ᠬᠥᠬᠡᠬᠤᠲᠠ ᠶᠢᠨ ᠮᠣᠩᠭᠤᠯ ᠦᠨᠳᠦᠰᠦᠲᠡᠨ ᠤ ᠰᠤᠷᠭᠠᠭᠤᠯᠢ ᠶᠢᠨ ᠡᠮᠡᠭᠲᠡᠢ ᠶᠢᠨ ᠬᠥᠯ ᠪᠥᠮᠪᠦᠭᠡ ᠶᠢᠨ ᠪᠠᠭ ᠪᠦᠬᠦ ᠤᠯᠤᠰ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠬᠡᠲᠦ ᠠᠪᠤᠷᠭᠤ ᠶᠢᠨ ᠤᠷᠤᠯᠳᠤᠭᠠᠨ ᠳᠤ ᠳᠡᠳ᠋ᠯᠡᠪᠡ
ᠨᠡᠶᠢᠲᠡᠯᠡᠭᠰᠡᠨ ᠴᠠᠭ᠄
2019-05-20
      ᠬᠥᠬᠡᠬᠤᠲᠠ ᠶᠢᠨ ᠣᠷᠣᠢ ᠶᠢᠨ ᠰᠣᠨᠢᠨ ᠤ ᠮᠡᠳᠡᠭᠡ  ︵ᠰᠤᠷᠪᠤᠯᠵᠢᠯᠠᠭᠴᠢ ᠰᠢᠦᠢ ᠲᠢᠩ︶ 5 ᠳ᠋ᠤᠭᠠᠷ ᠰᠠᠷ᠎ᠠ ᠶᠢᠨ 19 ᠤ ᠡᠳᠦᠷ ᠣᠶᠢᠯᠭᠠᠭᠰᠠᠨ ᠢᠶᠠᠷ᠂ 2018 -2019 ᠪᠦᠬᠦ ᠤᠯᠤᠰ ᠤᠨ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠤ ᠳᠡᠭᠡᠳᠦ ᠳᠤᠮᠳᠠᠳᠤ ᠶᠢᠨ ᠡᠮᠡᠭᠲᠡᠢ ᠶᠢᠨ ᠳᠤᠭᠤᠶᠢᠯᠠᠩ ᠤᠨ ᠬᠡᠲᠦ ᠠᠪᠤᠷᠭᠤ ᠶᠢᠨ ᠤᠷᠤᠯᠳᠤᠭᠠᠨ ᠰᠠᠶ᠋ᠢᠬᠠᠨ ᠱᠠᠨᠳᠦ᠋ᠩ ᠮᠤᠵᠢ ᠶᠢᠨ ᠯᠢᠨ ᠢ ᠬᠤᠲᠠ ᠶᠢᠨ ᠲᠠᠨᠴᠧᠩ ᠰᠢᠶᠠᠨ ᠳᠤ ᠥᠨᠳᠥᠷᠯᠡᠪᠡ᠃      ᠡᠨᠡ ᠤᠳᠠᠭᠠᠨ ᠤ ᠬᠤᠯᠪᠣᠭᠠᠲᠤ ᠤᠷᠤᠯᠳᠤᠭᠠᠨ ᠢ ᠪᠦᠬᠦ ᠤᠯᠤᠰ ᠤᠨ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠭᠤᠣᠯᠯᠠᠨ ᠡᠷᠬᠢᠯᠡᠵᠦ᠂ ᠪᠦᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ 16 ᠰᠤᠷᠭᠠᠭᠤᠯᠢ ᠶᠢᠨ ᠲᠥᠯᠥᠭᠡᠯᠡᠭᠴᠢ ᠪᠠᠭ ᠤᠷᠤᠯᠳᠤᠭᠠᠨ ᠳᠤ ᠣᠷᠣᠯᠴᠠᠭᠰᠠᠨ ᠪᠠᠶᠢᠨ᠎ᠠ᠃ ᠥᠪᠥᠷ ᠮᠣᠩᠭᠤᠯ ᠠᠴᠠ ᠬᠤᠶᠠᠷ ᠪᠠᠭ ᠤᠷᠤᠯᠳᠤᠭᠠᠨ ᠳᠤ ᠣᠷᠣᠯᠴᠠᠵᠤ᠂ ᠬᠥᠬᠡᠬᠤᠲᠠ ᠶᠢᠨ ᠮᠣᠩᠭᠤᠯ ᠦᠨᠳᠦᠰᠦᠲᠡᠨ ᠤ ᠰᠤᠷᠭᠠᠭᠤᠯᠢ ᠶᠢᠨ ᠬᠥᠯ ᠪᠥᠮᠪᠦᠭᠡ ᠶᠢᠨ ᠪᠠᠭ ᠳᠡᠳ᠋ᠯᠡᠵᠦ᠂ ᠪᠥᠮᠪᠥᠭᠡᠴᠢᠨ ᠰᠢᠶᠣᠣ ᠵᠢᠶᠦᠸᠠᠨ ᠬᠠᠮᠤᠭ ᠰᠢᠯᠢᠳᠡᠭ ᠡᠭᠦᠳᠡ ᠬᠠᠮᠠᠭᠠᠯᠠᠭᠴᠢ ᠶᠢᠨ ᠢᠷᠠᠭᠤ ᠠᠯᠳᠠᠷ ᠢ ᠬᠦᠷᠲᠡᠪᠡ᠃ ᠡᠨᠡ ᠨᠢ ᠬᠥᠬᠡᠬᠤᠲᠠ ᠶᠢᠨ ᠮᠣᠩᠭᠤᠯ  ᠦᠨᠳᠦᠰᠦᠲᠡᠨ ᠤ ᠰᠤᠷᠭᠠᠭᠤᠯᠢ ᠶᠢᠨ ᠬᠥᠯ ᠪᠥᠮᠪᠦᠭᠡ ᠤᠨ ᠪᠠᠭ 3 ᠳ᠋ᠤᠭᠠᠷ ᠰᠠᠷ᠎ᠠ ᠳᠤ ᠪᠣᠯᠣᠭᠰᠠᠨ ᠪᠦᠬᠦ ᠤᠯᠤᠰ ᠤᠨ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ ᠬᠤᠯᠪᠣᠭᠠᠲᠤ ᠤᠷᠤᠯᠳᠤᠭᠠᠨ  ︵ᠳᠡᠭᠡᠳᠦ ᠳᠤᠮᠳᠠᠳᠤ ᠶᠢᠨ ᠡᠮᠡᠭᠲᠡᠢ ᠶᠢᠨ ᠳᠤᠭᠤᠶᠢᠯᠠᠩ︶ ᠤᠨ ᠥᠷᠢᠰᠦᠯᠳᠦᠭᠡᠨᠲᠦ ᠤᠷᠤᠯᠳᠤᠭᠠᠨ ᠳᠤ ᠲᠡᠷᠢᠭᠦᠯᠡᠵᠦ᠂ 4 ᠳ᠋ᠦ᠋ᠭᠡᠷ ᠰᠠᠷ᠎ᠠ ᠳᠤ ᠪᠣᠯᠣᠭᠰᠠᠨ ᠪᠦᠬᠦ ᠤᠯᠤᠰ ᠤᠨ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ  ︵ᠳᠡᠭᠡᠳᠦ ᠳᠤᠮᠳᠠᠳᠤ ᠶᠢᠨ ᠡᠮᠡᠭᠲᠡᠢ ᠶᠢᠨ ᠳᠤᠭᠤᠶᠢᠯᠠᠩ︶ ᠤᠨ ᠠᠪᠤᠷᠭᠤ ᠵᠢᠨ‌ᠤᠷᠤᠯᠳᠤᠭᠠᠨ ᠳᠤ ᠳᠡᠳ᠋ᠯᠡᠭᠰᠡᠨ ᠢ ᠳᠠᠷᠠᠭᠠᠬᠢ ᠣᠯᠣᠭᠰᠠᠨ ᠪᠠᠰᠠ ᠨᠢᠭᠡᠨ ᠣᠨᠴᠠᠭᠠᠢ ᠢᠷᠠᠭᠤ ᠠᠯᠳᠠᠷ ᠪᠣᠯᠣᠨ᠎ᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号