ᠰᠢᠨᠬᠤᠸᠠ ᠬᠤᠷᠢᠶ᠎ᠠ ᠬᠦᠬᠡᠬᠤᠳᠠ ᠶᠢᠨ 5 ᠰᠠᠷ᠎ᠠ ᠶᠢᠨ 29 ᠤ ᠡᠳᠤᠷ ᠤᠨ ᠴᠠᠬᠢᠯᠭᠠᠨ ᠮᠡᠳᠡᠭᠡ ︵ᠰᠤᠷᠪᠤᠯᠵᠢᠯᠠᠭᠴᠢ ᠸᠠᠩ ᠵᠢᠩ ᠠᠨ ᠯᠦ ᠮᠧᠩ︶ | ᠰᠤᠷᠪᠤᠯᠵᠢᠯᠠᠭᠴᠢ ᠦᠪᠦᠷ ᠮᠣᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠠᠴᠠ ᠤᠶᠢᠯᠠᠭᠠᠭᠰᠠᠨ ᠢᠶᠠᠷ᠂ ᠦᠨᠦᠴᠢᠨ | ᠬᠡᠦᠬᠡᠳ ᠤᠨ ᠦᠨᠳᠤᠰᠦᠨ ᠠᠮᠢᠳᠤᠷᠠᠯ ᠢ ᠪᠠᠳᠤᠯᠠᠬᠤ ᠶᠢᠨ ᠲᠦᠯᠦᠬᠡ ᠦᠪᠦᠷ ᠮᠣᠩᠭᠤᠯ ᠤᠶᠢᠷ᠎ᠠ ᠳᠤ ᠦᠨᠦᠴᠢᠨ ᠬᠡᠦᠬᠡᠳ ᠤᠨ ᠦᠨᠳᠤᠰᠤᠨ ᠠᠮᠢᠳᠤᠷᠠᠯ ᠤᠨ | ᠪᠠᠳᠤᠯᠠᠭ᠎ᠠ ᠶᠢᠨ ᠪᠠᠷᠢᠮᠵᠢᠶ᠎ᠠ ᠶᠢ ᠬᠦᠮᠦᠨ ᠪᠦᠷᠢ ᠰᠠᠷ᠎ᠠ ᠳᠤ 200 ᠲᠦᠭᠦᠷᠢᠭ ᠨᠡᠮᠡᠭᠳᠡᠬᠦᠯᠪᠡ᠃ | ᠪᠦᠷᠢᠳᠬᠡᠯ ᠲᠤᠭ᠎ᠠ ᠶᠢ ᠦᠨᠳᠤᠰᠦᠯᠡᠪᠡᠯ᠂ 2011 ᠤᠨ ᠠᠴᠠ ᠨᠠᠰᠢ ᠦᠪᠦᠷ ᠮᠣᠩᠭᠤᠯ ᠤᠨ ᠦᠨᠦᠴᠢᠨ ᠬᠡᠦᠬᠡᠳ ᠢ ᠦᠰᠬᠡᠵᠤ ᠬᠦᠮᠦᠵᠢᠬᠦᠯᠬᠦ | ᠪᠠᠷᠢᠮᠵᠢᠶ᠎ᠠ ᠶᠢ ᠨᠡᠮᠡᠭᠳᠡᠬᠦᠯᠦᠭᠰᠡᠭᠡᠷ ᠢᠷᠡᠵᠡᠢ᠂ 2018 ᠤᠨ ᠪᠤᠯᠬᠤ ᠳᠤ ᠲᠦᠪᠯᠡᠷᠡᠬᠦᠯᠦᠨ ᠠᠰᠠᠷᠠᠬᠤ ᠪᠤᠯᠤᠨ ᠲᠠᠷᠬᠠᠭᠠᠨ ᠠᠰᠠᠷᠠᠬᠤ ᠪᠠᠷᠢᠮᠵᠢᠶ᠎ᠠ ᠶᠢ ᠲᠤᠰ | ᠲᠤᠰ ᠤᠤᠯ ᠤᠨ 700 ᠲᠦᠭᠦᠷᠢᠭ ᠪᠤᠯᠤᠨ 500 ᠲᠦᠭᠦᠷᠢᠭ ᠪᠠᠶᠢᠭᠰᠠᠨ ᠠᠴᠠ ᠨᠢ ᠨᠡᠮᠡᠭᠳᠡᠬᠦᠯᠦᠭᠡᠳ 1330 ᠲᠦᠭᠦᠷᠢᠭ ᠪᠤᠯᠤᠨ 1088 | ᠲᠦᠭᠦᠷᠢᠭ ᠲᠤ ᠬᠦᠷᠬᠡᠪᠡ᠃ | 2019 ᠤᠨ ᠳᠤ᠂ ᠦᠪᠦᠷ ᠮᠣᠩᠭᠤᠯ ᠤᠨ ᠦᠨᠦᠴᠢᠨ ᠬᠡᠦᠬᠡᠳ ᠤᠨ ᠦᠨᠳᠤᠰᠦᠨ ᠠᠮᠢᠳᠤᠷᠠᠯ ᠤᠨ ᠪᠠᠳᠤᠯᠠᠭᠠᠨ ᠤ ᠪᠠᠷᠢᠮᠵᠢᠶ᠎ᠠ ᠶᠢ ᠲᠠᠬᠢᠨ ᠰᠢᠨ᠎ᠡ ᠪᠠᠷ | ᠲᠤᠬᠢᠷᠠᠭᠤᠯᠤᠭᠰᠠᠨ ᠤ ᠲᠠᠷᠠᠭ᠎ᠠ᠂ ᠨᠢᠳᠤᠨᠤᠨ ᠤ ᠬᠢ ᠠᠴᠠ ᠨᠡᠮᠡᠭᠳᠡᠭᠡᠳ ᠬᠦᠮᠦᠨ ᠪᠦᠷᠢ ᠰᠠᠷ᠎ᠠ ᠳᠤ 1530 ᠲᠦᠭᠦᠷᠢᠭ ᠪᠤᠯᠤᠨ 1288 ᠲᠦᠭᠦᠷᠢᠭ ᠪᠤᠯᠬᠤ | ᠪᠤᠯᠤᠨ᠎ᠠ᠃ ᠤᠳᠤᠬᠠᠨ ᠳᠤ ᠦᠪᠦᠷ ᠮᠣᠩᠭᠤᠯ ᠳᠤ ᠨᠡᠶᠢᠳᠡ 4100 ᠦᠨᠦᠴᠢᠨ ᠬᠡᠦᠬᠡᠳ ᠲᠠᠢ᠂ ᠡᠬᠦᠨ ᠳᠤ 1010 ᠶᠢ ᠨᠢ ᠲᠦᠪᠯᠡᠷᠡᠬᠦᠯᠦᠨ ᠦᠰᠭᠡᠵᠤ | ᠪᠤᠶᠢᠵᠢᠭᠤᠯᠵᠤ ᠪᠠᠶᠢᠨ᠎ᠠ᠂ 3090 ᠶᠢ ᠨᠢ ᠲᠠᠷᠬᠠᠭᠠᠨ ᠠᠰᠠᠷᠠᠨ ᠦᠰᠬᠡᠵᠤ ᠪᠤᠢ᠃ |