ᠮᠠᠨ ᠤ ᠬᠤᠲᠠ ᠬᠠᠷ᠎ᠠ ᠳᠤ ᠬᠤᠯᠪᠣᠭᠳᠠᠭᠰᠠᠨ ᠬᠠᠷᠭᠢᠰ ᠲᠤ ᠬᠤᠯᠪᠣᠭᠳᠠᠭᠰᠠᠨ ᠶᠠᠯᠠᠲᠤ ᠪᠦᠯᠬᠦᠮ ᠨᠡᠶᠢᠲᠡ 110 ᠶᠢ ᠤᠰᠠᠳᠬᠠᠪᠠ
ᠨᠡᠶᠢᠲᠡᠯᠡᠭᠰᠡᠨ ᠴᠠᠭ᠄
2019/5/15
      ᠥᠴᠥᠭᠡᠳᠦᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠴᠠ ᠣᠶᠢᠯᠭᠠᠭᠰᠠᠨ ᠢᠶᠠᠷ᠂ ᠬᠠᠷ᠎ᠠ ᠶᠢ ᠱᠦᠭᠦᠷᠳᠡᠵᠦ ᠬᠠᠷᠭᠢᠰ ᠢ ᠤᠰᠠᠳᠬᠠᠬᠤ ᠲᠤᠰᠬᠠᠢ ᠲᠡᠮᠡᠴᠡᠯ ᠢ ᠥᠷᠨᠢᠭᠦᠯᠦᠭᠰᠡᠨ ᠠᠴᠠ ᠨᠠᠭᠠᠰᠢ᠂ ᠮᠠᠨ ᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠬᠠᠷ᠎ᠠ ᠳᠤ ᠬᠤᠯᠪᠣᠭᠳᠠᠭᠰᠠᠨ ᠬᠠᠷᠭᠢᠰ ᠲᠤ ᠬᠤᠯᠪᠣᠭᠳᠠᠭᠰᠠᠨ ᠶᠠᠯᠠᠲᠤ ᠪᠦᠯᠬᠦᠮ ᠨᠡᠶᠢᠲᠡ 110 ᠶᠢ ᠤᠰᠠᠳᠬᠠᠵᠤ᠂ ᠡᠭᠦᠨ ᠤ ᠳᠣᠲᠣᠷ᠎ᠠ ᠬᠠᠷ᠎ᠠ ᠨᠡᠶᠢᠭᠡᠮ ᠤᠨ ᠰᠢᠨᠵᠢ ᠴᠢᠨᠠᠷ ᠲᠠᠢ ᠶᠠᠯᠠᠲᠤ ᠵᠣᠬᠢᠶᠠᠨ ᠪᠠᠶᠢᠭᠤᠯᠤᠯᠲᠠ 7᠂ ᠬᠠᠷᠭᠢᠰ ᠬᠦᠴᠦᠨ ᠤ ᠶᠠᠯᠠᠲᠤ ᠪᠦᠯᠬᠦᠮ ᠨᠡᠶᠢᠲᠡ 24᠂ ᠬᠠᠷᠭᠢᠰ ᠢ ᠬᠤᠯᠪᠣᠭᠳᠠᠭᠰᠠᠨ ᠶᠢᠰᠦᠨ ᠲᠥᠷᠥᠯ ᠤᠨ ᠬᠡᠷᠡᠭ 487 ᠶᠢ ᠢᠯᠡᠷᠡᠭᠦᠯᠦᠨ᠂ 1019 ᠶᠠᠯ᠎ᠠ ᠬᠢᠭᠰᠡᠨ ᠰᠡᠵᠢᠭᠲᠡᠨ ᠢ ᠪᠠᠷᠢᠪᠴᠢᠯᠠᠵᠤ᠂ ᠬᠠᠷ᠎ᠠ ᠶᠢ ᠱᠦᠭᠦᠷᠳᠡᠵᠦ ᠬᠠᠷᠭᠢᠰ ᠢ ᠤᠰᠠᠳᠬᠠᠬᠤ ᠲᠤᠰᠬᠠᠢ ᠲᠡᠮᠡᠴᠡᠯ ᠳᠤ ᠱᠠᠲᠤ ᠦᠶ᠎ᠡ ᠶᠢᠨ ᠴᠢᠨᠠᠷᠲᠠᠢ ᠠᠮᠵᠢᠯᠲᠠ ᠣᠯᠣᠭᠰᠠᠨ ᠪᠠᠶᠢᠨ᠎ᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ