ᠡᠪᠡᠳᠴᠢᠨ ᠤ ᠢᠯᠡᠷᠡᠯ᠄ ᠡᠷᠳᠡᠨᠢ ᠰᠢᠰᠢ ᠶᠢᠨ ᠵᠢᠵᠢᠭ ᠲᠤᠯᠪᠤᠳᠤ ᠡᠪᠡᠳᠴᠢᠨ ᠨᠢ ᠭᠤᠤᠯᠳᠠᠭᠤ ᠨᠠᠪᠴᠢ ᠶᠢ ᠬᠥᠨᠥᠭᠡᠵᠤ᠂ ᠵᠠᠷᠢᠮ ᠳᠠᠭᠠᠨ ᠪᠠᠰᠠ | ᠨᠠᠪᠴᠢ ᠶᠢᠨ ᠲᠤᠭᠲᠤᠢ᠂ ᠪᠠᠭᠯᠠᠬᠤ ᠨᠠᠪᠴᠢ ᠪᠠ ᠵᠢᠮᠢᠰ ᠤᠨ ᠲᠥᠷᠥᠭᠦᠥ ᠶᠢ ᠴᠤ ᠬᠥᠨᠤᠭᠡᠳᠡᠭ᠂ ᠡᠷ᠎ᠡ ᠲᠥᠷᠥᠭᠦᠤ ᠪᠥᠭᠡᠯᠵᠢᠬᠦ᠂ ᠢᠳᠡᠭᠡᠰᠢᠬᠦ ᠬᠤᠭᠤᠴᠠᠭ᠎ᠠ ᠳᠤ | ᠨᠡᠩ ᠤᠯᠠᠨ ᠭᠠᠷᠳᠠᠭ᠃ ᠡᠪᠡᠳᠴᠢᠨ ᠳᠤ ᠬᠠᠯᠳᠠᠪᠤᠷᠢᠯᠠᠭᠳᠠᠭᠰᠠᠨ ᠠᠩᠬᠠᠨ ᠤ ᠬᠤᠭᠤᠴᠠᠭᠠᠨ ᠳᠤ ᠨᠠᠪᠴᠢ ᠶᠢᠨ ᠳᠡᠭᠡᠷ᠎ᠡ ᠵᠢᠵᠢᠭ ᠲᠤᠯᠪᠤ ᠭᠠᠷᠴᠤ᠂ ᠡᠷᠭᠢᠨ | ᠲᠤᠭᠤᠷᠢᠨ ᠪᠤᠶᠤ ᠬᠤᠶᠠᠷ ᠲᠠᠯ᠎ᠠ ᠳᠤᠨᠢ ᠬᠥᠷᠡᠩ ᠥᠡᠭᠭᠡ ᠲᠠᠢ ᠤᠰᠤᠨ ᠳᠤ ᠲᠡᠪᠲᠥᠭᠰᠡᠨ ᠪᠠᠶᠢᠳᠠᠯ ᠲᠠᠢ ᠪᠤᠯᠵᠤ᠂ ᠲᠤᠯᠪᠤ ᠤᠯᠠᠳᠠᠬᠤ ᠥᠶ᠎ᠡ ᠳᠤ ᠪᠥᠷ | ᠬᠤᠭᠤᠷᠤᠨᠳᠤ ᠪᠠᠨ ᠨᠡᠶᠢᠯᠡᠵᠤ᠂ ᠨᠠᠪᠴᠢ ᠶᠢᠨ ᠰᠤᠳᠠᠰᠤ ᠳᠤ ᠬᠢᠵᠠᠭᠠᠷᠯᠠᠭᠳᠠᠬᠤ ᠥᠭᠡᠢ᠂ ᠭᠥᠨ ᠥᠨᠡᠰᠤᠨ ᠥᠡᠭᠭᠡ ᠠᠴᠠ ᠰᠢᠷᠠᠪᠲᠤᠷ ᠬᠥᠷᠡᠩ ᠥᠡᠭᠭᠡ ᠲᠠᠢ | ᠪᠤᠯᠵᠤ᠂ ᠲᠤᠯᠪᠤ ᠶᠢᠨ ᠬᠥᠪᠡᠭᠡ ᠨᠢ ᠬᠥᠷᠡᠩ ᠥᠡᠭᠭᠡ ᠪᠤᠶᠤ ᠲᠤᠲᠤᠷᠬᠠᠢ ᠪᠢᠰᠢ ᠪᠤᠯᠵᠤ᠂ ᠰᠡᠭᠦᠯᠴᠢ ᠶᠢᠨ ᠬᠤᠭᠤᠴᠠᠭᠠᠨ ᠳᠤ ᠪᠠᠭ᠎ᠠ ᠰᠠᠭ᠎ᠠ ᠠᠯᠠᠭ ᠴᠤᠬᠤᠷ | ᠬᠤᠨᠢᠶᠠᠰᠤ ᠲᠠᠢ ᠪᠤᠯᠳᠠᠭ᠃ ᠵᠢᠮᠢᠰ ᠤᠨ ᠲᠥᠷᠥᠭᠦᠥ ᠨᠢ ᠡᠪᠡᠳᠴᠢᠨ ᠳᠤ ᠨᠡᠷᠪᠡᠭᠳᠡᠪᠡᠯ ᠡᠪᠡᠳᠴᠢᠯᠡᠭᠰᠡᠨ ᠬᠡᠰᠡᠭ ᠨᠢ ᠡᠮᠬᠢ ᠵᠢᠷᠤᠮ ᠥᠭᠡᠢ ᠥᠨᠡᠰᠤᠨ | ᠬᠠᠷᠠᠪᠲᠤᠷ ᠥᠡᠭᠭᠡ ᠲᠠᠢ ᠬᠥᠬᠡᠴᠤ ᠢᠯᠡᠷᠡᠵᠤ ᠬᠥᠨᠳᠤᠷᠡᠪᠡᠯ ᠵᠢᠮᠢᠰ ᠤᠨ ᠲᠥᠷᠥᠭᠦᠤ ᠨᠢ ᠢᠯᠵᠢᠷᠠᠵᠤ᠂ ᠥᠷ᠎ᠡ ᠨᠢ ᠬᠠᠷ᠎ᠠ ᠪᠤᠯᠵᠤ ᠸᠠᠯᠠᠳᠠᠭ᠃ | ᠡᠪᠡᠳᠴᠢᠯᠡᠬᠦ ᠵᠢᠮ᠎ᠡ ᠶᠤᠰᠤ᠄ ᠡᠪᠡᠳᠴᠢᠨ ᠤ ᠪᠠᠺᠲ᠋ᠧᠷᠢ ᠭᠤᠤᠯ ᠨᠢ ᠮᠥᠭᠦ ᠶᠢᠨ ᠰᠢᠷᠬᠡᠭᠯᠢᠭ ᠤᠨ ᠬᠡᠯᠪᠡᠷᠢ ᠪᠠᠷ ᠲᠠᠷᠢᠶᠠᠨ ᠭᠠᠵᠠᠷ ᠤᠨ ᠡᠪᠡᠳᠴᠢᠨ ᠲᠠᠢ | ᠰᠠᠭᠤᠷᠢᠨ ᠳᠡᠭᠡᠷ᠎ᠡ ᠡᠪᠤᠯᠵᠢᠵᠤ᠂ ᠬᠤᠪᠢᠶᠠᠭᠳᠠᠮᠠᠯ ᠰᠫᠤᠷ ᠪᠠᠰᠠ ᠡᠪᠤᠯᠵᠢᠵᠤ ᠪᠤᠯᠤᠨ᠎ᠠ᠂ ᠭᠡᠪᠡᠴᠤ ᠡᠳᠡᠭᠡᠷᠡᠯᠲᠡ ᠶᠢᠨ ᠨᠤᠷᠮ᠎ᠠ ᠳᠤᠤᠷ᠎ᠠ᠃ ᠮᠥᠭᠦ ᠶᠢᠨ | ᠰᠢᠷᠬᠡᠭ ᠤᠨ ᠪᠤᠶᠢᠵᠢᠯᠲᠠ ᠶᠢᠨ ᠲᠤᠬᠢᠷᠠᠮᠵᠢᠲᠠᠢ ᠳᠤᠯᠠᠭᠠᠨ 28 ~ 30 ᠼᠧᠯᠰ ᠤᠨ ᠭᠷᠠᠳᠦ᠋ᠰ᠂ ᠰᠫᠤᠷ ᠤᠨ ᠨᠠᠬᠢᠶᠠᠯᠠᠬᠤ ᠲᠤᠬᠢᠷᠠᠮᠵᠢᠲᠠᠢ ᠳᠤᠯᠠᠭᠠᠨ 26 ~ | 32 ᠼᠧᠯᠰ ᠤᠨ ᠭᠷᠠᠳᠦ᠋ᠰ᠂ 7 ~ 8 ᠰᠠᠷ᠎ᠠ ᠪᠤᠯ ᠡᠪᠡᠳᠴᠢᠨ ᠳᠡᠯᠭᠡᠷᠡᠬᠦ ᠵᠠᠩᠭᠢᠯᠠᠭ᠎ᠠ ᠶᠢᠨ ᠬᠤᠭᠤᠴᠠᠭ᠎ᠠ᠂ ᠰᠠᠷ᠎ᠠ ᠶᠢᠨ ᠳᠤᠮᠳᠠᠴᠢ ᠳᠤᠯᠠᠭᠠᠨ 25 | ᠼᠧᠯᠰ ᠤᠨ ᠭᠷᠠᠳᠦ᠋ᠰ ᠠᠴᠠ ᠳᠡᠭᠡᠭᠰᠢ᠂ ᠲᠤᠨᠤᠳᠠᠰᠤ ᠠᠷᠪᠢᠨ᠂ ᠡᠪᠡᠳᠴᠢᠨ ᠤ ᠬᠤᠤᠷ ᠬᠥᠨᠥᠭᠡᠯ ᠠᠷᠪᠢᠨ ᠳᠡᠯᠭᠡᠷᠡᠨ᠎ᠡ᠃ ᠡᠷᠳᠡᠨᠢ ᠰᠢᠰᠢ ᠶᠢ ᠤᠯᠠᠨ ᠵᠢᠯ | ᠥᠷᠭᠦᠯᠵᠢᠯᠡᠨ ᠲᠠᠷᠢᠬᠤ᠂ ᠬᠥᠷᠥᠰᠤᠨ ᠤ ᠰᠢᠮ᠎ᠡ ᠪᠠᠷᠤᠭᠲᠠᠢ ᠪᠤᠶᠤ ᠬᠡᠳᠤ ᠤᠷᠤᠢ ᠲᠠᠷᠢᠪᠠᠯ ᠪᠥᠷ ᠠᠮᠠᠷᠬᠠᠨ ᠡᠪᠡᠳᠴᠢᠨ ᠡᠭᠦᠰᠥᠨᠡ᠃ | ᠰᠡᠷᠭᠡᠶᠢᠯᠡᠨ ᠵᠠᠰᠠᠬᠤ ᠠᠷᠭ᠎ᠠ᠄ ᠡᠪᠡᠳᠴᠢᠨ ᠢ ᠡᠰᠡᠷᠭᠦᠴᠡᠵᠤ ᠴᠢᠳᠠᠬᠤ ᠰᠢᠯᠢᠳᠡᠭ ᠡᠷᠳᠡᠨᠢ ᠰᠢᠰᠢ ᠶᠢᠨ ᠲᠥᠷᠥᠯ ᠵᠦᠢᠯ ᠢ ᠰᠤᠩᠭᠤᠨ ᠬᠡᠷᠡᠭᠯᠡᠬᠦ ᠬᠡᠷᠡᠭᠲᠠᠢ | ᠃ ᠲᠠᠷᠢᠶᠠᠯᠠᠩ ᠤᠨ ᠰᠡᠷᠭᠡᠶᠢᠯᠡᠨ ᠵᠠᠰᠠᠯᠲᠠ ᠶᠢ ᠴᠢᠩᠭᠠᠳᠬᠠᠵᠤ᠂ ᠲᠠᠷᠢᠶ᠎ᠠ ᠪᠠᠨ ᠴᠡᠪᠡᠷᠯᠡᠨ ᠠᠷᠢᠭᠤᠳᠬᠠᠵᠤ᠂ ᠰᠢᠷᠤᠢ ᠶᠢ ᠨᠢ ᠭᠥᠨ ᠤᠷᠪᠠᠭᠤᠯᠤᠨ᠂ | ᠪᠠᠺᠲ᠋ᠧᠷᠢ ᠶᠢᠨ ᠡᠬᠢ ᠡᠭᠦᠰᠥᠯ ᠢ ᠬᠢᠵᠠᠭᠠᠷᠯᠠᠬᠤ ᠬᠡᠷᠡᠭᠲᠠᠢ᠃ ᠳᠤᠤᠷ᠎ᠠ ᠬᠡᠰᠡᠭ ᠤᠨ ᠬᠠᠭᠤᠴᠢᠨ ᠰᠢᠷᠠᠯᠠᠭᠰᠠᠨ ᠨᠠᠪᠴᠢ᠂ ᠡᠪᠡᠳᠴᠢᠨ ᠲᠠᠢ ᠨᠠᠪᠴᠢ ᠶᠢ ᠠᠪᠴᠤ | ᠬᠠᠶᠠᠵᠤ᠂ ᠲᠠᠬᠢᠨ ᠪᠠᠺᠲ᠋ᠧᠷᠢ ᠳᠤ ᠬᠠᠯᠳᠠᠪᠤᠷᠢᠯᠠᠭᠳᠠᠬᠤ ᠶᠢ ᠪᠠᠭᠠᠰᠬᠠᠬᠤ ᠬᠡᠷᠡᠭᠲᠠᠢ᠃ ᠲᠠᠷᠢᠶᠠᠨ ᠤ ᠬᠠᠮᠢᠶᠠᠷᠤᠯᠲᠠ ᠪᠠᠨ ᠴᠢᠩᠭᠠᠳᠬᠠᠵᠤ᠂ ᠲᠠᠷᠢᠶᠠᠨ ᠤ | ᠴᠢᠭᠢᠭ ᠤᠨ ᠬᠡᠮᠵᠢᠶ᠎ᠡ ᠶᠢ ᠪᠠᠭᠠᠰᠬᠠᠵᠤ᠂ ᠹᠤᠰᠹᠤᠷ ᠪᠤᠷᠳᠤᠭᠤᠷ᠂ ᠺᠠᠯᠢᠳᠤ ᠪᠤᠷᠳᠤᠭᠤᠷ ᠨᠡᠮᠡᠵᠤ ᠤᠷᠤᠭᠤᠯᠬᠤ ᠬᠡᠷᠡᠭᠲᠠᠢ᠃ ᠡᠮ ᠢᠶᠠᠷ ᠰᠡᠷᠭᠡᠶᠢᠯᠡᠨ ᠵᠠᠰᠠᠬᠤ ᠳᠠᠭᠠᠨ | ᠲᠤᠰ ᠭᠠᠵᠠᠷ ᠤᠨ ᠲᠠᠷᠢᠶᠠᠯᠠᠩ ᠤᠨ ᠰᠢᠨᠵᠢᠯᠡᠭᠡ ᠮᠡᠷᠭᠡᠵᠢᠯ ᠤᠨ ᠰᠠᠯᠠᠭ᠎ᠠ ᠮᠥᠴᠢᠷ ᠠᠴᠠ ᠠᠰᠠᠭᠤᠨ ᠯᠠᠪᠯᠠᠵᠤ᠂ ᠲᠠᠷᠢᠶᠠᠨ ᠡᠮ ᠤᠨ ᠰᠡᠷᠭᠡᠶᠢᠯᠡᠨ ᠵᠠᠰᠠᠯᠲᠠ ᠶᠢ | ᠵᠤᠬᠢᠰᠲᠠᠢ ᠬᠡᠷᠡᠭᠯᠡᠬᠦ ᠬᠡᠷᠡᠭᠲᠠᠢ᠃ |