ᠦᠪᠦᠷ ᠮᠣᠩᠭᠤᠯ ᠮᠣᠩᠭᠤᠯ ᠦᠨᠳᠤᠰᠦᠳᠡᠨ ᠤ ᠤᠳᠬ᠎ᠠ ᠵᠤᠬᠢᠶᠠᠯ ᠤᠨ ᠲᠡᠦᠬᠡ ᠰᠤᠳᠤᠯᠤᠯ ᠤᠨ ᠬᠦᠭᠵᠢᠯᠳᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2019/5/29
     ᠰᠢᠨᠬᠤᠸᠠ ᠮᠣᠩᠭᠤᠯ ᠨᠧᠲ ᠬᠦᠬᠡᠬᠤᠳᠠ ᠶᠢᠨ 5 ᠰᠠᠷ᠎ᠠ ᠶᠢᠨ 27 ᠤ ᠡᠳᠤᠷ ᠤᠨ ᠴᠠᠬᠢᠯᠭᠠᠨ ᠮᠡᠳᠡᠭᠡ ︵ᠪᠠᠢ ᠯᠢᠩ ᠳ᠋ᠢ︶ 25 ᠤ ᠡᠳᠤᠷ᠂ ᠦᠪᠦᠷ ᠮᠣᠩᠭᠤᠯ ᠤᠨ ᠦᠪᠡᠷᠳᠡᠬᠡᠨ ᠵᠠᠰᠠᠬᠤ ᠤᠷᠤᠨ ᠤ ᠨᠡᠶᠢᠬᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠤᠳᠬ᠎ᠠ ᠵᠤᠬᠢᠶᠠᠯ ᠰᠤᠳᠤᠯᠬᠤ ᠭᠠᠵᠠᠷ ᠠᠴᠠ ᠡᠷᠬᠢᠯᠡᠭᠰᠡᠨ ᠠᠩᠬᠠᠳᠤᠭᠠᠷ ᠬᠤᠭᠤᠴᠠᠭᠠᠨ ᠤ ᠮᠣᠩᠭᠤᠯ ᠦᠨᠳᠤᠰᠦᠳᠡᠨ ᠤ ᠤᠳᠬ᠎ᠠ ᠵᠤᠬᠢᠨᠯ ᠤᠨ ᠲᠡᠦᠬᠡ ᠰᠤᠳᠤᠯᠤᠯ ᠤᠨ ᠪᠦᠬᠦ ᠤᠯᠤᠰ ᠤᠨ ᠡᠷᠳᠡᠮ ᠰᠢᠨᠵᠢᠯᠡᠬᠡᠨ ᠤ ᠰᠤᠳᠤᠯᠤᠨ ᠶᠠᠷᠢᠯᠴᠠᠬᠤ ᠬᠤᠷᠠᠯ ᠬᠦᠬᠡᠬᠤᠳᠠ ᠳᠤ ᠵᠤᠬᠢᠶᠠᠨ ᠪᠠᠶᠢᠭᠤᠯᠤᠭᠳᠠᠪᠠ᠃     ᠲᠤᠰ ᠬᠤᠷᠠᠯ ᠨᠢ ᠮᠣᠩᠭᠤᠯ ᠦᠨᠳᠤᠰᠦᠳᠡᠨ ᠤ ᠤᠳᠬ᠎ᠠ ᠵᠤᠬᠢᠶᠠᠯ ᠤᠨ ᠲᠡᠦᠬᠡ ᠰᠤᠳᠤᠯᠤᠯ ᠤᠨ ᠬᠦᠨᠵᠡᠬᠡᠶᠢᠷᠡᠬᠦ᠂ ᠮᠣᠩᠭᠤᠯ ᠦᠨᠳᠤᠰᠦᠳᠡᠨ ᠤ ᠤᠳᠬ᠎ᠠ ᠵᠤᠬᠢᠶᠠᠯ ᠤᠨ ᠡᠷᠳᠡᠮ ᠰᠢᠨᠵᠢᠯᠡᠬᠡᠨ ᠤ ᠰᠤᠯᠢᠯᠴᠠᠭ᠎ᠠ ᠶᠢ ᠠᠬᠢᠭᠤᠯᠬᠤ ᠪᠠᠷ ᠵᠤᠷᠢᠯᠭ᠎ᠠ ᠪᠤᠯᠭᠠᠪᠠ᠃ ︽ᠮᠣᠩᠭᠤᠯ ᠦᠨᠳᠤᠰᠦᠳᠡᠨ ᠤ ᠤᠳᠬ᠎ᠠ ᠵᠤᠬᠢᠶᠠᠯ ᠤᠨ ᠲᠡᠦᠩᠡ ᠰᠤᠳᠤᠯᠤᠯ ᠵᠢᠴᠢ ᠤᠳᠬ᠎ᠠ ᠵᠤᠬᠢᠶᠠᠯ ᠤᠨ ᠲᠡᠦᠬᠡ ᠶᠢᠨ ᠲᠤᠭᠳᠠᠯᠴᠠᠭ᠎ᠠ︾ ᠬᠡᠮᠡᠬᠦ ᠭᠤᠤᠯ ᠰᠡᠳᠤᠪ ᠤᠨ ᠲᠤᠭᠤᠷᠢᠨ ᠳᠤ ᠮᠣᠩᠭᠤᠯ ᠤᠳᠬ᠎ᠠ ᠵᠤᠬᠢᠶᠠᠯ ᠤᠨ ᠲᠡᠦᠬᠡ ᠶᠢᠨ ᠮᠠᠲ᠋ᠧᠷᠢᠶᠠᠯ ᠤᠨ ᠰᠤᠳᠤᠯᠭᠠᠨ᠂ ᠲᠠᠨᠢᠯᠳᠠ ᠤᠶᠢᠯᠠᠭᠠᠯᠳᠠ ᠶᠢᠨ ᠰᠢᠨᠡᠴᠢᠯᠡᠯ᠂ ᠬᠦᠨ ᠤᠬᠠᠭᠠᠨ ᠤ ᠠᠰᠠᠭᠤᠳᠠᠯ᠂ ᠤᠳᠬ᠎ᠠ ᠵᠤᠬᠢᠶᠠᠯ ᠤᠨ ᠲᠡᠦᠬᠡ ᠶᠢᠨ ᠴᠠᠭ ᠤᠨ ᠬᠤᠪᠢᠶᠠᠷᠢ ᠶᠢᠨ ᠠᠰᠠᠭᠤᠳᠠᠯ᠂ ᠤᠳᠬ᠎ᠠ ᠵᠤᠬᠢᠶᠠᠯ ᠤᠨ ᠨᠡᠪᠳᠡᠷᠬᠡᠢ ᠲᠡᠦᠬᠡ ᠶᠢ ᠲᠤᠭᠤᠷᠪᠢᠬᠤ ᠵᠢᠴᠢ ᠤᠷᠤᠰᠢᠵᠤ ᠪᠠᠶᠢᠭ᠎ᠠ ᠠᠰᠠᠭᠤᠳᠠᠯ ᠵᠡᠷᠬᠡ ᠤᠯᠠᠨ ᠬᠠᠷᠠᠭᠠᠰᠤ ᠶᠢᠨ ᠬᠤᠪᠢᠶᠠᠷᠢ ᠰᠡᠳᠤᠪ ᠢᠶᠠᠷ ᠬᠦᠨᠵᠡᠬᠡᠢ ᠰᠤᠳᠤᠯᠤᠨ ᠶᠠᠷᠢᠯᠴᠠᠵᠤ᠂ ᠮᠣᠩᠭᠤᠯ ᠦᠨᠳᠤᠰᠦᠳᠡᠨ ᠤ ᠤᠳᠬ᠎ᠠ ᠵᠤᠬᠢᠶᠠᠯ ᠤᠨ ᠲᠡᠦᠬᠡ ᠰᠤᠳᠤᠯᠤᠯ ᠤᠨ ᠰᠢᠨ᠎ᠡ ᠶᠢ ᠡᠬᠦᠳᠦᠨ ᠬᠦᠭᠵᠢᠬᠦ᠂ ᠮᠣᠩᠭᠤᠯ ᠦᠨᠳᠤᠰᠦᠳᠡᠨ ᠤ ᠤᠳᠬ᠎ᠠ ᠵᠤᠬᠢᠶᠠᠯ ᠤᠨ ᠪᠤᠳᠠᠳᠤ ᠬᠦᠴᠦᠨ ᠪᠤᠯᠤᠨ ᠦᠷᠢᠰᠦᠯᠳᠡᠬᠦ ᠬᠦᠴᠦᠨ ᠢ ᠨᠡᠮᠡᠭᠳᠡᠬᠦᠯᠵᠤ᠂ ᠤᠯᠤᠰ ᠤᠨ ᠨᠢᠬᠡᠳᠤᠬᠡᠷ ᠵᠡᠷᠬᠡ ᠶᠢᠨ ᠰᠢᠨᠵᠢᠯᠡᠬᠡᠨ ᠤ ᠰᠠᠯᠪᠤᠷᠢ ᠪᠤᠯᠤᠨ ᠲᠡᠯᠡᠬᠡᠢ ᠶᠢᠨ ᠨᠢᠬᠡᠳᠤᠬᠡᠷ ᠵᠡᠷᠬᠡ ᠶᠢᠨ ᠰᠢᠨᠵᠢᠯᠡᠬᠡᠨ ᠤ ᠰᠠᠯᠠᠪᠤᠷᠢ ᠶᠢᠨ ᠡᠩᠨᠡᠬᠡᠨ ᠳᠤ ᠤᠷᠤᠭᠤᠯᠬᠤ ᠶᠢ ᠠᠬᠢᠭᠤᠯᠬᠤ ᠪᠤᠯᠤᠨ᠎ᠠ᠃     ᠬᠤᠷᠠᠯ ᠳᠤ᠂ ᠤᠯᠤᠰ ᠲᠠᠶᠠᠭᠠᠷ ᠤᠨ ᠵᠠᠭᠤ ᠰᠢᠬᠠᠮ ᠡᠷᠳᠡᠮᠳᠡᠨ ᠮᠡᠷᠬᠡᠵᠢᠯᠳᠡᠨ ᠬᠤᠷᠠᠨ ᠴᠤᠭᠯᠠᠷᠠᠵᠤ᠂ ᠬᠤᠶᠠᠷ ᠡᠳᠤᠷ ᠤᠨ ᠬᠤᠭᠤᠴᠠᠭᠠᠨ ᠳᠤ ᠬᠦᠨᠵᠡᠬᠡᠢ ᠰᠤᠳᠤᠯᠤᠨ ᠶᠠᠷᠢᠯᠴᠠᠪᠠ᠂ ᠮᠦᠨ ︽ᠮᠣᠩᠭᠤᠯ ᠤᠳᠬ᠎ᠠ ᠵᠤᠬᠢᠶᠠᠯ ᠤᠨ ᠲᠡᠦᠬᠡ ᠶᠢ ᠲᠤᠭᠤᠷᠪᠢᠬᠤ ᠵᠢᠴᠢ ᠤᠷᠤᠰᠢᠬᠤ ᠪᠠᠶᠢᠭ᠎ᠠ ᠠᠰᠠᠭᠤᠳᠠᠯ︾᠂ ︽ᠮᠣᠩᠭᠤᠯ ᠦᠨᠳᠤᠰᠦᠳᠡᠨ ᠤ ᠡᠷᠳᠡᠨ ᠤ ᠤᠳᠬ᠎ᠠ ᠵᠤᠬᠢᠶᠠᠯ ᠤᠨ ᠲᠡᠦᠬᠡ ᠶᠢ ᠲᠠᠬᠢᠨ ᠪᠢᠴᠢᠭᠯᠡᠬᠦ︾ ᠵᠡᠷᠬᠡ 40 ᠭᠠᠷᠤᠢ ᠦᠬᠦᠯᠡᠯ ᠢ ᠨᠢ ᠲᠤᠰ ᠤᠳᠠᠭᠠᠨ ᠤ ᠬᠤᠷᠠᠯ ᠤᠨ ᠦᠬᠦᠯᠡᠯ ᠤᠨ ᠲᠡᠬᠦᠪᠦᠷᠢ ᠳᠤ ᠤᠷᠤᠭᠤᠯᠤᠭᠰᠠᠨ ᠪᠠᠶᠢᠨ᠎ᠠ᠃
ᠢᠷᠡᠯᠲᠡ᠄ ᠰᠢᠨᠬᠤᠧᠠ ᠮᠣᠩᠭᠤᠯ ᠨᠧᠲ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ