ᠬᠦᠬᠡᠬᠤᠳᠠ ᠶᠢᠨ ᠠᠷᠪᠠᠨ ᠲᠦᠷᠪᠡᠳᠦᠬᠡᠷ ᠤᠳᠠᠭᠠᠨ ᠤ ᠲᠠᠷᠬᠠᠨ ᠬᠡᠯᠡ ᠢᠷᠠᠭᠤ ᠨᠠᠶᠢᠷᠠᠭ ᠤᠨ ᠨᠠᠭᠠᠳᠤᠮ ᠶᠠᠪᠤᠭᠳᠠᠪᠠ
ᠨᠡᠶᠢᠲᠡᠯᠡᠭᠰᠡᠨ ᠴᠠᠭ᠄
2019-05-30
      5 ᠰᠠᠷ᠎ᠠ ᠶᠢᠨ 26 ᠤ ᠦᠳᠡ ᠶᠢᠨ ᠬᠤᠶᠢᠨ᠎ᠠ᠂ ᠬᠦᠬᠡᠬᠤᠳᠠ ᠶᠢᠨ ᠠᠷᠪᠠᠨ ᠲᠦᠷᠪᠡᠳᠦᠬᠡᠷ ᠤᠳᠠᠭᠠᠨ ᠤ  ︽ᠲᠠᠷᠬᠠᠨ‌‍ᠬᠡᠯᠡ︾ ᠢᠷᠠᠭᠤ ᠨᠠᠶᠢᠷᠠᠭ ᠤᠨ ᠨᠠᠭᠠᠳᠤᠮ ᠤᠨ ᠱᠠᠩᠨᠠᠯ ᠤᠯᠭᠤᠬᠤ ᠶᠤᠰᠤᠯᠠᠯ ᠬᠦᠬᠡᠬᠤᠳᠠ ᠳᠤ ᠶᠠᠪᠤᠭᠳᠠᠪᠠ᠃        
     ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ  ᠪᠠᠶᠠᠷᠯᠠᠨ  ᠤᠭᠳᠤᠵᠤ᠂  ᠬᠦᠬᠡᠬᠤᠳᠠ ᠵᠢᠨ‌ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ᠂  ᠬᠦᠬᠡᠬᠤᠳᠠ ᠶᠢᠨ ᠰᠤᠷᠭᠠᠨ ᠬᠦᠮᠦᠵᠢᠯ ᠤᠨ ᠳᠤᠪᠴᠢᠶ᠎ᠠ᠂ ᠬᠦᠬᠡᠬᠤᠳᠠ ᠶᠢᠨ ᠮᠤᠩᠭᠤᠯ ᠬᠡᠯᠡ ᠪᠢᠴᠢᠭ ᠤᠨ ᠠᠵᠢᠯ ᠤᠨ ᠵᠦᠪᠯᠡᠯ ᠠᠴᠠ ᠭᠤᠤᠯᠯᠠᠨ ᠡᠷᠬᠢᠯᠡᠭᠰᠡᠨ ᠠᠷᠪᠠᠨ ᠲᠦᠷᠪᠡᠳᠦᠬᠡᠷ ᠤᠳᠠᠭᠠᠨ ᠤ ︽ᠳᠠᠷᠬᠠᠨ‌‍ᠬᠡᠯᠡ︾ ᠢᠷᠠᠭᠤ ᠨᠠᠶᠢᠷᠠᠭ ᠤᠨ ᠨᠠᠭᠠᠳᠤᠮ ᠨᠢ ᠡᠯ᠎ᠠ ᠮᠤᠩᠭᠤᠯ ᠦᠨᠳᠦᠰᠦᠳᠡᠨ ᠤ ᠰᠤᠷᠭᠠᠭᠤᠯᠢ ᠪᠠ  ᠴᠡᠴᠡᠷᠯᠢᠭ ᠤᠨ  ᠢᠳᠡᠪᠬᠢᠳᠡᠢ ᠤᠷᠤᠯᠴᠠᠭ᠎ᠠ ᠲᠠᠢ ᠪᠠᠷ ᠳᠡᠬᠦᠰ ᠠᠮᠵᠢᠯᠳᠠ ᠲᠠᠢ ᠶᠠᠪᠤᠭᠳᠠᠭᠰᠠᠨ ᠪᠠᠶᠢᠨ᠎ᠠ᠃              ᠮᠤᠩᠭᠤᠯ ᠦᠰᠪᠦᠷᠢ ᠶᠢᠨ ᠪᠠᠭᠠᠴᠤᠤᠯ ᠤᠨ ᠡᠬᠡ ᠬᠡᠯᠡ ᠪᠠᠨ ᠰᠤᠷᠬᠤ  ᠤᠷᠮ᠎ᠠ  ᠪᠠᠬ᠎ᠠ ᠶᠢ  ᠬᠦᠭᠵᠢᠬᠡᠵᠦ᠂ ᠮᠤᠩᠭᠤᠯ‌ᠦᠬᠡ ᠬᠡᠯᠡ ᠦᠰᠦᠭ ᠪᠢᠴᠢᠭ ᠢᠶᠠᠨ ᠦᠪᠯᠡᠨ ᠤᠯᠠᠮᠵᠢᠯᠠᠵᠤ᠂  ᠡᠬᠡ  ᠬᠡᠯᠡᠨ ᠤ ᠪᠠᠨ  ᠤᠷ᠎ᠠ  ᠠᠪᠢᠶᠠᠰ ᠢ  ᠪᠠᠳᠠᠷᠠᠭᠤᠯᠬᠤ ᠳ᠋ᠤ᠋‌‍ᠲ᠋ᠠᠪᠴᠠᠩ ᠤᠯᠭᠤᠬᠤ ᠵᠤᠷᠢᠯᠭ᠎ᠠ ᠪᠠᠷ ᠵᠤᠬᠢᠶᠠᠨ ᠪᠠᠶᠢᠭᠤᠯᠤᠭᠳᠠᠭᠰᠠᠨ ᠡᠨᠡ ᠤᠳᠠᠭ᠎ᠠ ᠶᠢᠨ ᠳᠠᠷᠬᠠᠨ ᠬᠡᠯᠡ  ᠢᠷᠠᠭᠤ  ᠨᠠᠶᠢᠷᠠᠭ ‍ᠤᠨ‌ᠨᠠᠭᠠᠳᠤᠮ ᠤᠨ ᠰᠢᠢᠳᠪᠦᠷᠢᠳᠤ ᠤᠷᠤᠯᠳᠤᠭᠠᠨ ᠳᠤ ᠬᠦᠬᠡᠬᠤᠳᠠ ᠤᠷᠤᠨ ᠠᠴᠠ 121 ᠤᠷᠤᠯᠴᠠᠭᠴᠢ  ᠤᠷᠤᠯᠴᠠᠵᠤ᠂  ᠪᠤᠰᠤᠳ‌ᠠᠶᠢᠮᠠᠭ ᠬᠤᠳᠠ ᠠᠴᠠ 22 ᠤᠷᠤᠯᠴᠠᠭᠴᠢ ᠤᠷᠤᠯᠴᠠᠵᠠᠢ᠃ ᠤᠷᠤᠯᠳᠤᠭᠠᠨ ᠨᠢ ᠬᠡᠦᠬᠡᠳ ᠤᠨ ᠴᠡᠴᠡᠷᠯᠢᠭ᠂ ᠪᠠᠭ᠎ᠠ ᠰᠤᠷᠭᠠᠭᠤᠯᠢ᠂ᠠᠩᠬ᠎ᠠ ᠳᠤᠮᠳᠠᠳᠤ᠂ ᠦᠨᠳᠦᠷ ᠳᠤᠮᠳᠠᠳᠤ᠂ ᠮᠤᠩᠭᠤᠯ ᠬᠡᠯᠡ ᠨᠡᠮᠡᠵᠦ ᠰᠤᠷᠬᠤ ᠠᠩᠬᠢ ᠳᠠᠪᠤᠨ ᠪᠠᠭ  ᠬᠤᠪᠢᠶᠠᠵᠤ  ᠶᠠᠪᠤᠭᠳᠠᠭᠰᠠᠨ‌‍ᠪᠠᠶᠢᠨ᠎ᠠ᠃ 2006  ᠤᠨ ᠳᠤ  ᠠᠩᠬᠠᠳᠤᠭᠠᠷ  ᠤᠳᠠᠭ᠎ᠠ ᠪᠠᠨ  ᠡᠷᠬᠢᠯᠡᠭᠰᠡᠨ  ︽ᠳᠠᠷᠬᠠᠨ  ᠬᠡᠯᠡ︾  ᠢᠷᠠᠭᠤ  ᠨᠠᠶᠢᠷᠠᠭ ‍ᠤᠨ‌ᠨᠠᠭᠠᠳᠤᠮ ᠨᠢ ᠨᠢᠬᠡᠨᠳᠡ 14 ᠵᠢᠯ ᠤᠨ ᠨᠢᠭᠤᠷ ᠢ ᠦᠵᠡᠵᠦ᠂ 5000 ᠭᠠᠷᠤᠢ  ᠬᠦᠮᠦᠨ  ᠡᠨᠡ  ᠬᠦ  ᠳᠠᠪᠴᠠᠩ ᠢᠶᠠᠷ  ᠢᠷᠠᠭᠤ‌ᠭᠠᠶᠢᠬᠠᠮᠰᠢᠭᠳᠤ ᠡᠬᠡ ᠬᠡᠯᠡᠨ ᠤ ᠤᠷ᠎ᠠ ᠠᠪᠢᠶᠠᠰ ᠢᠶᠠᠨ ᠭᠠᠶᠢᠬᠠᠭᠤᠯᠤᠭᠰᠠᠨ ᠶᠤᠮ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号