠᠰ᠂ ᠲᠣᠭᠤᠭᠠᠨ ᠭᠡᠷ ᠤᠨ ᠬᠠᠶᠠᠭᠳᠠᠮᠠᠯ | ᠪᠣᠳᠠᠰ ᠢ ᠰᠢᠢᠳᠪᠦᠷᠢᠯᠡᠬᠦ ᠶᠢ ᠴᠢᠩᠭᠠᠳᠬᠠᠵᠣ᠂ ᠬᠠᠶᠠᠭᠳᠠᠮᠠᠯ ᠪᠣᠳᠠᠰ ᠢ ᠬᠤᠷᠢᠶᠠᠨ ᠠᠪᠴᠣ ᠠᠰᠢᠭᠯᠠᠬᠤ ᠨᠤᠷᠮ᠎ᠠ ᠶᠢ 20% ᠳᠤ ᠬᠦᠷᠭᠡᠨ᠎ᠡ᠃ ᠪᠡᠯᠡᠳᠬᠡᠯ | ᠠᠳᠠᠯ ᠠᠬᠤᠢ ᠶᠢᠨ ᠬᠠᠮᠢᠶᠠᠷᠣᠯᠲᠠ ᠶᠢ ᠥᠷᠭᠡᠳᠬᠡᠵᠦ᠂ ᠠᠳᠠᠯ ᠠᠬᠤᠢ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︽ᠵᠣᠷᠯᠣᠩ ᠤᠨ | ᠬᠤᠪᠢᠰᠤᠯᠲᠠ︾ ᠶᠢᠨ ᠦᠷ᠎ᠡ ᠪᠦᠲᠦᠮᠵᠢ ᠶᠢ ᠪᠠᠲᠣᠵᠢᠭᠤᠯᠵᠣ᠂ᠣᠰᠣᠨ ᠲᠠᠲᠠᠭᠤᠷᠲᠣ ᠨᠡᠶᠢᠲᠡ ᠶᠢᠨ ᠵᠣᠷᠯᠣᠩ 200 ᠶᠢ ᠰᠢᠨ᠎ᠡ ᠪᠠᠷ ᠪᠠᠶᠢᠭᠤᠯᠣᠨ᠎ᠠ᠃ ᠬᠤᠲᠠ | ᠲᠣᠭᠤᠷᠢᠭ ᠤᠨ ᠵᠠᠮ ᠡᠵᠡᠯᠡᠭᠰᠡᠨ ᠴᠠᠬᠢᠯᠭᠠᠨ ᠱᠣᠩ ᠢ ᠰᠢᠯᠵᠢᠭᠦᠯᠬᠦ ᠠᠵᠢᠯ ᠢ ᠪᠦᠬᠦ ᠲᠠᠯ᠎ᠠ ᠪᠠᠷ ᠳᠠᠭᠤᠰᠬᠠᠵᠣ᠂ ᠲᠣᠷᠰᠢᠯᠲᠠ ᠶᠢᠨ ᠴᠡᠭ ᠢᠶᠠᠷ ︽ᠤᠯᠠᠨ | ᠱᠤᠩ ᠢ ᠨᠡᠶᠢᠯᠡᠭᠦᠯᠬᠦ︾ ᠶᠢ ᠳᠡᠯᠭᠡᠷᠡᠭᠦᠯᠦᠨ᠂ ᠵᠠᠮ ᠤᠨ ᠪᠢᠴᠢᠯ ᠣᠷᠴᠢᠯ ᠢ ᠰᠢᠯᠣᠭᠤᠨ ᠪᠠᠶᠢᠯᠭᠠᠨ᠎ᠠ᠃ ᠣᠶᠣᠨᠲᠣ ᠵᠠᠮ ᠬᠠᠷᠢᠯᠴᠠᠭᠠᠨ ᠤ ᠵᠢᠯᠣᠭᠤᠳᠬᠤ | ᠰᠢᠰᠲ᠋ᠧᠮ ᠢ ᠪᠦᠷᠢᠨᠰᠢᠭᠦᠯᠵᠦ᠂ ᠵᠠᠮ ᠬᠠᠷᠢᠯᠴᠠᠭᠠᠨ ᠤ ᠵᠢᠯᠣᠭᠤᠳᠬᠤ ᠲᠣᠮᠣ ᠳ᠋ᠠᠶᠢᠲ᠋ᠠ ᠶᠢᠨ ᠲᠠᠪᠴᠠᠩ ᠪᠣᠯᠣᠨ ᠬᠦᠩᠭᠡᠪᠲᠦᠷ ᠠᠳᠡᠯ ᠢ ᠰᠦᠯᠵᠢᠶᠡᠨ ᠳᠡᠭᠡᠷ᠎ᠡ | ᠰᠢᠢᠳᠪᠦᠷᠢᠯᠡᠬᠦ ᠲᠠᠪᠴᠠᠩ ᠢ ᠪᠠᠶᠢᠭᠤᠯᠣᠨ᠎ᠠ᠃ ᠭᠠᠵᠠᠷ ᠳᠣᠣᠷᠠᠬᠢ ᠲᠡᠷᠭᠡ ᠵᠣᠭᠰᠣᠭᠠᠬᠤ ᠣᠷᠣᠨ ᠵᠠᠢ ᠶᠢᠨ ᠡᠬᠢ ᠪᠠᠶᠠᠯᠢᠭ ᠢ ᠠᠭᠤᠳᠠᠯᠣᠨ᠂ ᠲᠡᠷᠭᠡᠨ | ᠵᠣᠭᠰᠣᠭᠠᠯ ᠤᠨ ᠲᠤᠭ᠎ᠠ ᠶᠢ ᠪᠦᠲᠦᠮᠵᠢᠲᠡᠢ ᠨᠡᠮᠡᠭᠳᠡᠭᠦᠯᠦᠨ᠎ᠡ᠃ ᠰᠢᠨ᠎ᠡ ᠡᠨᠧᠷᠭᠢ ᠶᠢᠨ ᠨᠡᠶᠢᠲᠡ ᠶᠢᠨ ᠮᠠᠰᠢᠨ ᠲᠡᠷᠭᠡ 500 ᠶᠢ ᠰᠢᠨ᠎ᠡ ᠪᠠᠷ ᠨᠡᠮᠡᠵᠦ᠂ ᠨᠡᠶᠢᠭᠡᠮ | ᠲᠣᠭᠤᠷᠢᠭ ᠤᠨ ᠨᠡᠶᠢᠲᠡ ᠶᠢᠨ ᠮᠠᠰᠢᠨ ᠲᠡᠷᠭᠡ᠂ ᠰᠣᠷᠣᠭᠴᠢ ᠶᠢᠨ ᠲᠣᠰᠬᠠᠢ ᠮᠠᠰᠢᠨ ᠲᠡᠷᠭᠡ᠂ ᠵᠣᠷᠰᠢᠯᠲᠣ ᠨᠡᠶᠢᠲᠡ ᠶᠢᠨ ᠮᠠᠰᠢᠨ ᠲᠡᠷᠭᠡ ᠪᠣᠯᠣᠨ ᠴᠡᠭ ᠠᠴᠠ | ᠴᠡᠭ ᠲᠤ ᠬᠦᠷᠬᠦ ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ 25 ᠶᠢ ᠰᠢᠨ᠎ᠡ ᠪᠠᠷ ᠨᠡᠮᠡᠵᠦ᠂ 89 ᠦᠷᠲᠡᠭᠡᠨ ᠴᠡᠭ ᠢ ᠭᠠᠷᠠᠮ ᠪᠣᠯᠣᠩ ᠤᠨ ᠮᠠᠶ᠋ᠢᠭ ᠢᠶᠠᠷ | ᠥᠭᠡᠷᠡᠴᠢᠯᠡᠵᠦ᠂ ᠨᠡᠶᠢᠲᠡ ᠶᠢᠨ ᠮᠠᠰᠢᠨ ᠲᠡᠷᠭᠡ ᠪᠠᠷ ᠭᠠᠳᠠᠭᠰᠢ ᠶᠠᠪᠣᠬᠤ ᠶᠢᠨ ᠬᠤᠪᠢᠳᠠᠨ ᠡᠭᠦᠷᠭᠡᠯᠡᠬᠦ ᠨᠤᠷᠮ᠎ᠠ ᠶᠢ 5 ᠵᠠᠭᠤᠨ ᠤ ᠬᠤᠪᠢ ᠶᠢᠨ ᠴᠡᠭ | ᠳᠡᠭᠡᠭᠰᠢᠯᠡᠭᠦᠯᠬᠦ ᠪᠠᠷ ᠬᠦᠴᠦᠯᠡᠨ᠎ᠡ᠃ | ︽ᠠᠮᠢ ᠠᠬᠤᠢ ᠶᠢᠨ ᠬᠦᠬᠡᠬᠤᠲᠠ︾ ᠶᠢ ᠪᠦᠬᠦ ᠬᠦᠴᠦᠨ ᠢᠶᠠᠷ ᠪᠦᠲᠦᠭᠡᠨ ᠪᠠᠶᠢᠭᠤᠯᠣᠨ᠎ᠠ᠃ ︽ᠨᠣᠮᠢᠨ ᠣᠰᠤ ᠬᠦᠬᠡᠮᠳᠦᠭ ᠠᠭᠤᠯᠠ ᠪᠣᠯ ᠳᠠᠷᠣᠢ | ᠠᠯᠲᠠᠨ ᠠᠭᠤᠯᠠ ᠮᠦᠩᠭᠦᠨ ᠠᠭᠤᠯᠠ ᠮᠦᠨ︾ ᠭᠡᠬᠦ ᠣᠨᠣᠯᠵᠢᠬᠤᠨ ᠢ ᠪᠠᠲᠣ ᠪᠠᠬᠢ ᠪᠣᠢ ᠪᠣᠯᠭᠠᠵᠣ᠂ ︽ᠬᠦᠬᠡᠬᠤᠲᠠ ᠶᠢᠨ ᠠᠮᠢ ᠠᠬᠤᠢ ᠶᠢᠨ ᠪᠣᠯᠪᠠᠰᠣᠨ ᠤ | ᠪᠦᠲᠦᠭᠡᠨ ᠪᠠᠶᠢᠭᠤᠯᠣᠯᠲᠠ ᠶᠢᠨ ᠬᠠᠮᠢᠶᠠᠷᠣᠯᠲᠠ ᠶᠢᠨ ᠲᠣᠭᠲᠠᠭᠠᠯ︾ ᠢ ᠲᠣᠭᠲᠠᠭᠠᠨ ᠨᠡᠶᠢᠲᠡᠯᠡᠵᠦ᠂ ᠠᠮᠢ ᠠᠬᠤᠢ ᠶᠢᠨ ᠪᠣᠯᠪᠠᠰᠣᠨ ᠤ ᠪᠦᠲᠦᠭᠡᠨ | ᠪᠠᠶᠢᠭᠤᠯᠣᠯᠲᠠ ᠶᠢᠨ ᠲᠦᠯᠦᠪᠵᠢᠭᠦᠯᠭᠡ ᠵᠢᠴᠢ ᠲᠣᠰᠬᠠᠢ ᠲᠦᠯᠦᠪᠵᠢᠭᠦᠯᠭᠡ ᠶᠢ ᠨᠠᠶᠢᠷᠠᠭᠤᠯᠵᠣ᠂ ᠣᠯᠣᠰ ᠤᠨ ᠠᠮᠢ ᠠᠬᠤᠢ ᠶᠢᠨ ᠪᠣᠯᠪᠠᠰᠣᠨ ᠤ ᠵᠢᠱᠢᠶ᠎ᠡ | ᠦᠵᠡᠭᠦᠯᠬᠦ ᠬᠤᠲᠠ ᠶᠢ ᠢᠳᠡᠪᠬᠢᠲᠡᠢ ᠪᠠᠷ ᠡᠭᠦᠳᠦᠨ ᠪᠠᠶᠢᠭᠤᠯᠣᠨ᠎ᠠ᠃ ᠬᠦᠬᠡᠬᠤᠲᠠ ᠶᠢᠨ 2018 ᠣᠨ ᠤ ᠪᠣᠬᠢᠷᠳᠣᠯ ᠦᠭᠡᠢ ᠬᠦᠭᠵᠢᠯᠲᠡ ᠶᠢᠨ | ᠮᠡᠳᠡᠭᠦᠯᠦᠯᠲᠡ ᠶᠢ ᠨᠠᠶᠢᠷᠠᠭᠤᠯᠣᠨ᠂ ᠪᠣᠬᠢᠷᠳᠣᠯ ᠦᠭᠡᠢ ᠬᠦᠭᠵᠢᠯᠲᠡ ᠶᠢᠨ ᠦᠷ᠎ᠡ ᠪᠦᠲᠦᠮᠵᠢ ᠶᠢ ᠰᠢᠨᠵᠢᠯᠡᠬᠦ ᠤᠬᠠᠭᠠᠨᠴᠢ ᠪᠠᠷ ᠦᠨᠡᠯᠡᠨ᠎ᠡ᠃ ᠠᠮᠢ ᠠᠬᠤᠢ ᠶᠢᠨ | ᠪᠣᠯᠪᠠᠰᠣᠨ ᠤ ᠲᠣᠮᠣ ᠳ᠋ᠠᠶᠢᠲ᠋ᠠ ᠶᠢᠨ ᠬᠠᠮᠢᠶᠠᠷᠣᠯᠲᠠ ᠶᠢᠨ ᠲᠠᠪᠴᠠᠩ ᠢ ᠡᠬᠢᠯᠡᠭᠦᠯᠦᠨ ᠪᠠᠶᠢᠭᠤᠯᠵᠣ᠂ ᠡᠬᠢ ᠪᠠᠶᠠᠯᠢᠭ᠂ ᠠᠮᠢ ᠠᠬᠤᠢ᠂ ᠣᠷᠴᠢᠨ ᠲᠣᠭᠤᠷᠢᠨ ᠤ | ᠳᠠᠭᠠᠭᠠᠴᠠ ᠪᠣᠯᠣᠨ ᠦᠷᠭᠦᠯᠵᠢᠯᠡᠭᠦᠶᠢᠴᠡ ᠬᠦᠭᠵᠢᠯᠲᠡ ᠶᠢᠨ ᠬᠢᠷᠢ ᠲᠦᠪᠰᠢᠨ ᠶᠢ ᠵᠠᠳᠠᠯᠣᠨ ᠰᠣᠳᠣᠯᠵᠣ ᠮᠠᠭᠠᠳᠯᠠᠨ᠎ᠠ᠃ ᠶᠡᠭᠡ ᠬᠡᠪᠴᠢᠶᠡᠨ ᠤ ᠣᠯᠣᠰ ᠤᠨ | ᠭᠠᠵᠠᠷ ᠰᠢᠷᠣᠢ ᠶᠢᠨ ᠨᠣᠭᠤᠭᠠᠷᠠᠭᠤᠯᠣᠯᠲᠠ ᠶᠢ ᠪᠦᠬᠦ ᠬᠦᠴᠦᠨ ᠢᠶᠠᠷ ᠲᠦᠯᠬᠢᠨ ᠠᠬᠢᠭᠤᠯᠵᠣ᠂ ᠨᠡᠶᠢᠭᠡᠮ ᠤᠨ ᠬᠦᠴᠦᠨ ᠣᠷᠣᠯᠴᠠᠬᠤ ᠶᠢ ᠬᠦᠬᠢᠭᠦᠯᠵᠦ᠂ ︽ | ᠶᠢᠰᠦᠨ ᠶᠡᠭᠡ ᠢᠨᠵᠧᠨᠧᠷᠢᠩ︾ ᠢ ᠡᠬᠢᠯᠡᠭᠦᠯᠦᠨ ᠬᠡᠷᠡᠭᠵᠢᠭᠦᠯᠵᠦ᠂ ᠨᠣᠭᠤᠭᠠᠷᠠᠭᠤᠯᠣᠯᠲᠠ ᠶᠢᠨ ᠲᠠᠯᠠᠪᠠᠢ ᠶᠢ 60 ᠲᠥᠮᠡᠨ ᠮᠦ ᠰᠢᠨ᠎ᠡ ᠪᠠᠷ ᠨᠡᠮᠡᠭᠳᠡᠭᠦᠯᠵᠦ᠂ | ᠥᠪᠡᠷᠲᠡᠭᠡᠨ ᠵᠠᠰᠠᠬᠤ ᠣᠷᠣᠨ ᠤ ᠣᠢ ᠰᠢᠭᠤᠢ ᠶᠢᠨ ᠬᠤᠰᠢᠭᠤ ᠰᠢᠶᠠᠨ 1᠂ ᠣᠢ ᠰᠢᠭᠤᠢ ᠶᠢᠨ ᠰᠢᠶᠠᠩ ᠪᠠᠯᠭᠠᠰᠣ5᠂ ᠣᠢ ᠰᠢᠭᠤᠢ ᠶᠢᠨ ᠲᠣᠰᠬᠤᠨ 50 ᠶᠢ | ᠡᠭᠦᠳᠦᠨ ᠪᠠᠶᠢᠭᠤᠯᠣᠨ᠎ᠠ᠃ ᠣᠢ ᠰᠢᠭᠤᠢ ᠶᠢᠨ ᠠᠵᠣ ᠦᠢᠯᠡᠰ ᠢ ᠶᠡᠬᠡᠪᠡᠷ ᠬᠦᠭᠵᠢᠭᠦᠯᠵᠦ᠂ ᠣᠢ ᠰᠢᠭᠤᠢ ᠶᠢᠨ ᠠᠵᠣ ᠦᠢᠯᠡᠰᠵᠢᠯᠲᠡ᠂ ᠠᠵᠣ ᠦᠢᠯᠡᠰ ᠤᠨ | ᠠᠮᠢ ᠠᠬᠤᠶᠢᠵᠢᠯᠲᠠ ᠶᠢ ᠲᠦᠯᠬᠢᠨ ᠠᠬᠢᠭᠤᠯᠵᠣ᠂ ᠪᠣᠲᠠᠲᠠᠢ ᠳᠤ ᠨᠡᠶᠢᠴᠡᠭᠰᠡᠨ ᠪᠣᠬᠢᠷᠳᠣᠯ ᠦᠭᠡᠢ ᠬᠦᠭᠵᠢᠯᠲᠡ᠂ ᠠᠮᠢ ᠠᠬᠤᠢ ᠶᠢᠨ ᠬᠦᠭᠵᠢᠯᠲᠡ ᠶᠢᠨ ᠰᠢᠨ᠎ᠡ | ᠵᠠᠮ ᠢᠶᠠᠷ ᠵᠠᠮᠨᠠᠨ᠎ᠠ᠃ | ︵ᠵᠢᠷᠭᠤᠭ᠎ᠠ︶ ᠠᠵᠣ ᠠᠬᠤᠢ ᠶᠢᠨ ᠬᠦᠭᠵᠢᠯᠲᠡ ᠶᠢᠨ ᠬᠦᠳᠡᠯᠭᠡᠬᠦ ᠬᠦᠴᠦᠨ ᠠᠮᠢᠵᠢᠷᠠᠯ ᠤᠨ ᠬᠦᠴᠦᠨ ᠢ ᠦᠷᠭᠦᠯᠵᠢᠯᠡᠨ ᠨᠡᠮᠡᠭᠳᠡᠭᠦᠯᠦᠨ᠎ᠡ | ᠡᠯ᠎ᠡ ᠬᠦᠷᠢᠶ᠎ᠡ ᠴᠠᠷ᠎ᠠ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ | ᠲᠦᠯᠬᠢᠨ ᠠᠬᠢᠭᠤᠯᠵᠣ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠪᠦᠬᠦᠨ ᠢ ᠦᠢᠯᠡᠴᠢᠯᠡᠭᠡᠨ ᠤ ᠶᠡᠭᠡ ᠲᠢᠩᠬᠢᠮ ᠳᠤ ᠣᠷᠣᠭᠤᠯᠬᠤ ᠶᠢ ᠠᠬᠢᠭᠤᠯᠣᠨ᠂ | ᠬᠤᠲᠠ ᠶᠢᠨ ᠲᠣᠰ ᠱᠠᠲᠣᠨ ᠤ ᠪᠣᠯᠣᠨ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠶᠠᠪᠣᠳᠠᠯ ᠤᠨ ᠦᠢᠯᠡᠴᠢᠯᠡᠭᠡᠨ ᠤ ᠵᠦᠢᠯᠡᠰ ᠤᠨ ᠰᠦᠯᠵᠢᠶᠡᠨ ᠳᠡᠭᠡᠷ᠎ᠡ | ᠰᠢᠢᠳᠪᠦᠷᠢᠯᠡᠬᠦ ᠨᠣᠷᠮ᠎ᠠ ᠶᠢ 70% ᠠᠴᠠ ᠳᠡᠭᠡᠭᠰᠢ ᠬᠦᠷᠭᠡᠨ᠎ᠡ᠃ ᠬᠤᠶᠠᠷ ᠦᠯᠦ ᠬᠦᠳᠡᠯᠬᠦ ᠬᠦᠷᠦᠩᠭᠡ ᠶᠢ ᠳᠠᠩᠰᠠᠯᠠᠬᠤ ᠦᠢᠯᠡᠴᠢᠯᠡᠭᠡᠨ ᠤ ᠲᠢᠩᠬᠢᠮ ᠢ | ᠰᠢᠨ᠎ᠡ ᠪᠠᠷ ᠨᠡᠮᠡᠭᠳᠡᠭᠦᠯᠦᠨ᠎ᠡ᠃ ︽ᠦᠨᠡᠮᠯᠡᠯ ᠭᠡᠷᠡᠴᠢ ᠶᠢ ᠰᠠᠯᠭᠠᠬᠤ︾ ᠥᠭᠡᠷᠡᠴᠢᠯᠡᠯᠲᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠣ᠂ ︽ᠡᠵᠡᠩᠨᠡᠯᠲᠡ ᠶᠢᠨ | ᠦᠨᠡᠮᠯᠡᠯ ᠢᠶᠠᠨ ᠠᠪᠴᠣ ᠳᠠᠷᠠᠭ᠎ᠠ ᠨᠢ ᠵᠥᠪᠰᠢᠶᠡᠷᠡᠯ ᠤᠨ ᠦᠨᠡᠮᠯᠡᠯ ᠢᠶᠠᠨ ᠴᠥᠬᠡᠴᠢᠯᠡᠬᠦ︾ ᠶᠢ ᠬᠠᠶᠢᠨ ᠰᠥᠪᠡᠭᠴᠢᠯᠡᠵᠦ ᠲᠦᠯᠬᠢᠨ ᠠᠬᠢᠭᠤᠯᠵᠣ᠂ ︽ᠵᠠᠬ᠎ᠠ | ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠠᠴᠠ ᠪᠢᠰᠢ ᠡᠵᠡᠩᠨᠡᠬᠦ ᠶᠢ ᠵᠥᠪᠰᠢᠶᠡᠷᠡᠬᠦ ᠦᠭᠡᠢ︾ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠬᠦᠳᠡᠭᠡ | ᠲᠣᠰᠬᠤᠨ ᠤ ᠬᠠᠮᠲᠣ ᠶᠢᠨ ᠦᠮᠴᠢᠯᠡᠬᠦ ᠡᠷᠬᠡ ᠶᠢᠨ ᠳᠥᠷᠢᠮ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠥᠷᠨᠢᠭᠦᠯᠵᠦ᠂ ︽ᠭᠤᠷᠪᠠᠨ ᠡᠷᠬᠡ ᠶᠢ ᠰᠠᠯᠭᠠᠬᠤ︾ | ᠪᠠ ᠬᠦᠳᠡᠭᠡ ᠲᠣᠰᠬᠤᠨ ᠤ ︽ᠭᠤᠷᠪᠠ ᠶᠢ ᠬᠤᠪᠢᠷᠠᠭᠠᠬᠤ︾ ᠥᠭᠡᠷᠡᠴᠢᠯᠡᠯᠲᠡ ᠶᠢ ᠯᠠᠪᠳᠠᠭᠤᠨ ᠢᠶᠠᠷ ᠥᠷᠨᠢᠭᠦᠯᠵᠦ᠂ ᠣᠢ ᠰᠢᠭᠤᠢ ᠶᠢᠨ ᠡᠷᠬᠡ ᠶᠢᠨ | ᠳᠦᠷᠢᠮ ᠤᠨ ᠥᠭᠡᠷᠡᠴᠢᠯᠡᠯᠲᠡ ᠢ ᠭᠦᠨᠵᠡᠭᠡᠶᠢᠷᠡᠭᠦᠯᠵᠦ᠂ ᠬᠦᠳᠡᠭᠡ ᠲᠣᠰᠬᠤᠨ ᠤ ᠦᠬᠦᠰᠢᠷᠡᠮᠡᠯ ᠡᠬᠢ ᠪᠠᠶᠠᠯᠢᠭ ᠢ ᠬᠦᠭᠵᠢᠭᠡᠨ᠎ᠡ᠃ ᠤᠯᠠᠨ ᠨᠡᠶᠢᠲᠡ ᠶᠢᠨ ᠡᠬᠢ | ᠪᠠᠶᠠᠯᠢᠭ ᠤᠨ ᠠᠷᠠᠯᠵᠢᠶ᠎ᠠ ᠶᠢᠨ ᠪᠦᠬᠦ ᠶᠠᠪᠣᠴᠠ ᠢ ᠡᠯᠧᠺᠲᠷᠣᠨᠴᠢᠯᠠᠬᠤ ᠶᠢ ᠠᠬᠢᠭᠤᠯᠵᠣ᠂ ︽ᠢᠯᠡ ᠠᠷᠠᠯᠵᠢᠶ᠎ᠠ︾ ᠶᠢ ᠪᠡᠶᠡᠯᠡᠭᠦᠯᠦᠨ᠎ᠡ᠃ ᠢᠨᠵᠧᠨᠧᠷᠢᠩ ᠤᠨ | ᠳᠠᠭᠠᠭᠠᠴᠢᠯᠠᠯᠲᠠ ᠵᠠᠷᠯᠠᠨ ᠳᠠᠭᠠᠭᠠᠴᠢᠯᠠᠯᠲᠠ ᠬᠦᠯᠢᠶᠡᠬᠦ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠳᠠᠭᠠᠭᠠᠴᠢᠯᠠᠯᠲᠠ ᠵᠠᠷᠯᠠᠭᠴᠢ ᠶᠢᠨ ᠡᠵᠡᠨ | ᠮᠡᠳᠡᠬᠦ ᠡᠷᠬᠡ ᠶᠢ ᠥᠷᠭᠡᠳᠬᠡᠵᠦ᠂ ᠢᠨᠵᠧᠨᠧᠷᠢᠩ ᠢ ᠶᠡᠷᠦᠩᠬᠡᠶᠢᠯᠡᠨ ᠳᠠᠭᠠᠭᠠᠴᠢᠯᠠᠬᠤ ᠶᠢ ᠬᠡᠷᠡᠭᠵᠢᠭᠦᠯᠵᠦ᠂ ᠪᠦᠬᠦ ᠶᠠᠪᠣᠴᠠ ᠳᠠᠬᠢ ᠢᠨᠵᠧᠨᠧᠷᠢᠩ ᠤᠨ ᠵᠥᠪᠯᠡᠯᠭᠡ | ᠶᠢ ᠬᠦᠭᠵᠢᠭᠦᠯᠦᠨ᠎ᠡ᠃ ᠦᠢᠯᠡᠴᠢᠯᠡᠭᠡᠨ ᠤ ᠲᠦᠷᠥᠯ ᠤᠨ ᠲᠦᠷᠥᠯ ᠵᠦᠢᠯ ᠤᠨ ᠳᠠᠭᠠᠭᠠᠴᠢᠯᠠᠯᠲᠠ ᠵᠠᠷᠯᠠᠬᠤ ᠠᠵᠣ ᠠᠬᠤᠶᠢᠯᠠᠯ ᠤᠨ ᠬᠦᠮᠦᠷᠭᠡ ᠶᠢ ᠪᠠᠶᠢᠭᠤᠯᠵᠣ᠂ | ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠶᠠᠪᠣᠴᠠ ᠶᠢ ᠬᠢᠯᠪᠠᠷᠴᠢᠯᠠᠵᠣ᠂ ᠲᠦᠷᠥᠯ ᠵᠦᠢᠯ ᠬᠡᠷᠡᠭᠵᠢᠭᠦᠯᠬᠦ ᠨᠢᠭᠡᠴᠡ ᠶᠢ ᠲᠦᠷᠭᠡᠨ ᠮᠦᠷᠲᠡᠭᠡᠨ | ᠳᠦᠭᠦᠮ ᠲᠥᠳᠡ ᠲᠣᠭᠲᠠᠭᠠᠨ᠎ᠠ᠃ ᠠᠵᠢᠯ ᠶᠠᠪᠣᠳᠠᠯ ᠤᠨ ᠡᠷᠬᠡ ᠬᠢᠭᠡᠳ ᠵᠠᠷᠣᠯᠭ᠎ᠠ ᠶᠢᠨ ᠬᠠᠷᠢᠭᠤᠴᠠᠯᠭ᠎ᠠ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠵᠣ᠂ | ᠡᠷᠬᠡ ᠬᠠᠷᠢᠭᠤᠴᠠᠯᠭ᠎ᠠ ᠲᠣᠳᠣᠷᠬᠠᠢ ᠡᠳ᠋ ᠤᠨ ᠵᠠᠰᠠᠭ ᠤᠨ ᠬᠠᠷᠢᠴᠠᠭ᠎ᠠ ᠶᠢ ᠪᠠᠶᠢᠭᠤᠯᠣᠨ᠎ᠠ᠃ ᠵᠠᠰᠠᠭ ᠤᠨ ᠣᠷᠳᠣᠨ ᠤ ᠪᠠᠶᠢᠭᠤᠯᠣᠮᠵᠢ ᠶᠢᠨ ᠥᠭᠡᠷᠡᠴᠢᠯᠡᠯᠲᠡ ᠶᠢ | ᠪᠦᠬᠦ ᠲᠠᠯ᠎ᠠ ᠪᠠᠷ ᠪᠡᠶᠡᠯᠡᠭᠦᠯᠵᠦ᠂ ᠠᠵᠢᠯ ᠦᠢᠯᠡᠰ ᠤᠨ ᠨᠢᠭᠡᠴᠡ ᠶᠢᠨ ᠠᠯᠪᠠᠨ ᠤ ᠲᠡᠷᠭᠡ ᠬᠡᠷᠡᠭᠯᠡᠬᠦ ᠥᠭᠡᠷᠡᠴᠢᠯᠡᠯᠲᠡ ᠶᠢ ᠢᠳᠡᠪᠬᠢᠲᠡᠢ ᠥᠷᠨᠢᠭᠦᠯᠦᠨ᠂ | ᠬᠤᠷᠢᠨᠭᠡᠷ ᠤᠨ ᠰᠢᠶᠠᠨ ᠢ ᠬᠠᠰᠣᠵᠣ ᠲᠣᠭᠤᠷᠢᠭ ᠪᠠᠶᠢᠭᠤᠯᠬᠤ ᠶᠢ ᠯᠠᠪᠳᠠᠭᠤᠨ ᠢᠶᠠᠷ ᠲᠦᠯᠬᠢᠨ ᠠᠬᠢᠭᠤᠯᠣᠨ᠎ᠠ᠃ ᠴᠢᠩ ᠴᠧᠩ ᠬᠦᠷᠦᠩᠭᠡ ᠶᠢᠨ ᠺᠤᠮᠫᠠᠨᠢ ᠶᠢᠨ | ᠡᠵᠡᠩᠨᠡᠯᠲᠡ ᠶᠢᠨ ᠴᠢᠨᠠᠷ ᠲᠠᠢ ᠬᠦᠷᠦᠩᠭᠡ ᠣᠷᠣᠭᠤᠯᠬᠤ ᠵᠢᠴᠢ ᠡᠷᠭᠢᠯᠲᠡ ᠶᠢ ᠰᠠᠶᠢᠲᠣᠷ ᠠᠳᠬᠤᠵᠣ᠂ ᠨᠡᠶᠢᠲᠡ ᠶᠢᠨ ᠮᠠᠰᠢᠨ ᠲᠡᠷᠭᠡᠨ ᠤ ᠺᠤᠮᠫᠠᠨᠢ ᠶᠢᠨ | ᠳᠦᠷᠢᠮ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠣᠨ᠎ᠠ᠃ ᠤᠯᠠᠨ ᠨᠡᠶᠢᠲᠡ ᠶᠢᠨ ᠢᠲᠡᠭᠡᠮᠵᠢ ᠶᠢᠨ ᠰᠣᠷᠠᠭ ᠵᠠᠩᠭᠢ ᠶᠢᠨ ᠬᠠᠮᠲᠤ ᠪᠠᠷ ᠡᠳ᠋ᠯᠡᠬᠦ | ᠰᠣᠯᠢᠯᠴᠠᠭᠠᠨ ᠤ ᠲᠠᠪᠴᠠᠩ ᠢ ᠪᠠᠶᠢᠭᠤᠯᠵᠣ᠂ ︽ᠣᠯᠠᠭᠠᠨ ᠬᠠᠷ᠎ᠠ ᠨᠡᠷ᠎ᠡ ᠶᠢᠨ ᠳᠠᠩᠰᠠ︾ ᠪᠣᠯᠣᠨ ︽ᠬᠤᠣᠰ ᠵᠠᠷᠯᠠᠯ︾ ᠤᠨ ᠳᠦᠷᠢᠮ ᠢ ᠪᠦᠷᠢᠨᠰᠢᠭᠦᠯᠦᠨ | ᠲᠡᠭᠦᠯᠳᠡᠷᠵᠢᠭᠦᠯᠦᠨ᠎ᠡ᠃ | ᠦᠨᠳᠦᠷ ᠬᠢᠷᠢ ᠲᠦᠪᠰᠢᠨ ᠲᠠᠢ ᠭᠠᠳᠠᠭᠠᠳᠣ ᠨᠡᠭᠡᠭᠡᠯᠲᠡ ᠶᠢ ᠲᠦᠯᠬᠢᠨ ᠠᠬᠢᠭᠤᠯᠣᠨ᠎ᠠ᠃ ︽ᠨᠢᠭᠡ ᠪᠦᠰᠡ ᠨᠢᠭᠡ ᠵᠠᠮ︾ ᠪᠣᠯᠣᠨ ︽ᠳᠤᠮᠳᠠᠳᠤ | ᠮᠤᠩᠭᠤᠯ ᠤᠷᠤᠰ ᠠᠵᠤ ᠠᠬᠤᠢ ᠶᠢᠨ ᠬᠤᠩᠬᠢᠯ︾ ᠤᠨ ᠪᠦᠲᠦᠭᠡᠨ ᠪᠠᠶᠢᠭᠤᠯᠣᠯᠲᠠ ᠳᠤ ᠭᠦᠨᠵᠡᠭᠡᠢ ᠠᠭᠤᠰᠣᠯᠴᠠᠵᠣ᠂ ᠳᠤᠮᠳᠠᠳᠤ ᠤᠷᠤᠰ᠂ ᠳᠤᠮᠳᠠᠳᠤ | ᠮᠣᠩᠭᠤᠯ ᠤᠨ ᠭᠠᠳᠠᠭᠠᠳᠣ ᠬᠠᠷᠢᠯᠴᠠᠭ᠎ᠠ ᠪᠠᠶᠢᠭᠤᠯᠣᠭᠰᠠᠨ 70 ᠵᠢᠯ ᠤᠨ ᠤᠢ ᠶᠢᠨ ᠬᠤᠯᠪᠣᠭᠳᠠᠯ ᠪᠦᠬᠦᠢ ᠠᠵᠢᠯᠯᠠᠭ᠎ᠠ ᠶᠢ ᠨᠠᠷᠢᠨ ᠨᠢᠮᠪᠠᠢ ᠵᠣᠬᠢᠶᠠᠨ ᠪᠠᠶᠢᠭᠤᠯᠵᠣ | ᠂ ᠠᠵᠣ ᠠᠬᠤᠶᠢᠯᠠᠯ ᠢ ᠢᠳᠡᠪᠬᠢᠲᠡᠢ ᠵᠣᠬᠢᠶᠠᠨ ᠪᠠᠶᠢᠭᠤᠯᠣᠨ᠂ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ᠂ ᠳᠣᠮᠳᠠᠳᠣ ᠮᠣᠩᠭᠤᠯ ᠣᠷᠣᠰ | ᠵᠡᠷᠭᠡ ᠡᠯ᠎ᠡ ᠲᠦᠷᠥᠯ ᠤᠨ ᠤᠯᠠᠨ ᠣᠯᠣᠰ ᠤᠨ ᠦᠵᠡᠰᠭᠦᠯᠡᠩ ᠳᠤ ᠣᠷᠣᠯᠴᠠᠭᠤᠯᠣᠨ᠎ᠠ᠃ ᠯᠣᠨᠳᠣᠨ ᠤ ︽ᠬᠦᠬᠡᠬᠤᠲᠠ ᠶᠢ ᠲᠠᠨᠢᠯᠴᠠᠭᠤᠯᠬᠤ ᠬᠤᠷᠠᠯ︾ ᠢ | ᠰᠠᠶᠢᠲᠣᠷ ᠡᠷᠬᠢᠯᠡᠨ᠎ᠡ᠃ ᠶᠡᠷᠦᠩᠬᠡᠢ ᠭᠠᠶᠢᠯᠢ ᠪᠠᠲᠣᠯᠠᠬᠤ ᠣᠷᠣᠨ ᠤ ᠪᠣᠭᠤᠮᠲᠠ ᠪᠢᠲᠡᠭᠦᠮᠵᠢᠯᠡᠨ ᠰᠢᠯᠭᠠᠨ ᠠᠪᠬᠤ ᠶᠢ ᠪᠦᠬᠦ ᠬᠦᠴᠦᠨ ᠢᠶᠠᠷ ᠲᠦᠯᠬᠢᠨ | ᠠᠬᠢᠭᠤᠯᠣᠨ᠎ᠠ︔ ᠨᠡᠩ ᠤᠯᠠᠨ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠨᠡᠪᠲᠡᠷᠡᠭᠦᠯᠬᠦ ᠶᠢ ᠲᠡᠮᠡᠴᠡᠨ ᠣᠯᠣᠨ᠎ᠠ︔ ᠤᠯᠠᠨ ᠤᠯᠤᠰ ᠤᠨ | ᠠᠶᠠᠯᠠᠯ ᠤᠨ ᠱᠤᠭᠤᠮ ᠢ ᠪᠠᠲᠣᠵᠢᠭᠤᠯᠣᠨ ᠣᠯᠠᠰᠢᠷᠠᠭᠤᠯᠵᠣ᠂ ᠤᠯᠠᠨ ᠤᠯᠤᠰ ᠤᠨ ᠲᠦᠷᠭᠡᠨ ᠢᠯᠡᠭᠡᠮᠵᠢ ︵ᠪᠣᠭᠤᠳᠠᠯ︶ ᠤᠨ ᠪᠣᠭᠤᠮᠲᠠ ᠨᠡᠪᠲᠡᠷᠡᠬᠦ ᠠᠵᠢᠯ ᠤᠨ | ᠳᠡᠰ ᠳᠡᠪᠰᠢᠯᠲᠡ ᠶᠢ ᠲᠦᠯᠬᠢᠨ ᠠᠬᠢᠭᠤᠯᠣᠨ᠎ᠠ᠃ ᠬᠦᠬᠡᠬᠤᠲᠠ ᠪᠤᠭᠤᠲᠤ ᠣᠷᠳᠣᠰ ᠭᠤᠷᠪᠠᠨ ᠬᠤᠲᠠ ᠶᠢᠨ ︽ᠨᠢᠭᠡ ᠴᠠᠭ ᠤᠨ ᠵᠠᠮ ᠬᠠᠷᠢᠯᠴᠠᠭᠠᠨ ᠤ ᠴᠠᠭᠠᠷᠢᠭ | ︾ ᠢ ᠪᠦᠷᠢᠨᠰᠢᠭᠦᠯᠵᠦ᠂ ᠰᠣᠷᠭᠠᠭᠤᠯᠢ ᠳᠤ ᠣᠷᠣᠬᠤ᠂ ᠡᠷᠦᠬᠡ ᠠᠮᠠ᠂ ᠡᠮᠴᠢᠯᠡᠭᠡ᠂ ᠨᠡᠶᠢᠭᠡᠮ ᠤᠨ ᠪᠠᠲᠣᠯᠠᠭ᠎ᠠ ᠵᠡᠷᠭᠡ ᠤᠯᠠᠨ ᠨᠡᠶᠢᠲᠡ ᠶᠢᠨ ᠦᠢᠯᠡᠴᠢᠯᠡᠭᠡ ᠶᠢᠨ | ︽ᠭᠤᠷᠪᠠᠨ ᠬᠤᠲᠠ ᠶᠢᠨ ᠠᠳᠠᠯᠢᠠᠬᠨ ᠬᠠᠷᠠᠭᠠᠯᠵᠠᠯ︾ ᠢ ᠠᠬᠢᠭᠤᠯᠣᠨ᠎ᠠ᠃ | ᠪᠦᠲᠦᠮᠵᠢᠲᠡᠢ ᠪᠡᠯᠡ ᠣᠷᠣᠭᠤᠯᠣᠯᠲᠠ ᠶᠢ ᠦᠷᠭᠦᠯᠵᠢᠯᠡᠨ ᠨᠡᠮᠡᠭᠳᠡᠭᠦᠯᠦᠨ᠎ᠡ᠃ ᠳ᠋ᠦᠩᠰᠢᠭᠤᠷ ᠲᠦᠭᠦᠷᠢᠭ ᠠᠴᠠ ᠳᠡᠭᠡᠭᠰᠢᠬᠢ ᠴᠢᠬᠤᠯᠠ ᠶᠡᠭᠡ ᠲᠦᠷᠥᠯ | ᠵᠦᠢᠯ 300 ᠶᠢ ᠬᠡᠷᠡᠭᠵᠢᠭᠦᠯᠵᠦ᠂ 600 ᠳ᠋ᠦᠩᠰᠢᠭᠤᠷ ᠲᠦᠭᠦᠷᠢᠭ ᠤᠨ ᠪᠡᠯᠡ ᠣᠷᠣᠭᠤᠯᠣᠯᠲᠠ ᠶᠢ ᠪᠡᠶᠡᠯᠡᠭᠦᠯᠦᠨ᠎ᠡ᠃ ᠬᠦᠬᠡᠬᠤᠲᠠ ᠠᠴᠠ ᠱᠦᠸᠧᠵᠸᠦ | ᠬᠦᠷᠬᠦ ᠲᠦᠷᠭᠡᠨ ᠤ ᠵᠠᠮ ᠤᠨ ᠬᠤᠷᠢᠨᠭᠡᠷ ᠰᠢᠨ᠎ᠡ ᠲᠣᠭᠤᠷᠢᠭ ᠤᠨ ᠭᠠᠷᠴᠠ᠂ ᠶᠢᠨ ᠱᠧᠩ ᠵᠠᠮ ᠬᠢᠭᠡᠳ G209 ᠶᠢ ᠬᠤᠯᠪᠣᠭᠰᠠᠨ ᠱᠤᠭᠤᠮ ᠤᠨ ᠪᠦᠲᠦᠭᠡᠨ | ᠪᠠᠶᠢᠭᠤᠯᠣᠯᠲᠠ ᠶᠢ ᠲᠦᠯᠬᠢᠨ ᠠᠬᠢᠭᠤᠯᠵᠣ᠂ ᠬᠦᠬᠡᠬᠤᠲᠠ ᠠᠴᠠ ᠯᠢᠶᠠᠩᠴᠧᠩ ᠬᠦᠷᠬᠦ ᠵᠠᠰᠠᠮᠠᠯ ᠵᠠᠮ ᠵᠢᠴᠢ ᠬᠦᠬᠡᠬᠤᠲᠠ ᠠᠴᠠ ᠮᠣᠳᠣᠲᠠᠢ ᠬᠦᠷᠬᠦ ᠵᠡᠷᠭᠡ | ᠲᠣᠰᠬᠤᠨ ᠤ ᠵᠠᠰᠠᠮᠠᠯ ᠵᠠᠮ11 ᠶᠢ ᠡᠬᠢᠯᠡᠭᠦᠯᠵᠦ᠂ ᠣᠯᠣᠰ ᠤᠨ ᠵᠠᠮ 110 ᠱᠤᠭᠤᠮ ᠤᠨ ᠪᠢᠴᠢᠭᠡᠴᠢ ᠠᠴᠠ ᠰᠢᠷᠡᠭᠡᠴᠢ ᠬᠦᠷᠬᠦ ᠬᠡᠰᠡᠭ ᠪᠣᠯᠣᠨ ᠮᠤᠵᠢ ᠶᠢᠨ | ᠵᠠᠮ311 ᠱᠤᠭᠤᠮ ᠤᠨ ᠦᠴᠣᠸᠠᠨ ᠤ ᠬᠥᠬᠡ ᠡᠷᠭᠢ ᠪᠠᠯᠭᠠᠰᠣ ᠠᠴᠠ ᠶᠠᠩ ᠱᠤ᠋ ᠪᠠ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ ᠢ ᠡᠬᠢᠯᠡᠭᠦᠯᠦᠨ ᠪᠦᠲᠦᠭᠡᠨ | ᠪᠠᠶᠢᠭᠤᠯᠬᠤ ᠪᠠᠷ ᠬᠦᠴᠦᠯᠡᠨ᠎ᠡ᠃ ᠶᠢᠨ ᠱᠧᠩ ᠬᠤᠷᠳᠣᠨ ᠤ ᠵᠠᠮ᠂ ᠬᠦᠬᠡᠬᠤᠲᠠ ᠠᠴᠠ ᠦᠴᠣᠸᠠᠨ ᠬᠦᠷᠬᠦ ᠵᠠᠰᠠᠮᠠᠯ ᠵᠠᠮ ᠤᠨ ᠳᠠᠯᠠᠨ ᠬᠠᠷ᠎ᠠ ᠠᠭᠤᠯᠠ ᠶᠢᠨ | ᠨᠥᠬᠡᠨ ᠵᠠᠮ ᠵᠢᠴᠢ ᠱᠤᠭᠤᠮ ᠲᠠᠲᠠᠬᠤ ᠪᠠᠷᠢᠯᠭ᠎ᠠ ᠶᠢ ᠪᠠᠶᠢᠭᠤᠯᠣᠨ ᠲᠡᠷᠭᠡ ᠨᠡᠪᠲᠡᠷᠡᠭᠦᠯᠦᠨ᠎ᠡ᠃ ᠬᠦᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠢ ᠪᠠᠷᠢᠯᠭ᠎ᠠ | ᠡᠬᠢᠯᠡᠭᠦᠯᠵᠦ ᠪᠦᠲᠦᠭᠡᠨ ᠪᠠᠶᠢᠭᠤᠯᠣᠨ᠎ᠠ᠃ ᠱᠠᠨᠰᠢ ᠠᠴᠠ ᠪᠡᠭᠡᠵᠢᠩ ᠬᠦᠷᠬᠦ ᠳᠦᠷᠪᠡᠨ ᠱᠤᠭᠤᠮ ᠤᠨ ᠬᠤᠪᠢᠶᠠᠷᠢᠯᠠᠨ ᠵᠥᠭᠡᠭᠡᠪᠦᠷᠢᠯᠡᠬᠦ ᠢᠨᠵᠧᠨᠧᠷᠢᠩ ᠤᠨ | ᠪᠦᠲᠦᠭᠡᠨ ᠪᠠᠶᠢᠭᠤᠯᠣᠯᠲᠠ ᠶᠢᠨ ᠠᠬᠢᠴᠠ ᠶᠢ ᠲᠦᠷᠭᠡᠳᠬᠡᠵᠦ᠂ ᠰᠢᠲᠠᠮᠠᠬᠠᠢ ᠬᠡᠢ ᠬᠡᠷᠡᠭᠯᠡᠬᠦ ᠪᠠᠲᠣᠯᠠᠭ᠎ᠠ ᠶᠢ ᠳᠡᠭᠡᠭᠰᠢᠯᠡᠭᠦᠯᠦᠨ᠎ᠡ᠃ ᠣᠰᠤ ᠠᠷᠪᠢᠯᠠᠬᠤ ᠶᠢ | ᠥᠭᠡᠷᠡᠴᠢᠯᠡᠨ ᠰᠠᠶᠢᠵᠢᠷᠠᠭᠤᠯᠬᠤ᠂ ᠴᠥᠭᠦᠷᠦᠮ ᠤᠨ ᠠᠶᠣᠯ ᠢ ᠠᠷᠢᠯᠭᠠᠨ ᠪᠠᠬᠢᠵᠢᠭᠦᠯᠬᠦ ᠵᠡᠷᠭᠡ ᠲᠦᠷᠥᠯ ᠵᠦᠢᠯ ᠤᠨ ᠪᠦᠲᠦᠭᠡᠨ ᠪᠠᠶᠢᠭᠤᠯᠣᠯᠲᠠ ᠶᠢ ᠲᠦᠯᠬᠢᠨ | ᠠᠬᠢᠭᠤᠯᠵᠣ᠂ ᠬᠠᠲᠣᠨ ᠭᠤᠣᠯ ᠤᠨ ᠣᠰᠤ ᠶᠢ ᠲᠠᠲᠠᠬᠤ ᠭᠤᠷᠪᠠᠳᠣᠭᠠᠷ ᠬᠤᠭᠤᠴᠠᠭ᠎ᠠ᠂ ᠬᠠᠷ᠎ᠠ ᠣᠰᠤ ᠣᠰᠣᠨ ᠴᠦᠭᠦᠷᠦᠮ ᠤᠨ ᠣᠰᠤ ᠬᠠᠩᠭᠠᠯᠲᠠ᠂ ᠱᠢ | ᠽᠦᠢᠽᠢ ᠣᠰᠣᠨ ᠴᠦᠭᠦᠷᠦᠮ ᠤᠨ ᠰᠢᠪᠠᠷ ᠢ ᠠᠷᠢᠯᠭᠠᠬᠤ᠂ ᠬᠦᠢᠰᠦ ᠶᠢᠨ ᠭᠤᠣᠯ ᠤᠨ ᠰᠠᠪᠠ ᠰᠢᠯᠵᠢᠬᠦ ᠵᠡᠷᠭᠡ ᠢᠨᠵᠧᠨᠧᠷᠢᠩ ᠢ ᠬᠡᠷᠡᠭᠵᠢᠭᠦᠯᠦᠨ᠎ᠡ᠃ ᠲᠠᠪᠣᠨ | 220 ᠸᠣᠯᠲ ᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠤᠨ ᠪᠦᠲᠦᠭᠡᠨ ᠪᠠᠶᠢᠭᠤᠯᠣᠯᠲᠠ ᠶᠢ ᠲᠦᠯᠬᠢᠨ ᠠᠬᠢᠭᠤᠯᠵᠣ᠂ ᠠᠶᠣᠯ | ᠦᠭᠡᠢ ᠪᠠᠷ ᠴᠠᠬᠢᠯᠭᠠᠨ ᠬᠡᠷᠡᠭᠯᠡᠬᠦ ᠶᠢ ᠪᠠᠲᠣᠯᠠᠬᠤ ᠴᠢᠳᠠᠪᠣᠷᠢ ᠶᠢ ᠨᠡᠮᠡᠭᠳᠡᠭᠦᠯᠦᠨ᠎ᠡ᠃ | ᠬᠤᠳᠠᠯᠳᠣᠭᠠᠴᠢᠨ ᠤᠷᠢᠵᠤ ᠪᠡᠯᠡ ᠣᠷᠣᠭᠤᠯᠬᠤ᠂ ᠴᠢᠳᠠᠪᠣᠷᠢᠲᠠᠨ ᠢ ᠲᠠᠲᠠᠵᠣ ᠡᠷᠳᠡᠮᠳᠡᠨ ᠢ ᠣᠷᠣᠭᠤᠯᠬᠤ ᠬᠦᠴᠦᠯᠡᠴᠡ ᠶᠢ ᠨᠡᠮᠡᠭᠳᠡᠭᠦᠯᠦᠨ᠎ᠡ᠃ | ᠬᠤᠳᠠᠯᠳᠣᠭᠠᠴᠢᠨ ᠣᠷᠢᠵᠣ ᠪᠡᠯᠡ ᠣᠷᠣᠭᠤᠯᠬᠤ ᠲᠦᠷᠥᠯ ᠵᠦᠢᠯ ᠤᠨ ᠬᠦᠮᠦᠷᠭᠡ ᠶᠢ ᠪᠦᠷᠢᠨᠰᠢᠭᠦᠯᠵᠦ᠂ ᠴᠢᠬᠤᠯᠠ ᠶᠡᠭᠡ ᠲᠦᠷᠥᠯ ᠵᠦᠢᠯ ᠤᠨ ︽ᠨᠢᠭᠡ | ᠪᠦᠯᠦᠭ ᠢ ᠲᠦᠰᠦᠪᠯᠡᠵᠦ᠂ ᠨᠢᠭᠡ ᠪᠦᠯᠦᠭ ᠢ ᠪᠠᠶᠢᠭᠤᠯᠵᠣ᠂ ᠨᠢᠭᠡ ᠪᠦᠯᠦᠭ ᠢ ᠬᠠᠳᠠᠭᠠᠯᠠᠵᠣ᠂ ᠡᠷᠭᠢᠯᠳᠦᠭᠦᠯᠦᠨ ᠬᠦᠭᠵᠢᠭᠦᠯᠬᠦ︾ ᠶᠢ ᠪᠡᠶᠡᠯᠡᠭᠦᠯᠦᠨ᠎ᠡ᠃ ᠪᠡᠯᠡ | ᠣᠷᠣᠭᠤᠯᠬᠤ ᠲᠦᠷᠥᠯ ᠵᠦᠢᠯ ᠤᠨ ᠦᠢᠯᠡᠴᠢᠯᠡᠭᠡᠨ ᠤ ᠲᠥᠪ ᠢ ᠪᠠᠶᠢᠭᠤᠯᠵᠣ᠂ ᠪᠡᠭᠡᠵᠢᠩ᠂ ᠱᠠᠩᠬᠠᠢ᠂ ᠱᠧᠨᠵᠧᠨ᠂ ᠶᠠᠨᠲ᠋ᠠᠢ ᠳᠤ ᠬᠤᠳᠠᠯᠳᠣᠭᠠᠴᠢᠨ ᠤᠷᠢᠵᠤ | ᠪᠡᠯᠡ ᠣᠷᠣᠭᠤᠯᠬᠤ ᠬᠤᠯᠪᠣᠭᠠᠯᠠᠯ ᠤᠨ ᠭᠠᠵᠠᠷ ᠢ ᠪᠠᠶᠢᠭᠤᠯᠣᠨ᠂ ᠪᠡᠭᠡᠵᠢᠩ ᠲᠢᠶᠠᠨᠵᠢᠨ ᠾᠧᠪᠸᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ | ᠰᠢᠶᠠᠩᠭᠠᠩ ᠣᠣᠮᠧᠨ ᠵᠡᠷᠭᠡ ᠭᠠᠵᠠᠷ ᠣᠷᠣᠨ ᠳᠤ ᠬᠤᠳᠠᠯᠳᠣᠭᠠᠴᠢᠨ ᠢ ᠣᠷᠢᠵᠣ ᠪᠡᠯᠡ ᠣᠷᠣᠭᠤᠯᠬᠤ ᠲᠠᠨᠢᠯᠴᠠᠭᠤᠯᠭ᠎ᠠ ᠶᠢᠨ ᠬᠤᠷᠠᠯ ᠢ ᠡᠷᠬᠢᠯᠡᠵᠦ᠂ 200 | ᠲᠦᠷᠥᠯ ᠵᠦᠢᠯ᠂ 2000 ᠳ᠋ᠦᠩᠰᠢᠭᠤᠷ ᠲᠦᠭᠦᠷᠢᠭ ᠤᠨ ᠶᠡᠷᠦᠩᠬᠡᠢ ᠪᠡᠯᠡ ᠣᠷᠣᠭᠤᠯᠣᠯᠲᠠ ᠶᠢ ᠲᠠᠲᠠᠨ ᠣᠷᠣᠭᠤᠯᠬᠤ ᠪᠠᠷ ᠬᠦᠴᠦᠯᠡᠨ᠎ᠡ᠃ ᠴᠢᠳᠠᠪᠣᠷᠢᠲᠠᠨ ᠢ | ᠲᠠᠲᠠᠬᠤ ᠲᠦᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠵᠣ᠂ ᠶᠡᠭᠡ ᠰᠣᠷᠭᠠᠭᠤᠯᠢ ᠠᠴᠠ ᠲᠡᠭᠦᠰᠦᠭᠰᠡᠨ ᠰᠣᠷᠣᠭᠴᠢᠳ ᠤᠨ ᠬᠢᠮᠳᠠ ᠣᠷᠣᠨ | ᠰᠠᠭᠤᠴᠠ ᠶᠢᠨ ᠪᠠᠲᠣᠯᠠᠭ᠎ᠠ ᠶᠢᠨ ᠲᠦᠷᠥ ᠶᠢᠨ ᠪᠣᠳᠣᠯᠭ᠎ᠠ ᠶᠢ ᠨᠡᠶᠢᠲᠡᠯᠡᠵᠦ᠂ ᠨᠡᠩ ᠤᠯᠠᠨ ᠰᠢᠯᠢᠳᠡᠭ ᠴᠢᠳᠠᠪᠣᠷᠢᠲᠠᠨ ᠬᠦᠬᠡᠬᠤᠲᠠ ᠳᠤ ᠰᠠᠭᠤᠷᠢᠰᠢᠬᠤ ᠶᠢ | ᠲᠠᠲᠠᠨ᠎ᠠ᠃ | ᠠᠷᠠᠳ ᠠᠴᠠ ᠡᠵᠡᠩᠨᠡᠭᠰᠡᠨ ᠠᠵᠣ ᠠᠬᠤᠢ ᠶᠢ ᠶᠡᠬᠡᠪᠡᠷ ᠬᠦᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠠᠷᠠᠳ ᠠᠴᠠ ᠡᠵᠡᠩᠨᠡᠭᠰᠡᠨ ᠠᠵᠣ | ᠠᠬᠤᠢ ᠶᠢ ᠡᠷᠡᠭᠦᠯ ᠢᠶᠠᠷ ᠬᠦᠭᠵᠢᠭᠦᠯᠬᠦ ᠶᠢ ᠳᠡᠮᠵᠢᠭᠰᠡᠨ 26 ᠵᠣᠷᠪᠣᠰ ᠪᠣᠯᠣᠨ ᠮᠠᠨ ᠤ ᠬᠤᠲᠠ ᠶᠢᠨ 50 ᠵᠣᠷᠪᠣᠰ ᠲᠦᠷᠥ ᠶᠢᠨ ᠪᠣᠳᠣᠯᠭ᠎ᠠ ᠶᠢ ᠪᠦᠬᠦ | ᠲᠠᠯ᠎ᠠ ᠪᠠᠷ ᠨᠠᠶᠢᠳᠠᠪᠣᠷᠢᠵᠢᠭᠤᠯᠵᠣ᠂ ᠠᠷᠠᠳ ᠤᠨ ᠳᠤᠮᠳᠠᠬᠢ ᠪᠡᠯᠡ ᠣᠷᠣᠭᠤᠯᠣᠯᠲᠠ ᠶᠢ 5% ᠠᠴᠠ ᠳᠡᠭᠡᠭᠰᠢ ᠨᠡᠮᠡᠭᠳᠡᠭᠦᠯᠦᠨ᠎ᠡ᠃ ᠭᠠᠶᠢᠯᠢ ᠶᠢ ᠪᠠᠭᠠᠰᠬᠠᠵᠣ | ᠰᠦᠢᠳᠬᠡᠯ ᠢ ᠪᠠᠭᠤᠷᠠᠭᠤᠯᠬᠤ ᠲᠦᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠣᠨ᠂ ᠮᠦᠩᠭᠦᠨ ᠭᠦᠢᠯᠭᠡᠭᠡᠨ ᠤ ᠪᠠᠶᠢᠭᠤᠯᠣᠮᠵᠢ ᠶᠢᠨ | ᠢᠲᠡᠭᠡᠮᠵᠢᠲᠦ ᠵᠢᠭᠡᠯᠡᠯᠭᠡ ᠶᠢᠨ ᠬᠦᠷᠢᠶ᠎ᠡ ᠬᠡᠪᠴᠢᠶ᠎ᠡ ᠪᠠᠨ ᠥᠷᠭᠡᠳᠬᠡᠬᠦ ᠶᠢ ᠬᠦᠲᠦᠯᠦᠨ ᠵᠢᠯᠣᠭᠤᠳᠴᠣ᠂ ᠠᠷᠠᠳ ᠠᠴᠠ ᠡᠵᠡᠩᠨᠡᠭᠰᠡᠨ ᠠᠵᠣ ᠠᠬᠤᠢ ᠶᠢᠨ ᠪᠡᠯᠡ | ᠲᠣᠬᠢᠷᠠᠭᠤᠯᠬᠤ ᠳᠤ ᠬᠦᠴᠢᠷ᠂ ᠪᠡᠯᠡ ᠲᠣᠬᠢᠷᠠᠭᠤᠯᠬᠤ ᠳᠤ ᠦᠨᠡᠲᠡᠢ ᠠᠰᠠᠭᠤᠳᠠᠯ ᠢ ᠦᠨᠡᠨᠬᠦ ᠰᠢᠢᠳᠪᠦᠷᠢᠯᠡᠨ᠎ᠡ᠃ ᠵᠠᠰᠠᠭ ᠤᠨ ᠣᠷᠳᠣᠨ ᠪᠣᠯᠣᠨ ᠣᠯᠣᠰ ᠤᠨ | ᠦᠮᠴᠢᠯᠡᠯ ᠤᠨ ᠠᠵᠣ ᠠᠬᠤᠶᠢᠯᠠᠯ ᠠᠷᠠᠳ ᠠᠴᠠ ᠡᠵᠡᠩᠨᠡᠭᠰᠡᠨ ᠠᠵᠣ ᠠᠬᠤᠢ ᠶᠢᠨ ᠳᠠᠩᠰᠠ ᠲᠣᠭᠠᠴᠠᠭ᠎ᠠ ᠶᠢ ᠦᠷᠢᠲᠦᠵᠦ ᠣᠳᠠᠭᠠᠰᠢᠷᠠᠭᠤᠯᠣᠭᠰᠠᠨ ᠪᠠᠶᠢᠳᠠᠯ ᠢ | ᠪᠦᠬᠦ ᠲᠠᠯ᠎ᠠ ᠪᠠᠷ ᠣᠶᠢᠯᠠᠭᠠᠵᠣ᠂ ᠦᠷᠢᠲᠦᠭᠰᠡᠨ ᠮᠦᠩᠭᠦ ᠶᠢ ︽ᠴᠠᠭ ᠲᠣᠭᠲᠠᠭᠠᠨ ᠥᠭᠴᠡᠭᠡ ᠶᠢ ᠢᠯᠭᠠᠷᠠᠭᠤᠯᠣᠨ᠎ᠠ︾᠃ ᠠᠵᠣ ᠦᠢᠯᠡᠳᠪᠦᠷᠢ ᠶᠢᠨ ᠲᠦᠷᠥᠯ | ᠵᠦᠢᠯ ︽ᠭᠠᠵᠠᠷ ᠢᠶᠠᠨ ᠣᠯᠣᠮᠠᠭᠴᠠ ᠠᠵᠢᠯ ᠢᠶᠠᠨ ᠡᠬᠢᠯᠡᠭᠦᠯᠬᠦ︾ ᠶᠢ ᠬᠡᠷᠡᠭᠵᠢᠭᠦᠯᠵᠦ᠂ ︽ᠬᠤᠷᠢᠭ᠎ᠠ ᠦᠭᠡᠢ ᠪᠣᠯ ᠣᠷᠣᠵᠣ ᠪᠣᠯᠬᠤ︾ ᠶᠢ ᠨᠡᠶᠢᠳᠡᠮ | ᠨᠠᠶᠢᠳᠠᠪᠣᠷᠢᠵᠢᠭᠤᠯᠬᠤ ᠶᠢ ᠲᠦᠯᠬᠢᠨ ᠠᠬᠢᠭᠤᠯᠣᠨ᠎ᠠ᠃ ᠠᠵᠣ ᠠᠬᠤᠶᠢᠯᠠᠯ ᠤᠨ ᠵᠠᠭᠠᠯᠳᠣᠬᠤ ᠶᠢ ᠰᠢᠢᠳᠪᠦᠷᠢᠯᠡᠬᠦ ᠦᠢᠯᠡᠴᠢᠯᠡᠭᠡᠨ ᠤ ᠲᠣᠭᠲᠠᠴᠠ ᠶᠢ ᠪᠠᠶᠢᠭᠤᠯᠵᠣ᠂ | ᠵᠠᠰᠠᠭ ᠤᠨ ᠣᠷᠳᠣᠨ ᠠᠵᠣ ᠠᠬᠤᠶᠢᠯᠠᠯ ᠤᠨ ᠨᠡᠪᠲᠡᠷᠡᠯᠴᠡᠬᠦ ᠠᠷᠭ᠎ᠠ ᠵᠠᠮ ᠢ ᠰᠢᠯᠣᠭᠤᠬᠠᠨ ᠪᠠᠶᠢᠯᠭᠠᠵᠣ᠂ ᠲᠣᠳᠣᠨᠣ ᠴᠢᠭᠡᠴᠢ ᠬᠡᠯᠪᠡᠷᠢ ᠶᠢᠨ ᠵᠠᠰᠠᠭ ᠤᠨ ᠣᠷᠳᠣᠨ | ᠬᠤᠳᠠᠯᠳᠣᠭᠠᠴᠢᠨ ᠤ ᠬᠠᠷᠢᠴᠠᠭ᠎ᠠ ᠶᠢ ᠪᠠᠶᠢᠭᠤᠯᠣᠨ᠎ᠠ᠃ ᠠᠵᠣ ᠠᠬᠤᠶᠢᠯᠠᠯ ᠢ ᠬᠦᠭᠵᠢᠭᠦᠯᠬᠦ ᠶᠢ ᠬᠦᠬᠢᠭᠦᠯᠦᠨ ᠳᠡᠮᠵᠢᠬᠦ ᠲᠦᠷᠥ ᠶᠢᠨ ᠪᠣᠳᠣᠯᠭ᠎ᠠ ᠠᠷᠭ᠎ᠠ ᠠᠪᠴᠠᠯ | ᠪᠣᠯᠭᠠᠨ ᠢ ᠪᠦᠬᠦᠨ ᠢ ᠲᠡᠷᠡ ᠶᠣᠰᠣᠭᠠᠷ ᠨᠢ ᠪᠡᠶᠡᠯᠡᠭᠦᠯᠵᠦ᠂ ᠠᠵᠣ ᠠᠬᠤᠶᠢᠯᠠᠯᠲᠠᠨ ᠢ ᠬᠦᠬᠡᠬᠤᠲᠠ ᠳᠤ ᠰᠡᠳᠬᠢᠯ ᠲᠠᠶᠢᠪᠣᠭᠤ ᠪᠡᠯᠡ ᠣᠷᠣᠭᠤᠯᠵᠣ᠂ ᠰᠡᠳᠬᠢᠯ | ᠲᠠᠭᠠᠯᠠᠮᠵᠢᠲᠠᠢ ᠦᠢᠯᠡᠰ ᠴᠣᠭᠴᠠᠯᠠᠵᠣ᠂ ᠰᠠᠨᠠᠭ᠎ᠠ ᠲᠠᠶᠢᠪᠣᠩ ᠬᠦᠭᠵᠢᠯᠲᠡ ᠪᠠᠨ ᠣᠯᠬᠤ ᠶᠢ ᠪᠢᠳᠡ ᠲᠥᠪ ᠴᠢᠭᠡᠴᠢ ᠪᠠᠷ ᠠᠮᠠᠯᠳᠠᠨ᠎ᠠ︕ | ︵ᠳᠣᠯᠤᠭ᠎ᠠ︶ ᠠᠷᠠᠳ ᠤᠨ ᠠᠮᠢᠳᠣᠷᠠᠯ ᠪᠣᠯᠣᠨ ᠨᠡᠶᠢᠭᠡᠮ ᠤᠨ ᠠᠵᠢᠯ ᠦᠢᠯᠡᠰ ᠤᠨ ᠬᠦᠭᠵᠢᠯᠲᠡ ᠶᠢᠨ ᠬᠢᠷᠢ ᠲᠦᠪᠰᠢᠨ ᠢ ᠲᠠᠰᠣᠷᠠᠯᠲᠠ ᠦᠭᠡᠢ | ᠳᠡᠭᠡᠭᠰᠢᠯᠡᠭᠦᠯᠦᠨ᠎ᠡ | ᠠᠵᠢᠯ ᠣᠯᠭᠤᠯᠲᠠ ᠪᠣᠯᠣᠨ ᠨᠡᠶᠢᠭᠡᠮ ᠤᠨ ᠪᠠᠲᠣᠯᠠᠭ᠎ᠠ ᠶᠢᠨ ᠰᠢᠰᠲ᠋ᠧᠮᠵᠢ ᠶᠢ ᠪᠦᠷᠢᠨᠰᠢᠭᠦᠯᠦᠨ᠎ᠡ᠃ ︽ᠠᠩᠬᠠᠨ ᠤ ᠡᠭᠦᠳᠦᠯᠲᠡ ᠳᠤ ᠲᠣᠰᠠᠯᠠᠬᠤ︾ | ᠲᠦᠷᠥᠯ ᠲᠡᠮᠳᠡᠭᠲᠦ ᠶᠢᠨ ᠠᠵᠢᠯᠯᠠᠭ᠎ᠠ ᠶᠢ ᠦᠷᠭᠦᠯᠵᠢᠯᠡᠨ ᠲᠦᠯᠬᠢᠨ ᠠᠬᠢᠭᠤᠯᠵᠣ᠂ ᠡᠯ᠎ᠡ ᠲᠦᠷᠥᠯ ᠤᠨ ᠬᠠᠮᠲᠣ ᠴᠣᠭᠴᠠ ᠶᠢᠨ ᠠᠵᠢᠯ ᠣᠯᠬᠤ ᠪᠠ ᠠᠳᠠᠯ | ᠦᠢᠯᠡᠰ ᠴᠣᠭᠴᠠᠯᠠᠬᠤ ᠴᠢᠳᠠᠪᠣᠷᠢ ᠶᠢ ᠯᠠᠪᠳᠠᠭᠤᠨ ᠳᠡᠭᠡᠭᠰᠢᠯᠡᠭᠦᠯᠦᠨ᠂ ᠪᠦᠬᠦ ᠵᠢᠯ ᠳᠤ ᠰᠢᠨ᠎ᠡ ᠪᠠᠷ ᠠᠵᠢᠯ ᠣᠯᠭᠤᠭᠰᠠᠨ ᠬᠦᠮᠦᠨ ᠤ ᠲᠤᠭ᠎ᠠ ᠶᠢ 3.6 ᠲᠦᠮᠡᠨ | ᠬᠦᠮᠦᠨ ᠪᠣᠯᠭᠠᠵᠣ᠂ ︽ᠠᠵᠢᠯ ᠣᠯᠣᠭᠰᠠᠨ ᠬᠦᠮᠦᠨ ᠦᠭᠡᠢ︾ ᠭᠡᠷ ᠪᠦᠯᠢ ᠶᠢᠨ ᠬᠦᠳᠡᠯᠭᠡᠨᠲᠦ ᠮᠠᠶ᠋ᠢᠭ ᠢᠶᠠᠷ ᠠᠵᠢᠯ ᠣᠯᠬᠤ ᠶᠢ ᠪᠠᠲᠣᠯᠠᠨ᠎ᠠ᠃ ᠳᠠᠭᠠᠳᠬᠠᠯ ᠳᠤ | ᠣᠷᠣᠬᠤ ᠶᠢ ᠳᠡᠮᠵᠢᠨ ᠬᠦᠬᠢᠭᠦᠯᠬᠦ ᠲᠦᠷᠥ ᠶᠢᠨ ᠪᠣᠳᠣᠯᠭ᠎ᠠ ᠶᠢ ᠪᠦᠷᠢᠨᠰᠢᠭᠦᠯᠵᠦ᠂ ᠲᠠᠪᠣᠨ ᠪᠠᠲᠣᠯᠠᠭᠠᠲᠣ ᠠᠰᠠᠷᠠᠨ ᠲᠡᠵᠢᠭᠡᠬᠦ ᠡᠷᠦᠬᠡ᠂ ᠳᠠᠩᠰᠠᠯᠠᠵᠣ | ᠺᠠᠷᠲᠯᠠᠭᠰᠠᠨ ᠶᠠᠳᠠᠭᠤ ᠠᠴᠠ ᠠᠩᠭᠢᠵᠢᠷᠠᠭ᠎ᠠ ᠦᠭᠡᠢ ᠬᠦᠮᠦᠨ᠂ ᠬᠦᠨᠳᠦ ᠬᠡᠮᠵᠢᠶᠡᠨ ᠤ ᠵᠡᠮᠳᠡᠭ ᠬᠦᠮᠦᠨ᠂ ᠬᠤᠲᠠ ᠬᠦᠳᠡᠭᠡ ᠶᠢᠨ ᠨᠠᠭᠠᠳᠣᠮ ᠵᠠᠬ᠎ᠠ ᠶᠢᠨ | ᠠᠮᠢᠳᠣᠷᠠᠯ ᠤᠨ ᠪᠠᠲᠣᠯᠠᠭᠠᠲᠣ ᠡᠷᠦᠬᠡ᠂ ᠭᠠᠭᠴᠠ ᠬᠡᠥᠬᠡᠳ ᠢᠶᠠᠨ ᠠᠯᠳᠠᠭᠰᠠᠨ ᠭᠡᠷ ᠪᠦᠯᠢ ᠵᠡᠷᠭᠡ ᠣᠨᠴᠠ ᠬᠦᠴᠢᠷᠲᠡᠢ ᠬᠠᠮᠲᠣ ᠴᠣᠭᠴᠠ ᠶᠢᠨ ᠨᠠᠰᠣᠵᠢᠯ ᠤᠨ | ᠠᠰᠠᠷᠠᠮᠵᠢ ᠶᠢᠨ ᠳᠠᠭᠠᠳᠬᠠᠯ ᠢ ᠣᠷᠣᠯᠠᠨ ᠲᠣᠰᠢᠶᠠᠵᠣ᠂ ᠣᠣᠯ ᠤᠨ ᠣᠯᠣᠰ ᠤᠨ ᠠᠵᠣ ᠠᠬᠤᠶᠢᠯᠠᠯ ᠤᠨ ᠨᠠᠰᠤ ᠬᠡᠲᠦᠷᠡᠭᠰᠡᠨ ᠠᠵᠢᠯ ᠠᠴᠠ ᠪᠠᠨ ᠪᠠᠭᠤᠵᠣ ᠠᠵᠢᠯ | ᠠᠯᠳᠠᠭᠰᠠᠨ ᠬᠦᠮᠦᠰ ᠲᠤ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠲᠣᠰᠢᠶᠠᠵᠣ ᠥᠭᠬᠦ ᠲᠣᠰᠠᠯᠠᠮᠵᠢ ᠬᠦᠷᠲᠡᠭᠡᠵᠦ᠂ ᠬᠤᠲᠠ ᠬᠦᠳᠡᠭᠡ ᠶᠢᠨ ᠬᠦᠴᠢᠷᠳᠡᠯ | ᠲᠠᠢ ᠭᠡᠷ ᠪᠦᠯᠢ ᠶᠢ ᠲᠡᠩᠬᠡᠷᠡᠭᠦᠯᠦᠨ ᠲᠣᠰᠠᠯᠠᠬᠤ ᠶᠢ ᠰᠠᠶᠢᠲᠣᠷ ᠬᠢᠨ᠎ᠡ᠃ ᠬᠦᠴᠦ ᠶᠠᠪᠣᠭᠴᠢ ᠮᠠᠯᠴᠢᠨ ᠲᠠᠷᠢᠶᠠᠴᠢᠨ ᠤ ᠴᠠᠯᠢᠩ ᠣᠯᠭᠤᠮᠵᠢ ᠶᠢ ᠥᠭᠬᠦ ᠬᠢᠨᠠᠯᠲᠠ | ᠬᠠᠮᠢᠶᠠᠷᠣᠯᠲᠠ ᠶᠢ ᠴᠢᠩᠭᠠᠳᠬᠠᠵᠣ᠂ ᠬᠦᠴᠦ ᠶᠠᠪᠣᠭᠴᠢ ᠮᠠᠯᠴᠢᠨ ᠲᠠᠷᠢᠶᠠᠴᠢᠨ ᠤ ᠬᠠᠣᠯᠢ ᠶᠣᠰᠣᠨ ᠤ ᠡᠷᠬᠡ ᠠᠰᠢᠭ ᠢ ᠪᠠᠲᠣᠯᠠᠨ᠎ᠠ᠃ ᠬᠢᠮᠳᠠ ᠣᠷᠣᠨ | ᠰᠠᠭᠤᠴᠠ ᠶᠢᠨ ᠪᠠᠲᠣᠯᠠᠭ᠎ᠠ ᠶᠢᠨ ᠢᠨᠵᠧᠨᠧᠷᠢᠩ ᠢ ᠦᠷᠭᠦᠯᠵᠢᠯᠡᠨ ᠠᠬᠢᠭᠤᠯᠵᠣ᠂ ᠳᠦᠭᠦᠮ ᠪᠦᠲᠦᠴᠡᠲᠦ ᠣᠷᠣᠨ ᠰᠠᠭᠤᠴᠠ ᠶᠢ 2000 ᠢᠵᠢ ᠥᠭᠡᠷᠡᠴᠢᠯᠡᠨ | ᠰᠠᠶᠢᠵᠢᠷᠠᠭᠤᠯᠵᠣ᠂ 20 ᠬᠠᠭᠤᠴᠢᠷᠠᠭᠰᠠᠨ ᠬᠤᠷᠢᠶᠠᠯᠠᠯ ᠢ ᠪᠠᠷᠢᠮᠵᠢᠶ᠎ᠠ ᠶᠢ ᠨᠢ ᠳᠡᠭᠡᠭᠰᠢᠯᠡᠭᠦᠯᠵᠦ ᠥᠭᠡᠷᠡᠴᠢᠯᠡᠨ ᠰᠠᠶᠢᠵᠢᠷᠠᠭᠤᠯᠣᠨ᠎ᠠ᠃ | ᠡᠷᠡᠭᠦᠯ ᠬᠦᠬᠡᠬᠤᠲᠠ ᠶᠢ ᠲᠦᠷᠭᠡᠳᠬᠡᠨ ᠪᠠᠶᠢᠭᠤᠯᠣᠨ᠎ᠠ᠃ ᠴᠡᠯᠡᠭᠡᠷ ᠲᠠᠯ᠎ᠠ ᠡᠮᠨᠡᠯᠭᠡ ᠶᠢᠨ ᠬᠤᠷᠢᠶ᠎ᠠ ᠪᠣᠯᠣᠨ ᠣᠶᠣᠨᠲᠣ ᠪᠠᠴᠢᠮ ᠠᠪᠣᠷᠠᠯᠲᠠ ᠶᠢᠨ | ᠲᠠᠪᠴᠠᠩ ᠢ ᠡᠬᠢᠯᠡᠵᠦ ᠪᠦᠲᠦᠭᠡᠨ ᠪᠠᠶᠢᠭᠤᠯᠣᠨ᠂ ᠬᠤᠲᠠ ᠶᠢᠨ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠶᠢᠨ ᠡᠮᠨᠡᠨ ᠰᠤᠪᠢᠯᠠᠬᠤ ᠲᠥᠪ᠂ ᠬᠤᠲᠠ ᠶᠢᠨ | ᠬᠤᠶᠠᠳᠣᠭᠠᠷ ᠡᠮᠨᠡᠯᠭᠡ ᠶᠢᠨ ᠬᠤᠷᠢᠶ᠎ᠠ ᠵᠡᠷᠭᠡ ᠭᠤᠣᠯᠳᠠᠯᠭ᠎ᠠ ᠲᠠᠢ ᠲᠦᠷᠥᠯ ᠵᠦᠢᠯ ᠢ ᠲᠦᠷᠭᠡᠳᠬᠡᠨ ᠪᠠᠶᠢᠭᠤᠯᠣᠨ᠎ᠠ᠃ ᠬᠤᠲᠠ ᠶᠢᠨ ᠳᠦᠷᠪᠡᠨ ᠲᠣᠭᠤᠷᠢᠭ ᠤᠨ | ᠡᠮᠨᠡᠯᠭᠡ ᠶᠢᠨ ᠬᠤᠷᠢᠶ᠎ᠠ ᠬᠢᠭᠡᠳ ᠣᠯᠣᠰ ᠤᠨ ᠳᠣᠲᠣᠭᠠᠳᠣ ᠶᠢᠨ ᠨᠡᠷᠡᠲᠦ ᠡᠮᠴᠢᠯᠡᠭᠡᠨ ᠤ ᠪᠠᠶᠢᠭᠤᠯᠣᠮᠵᠢ ᠶᠢᠨ ᠬᠤᠭᠤᠷᠣᠨᠳᠣᠬᠢ ᠬᠠᠮᠲᠣᠷᠠᠯᠴᠠᠭ᠎ᠠ ᠶᠢ ᠲᠦᠯᠬᠢᠨ | ᠠᠬᠢᠭᠤᠯᠵᠣ᠂ ᠵᠢᠷᠦᠬᠡ ᠴᠢᠰᠣᠨ ᠰᠤᠳᠠᠯ᠂ ᠬᠠᠪᠣᠳᠠᠷ ᠵᠡᠷᠭᠡ ᠣᠨᠴᠠᠯᠢᠭ ᠪᠦᠬᠦᠢ ᠲᠣᠰᠬᠠᠢ ᠡᠮᠨᠡᠯᠭᠡ ᠶᠢᠨ ᠬᠤᠷᠢᠶ᠎ᠠ ᠶᠢ ᠴᠣᠭᠴᠠᠯᠠᠨ ᠪᠠᠶᠢᠭᠤᠯᠣᠨ᠎ᠠ᠃ ᠰᠢᠶᠠᠨ ᠤ | ᠬᠡᠪᠴᠢᠶᠡᠨ ᠤ ᠡᠮᠴᠢᠯᠡᠭᠡᠨ ᠤ ᠪᠠᠶᠢᠭᠤᠯᠣᠮᠵᠢ ᠶᠢᠨ ᠶᠡᠷᠦᠩᠬᠡᠢ ᠥᠭᠡᠷᠡᠴᠢᠯᠡᠯᠲᠡ ᠶᠢ ᠬᠡᠷᠡᠭᠵᠢᠭᠦᠯᠦᠨ᠂ ᠦᠨᠳᠦᠰᠦᠨ ᠱᠠᠲᠣᠨ ᠤ ᠡᠮᠴᠢᠯᠡᠭᠡ ᠶᠢᠨ ᠦᠢᠯᠡᠴᠢᠯᠡᠭᠡᠨ ᠤ | ᠴᠢᠳᠠᠪᠣᠷᠢ ᠶᠢ ᠳᠡᠭᠡᠭᠰᠢᠯᠡᠭᠦᠯᠦᠨ᠎ᠡ᠃ ᠳᠡᠰ ᠬᠤᠪᠢᠶᠠᠨ ᠣᠨᠣᠰᠢᠯᠠᠨ ᠡᠮᠴᠢᠯᠡᠬᠦ ᠳᠦᠷᠢᠮ ᠢ ᠪᠦᠷᠢᠨᠰᠢᠭᠦᠯᠵᠦ᠂ ᠨᠡᠷᠡᠲᠦ ᠡᠮᠴᠢ ᠶᠢᠨ ᠠᠵᠢᠯᠯᠠᠬᠤ ᠲᠠᠰᠤᠭ 20 ᠶᠢ | ᠰᠢᠨ᠎ᠡ ᠪᠠᠷ ᠪᠠᠶᠢᠭᠤᠯᠣᠨ᠎ᠠ᠃ ᠠᠭᠠᠷ ᠤᠨ ᠡᠮᠴᠢᠯᠡᠭᠡᠨ ᠤ ᠠᠪᠣᠷᠠᠨ ᠲᠣᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠲᠣᠭᠲᠠᠴᠠ ᠶᠢ ᠬᠠᠶᠢᠨ ᠰᠦᠪᠡᠭᠴᠢᠯᠡᠨ᠎ᠡ᠃ | ᠵᠠᠰᠠᠭ ᠤᠨ ᠣᠷᠳᠣᠨ ᠤ ᠵᠡᠮᠳᠡᠭ ᠲᠤ ᠲᠣᠰᠠᠯᠠᠬᠤ ᠦᠢᠯᠡᠴᠢᠯᠡᠭᠡ ᠬᠤᠳᠠᠯᠳᠣᠨ ᠠᠪᠬᠤ ᠬᠡᠪᠴᠢᠶᠡᠵᠢᠯ ᠢ ᠥᠷᠭᠡᠳᠬᠡᠵᠦ᠂ ︽ᠬᠠᠷᠠᠭ᠎ᠠ ᠣᠷᠣᠭᠤᠯᠬᠤ ᠠᠶᠠᠯᠠᠯ︾ | ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠰᠠᠶ᠋ᠢ ᠲᠦᠷᠦᠭᠰᠡᠨ ᠬᠡᠥᠬᠡᠳ ᠲᠤ ᠣᠳᠣᠮᠰᠢᠯ ᠤᠨ ᠴᠢᠨᠠᠷᠲᠠᠢ ᠴᠢᠬᠢ | ᠳᠦᠯᠡᠶᠢᠷᠡᠬᠦ ᠭᠧᠨ ᠪᠣᠯᠣᠨ ᠣᠳᠣᠮᠰᠢᠯ ᠤᠨ ᠴᠢᠨᠠᠷᠲᠠᠢ ᠰᠣᠯᠢᠯᠴᠠᠭ᠎ᠠ ᠶᠢᠨ ᠡᠪᠡᠳᠴᠢᠨ ᠢ ᠰᠦᠢᠳᠭᠡᠯ ᠬᠤᠷᠢᠶᠠᠬᠤ ᠦᠭᠡᠢ ᠪᠠᠷ ᠰᠢᠭᠰᠢᠨ ᠪᠠᠶᠢᠴᠠᠭᠠᠯᠲᠠ ᠬᠢᠵᠦ | ᠥᠭᠭᠦᠨ᠎ᠡ᠃ ᠰᠢᠶᠠᠩ ᠪᠠᠯᠭᠠᠰᠣ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠲᠣᠭᠠᠵᠢᠭᠤᠯᠣᠭᠰᠠᠨ ᠡᠮᠴᠢᠯᠡᠭᠡᠨ ᠤ ᠲᠦᠬᠦᠭᠡᠷᠦᠮᠵᠢ ᠶᠢᠨ ᠣᠷᠣᠭᠤᠯᠣᠯᠲᠠ ᠶᠢ | ᠨᠡᠮᠡᠭᠳᠡᠭᠦᠯᠵᠦ᠂ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠠᠵᠢᠯ ᠤᠨ ᠪᠠᠶᠢᠷᠢᠨ ᠳᠤ ᠪᠠᠨ ᠪᠠᠶᠢᠭ᠎ᠠ ᠬᠦᠮᠦᠰ ᠲᠤ ᠵᠢᠯ ᠪᠦᠷᠢ ᠬᠦᠮᠦᠨ | ᠪᠣᠯᠭᠠᠨ ᠳᠤ ᠲᠣᠰᠬᠠᠢ ᠵᠦᠢᠯ ᠤᠨ ᠨᠦᠬᠦᠪᠦᠷᠢ 1 ᠲᠦᠮᠡᠨ ᠲᠦᠭᠦᠷᠢᠭ ᠨᠡᠮᠡᠵᠦ ᠥᠭᠭᠦᠨ᠎ᠡ᠃ | ᠠᠷᠠᠳ ᠤᠯᠠᠨ ᠬᠠᠨᠣᠮᠵᠢᠲᠠᠢ ᠰᠣᠷᠭᠠᠨ ᠬᠦᠮᠦᠵᠢᠯ ᠢ ᠪᠦᠬᠦ ᠬᠦᠴᠦᠨ ᠢᠶᠠᠷ ᠰᠠᠶᠢᠲᠣᠷ ᠡᠷᠬᠢᠯᠡᠨ᠎ᠡ᠃ ᠰᠣᠷᠭᠠᠭᠤᠯᠢ ᠶᠢᠨ ᠲᠣᠭᠤᠷᠢᠭ ᠤᠨ ᠳᠦᠷᠢᠮ ᠤᠨ | ᠬᠠᠮᠢᠶᠠᠷᠣᠯᠲᠠ᠂ ᠬᠤᠯᠪᠣᠭᠠᠯᠠᠯ ᠤᠨ ᠳᠦᠷᠢᠮ ᠢᠶᠠᠷ ᠰᠣᠷᠭᠠᠭᠤᠯᠢ ᠡᠷᠬᠢᠯᠡᠬᠦ ᠪᠠ ᠬᠤᠪᠢᠶᠠᠷᠢ ᠰᠣᠷᠭᠠᠭᠤᠯᠢ ᠡᠷᠬᠢᠯᠡᠬᠦ ᠶᠢ ᠵᠣᠷᠢᠭᠵᠢᠭᠤᠯᠵᠣ᠂ ᠴᠢᠨᠠᠷᠯᠢᠭ ᠰᠣᠷᠭᠠᠨ | ᠬᠦᠮᠦᠵᠢᠯ ᠤᠨ ᠡᠬᠢ ᠪᠠᠶᠠᠯᠢᠭ ᠢ ᠬᠠᠮᠲᠣᠪᠠᠷ ᠡᠳ᠋ᠯᠡᠬᠦ ᠶᠢ ᠪᠡᠶᠡᠯᠡᠭᠦᠯᠦᠨ᠂ ︽ᠬᠡᠳᠥ ᠲᠣᠭᠠᠲᠤ ᠠᠩᠭᠢ︾ ︽ᠰᠤᠷᠭᠠᠭᠤᠯᠢ ᠰᠣᠩᠭᠤᠬᠤ ᠬᠠᠯᠠᠮᠰᠢᠯ︾ ᠤᠨ | ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠨ᠎ᠡ᠃ ᠰᠣᠷᠬᠤ ᠨᠠᠰᠣᠨ ᠠᠴᠠ ᠡᠮᠦᠨᠡᠬᠢ ᠰᠣᠷᠭᠠᠨ ᠬᠦᠮᠦᠵᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ | ᠳᠦᠷᠢᠮᠵᠢᠭᠦᠨ ᠬᠦᠭᠵᠢᠭᠦᠯᠬᠦ ᠬᠡᠷᠡᠭᠵᠢᠭᠦᠯᠬᠦ ᠲᠦᠰᠥᠯ ᠢ ᠨᠡᠶᠢᠲᠡᠯᠡᠵᠦ᠂ ᠠᠯᠪᠠᠨ ᠠᠴᠠ ᠡᠷᠬᠢᠯᠡᠭᠰᠡᠨ ᠬᠡᠥᠬᠡᠳ ᠤᠨ ᠴᠡᠴᠡᠷᠯᠢᠭ 30 ᠶᠢ ᠰᠢᠨ᠎ᠡ ᠪᠠᠷ ᠪᠠᠶᠢᠭᠤᠯᠵᠣ | ᠂ ᠨᠡᠶᠢᠭᠡᠮ ᠤᠨ ᠬᠦᠷᠦᠩᠭᠡ ᠪᠠᠷ ᠲᠦᠭᠡᠮᠡᠯ ᠬᠠᠷᠠᠭᠠᠯᠵᠠᠯ ᠤᠨ ᠴᠢᠨᠠᠷᠲᠠᠢ ᠠᠷᠠᠳ ᠠᠴᠠ ᠡᠷᠬᠢᠯᠡᠭᠰᠡᠨ ᠬᠡᠥᠬᠡᠳ ᠤᠨ ᠴᠡᠴᠡᠷᠯᠢᠭ ᠪᠠᠶᠢᠭᠤᠯᠬᠤ ᠶᠢ ᠳᠡᠮᠵᠢᠨ᠎ᠡ᠃ | ᠰᠣᠷᠣᠭᠴᠢᠳ ᠲᠤ ᠵᠣᠷᠢᠭᠤᠯᠣᠭᠰᠠᠨ ᠠᠮᠠᠷᠠᠵᠣ ᠬᠤᠭᠤᠯᠠᠯᠠᠬᠤ ᠭᠠᠵᠠᠷ ᠤᠨ ᠬᠢᠨᠠᠯᠲᠠ ᠬᠠᠮᠢᠶᠠᠷᠣᠯᠲᠠ ᠶᠢᠨ ᠡᠷᠴᠢᠮ ᠢ ᠴᠢᠩᠭᠠᠳᠬᠠᠵᠣ᠂ ᠰᠣᠷᠭᠠᠭᠤᠯᠢ ᠠᠴᠠ | ᠬᠤᠭᠤᠯᠠᠨ ᠭᠡᠷ ᠪᠦᠷᠢᠳᠦᠭᠦᠯᠦᠨ ᠪᠠᠶᠢᠭᠤᠯᠵᠣ᠂ ᠲᠣᠬᠢᠷᠠᠭᠤᠯᠣᠨ ᠬᠦᠷᠭᠡᠬᠦ ᠬᠤᠭᠤᠯᠠ ᠪᠣᠳᠠᠭ᠎ᠠ ᠣᠷᠣᠭᠤᠯᠬᠤ ᠶᠢ ᠳᠡᠮᠵᠢᠵᠦ᠂ ᠰᠣᠷᠣᠭᠴᠢᠳ ᠤᠨ | ᠢᠳᠡᠭᠡᠨ ᠤᠮᠳᠠᠭᠠᠨ ᠤ ᠠᠶᠣᠯ ᠦᠭᠡᠢ ᠶᠢ ᠪᠠᠲᠣᠯᠠᠨ᠎ᠠ᠃ ᠦᠨᠳᠦᠰᠦᠲᠡᠨ ᠤ ᠰᠤᠷᠭᠠᠨ ᠬᠦᠮᠦᠵᠢᠯ᠂ ᠠᠵᠢᠯ ᠮᠡᠷᠭᠡᠵᠢᠯ ᠤᠨ ᠰᠣᠷᠭᠠᠨ ᠬᠦᠮᠦᠵᠢᠯ ᠤᠨ ᠬᠢᠷᠢ | ᠲᠦᠪᠰᠢᠨ ᠢ ᠳᠡᠭᠡᠭᠰᠢᠯᠡᠭᠦᠯᠵᠦ᠂15 ᠵᠢᠯ ᠤᠨ ᠲᠣᠭᠤᠰᠢ ᠵᠢᠷᠤᠮᠯᠠᠬᠤ ᠳᠦᠷᠢᠮᠲᠦ ᠮᠣᠩᠭᠤᠯ ᠦᠨᠳᠦᠰᠦᠲᠡᠨ ᠤ ᠲᠣᠷᠰᠢᠯᠲᠠ ᠶᠢᠨ ᠰᠣᠷᠭᠠᠭᠤᠯᠢ ᠶᠢ ᠪᠠᠶᠢᠭᠤᠯᠣᠨ | ᠠᠰᠢᠭᠯᠠᠯᠲᠠ ᠳᠤ ᠣᠷᠣᠭᠤᠯᠣᠨ᠎ᠠ᠃ ᠦᠨᠳᠦᠰᠦᠨ ᠱᠠᠲᠣᠨ ᠤ ᠪᠠᠭᠰᠢ ᠶᠢᠨ ᠬᠠᠷᠠᠭᠠᠯᠵᠠᠯ ᠢ ᠰᠠᠶᠢᠵᠢᠷᠠᠭᠤᠯᠣᠨ᠂ ᠬᠤᠰᠢᠭᠤ ᠰᠢᠶᠠᠨ ᠲᠣᠭᠤᠷᠢᠭ ᠤᠨ ᠵᠠᠰᠠᠭ ᠤᠨ | ᠣᠷᠳᠣᠨ ᠤ ᠪᠠᠶᠢᠭ᠎ᠠ ᠭᠠᠵᠠᠷ ᠠᠴᠠ ᠭᠠᠳᠠᠨᠠᠬᠢ ᠰᠢᠶᠠᠩ ᠲᠣᠰᠬᠤᠨ ᠤ ᠠᠯᠪᠠᠨ ᠠᠴᠠ ᠡᠷᠬᠢᠯᠡᠭᠰᠡᠨ ᠰᠣᠷᠭᠠᠭᠤᠯᠢ᠂ ᠬᠡᠥᠬᠡᠳ ᠤᠨ ᠴᠡᠴᠡᠷᠯᠢᠭ ᠤᠨ ᠠᠵᠢᠯ ᠤᠨ | ᠪᠠᠶᠢᠷᠢᠨ ᠳᠤ ᠪᠠᠨ ᠪᠠᠶᠢᠭ᠎ᠠ ᠪᠠᠭᠰᠢ ᠠᠵᠢᠯᠲᠠᠨ ᠠᠵᠢᠯᠴᠢᠨ ᠳᠤ ᠵᠢᠯ ᠪᠦᠷᠢ ᠬᠦᠮᠦᠨ ᠪᠣᠯᠭᠠᠨ ᠳᠤ ᠲᠣᠰᠬᠠᠢ ᠵᠦᠢᠯ ᠤᠨ ᠨᠦᠬᠦᠪᠦᠷᠢ 1 ᠲᠦᠮᠡᠨ ᠲᠦᠭᠦᠷᠢᠭ | ᠨᠡᠮᠡᠵᠦ ᠥᠭᠭᠦᠨ᠎ᠡ᠃ | ︽ᠠᠮᠣᠷ ᠲᠦᠪᠰᠢᠨ ᠬᠦᠬᠡᠬᠤᠲᠠ︾ ᠶᠢ ᠪᠦᠬᠦ ᠬᠦᠴᠦᠨ ᠢᠶᠠᠷ ᠪᠦᠲᠦᠭᠡᠨ ᠪᠠᠶᠢᠭᠤᠯᠣᠨ᠎ᠠ᠃ ᠲᠦᠯᠦᠪᠵᠢᠭᠦᠯᠭᠡ᠂ ᠪᠦᠲᠦᠭᠡᠨ ᠪᠠᠶᠢᠭᠤᠯᠣᠯᠲᠠ᠂ | ᠬᠠᠮᠢᠶᠠᠷᠣᠯᠲᠠ᠂ ᠠᠮᠤᠷ ᠲᠦᠪᠰᠢᠨ ᠵᠡᠷᠭᠡ ᠲᠠᠪᠴᠠᠩ ᠤᠨ ᠮᠡᠳᠡᠭᠡ ᠵᠠᠩᠭᠢ ᠶᠢ ᠨᠢᠭᠡᠳᠬᠡᠵᠦ᠂ ᠰᠢᠨ᠎ᠡ ᠬᠡᠯᠪᠡᠷᠢ ᠶᠢᠨ ᠣᠶᠣᠨᠲᠣ ᠬᠤᠲᠠ ᠶᠢᠨ ᠵᠢᠯᠣᠭᠤᠳᠬᠤ | ᠠᠵᠢᠯᠯᠠᠭᠠᠨ ᠤ ᠲᠠᠪᠴᠠᠩ ᠢ ᠪᠠᠶᠢᠭᠤᠯᠣᠨ᠂ ᠠᠶᠣᠯ ᠲᠦᠭᠰᠢᠭᠦᠷᠢ ᠶᠢ ᠬᠠᠮᠢᠶᠠᠷᠣᠨ ᠡᠵᠡᠮᠳᠡᠬᠦ᠂ ᠳᠠᠯᠳᠠ ᠭᠡᠮ ᠢ ᠵᠢᠭᠰᠠᠭᠠᠨ ᠪᠠᠶᠢᠴᠠᠭᠠᠬᠤ᠂ ᠪᠠᠴᠢᠮ ᠪᠠᠶᠢᠳᠠᠯ ᠢ | ᠠᠷᠭᠠᠴᠠᠭᠠᠨ ᠰᠢᠢᠳᠪᠦᠷᠢᠯᠡᠬᠦ ᠵᠡᠷᠭᠡ ᠶᠢ ᠬᠠᠮᠣᠷᠣᠭᠰᠠᠨ ᠪᠦᠬᠦ ᠲᠠᠯ᠎ᠠ ᠶᠢᠨ ᠬᠤᠲᠠ ᠶᠢᠨ ᠠᠮᠣᠷ ᠲᠦᠪᠰᠢᠨ ᠤ ᠪᠠᠲᠣᠯᠠᠭ᠎ᠠ ᠶᠢᠨ ᠰᠢᠰᠲ᠋ᠧᠮᠵᠢ ᠶᠢ ᠪᠠᠶᠢᠭᠤᠯᠣᠨ᠎ᠠ᠃ | ᠵᠠᠬᠢᠳᠠᠯ ᠰᠣᠷᠪᠣᠯᠵᠢᠯᠠᠭ᠎ᠠ ᠲᠣᠭᠲᠠᠭᠤᠨ ᠢ ᠬᠠᠮᠠᠭᠠᠯᠠᠬᠤ ᠶᠢ ᠴᠢᠩᠭᠠᠳᠬᠠᠵᠣ᠂ ︽ᠣᠴᠢᠷ ᠶᠠᠪᠣᠳᠠᠯ ᠢ ᠵᠠᠪᠠᠯ ᠰᠢᠢᠳᠪᠦᠷᠢᠯᠡᠬᠦ︾ ᠣᠪᠣᠷ ᠢᠶᠠᠷ ᠵᠦᠷᠢᠴᠡᠯ | ᠵᠢᠭᠤᠷᠠᠯᠳᠣᠭᠠᠨ ᠢ ᠪᠦᠲᠦᠮᠵᠢᠲᠡᠢ ᠰᠢᠢᠳᠪᠦᠷᠢᠯᠡᠨ᠎ᠡ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠣᠯᠲᠠ ᠶᠢ ᠴᠢᠩᠭᠠᠳᠬᠠᠵᠣ᠂ ᠭᠠᠯ ᠤᠨᠲᠠᠷᠠᠭᠠᠭᠤᠷ ᠪᠣᠯᠣᠨ | ᠲᠡᠭᠡᠯᠡᠢ ᠭᠤᠭᠤᠵᠢᠭᠤᠷ ᠵᠡᠷᠭᠡ ᠠᠪᠣᠷᠠᠯᠲᠠ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠣᠯᠲᠠ ᠶᠢ ᠲᠦᠯᠬᠢᠨ ᠠᠬᠢᠭᠤᠯᠵᠣ᠂ ᠭᠤᠣᠯᠳᠠᠯᠭ᠎ᠠ ᠲᠠᠢ ᠠᠵᠢᠯ | ᠲᠦᠷᠥᠯ ᠤᠨ ᠠᠶᠣᠯ ᠦᠭᠡᠢ ᠦᠢᠯᠡᠳᠪᠦᠷᠢᠯᠡᠯ ᠤᠨ ᠴᠡᠭᠴᠡᠯᠡᠨ ᠵᠠᠰᠠᠯᠲᠠ ᠶᠢ ᠰᠠᠶᠢᠲᠣᠷ ᠠᠳᠬᠤᠵᠣ᠂ ᠬᠦᠨᠳᠦ ᠣᠨᠴᠠ ᠶᠡᠭᠡ ᠠᠶᠣᠯ ᠦᠭᠡᠢ | ᠦᠢᠯᠡᠳᠪᠦᠷᠢᠯᠡᠯ ᠤᠨ ᠠᠳᠡᠯ ᠡᠭᠦᠰᠬᠦ ᠦᠭᠡᠢ ᠪᠠᠶᠢᠬᠤ ᠶᠢ ᠪᠠᠲᠣᠯᠠᠨ᠎ᠠ᠃ ᠬᠠᠷ᠎ᠠ ᠪᠦᠯᠦᠭᠲᠡᠨ ᠬᠠᠷᠬᠢᠰ ᠬᠦᠴᠦᠨ ᠢ ᠠᠷᠢᠯᠭᠠᠬᠤ ᠲᠣᠰᠬᠠᠢ ᠲᠡᠮᠡᠴᠡᠯ ᠢ ᠭᠦᠨᠵᠡᠭᠡᠢ | ᠲᠦᠯᠬᠢᠨ ᠠᠬᠢᠭᠤᠯᠵᠣ᠂ ᠳᠠᠶᠢᠰᠤᠨ ᠢ ᠡᠰᠡᠷᠭᠦᠴᠡᠬᠦ ᠲᠡᠮᠡᠴᠡᠯ᠂ ᠰᠦᠷᠳᠡᠭᠦᠯᠦᠯ ᠢ ᠡᠰᠡᠷᠭᠦᠴᠡᠬᠦ ᠬᠦᠴᠦᠷᠬᠡᠭᠯᠡᠯ ᠢ ᠰᠡᠷᠭᠡᠶᠢᠯᠡᠬᠦ ᠠᠵᠢᠯ ᠢ ᠴᠢᠩᠭᠠᠳᠬᠠᠨ᠂ | ᠰᠣᠷᠭᠠᠭᠤᠯᠢ ᠶᠢᠨ ᠬᠦᠷᠢᠶᠡᠨ ᠤ ᠬᠠᠵᠠᠭᠤ ᠬᠠᠪᠢ᠂ ᠨᠡᠶᠢᠲᠡ ᠶᠢᠨ ᠮᠠᠰᠢᠨ ᠲᠡᠷᠭᠡ ᠵᠡᠷᠭᠡ ᠭᠤᠣᠯᠳᠠᠯᠭ᠎ᠠ ᠲᠠᠢ ᠣᠷᠣᠨ ᠬᠡᠪᠴᠢᠶ᠎ᠡ᠂ ᠭᠤᠣᠯᠳᠠᠯᠭ᠎ᠠ ᠲᠠᠢ | ᠬᠦᠷᠢᠶᠡᠨ ᠳᠠᠬᠢ ᠠᠮᠣᠷ ᠲᠦᠪᠰᠢᠨ ᠤ ᠰᠡᠷᠭᠡᠶᠢᠯᠡᠯᠲᠡ ᠶᠢ ᠴᠢᠩᠭᠠᠷᠠᠭᠤᠯᠵᠣ᠂ ᠤᠯᠠᠨ ᠲᠦᠮᠡᠨ ᠤ ᠠᠮᠣᠷ ᠲᠦᠪᠰᠢᠨ ᠤ ᠰᠡᠳᠬᠢᠯᠭᠡ ᠶᠢ ᠦᠨᠡᠨᠬᠦ ᠨᠡᠮᠡᠭᠳᠡᠭᠦᠯᠦᠨ᠎ᠡ | ᠃ ᠣᠯᠣᠰ ᠤᠨ ᠪᠠᠲᠣᠯᠠᠨ ᠬᠠᠮᠠᠭᠠᠯᠠᠯᠲᠠ ᠶᠢᠨ ᠬᠦᠮᠦᠵᠢᠯ ᠢ ᠢᠳᠡᠪᠬᠢᠲᠡᠢ ᠥᠷᠨᠢᠭᠦᠯᠵᠦ᠂ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ ᠠᠵᠢᠯ ᠢ | ᠰᠠᠶᠢᠲᠣᠷ ᠬᠢᠵᠦ᠂ ᠭᠠᠵᠠᠷ ᠬᠦᠳᠡᠯᠦᠯᠲᠡ ᠶᠢ ᠰᠡᠷᠭᠡᠶᠢᠯᠡᠨ ᠭᠠᠮᠰᠢᠭ ᠢ ᠪᠠᠭᠠᠰᠬᠠᠬᠤ᠂ ᠴᠠᠭ ᠠᠭᠤᠷ ᠤᠨ ᠪᠠᠶᠢᠳᠠᠯ ᠵᠡᠷᠭᠡ ᠠᠵᠢᠯ ᠢ ᠴᠢᠩᠭᠠᠳᠬᠠᠨ᠎ᠠ᠃ | ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠦᠳᠡᠭᠡ ᠲᠣᠰᠬᠤᠨ᠂ ᠨᠡᠶᠢᠭᠡᠮ ᠲᠣᠭᠤᠷᠢᠭ ᠤᠨ ᠦᠨᠳᠦᠰᠦᠨ ᠱᠠᠲᠣᠨ ᠤ | ᠵᠣᠬᠢᠶᠠᠨ ᠪᠠᠶᠢᠭᠤᠯᠣᠯᠲᠠ ᠶᠢᠨ ᠪᠦᠲᠦᠭᠡᠨ ᠪᠠᠶᠢᠭᠤᠯᠣᠯᠲᠠ ᠶᠢ ᠴᠢᠩᠭᠠᠳᠬᠠᠵᠣ᠂ ᠦᠨᠳᠦᠰᠦᠨ ᠱᠠᠲᠣᠨ ᠤ ᠵᠣᠬᠢᠶᠠᠨ ᠪᠠᠶᠢᠭᠤᠯᠣᠯᠲᠠ ᠶᠢᠨ ᠳᠠᠭᠠᠭᠤᠯᠣᠭᠴᠢ ᠶᠢ | ᠰᠠᠶᠢᠲᠣᠷ ᠰᠣᠩᠭᠤᠨ᠂ ᠰᠠᠶᠢᠲᠣᠷ ᠬᠡᠷᠡᠭᠯᠡᠵᠦ᠂ ᠰᠠᠶᠢᠲᠣᠷ ᠬᠠᠮᠢᠶᠠᠷᠣᠨ᠎ᠠ᠃ ᠬᠠᠣᠯᠢ ᠶᠣᠰᠣᠭᠠᠷ ᠦᠨᠳᠦᠰᠦᠨ ᠱᠠᠲᠣᠨ ᠤ ᠡᠭᠦᠷᠭᠡ ᠴᠢᠳᠠᠮᠵᠢ ᠲᠣᠰᠢᠶᠠᠯ | ᠬᠠᠷᠢᠭᠤᠴᠠᠯᠭ᠎ᠠ ᠶᠢ ᠴᠢᠩᠭᠠᠳᠬᠠᠨ᠂ ᠦᠨᠳᠦᠰᠦᠨ ᠱᠠᠲᠣᠨ ᠤ ᠬᠤᠲᠠ ᠶᠢᠨ ᠬᠠᠮᠢᠶᠠᠷᠣᠯᠲᠠ᠂ ᠵᠠᠮ ᠬᠠᠷᠢᠯᠴᠠᠭᠠᠨ ᠤ ᠬᠠᠮᠢᠶᠠᠷᠣᠯᠲᠠ᠂ ᠣᠷᠴᠢᠨ ᠲᠣᠭᠤᠷᠢᠨ ᠤ | ᠬᠠᠮᠠᠭᠠᠯᠠᠯᠲᠠ ᠵᠡᠷᠭᠡ ᠬᠦᠴᠦᠨ ᠢ ᠨᠢᠭᠡᠲᠦᠯᠲᠡᠢ ᠲᠦᠯᠦᠪᠵᠢᠭᠦᠯᠦᠨ ᠳᠣᠷᠣᠭᠰᠢ ᠪᠠᠭᠤᠯᠭᠠᠵᠣ᠂ ᠦᠨᠳᠦᠰᠦᠨ ᠱᠠᠲᠣᠨ ᠤ ᠬᠠᠮᠢᠶᠠᠷᠣᠯᠲᠠ ᠶᠢᠨ ︽ᠠᠵᠢᠯ | ᠶᠠᠪᠣᠳᠠᠯ ᠤᠨ ᠡᠷᠬᠡ ᠨᠢᠭᠡᠲᠦᠯ ᠦᠭᠡᠢ᠂ ᠡᠷᠬᠡ ᠪᠣᠯᠣᠨ ᠬᠠᠷᠢᠭᠤᠴᠠᠯᠭ᠎ᠠ ᠲᠡᠩᠴᠡᠯᠳᠦᠬᠦ ᠦᠭᠡᠢ︾ ᠠᠰᠠᠭᠤᠳᠠᠯ ᠢ ᠦᠨᠡᠨᠬᠦ ᠰᠢᠢᠳᠪᠦᠷᠢᠯᠡᠨ᠎ᠡ᠃ | ᠦᠨᠳᠦᠰᠦᠲᠡᠨ ᠤ ᠪᠦᠯᠬᠦᠮᠳᠠᠯ ᠳᠠᠪᠰᠢᠯᠲᠠ ᠶᠢᠨ ᠤᠬᠠᠭᠤᠯᠭ᠎ᠠ ᠬᠦᠮᠦᠵᠢᠯ ᠪᠣᠯᠣᠨ ᠡᠭᠦᠳᠦᠨ ᠪᠠᠶᠢᠭᠤᠯᠣᠯᠲᠠ ᠶᠢ ᠴᠢᠩᠭᠠᠳᠬᠠᠵᠣ᠂ ᠱᠠᠰᠢᠨ ᠰᠣᠷᠲᠠᠬᠤᠨ ᠤ ᠡᠶ᠎ᠡ | ᠵᠣᠬᠢᠴᠠᠩᠭᠤᠢ ᠲᠣᠭᠲᠠᠭᠤᠨ ᠢ ᠬᠠᠮᠠᠭᠠᠯᠠᠵᠣ᠂ ᠦᠨᠳᠦᠰᠦᠲᠡᠨ ᠤ ᠪᠦᠯᠬᠦᠮᠳᠡᠯ ᠪᠣᠯᠣᠨ ᠬᠢᠯᠢ ᠬᠢᠵᠠᠭᠠᠷ ᠤᠨ ᠠᠮᠣᠷ ᠲᠣᠭᠲᠠᠭᠤᠨ ᠢ ᠯᠠᠪᠳᠠᠭᠤᠨ ᠪᠠᠳᠣᠲᠠᠢ | ᠲᠦᠯᠬᠢᠨ ᠠᠬᠢᠭᠤᠯᠣᠨ᠎ᠠ᠃ ᠰᠠᠶᠢᠨ ᠳᠣᠷᠠᠴᠣᠣᠯ ᠤᠨ ᠪᠦᠯᠬᠦᠮ ᠤᠨ ᠪᠦᠲᠦᠭᠡᠨ ᠪᠠᠶᠢᠭᠤᠯᠣᠯᠲᠠ ᠶᠢ ᠳᠡᠮᠵᠢᠵᠦ᠂ ᠰᠠᠶᠢᠨ ᠳᠣᠷᠠᠴᠣᠣᠯ ᠤᠨ ᠨᠡᠶᠢᠲᠡ ᠶᠢᠨ | ᠠᠰᠠᠷᠠᠮᠵᠢ ᠳᠤ ᠣᠷᠣᠯᠴᠠᠬᠤ᠂ ᠪᠣᠯᠪᠠᠰᠣᠨ ᠢ ᠳᠡᠯᠭᠡᠷᠡᠭᠦᠯᠬᠦ ᠦᠢᠯᠡᠳᠦᠯ ᠢ ᠰᠠᠶᠢᠲᠣᠷ ᠪᠠᠳᠠᠷᠠᠭᠤᠯᠣᠨ᠎ᠠ᠃ ᠤᠯᠠᠭᠠᠨ ᠵᠠᠭᠠᠯᠮᠠᠢ ᠶᠢᠨ ᠠᠵᠢᠯ ᠦᠢᠯᠡᠰ ᠢ ᠶᠡᠬᠡᠪᠡᠷ | ᠬᠦᠭᠵᠢᠭᠦᠯᠵᠦ᠂ ᠬᠠᠣᠯᠢ ᠶᠣᠰᠣᠭᠠᠷ ᠨᠡᠶᠢᠲᠡ ᠶᠢᠨ ᠠᠰᠠᠷᠠᠮᠵᠢ ᠪᠣᠯᠣᠨ ᠨᠢᠭᠦᠯᠡᠰᠦᠩᠭᠦᠢ ᠶᠢᠨ ᠠᠵᠢᠯ ᠦᠢᠯᠡᠰ ᠤᠨ ᠡᠷᠡᠭᠦᠯ ᠢᠶᠠᠷ ᠬᠦᠭᠵᠢᠬᠦ ᠶᠢ ᠲᠦᠯᠬᠢᠨ | ᠠᠬᠢᠭᠤᠯᠣᠨ᠎ᠠ᠃ ᠲᠠᠶᠢᠸᠠᠨ᠂ ᠬᠠᠷᠢᠶᠠᠲᠣ ᠶᠢᠨ ᠶᠠᠪᠣᠳᠠᠯ ᠵᠡᠷᠭᠡ ᠠᠵᠢᠯ ᠢ ᠰᠠᠶᠢᠲᠣᠷ ᠬᠢᠨ᠎ᠡ᠃ ᠠᠵᠢᠯᠴᠢᠨ ᠤ ᠡᠪᠯᠡᠯ᠂ ᠡᠪ ᠬᠠᠮᠲᠣ ᠵᠠᠯᠠᠭᠤᠴᠣᠳ ᠤᠨ ᠡᠪᠯᠡᠯ᠂ | ᠡᠮᠡᠭᠲᠡᠶᠢᠴᠦᠳ ᠤᠨ ᠬᠤᠯᠪᠣᠭ᠎ᠠ᠂ ᠬᠤᠶᠢᠴᠢ ᠦᠶ᠎ᠡ ᠪᠠᠨ ᠬᠠᠷᠠᠭᠠᠯᠵᠠᠬᠤ ᠠᠵᠢᠯ ᠤᠨ ᠵᠥᠪᠯᠡᠯ ᠵᠡᠷᠭᠡ ᠤᠯᠠᠨ ᠲᠦᠮᠡᠨ ᠤ ᠪᠦᠯᠬᠦᠮ ᠤᠨ ᠵᠣᠬᠢᠶᠠᠨ | ᠪᠠᠶᠢᠭᠤᠯᠣᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠣ᠂ ᠡᠮᠡᠭᠲᠡᠶᠢᠴᠦᠳ᠂ ᠬᠡᠥᠬᠡᠳ ᠤᠳ ᠤᠨ ᠬᠠᠣᠯᠢ ᠶᠣᠰᠣᠨ ᠤ ᠡᠷᠬᠡ ᠠᠰᠢᠭ ᠢ ᠪᠠᠲᠣᠯᠠᠨ᠎ᠠ᠃ | ︵ᠨᠠᠢᠮᠠ︶ ᠵᠠᠰᠠᠭ ᠤᠨ ᠣᠷᠳᠣᠨ ᠤ ᠲᠣᠰ ᠪᠡᠶ᠎ᠡ ᠶᠢᠨ ᠪᠦᠲᠦᠭᠡᠨ ᠪᠠᠶᠢᠭᠤᠯᠣᠯᠲᠠ ᠶᠢ ᠴᠢᠩᠭᠠᠳᠬᠠᠨ᠎ᠠ᠃ ᠨᠠᠮ ᠠᠴᠠ ᠠᠯᠢᠪᠠ ᠠᠵᠢᠯ ᠢ | ᠣᠳᠣᠷᠢᠳᠬᠤ ᠶᠢ ᠪᠠᠷᠢᠮᠲᠠᠯᠠᠵᠣ᠂ ᠪᠢᠳᠡ ᠵᠠᠪᠠᠯ ᠤᠭ ᠰᠠᠨᠠᠭ᠎ᠠ ᠪᠠᠨ ᠦᠯᠦ ᠮᠠᠷᠲᠠᠨ᠂ ᠡᠭᠦᠷᠭᠡ ᠬᠠᠷᠢᠭᠤᠴᠯᠠᠭ᠎ᠠ ᠪᠠᠨ ᠪᠠᠲᠣ ᠴᠡᠭᠡᠵᠢᠯᠡᠵᠦ᠂ ︽ᠳᠦᠷᠪᠡᠨ | ᠤᠬᠠᠮᠰᠠᠷ︾ ᠢ ᠪᠠᠲᠣ ᠪᠠᠬᠢ ᠪᠣᠢ ᠪᠣᠯᠭᠠᠵᠣ᠂ ︽ᠳᠦᠷᠪᠡᠨ ᠢᠲᠡᠭᠡᠯ︾ ᠢ ᠪᠠᠲᠣᠳᠬᠠᠵᠣ᠂ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠵᠦ᠂ | ᠵᠠᠰᠠᠭ ᠤᠨ ᠣᠷᠳᠣᠨ ᠤ ᠨᠠᠮ ᠤᠨ ᠣᠳᠣᠷᠢᠳᠬᠤ ᠳᠣᠭᠤᠶᠢᠯᠠᠩ ᠠᠴᠠ ᠴᠢᠭᠯᠡᠯ ᠢ ᠠᠳᠬᠤᠵᠣ᠂ ᠶᠡᠭᠡ ᠲᠠᠯ᠎ᠠ ᠶᠢ ᠬᠠᠮᠢᠶᠠᠷᠴᠣ᠂ ᠨᠠᠶᠢᠳᠠᠪᠣᠷᠢᠵᠢᠭᠤᠯᠣᠯᠲᠠ ᠶᠢ | ᠪᠠᠲᠣᠯᠠᠬᠤ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠣᠨ᠂ ᠴᠠᠭ ᠮᠦᠴᠡ ᠪᠢᠳᠡᠨ ᠢ ᠬᠦᠯᠢᠶᠡᠯᠡᠯ ᠦᠭᠡᠢ᠂ ᠴᠠᠭ ᠢ ᠠᠮᠵᠢᠨ ᠴᠢᠷᠮᠠᠶᠢᠨ ᠲᠡᠮᠡᠴᠡᠵᠦ᠂ | ᠠᠷᠠᠳ ᠲᠦᠮᠡᠨ ᠬᠠᠨᠣᠮᠵᠢᠲᠠᠢ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠴᠢᠷᠮᠠᠶᠢᠨ ᠪᠦᠲᠦᠭᠡᠨ ᠪᠠᠶᠢᠭᠤᠯᠣᠨ᠎ᠠ᠃ | ᠠᠷᠠᠳ ᠤᠨ ᠲᠦᠯᠦᠭᠡ ᠵᠠᠰᠠᠭ ᠪᠠᠷᠢᠬᠤ ᠶᠢ ᠪᠠᠷᠢᠮᠲᠠᠯᠠᠵᠣ᠂ ᠠᠷᠠᠳ ᠲᠦᠮᠡᠨ ᠯᠦᠭᠡ ᠶᠢᠨ ᠴᠢᠰᠣ ᠮᠢᠬᠠᠨ ᠤ ᠬᠠᠷᠢᠴᠠᠭ᠎ᠠ ᠶᠢ ᠪᠠᠲᠣᠯᠠᠨ᠎ᠠ᠃ ᠣᠯᠠᠨ | ᠲᠦᠮᠡᠨ ᠤ ᠠᠮᠣᠷ ᠲᠦᠪᠰᠢᠨ ᠠᠶᠣᠯ ᠲᠦᠭᠰᠢᠭᠦᠷᠢ ᠢ ᠴᠠᠭ ᠢᠮᠠᠭᠲᠠ ᠰᠡᠳᠬᠢᠯ ᠳᠤ ᠪᠠᠨ ᠠᠪᠴᠣ᠂ ᠠᠷᠠᠳ ᠲᠥᠮᠡᠨ ᠳᠤ ᠵᠢᠷᠭᠠᠯ ᠡᠳ᠋ᠯᠡᠭᠦᠯᠬᠦ ᠶᠢ ᠬᠠᠮᠤᠭ | ᠶᠡᠭᠡ ᠵᠠᠰᠠᠭ ᠤᠨ ᠠᠵᠢᠯ ᠤᠨ ᠪᠦᠲᠦᠮᠵᠢ ᠪᠣᠯᠭᠠᠨ᠂ ᠬᠤᠲᠠ ᠶᠢᠨ ᠵᠠᠰᠠᠭ ᠤᠨ ᠣᠷᠳᠣᠨ ᠤ ᠣᠳᠣᠷᠢᠳᠬᠤ ᠪᠠᠭ ᠠᠴᠠ ᠡᠬᠢᠯᠡᠨ᠂ ᠦᠨᠳᠦᠰᠦᠨ ᠱᠠᠲᠣᠨ ᠳᠤ᠂ | ᠨᠢᠭᠡᠳᠦᠭᠡᠷ ᠹᠷᠣᠨᠲ ᠳᠤ᠂ ᠣᠯᠠᠨ ᠲᠦᠮᠡᠨ ᠤ ᠳᠤᠮᠳᠠ ᠳᠠᠭᠠᠭᠤᠯᠣᠨ ᠭᠦᠨᠵᠡᠭᠡᠶᠢᠷᠡᠵᠦ᠂ ᠤᠯᠠᠨ ᠲᠦᠮᠡᠨ ᠤ ᠬᠠᠵᠠᠭᠤᠳᠠᠬᠢ ᠣᠴᠢᠷ᠂ ᠡᠭᠦᠳᠡᠨ ᠡᠮᠦᠨᠡᠬᠢ | ᠶᠠᠪᠣᠳᠠᠯ ᠢ ᠰᠠᠶᠢᠲᠣᠷ ᠬᠢᠨ᠎ᠡ᠃ ᠤᠯᠠᠨ ᠲᠦᠮᠡᠨ ᠲᠠᠢ ᠬᠠᠷᠢᠴᠠᠬᠤ ᠠᠷᠭ᠎ᠠ ᠵᠠᠮ ᠢ ᠰᠢᠯᠣᠭᠤᠳᠬᠠᠵᠣ᠂ ᠸᠢᠴᠠᠲ ᠤᠨ ᠤᠯᠠᠨ ᠨᠡᠶᠢᠲᠡ ᠶᠢᠨ ᠲᠠᠪᠴᠠᠩ᠂ | ᠲᠧᠯᠸᠢᠰ ᠢᠶᠠᠷ ᠵᠠᠰᠠᠭ ᠤᠨ ᠶᠠᠪᠣᠳᠠᠯ ᠬᠡᠯᠡᠯᠴᠡᠬᠦ ᠲᠠᠪᠴᠠᠩ ᠢ ᠭᠦᠢᠴᠡᠳ ᠠᠰᠢᠭᠯᠠᠵᠣ᠂ ᠤᠯᠠᠨ ᠲᠦᠮᠡᠨ ᠤ ︽ᠰᠡᠳᠬᠢᠯ ᠤᠨ ᠳᠠᠭᠤᠨ︾ ᠢ ᠬᠠᠷᠰᠢ ᠦᠭᠡᠢ | ᠢᠯᠡᠳᠬᠡᠯᠭᠡᠨᠡ᠃ ᠠᠵᠣ ᠠᠬᠤᠢ ᠨᠡᠶᠢᠭᠡᠮ ᠤᠨ ᠬᠦᠭᠵᠢᠯᠲᠡ ᠶᠢᠨ ᠬᠠᠯᠠᠮᠰᠢᠯ ᠬᠦᠴᠢᠷ ᠠᠰᠠᠭᠤᠳᠠᠯ ᠤᠨ ᠲᠣᠭᠤᠷᠢᠨ ᠳᠤ᠂ ︽ᠠᠷᠠᠳ ᠤᠨ ᠰᠠᠶᠢᠬᠠᠨ ᠠᠷᠭ᠎ᠠ | ᠤᠬᠠᠭᠠᠨ︾ ᠢ ᠰᠢᠯᠭᠠᠷᠠᠭᠤᠯᠤᠨ ᠱᠠᠩᠨᠠᠬᠤ ᠠᠵᠢᠯᠯᠠᠭ᠎ᠠ ᠶᠢ ᠥᠷᠨᠢᠭᠦᠯᠵᠦ᠂ ᠤᠯᠠᠨ ᠲᠦᠮᠡᠨ ᠤ ᠵᠠᠰᠠᠭ ᠤᠨ ᠶᠠᠪᠣᠳᠠᠯ ᠳᠤ ᠣᠷᠣᠯᠴᠠᠵᠣ ᠲᠦᠷᠥ ᠶᠢᠨ ᠬᠡᠷᠡᠭ | ᠵᠥᠪᠯᠡᠬᠦ ᠢᠳᠡᠪᠬᠢᠵᠢᠯ ᠢ ᠳᠡᠭᠡᠭᠰᠢᠯᠡᠭᠦᠯᠦᠨ᠎ᠡ᠃ | ᠵᠠᠰᠠᠭ ᠢ ᠴᠢᠩᠭ᠎ᠠ ᠵᠠᠰᠠᠬᠤ ᠶᠢ ᠪᠠᠷᠢᠮᠲᠠᠯᠠᠵᠣ᠂ ᠬᠤᠳᠠᠯᠳᠤᠭ᠎ᠠ ᠡᠵᠡᠩᠨᠡᠭᠦ ᠣᠷᠴᠢᠨ ᠲᠣᠭᠤᠷᠢᠨ ᠢ ᠪᠦᠬᠦ ᠲᠠᠯ᠎ᠠ ᠪᠠᠷ ᠰᠢᠯᠢᠳᠡᠭᠵᠢᠭᠦᠯᠦᠨ᠎ᠡ᠃ ︽ | ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠳᠡᠭᠡᠭᠰᠢᠯᠡᠭᠦᠯᠬᠦ ᠣᠨ︾ ᠤ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠠᠵᠣ ᠠᠬᠤᠶᠢᠯᠠᠯ᠂ ᠲᠦᠷᠥᠯ ᠵᠦᠢᠯ | ᠪᠣᠯᠣᠨ ᠤᠯᠠᠨ ᠲᠦᠮᠡᠨ ᠤ ᠰᠠᠶᠢᠨ ︽ᠦᠢᠯᠡᠴᠢᠯᠡᠭᠴᠢ︾ ᠪᠣᠯᠵᠤ᠂ ᠬᠦᠬᠡᠬᠤᠲᠠ ᠶᠢᠨ ᠬᠠᠮᠤᠭ ᠰᠢᠯᠢᠳᠡᠭ ᠦᠢᠯᠡᠴᠢᠯᠡᠭᠡᠨ ᠤ ᠲᠦᠷᠥᠯ ᠲᠡᠮᠳᠡᠭᠲᠦ ᠶᠢ ᠪᠣᠢ | ᠪᠣᠯᠭᠠᠨ᠎ᠠ᠃ ᠠᠵᠢᠯ ᠤᠨ ᠣᠪᠣᠷ ᠰᠣᠷᠲᠠᠯ ᠢᠶᠠᠨ ᠰᠢᠨᠲᠠᠷᠠᠰᠢ ᠦᠭᠡᠢ ᠥᠭᠡᠷᠡᠴᠢᠯᠡᠨ ᠰᠠᠶᠢᠵᠢᠷᠠᠭᠤᠯᠵᠣ᠂ ᠲᠣᠭᠲᠠᠭᠰᠠᠨ ᠬᠡᠷᠡᠭ ᠣᠴᠢᠷ ᠢᠶᠠᠨ ᠲᠡᠷᠡ ᠳᠣᠣᠷ᠎ᠠ ᠨᠢ | ᠰᠢᠢᠳᠪᠦᠷᠢᠯᠡᠵᠦ᠂ ᠡᠴᠦᠰ ᠲᠤᠨᠢ ᠲᠣᠯᠲᠠᠯ᠎ᠠ ᠠᠳᠬᠤᠨ᠎ᠠ᠃ ︽ᠵᠠᠯᠬᠠᠭᠤ ᠬᠤᠶᠢᠷᠭᠤ︾ ᠵᠡᠷᠭᠡ ᠦᠢᠯᠡ ᠠᠵᠢᠯᠯᠠᠭ᠎ᠠ ᠶᠢ ᠴᠢᠩᠭ᠎ᠠ ᠴᠡᠭᠴᠡᠯᠡᠨ ᠵᠠᠰᠠᠵᠣ᠂ | ᠴᠢᠩᠭ᠎ᠠ ᠪᠠᠶᠢᠴᠠᠭᠠᠨ ᠬᠠᠮᠢᠶᠠᠷᠴᠣ᠂ ᠴᠢᠩᠭ᠎ᠠ ᠬᠠᠷᠢᠭᠤᠴᠠᠯᠭ᠎ᠠ ᠲᠣᠯᠭᠠᠨ᠂ ᠣᠴᠢᠷ ᠶᠠᠪᠣᠳᠠᠯ ᠢ ᠬᠢᠬᠦ ᠳᠣᠷ᠎ᠠ ᠦᠭᠡᠢ᠂ ᠬᠠᠷᠢᠭᠤᠴᠠᠯᠭ᠎ᠠ ᠡᠭᠦᠷᠭᠡᠯᠡᠬᠦ ᠳᠣᠷ᠎ᠠ | ᠦᠭᠡᠢ᠂ ᠦᠨᠡᠨᠴᠢ ᠪᠠᠷ ᠠᠵᠢᠯᠯᠠᠬᠤ ᠦᠭᠡᠢ ᠬᠦᠮᠦᠰ ᠢ ᠣᠷᠣᠨ ᠵᠠᠢ ᠦᠭᠡᠢ ᠪᠣᠯᠭᠠᠵᠣ᠂ ᠲᠣᠭᠲᠠᠨᠢᠬᠤ ᠶᠢᠨ ᠠᠷᠭ᠎ᠠ ᠦᠭᠡᠢ ᠪᠣᠯᠭᠠᠨ᠎ᠠ᠃ | ᠬᠠᠤᠯᠢ ᠶᠣᠰᠣᠭᠠᠷ ᠵᠠᠰᠠᠭ ᠪᠠᠷᠢᠬᠤ ᠶᠢ ᠪᠠᠷᠢᠮᠲᠠᠯᠠᠵᠣ᠂ ᠡᠷᠬᠡ ᠶᠢ ᠢᠯᠡ ᠪᠠᠶᠢᠯᠭᠠᠨ᠎ᠠ᠃ ᠬᠠᠣᠯᠢ ᠪᠠᠷ ᠵᠠᠰᠠᠬᠤ ᠰᠡᠳᠬᠢᠭᠦᠢ ᠶᠢ ᠪᠠᠲᠣ ᠪᠠᠬᠢ ᠪᠣᠢ | ᠪᠣᠯᠭᠠᠵᠣ᠂ ᠵᠠᠰᠠᠭ ᠤᠨ ᠣᠷᠳᠣᠨ ᠤ ᠡᠯ᠎ᠡ ᠵᠦᠢᠯ ᠤᠨ ᠠᠵᠢᠯ ᠢ ᠥᠪ ᠦᠨᠨᠡᠬᠦ ᠬᠠᠣᠯᠢ ᠪᠠᠷ ᠵᠠᠰᠠᠬᠤ ᠵᠠᠮ ᠳᠤ ᠣᠷᠣᠭᠤᠯᠣᠨ᠎ᠠ᠃ ᠬᠤᠲᠠ ᠶᠢᠨ ᠵᠠᠰᠠᠭ ᠤᠨ | ᠣᠷᠳᠣᠨ ᠤ ᠠᠯᠢᠪᠠ ᠴᠢᠬᠤᠯᠠ ᠶᠡᠭᠡ ᠠᠷᠭ᠎ᠠ ᠪᠣᠳᠣᠯᠭ᠎ᠠ᠂ ᠴᠢᠬᠤᠯᠠ ᠶᠡᠭᠡ ᠲᠦᠷᠥᠯ ᠵᠦᠢᠯ ᠤᠨ ᠬᠡᠷᠡᠭᠵᠢᠭᠦᠯᠦᠯᠲᠡ ᠨᠢ ᠤᠯᠠᠨ ᠨᠡᠶᠢᠲᠡ ᠶᠢᠨ ᠣᠷᠣᠯᠴᠠᠯᠭ᠎ᠠ᠂ | ᠲᠣᠰᠬᠠᠢ ᠮᠡᠷᠭᠡᠵᠢᠯᠲᠡᠨ ᠤ ᠨᠤᠲᠠᠯᠠᠯᠲᠠ᠂ ᠲᠦᠭᠰᠢᠭᠦᠷᠢ ᠶᠢᠨ ᠦᠨᠡᠯᠡᠯᠲᠡ᠂ ᠬᠠᠣᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢ ᠥᠩᠭᠡᠷᠡᠭᠡᠵᠦ᠂ ᠠᠷᠭ᠎ᠠ | ᠪᠣᠳᠣᠯᠭ᠎ᠠ ᠶᠢᠨ ᠰᠢᠨᠵᠢᠯᠡᠬᠦ ᠤᠬᠠᠭᠠᠨᠴᠢ ᠪᠠᠶᠢᠬᠤ ᠶᠢ ᠪᠠᠲᠣᠯᠠᠬᠤ ᠶᠢᠨ ᠬᠠᠮᠲᠣ ᠲᠣᠭᠲᠠᠭᠰᠠᠨ ᠬᠤᠭᠤᠴᠠᠭᠠᠨ ᠳᠤ ᠠᠬᠢᠴᠠ ᠪᠠᠨ ᠵᠠᠷᠯᠠᠨ ᠮᠡᠳᠡᠭᠳᠡᠵᠦ᠂ ᠤᠯᠠᠨ | ᠲᠦᠮᠡᠨ ᠤ ᠬᠢᠨᠠᠯᠲᠠ ᠶᠢ ᠬᠦᠯᠢᠶᠡᠨ᠎ᠡ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠣᠯᠢ ᠴᠠᠭᠠᠵᠠ ᠶᠢᠨ ᠬᠢᠨᠠᠯᠲᠠ᠂ ᠣᠯᠣᠰ ᠲᠦᠷᠥ ᠶᠢᠨ | ᠵᠥᠪᠯᠡᠯᠭᠡᠨ ᠤ ᠠᠷᠠᠳᠴᠢᠯᠠᠯ ᠤᠨ ᠬᠢᠨᠠᠯᠲᠠ᠂ ᠰᠠᠬᠢᠯᠭ᠎ᠠ ᠪᠠᠲᠣ ᠪᠠᠶᠢᠴᠠᠭᠠᠬᠤ ᠬᠤᠷᠢᠶ᠎ᠠ ᠶᠢᠨ ᠬᠢᠨᠠᠨ ᠪᠠᠶᠢᠴᠠᠭᠠᠬᠤ ᠬᠤᠷᠢᠶ᠎ᠠ ᠶᠢᠨ ᠬᠢᠨᠠᠯᠲᠠ ᠪᠣᠯᠣᠨ ᠨᠡᠶᠢᠭᠡᠮ ᠤᠨ | ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ᠎ᠡ᠃ ᠥᠪᠡᠷ ᠤᠨ ᠤᠬᠠᠮᠰᠠᠷ ᠠᠴᠠ ᠪᠠᠨ ᠳᠣᠲᠣᠭᠠᠳᠣ ᠶᠢᠨ ᠬᠢᠨᠠᠯᠲᠠ ᠶᠢ ᠥᠷᠨᠢᠭᠦᠯᠦᠨ | ᠂ ᠲᠣᠰ ᠬᠤᠭᠤᠴᠠᠭᠠᠨ ᠤ ᠵᠠᠰᠠᠭ ᠤᠨ ᠣᠷᠳᠣᠨ ᠤ ᠪᠦᠷᠢᠯᠳᠦᠭᠦᠨ ᠰᠠᠯᠠᠭ᠎ᠠ ᠮᠦᠴᠢᠷ ᠤᠨ ᠬᠢᠨᠠᠨ ᠪᠣᠳᠣᠯᠲᠠ ᠶᠢᠨ ︽ᠪᠦᠬᠦᠨ ᠢ ᠪᠦᠷᠬᠦᠭᠦᠯᠬᠦ︾ ᠶᠢ ᠲᠦᠯᠬᠢᠨ | ᠠᠬᠢᠭᠤᠯᠣᠨ᠎ᠠ᠃ | ᠠᠷᠢᠭᠤᠨ ᠴᠢᠭᠡᠴᠢ ᠪᠠᠷ ᠵᠠᠰᠠᠭ ᠪᠠᠷᠢᠬᠤ ᠶᠢ ᠪᠠᠷᠢᠮᠲᠠᠯᠠᠵᠣ᠂ ᠲᠥᠪ ᠴᠢᠭᠡᠴᠢ ᠬᠡᠪ ᠰᠣᠷᠲᠠᠯ ᠪᠦᠬᠦᠢ ᠰᠠᠶᠢᠨ ᠰᠠᠶᠢᠬᠠᠨ ᠵᠠᠰᠠᠭ ᠤᠨ ᠰᠣᠷᠲᠠᠯ ᠢ ᠪᠣᠢ | ᠪᠣᠯᠭᠠᠨ᠎ᠠ᠃ ᠰᠠᠬᠢᠯᠭ᠎ᠠ ᠪᠠᠲᠣ ᠪᠣᠯᠣᠨ ᠶᠣᠰᠣ ᠳᠦᠷᠢᠮ ᠢ ᠴᠠᠭ ᠢᠮᠠᠭᠲᠠ ᠡᠮᠦᠨ᠎ᠡ ᠪᠠᠨ ᠲᠠᠯᠪᠢᠵᠤ᠂ ᠪᠢᠰᠢᠷᠡᠨ ᠰᠦᠷᠳᠡᠬᠦ ᠰᠡᠳᠬᠢᠯᠭᠡ ᠲᠠᠢ ᠪᠠᠶᠢᠵᠤ᠂ | ᠰᠡᠷᠡᠮᠵᠢᠯᠡᠨ ᠴᠡᠭᠡᠷᠯᠡᠬᠦ ᠪᠠ ᠬᠤᠷᠢᠭ᠎ᠠ ᠱᠤᠭᠤᠮ ᠢ ᠰᠠᠬᠢᠵᠣ᠂ ᠤᠯᠠᠨ ᠲᠦᠮᠡᠨ ᠤ ᠠᠰᠢᠭ ᠲᠣᠰᠠ ᠶᠢ ᠬᠤᠬᠢᠷᠠᠭᠤᠯᠣᠭᠰᠠᠨ ᠲᠥᠪ ᠪᠤᠰᠤ ᠰᠣᠷᠲᠠᠯ ᠪᠤᠯᠤᠨ | ᠢᠯᠵᠠᠷᠠᠯ ᠤᠨ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠭᠠᠮᠨᠠᠵᠤ ᠠᠷᠪᠢᠯᠠᠬᠤ ᠦᠵᠡᠯ ᠰᠠᠨᠠᠭ᠎ᠠ ᠶᠢ ᠪᠠᠲᠣ ᠪᠠᠬᠢ ᠪᠣᠢ ᠪᠣᠯᠭᠠᠵᠣ᠂ ᠵᠠᠰᠠᠭ | ᠵᠠᠬᠢᠷᠭᠠᠨ ᠤ ᠠᠯᠪᠠᠨ ᠤ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠦᠨ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠲᠤᠬᠠᠶ ᠲᠣᠭᠲᠠᠭᠠᠯ ᠢ ᠲᠣᠭᠲᠠᠭᠠᠨ | ᠨᠡᠶᠢᠲᠡᠯᠡᠵᠦ᠂ ︽ᠠᠯᠪᠠᠨ ᠤ ᠭᠤᠷᠪᠠᠨ︾ ᠵᠠᠷᠤᠳᠠᠯ ᠢ ᠤᠯᠠᠮ ᠨᠢᠭᠡ ᠠᠯᠬᠤᠮ ᠪᠠᠭᠠᠰᠬᠠᠵᠤ᠂ ᠵᠠᠰᠠᠭ ᠤᠨ ᠣᠷᠳᠣᠨ ︽ᠠᠷᠪᠢᠯᠠᠵᠤ ᠭᠠᠮᠨᠠᠨ ᠠᠮᠢᠳᠣᠷᠠᠵᠣ︾᠂ | ᠠᠷᠠᠳ ᠲᠦᠮᠡᠨ ᠢ ︽ᠡᠯᠪᠡᠭ ᠲᠠᠩᠰᠤᠭ ᠠᠮᠢᠳᠣᠷᠠᠭᠤᠯᠣᠨ᠎ᠠ︾᠃ | ᠲᠥᠯᠥᠭᠡᠯᠡᠭᠴᠢᠳ ᠡ᠂ ᠵᠡᠭᠦᠳᠦ ᠪᠣᠯ ᠬᠦᠰᠡᠯ ᠡᠷᠡᠮᠡᠯᠵᠡᠯ ᠢ ᠠᠴᠢᠶᠠᠯᠠᠵᠣ᠂ ᠲᠡᠮᠡᠴᠡᠯ ᠪᠣᠯ ᠢᠷᠡᠭᠡᠳᠦᠶ ᠶᠢ ᠡᠭᠦᠳᠦᠨ ᠨᠡᠭᠡᠭᠡᠨ᠎ᠡ᠃ ᠪᠢᠳᠠ ᠰᠢ ᠶᠢᠨ ᠫᠢᠩ | ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳ᠋ᠤ᠋ᠨᠡᠩ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠪᠣᠯᠣᠨ ᠬᠤᠳᠠ ᠶᠢᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠬᠤᠳᠠ ᠶᠢᠨ | ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠴᠢᠩᠭ᠎ᠠ ᠲᠦᠰᠢᠭᠯᠡᠨ᠂ ᠰᠠᠬᠢᠨ ᠪᠠᠷᠠᠯᠠᠵᠣ ᠬᠠᠷᠢᠯᠴᠠᠨ ᠬᠠᠪᠰᠣᠷᠣᠯᠴᠠᠨ᠂ ᠪᠦᠯᠬᠦᠮᠳᠡᠨ ᠲᠡᠮᠡᠴᠡᠵᠦ᠂ | ᠬᠦᠴᠢᠷ ᠢ ᠲᠡᠰᠪᠦᠷᠢᠯᠡᠵᠦ ᠬᠠᠯᠠ ᠶᠢ ᠳᠠᠭᠠᠭᠠᠨ᠂ ᠪᠤᠴᠠᠯᠲᠠ ᠦᠭᠡᠢ ᠤᠷᠤᠭᠰᠢᠯᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠣᠨ ᠪᠦᠲᠦᠭᠡᠬᠦ | ᠰᠢᠢᠳᠪᠦᠷᠢᠲᠦ ᠢᠯᠠᠯᠲᠠ ᠶᠢ ᠣᠯᠵᠤ᠂ ᠲᠥᠪ ᠬᠤᠲᠠ ᠶᠢᠨ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠠᠯᠬᠤᠴᠠ ᠶᠢ | ᠲᠦᠷᠭᠡᠳᠬᠡᠨ᠂ ᠰᠢᠯᠢᠳᠡᠭ ᠬᠢᠷᠢ ᠪᠦᠲᠦᠮᠵᠢ ᠪᠠᠷ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠶ᠎ᠡ︕ | | |