ᠰᠢᠨᠬᠤᠸᠠ ᠨᠧᠲ ᠬᠦᠬᠡᠬᠤᠲᠠ ᠶᠢᠨ 5 ᠰᠠᠷ᠎ᠠ ᠶᠢᠨ 12 ᠤᠨ ᠡᠳᠦᠷ ᠤᠨ ᠴᠠᠬᠢᠯᠭᠠᠨ ᠮᠡᠳᠡᠭᠡ ︵ᠰᠤᠷᠪᠤᠯᠵᠢᠯᠠᠬᠴᠢ ᠼᠠᠢ ᠪᠦᠤᠤ ᠲᠤᠩ︶ ᠦᠪᠦᠷ | ᠮᠤᠩᠭᠤᠯ ᠨᠢ ᠬᠤᠷᠴᠠ ᠭᠡᠷᠡᠯ ᠰᠠᠯᠬᠢ ᠶᠡᠬᠡᠲᠠᠢ ᠪᠦᠰᠡ ᠳᠤ ᠪᠠᠶᠢᠷᠢᠯᠠᠳᠠᠬ ᠢᠶᠠᠷ ᠠᠳᠡᠬᠢ ᠬᠤᠷᠢᠨ ᠲᠦᠮᠡ ᠭᠠᠷᠤᠢ ᠬᠦᠮᠦᠨ ᠨᠢᠳᠤᠨ ᠡᠪᠡᠳᠴᠢᠨ ᠳᠤ | ᠨᠡᠷᠪᠡᠭᠳᠡᠵᠡᠢ᠃ ︽ᠭᠡᠷᠡᠯᠲᠤ ᠠᠶᠠᠯᠠᠯ︾ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠨᠢ ᠡᠳᠡᠭᠡᠷ ᠡᠪᠡᠳᠴᠢᠲᠡᠨ ᠵᠢᠴᠢ ᠲᠡᠳᠡᠨ ᠤ ᠭᠡᠷ ᠪᠦᠯᠢ ᠳᠤ ᠭᠡᠷᠡᠯ ᠭᠡᠭᠡ | ᠬᠦᠷᠲᠡᠭᠡᠨ ᠰᠢᠨ᠎ᠡ ᠠᠮᠢᠵᠢᠷᠠᠯ ᠤᠨ ᠬᠦᠴᠦᠨ ᠤᠯᠭᠤᠵᠦ ᠪᠤᠢ᠃ | ︽ᠭᠡᠷᠡᠯᠲᠤ ᠠᠶᠠᠯᠠᠯ︾ ᠠᠵᠢᠯᠯᠠᠭ᠎ᠠ ᠨᠢ ᠦᠪᠦᠷ ᠮᠤᠩᠭᠤᠯ ᠤᠨ 12 ᠠᠶᠢᠮᠠᠬ ᠬᠤᠲᠠ ᠶᠢᠨ 48.47 ︵ᠳᠠᠪᠬᠤᠷᠳᠠᠬᠰᠠᠨ ᠲᠤᠭ᠎ᠠ︶ ᠲᠦᠮᠡᠨ | ᠬᠦᠮᠦᠨ ᠳᠤ ᠪᠠᠶᠢᠴᠠᠭᠠᠯᠲᠠ ᠬᠢᠵᠦ᠂ ᠴᠠᠭᠠᠨ ᠬᠠᠷᠠᠩ ᠡᠪᠡᠳᠴᠢᠲᠡᠨ ᠳᠤ 20959 ᠤᠳᠠᠭ᠎ᠠ ᠲᠦᠯᠦᠪᠦᠷᠢ ᠦᠭᠡᠢ ᠠᠮᠵᠢᠯᠲᠠ ᠲᠠᠢ ᠮᠠᠰᠠ ᠵᠠᠰᠠᠯ ᠬᠢᠭᠰᠡᠨ | ᠪᠠᠶᠢᠨ᠎ᠠ᠃ ᠪᠠᠰᠠ 31.39 ᠲᠦᠮᠡᠨ ᠵᠠᠯᠠᠭᠤ ᠪᠠᠭᠠᠴᠤᠳ ᠲᠤ ᠪᠠᠶᠢᠴᠠᠭᠠᠯᠲᠠ ᠬᠢᠵᠦ᠂ ᠶᠠᠳᠠᠭᠤ ᠬᠦᠴᠢᠷᠳᠡᠯᠳᠡᠢ ᠡᠷᠦᠬᠡ ᠶᠢᠨ 2901 ᠵᠠᠯᠠᠭᠤ | ᠪᠠᠭᠠᠴᠤᠳ ᠲᠤ ᠲᠦᠯᠦᠪᠦᠷᠢ ᠦᠭᠡᠢ ᠤᠶᠢᠷ᠎ᠠ ᠬᠠᠷᠠᠭᠠᠨ ᠤ ᠰᠢᠯ ᠲᠤᠬᠢᠷᠠᠭᠤᠯᠤᠨ ᠦᠭᠴᠦ᠂ 493 ᠵᠠᠯᠠᠭᠤ ᠪᠠᠭᠠᠴᠤᠳ ᠲᠤ ᠬᠠᠷᠠᠭ᠎ᠠ ᠵᠠᠰᠠᠬᠤ ᠵᠠᠰᠠᠯ ᠬᠢᠭᠰᠡᠨ | ᠪᠠᠶᠢᠨ᠎ᠠ᠃ | ᠡᠭᠦᠨ ᠠᠴᠠ ᠭᠠᠳᠠᠨ᠎ᠠ ᠮᠤᠩᠭᠤᠯ ᠤᠯᠤᠰ ᠤᠨ 1040 ᠴᠠᠭᠠᠨ ᠬᠠᠷᠠᠩ ᠡᠪᠡᠳᠴᠢᠲᠡᠨ ᠳᠤ ᠪᠠᠶᠢᠴᠠᠭᠠᠯᠲᠠ ᠬᠢᠵᠦ᠂ ᠵᠠᠭᠤ ᠭᠠᠷᠤᠢ ᠬᠦᠮᠦᠨ ᠳᠤ | ᠲᠦᠯᠦᠪᠦᠷᠢ ᠦᠭᠡᠢ ᠮᠠᠰᠠ ᠵᠠᠰᠠᠯ ᠬᠢᠵᠦ ᠦᠭᠴᠡᠢ᠃ | ᠨᠡᠶᠢᠭᠡᠮ ᠤᠨ ᠡᠯ᠎ᠡ ᠡᠲᠡᠭᠡᠳ ᠤᠨ ᠬᠢᠨ ᠬᠦᠴᠦᠨ ᠢᠶᠠᠨ ᠲᠦᠪᠯᠡᠷᠡᠭᠦᠯᠵᠦ ︽ᠭᠡᠷᠡᠯᠲᠤ ᠠᠶᠠᠯᠠᠯ︾ ᠢ ᠳᠡᠮᠵᠢᠪᠡ᠃ ᠦᠪᠦᠷ ᠮᠤᠩᠭᠤᠯ ᠤᠨ ᠡᠳ᠋ ᠤᠨ | ᠵᠠᠰᠠᠬ ᠤᠨ ᠲᠢᠩᠬᠢᠮ ᠤᠨ 1000 ᠲᠦᠮᠡᠨ ᠲᠦᠭᠦᠷᠢᠭ᠂ ᠦᠪᠦᠷ ᠮᠤᠩᠭᠤᠯ ᠤᠨ ᠢᠷᠭᠡᠨ ᠤ ᠶᠠᠪᠤᠳᠠᠯ ᠤᠨ ᠲᠢᠩᠬᠢᠮ ᠤᠨ 1000 ᠲᠦᠮᠡᠨ ᠲᠦᠭᠦᠷᠢᠭ᠂ | ᠡᠪᠡᠳᠴᠢᠲᠡᠨ ᠳᠤ ᠵᠠᠰᠠᠯ ᠬᠢᠵᠦ ᠦᠭᠴᠦ ᠪᠠᠶᠢᠭ᠎ᠠ ᠴᠤᠤ ᠵᠢᠤᠢ᠂ ᠰᠢᠤᠢ ᠶᠦᠩ ᠬᠤᠶᠠᠷ ᠡᠮᠴᠢᠯᠡᠭᠡᠨ ᠤ ᠪᠠᠶᠢᠭᠤᠯᠤᠯᠭ᠎ᠠ ᠶᠢᠨ 500 ᠲᠦᠮᠡᠨ ᠲᠦᠭᠦᠷᠢᠭ | ᠬᠢᠭᠡᠳ ᠤᠯᠠᠨ ᠠᠵᠦ ᠠᠬᠤᠶᠢᠯᠠᠯ᠂ ᠪᠤᠶᠠᠬᠰᠠᠬ ᠦᠢᠯᠡ ᠶᠢᠨ ᠪᠠᠶᠢᠭᠤᠯᠤᠮᠵᠢ ᠶᠢᠨ ᠬᠢᠨ ᠤ ᠬᠠᠨᠳᠢᠪᠯᠠᠬᠰᠠᠨ ᠮᠦᠩᠭᠦ ᠲᠦᠭᠦᠷᠢᠭ ᠨᠡᠶᠢᠲᠡ ᠬᠡᠳᠦᠨ ᠮᠢᠩᠭᠠᠨ | ᠲᠦᠮᠡ ᠶᠢ ᠳᠠᠪᠠᠭᠰᠠᠨ ᠪᠠᠶᠢᠨ᠎ᠠ᠃ |