ᠰᠢᠨᠬᠤᠧᠠ ᠮᠤᠩᠭᠤᠯ ᠨᠧᠲ ᠬᠦᠬᠡᠬᠤᠲᠠ ᠶᠢᠨ 5 ᠰᠠᠷ᠎ᠠ ᠶᠢᠨ 19 ᠤ ᠡᠲᠦᠷ ᠤᠨ ᠴᠠᠬᠢᠯᠭᠠᠨ ᠮᠡᠲᠡᠭᠡ ︵ | ᠬ᠊᠂ ᠦᠵᠡᠰᠭᠦᠯᠡᠩ︶ 19 ᠳᠠᠬᠢ ᠤᠲᠠᠭ᠎ᠠ ᠪᠠᠨ ᠵᠤᠬᠢᠶᠠᠨ ᠪᠠᠢᠭᠤᠯᠤᠭᠲᠠᠵᠤ ᠪᠠᠢᠭ᠎ᠠ ᠬᠦᠬᠡᠬᠤᠲᠠ ᠤᠷᠤᠨ ᠤ | ᠮᠤᠩᠭᠤᠯ ᠢᠶᠠᠷ ᠬᠢᠴᠢᠶᠡᠯᠯᠡᠬᠦ ᠲᠡᠭᠡᠳᠦ ᠲᠤᠮᠲᠠᠲᠤ ᠶᠢᠨ ᠰᠤᠷᠤᠭᠴᠢᠳ ᠤᠨ ︽ᠲᠠᠷᠬᠠᠨ ᠬᠡᠯᠡ︾ ᠶᠠᠷᠢᠶ᠎ᠠ | ᠢᠯᠡᠳᠭᠡᠯ ᠤᠨ ᠮᠦᠷᠦ᠋ᠴᠡᠭᠡᠨ 5 ᠰᠠᠷ᠎ᠠ ᠶᠢᠨ 18 ᠤ ᠦᠲᠡ ᠠᠴᠠ ᠬᠤᠢᠨ᠎ᠠ ᠬᠦᠬᠡᠬᠤᠲᠠ ᠶᠢᠨ ᠮᠤᠩᠭᠤᠯ | ᠰᠤᠷᠭᠠᠭᠤᠯᠢ ᠳᠤ ᠪᠤᠯᠵᠤ ᠦᠩᠭᠡᠷᠡᠪᠡ᠃ | ᠤᠭ ᠮᠦᠷᠦ᠋ᠴᠡᠭᠡᠨ ᠤ ᠦᠶ᠎ᠠ ᠪᠠᠷ ᠬᠦᠬᠡᠬᠤᠲᠠ ᠤᠷᠤᠨ ᠤ ᠮᠤᠩᠭᠤᠯ ᠢᠶᠠᠷ ᠬᠢᠴᠢᠶᠡᠯᠯᠡᠵᠦ ᠪᠠᠢᠬᠤ ᠲᠡᠭᠡᠲᠦ | ᠲᠤᠮᠲᠠᠲᠤ ᠰᠤᠷᠭᠠᠭᠤᠯᠢ ᠠᠴᠠ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠲᠤᠮᠲᠠᠲᠤ | ᠰᠤᠷᠭᠠᠭᠤᠯᠢ᠂ ᠬᠦᠬᠡᠬᠤᠲᠠ ᠶᠢᠨ ᠮᠤᠩᠭᠤᠯ ᠰᠤᠷᠭᠠᠭᠤᠯᠢ ᠠᠴᠠ ᠨᠡᠢᠲᠡ 12 ᠰᠤᠷᠤᠭᠴᠢ ᠤᠷᠤᠯᠴᠠᠵᠤ ᠬᠡᠯᠡ | ᠶᠠᠷᠢᠶᠠᠨ ᠤ ᠤᠷᠠᠨ ᠭᠠᠢᠬᠠᠮᠰᠢᠭ᠂ ᠤᠶᠤᠨ ᠤᠬᠠᠭᠠᠨ ᠤ ᠴᠡᠴᠡᠨ ᠬᠤᠷᠴᠠ ᠪᠠᠨ ᠭᠠᠶᠢᠬᠠᠭᠤᠯᠵᠤ᠂ ᠦᠵᠡᠭᠴᠢᠳ ᠤᠨ | ᠦᠶ᠎ᠠ ᠦᠶ᠎ᠠ ᠶᠢᠨ ᠬᠠᠯᠠᠭᠤᠨ ᠠᠯᠠᠭ᠎ᠠ ᠲᠠᠰᠢᠯᠲᠠ ᠶᠢ ᠤᠯᠤᠭᠰᠠᠨ ᠢᠶᠠᠷ ᠪᠠᠷᠠᠬᠤ ᠦᠭᠡᠢ ᠰᠢᠭᠦᠭᠴᠢᠳ ᠴᠤ ᠦᠨᠳᠦᠷ | ᠦᠨᠡᠯᠡᠯᠲᠡ ᠦᠭᠭᠦᠭᠰᠡᠨ ᠪᠠᠢᠨ᠎ᠠ᠃ | ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠲᠤᠮᠲᠠᠲᠤ ᠰᠤᠷᠭᠠᠭᠤᠯᠢ ᠶᠢᠨ ᠲᠡᠳ᠋ | ᠵᠠᠬᠢᠷᠤᠯ ︽ᠡᠨᠡ ᠤᠲᠠᠭᠠᠨ ᠤ ᠲᠠᠷᠬᠠᠨ ᠬᠡᠯᠡ ᠶᠠᠷᠢᠶ᠎ᠠ ᠢᠯᠡᠳᠭᠡᠯ ᠤᠨ ᠤᠷᠤᠯᠲᠤᠭᠠᠨ ᠨᠢ ᠰᠤᠷᠤᠭᠴᠢᠳ ᠤᠨ | ᠠᠰᠠᠭᠤᠲᠠᠯ ᠢ ᠦᠵᠡᠬᠦ ᠬᠠᠷᠠᠭᠠᠰᠤ᠂ ᠠᠰᠠᠭᠤᠲᠠᠯ ᠳᠤ ᠬᠠᠨᠲᠤᠬᠤ ᠤᠪᠤᠷ᠂ ᠠᠰᠠᠭᠤᠲᠠᠯ ᠢ ᠵᠠᠲᠠᠯᠬᠤ ᠴᠢᠲᠠᠪᠤᠷᠢ᠂ | ᠶᠠᠷᠢᠵᠤ ᠢᠯᠡᠳᠭᠡᠬᠦ ᠴᠢᠲᠠᠪᠤᠷᠢ ᠵᠡᠷᠭᠡ ᠶᠢ ᠬᠦᠮᠦᠵᠢᠬᠦᠯᠬᠦ ᠳᠤ ᠮᠠᠰᠢ ᠴᠢᠬᠤᠯᠠ ᠠᠷᠭ᠎ᠠ ᠵᠠᠮ ᠪᠤᠯᠤᠨ᠎ᠠ᠃ ᠢᠮᠦᠷᠬᠦᠦ | ᠶᠡᠷᠦᠩᠬᠡᠢᠯᠡᠭᠰᠡᠨ ᠴᠢᠨᠠᠷᠲᠠᠢ ᠮᠥᠷᠥᠶᠢᠴᠡᠭᠡᠨ ᠲᠡᠮᠡᠴᠡᠭᠡᠨ ᠵᠤᠬᠢᠶᠠᠨ ᠪᠠᠢᠭᠤᠯᠵᠤ ᠪᠠᠢᠭ᠎ᠠ ᠨᠢ ᠮᠠᠭᠲᠠᠭᠤᠰᠢᠲᠠᠢ ᠪᠦᠭᠡᠳ | ᠰᠤᠷᠤᠭᠴᠢᠳ ᠴᠤ ᠢᠲᠡᠪᠬᠢᠲᠡᠢ ᠤᠷᠤᠯᠴᠠᠵᠤ ᠪᠠᠢᠭ᠎ᠠ ᠨᠢ ᠰᠠᠢᠰᠢᠶᠠᠯᠲᠠᠢ︾ ᠭᠡᠯᠡ᠃ | | ᠣᠶᠢᠯᠭᠠᠭᠰᠠᠨ ᠢᠶᠠᠷ᠂ ᠰᠤᠷᠤᠭᠴᠢᠳ ᠤᠨ ᠢᠶᠠᠨ ᠶᠡᠷᠦᠩᠬᠡᠢᠯᠡᠭᠰᠡᠨ ᠬᠡᠪ ᠴᠢᠨᠠᠷ᠂ ᠠᠪᠢᠶᠠᠰ ᠪᠢᠯᠢᠭ ᠢ | ᠬᠦᠭᠵᠢᠬᠦᠯᠬᠦ ᠪᠠᠷ ᠬᠦᠬᠡᠬᠤᠲᠠ ᠶᠢᠨ ᠮᠤᠩᠭᠤᠯ ᠦᠨᠳᠦᠰᠦᠲᠡᠨ ᠤ ᠰᠤᠷᠭᠠᠭᠤᠯᠢ᠂ ᠦᠪᠦᠷ ᠮᠤᠩᠭᠤᠯ ᠤᠨ ᠪᠠᠭᠰᠢ ᠶᠢᠨ | ᠶᠡᠭᠡ ᠰᠤᠷᠭᠠᠭᠤᠯᠢ ᠶᠢᠨ ᠬᠠᠷᠢᠶᠠᠲᠤ ᠲᠤᠮᠲᠠᠲᠤ ᠰᠤᠷᠭᠠᠭᠤᠯᠢ ᠬᠠᠮᠲᠤᠷᠠᠨ ᠶᠠᠷᠢᠶ᠎ᠠ ᠢᠯᠡᠳᠭᠡᠯ᠂ ᠮᠤᠩᠭᠤᠯ ᠵᠦᠴᠦᠭᠡ᠂ | ᠬᠠᠮᠲᠤ ᠶᠢᠨ ᠰᠢᠯᠦᠭ᠂ ᠵᠦᠪ ᠪᠢᠴᠢᠯᠭᠡ ᠶᠢᠨ ᠤᠷᠤᠯᠲᠤᠭᠠᠨ ᠵᠡᠷᠭᠡ ᠶᠢ ᠤᠯᠠᠨ ᠵᠢᠯ ᠵᠤᠬᠢᠶᠠᠨ ᠪᠠᠢᠭᠤᠯᠤᠭᠰᠠᠭᠠᠡᠷ | ᠢᠷᠡᠭᠰᠡᠨ ᠶᠤᠮ᠃ |