ᠡᠷᠳᠡᠨᠢ ᠰᠢᠰᠢ ᠶᠢᠨ ᠶᠡᠭᠡ ᠲᠤᠯᠪᠤ ᠭᠠᠷᠬᠤ ᠭᠡᠮ ᠢ ᠢᠯᠭᠠᠨ ᠲᠠᠨᠢᠬᠤ ᠪᠠ ᠰᠡᠷᠭᠡᠶᠢᠯᠡᠨ ᠵᠠᠰᠠᠬᠤ ᠠᠷᠭ᠎ᠠ
ᠨᠡᠶᠢᠲᠡᠯᠡᠭᠰᠡᠨ ᠴᠠᠭ᠄
2019-05-16
      ᠡᠪᠡᠳᠴᠢᠨ ᠤ ᠢᠯᠡᠷᠡᠯ᠄ ᠡᠷᠳᠡᠨᠢ ᠰᠢᠰᠢ ᠶᠢᠨ ᠶᠡᠭᠡ ᠲᠤᠯᠪᠦ ᠭᠠᠷᠬᠤ ᠭᠡᠮ ᠢ ᠪᠠᠰᠠ ᠡᠷᠳᠡᠨᠢ ᠰᠢᠰᠢ ᠶᠢᠨ ᠡᠷᠢᠶᠡᠨ ᠲᠤᠯᠪᠤᠲᠤ ᠡᠪᠡᠳᠴᠢᠨ᠂ ᠡᠷᠳᠡᠨᠢ ᠰᠢᠰᠢ ᠶᠢᠨ ᠨᠡᠭᠦᠷᠡᠰᠤᠨ ᠬᠤᠨᠢᠶᠠᠰᠤᠲᠤ ᠡᠪᠡᠳᠴᠢᠨ᠂ ᠡᠷᠳᠡᠨᠢ ᠰᠢᠰᠢ ᠶᠢᠨ ᠲᠤᠯᠪᠤᠲᠤ ᠡᠪᠡᠳᠴᠢᠨ᠂ ᠡᠷᠳᠡᠨᠢ ᠰᠢᠰᠢ ᠶᠢᠨ ᠨᠠᠪᠴᠢ ᠬᠤᠪᠠᠭ᠋ᠠᠶᠢᠷᠠᠬᠤ ᠡᠪᠡᠳᠴᠢᠨ ᠭᠡᠳᠡᠭ᠃ ᠡᠪᠡᠳᠴᠢᠨ ᠤ ᠢᠯᠡᠷᠡᠯ ᠨᠢ᠄ ᠭᠤᠤᠯᠳᠠᠭᠤ ᠡᠷᠳᠡᠨᠢ ᠰᠢᠰᠢ ᠶᠢᠨ ᠨᠠᠪᠴᠢ᠂ ᠨᠠᠪᠴᠢ ᠶᠢᠨ ᠲᠤᠭᠲᠤᠢ ᠪᠠ ᠪᠠᠭᠯᠠᠭᠴᠢ ᠨᠠᠪᠴᠢ ᠶᠢ ᠬᠥᠨᠥᠭᠡᠳᠡᠭ᠃ ᠨᠠᠪᠴᠢᠨ ᠳᠤ ᠡᠪᠡᠳᠴᠢᠨ ᠬᠠᠯᠳᠠᠪᠤᠷᠢᠯᠠᠭᠳᠠᠪᠠᠯ ᠤᠷᠢᠳᠠᠪᠡᠷ ᠤᠰᠤᠨ ᠳᠤ ᠨᠤᠷᠤᠭᠰᠠᠨ ᠪᠠᠶᠢᠳᠠᠯ ᠲᠠᠢ ᠭᠥᠨ ᠥᠨᠡᠰᠤᠨ ᠥᠩᠭᠡ ᠲᠠᠢ ᠲᠤᠯᠪᠤ ᠭᠠᠷᠴᠤ᠂ ᠳᠠᠷᠠᠭ᠎ᠠ ᠨᠢ ᠨᠠᠪᠴᠢ ᠶᠢᠨ ᠰᠤᠳᠠᠰᠤ ᠳᠠᠭᠠᠤ ᠬᠢ ᠬᠤᠶᠠᠷ ᠬᠡᠰᠡᠭ ᠢᠶᠠᠷ ᠥᠷᠭᠡᠲᠤᠨ᠎ᠡ᠂ ᠬᠥᠪᠡᠭᠡ ᠨᠢ ᠭᠥᠨ ᠬᠥᠷᠡᠩ ᠥᠡᠭᠭᠡ ᠲᠠᠢ᠂ ᠳᠤᠮᠳᠠ ᠨᠢ ᠭᠥᠢᠬᠡᠨ ᠬᠥᠷᠡᠩ ᠥᠡᠭᠭᠡ ᠪᠤᠶᠤ ᠭᠥᠨ ᠥᠨᠡᠰᠤᠨ ᠥᠡᠭᠭᠡ ᠲᠠᠢ ᠶᠡᠭᠡ ᠲᠤᠯᠪᠤ ᠪᠤᠯᠵᠤ ᠪᠥᠷᠢᠯᠳᠥᠨ᠎ᠡ᠃ ᠰᠡᠭᠦᠯᠴᠢ ᠶᠢᠨ ᠬᠤᠭᠤᠴᠠᠭ᠎ᠠ ᠪᠤᠯᠬᠤ ᠳᠤ ᠡᠪᠡᠳᠴᠢᠨ ᠤ ᠲᠤᠯᠪᠤ ᠨᠢ ᠥᠷᠭᠦᠯᠵᠢ ᠭᠤᠯᠳᠤ ᠪᠠᠷ ᠬᠠᠭᠠᠷᠠᠯ ᠭᠠᠷᠳᠠᠭ᠃ ᠬᠥᠨᠳᠤ ᠪᠤᠯᠬᠤ ᠳᠠᠭᠠᠨ ᠡᠪᠡᠳᠴᠢᠨ ᠤ ᠲᠤᠯᠪᠤ ᠨᠢ ᠨᠡᠶᠢᠯᠡᠵᠤ ᠨᠠᠪᠴᠢ ᠨᠢ ᠰᠢᠷᠠᠯᠠᠵᠤ ᠬᠤᠪᠠᠭ᠋ᠠᠶᠢᠷᠠᠭᠠᠳ ᠥᠬᠦᠬᠦ ᠬᠡᠮᠵᠢᠶᠡᠨ ᠳᠤ ᠬᠥᠷᠳᠡᠭ᠃ ᠴᠢᠭᠢᠭ ᠲᠠᠢ ᠥᠶᠡᠰ ᠡᠪᠡᠳᠴᠢᠨ ᠤ ᠲᠤᠯᠪᠤ ᠶᠢᠨ  ᠳᠡᠭᠡᠷ᠎ᠡ ᠶᠡᠭᠡ ᠬᠡᠮᠵᠢᠶᠡᠨ ᠤ ᠭᠥᠨ ᠬᠠᠷ᠎ᠠ ᠥᠡᠭᠭᠡ ᠲᠠᠢ ᠬᠥᠭᠡᠴᠤ ᠭᠠᠷᠤᠨ᠎ᠠ᠃      ᠡᠪᠡᠳᠴᠢᠯᠡᠬᠦ ᠵᠢᠮ᠎ᠡ ᠶᠤᠰᠤ᠄ ᠡᠪᠡᠳᠴᠢᠨ ᠤ ᠪᠠᠺᠲ᠋ᠧᠷᠢ ᠭᠤᠤᠯ ᠨᠢ ᠲᠠᠷᠢᠶᠠᠨ ᠭᠠᠵᠠᠷ ᠤᠨ ᠡᠪᠡᠳᠴᠢᠲᠠᠢ ᠰᠠᠭᠤᠷᠢᠨ ᠳᠡᠭᠡᠷ᠎ᠡ ᠡᠪᠤᠯᠵᠢᠵᠤ᠂ ᠳᠠᠷᠠᠭ᠎ᠠ ᠵᠢᠯ ᠤᠨ ᠡᠪᠡᠳᠴᠢᠨ ᠡᠭᠦᠰᠬᠦ ᠬᠠᠮᠤᠭ ᠡᠬᠢᠨ ᠤ ᠬᠠᠯᠳᠠᠪᠤᠷᠢᠯᠠᠯ ᠤᠨ ᠡᠬᠢ ᠪᠤᠯᠤᠨ᠎ᠠ᠃ ᠡᠪᠡᠳᠴᠢᠨ ᠡᠭᠦᠰᠬᠦ ᠲᠤᠬᠢᠷᠠᠮᠵᠢᠲᠠᠢ ᠳᠤᠯᠠᠭᠠᠨ 20 ~ 28 ᠼᠧᠯᠰ ᠤᠨ ᠭᠷᠠᠳᠦ᠋ᠰ᠃ ᠨᠥᠭᠦᠴᠡᠯ ᠲᠤᠬᠢᠷᠠᠮᠵᠢᠲᠠᠢ ᠥᠶᠡᠰ ᠡᠪᠡᠳᠴᠢᠨ ᠤ  ᠪᠠᠺᠲ᠋ᠧᠷᠢ ᠶᠢᠨ ᠥᠷᠡᠵᠢᠯᠲᠡ ᠨᠢ ᠬᠤᠷᠳᠤᠨ᠂ ᠶᠡᠭᠡ ᠬᠡᠮᠵᠢᠶᠡᠨ ᠤ ᠬᠤᠪᠢᠶᠠᠭᠳᠠᠮᠠᠯ ᠰᠫᠤᠷ ᠡᠭᠦᠰᠴᠤ᠂ ᠰᠠᠯᠬᠢᠨ ᠤ ᠬᠥᠴᠥ ᠶᠢ ᠲᠥᠰᠢᠭᠯᠡᠨ ᠳᠠᠮᠵᠢᠭᠤᠯᠤᠨ᠎ᠠ᠃ ᠡᠷᠳᠡᠨᠢ ᠰᠢᠰᠢ ᠶᠢᠨ ᠶᠡᠭᠡ ᠲᠤᠯᠪᠤ ᠭᠠᠷᠬᠤ ᠭᠡᠮ ᠤᠨ ᠳᠡᠯᠭᠡᠷᠡᠬᠦ ᠬᠡᠮᠵᠢᠶ᠎ᠡ ᠨᠢ ᠡᠷᠳᠡᠨᠢ ᠰᠢᠰᠢ ᠶᠢᠨ ᠡᠭᠦᠯᠳᠡᠷ ᠲᠠᠢ ᠬᠤᠯᠪᠤᠭᠳᠠᠯ ᠲᠠᠢ ᠠᠴᠠ ᠭᠠᠳᠠᠨ᠎ᠠ ᠭᠤᠤᠯ ᠨᠢ ᠤᠷᠴᠢᠨ ᠲᠤᠭᠤᠷᠢᠨ ᠤ ᠨᠥᠭᠦᠴᠡᠯ ︵ᠪᠤᠷᠤᠭᠠᠨ ᠤᠰᠤ᠂ ᠴᠢᠭᠢᠭ ᠤᠨ ᠬᠡᠮᠵᠢᠶ᠎ᠡ︶ ᠠᠴᠠ ᠲᠤᠭᠲᠠᠭᠠᠭᠳᠠᠨ᠎ᠠ᠃        ᠰᠡᠷᠭᠡᠶᠢᠯᠡᠨ ᠵᠠᠰᠠᠬᠤ ᠠᠷᠭ᠎ᠠ᠄ 1᠂ ᠡᠪᠡᠳᠴᠢᠨ ᠢ ᠳᠠᠷᠤᠬᠤ ᠡᠪᠡᠳᠴᠢᠨ ᠳᠤ ᠲᠡᠰᠪᠤᠷᠢᠲᠠᠢ ᠲᠥᠷᠥᠯ ᠵᠥᠢᠯ ᠢ ᠰᠤᠩᠭᠤᠵᠤ ᠶᠡᠭᠡ ᠪᠠᠭ᠎ᠠ ᠲᠤᠯᠪᠤ ᠡᠪᠡᠳᠴᠢᠨ ᠢ ᠡᠰᠡᠷᠭᠦᠴᠡᠵᠤ ᠴᠢᠳᠠᠬᠤ ᠡᠷᠳᠡᠨᠢ ᠰᠢᠰᠢ ᠶᠢᠨ ᠰᠤᠯᠪᠢᠴᠠᠭᠤᠯᠤᠭᠰᠠᠨ ᠵᠦᠢᠯ ᠲᠠᠢ ᠬᠠᠪᠰᠤᠷᠭᠠᠨ᠎ᠠ᠃ 2᠂ ᠭᠤᠤᠷᠰᠤ ᠬᠠᠯᠠᠬᠤ᠂ ᠡᠭᠡᠯᠵᠢᠯᠡᠨ ᠲᠠᠷᠢᠬᠤ ᠳᠥᠷᠢᠮ ᠢ ᠬᠡᠷᠡᠭᠵᠢᠭᠦᠯᠵᠤ᠂ ᠭᠤᠤᠷᠰᠤ ᠰᠤᠯᠢᠬᠤ ᠥᠭᠡᠢ ᠪᠠᠷ ᠲᠠᠷᠢᠬᠤ ᠠᠴᠠ ᠵᠠᠶᠢᠯᠠᠰᠬᠢᠬᠦ ᠬᠡᠷᠡᠭᠲᠠᠢ᠃ ᠨᠠᠮᠤᠷ ᠤᠨ ᠤᠯᠠᠷᠢᠯ ᠳᠤ ᠭᠠᠵᠠᠷ ᠰᠢᠷᠤᠢ ᠶᠢ ᠭᠥᠨ  ᠤᠷᠪᠠᠭᠤᠯᠵᠤ᠂ ᠡᠪᠡᠳᠴᠢᠨ ᠤ ᠥᠯᠡᠳᠡᠭᠳᠡᠯ ᠢ ᠭᠥᠨ ᠤᠷᠪᠠᠭᠤᠯᠤᠨ᠂ ᠪᠠᠺᠲ᠋ᠧᠷᠢ ᠶᠢᠨ ᠡᠬᠢ ᠶᠢ ᠠᠷᠢᠯᠭᠠᠬᠤ ᠬᠡᠷᠡᠭᠲᠠᠢ᠃ ᠰᠢᠲᠠᠭᠠᠯᠭ᠎ᠠ ᠳᠤ ᠬᠡᠷᠡᠭᠯᠡᠬᠦ ᠡᠷᠳᠡᠨᠢ ᠰᠢᠰᠢ ᠶᠢᠨ ᠡᠰᠢ ᠰᠥᠷᠡᠯ ᠢ ᠬᠠᠪᠤᠷ ᠪᠤᠯᠤᠭᠰᠠᠨ ᠤ ᠳᠠᠷᠠᠭ᠎ᠠ ᠡᠷᠲᠡᠬᠡᠨ ᠰᠢᠢᠳᠪᠥᠷᠢᠯᠡᠪᠡᠯ ᠡᠷᠳᠡᠨᠢ ᠰᠢᠰᠢ ᠶᠢᠨ ᠮᠢᠩ ᠬᠤᠷᠤᠬᠠᠢ ᠶᠢ ᠬᠠᠮᠲᠤ ᠳᠤᠨᠢ ᠰᠡᠷᠭᠡᠶᠢᠯᠡᠨ ᠵᠠᠰᠠᠵᠤ ᠴᠢᠳᠠᠨ᠎ᠠ᠃ ᠥᠯᠡᠳᠡᠪᠤᠷᠢ ᠡᠳ᠋ ᠢᠶᠠᠷ ᠪᠤᠷᠳᠤᠭᠤᠷ ᠪᠤᠯᠭᠠᠬᠤ ᠳᠠᠭᠠᠨ ᠭᠥᠢᠴᠡᠳ ᠢᠯᠵᠢᠷᠠᠭᠦᠯᠤᠨ ᠪᠤᠯᠪᠠᠰᠤᠷᠠᠭᠤᠯᠵᠤ ᠡᠰᠢ ᠰᠥᠷᠡᠯ ᠤᠨ ᠪᠤᠷᠳᠤᠭᠤᠷ ᠢ ᠡᠷᠳᠡᠨᠢ ᠰᠢᠰᠢ ᠳᠤ ᠬᠡᠷᠡᠭᠯᠡᠬᠦ ᠥᠭᠡᠢ ᠪᠤᠯ ᠬᠠᠮᠤᠭ ᠰᠠᠶᠢᠨ᠃ 3᠂ ᠲᠠᠷᠢᠵᠤ ᠤᠷᠭᠤᠭᠤᠯᠬᠤ ᠮᠡᠷᠭᠡᠵᠢᠯ ᠢᠶᠠᠨ ᠰᠠᠶᠢᠵᠢᠷᠠᠭᠤᠯᠵᠤ᠂ ᠡᠷᠳᠡᠨᠢ ᠰᠢᠰᠢ ᠶᠢᠨ ᠡᠪᠡᠳᠴᠢᠨ ᠡᠰᠡᠷᠭᠦᠴᠡᠬᠦ ᠴᠢᠨᠠᠷ ᠢ ᠨᠡᠮᠡᠭᠳᠡᠭᠦᠯᠬᠦ ᠬᠡᠷᠡᠭᠲᠠᠢ᠃ ᠵᠤᠨ ᠤ ᠤᠯᠠᠷᠢᠯ ᠤᠨ ᠡᠷᠳᠡᠨᠢ ᠰᠢᠰᠢ ᠶᠢ ᠡᠷᠲᠡ ᠲᠠᠷᠢᠪᠠᠯ  ᠡᠪᠡᠳᠴᠢᠨ ᠡᠭᠦᠰᠬᠦ ᠶᠢ ᠪᠠᠭᠠᠰᠬᠠᠵᠤ ᠴᠢᠳᠠᠨ᠎ᠠ᠃ ᠪᠤᠭᠤᠳᠠᠢ ᠪᠤᠯᠤᠨ ᠰᠢᠬᠢᠷᠯᠢᠭ ᠲᠥᠮᠥᠰᠤ ᠶᠢ ᠠᠯᠠᠭᠯᠠᠨ ᠲᠠᠷᠢᠵᠤ᠂ ᠥᠷᠭᠡᠨ ᠨᠠᠷᠢᠨ ᠵᠤᠷᠬ᠎ᠠ ᠭᠠᠷᠭᠠᠵᠤ ᠲᠠᠷᠢᠬᠤ ᠬᠡᠷᠡᠭᠲᠠᠢ᠃ ᠵᠤᠬᠢᠰᠲᠠᠢ ᠤᠰᠤᠯᠠᠵᠤ᠂ ᠬᠤᠲᠤᠭᠤᠷ ᠭᠠᠵᠠᠷ ᠤᠨ ᠲᠠᠷᠢᠶᠠᠨ ᠤ ᠤᠰᠤ ᠶᠢ ᠲᠠᠲᠠᠷᠠᠭᠤᠯᠬᠤ ᠶᠢ ᠠᠩᠬᠠᠷᠬᠤ ᠬᠡᠷᠡᠭᠲᠠᠢ᠃ 4᠂ ᠡᠮ ᠢᠶᠠᠷ ᠰᠡᠷᠭᠡᠶᠢᠯᠡᠨ ᠵᠠᠰᠠᠬᠤ᠄ ᠲᠡᠷᠡ ᠳᠠᠷᠤᠢ ᠳᠤᠨᠢ ᠲᠤᠰ ᠭᠠᠵᠠᠷ ᠤᠨ ᠲᠠᠷᠢᠶᠠᠯᠠᠩ ᠤᠨ ᠰᠢᠨᠵᠢᠯᠡᠭᠡ ᠮᠡᠷᠭᠡᠵᠢᠯ ᠤᠨ ᠰᠠᠯᠠᠭ᠎ᠠ ᠮᠥᠴᠢᠷ ᠠᠴᠠ ᠯᠠᠪᠯᠠᠨ ᠠᠰᠠᠭᠤᠵᠤ᠂ ᠲᠠᠷᠢᠶᠠᠨ ᠡᠮ ᠢ ᠵᠤᠬᠢᠰᠲᠠᠢ ᠬᠡᠷᠡᠭᠯᠡᠬᠦ ᠬᠡᠷᠡᠭᠲᠠᠢ᠃  
 
ᠢᠷᠡᠯᠲᠡ᠄ ᠠᠯᠲᠠᠨ ᠬᠦᠷᠳᠦ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号