︽ᠲᠩᠷᠢᠯᠢᠭ ᠮᠤᠩᠭᠤᠯ︾ ᠦᠨᠳᠦᠰᠦᠨ ᠤ ᠮᠦᠽᠧᠢ ᠶᠢᠨ 10 ᠲᠣᠮᠣ ᠦᠵᠡᠮᠦᠷᠢ ᠰᠢᠯᠢᠳᠡᠭ ᠱᠠᠩᠨᠠᠯ ᠬᠦᠷᠲᠡᠯ᠎ᠡ
ᠨᠡᠶᠢᠲᠡᠯᠡᠭᠰᠡᠨ ᠴᠠᠭ᠄
2019/5/23
      5 ᠰᠠᠷ᠎ᠠ ᠶᠢᠨ 18 ᠤ ᠡᠳᠦᠷ 2019 ᠣᠨ ᠤ ᠣᠯᠠᠨ ᠤᠯᠤᠰ ᠤᠨ ᠮᠦᠽᠧᠢ ᠶᠢᠨ ᠡᠳᠦᠷ ᠤᠨ ᠨᠡᠭᠡᠭᠡᠯᠲᠡ ᠶᠢᠨ ᠶᠣᠰᠣᠯᠠᠯ ᠬᠤᠨᠠᠨ ᠮᠤᠵᠢ ᠶᠢᠨ ᠮᠦᠽᠧᠢ ᠳᠤ ᠪᠣᠯᠪᠠ᠃      ᠦᠨᠳᠦᠰᠦᠨ ᠤ ᠮᠦᠽᠧᠢ ᠶᠢᠨ 2018 ᠣᠨ ᠤ ᠦᠵᠡᠰᠬᠦᠯᠡᠩ ᠤᠨ ᠰᠢᠯᠢᠳᠡᠭ ᠦᠵᠡᠮᠦᠷᠢ ᠶᠢᠨ ᠰᠣᠩᠭᠤᠨ ᠰᠢᠯᠭᠠᠷᠠᠭᠤᠯᠤᠯᠲᠠ ᠪᠠᠷ ᠥᠪᠥᠷ ᠮᠣᠩᠭᠤᠯ ᠤᠨ ᠮᠦᠽᠧᠢ ᠶᠢᠨ ᠭᠤᠣᠯ ᠦᠵᠡᠮᠦᠷᠢ ᠪᠣᠯᠬᠤ ︽ᠲᠩᠷᠢᠯᠢᠭ ᠮᠤᠩᠬᠤᠯ︾ ᠦᠨᠳᠦᠰᠦᠨ ᠤ ᠮᠦᠽᠧᠢ ᠶᠢᠨ 10 ᠲᠣᠮᠣ ᠦᠵᠡᠮᠦᠷᠢ ᠱᠠᠩᠨᠠᠯ ᠬᠦᠷᠲᠡᠭᠰᠡᠨ ᠶᠤᠮ᠃ ᠥᠪᠥᠷ ᠮᠣᠩᠭᠤᠯ ᠤᠨ ᠮᠦᠽᠧᠢ ᠠᠴᠠ ᠳᠡᠪᠰᠢᠭᠦᠯᠦᠭᠰᠡᠨ ᠮᠣᠩᠭᠤᠯ ᠤᠨ ᠲᠡᠦᠬᠡ᠂ ᠰᠤᠶᠤᠯ ᠤᠨ ᠦᠵᠡᠮᠦᠷᠢ ᠪᠣᠯᠬᠤ ︽ᠲᠩᠷᠢᠯᠢᠭ ᠮᠤᠩᠬᠤᠯ︾ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 70 ᠵᠢᠯ ᠤᠨ ᠣᠢ ᠶᠢᠨ ᠦᠵᠡᠰᠬᠦᠯᠡᠩ ᠤᠨ ᠪᠦᠲᠦᠭᠡᠯ ᠪᠥᠭᠡᠳ ᠳᠣᠲᠣᠭᠠᠳᠤ ᠭᠠᠳᠠᠭᠠᠳᠤ ᠳᠤ ᠮᠣᠩᠭᠤᠯ ᠤᠨ ᠲᠡᠦᠬᠡ᠂ ᠰᠤᠶᠤᠯ ᠢ ᠪᠦᠷᠢᠨ ᠬᠠᠷᠠᠭᠤᠯᠬᠤ ᠠᠩᠬᠠᠨ ᠤ ᠦᠵᠡᠰᠬᠦᠯᠡᠩ ᠶᠤᠮ᠃ ᠲᠤᠰ ᠦᠵᠡᠰᠬᠦᠯᠡᠩ ᠨᠢ ︽ᠶᠤᠸᠠᠨ ᠭᠦᠷᠦᠨ ᠤ ᠬᠠᠮᠲᠤ ᠳᠤ ᠪᠠᠨ ᠬᠦᠴᠦᠷᠬᠡᠭᠵᠢᠭᠰᠡᠨ ᠨᠡᠶᠢᠭᠡᠮ︾᠂ ︽ᠮᠢᠩ᠂ ᠴᠢᠩ ᠭᠦᠷᠦᠨ ᠤ ᠦᠶ᠎ᠡ ᠶᠢᠨ ᠮᠣᠩᠭᠤᠯ ᠣᠷᠣᠨ ᠤ ᠦᠷᠭᠦᠯᠵᠢᠯᠡᠭᠰᠡᠨ ᠬᠥᠭᠵᠢᠯ ᠮᠠᠨᠳᠤᠯ︾᠂ ︽ᠨᠡᠭᠦᠳᠡᠯ ᠤᠨ ᠮᠠᠯᠵᠢᠯ ᠪᠠ ᠬᠦᠮᠦᠨ ᠪᠠᠶᠢᠭᠠᠯᠢ ᠶᠢᠨ ᠨᠢᠭᠡᠳᠦᠯ︾ ᠵᠡᠷᠭᠡ ᠭᠡᠳᠦᠨ ᠬᠡᠰᠡᠭ ᠠᠴᠠ ᠪᠦᠷᠢᠯᠳᠦᠪᠡ᠃     ᠥᠭᠡᠷ᠎ᠡ ᠪᠠᠷ ᠬᠡᠯᠡᠪᠡᠯ᠂ ᠡᠷᠲᠡᠨ ᠤ ᠦᠶ᠎ᠡ ᠶᠢᠨ ᠮᠣᠩᠭᠤᠯ ᠤᠨ ᠭᠠᠯ ᠣᠷᠣᠰᠢᠭᠤᠯᠭ᠎ᠠ ᠶᠢᠨ ᠭᠠᠵᠠᠷ᠂ ᠶᠤᠸᠠᠨ ᠭᠦᠷᠦᠨ ᠤ ᠵᠢᠨᠢᠩ ᠤᠨ ᠤᠯᠠᠭ᠎ᠠ ᠥᠷᠲᠡᠭᠡᠨ ᠤ ᠪᠠᠭᠤᠷᠢ᠂ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠵᠡᠷᠭᠡ ᠰᠢᠯᠢᠳᠡᠭ ᠠᠷᠬᠧᠣᠯᠣᠭᠢ ᠶᠢᠨ ᠣᠯᠳᠠᠪᠤᠷᠢ ᠶᠢᠨ ᠰᠠᠭᠤᠷᠢᠨ ᠳᠡᠭᠡᠷ᠎ᠡ ᠲᠠᠯ᠎ᠠ ᠨᠤᠲᠤᠭ ᠤᠨ ᠲᠣᠷᠭᠠᠨ ᠤ ᠵᠠᠮ ᠳᠠᠭᠠᠤ ᠬᠢ ᠮᠣᠩᠭᠤᠯ ᠦᠨᠳᠦᠰᠦᠲᠡᠨ ᠤ 800 ᠵᠢᠯ ᠤᠨ ᠲᠡᠦᠬᠡ ᠶᠢᠨ ᠬᠥᠭᠵᠢᠯ ᠢ ᠵᠢᠷᠤᠭᠯᠠᠵᠤ᠂ ᠮᠣᠩᠭᠤᠯ ᠦᠨᠳᠦᠰᠦᠲᠡᠨ ᠤ ᠭᠠᠶᠢᠬᠠᠮᠰᠢᠭᠲᠤ ᠰᠣᠶᠣᠯ ᠤᠨ ᠪᠦᠲᠦᠭᠡᠯ ᠢ ᠠᠮᠵᠢᠯᠲᠠ ᠲᠠᠢ ᠬᠠᠷᠠᠭᠤᠯᠵᠤ ᠴᠢᠳᠠᠭᠰᠠᠨ ᠪᠠᠶᠢᠨ᠎ᠠ᠃ ᠥᠪᠦᠷ ᠮᠣᠩᠭᠤᠯ ᠤᠨ ᠮᠦᠽᠧᠢ ᠶᠢᠨ ᠦᠵᠡᠰᠬᠦᠯᠡᠩ ᠢ ᠨᠢᠭᠡ ᠡᠳᠦᠷ ᠲᠤ 24000 ᠬᠦᠮᠦᠨ ᠦᠵᠡᠵᠦ ᠪᠠᠶᠢᠬᠰᠠᠨ ᠳᠡᠮᠳᠡᠭᠯᠡᠯ ᠢ ᠰᠢᠨᠡᠳᠬᠡᠵᠡᠢ᠃
ᠢᠷᠡᠯᠲᠡ᠄ ᠦᠪᠦᠷ ᠮᠤᠩᠭᠤᠯ ᠤᠨ ᠰᠤᠨᠢᠨ ᠮᠡᠳᠡᠭᠡᠨ ᠤ ᠨᠧᠲ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ