ᠬᠤᠶᠠᠳᠤᠭᠠᠷ ᠬᠤᠭᠤᠴᠠᠭᠠᠨ ᠤ ᠬᠥᠬᠡᠬᠤᠲᠠ ᠶᠢᠨ ᠮᠠᠷᠠᠰᠤᠨ ᠤ ᠤᠷᠤᠯᠳᠤᠭᠠᠨ 25 ᠤ ᠡᠳᠦᠷ ᠫᠤᠤ ᠳᠤᠤᠭᠠᠷᠭᠠᠨ ᠤᠷᠤᠯᠳᠤᠭᠠᠨ ᠡᠬᠢᠯᠡᠨ᠎ᠡ
ᠨᠡᠶᠢᠲᠡᠯᠡᠭᠰᠡᠨ ᠴᠠᠭ᠄
2019/5/15
      ᠬᠤᠶᠠᠳᠤᠭᠠᠷ ᠬᠤᠭᠤᠴᠠᠭᠠᠨ ᠤ ᠬᠥᠬᠡᠬᠤᠲᠠ ᠶᠢᠨ ᠮᠠᠷᠠᠰᠤᠨ ᠤ ᠤᠷᠤᠯᠳᠤᠭᠠᠨ 5ᠳ᠋ᠤᠭᠠᠷ ᠰᠠᠷ᠎ᠠ ᠶᠢᠨ 25 ᠤ ᠡᠳᠦᠷ ᠫᠤᠤ ᠳᠤᠤᠭᠠᠷᠭᠠᠨ ᠤᠷᠤᠯᠳᠤᠭᠠᠨ ᠡᠬᠢᠯᠡᠨ᠎ᠡ᠃ ᠡᠨᠡ ᠬᠤᠭᠤᠴᠠᠭᠠᠨ ᠤ ᠬᠥᠬᠡᠬᠤᠲᠠ ᠶᠢᠨ ᠮᠠᠷᠠᠰᠤᠨ ᠤᠷᠤᠯᠳᠤᠭᠠᠨ ᠤ ᠡᠬᠢᠯᠡᠯᠲᠡ ᠲᠡᠭᠦᠰᠬᠡᠯ ᠤᠨ ᠴᠡᠭ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠡᠭᠯᠡᠬᠦ ᠶᠡᠭᠡ ᠬᠤᠷᠠᠯ ᠤᠨ ᠭᠤᠣᠯ ᠲᠠᠯᠠᠪᠤᠷ — ᠬᠥᠬᠡ ᠲᠠᠯ᠎ᠠ ᠳᠤ ᠲᠣᠬᠢᠷᠠᠭᠤᠯᠵᠤ᠂ 15000 ᠲᠠᠮᠢᠷᠴᠢᠨ ᠤᠷᠤᠯᠳᠤᠭᠠᠨ ᠳᠤ ᠣᠷᠣᠯᠴᠠᠵᠤ᠂ ᠬᠥᠬᠡᠬᠤᠲᠠ ᠶᠢᠨ  ﹇ᠬᠤᠲᠠ ᠶᠢᠨ ᠲᠠᠯ᠎ᠠ ᠨᠤᠲᠤᠭ﹈  ﹇ᠲᠦᠮᠡᠨ ᠮᠦ ᠪᠡᠯᠴᠢᠭᠡᠷ﹈ ᠤᠨ ᠥᠪᠡᠷᠮᠢᠴᠡ ᠭᠤᠶᠣᠮᠰᠤᠭ ᠢ ᠭᠠᠶᠢᠬᠠᠭᠤᠯᠬᠤ ᠪᠣᠯᠣᠨ᠎ᠠ᠃      ᠣᠶᠢᠯᠭᠠᠭᠰᠠᠨ ᠢᠶᠠᠷ᠂ 2019 ᠣᠨ ᠤ ᠬᠥᠬᠡᠬᠤᠲᠠ ᠶᠢᠨ ᠮᠠᠷᠠᠰᠤᠨ ᠤᠷᠤᠯᠳᠤᠭᠠᠨ ᠳᠤ ᠨᠡᠶᠢᠲᠡ ᠪᠦᠬᠦ ᠵᠠᠢ ᠶᠢᠨ ᠮᠠᠷᠠᠰᠤᠨ᠂ ᠣᠬᠤᠷ ᠵᠠᠢ ᠶᠢᠨ ᠭᠤᠷᠪᠠᠨ ᠳᠤᠭᠤᠶᠢᠯᠠᠩ ᠲᠣᠬᠢᠷᠠᠭᠤᠯᠵᠠᠢ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ