ᠬᠦᠬᠡᠬᠤᠲᠠ ᠶᠢᠨ ᠮᠤᠩᠭᠤᠯ ᠦᠨᠳᠦᠰᠦᠲᠡᠨ ᠤ 5 ᠰᠤᠷᠤᠬᠴᠢ ᠮᠠᠨ ᠤ ᠤᠯᠤᠰ ᠤᠨ ᠬᠦᠯ ᠪᠦᠮᠪᠦᠭᠡ ᠶᠢᠨ ᠪᠠᠬ ᠤᠨ ᠲᠦᠪᠯᠡᠷᠡᠭᠦᠯᠦᠨ ᠳᠠᠰᠬᠠᠯᠵᠢᠭᠤᠯᠬᠤ ᠪᠠᠬ ᠲᠤ ᠰᠤᠩᠭᠤᠬᠳᠠᠪᠠ
ᠨᠡᠶᠢᠲᠡᠯᠡᠭᠰᠡᠨ ᠴᠠᠭ᠄
2019/4/4
      4 ᠰᠠᠷ᠎ᠠ ᠶᠢᠨ 1 ᠤ ᠡᠳᠦᠷ ᠰᠤᠷᠪᠤᠯᠵᠢᠯᠠᠬᠴᠢ ᠬᠦᠬᠡᠬᠤᠲᠠ ᠶᠢᠨ ᠮᠤᠩᠭᠤᠯ ᠦᠨᠳᠦᠰᠦᠲᠡᠨ ᠤ ᠰᠤᠷᠭᠠᠭᠤᠯᠢ ᠠᠴᠠ ᠤᠶᠢᠯᠠᠭᠠᠬᠰᠠᠨ ᠢᠶᠠᠷ᠂ ᠲᠤᠰ ᠰᠤᠷᠭᠠᠭᠤᠯᠢ ᠶᠢᠨ ᠡᠮᠡᠭᠲᠡᠢ ᠶᠢᠨ ᠬᠦᠯ ᠪᠦᠮᠪᠦᠭᠡ ᠶᠢᠨ ᠪᠠᠬ ᠤᠨ 5 ᠰᠤᠷᠤᠬᠴᠢ ᠮᠠᠨ ᠤ ᠤᠯᠤᠰ ᠤᠨ ᠬᠦᠯ ᠪᠦᠮᠪᠦᠭᠡ ᠶᠢᠨ ᠪᠠᠬ ᠤᠨ ᠲᠦᠪᠯᠡᠷᠡᠭᠦᠯᠦᠨ ᠳᠠᠰᠬᠠᠯᠵᠢᠭᠤᠯᠬᠤ ᠪᠠᠬ ᠲᠤ ᠰᠤᠩᠭᠤᠬᠳᠠᠵᠠᠢ᠃      ᠳᠡᠳᠡᠨᠠᠷ ᠢ ᠳᠦᠭᠦᠮ ᠲᠠᠨᠢᠯᠴᠠᠭᠤᠯᠪᠠᠯ᠂ ᠦᠷᠯᠢᠭ᠂ ᠤᠯᠠᠭᠠᠨᠬᠠᠳᠠ ᠬᠤᠲᠠ ᠶᠢᠨ ᠪᠠᠭᠠᠷᠢᠨ ᠪᠠᠷᠠᠭᠤᠨ ᠬᠤᠰᠢᠭᠤ ᠪᠠᠷ ᠨᠤᠲᠤᠬᠲᠠᠢ᠂ 2019 ᠤᠨ ᠳᠤ ᠮᠠᠨ ᠤ ᠤᠯᠤᠰ ᠤᠨ ᠡᠮᠡᠭᠲᠡᠢ ᠶᠢᠨ ᠬᠦᠯ ᠪᠦᠮᠪᠦᠭᠡ ᠶᠢᠨ ᠪᠠᠬ ᠲᠤ ᠡᠯᠰᠡᠭᠳᠡᠨ᠂ ᠤᠳᠠᠬᠤ ᠦᠬᠡᠢ ᠪᠤᠯᠬᠤ ᠭᠡᠵᠦ ᠪᠠᠶᠢᠭ᠎ᠠ 4 ᠤᠯᠤᠰ ᠤᠨ ᠬᠦᠯ ᠪᠦᠮᠪᠦᠭᠡ ᠶᠢᠨ ᠲᠡᠮᠡᠴᠡᠭᠡᠨ ᠳᠤ ᠤᠷᠤᠯᠴᠠᠬᠤ ᠪᠠᠷ ᠰᠦᠵᠸᠦ ᠬᠤᠲᠠᠨ᠎ᠠ ᠲᠦᠪᠯᠡᠷᠡᠭᠦᠯᠦᠭᠰᠡᠨ ᠲᠠᠰᠬᠠᠯᠵᠢᠯ ᠬᠢᠵᠦ ᠪᠤᠢ︔ ᠤᠷᠭᠤᠮᠠᠯ᠂ ᠤᠯᠠᠭᠠᠨᠬᠠᠳᠠ ᠬᠤᠲᠠ ᠶᠢᠨ ᠪᠠᠭᠠᠷᠢᠨ ᠪᠠᠷᠠᠭᠤᠨ ᠬᠤᠰᠢᠭᠤ ᠪᠠᠷ ᠨᠤᠲᠤᠬᠲᠠᠢ᠂ 2017 ᠤᠨ ᠳᠤ ᠤᠯᠤᠰ ᠤᠨ ᠬᠦᠯ ᠪᠦᠮᠪᠦᠭᠡ ᠶᠢᠨ ᠪᠠᠬ ᠤᠨ ᠲᠦᠪᠯᠡᠷᠡᠭᠦᠯᠦᠨ ᠳᠠᠰᠬᠠᠯᠵᠢᠭᠤᠯᠬᠤ ᠪᠠᠬ ᠲᠤ ᠰᠤᠩᠭᠤᠬᠳᠠᠵᠦ᠂ ᠦᠨᠦ ᠨᠢᠭᠡᠨᠲᠡ ᠮᠠᠨ ᠤ ᠤᠯᠤᠰ ᠤ ᠬᠦᠯ ᠪᠦᠮᠪᠦᠭᠡ ᠶᠢᠨ ᠪᠠᠬ ᠲᠤ ᠡᠯᠰᠡᠭᠳᠡᠨ᠂ ᠤᠳᠠᠬᠤ ᠦᠭᠡᠢ ᠰᠸᠢᠳᠤᠨ ᠳᠤ ᠪᠤᠯᠬᠤ ᠭᠡᠵᠦ ᠪᠠᠶᠢᠭ᠎ᠠ 6 ᠤᠯᠤᠰ ᠤᠨ ᠤᠷᠢᠯᠭ᠎ᠠ ᠶᠢᠨ ᠲᠡᠮᠡᠴᠡᠭᠡᠨ ᠳᠤ ᠦᠷᠢᠰᠦᠯᠳᠦᠬᠦ ᠪᠠᠷ ᠬᠠᠳᠠᠭᠤᠵᠢᠯᠲᠠᠢ ᠲᠠᠰᠬᠠᠯᠵᠢᠵᠦ ᠪᠤᠢ᠃ ᠮᠦ ᠰᠢᠶᠤᠤ ᠵᠢᠶᠤᠸᠠᠨ᠂ ᠲᠦᠩᠯᠢᠶᠤᠤ ᠬᠤᠲᠠ ᠶᠢᠨ ᠭᠠᠨᠵᠤᠭ᠎ᠠ ᠪᠠᠯᠭᠠᠰᠤ ᠪᠠᠷ ᠨᠤᠲᠤᠬᠲᠠᠢ᠂ ᠡᠨᠡ ᠵᠢᠯ ᠤᠨ 2 ᠰᠠᠷ᠎ᠠ ᠳᠤ 2020 ᠤᠨ ᠤ ᠠᠽᠢᠶ᠎ᠠ ᠲᠢᠪ ᠤᠨ ᠵᠠᠯᠠᠭᠤᠴᠤᠳ ᠪᠠᠭᠠᠴᠤᠳ ᠤᠨ ᠬᠦᠯ ᠪᠦᠮᠪᠦᠭᠡ ᠶᠢᠨ ᠲᠡᠮᠡᠴᠡᠭᠡᠨ ᠳᠤ ᠵᠤᠷᠢᠭᠤᠯᠤᠨ ᠪᠠᠶᠢᠭᠤᠯᠤᠬᠰᠠᠨ U18 ᠤᠯᠤᠰ ᠤᠨ ᠲᠦᠪᠯᠡᠷᠡᠭᠦᠯᠦᠨ ᠳᠠᠰᠬᠠᠯᠵᠢᠭᠤᠯᠬᠤ ᠪᠠᠬ ᠲᠤ ᠰᠤᠩᠭᠤᠬᠳᠠᠵᠦ᠂ ᠤᠳᠤ ᠶᠠᠬ ᠰᠤᠴᠤᠸᠠᠨ ᠤ ᠴᠤᠩᠳᠦ᠋ ᠳᠤ ᠳᠠᠰᠬᠠᠯᠵᠢᠵᠦ ᠪᠤᠢ︔ ᠠᠨᠠᠷ᠂ ᠤᠷᠳᠤᠰ ᠬᠤᠲᠠ ᠪᠠᠷ ᠨᠤᠲᠤᠬᠲᠠᠢ᠂ 2018 ᠤᠨ ᠳᠤ ᠳᠤᠮᠳᠠᠳᠤ ᠤᠯᠤᠰ ᠤᠨ ᠤᠶᠤᠲᠠᠳ ᠤᠨ ᠡᠮᠡᠭᠲᠡᠢ ᠶᠢᠨ ᠲᠠᠰᠤᠯᠭᠠᠨ ᠳᠠᠬᠢ ᠲᠠᠪᠤᠨ ᠬᠦᠮᠦᠨ ᠤ ᠳᠦᠷᠢᠮᠲᠤ ᠬᠦᠯ ᠪᠦᠮᠪᠦᠭᠡ ᠶᠢᠨ ᠰᠢᠭᠰᠢᠭᠡ ᠲᠡᠮᠡᠴᠡᠭᠡᠨ ᠳᠤ ᠤᠷᠤᠯᠴᠠᠭᠠᠳ ᠰᠢᠯᠢᠳᠡᠭ ᠠᠮᠵᠢᠯᠲᠠ ᠪᠠᠷ ᠮᠠᠨ ᠤ ᠤᠯᠤᠰ ᠤᠨ ᠡᠮᠡᠭᠲᠡᠢ ᠶᠢᠨ ᠲᠠᠰᠤᠯᠭᠠᠨ ᠳᠠᠬᠢ ᠲᠠᠪᠤᠨ ᠬᠦᠮᠦᠨ ᠤ ᠳᠦᠷᠢᠮᠲᠤ ᠬᠦᠯ ᠪᠦᠮᠪᠦᠭᠡ ᠶᠢᠨ ᠪᠠᠬ ᠲᠤ ᠡᠯᠰᠡᠭᠳᠡᠵᠡᠢ᠂ ᠡᠨᠡ ᠵᠢᠯ ᠤᠨ 1 ᠰᠠᠷ᠎ᠠ ᠳᠤ ᠨᠢᠭᠡᠨᠲᠡ ᠮᠠᠨ ᠤ ᠤᠯᠤᠰ ᠤᠨ ᠬᠦᠯ ᠪᠦᠮᠪᠦᠭᠡ ᠶᠢᠨ ᠪᠠᠬ ᠲᠤ ᠡᠯᠰᠡᠭᠳᠡᠨ ᠳᠠᠰᠬᠠᠯᠵᠢᠵᠦ ᠪᠤᠢ︔ ᠰᠡᠷᠮᠡᠭᠦᠨ᠂ ᠤᠯᠠᠭᠠᠨᠬᠠᠳᠠ ᠬᠤᠲᠠ ᠶᠢᠨ ᠪᠠᠭᠠᠷᠢᠨ ᠪᠠᠷᠠᠭᠤᠨ ᠬᠤᠰᠢᠭᠤ ᠪᠠᠷ ᠨᠤᠲᠤᠬᠲᠠᠢ᠂ ᠡᠨᠡ ᠵᠢᠯ U18 ᠤᠯᠤᠰ ᠤᠨ ᠲᠦᠪᠯᠡᠷᠡᠭᠦᠯᠦᠨ ᠳᠠᠰᠬᠠᠯᠵᠢᠭᠤᠯᠬᠤ ᠪᠠᠬ ᠲᠤ ᠰᠤᠩᠭᠤᠬᠳᠠᠵᠦ᠂ ᠤᠳᠤ ᠶᠠᠬ ᠰᠤᠴᠤᠸᠠᠨ ᠤ ᠴᠤᠩᠳᠦ᠋ ᠳᠤ ᠳᠠᠰᠬᠠᠯᠵᠢᠵᠦ ᠪᠤᠢ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ