ᠦᠨᠳᠦᠰᠦᠳᠡᠨ ᠤ ᠪᠦᠵᠢᠭᠳᠦ ᠵᠦᠴᠦᠭᠡ ︽ᠲᠠᠯ᠎ᠠ ᠨᠤᠳᠤᠭ ᠤᠨ ᠪᠢᠴᠢᠬᠠᠨ ᠪᠠᠭᠠᠳᠤᠷ ᠡᠭᠡᠴᠢ ᠦᠬᠢᠨ ᠲᠡᠬᠦᠤ︾ ᠶᠢ ᠪᠡᠭᠡᠵᠢᠩ ᠳᠤ ᠲᠤᠬᠯᠠᠪᠠ
ᠨᠡᠶᠢᠲᠡᠯᠡᠭᠰᠡᠨ ᠴᠠᠭ᠄
2019/5/14
      5 ᠰᠠᠷ᠎ᠠ ᠶᠢᠨ 11 ᠤ ᠡᠳᠦᠷ ᠠᠴᠠ 12 ᠤᠨ ᠡᠳᠦᠷ ᠪᠤᠯᠳᠠᠯ᠎ᠠ᠂ ᠦᠪᠤᠷ ᠮᠤᠩᠭᠤᠯ ᠤᠨ ᠤᠷᠠᠯᠢᠭ ᠤᠨ ᠲᠡᠭᠡᠳᠤ ᠰᠤᠷᠭᠠᠭᠤᠯᠢ ᠶᠢᠨ ᠤᠤᠭᠠᠯ ᠡᠬᠦᠳᠦᠯᠳᠠ ᠶᠢᠨ ᠦᠨᠳᠦᠰᠤᠳᠠᠨ ᠤ ᠪᠦᠵᠢᠭᠳᠦ ᠵᠦᠴᠦᠭᠡ ︽ᠲᠠᠯ᠎ᠠ ᠨᠤᠳᠤᠭ ᠤᠨ ᠪᠢᠴᠢᠬᠠᠨ ᠪᠠᠭᠠᠳᠤᠷ ᠡᠭᠡᠴᠢ ᠦᠬᠢᠨ ᠲᠡᠬᠦᠤ︾ ᠶᠢ ᠪᠡᠭᠡᠵᠢᠩ ᠤᠨ ᠲᠢᠶᠠᠨ ᠴᠢᠶᠤᠤ ᠤᠷᠠᠯᠢᠭ ᠤᠨ ᠲᠦᠪ ᠲᠤ ᠦᠪᠡᠳᠡᠭᠰᠢ ᠶᠡᠭᠡ ᠪᠠᠷ ᠲᠤᠬᠯᠠᠪᠠ᠃ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠠᠢ ᠯᠢ ᠬᠤᠸᠠ ᠨᠡᠶᠢᠰᠯᠠᠯ ᠤᠨ ᠡᠯ᠎ᠠ ᠡᠳᠡᠭᠡᠳ ᠤᠨ ᠬᠢᠨ ᠤ ᠦᠵᠡᠭᠴᠢᠳ ᠲᠠᠢ ᠬᠠᠮᠳᠤ ᠪᠠᠷ ᠲᠤᠬᠯᠠᠯᠳᠠ ᠶᠢ ᠰᠤᠨᠢᠷᠬᠠᠪᠠ᠃ ᠪᠦᠵᠢᠭᠳᠦ ᠵᠦᠴᠦᠭᠡ ᠨᠢ ᠯᠦᠩ ᠮᠸᠢ ᠪᠤᠯᠤᠨ ᠢᠦᠢ ᠷᠦᠩ ᠤᠨ ᠦᠨᠡᠨ ᠪᠤᠳᠠᠳᠤ ᠪᠠᠭᠠᠳᠤᠷᠯᠢᠭ ᠦᠢᠯᠡ ᠶᠠᠪᠤᠳᠠᠯ ᠢᠶᠠᠷ ᠰᠡᠳᠦᠪᠯᠠᠵᠤ᠂ ᠮᠤᠩᠭᠤᠯ ᠦᠨᠳᠦᠰᠦᠳᠡᠨ ᠤ ᠪᠦᠵᠢᠭ ᠤᠨ ᠤᠷᠠᠯᠢᠭ᠂ ᠲᠠᠭᠤᠤ ᠵᠢᠴᠢ ᠬᠤᠪᠴᠠᠰᠤ ᠵᠠᠰᠠᠯ ᠵᠡᠷᠭᠡ ᠰᠤᠶᠤᠯ ᠤᠨ ᠡᠯᠤᠮᠤᠨ᠋ᠲ ᠢ ᠪᠦᠳᠦᠭᠡᠯ ᠤᠨ ᠨᠠᠶᠢᠷᠠᠭᠤᠯᠭ᠎ᠠ ᠳᠤ ᠬᠦᠢᠴᠡᠳ ᠠᠭᠤᠰᠤᠯᠴᠠᠭᠤᠯᠪᠠ᠃ ᠵᠦᠴᠦᠭᠡ ᠨᠢ ᠰᠡᠳᠬᠢᠮᠵᠢ᠂ ᠤᠳᠤᠷᠢᠳᠤᠭᠠᠬᠤ᠂ ᠲᠤᠬᠯᠠᠬᠤ ᠵᠡᠷᠭᠡ ᠲᠠᠯ᠎ᠠ ᠳᠤ ᠵᠤᠷᠢᠬᠳᠠᠢ ᠬᠠᠶᠢᠨ ᠰᠦᠪᠡᠭᠴᠢᠯᠡᠯᠳᠠ ᠬᠢᠪᠠ᠃ ᠡᠬᠦᠨ ᠳᠤ᠂ ︽ᠦᠪᠡᠷᠮᠢᠴᠠ ᠤᠨᠴᠠᠯᠢᠭ ᠪᠦᠬᠦᠢ ᠪᠦᠵᠢᠭ ᠤᠨ ᠬᠡᠪ ᠨᠠᠮᠪᠠ᠂ ᠴᠢᠩᠭ᠎ᠠ ᠨᠦᠯᠦᠭᠡᠯᠡᠬᠦ ᠬᠦᠴᠦᠨ ᠲᠠᠢ ᠲᠠᠭᠤᠤ ᠪᠤᠯᠤᠨ ᠲᠠᠶᠢᠰᠠᠨ ᠤ ᠦᠵᠡᠮᠵᠢ ᠶᠢᠨ ᠲᠥᠰᠥᠪᠯᠡᠭᠡ ᠵᠢᠴᠢ ᠵᠦᠴᠦᠭᠡ ᠶᠢᠨ ᠲᠤᠳᠤᠷᠠᠬᠢ ᠵᠦᠴᠦᠭᠡ︾ ᠶᠢᠨ ᠲᠤᠬᠢᠷᠠᠭᠤᠯᠤᠯᠳᠠ ᠨᠢ ᠴᠦᠮ ᠦᠵᠡᠭᠴᠢᠳ ᠤᠨ ᠬᠠᠷᠠᠭ᠎ᠠ ᠶᠢ ᠪᠠᠶᠠᠰᠬᠠᠬᠰᠡᠨ ᠪᠠᠶᠢᠨ᠎ᠠ᠃      ᠲᠤᠰ ᠵᠥᠴᠥᠭᠡ ᠪᠤᠯ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠤᠬᠠᠭᠤᠯᠬᠤ ᠭᠡᠯᠳᠡᠰ᠂ ᠦᠪᠡᠷᠳᠡᠭᠡᠨ ᠵᠠᠰᠠᠬᠤ ᠤᠷᠤᠨ ᠤ ᠰᠤᠶᠤᠯ ᠪᠠ ᠵᠢᠭᠤᠯᠴᠢᠯᠡᠯ ᠤᠨ ᠲᠢᠩᠭᠢᠮ᠂ ᠦᠪᠡᠷᠳᠡᠭᠡᠨ ᠵᠠᠰᠬᠠᠤ ᠤᠷᠤᠨ ᠤ ᠶᠡᠭᠡ ᠲᠡᠭᠡᠳᠤ ᠰᠤᠷᠭᠠᠭᠤᠯᠢ ᠶᠢᠨ ᠠᠵᠢᠯ ᠤᠨ ᠵᠦᠪᠯᠡᠯ᠂ ᠦᠪᠡᠷᠳᠡᠭᠡᠨ ᠵᠠᠰᠬᠠᠤ ᠤᠷᠤᠨ ᠤ ᠰᠤᠷᠭᠠᠨ ᠬᠦᠮᠦᠵᠢᠯ ᠤᠨ ᠲᠢᠩᠭᠢᠮ ᠪᠤᠯᠤᠨ ᠦᠪᠤᠷ ᠮᠤᠩᠭᠤᠯ ᠤᠨ ᠤᠷᠠᠯᠢᠭ ᠤᠨ ᠲᠡᠭᠡᠳᠤ ᠰᠤᠷᠭᠠᠭᠤᠯᠢ ᠶᠢᠨ ᠬᠠᠮᠳᠤᠷᠠᠬᠰᠡᠨ ᠪᠦᠳᠦᠭᠡᠯ ᠶᠤᠮ᠂ ᠨᠢᠭᠡᠨᠳᠠ ᠰᠤᠶᠤᠯ ᠵᠢᠭᠤᠯᠴᠢᠯᠡᠯ ᠤᠨ ᠶᠠᠮᠤᠨ ᠤ 2018 ᠤᠨ ᠤ ᠪᠦᠬᠦ ᠤᠯᠤᠰ ᠤᠨ ᠪᠦᠵᠢᠭ ᠤᠨ ᠲᠠᠶᠢᠰᠠᠨ ᠤ ᠤᠷᠠᠯᠢᠭ ᠤᠨ ᠭᠤᠤᠯᠳᠠᠯᠭ᠎ᠠ ᠲᠠᠢ ᠡᠬᠦᠳᠦᠨ ᠪᠦᠳᠦᠭᠡᠯᠳᠠ ᠶᠢᠨ 25 ᠰᠢᠯᠢᠳᠡᠭ ᠵᠦᠴᠦᠭᠡ ᠶᠢᠨ ᠨᠠᠷᠡᠰ ᠲᠤ ᠵᠢᠬᠰᠠᠭᠠᠬᠳᠠᠵᠤ᠂ ᠠᠷᠪᠡᠨ ᠨᠢᠭᠡᠳᠦᠭᠡᠷ ᠬᠤᠭᠤᠴᠠᠭᠠᠨ ᠤ ᠪᠦᠬᠦ ᠤᠯᠤᠰ ᠤᠨ ︽ᠪᠡᠳᠮ᠎ᠠ ᠴᠡᠴᠡᠭ ᠤᠨ ᠱᠠᠩᠨᠠᠯ︾ ᠬᠦᠷᠳᠡᠵᠤ᠂ ᠤᠯᠤᠰ ᠤᠨ ᠤᠷᠠᠯᠢᠭ ᠤᠨ ᠰᠠᠭᠤᠷᠢ ᠮᠦᠡᠭᠭᠦᠨ ᠤ 2019 ᠤᠨ ᠤ ᠦᠷᠬᠦᠯᠵᠢᠯᠡᠨ ᠲᠤᠰᠠᠯᠠᠬᠤ ᠵᠦᠴᠦᠭᠡ ᠪᠠ ᠪᠦᠬᠦ ᠤᠯᠤᠰ ᠤᠨ ︽ᠶᠡᠭᠡ ᠲᠡᠭᠡᠳᠤ ᠰᠤᠷᠭᠠᠭᠤᠯᠢ ᠶᠢᠨ ᠤᠤᠭᠠᠯ ᠡᠬᠦᠳᠦᠯᠳᠠ ᠶᠢᠨ ᠰᠤᠶᠤᠯ ᠤᠨ ᠰᠤᠳᠤᠨ ᠪᠦᠳᠦᠭᠡᠯ ᠢ ᠲᠡᠯᠭᠡᠷᠡᠬᠦᠯᠬᠦ ᠠᠵᠢᠯᠯᠠᠭᠠᠨ ᠤ ᠲᠦᠯᠦᠪᠯᠡᠭᠡ︾ ᠳᠤ ᠰᠤᠩᠭᠤᠬᠳᠠᠪᠠ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ