ᠬᠦᠬᠡᠬᠤᠲᠠ ᠤᠷᠤᠨ ᠤ ᠮᠤᠩᠭᠤᠯ ᠢᠶᠠᠷ ᠬᠢᠴᠢᠶᠡᠯᠯᠡᠬᠦ ᠲᠡᠭᠡᠳᠦ ᠲᠤᠮᠲᠠᠲᠤ ᠶᠢᠨ ᠰᠤᠷᠤᠭᠴᠢᠳ ᠤᠨ ︽ᠲᠠᠷᠬᠠᠨ ᠬᠡᠯᠡ︾ ᠶᠠᠷᠢᠶ᠎ᠠ ᠢᠯᠡᠳᠭᠡᠯ ᠤᠨ ᠮᠥᠷᠥᠶᠢᠴᠡᠭᠡᠨ ᠪᠤᠯᠵᠤ ᠦᠩᠭᠡᠷᠡᠪᠡ
ᠨᠡᠶᠢᠲᠡᠯᠡᠭᠰᠡᠨ ᠴᠠᠭ᠄
2019/5/21
      ᠰᠢᠨᠬᠤᠧᠠ ᠮᠤᠩᠭᠤᠯ ᠨᠧᠲ ᠬᠦᠬᠡᠬᠤᠲᠠ ᠶᠢᠨ 5 ᠰᠠᠷ᠎ᠠ ᠶᠢᠨ 19 ᠤ ᠡᠲᠦᠷ ᠤᠨ ᠴᠠᠬᠢᠯᠭᠠᠨ ᠮᠡᠲᠡᠭᠡ ︵ᠬ᠊᠂ ᠦᠵᠡᠰᠭᠦᠯᠡᠩ︶ 19 ᠳᠠᠬᠢ ᠤᠲᠠᠭ᠎ᠠ ᠪᠠᠨ ᠵᠤᠬᠢᠶᠠᠨ ᠪᠠᠢᠭᠤᠯᠤᠭᠲᠠᠵᠤ ᠪᠠᠢᠭ᠎ᠠ ᠬᠦᠬᠡᠬᠤᠲᠠ ᠤᠷᠤᠨ ᠤ ᠮᠤᠩᠭᠤᠯ ᠢᠶᠠᠷ ᠬᠢᠴᠢᠶᠡᠯᠯᠡᠬᠦ ᠲᠡᠭᠡᠳᠦ ᠲᠤᠮᠲᠠᠲᠤ ᠶᠢᠨ ᠰᠤᠷᠤᠭᠴᠢᠳ ᠤᠨ ︽ᠲᠠᠷᠬᠠᠨ ᠬᠡᠯᠡ︾ ᠶᠠᠷᠢᠶ᠎ᠠ ᠢᠯᠡᠳᠭᠡᠯ ᠤᠨ ᠮᠦᠷᠦ᠋ᠴᠡᠭᠡᠨ 5 ᠰᠠᠷ᠎ᠠ ᠶᠢᠨ 18 ᠤ ᠦᠲᠡ ᠠᠴᠠ ᠬᠤᠢᠨ᠎ᠠ ᠬᠦᠬᠡᠬᠤᠲᠠ ᠶᠢᠨ ᠮᠤᠩᠭᠤᠯ ᠰᠤᠷᠭᠠᠭᠤᠯᠢ ᠳᠤ ᠪᠤᠯᠵᠤ ᠦᠩᠭᠡᠷᠡᠪᠡ᠃      ᠤᠭ ᠮᠦᠷᠦ᠋ᠴᠡᠭᠡᠨ ᠤ ᠦᠶ᠎ᠠ ᠪᠠᠷ ᠬᠦᠬᠡᠬᠤᠲᠠ ᠤᠷᠤᠨ ᠤ ᠮᠤᠩᠭᠤᠯ ᠢᠶᠠᠷ ᠬᠢᠴᠢᠶᠡᠯᠯᠡᠵᠦ ᠪᠠᠢᠬᠤ ᠲᠡᠭᠡᠲᠦ ᠲᠤᠮᠲᠠᠲᠤ ᠰᠤᠷᠭᠠᠭᠤᠯᠢ ᠠᠴᠠ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠲᠤᠮᠲᠠᠲᠤ ᠰᠤᠷᠭᠠᠭᠤᠯᠢ᠂ ᠬᠦᠬᠡᠬᠤᠲᠠ ᠶᠢᠨ ᠮᠤᠩᠭᠤᠯ ᠰᠤᠷᠭᠠᠭᠤᠯᠢ ᠠᠴᠠ ᠨᠡᠢᠲᠡ 12 ᠰᠤᠷᠤᠭᠴᠢ ᠤᠷᠤᠯᠴᠠᠵᠤ ᠬᠡᠯᠡ ᠶᠠᠷᠢᠶᠠᠨ ᠤ ᠤᠷᠠᠨ ᠭᠠᠢᠬᠠᠮᠰᠢᠭ᠂ ᠤᠶᠤᠨ ᠤᠬᠠᠭᠠᠨ ᠤ ᠴᠡᠴᠡᠨ ᠬᠤᠷᠴᠠ ᠪᠠᠨ ᠭᠠᠶᠢᠬᠠᠭᠤᠯᠵᠤ᠂ ᠦᠵᠡᠭᠴᠢᠳ ᠤᠨ ᠦᠶ᠎ᠠ ᠦᠶ᠎ᠠ ᠶᠢᠨ ᠬᠠᠯᠠᠭᠤᠨ ᠠᠯᠠᠭ᠎ᠠ ᠲᠠᠰᠢᠯᠲᠠ ᠶᠢ ᠤᠯᠤᠭᠰᠠᠨ ᠢᠶᠠᠷ ᠪᠠᠷᠠᠬᠤ ᠦᠭᠡᠢ ᠰᠢᠭᠦᠭᠴᠢᠳ ᠴᠤ ᠦᠨᠳᠦᠷ ᠦᠨᠡᠯᠡᠯᠲᠡ ᠦᠭᠭᠦᠭᠰᠡᠨ ᠪᠠᠢᠨ᠎ᠠ᠃      ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠲᠤᠮᠲᠠᠲᠤ ᠰᠤᠷᠭᠠᠭᠤᠯᠢ ᠶᠢᠨ ᠲᠡᠳ᠋ ᠵᠠᠬᠢᠷᠤᠯ ︽ᠡᠨᠡ ᠤᠲᠠᠭᠠᠨ ᠤ ᠲᠠᠷᠬᠠᠨ ᠬᠡᠯᠡ ᠶᠠᠷᠢᠶ᠎ᠠ ᠢᠯᠡᠳᠭᠡᠯ ᠤᠨ ᠤᠷᠤᠯᠲᠤᠭᠠᠨ ᠨᠢ ᠰᠤᠷᠤᠭᠴᠢᠳ ᠤᠨ ᠠᠰᠠᠭᠤᠲᠠᠯ ᠢ ᠦᠵᠡᠬᠦ ᠬᠠᠷᠠᠭᠠᠰᠤ᠂ ᠠᠰᠠᠭᠤᠲᠠᠯ ᠳᠤ ᠬᠠᠨᠲᠤᠬᠤ ᠤᠪᠤᠷ᠂ ᠠᠰᠠᠭᠤᠲᠠᠯ ᠢ ᠵᠠᠲᠠᠯᠬᠤ ᠴᠢᠲᠠᠪᠤᠷᠢ᠂ ᠶᠠᠷᠢᠵᠤ ᠢᠯᠡᠳᠭᠡᠬᠦ ᠴᠢᠲᠠᠪᠤᠷᠢ ᠵᠡᠷᠭᠡ ᠶᠢ ᠬᠦᠮᠦᠵᠢᠬᠦᠯᠬᠦ ᠳᠤ ᠮᠠᠰᠢ ᠴᠢᠬᠤᠯᠠ ᠠᠷᠭ᠎ᠠ ᠵᠠᠮ ᠪᠤᠯᠤᠨ᠎ᠠ᠃ ᠢᠮᠦᠷᠬᠦᠦ ᠶᠡᠷᠦᠩᠬᠡᠢᠯᠡᠭᠰᠡᠨ ᠴᠢᠨᠠᠷᠲᠠᠢ ᠮᠥᠷᠥᠶᠢᠴᠡᠭᠡᠨ ᠲᠡᠮᠡᠴᠡᠭᠡᠨ ᠵᠤᠬᠢᠶᠠᠨ ᠪᠠᠢᠭᠤᠯᠵᠤ ᠪᠠᠢᠭ᠎ᠠ ᠨᠢ ᠮᠠᠭᠲᠠᠭᠤᠰᠢᠲᠠᠢ ᠪᠦᠭᠡᠳ ᠰᠤᠷᠤᠭᠴᠢᠳ ᠴᠤ ᠢᠲᠡᠪᠬᠢᠲᠡᠢ ᠤᠷᠤᠯᠴᠠᠵᠤ ᠪᠠᠢᠭ᠎ᠠ ᠨᠢ ᠰᠠᠢᠰᠢᠶᠠᠯᠲᠠᠢ︾ ᠭᠡᠯ᠎ᠡ᠃     ᠣᠶᠢᠯᠭᠠᠭᠰᠠᠨ ᠢᠶᠠᠷ᠂ ᠰᠤᠷᠤᠭᠴᠢᠳ ᠤᠨ ᠢᠶᠠᠨ ᠶᠡᠷᠦᠩᠬᠡᠢᠯᠡᠭᠰᠡᠨ ᠬᠡᠪ ᠴᠢᠨᠠᠷ᠂ ᠠᠪᠢᠶᠠᠰ ᠪᠢᠯᠢᠭ ᠢ ᠬᠦᠭᠵᠢᠬᠦᠯᠬᠦ ᠪᠠᠷ ᠬᠦᠬᠡᠬᠤᠲᠠ ᠶᠢᠨ ᠮᠤᠩᠭᠤᠯ ᠦᠨᠳᠦᠰᠦᠲᠡᠨ ᠤ ᠰᠤᠷᠭᠠᠭᠤᠯᠢ᠂ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠲᠤᠮᠲᠠᠲᠤ ᠰᠤᠷᠭᠠᠭᠤᠯᠢ ᠬᠠᠮᠲᠤᠷᠠᠨ ᠶᠠᠷᠢᠶ᠎ᠠ ᠢᠯᠡᠳᠭᠡᠯ᠂ ᠮᠤᠩᠭᠤᠯ ᠵᠦᠴᠦᠭᠡ᠂ ᠬᠠᠮᠲᠤ ᠶᠢᠨ ᠰᠢᠯᠦᠭ᠂ ᠵᠦᠪ ᠪᠢᠴᠢᠯᠭᠡ ᠶᠢᠨ ᠤᠷᠤᠯᠲᠤᠭᠠᠨ ᠵᠡᠷᠭᠡ ᠶᠢ ᠤᠯᠠᠨ ᠵᠢᠯ ᠵᠤᠬᠢᠶᠠᠨ ᠪᠠᠢᠭᠤᠯᠤᠭᠰᠠᠭᠠᠡᠷ ᠢᠷᠡᠭᠰᠡᠨ ᠶᠤᠮ᠃
ᠢᠷᠡᠯᠲᠡ᠄ ᠰᠢᠨᠬᠤᠧᠠ ᠮᠣᠩᠭᠤᠯ ᠨᠧᠲ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ