ᠬᠦᠬᠡᠬᠤᠲᠠ ᠦᠨᠳᠦᠰᠦᠲᠡᠨ ᠤ ᠲᠡᠭᠡᠳᠦ ᠰᠤᠷᠭᠠᠭᠤᠯᠢ ᠳᠤ ᠨᠠᠭᠠᠲᠤᠮ ᠰᠤᠶᠤᠯ ᠤᠨ ᠨᠠᠶᠢᠷ ᠪᠤᠯᠵᠤ ᠪᠠᠶᠢᠨ᠎ᠠ
ᠨᠡᠶᠢᠲᠡᠯᠡᠭᠰᠡᠨ ᠴᠠᠭ᠄
2019/5/23
      ᠰᠢᠨᠬᠤᠧᠠ ᠮᠤᠩᠭᠤᠯ ᠨᠧᠲ ᠬᠦᠬᠡᠬᠤᠲᠠ ᠶᠢᠨ 5 ᠰᠠᠷ᠎ᠠ ᠶᠢᠨ 22 ᠤᠨ ᠡᠲᠦᠷ ᠤᠨ ᠴᠠᠬᠢᠯᠭᠠᠨ ᠮᠡᠲᠡᠭᠡ ︵ᠬ᠊᠂ ᠦᠵᠡᠰᠭᠦᠯᠡᠩ︶ ᠦᠪᠦᠷ ᠮᠤᠩᠭᠤᠯ ᠤᠷᠤᠨ ᠤ ᠶᠡᠭᠡ ᠲᠡᠭᠡᠳᠦ ᠰᠤᠷᠭᠠᠭᠤᠯᠢ ᠨᠤᠭᠤᠳ ᠤᠨ ᠲᠤᠲᠤᠷᠠᠬᠢ ᠬᠡᠪᠴᠢᠶ᠎ᠠ ᠪᠠᠷ ᠲᠤᠮᠤ᠂ ᠤᠯᠠᠮᠵᠢᠯᠠᠯᠲᠤ ᠨᠠᠭᠠᠲᠤᠮ ᠤᠨ ᠲᠦᠷᠦᠯ ᠢᠶᠠᠷ ᠤᠯᠠᠨ ᠪᠤᠯᠬᠤ ᠬᠦᠬᠡᠬᠤᠲᠠ ᠦᠨᠳᠦᠰᠦᠲᠡᠨ ᠤ ᠲᠡᠭᠡᠳᠦ ᠰᠤᠷᠭᠠᠭᠤᠯᠢ ᠶᠢᠨ ᠡᠨᠡ ᠤᠨ ᠤ ᠨᠠᠭᠠᠲᠤᠮ ᠰᠤᠶᠤᠯ ᠤᠨ ᠨᠠᠶᠢᠷ 5 ᠰᠠᠷ᠎ᠠ ᠶᠢᠨ 22 ᠤᠨ ᠡᠲᠦᠷ ᠤᠨ ᠦᠲᠡ ᠠᠴᠠ ᠡᠮᠦᠨ᠎ᠡ ᠨᠡᠬᠡᠬᠡᠯᠲᠡ ᠶᠢᠨ ᠦᠢᠯᠡ ᠠᠵᠢᠯᠯᠠᠭ᠎ᠠ ᠪᠠᠨ ᠦᠪᠡᠲᠡᠭᠰᠢ ᠶᠠᠪᠤᠭᠲᠠᠭᠤᠯᠤᠭᠰᠠᠨ ᠪᠠᠢᠨ᠎ᠠ᠃
     ᠭᠠᠯ ᠲᠠᠬᠢᠯᠭ᠎ᠠ᠂ ᠦᠨᠳᠦᠰᠦᠲᠡᠨ ᠤ ᠲᠠᠭᠤᠤ ᠪᠦᠵᠢᠭ᠂ ᠬᠤᠪᠴᠠᠰᠤ ᠵᠠᠰᠠᠯ ᠤᠨ ᠦᠵᠡᠬᠦᠯᠦᠯᠭᠡ᠂ ᠤᠯᠠᠮᠵᠢᠯᠠᠯᠲᠤ ᠨᠠᠭᠠᠲᠤᠮ ᠢ ᠨᠢᠭᠡ ᠴᠤᠭᠴᠠᠵᠢᠭᠤᠯᠤᠭᠰᠠᠨ ᠨᠠᠭᠠᠲᠤᠮ ᠰᠤᠶᠤᠯ ᠤᠨ ᠨᠠᠶᠢᠷ ᠨᠢ ᠶᠢᠰᠦᠳᠡᠬᠢ ᠵᠢᠯ ᠳᠡᠭᠡᠨ ᠵᠤᠬᠢᠶᠠᠨ ᠪᠠᠢᠭᠤᠯᠤᠭᠲᠠᠵᠤ ᠪᠠᠶᠢᠭ᠎ᠠ ᠪᠠᠷ ᠢᠶᠠᠨ ᠤᠨᠴᠠᠯᠠᠭᠲᠠᠨ᠎ᠠ᠃ ᠬᠦᠬᠡᠬᠤᠲᠠ ᠦᠨᠳᠦᠰᠦᠲᠡᠨ ᠤ ᠲᠡᠭᠡᠳᠦ ᠰᠤᠷᠭᠠᠭᠤᠯᠢ ᠶᠢᠨ ᠲᠠᠮᠢᠷ ᠤᠨ ᠲᠡᠭᠡᠳᠦ ᠰᠤᠷᠭᠠᠭᠤᠯᠢ ᠶᠢᠨ ᠵᠠᠬᠢᠷᠤᠯ ᠦᠷᠭᠡᠨᠮᠦ᠋ᠷᠡᠨ ᠤ ᠤᠨᠴᠠᠯᠠᠭᠰᠠᠨ ᠢᠶᠠᠷ᠂ ᠡᠨᠡ ᠵᠢᠯ ᠤᠨ ᠨᠠᠭᠠᠲᠤᠮ ᠰᠤᠶᠤᠯ ᠤᠨ ᠨᠠᠶᠢᠷ ᠲᠤ ᠴᠠᠭᠠᠨ ᠰᠦᠯᠲᠠ ᠶᠢᠨ ᠮᠤᠷᠢᠳᠠᠨ ᠡᠩᠨᠡᠭᠡ ᠭᠠᠷᠭᠠᠭᠰᠠᠨ ᠪᠦᠭᠡᠳ ᠦᠨᠳᠦᠰᠦᠲᠡᠨ ᠤ ᠤᠯᠠᠮᠵᠢᠯᠠᠯᠲᠤ ᠨᠠᠭᠠᠲᠤᠮ ᠪᠦᠬᠡ ᠪᠠᠷᠢᠯᠲᠤᠬᠤ᠂ ᠰᠤᠷ ᠬᠠᠷᠪᠤᠬᠤ᠂ ᠪᠢᠯᠠᠭᠤ ᠰᠢᠲᠡᠬᠦ᠂ ᠮᠤᠩᠭᠤᠯ ᠰᠢᠲᠠᠷ᠎ᠠ᠂ ᠪᠤᠭᠤᠨ ᠵᠢᠷᠭᠢᠭᠡ᠂ ᠱᠠᠭ᠎ᠠ ᠬᠠᠷᠪᠤᠭ᠎ᠠ᠂ ᠱᠠᠭ᠎ᠠ ᠲᠤᠭᠯᠠᠬᠤ ᠵᠡᠷᠭᠡ ᠶᠢ ᠲᠤᠬᠢᠷᠠᠭᠤᠯᠤᠭᠰᠠᠨ ᠶᠤᠮ᠃ ᠰᠤᠷᠭᠠᠭᠤᠯᠢ ᠶᠢᠨ ᠬᠦᠷᠢᠶᠠᠨ ᠤ ᠰᠤᠶᠤᠯ ᠤᠨ ᠠᠮᠢᠲᠤᠷᠠᠯ ᠢ ᠬᠠᠷᠠᠭᠤᠯᠤᠭᠰᠠᠨ ᠠᠨᠳᠠᠢ ᠪᠦᠵᠢᠭ᠂ ᠰᠠᠪᠬᠠᠨ ᠪᠦᠵᠢᠭ᠂ ᠮᠤᠷᠢᠨ ᠬᠤᠭᠤᠷ ᠤᠨ ᠨᠠᠢᠷᠠᠯ ᠬᠦᠭᠵᠢᠮ ᠵᠡᠷᠭᠡ ᠤᠷᠠᠨ ᠰᠠᠢᠬᠠᠨ ᠤ ᠲᠤᠭᠯᠠᠯᠲᠠ ᠭᠠᠷᠭᠠᠵᠤ᠂ ᠤᠷᠤᠯᠴᠠᠭᠰᠠᠨ ᠪᠠᠭᠰᠢ ᠤᠶᠤᠲᠠᠳ ᠮᠢᠩᠭ᠎ᠠ ᠭᠠᠷᠤᠢ ᠳᠤ ᠬᠦᠷᠦᠭᠰᠡᠨ ᠪᠠᠢᠨ᠎ᠠ᠃ ᠡᠭᠦᠨ ᠠᠴᠠ ᠭᠠᠲᠠᠨ᠎ᠠ ᠤᠶᠤᠲᠠᠳ ᠤᠨ ᠵᠤᠬᠢᠶᠠᠨ ᠪᠦᠲᠦᠭᠡᠭᠰᠡᠨ ᠦᠨᠳᠦᠰᠦᠲᠡᠨ ᠤ ᠤᠨᠴᠠᠯᠢᠭᠲᠤ ᠭᠠᠷ ᠤᠷᠠᠯᠠᠯ ᠤᠨ ᠪᠦᠲᠦᠭᠡᠭᠲᠡᠬᠦᠨ ᠢ ᠲᠡᠯᠭᠡᠨ ᠦᠵᠡᠬᠦᠯᠵᠦ ᠪᠠᠢᠨ᠎ᠠ ᠭᠡᠵᠡᠢ᠃      ᠬᠦᠬᠡᠬᠤᠲᠠ ᠦᠨᠳᠦᠰᠦᠲᠡᠨ ᠤ ᠲᠡᠭᠡᠳᠦ ᠰᠤᠷᠭᠠᠭᠤᠯᠢ ᠶᠢᠨ ᠨᠠᠭᠠᠲᠤᠮ ᠰᠤᠶᠤᠯ ᠤᠨ ᠨᠠᠶᠢᠷ ᠨᠢ ᠦᠨᠳᠦᠰᠦᠲᠡᠨ ᠤ ᠰᠤᠷᠭᠠᠨ ᠬᠦᠮᠦᠵᠢᠯ᠂ ᠰᠤᠶᠤᠯ ᠲᠠᠮᠢᠷ ᠤᠨ ᠦᠢᠯᠡᠰ ᠢ ᠬᠦᠭᠵᠢᠬᠦᠯᠬᠦ᠂ ᠦᠨᠳᠦᠰᠦᠲᠡᠨ ᠤ ᠪᠦᠯᠬᠦᠮᠲᠡᠯ ᠲᠠᠪᠰᠢᠯᠲᠠ ᠶᠢ ᠠᠬᠢᠭᠤᠯᠬᠤ ᠴᠤᠭᠯᠠᠭᠠᠨ ᠪᠤᠯᠵᠤ ᠦᠪᠦᠷ ᠮᠤᠩᠭᠤᠯ ᠤᠨ ᠶᠡᠭᠡ ᠲᠡᠭᠡᠳᠦ ᠰᠤᠷᠭᠠᠭᠤᠯᠢ ᠶᠢᠨ ᠰᠤᠷᠭᠠᠭᠤᠯᠢ ᠶᠢᠨ ᠬᠦᠷᠢᠶᠠᠨ ᠤ ᠰᠤᠶᠤᠯ ᠤᠨ ᠤᠬᠢ ᠲᠦᠰᠦᠯ ᠳᠤ ᠬᠠᠮᠤᠷᠤᠭᠲᠠᠭᠰᠠᠨ ᠪᠠᠢᠨ᠎ᠠ᠃ ᠤᠢᠯᠠᠭᠠᠭᠰᠠᠨ ᠢᠶᠠᠷ᠂ ᠬᠦᠬᠡᠬᠤᠲᠠ ᠦᠨᠳᠦᠰᠦᠲᠡᠨ ᠤ ᠲᠡᠭᠡᠳᠦ ᠰᠤᠷᠭᠠᠭᠤᠯᠢ ᠨᠢ 1953 ᠤᠨ ᠳᠤ ᠪᠠᠢᠭᠤᠯᠤᠭᠲᠠᠭᠰᠠᠨ ᠦᠨᠳᠦᠰᠦᠲᠡᠨ ᠤ ᠶᠡᠭᠡ ᠲᠡᠭᠡᠳᠦ ᠰᠤᠷᠭᠠᠭᠤᠯᠢ ᠪᠤᠯᠤᠨ᠎ᠠ᠃ ᠵᠢᠷᠠ ᠭᠠᠷᠤᠢ ᠵᠢᠯ ᠤᠨ ᠬᠦᠭᠵᠢᠯᠲᠠ ᠪᠠᠷ ᠲᠤᠰ ᠰᠤᠷᠭᠠᠭᠤᠯᠢ ᠨᠢ ᠡᠯ᠎ᠡ ᠱᠠᠲᠤᠨ ᠤ ᠡᠯ᠎ᠡ ᠹᠷᠤᠨᠲ ᠲᠤ 35000 ᠭᠠᠷᠤᠢ ᠴᠢᠲᠠᠪᠤᠷᠢᠲᠠᠨ ᠢ ᠬᠦᠮᠦᠵᠢᠬᠦᠯᠦᠨ ᠦᠭᠴᠦ᠂ ᠦᠨᠳᠦᠰᠦᠲᠡᠨ ᠤ ᠤᠷᠤᠨ ᠤ ᠬᠦᠭᠵᠢᠯᠲᠠ᠂ ᠦᠨᠳᠦᠰᠦᠲᠡᠨ ᠤ ᠰᠤᠶᠤᠯ ᠤᠨ ᠤᠯᠠᠮᠵᠢᠯᠠᠯ᠂ ᠦᠨᠳᠦᠰᠦᠲᠡᠨ ᠤ ᠪᠦᠯᠬᠦᠮᠲᠡᠯ ᠲᠠᠪᠰᠢᠯᠲᠠ᠂ ᠬᠢᠯᠢ ᠶᠢᠨ ᠠᠮᠤᠷ ᠲᠤᠭᠲᠠᠭᠤᠨ ᠪᠤᠯᠤᠨ ᠨᠡᠢᠭᠡᠮ ᠤᠨ ᠡᠶ᠎ᠡ ᠨᠠᠢᠷᠠᠮᠲᠠᠭᠤ ᠳᠤ ᠢᠲᠡᠪᠬᠢ ᠬᠤᠪᠢ ᠨᠡᠮᠡᠷᠢ ᠪᠠᠨ ᠦᠵᠡᠬᠦᠯᠦᠭᠰᠡᠨ ᠪᠠᠢᠲᠠᠭ᠃ ᠰᠡᠬᠦᠯ ᠤᠨ ᠦᠶ᠎ᠠ ᠳᠤ ᠲᠤᠰ ᠰᠤᠷᠭᠠᠭᠤᠯᠢ ᠨᠢ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠭᠤᠤᠯᠲᠠᠯᠭ᠎ᠠ ᠲᠠᠢ ᠪᠦᠲᠦᠭᠡᠨ ᠪᠠᠢᠭᠤᠯᠬᠤ ᠶᠡᠭᠡ ᠲᠡᠭᠡᠳᠦ ᠰᠤᠷᠭᠠᠭᠤᠯᠢ ᠪᠠᠷ ᠲᠤᠭᠲᠠᠭᠠᠭᠲᠠᠬᠤ ᠶᠢᠨ ᠬᠠᠮᠲᠤ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠪᠤᠯᠤᠨ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠲᠤᠨ ᠠᠴᠠ ᠬᠠᠮᠲᠤᠷᠠᠨ ᠪᠠᠶᠢᠭᠤᠯᠬᠤ ᠳᠦᠰᠦᠯ ᠤᠨ ᠠᠵᠢᠯ ᠠᠬᠢᠯᠲᠠ ᠲᠠᠢ ᠪᠠᠶᠢᠨ᠎ᠠ᠃
ᠢᠷᠡᠯᠲᠡ᠄ ᠰᠢᠨᠬᠤᠧᠠ ᠮᠣᠩᠭᠤᠯ ᠨᠧᠲ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ