ᠡᠷᠳᠡᠨᠢ ᠰᠢᠰᠢ ᠶᠢᠨ ᠪᠠᠭᠠᠷᠠᠩ ᠬᠤᠷᠤᠬᠠᠢ ᠶᠢ ᠢᠯᠭᠠᠨ ᠲᠠᠨᠢᠬᠤ ᠪᠠ ᠰᠡᠷᠭᠡᠶᠢᠯᠡᠨ ᠵᠠᠰᠠᠬᠤ ᠠᠷᠭ᠎ᠠ
ᠨᠡᠶᠢᠲᠡᠯᠡᠭᠰᠡᠨ ᠴᠠᠭ᠄
2019/5/24
      ᠬᠡᠯᠪᠡᠷᠢ ᠳᠥᠷᠰᠤ ᠶᠢᠨ ᠤᠨᠴᠠᠯᠢᠭ᠄ ᠡᠷᠳᠡᠨᠢ ᠰᠢᠰᠢ ᠶᠢᠨ ᠪᠠᠭᠠᠷᠠᠩ ᠬᠤᠷᠤᠬᠠᠢ ᠭᠥᠢᠬᠡᠨ ᠨᠤᠭᠤᠭᠠᠨ ᠥᠡᠭᠭᠡ ᠲᠠᠢ᠂ ᠵᠤᠤᠪᠠᠩ ᠬᠡᠯᠪᠡᠷᠢᠲᠠᠢ ᠪᠤᠶᠤ ᠨᠠᠷᠢᠨ ᠤᠷᠲᠤ ᠬᠡᠯᠪᠡᠷᠢᠲᠠᠢ᠂ ᠲᠤᠯᠤᠭᠠᠢ ᠪᠠ ᠡᠪᠴᠢᠭᠦᠥ ᠨᠢ ᠬᠥᠷᠡᠩ ᠬᠠᠷ᠎ᠠ ᠥᠡᠭᠭᠡ ᠲᠠᠢ᠃ ᠡᠷᠳᠡᠨᠢ ᠰᠢᠰᠢ ᠶᠢᠨ ᠪᠠᠭᠠᠷᠠᠩ ᠬᠤᠷᠤᠬᠠᠢ ᠤᠷᠭᠤᠮᠠᠯ ᠤᠨ ᠡᠷᠡᠭᠦᠯ ᠴᠢᠬᠢᠷᠠᠭ ᠢ ᠨᠥᠯᠥᠭᠡᠯᠡᠬᠦ ᠪᠠᠷ ᠪᠠᠷᠠᠬᠤ ᠥᠭᠡᠢ ᠪᠠᠰᠠ ᠤᠷᠭᠤᠮᠠᠯ ᠤᠨ ᠨᠠᠪᠴᠢ ᠶᠢ ᠠᠲᠤᠷᠢᠭᠤᠯᠤᠨ᠎ᠠ᠂ ᠨᠡᠩ ᠴᠢᠬᠤᠯᠠ ᠨᠢ ᠡᠷᠳᠡᠨᠢ ᠰᠢᠰᠢ ᠶᠢᠨ ᠨᠠᠪᠴᠢᠨ ᠳᠡᠭᠡᠷ᠎ᠡ ᠸᠠᠯᠠᠭᠰᠠᠨ ᠪᠤᠬᠢᠷ ᠪᠤᠢ ᠪᠤᠯᠤᠨ᠎ᠠ᠂ ᠪᠠᠭᠠᠷᠠᠩ ᠬᠤᠷᠤᠬᠠᠢ ᠪᠠᠰᠠ ᠡᠪᠡᠳᠴᠢᠨ ᠤ ᠬᠤᠤᠷ ᠳᠠᠮᠵᠢᠭᠤᠯᠬᠤ ᠠᠷᠭ᠎ᠠ ᠵᠠᠮ ᠮᠦᠨ᠃      ᠡᠪᠡᠳᠴᠢᠯᠡᠬᠦ ᠵᠢᠮ᠎ᠡ ᠶᠤᠰᠤ᠄ ᠪᠠᠭᠠᠷᠠᠩ ᠬᠤᠷᠤᠬᠠᠢ ᠪᠤᠭᠤᠳᠠᠢ ᠶᠢᠨ ᠲᠥᠷᠥᠯ ᠪᠠ ᠡᠷᠲᠡ ᠪᠤᠯᠪᠠᠰᠤᠷᠠᠬᠤ ᠥᠶᠡᠳᠤ ᠤᠷᠭᠤᠮᠠᠯ ᠤᠨ ᠨᠠᠪᠴᠢᠨ ᠲᠤᠲᠤᠷ᠎ᠠ ᠡᠪᠤᠯᠵᠢᠨ᠎ᠡ᠂ ᠬᠤᠶᠢᠲᠤ ᠵᠢᠯ ᠤᠨ 3 ~ 4 ᠰᠠᠷ᠎ᠠ ᠳᠤᠯᠠᠭᠠᠨ ᠳᠡᠭᠡᠭᠰᠢᠯᠡᠬᠦ ᠥᠶ᠎ᠡ ᠳᠤ ᠡᠬᠢᠯᠡᠨ ᠬᠥᠳᠡᠯᠵᠤ ᠥᠷᠡᠵᠢᠨ᠎ᠡ᠃ 6 ᠰᠠᠷ᠎ᠠ ᠶᠢᠨ ᠰᠡᠭᠦᠯᠴᠢ 7 ᠰᠠᠷ᠎ᠠ ᠶᠢᠨ ᠡᠬᠢᠨ ᠢᠶᠠᠷ ᠡᠬᠢᠯᠡᠨ ᠥᠶᠡᠳᠤ ᠤᠷᠭᠤᠮᠠᠯ ᠤᠨ ᠪᠡᠶᠡᠨ ᠳᠡᠭᠡᠷ᠎ᠡ ᠠᠴᠠ ᠡᠷᠳᠡᠨᠢ ᠰᠢᠰᠢ ᠶᠢᠨ ᠳᠡᠭᠡᠷ᠎ᠡ ᠰᠢᠯᠵᠢᠨ᠎ᠠ᠂ 7 ᠰᠠᠷ᠎ᠠ ᠶᠢᠨ ᠰᠡᠭᠦᠯᠴᠢ ᠪᠤᠯᠬᠤ ᠳᠤ ᠡᠷᠳᠡᠨᠢ ᠰᠢᠰᠢ ᠶᠢᠨ ᠳᠡᠭᠡᠷ᠎ᠡ ᠶᠡᠭᠡ ᠬᠡᠪᠴᠢᠶ᠎ᠡ ᠪᠠᠷ ᠰᠢᠯᠵᠢᠨ᠎ᠠ᠃ ᠡᠷ᠎ᠡ ᠲᠥᠷᠥᠭᠦᠥ ᠪᠥᠭᠡᠯᠵᠢᠬᠦ ᠠᠴᠠ ᠡᠮᠤᠨ᠎ᠡ ᠡᠷᠳᠡᠨᠢ ᠰᠢᠰᠢ ᠶᠢᠨ ᠨᠠᠪᠴᠢ ᠶᠢ ᠬᠥᠨᠥᠭᠡᠨ᠎ᠡ᠂ 7 ᠰᠠᠷ᠎ᠠ ᠶᠢᠨ ᠰᠡᠭᠦᠯᠴᠢ 8 ᠰᠠᠷ᠎ᠠ ᠶᠢᠨ ᠡᠬᠢᠨ ᠳᠤ ᠡᠷᠳᠡᠨᠢ ᠰᠢᠰᠢ ᠡᠷ᠎ᠡ ᠲᠥᠷᠥᠭᠦᠥ ᠪᠥᠭᠡᠯᠵᠢᠬᠦ ᠬᠤᠭᠤᠴᠠᠭᠠᠨ ᠳᠤ ᠤᠷᠤᠭᠰᠠᠨ ᠤ ᠳᠠᠷᠠᠭ᠎ᠠ ᠮᠠᠰᠢ ᠬᠤᠷᠳᠤᠨ ᠥᠷᠡᠵᠢᠨ᠎ᠡ᠃ 8 ᠰᠠᠷ᠎ᠠ ᠶᠢᠨ ᠰᠢᠨᠡᠳ ᠠᠴᠠ ᠠᠷᠪᠠᠳ ᠪᠤᠯᠲᠠᠯ᠎ᠠ ᠪᠤᠯ ᠡᠷᠳᠡᠨᠢ ᠰᠢᠰᠢ ᠶᠢᠨ ᠪᠠᠭᠠᠷᠠᠩ ᠬᠤᠷᠤᠬᠠᠢ ᠶᠢᠨ ᠬᠠᠮᠤᠭ ᠶᠡᠬᠡᠪᠡᠷ ᠲᠠᠷᠬᠠᠬᠤ ᠬᠤᠭᠤᠴᠠᠭ᠎ᠠ ᠪᠤᠯᠤᠨ᠎ᠠ᠂ ᠵᠠᠭᠤᠨ ᠰᠠᠭᠤᠷᠢ ᠡᠷᠳᠡᠨᠢ ᠰᠢᠰᠢ ᠳᠡᠭᠡᠷ᠎ᠡ ᠲᠥᠮᠡ ᠠᠴᠠ ᠳᠡᠭᠡᠭᠰᠢ ᠪᠠᠭᠠᠷᠠᠩ ᠬᠤᠷᠤᠬᠠᠢ ᠰᠠᠭᠤᠳᠠᠭ᠃ 8 ᠰᠠᠷ᠎ᠠ ᠶᠢᠨ ᠬᠤᠷᠢᠳ ᠪᠤᠯᠪᠠᠯ ᠠᠭᠤᠷ ᠠᠮᠢᠰᠬᠤᠯ ᠬᠠᠭᠤᠷᠠᠢ ᠮᠥᠷᠲᠡᠭᠡᠨ ᠰᠡᠷᠢᠭᠦᠨ ᠪᠤᠯᠬᠤ ᠥᠶ᠎ᠡ ᠳᠤ ᠡᠬᠢᠯᠡᠨ ᠪᠠᠭᠠᠰᠴᠤ᠂ ᠭᠤᠤᠯ ᠨᠢ ᠡᠮ᠎ᠡ ᠲᠥᠷᠥᠭᠦᠥ ᠶᠢᠨ ᠪᠠᠭᠯᠠᠭᠴᠢ ᠨᠠᠪᠴᠢ ᠪᠠ ᠳᠤᠤᠷ᠎ᠠ ᠲᠠᠯ᠎ᠠ ᠶᠢᠨ ᠨᠠᠪᠴᠢᠨ ᠢᠯᠲᠠᠰᠤᠨ ᠳᠡᠭᠡᠷ᠎ᠡ ᠴᠤᠭᠯᠠᠷᠠᠨ᠎ᠠ᠂ ᠡᠷᠳᠡᠨᠢ ᠰᠢᠰᠢ ᠬᠤᠷᠢᠶᠠᠬᠤ ᠠᠴᠠ ᠡᠮᠤᠨ᠎ᠡ ᠵᠢᠭᠦᠷ ᠤᠷᠭᠤᠵᠤ ᠪᠤᠰᠤᠳ ᠮᠥᠯᠵᠢᠭᠳᠡᠭᠴᠢ ᠤᠷᠭᠤᠮᠠᠯ ᠤᠨ ᠪᠡᠶ᠎ᠡ ᠳᠡᠭᠡᠷ᠎ᠡ ᠨᠢᠰᠤᠨ ᠶᠠᠪᠤᠳᠠᠭ᠃        ᠰᠡᠷᠭᠡᠶᠢᠯᠡᠨ ᠵᠠᠰᠠᠬᠤ ᠠᠷᠭ᠎ᠠ᠄ 1. ᠡᠮ ᠲᠠᠢ ᠬᠤᠯᠢᠵᠤ ᠲᠠᠷᠢᠬᠤ᠄ ᠡᠷᠳᠡᠨᠢ ᠰᠢᠰᠢ ᠶᠢ ᠲᠠᠷᠢᠬᠤ ᠠᠴᠠ ᠡᠮᠤᠨ᠎ᠡ ᠵᠤᠬᠢᠬᠤ ᠬᠡᠮᠵᠢᠶᠡᠨ ᠤ ᠲᠠᠷᠢᠶᠠᠨ ᠡᠮ ᠪᠠ ᠡᠷᠳᠡᠨᠢ ᠰᠢᠰᠢ ᠶᠢᠨ ᠥᠷ᠎ᠡ ᠶᠢ ᠬᠠᠮᠲᠤ ᠬᠤᠯᠢᠵᠤ ᠨᠠᠶᠢᠷᠠᠭᠤᠯᠤᠭᠰᠠᠨ ᠤ ᠳᠠᠷᠠᠭ᠎ᠠ ᠲᠠᠷᠢᠨ᠎ᠠ᠃ ᠲᠠᠷᠢᠶᠠᠨ ᠡᠮ ᠡᠷᠳᠡᠨᠢ ᠰᠢᠰᠢ ᠶᠢᠨ ᠥᠷ᠎ᠡ ᠶᠢ ᠬᠠᠮᠠᠭᠠᠯᠠᠬᠤ ᠶᠢᠨ ᠬᠠᠮᠳᠤ ᠪᠠᠰᠠ ᠨᠢᠭᠡᠳᠤᠭᠡᠷ ᠤᠳᠠᠭ᠎ᠠ ᠲᠠᠷᠢᠶᠠᠨ ᠥᠷ᠎ᠡ ᠶᠢ  ᠥᠡᠭᠭᠡᠯᠡᠨ᠎ᠡ᠂ ᠰᠡᠭᠦᠯᠡᠷ ᠨᠢ ᠲᠠᠷᠢᠶᠠᠨ ᠥᠷ᠎ᠡ ᠰᠤᠶᠤᠭᠠᠯᠠᠭᠰᠠᠨ ᠤ ᠳᠠᠷᠠᠭ᠎ᠠ ᠳᠠᠬᠢᠨ ᠨᠢᠭᠡ ᠤᠳᠠᠭ᠎ᠠ ᠡᠮ ᠰᠠᠴᠤᠵᠤ᠂ ᠬᠤᠶᠠᠳᠤᠭᠠᠷ ᠤᠳᠠᠭ᠎ᠠ ᠲᠠᠷᠢᠶᠠᠨ ᠥᠷ᠎ᠡ ᠶᠢ ᠥᠡᠭᠭᠡᠯᠡᠨ᠎ᠡ᠂ ᠢᠡᠭᠭᠢᠪᠡᠯ ᠡᠷᠳᠡᠨᠢ ᠰᠢᠰᠢ ᠶᠢᠨ ᠪᠠᠭᠠᠷᠠᠩ ᠬᠤᠷᠤᠬᠠᠢ ᠶᠢ ᠠᠰᠢᠭᠲᠠᠢ ᠬᠤᠷᠢᠭᠯᠠᠵᠤ ᠴᠢᠳᠠᠨ᠎ᠠ᠃ 2. ᠡᠮ ᠰᠠᠴᠤᠵᠤ ᠪᠤᠷᠳᠤᠭᠤᠷ ᠤᠷᠤᠭᠤᠯᠬᠤ᠄ ᠡᠷᠳᠡᠨᠢ ᠰᠢᠰᠢ ᠪᠠᠭᠠᠷᠠᠩ ᠬᠤᠷᠤᠬᠠᠢ ᠳᠤ ᠬᠥᠨᠥᠭᠡᠭᠳᠡᠬᠦ ᠥᠶᠡᠰ ᠵᠠᠪᠠᠯ ᠱᠤᠧᠠᠵᠠ ᠪᠠᠷ ᠬᠤᠷᠤᠬᠠᠢ ᠶᠢ ᠬᠤᠷᠳᠤᠨ ᠱᠤᠧᠠᠵᠠᠳᠠᠵᠤ ᠬᠠᠶᠠᠬᠤ ᠬᠡᠷᠡᠭᠲᠠᠢ᠂ ᠱᠤᠧᠠᠵᠠᠳᠠᠵᠤ  ᠪᠠᠷᠠᠭᠰᠠᠨ ᠤ ᠳᠠᠷᠠᠭ᠎ᠠ ᠬᠤᠷᠳᠤᠬᠠᠨ ᠡᠮ ᠰᠠᠴᠤᠨ᠎ᠠ᠂ ᠨᠢᠭᠡ ᠭᠠᠷᠠᠭ ᠠᠯᠤᠰᠯᠠᠪᠠᠯ ᠨᠢᠭᠡ ᠤᠳᠠᠭ᠎ᠠ ᠰᠠᠴᠤᠨ᠎ᠠ᠂ ᠨᠡᠶᠢᠲᠡ ᠭᠤᠷᠪᠠ ᠳᠥᠷᠪᠡᠨ ᠤᠳᠠᠭ᠎ᠠ ᠰᠠᠴᠤᠪᠠᠯ ᠵᠤᠬᠢᠰᠲᠠᠢ ᠬᠤᠷᠢᠭᠯᠠᠵᠤ ᠳᠡᠶᠢᠯᠤᠨ᠎ᠡ᠃ ᠬᠤᠷᠤᠬᠠᠢ ᠳᠤ ᠬᠥᠨᠥᠭᠡᠭᠳᠡᠬᠦ ᠥᠶᠡᠰ ᠰᠠᠶ᠋ᠢ ᠡᠬᠢᠯᠡᠨ ᠡᠮ ᠰᠠᠴᠤᠬᠤ ᠪᠢᠰᠢ᠂ ᠲᠠᠷᠢᠶᠠᠨ ᠳᠠᠭᠠᠨ ᠪᠤᠷᠳᠤᠭᠤᠷ ᠤᠷᠤᠭᠤᠯᠬᠤ ᠪᠦᠷᠢ ᠪᠤᠷᠳᠤᠭᠤᠷ ᠲᠤᠲᠤᠷ᠎ᠠ ᠪᠠᠨ ᠵᠤᠬᠢᠬᠤ ᠬᠡᠮᠵᠢᠶᠡᠨ ᠤ ᠡᠮ ᠬᠤᠯᠢᠪᠠᠯ ᠪᠠᠰᠠ ᠬᠤᠷᠤᠬᠠᠢ ᠶᠢᠨ ᠬᠥᠨᠥᠭᠡᠯ ᠢ ᠵᠤᠬᠢᠰᠲᠠᠢ ᠬᠤᠷᠢᠭᠯᠠᠵᠤ ᠴᠢᠳᠠᠨ᠎ᠠ᠃ 3. ᠤᠷᠴᠢᠨ ᠲᠤᠭᠤᠷᠢᠨ ᠤ ᠨᠥᠭᠦᠴᠡᠯ ᠢ ᠰᠠᠶᠢᠵᠢᠷᠠᠭᠤᠯᠬᠤ᠄ ᠡᠷᠳᠡᠨᠢ ᠰᠢᠰᠢ ᠪᠠᠭᠠᠷᠠᠩ ᠬᠤᠷᠤᠬᠠᠢ ᠳᠤ ᠭᠥᠨᠥᠭᠡᠭᠳᠡᠬᠦ ᠥᠶᠡᠰ ᠡᠮ ᠰᠠᠴᠤᠬᠤ ᠠᠴᠠ ᠭᠠᠳᠠᠨ᠎ᠠ ᠪᠠᠰᠠ ᠤᠷᠴᠢᠨ ᠲᠤᠭᠤᠷᠢᠨ ᠤ ᠨᠥᠭᠦᠴᠡᠯ ᠢ ᠰᠠᠶᠢᠵᠢᠷᠠᠭᠤᠯᠬᠤ ᠬᠡᠷᠡᠭᠲᠠᠢ᠃ ᠤᠯᠠᠩᠬᠢ ᠳᠠᠭᠠᠨ ᠥᠨᠳᠥᠷ ᠳᠤᠯᠠᠭᠠᠨ ᠤ ᠨᠥᠭᠦᠴᠡᠯ ᠪᠤᠶᠤ ᠰᠠᠯᠬᠢ ᠨᠡᠪᠲᠡᠷᠡᠬᠦ ᠪᠠᠷ ᠠᠨᠠᠢ ᠠᠴᠠ ᠪᠤᠯᠵᠤ ᠠᠮᠠᠷᠬᠠᠨ ᠬᠤᠷᠤᠬᠠᠢ ᠳᠤ ᠬᠥᠨᠥᠭᠡᠭᠳᠡᠳᠡᠭ᠂ ᠡᠶᠢᠮᠤ ᠠᠴᠠ ᠥᠷᠭᠦᠯᠵᠢ ᠲᠠᠷᠢᠶᠠᠨ ᠭᠠᠵᠠᠷ ᠤᠨ ᠡᠪᠡᠰᠤ ᠶᠢ ᠠᠷᠴᠢᠵᠤ᠂ ᠰᠠᠯᠬᠢ ᠨᠡᠪᠲᠡᠷᠡᠬᠦ ᠶᠢ ᠪᠠᠲᠤᠯᠠᠬᠤ ᠬᠡᠷᠡᠭᠳᠡᠢ᠃ ᠡᠭᠦᠨ ᠠᠴᠠ ᠭᠠᠳᠠᠨ᠎ᠠ᠂ ᠲᠠᠷᠢᠬᠤ ᠥᠶᠡᠰ ᠬᠠᠮᠤᠭ ᠰᠠᠶᠢᠨ ᠨᠢ ᠨᠠᠷᠠᠨ ᠤ ᠭᠡᠷᠡᠯ ᠭᠥᠢᠴᠠᠳ ᠭᠠᠵᠠᠷ ᠢ ᠰᠤᠩᠭᠤᠨ᠎ᠠ᠂ ᠨᠠᠷᠠᠨ ᠤ ᠭᠡᠷᠡᠯ ᠭᠥᠢᠴᠡᠳ ᠥᠶᠡᠰ ᠬᠤᠷᠤᠬᠠᠢ ᠳᠤ ᠬᠠᠯᠳᠠᠪᠤᠷᠢᠯᠠᠭᠳᠠᠬᠤ ᠨᠤᠷᠮ᠎ᠠ ᠶᠡᠭᠡ ᠪᠠᠷ ᠳᠤᠷᠤᠭᠰᠢᠯᠠᠳᠠᠭ᠃
ᠢᠷᠡᠯᠲᠡ᠄ ᠠᠯᠲᠠᠨ ᠬᠦᠷᠳᠦ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ